ᠬᠠᠭᠤᠴᠢᠨ ᠠᠵᠤ ᠦᠶ᠋ᠯᠡᠳᠪᠦᠷᠢ᠎ᠶ᠋ᠢᠨ ᠰᠠᠭᠤᠷᠢᠨ ᠎ᠳᠤ ᠤᠰᠤᠲᠥ᠋ᠷᠥᠭ᠌ᠴᠢ ᠡᠨᠧᠷᠭᠢ᠎ᠶ᠋ᠢᠨ ᠬᠥᠭ᠌ᠵᠢᠯᠲᠡ᠎ᠶ᠋ᠢᠨ ᠱᠢᠨ᠎ᠡ ᠵᠢᠷᠤᠭ ᠲᠥᠰᠥᠪ ᠵᠢᠷᠤᠭᠯᠠᠭᠳᠠᠨ᠎ᠠ
2025-08-31 11:01:38
ᠵᠣᠬᠢᠶᠠᠭ᠍ᠴᠢ᠄
ᠼᠠᠢ ᠳ᠋ᠦᠩ ᠮᠧᠶ
ᠣᠩᠱᠢᠭ᠍ᠰᠠᠨ ᠣᠳᠠᠭ᠎ᠠ᠄
★★★☆☆

ᠡᠮᠦᠨᠡᠬᠡᠨ᠂ ᠥᠪᠥᠷ ᠮᠣᠩᠭᠣᠯ᠎ᠤᠨ ᠤᠰᠤᠲᠥ᠋ᠷᠥᠭ᠌ᠴᠢ ᠡᠨᠧᠷᠭᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠬᠤᠷᠠᠯ᠎ᠳᠤ ᠣᠷᠣᠯᠴᠠᠬᠤ ᠠᠵᠤ ᠠᠬᠤᠢᠯᠠᠯᠲᠡᠳ᠎ᠤᠨ ᠮᠠᠱᠢᠨ ᠲᠡᠷᠭᠡᠨ᠎ᠦ ᠠᠩᠭᠢ ᠪᠤᠭᠤᠲᠤ ᠬᠣᠲᠠ᠎ᠶ᠋ᠢᠨ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤᠨ᠎ᠤ ᠲᠠᠯ᠎ᠠ ᠨᠤᠲᠤᠭ᠎ᠵᠦᠭ ᠠᠶᠠᠯᠠᠪᠠ᠃ ᠲᠡᠷᠭᠡᠨ᠎ᠦ ᠴᠣᠩᠬᠣ ᠪᠡᠷ ᠭᠠᠳᠠᠭᠰᠢ ᠬᠠᠷᠠᠬᠤ ᠳ᠋ᠦ᠂ ᠴᠠᠭᠠᠨ ᠥᠩᠭᠡ᠎ᠶ᠋ᠢᠨ ᠰᠠᠷᠬᠢᠷᠠᠭᠤᠯ ᠮᠠᠱᠢᠨ ᠪᠠ ᠴᠡᠩᠬᠡᠷ ᠬᠡᠷᠡᠯᠴᠢ ᠴᠡᠨᠡᠭ᠎ᠦᠨ ᠬᠠᠪᠲᠠᠰᠤ᠎ᠨᠢ ᠬᠠᠷᠢᠯᠴᠠᠨ ᠦᠨᠭᠭᠡ ᠠᠪᠤᠯᠴᠠᠵᠤ᠂ 《ᠲᠩᠷᠢ᠎ᠶ᠋ᠢᠨ ᠬᠠᠶᠠᠭ᠎ᠠ》 ᠲᠠᠢ ᠵᠠᠯᠭᠠᠯᠳᠤᠮ᠎ᠠ ᠦᠷᠭᠦᠯᠵᠢᠯᠡᠨ᠎ᠠ᠃ ᠡᠨᠡ ᠬᠦ᠌ ᠪᠤᠬᠢᠷᠲᠤᠯ ᠦᠭᠡᠢ ᠴᠠᠬᠢᠯᠭᠠᠨ᠎ᠤ ᠦᠵᠡᠮᠵᠢᠲᠦ ᠵᠢᠷᠤᠭ ᠨᠢ ᠶᠠᠭ ᠪᠤᠭᠤᠲᠤ᠎ᠶ᠋ᠢᠨ 5600 ᠲᠦᠮᠡᠨ ᠺᠢᠯᠦᠸᠠᠲ᠎ᠤᠨ ᠰᠠᠯᠬᠢ ᠭᠡᠷᠡᠯ᠎ᠤᠨ ᠡᠬᠢ ᠪᠠᠶᠠᠯᠢᠭ᠎ᠤᠨ ᠪᠣᠳᠠᠲᠤ ᠦᠵᠡᠭ᠌ᠳᠡᠯ ᠪᠣᠯᠤᠨ᠎ᠠ᠃

《ᠡᠨᠡ ᠪᠣᠯ ᠳᠤᠮᠳᠠᠳᠤ ᠤᠯᠤᠰ᠎ᠤᠨ ᠤᠮᠠᠷᠠᠲᠤ ᠬᠢᠯᠢ᠎ᠶ᠋ᠢᠨ ᠤᠰᠤᠲᠥ᠋ᠷᠥᠭ᠌ᠴᠢ ᠡᠨᠧᠷᠭᠢ᠎ᠶ᠋ᠢᠨ ᠬᠤᠪᠢᠰᠭᠠᠯ᠎ᠤᠨ ᠡᠨᠧᠷᠭᠢ᠎ᠶ᠋ᠢᠨ ᠡᠬᠢ ᠰᠤᠷᠪᠤᠯᠵᠢ ᠮᠥᠨ》 ᠭᠡᠵᠦ ᠵᠢᠶᠠᠩᠰᠦ᠎ᠶ᠋ᠢᠨ ᠤᠰᠤᠲᠥ᠋ᠷᠥᠭ᠌ᠴᠢ ᠡᠨᠧᠷᠭᠢ᠎ᠶ᠋ᠢᠨ ᠠᠵᠤ ᠠᠬᠤᠢᠯᠠᠯ᠎ᠤᠨ ᠨᠢᠭᠡᠨ ᠲᠥᠯᠥᠭᠡᠯᠡᠭ᠌ᠴᠢ ᠰᠡᠳᠭᠢᠯ ᠳᠣᠭ᠍ᠳᠣᠯᠤᠨ ᠶᠠᠷᠢᠵᠤ ᠪᠠᠢᠯ᠎ᠠ᠃

ᠨᠣᠮᠢᠨ ᠨᠣᠭᠣᠭᠠᠨ ᠲᠠᠯ᠎ᠠ ᠨᠤᠲᠤᠭ᠎ᠲᠤ᠂ ᠠᠵᠤ ᠠᠬᠤᠢᠯᠠᠯᠲᠠᠳ ᠰᠠᠷᠬᠢᠷᠠᠭᠤᠯ ᠮᠠᠱᠢᠨ ᠪᠣᠯᠤᠨ ᠬᠡᠷᠡᠯᠴᠢ ᠴᠡᠨᠡᠭ᠎ᠲᠦ᠍ ᠱᠢᠨ᠎ᠡ᠎ᠪᠡᠷ ᠲᠣᠳᠣᠷᠬᠠᠢᠯᠠᠭ᠍ᠳᠠᠭᠰᠠᠨ ᠡᠨᠡ ᠬᠡᠰᠡᠭ ᠭᠠᠵᠠᠷ ᠱᠢᠷᠣᠶ᠎ᠶ᠋ᠢ ᠱᠢᠷᠳᠡᠵᠦ᠍ ᠪᠠᠢᠯ᠎ᠠ᠃ ᠲᠡᠳᠡᠨ᠎ᠦ ᠣᠯᠵᠤ ᠬᠠᠷᠠᠭ᠍ᠰᠠᠨ᠎ᠨᠢ 《ᠪᠣᠬᠢᠷᠲᠤᠯ ᠥᠬᠡᠶ ᠴᠠᠬᠢᠯᠭᠠᠨ — ᠪᠣᠬᠢᠷᠲᠤᠯ ᠥᠬᠡᠶ ᠤᠰᠤᠲᠥ᠋ᠷᠥᠭ᠌ᠴᠢ — ᠪᠣᠬᠢᠷᠲᠤᠯ ᠥᠬᠡᠶ ᠦᠶ᠋ᠯᠡᠳᠬᠡᠯ》᠎ᠤᠨ ᠠᠵᠤ ᠦᠶ᠋ᠯᠡᠰ᠎ᠦᠨ ᠯᠤᠭ᠍ᠰᠢᠭᠤᠨ ᠰᠤᠳᠠᠯ ᠪᠠᠢᠵᠤ᠂ ᠲᠡᠳᠡᠨ᠎ᠢ ᠲᠤᠢᠯ᠎ᠢᠶᠠᠷ ᠤᠷᠮᠠᠱᠢᠭᠤᠯᠵᠠᠶ᠃

ᠱᠠᠨᠳᠦ᠋ᠩ᠎ᠡᠴᠡ ᠢᠷᠡᠭ᠌ᠰᠡᠨ ᠠᠵᠤ ᠠᠬᠤᠢᠯᠠᠯ᠎ᠤᠨ ᠲᠥᠯᠥᠭᠡᠯᠡᠭ᠌ᠴᠢ ᠵᠠᠩ ᠠᠪᠤᠭᠠᠶ ᠲᠡᠷᠭᠡᠨ ᠳᠡᠭᠡᠷ᠎ᠡ ᠬᠠᠮᠲᠤ ᠠᠵᠢᠯᠯᠠᠭ᠍ᠰᠠᠳ᠎ᠲᠠᠭᠠᠨ᠄ 《ᠪᠤᠭᠤᠲᠤ᠎ᠶ᠋ᠢᠨ ᠰᠠᠯᠬᠢ ᠭᠡᠷᠡᠯ᠎ᠤᠨ ᠡᠬᠢ ᠪᠠᠶᠠᠯᠢᠭ᠎ᠪᠠ 〈ᠲᠠᠨ᠎ᠢ ᠬᠠᠨᠤᠮᠵᠢᠲᠠᠢ〉 ᠪᠠᠢᠯᠭᠠᠬᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠮᠠᠰᠢ ᠰᠠᠢᠨ᠂ ᠪᠢᠳᠡᠨ᠎ᠦ ᠪᠠᠯᠠ ᠣᠷᠣᠭᠤᠯᠬᠤ᠎ᠪᠠᠷ ᠲᠥᠯᠥᠪᠯᠡᠵᠦ᠍ ᠪᠠᠢᠭ᠎ᠠ ᠰᠠᠯᠬᠢᠨ ᠬᠦᠴᠦᠨ ᠭᠡᠷᠡᠯᠴᠢ ᠴᠡᠨᠡᠭ᠎ᠢᠶᠡᠷ ᠤᠰᠤᠲᠥ᠋ᠷᠥᠭ᠌ᠴᠢ ᠦᠶ᠋ᠯᠡᠳᠬᠦ᠌ ᠲᠥᠷᠥᠯ ᠵᠦᠶ᠋ᠯ ᠡᠷᠬᠡᠪᠰᠢ ᠴᠣᠩᠬᠣᠪᠴᠢ᠎ᠶ᠋ᠢᠨ ᠬᠤᠭᠤᠴᠠᠭ᠎ᠠ᠎ᠶ᠋ᠢ ᠵᠠᠪᠳᠤᠨ ᠠᠳᠭᠤᠬᠤ ᠬᠡᠷᠡᠭ᠌ᠲᠡᠶ》 ᠭᠡᠪᠠ᠃ ᠵᠧᠵᠢᠶᠠᠩ᠎ᠠᠴᠠ ᠢᠷᠡᠭ᠌ᠰᠡᠨ ᠤᠰᠤᠲᠥ᠋ᠷᠥᠭ᠌ᠴᠢ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠠᠵᠤ ᠠᠬᠤᠢᠯᠠᠯ᠎ᠤᠨ ᠬᠠᠷᠢᠭᠤᠴᠠᠯᠭᠠᠲᠠᠨ ᠬᠡᠷᠡᠭ᠌ᠯᠡᠭ᠌ᠴᠢᠳ᠎ᠲᠦ ᠠᠵᠤ ᠠᠬᠤᠢᠯᠠᠯ᠎ᠤᠨ ᠤᠬᠠᠭᠤᠯᠭ᠎ᠠ᠎ᠶ᠋ᠢᠨ ᠭᠠᠷ ᠳᠡᠪᠲᠡᠷ᠎ᠢᠶᠡᠨ ᠳᠡᠯᠭᠡᠨ ᠦᠵᠡᠭᠦᠯᠵᠦ᠍᠄ 《ᠥᠪᠥᠷ ᠮᠣᠩᠭᠣᠯ᠎ᠤᠨ ᠪᠣᠬᠢᠷᠲᠤᠯ ᠦᠭᠡᠢ ᠤᠰᠤᠲᠥ᠋ᠷᠥᠭ᠌ᠴᠢ᠎ᠶ᠋ᠢᠨ ᠦᠢᠯᠡᠳᠪᠦᠷᠢᠯᠡᠯ᠎ᠦᠨ ᠴᠢᠳᠠᠪᠤᠷᠢ ᠪᠦᠬᠦ᠌ ᠤᠯᠤᠰ᠎ᠲᠤ ᠲᠡᠷᠢᠭᠦᠯᠡᠵᠦ᠍ ᠪᠤᠢ᠂ ᠡᠨᠳᠡᠬᠢ ᠪᠣᠯ ᠳᠠᠷᠤᠢ ᠮᠡᠷᠭᠡᠵᠢᠯ᠎ᠢ ᠨᠠᠢᠳᠠᠪᠤᠷᠢᠵᠢᠭᠤᠯᠬᠤ ᠲᠡᠷᠢᠭᠦᠨ ᠰᠣᠩᠭᠣᠯᠲᠠ ᠪᠣᠯᠤᠨ᠎ᠠ》 ᠭᠡᠪᠡ᠃

8 ᠰᠠᠷ᠎ᠠ᠎ᠶ᠋ᠢᠨ 14 ᠎ᠤ᠋ ᠡᠳᠦᠷ ᠪᠤᠭᠤᠲᠤ᠎ᠳᠤ ᠡᠬᠢᠯᠡᠭ᠌ᠰᠡᠨ ᠤᠰᠤᠲᠥ᠋ᠷᠥᠭ᠌ᠴᠢ ᠡᠨᠧᠷᠭᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠶᠡᠬᠡ ᠬᠤᠷᠠᠯ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠬᠤᠭᠤᠴᠠᠭᠠᠨ᠎ᠤ ᠤᠰᠤᠲᠥ᠋ᠷᠥᠭ᠌ᠴᠢ ᠡᠨᠧᠷᠭᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠬᠤᠷᠠᠯ ᠳᠡᠭᠡᠷ᠎ᠡ᠂ 《ᠪᠣᠬᠢᠷᠲᠤᠯ ᠥᠬᠡᠶ ᠤᠰᠤᠲᠥ᠋ᠷᠥᠭ᠌ᠴᠢ ᠡᠨᠧᠷᠭᠢ ᠬᠦᠴᠦᠨ ᠨᠡᠮᠡᠷᠢᠯᠡᠵᠦ᠂ ᠬᠠᠮᠵᠢᠯᠴᠠᠨ ᠬᠠᠮᠲᠤ᠎ᠪᠠᠷ ᠠᠱᠢᠭ ᠭᠥᠷᠳᠡᠶ᠎ᠠ》 ᠭᠡᠬᠦ ᠭᠤᠤᠯ ᠰᠡᠳᠦᠪ᠎ᠨᠢ ᠬᠤᠷᠠᠯ᠎ᠳᠤ ᠣᠷᠣᠯᠴᠠᠭ᠍ᠰᠠᠨ ᠠᠵᠤ ᠠᠬᠤᠢᠯᠠᠯ᠎ᠤᠨ ᠲᠥᠯᠥᠭᠡᠯᠡᠭ᠌ᠴᠢᠳ᠎ᠦᠨ ᠴᠢᠩᠭ᠎ᠠ ᠬᠦᠷᠢᠶᠡᠯᠡᠯ᠎ᠢ ᠤᠯᠪᠠ᠃

ᠬᠤᠷᠠᠯ᠎ᠤᠨ ᠲᠠᠯᠠᠪᠠᠶ᠎ᠶ᠋ᠢᠨ ᠪᠠᠷᠠᠭᠤᠨ ᠲᠠᠯ᠎ᠠ᠎ᠶ᠋ᠢᠨ ᠬᠣᠭᠣᠰᠣᠨ ᠭᠠᠵᠠᠷ᠎ᠲᠤ᠂ ᠤᠰᠤᠲᠥ᠋ᠷᠥᠭ᠌ᠴᠢ  ᠡᠨᠧᠷᠭᠢ᠎ᠶ᠋ᠢᠨ ᠡᠯ᠎ᠠ ᠲᠦᠷᠦᠯ᠎ᠤᠨ ᠲᠡᠷᠭᠡ ᠨᠤᠭᠦᠳ᠎ᠢ ᠲᠡᠷᠢ ᠲᠡᠭᠰᠢ ᠵᠢᠭᠰᠠᠭᠠᠵᠤ ᠪᠠᠢᠯ᠎ᠠ᠃ ᠠᠵᠢᠯᠲᠠᠨ᠎ᠤ ᠲᠠᠨᠢᠯᠴᠠᠭᠤᠯᠤᠭ᠍ᠰᠠᠨ᠎ᠢᠶᠠᠷ᠄《ᠬᠣᠪᠣᠷ ᠱᠢᠷᠣᠶ᠎ᠶ᠋ᠢᠨ ᠮᠠᠲ᠋ᠧᠷᠢᠶᠠᠯ ᠨᠢ ᠤᠰᠤᠲᠥ᠋ᠷᠥᠭ᠌ᠴᠢ ᠬᠠᠳᠠᠭᠠᠯᠠᠬᠤ ᠨᠢᠭ᠍ᠲᠠᠴᠠ᠎ᠶ᠋ᠢ 40% ᠪᠡᠷ ᠳᠡᠭᠡᠭ᠌ᠰᠢᠯᠡᠭᠦᠯᠵᠦ᠍᠂ ᠡᠲᠡᠭᠡᠷ ᠬᠣᠶᠠᠷ ᠬᠦᠷᠳᠦᠲᠦ ᠲᠡᠷᠭᠡᠨ᠎ᠳᠦ ᠤᠰᠤᠲᠥ᠋ᠷᠥᠭ᠌ᠴᠢ ᠨᠡᠮᠡᠭ᠌ᠰᠡᠨ᠎ᠦ ᠳᠠᠷᠠᠭ᠎ᠠ 90 ᠺᠢᠯᠣᠮᠧᠲ᠋ᠷ ᠦᠷᠭᠦᠯᠵᠢᠯᠡᠨ ᠠᠶᠠᠯᠠᠵᠤ ᠪᠣᠯᠤᠨ᠎ᠠ》 ᠃

ᠬᠤᠷᠠᠯ᠎ᠤᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶ᠋ᠢᠨ ᠲᠣᠪᠴᠢᠶ᠎ᠠ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ᠎ᠠᠴᠠ᠂ ᠥᠪᠥᠷ ᠮᠣᠩᠭᠣᠯ ᠦᠷᠭᠦᠯᠵᠢᠯᠡᠨ ᠡᠬᠢ ᠪᠠᠶᠠᠯᠢᠭ᠂ ᠣᠷᠣᠨ ᠪᠠᠢᠷᠢ᠂ ᠵᠠᠬ᠎ᠠ ᠳᠡᠯᠭᠡᠭᠦᠷ ᠵᠡᠷᠭᠡ ᠳᠠᠪᠠᠭᠤᠯᠢᠭ᠎ᠲᠠᠭᠠᠨ ᠲᠦᠱᠢᠭ᠌ᠯᠡᠵᠦ᠍᠂ ᠭᠤᠤᠯᠳᠠᠭᠤ ᠪᠣᠬᠢᠷᠲᠤᠯ ᠥᠬᠡᠶ ᠤᠰᠤᠲᠥ᠋ᠷᠥᠭ᠌ᠴᠢ᠎ᠶ᠋ᠢᠨ ᠠᠵᠤ ᠦᠶ᠋ᠯᠡᠰ᠎ᠢ ᠳᠡᠮᠵᠢᠬᠦ᠌ ᠲᠥᠷᠥ᠎ᠶ᠋ᠢᠨ ᠪᠣᠳᠣᠯᠭ᠎ᠠ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠵᠠᠬ᠎ᠠ ᠳᠡᠯᠭᠡᠭᠦᠷ᠎ᠢ ᠪᠣᠢᠵᠢᠭᠤᠯᠬᠤ ᠵᠡᠷᠭᠡ ᠲᠠᠯ᠎ᠠ᠎ᠪᠠᠷ ᠨᠢᠭᠡᠳᠦᠯᠲᠡᠶ ᠲᠥᠯᠥᠪᠵᠢᠭᠦᠯᠦᠨ᠂ ᠪᠣᠬᠢᠷᠲᠤᠯ ᠥᠬᠡᠶ ᠤᠰᠤᠲᠥ᠋ᠷᠥᠭ᠌ᠴᠢ᠎ᠶ᠋ᠢᠨ ᠠᠵᠤ ᠦᠶ᠋ᠯᠡᠰ᠎ᠦᠨ ᠬᠣᠱᠢᠭᠤᠴᠢ ᠣᠷᠣᠨ᠎ᠢ ᠪᠠᠢᠭᠤᠯᠵᠤ᠂ ᠥᠷᠭᠡᠨ ᠣᠯᠠᠨ ᠠᠵᠤ ᠠᠬᠤᠢᠯᠠᠯᠲᠠᠨ ᠨᠠᠢᠵᠠ᠎ᠨᠠᠷ᠎ᠢ ᠥᠪᠥᠷ ᠮᠣᠩᠭᠣᠯ᠎ᠳᠤ ᠪᠠᠯᠠ ᠣᠷᠣᠭᠤᠯᠤᠨ ᠦᠶ᠋ᠯᠡᠰ᠎ᠢᠶᠡᠨ ᠬᠥᠭ᠌ᠵᠢᠭᠦᠯᠬᠦ᠌᠎ᠶ᠋ᠢ ᠴᠢᠩ ᠰᠡᠳᠭᠢᠯ᠎ᠡᠴᠡ᠎ᠪᠡᠨ ᠤᠷᠢᠵᠤ᠂ ᠥᠪᠥᠷ ᠮᠣᠩᠭᠣᠯ᠎ᠤᠨ ᠤᠰᠤᠲᠥ᠋ᠷᠥᠭ᠌ᠴᠢ ᠡᠨᠧᠷᠭᠢ᠎ᠶ᠋ᠢᠨ ᠠᠵᠤ ᠦᠶ᠋ᠯᠡᠰ᠎ᠦᠨ ᠥᠷᠨᠢᠨ ᠬᠥᠭ᠌ᠵᠢᠬᠦ᠌᠎ᠶ᠋ᠢ ᠬᠠᠮᠲᠤ᠎ᠪᠠᠷ ᠭᠡᠷᠡᠴᠢᠯᠡᠶ᠎ᠡ ᠭᠡᠵᠦ ᠲᠠᠨᠢᠯᠴᠠᠭᠤᠯᠬᠤ᠎ᠳᠤ ᠲᠠᠢᠰᠠᠨ ᠳᠤᠤᠷ᠎ᠠ ᠬᠠᠯᠠᠭᠤᠨ ᠠᠯᠠᠭ᠎ᠠ ᠲᠡᠱᠢᠯᠲᠡ ᠨᠢᠵᠢᠭᠢᠨᠡᠪᠡ᠃

ᠪᠤᠭᠤᠲᠤ ᠬᠣᠲᠠ ᠪᠠᠰᠠ 3 ᠡᠴᠡ 5 ᠵᠢᠯ᠎ᠦᠨ ᠬᠤᠭᠤᠴᠠᠭ᠎ᠠ᠎ᠶ᠋ᠢ ᠬᠡᠷᠡᠭ᠌ᠰᠡᠵᠦ᠍᠂ ᠤᠰᠤᠲᠥ᠋ᠷᠥᠭ᠌ᠴᠢ ᠡᠨᠧᠷᠭᠢ᠎ᠶ᠋ᠢᠨ ᠨᠥᠭᠡᠴᠡ ᠡᠨᠧᠷᠭᠢ᠎ᠶ᠋ᠢ ᠪᠠᠯᠠ ᠣᠷᠣᠭᠤᠯᠤᠯᠲᠠ ᠨᠢ 2000 ᠳ᠋ᠦᠩᠱᠢᠭᠤᠷ ᠲᠥᠭᠥᠷᠢᠭ᠎ᠢ ᠳᠠᠪᠠᠭᠰᠠᠨ᠂ ᠦᠶ᠋ᠯᠡᠳᠬᠦᠨ᠎ᠦ ᠥᠷᠲᠡᠭ ᠨᠢ 1000 ᠳ᠋ᠦᠩᠱᠢᠭᠤᠷ ᠲᠥᠭᠥᠷᠢᠭ᠎ᠢ ᠳᠠᠪᠠᠭᠰᠠᠨ᠂ ᠭᠠᠢᠯᠢ᠎ᠶ᠋ᠢᠨ ᠣᠷᠣᠯᠭ᠎ᠠ ᠨᠢ 100 ᠳ᠋ᠦᠩᠱᠢᠭᠤᠷ ᠲᠥᠭᠥᠷᠢᠭ᠎ᠢ ᠳᠠᠪᠠᠭᠰᠠᠨ ᠭᠤᠤᠯᠯᠠᠬᠤ ᠠᠵᠤ ᠦᠶ᠋ᠯᠡᠰ ᠪᠣᠯᠭᠠᠨ ᠬᠥᠭ᠌ᠵᠢᠭᠦᠯᠬᠦ᠌᠎ᠪᠡᠷ ᠴᠢᠷᠮᠠᠢᠵᠤ ᠪᠠᠢᠬᠤ ᠪᠥᠭᠡᠳ ᠠᠵᠤ ᠦᠶ᠋ᠯᠡᠰ᠎ᠦᠨ ᠠᠮᠢ ᠠᠬᠤᠶ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠦᠨ᠂ ᠨᠡᠭᠦᠷᠡᠰᠦᠲᠥ᠋ᠷᠥᠭ᠌ᠴᠢ᠎ᠶ᠋ᠢᠨ ᠵᠢᠮ᠎ᠢ ᠭᠡᠷᠡᠴᠢᠯᠡᠬᠦ᠌ ᠲᠠᠪᠴᠠᠩ᠎ᠢ ᠱᠠᠯᠠᠪᠳᠠᠨ ᠪᠠᠢᠭᠤᠯᠵᠤ᠂ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦ᠍᠎ᠪᠡᠷ᠎ᠢᠶᠡᠨ ᠠᠬᠢᠭᠤᠯᠬᠤ ᠪᠤᠯᠤᠨ᠎ᠠ᠃

ᠡᠭᠦᠨ᠎ᠦ ᠬᠠᠮᠲᠤ᠂ 30 ᠺᠢᠯᠣᠮᠧᠲ᠋ᠷ᠎ᠦᠨ ᠭᠠᠳᠠᠨᠠᠬᠢ ᠪᠤᠭᠤᠲᠤ᠎ᠶ᠋ᠢᠨ ᠤᠰᠤᠲᠥ᠋ᠷᠥᠭ᠌ᠴᠢ ᠡᠨᠧᠷᠭᠢ᠎ᠵᠢᠨ ᠡᠨᠧᠷᠭᠢ ᠨᠦᠭᠡᠴᠡᠯᠡᠬᠦ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ᠎ᠲᠤ᠂ ᠰᠤᠪᠤᠷᠭᠠᠨ ᠡᠯᠭᠦᠭᠦᠷ ᠰᠦᠨᠳᠡᠷᠯᠡᠵᠦ᠍᠂ ᠮᠠᠱᠢᠨ ᠮᠸᠬᠠᠨᠢᠭ ᠬᠦᠷᠴᠢᠭᠢᠨᠡᠵᠦ᠍᠂ ᠶᠠᠭᠠᠷᠠᠯᠲᠠᠶ ᠠᠵᠢᠯᠯᠠᠵᠤ ᠪᠠᠢᠯ᠎ᠠ᠃ ᠥᠪᠡᠷᠲᠡᠭᠡᠨ ᠵᠠᠰᠠᠬᠤ ᠣᠷᠣᠨ᠎ᠤ ᠴᠣᠷ᠎ᠤᠨ ᠭᠠᠭ᠍ᠴᠠ ᠤᠰᠤᠲᠥ᠋ᠷᠥᠭ᠌ᠴᠢ ᠡᠨᠧᠷᠭᠢ᠎ᠵᠢᠨ ᠡᠨᠧᠷᠭᠢ ᠨᠦᠭᠡᠴᠡᠯᠡᠬᠦ ᠠᠵᠤ ᠦᠶ᠋ᠯᠡᠰ᠎ᠦᠨ ᠬᠦᠷᠢᠶᠡᠯᠡᠩ ᠪᠣᠯᠤᠭ᠍ᠰᠠᠨ᠎ᠤ ᠬᠤᠪᠢ᠎ᠳᠤ᠂ ᠡᠨᠳᠡ ᠨᠢᠭᠡᠨᠲᠡ 《ᠨᠢᠭᠡ ᠬᠡᠯᠬᠢᠶ᠎ᠠ ᠵᠢᠨ ᠡᠵᠡᠨ᠎ᠢ ᠣᠷᠣᠭᠤᠯᠤᠨ ᠠᠪᠴᠢᠷᠠᠵᠤ᠂ ᠨᠢᠭᠡ ᠬᠡᠯᠬᠢᠶ᠎ᠡ ᠢᠵᠢ ᠪᠦᠷᠢᠳᠦᠭᠦᠯᠬᠦ᠌᠎ᠶ᠋ᠢ ᠳᠠᠢᠴᠢᠯᠠᠨ᠂ ᠨᠢᠭᠡ ᠠᠵᠤ ᠦᠶ᠋ᠯᠡᠰ᠎ᠢ ᠪᠦᠷᠢᠯᠳᠦᠭᠦᠯᠬᠦ᠌》 ᠬᠥᠭ᠌ᠵᠢᠯᠲᠡ᠎ᠶ᠋ᠢᠨ ᠪᠠᠢᠷᠢᠱᠢᠯ᠎ᠢ ᠪᠦᠷᠢᠯᠳᠦᠭᠦᠯᠵᠦ᠍᠂ ᠤᠰᠤᠲᠥ᠋ᠷᠥᠭ᠌ᠴᠢ ᠡᠨᠧᠷᠭᠢ᠎ᠶ᠋ᠢᠨ ᠠᠵᠤ ᠦᠶ᠋ᠯᠡᠰ᠎ᠦᠨ ᠪᠦᠯᠦᠭᠵᠢᠯ᠎ᠦᠨ ᠦᠢᠯᠡᠳᠦᠯ ᠠᠩᠬ᠎ᠠ ᠠᠯᠬᠤᠮ ᠢᠯᠡᠷᠡᠪᠡ᠃

ᠱᠠᠩᠬᠠᠶ᠎ᠶ᠋ᠢᠨ ᠱᠧᠨ ᠨᠧᠩ ᠪᠦᠯᠦᠭ᠌ᠯᠡᠯ᠎ᠦᠨ ᠪᠡᠯᠡ ᠣᠷᠣᠭᠤᠯᠤᠭ᠍ᠰᠠᠨ ᠪᠤᠭᠤᠲᠤ᠎ᠶ᠋ᠢᠨ ᠤᠰᠤᠲᠥ᠋ᠷᠥᠭ᠌ᠴᠢ ᠡᠨᠧᠷᠭᠢ᠎ᠶ᠋ᠢᠨ ᠠᠵᠤ ᠦᠶ᠋ᠯᠡᠰ ᠪᠣᠯᠤᠨ ᠳᠠᠬᠢᠯᠳᠠ ᠡᠨᠧᠷᠭᠢ᠎ᠶ᠋ᠢᠨ ᠨᠢᠭᠡ ᠴᠣᠭ᠍ᠴᠠᠵᠢᠭ᠍ᠰᠠᠨ ᠲᠥᠷᠥᠯ ᠵᠦᠶ᠋ᠯ ᠨᠢᠭᠡᠨᠲᠡ ᠠᠩᠬ᠎ᠠ ᠠᠯᠬᠤᠮ ᠬᠡᠪᠴᠢᠶᠡᠵᠢᠪᠡ᠃ 《ᠲᠦᠷᠦᠯ ᠵᠦᠢᠯ᠎ᠳᠦ 4 ᠭᠣᠣᠯ ᠲᠣᠨᠣᠭ᠍ᠯᠠᠯ᠎ᠤᠨ ᠦᠢᠯᠡᠳᠪᠦᠷᠢᠯᠡᠯ᠎ᠦᠨ ᠱᠤᠭᠤᠮ᠎ᠢ ᠪᠠᠢᠭᠤᠯᠬᠤ᠎ᠪᠠᠷ ᠲᠥᠯᠥᠪᠯᠡᠵᠦ᠍ ᠪᠤᠢ᠂ ᠣᠳᠣᠬᠠᠨ᠎ᠳᠤ ᠴᠢᠩ ᠴᠧᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ 5000 ᠢᠵᠢ ᠲᠦᠯᠡᠱᠢᠨ ᠳ᠋ᠢᠶᠠᠨ ᡂᠢ᠎ᠶ᠋ᠢᠨ ᠴᠠᠬᠢᠯᠭᠠᠨ ᠵᠤᠤᠬ᠎ᠠ᠎ᠶ᠋ᠢᠨ ᠤᠭ᠍ᠰᠠᠷᠠᠮᠠᠯ ᠤᠲᠠᠰᠤ ᠨᠢᠭᠡᠨᠲᠡ ᠠᠱᠢᠭ᠍ᠯᠠᠯᠲᠠ᠎ᠳᠤ ᠣᠷᠣᠵᠤ᠂ ᠺᠦᠨ ᠬᠤᠸᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ 5000 ᠢᠵᠢ ᠲᠦᠯᠡᠱᠢᠨ ᠳ᠋ᠢᠶᠠᠨ ᡂᠢ᠎ᠶ᠋ᠢᠨ ᠬᠥᠳᠡᠯᠭᠡᠬᠦ᠌ ᠬᠦᠴᠦᠨ᠎ᠦ ᠱᠢᠰᠲ᠋ᠧᠮ᠎ᠦᠨ ᠦᠢᠯᠡᠳᠪᠦᠷᠢᠯᠡᠯ᠎ᠦᠨ ᠱᠤᠭᠤᠮ ᠨᠢᠭᠡᠨᠲᠡ ᠲᠤᠷᠱᠢᠨ ᠦᠢᠯᠡᠳᠪᠦᠷᠢᠯᠡᠬᠦ᠌ ᠨᠥᠬᠥᠴᠡᠯ᠎ᠢ ᠪᠦᠷᠢᠯᠳᠦᠭᠦᠯᠵᠦ᠍᠂ ᠴᠢᠩ ᠱᠧᠩ ᠡᠨᠧᠷᠭᠢ᠎ᠶ᠋ᠢᠨ 250 MWPEM ᠴᠠᠬᠢᠯᠭᠠᠨ ᠵᠠᠳᠠᠯᠤᠯ᠎ᠤᠨ ᠣᠩᠭᠣᠴᠠ᠎ᠶ᠋ᠢᠨ ᠦᠢᠯᠡᠳᠪᠦᠷᠢᠯᠡᠯ᠎ᠦᠨ ᠱᠤᠭᠤᠮ᠂ ᠵᠧᠵᠢᠶᠠᠩ᠎ᠤᠨ ᠯᠠᠨ ᠨᠸᠩ᠎ᠤᠨ 5000 ᠢᠵᠢ ᠮᠠᠱᠢᠨ ᠲᠡᠷᠭᠡᠨ᠎ᠳᠦ ᠠᠴᠢᠶᠠᠯᠠᠬᠤ ᠤᠰᠤᠲᠥ᠋ᠷᠥᠭ᠌ᠴᠢ ᠨᠦᠭᠡᠴᠡᠯᠡᠬᠦ ᠱᠢᠰᠲ᠋ᠧᠮ᠎ᠦᠨ ᠬᠤᠷᠠᠮᠠᠯ ᠦᠢᠯᠡᠳᠪᠦᠷᠢᠯᠡᠯ᠎ᠦᠨ ᠱᠤᠭᠤᠮ ᠵᠢᠱ᠌ᠢᠯᠲᠡ᠎ᠪᠡᠷ ᠵᠢᠯ᠎ᠦᠨ ᠡᠴᠦᠰ᠎ᠲᠦ ᠠᠱᠢᠭ᠍ᠯᠠᠯᠲᠠ᠎ᠳᠤ ᠣᠷᠣᠨ᠎ᠠ》᠃ ᠥᠪᠥᠷ ᠮᠣᠩᠭᠣᠯ᠎ᠤᠨ ᠪᠤᠭᠤᠲᠤ᠎ᠶ᠋ᠢᠨ ᠴᠢᠩ ᠴᠧᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠵᠠᠩ ᠱᠢᠤ ᠵᠢᠶᠦ᠋ᠨ ᠡᠴᠡ᠂ 4 ᠦᠶ᠋ᠯᠡᠳᠪᠦᠷᠢᠯᠡᠯ᠎ᠦᠨ ᠱᠤᠭᠤᠮ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ ᠵᠢᠯ᠎ᠦᠨ ᠦᠶ᠋ᠯᠡᠳᠬᠦᠨ᠎ᠦ ᠥᠷᠲᠡᠭ 10 ᠳ᠋ᠦᠩᠱᠢᠭᠤᠷ ᠲᠥᠭᠥᠷᠢᠭ᠎ᠲᠦ ᠬᠦᠷᠴᠦ᠂ ᠤᠰᠤᠲᠥ᠋ᠷᠥᠭ᠌ᠴᠢ ᠡᠨᠧᠷᠭᠢ᠎ᠶ᠋ᠢᠨ 《ᠦᠶ᠋ᠯᠡᠳᠬᠦ᠌᠂ ᠨᠦᠭᠡᠴᠡᠯᠡᠬᠦ᠂ ᠵᠦᠭᠡᠭᠡᠪᠦᠷᠢᠯᠡᠬᠦ᠌᠂ ᠡᠳ᠋ᠰᠢᠭᠦᠯᠬᠦ᠂ ᠬᠡᠷᠡᠭ᠌ᠯᠡᠬᠦ᠌》 ᠪᠥᠬᠥ᠌ ᠠᠵᠤ ᠦᠶ᠋ᠯᠡᠰ᠎ᠦᠨ ᠭᠤᠤᠯ ᠲᠣᠨᠣᠭ᠍ᠯᠠᠯ᠎ᠤᠨ ᠬᠡᠯᠬᠢᠶ᠎ᠡ᠎ᠶ᠋ᠢ ᠪᠠᠢᠭᠤᠯᠬᠤ ᠪᠣᠯᠤᠨ᠎ᠠ ᠭᠡᠵᠦ ᠲᠠᠨᠢᠯᠴᠠᠭᠤᠯᠪᠠ᠃

15᠎ᠤ᠋ ᠦᠳᠡ᠎ᠶ᠋ᠢᠨ ᠡᠮᠦᠨ᠎ᠡ᠂ ᠠᠵᠤ ᠠᠬᠤᠢᠯᠠᠯᠲᠠᠳ ᠳᠠᠷᠬᠠᠨ ᠮᠤᠸ᠋ᠮᠢᠩᠭᠠᠨ ᠬᠣᠯᠪᠣᠭᠠᠲᠤ ᠬᠣᠱᠢᠭᠤᠨ᠎ᠳᠤ ᠪᠠᠢᠭ᠎ᠠ ᠥᠪᠥᠷ ᠮᠣᠩᠭᠣᠯ᠎ᠤᠨ ᠬᠤᠸᠠ ᠳ᠋ᠢᠶᠠᠨ ᠤᠰᠤᠲᠥ᠋ᠷᠥᠭ᠌ᠴᠢ ᠡᠨᠧᠷᠭᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠳᠤ ᠬᠦᠷᠴᠦ᠍ ᠲᠣᠭᠣᠷᠢᠨ ᠦᠵᠡᠪᠡ᠃ ᠺᠣᠮᠫᠠᠨᠢ᠎ᠶ᠋ᠢᠨ ᠨᠠᠮ᠎ᠤᠨ ᠬᠤᠷᠢᠶ᠎ᠠ ᠵᠢᠨ ᠱᠦᠵᠢ ᠸᠠᠩ ᠱᠢᠨ ᠢᠦᠶ ᠲᠠᠨᠢᠯᠴᠠᠭᠤᠯᠬᠤ᠎ᠳᠠᠭᠠᠨ᠂ ᠬᠤᠸᠠ ᠳ᠋ᠢᠶᠠᠨ ᠤᠰᠤᠲᠥ᠋ᠷᠥᠭ᠌ᠴᠢ ᠡᠨᠧᠷᠭᠢ᠎ᠶ᠋ᠢᠨ 20 ᠲᠦᠮᠡᠨ ᠺᠢᠯᠦᠸᠠᠲ᠎ᠤᠨ ᠱᠢᠨ᠎ᠡ ᠡᠨᠧᠷᠭᠢ᠎ᠶ᠋ᠢᠨ ᠤᠰᠤᠲᠥ᠋ᠷᠥᠭ᠌ᠴᠢ ᠦᠶ᠋ᠯᠡᠳᠬᠦ᠌ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠨᠢᠭᠡᠨᠲᠡ 1 ᠵᠢᠯ ᠭᠠᠷᠤᠶ ᠲᠣᠭ᠍ᠲᠠᠭᠤᠨ᠎ᠢᠶᠠᠷ ᠠᠵᠢᠯᠯᠠᠵᠤ᠂ ᠵᠢᠯ᠎ᠳᠦ 7800 ᠲᠣᠨ ᠪᠤᠬᠢᠷᠲᠤᠯ ᠦᠭᠡᠢ ᠤᠰᠤᠲᠥ᠋ᠷᠥᠭ᠌ᠴᠢ ᠦᠶ᠋ᠯᠡᠳᠪᠦᠷᠢᠯᠡᠵᠦ᠍᠂ ᠴᠡᠪᠡᠷᠴᠡ᠎ᠨᠢ 99 . 999 % ᠎ᠶ᠋ᠢ ᠳᠠᠪᠠᠪᠠ᠃

ᠪᠤᠭᠤᠲᠤ ᠬᠤᠳᠠ᠎ᠶ᠋ᠢᠨ ᠤᠰᠤᠲᠥ᠋ᠷᠥᠭ᠌ᠴᠢ ᠡᠨᠧᠷᠭᠢ᠎ᠶ᠋ᠢᠨ ᠠᠵᠤ ᠦᠢᠯᠡᠰ᠎ᠦᠨ ᠪᠦᠯᠦᠭ᠌ᠵᠢᠯ᠎ᠦᠨ ᠬᠥᠭ᠌ᠵᠢᠯᠲᠡ᠎ᠶ᠋ᠢᠨ ᠵᠢᠷᠤᠭ ᠲᠦᠰᠦᠪ ᠳᠡᠭᠡᠷ᠎ᠡ᠂ ᠬᠤᠸᠠ ᠳ᠋ᠢᠶᠠᠨ ᠤᠰᠤᠲᠥ᠋ᠷᠥᠭ᠌ᠴᠢ  ᠡᠨᠧᠷᠭᠢ᠎ᠶ᠋ᠢᠨ  ᠺᠣᠮᠫᠠᠨᠢ  ᠪᠣᠯᠤᠨ ᠠᠯᠲᠠᠨᠨ᠌ᠤᠪᠤᠭ᠎ᠠ ᠹᠯᠣᠷ᠎ᠤᠨ ᠬᠢᠮᠢ᠎ᠶ᠋ᠢᠨ ᠠᠵᠤ ᠦᠢᠯᠡᠳᠪᠦᠷᠢ ᠬᠠᠮᠵᠢᠯᠴᠠᠨ ᠬᠠᠮᠲᠤᠷᠠᠯᠴᠠᠵᠤ᠂ 《ᠪᠣᠬᠢᠷᠲᠤᠯ ᠦᠭᠡᠢ ᠤᠰᠤᠲᠥ᠋ᠷᠥᠭ᠌ᠴᠢ ᠦᠢᠯᠡᠳᠬᠦ᠌ — ᠠᠵᠤ ᠦᠢᠯᠡᠳᠪᠦᠷᠢ ᠵᠢᠨ ᠬᠡᠷᠡᠭᠯᠡᠭᠡ》 ᠵᠢᠨ ᠪᠦᠷᠢᠨ ᠪᠦᠲᠦᠨ ᠴᠠᠭᠠᠷᠢᠭ᠎ᠢ ᠪᠠᠢᠭᠤᠯᠵᠤ᠂ ᠠᠵᠤ ᠦᠢᠯᠡᠰ᠎ᠦᠨ ᠬᠡᠯᠬᠢᠶ᠎ᠡ᠎ᠶ᠋ᠢᠨ ᠭᠦᠨᠵᠡᠭᠡᠢ ᠠᠭᠤᠰᠤᠯᠴᠠᠯ᠎ᠤᠨ ᠬᠡᠪ ᠳᠠᠭᠤᠷᠢᠶᠠᠯ ᠪᠣᠯᠵᠠᠢ᠃

ᠥᠪᠥᠷ ᠮᠣᠩᠭᠣᠯ᠎ᠤᠨ ᠤᠰᠤᠲᠥ᠋ᠷᠥᠭ᠌ᠴᠢ ᠡᠨᠧᠷᠭᠢ᠎ᠶ᠋ᠢᠨ ᠬᠥᠭ᠌ᠵᠢᠯᠲᠡ᠎ᠶ᠋ᠢᠨ ᠬᠠᠮᠤᠭ᠎ᠤᠨ ᠱᠢᠨ᠎ᠡ ᠵᠢᠷᠤᠭ ᠲᠦᠰᠦᠪ᠎ᠲᠤ᠂ ᠬᠥᠬᠡᠬᠣᠲᠠ ᠨᠢ ᠰᠤᠳᠤᠯᠤᠨ ᠨᠡᠭᠡᠭᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠪᠤᠭᠤᠲᠤ ᠨᠢ ᠬᠠᠲᠠᠭᠤ ᠲᠦᠯᠦᠪᠲᠦ ᠤᠰᠤᠲᠥ᠋ᠷᠥᠭ᠌ᠴᠢ ᠬᠠᠳᠠᠭᠠᠯᠠᠬᠤ ᠪᠠ ᠬᠦᠨᠳᠦ ᠠᠴᠢᠶᠠᠨ᠎ᠤ ᠮᠠᠰᠢᠨ ᠦᠢᠯᠡᠳᠬᠦ᠌ ᠪᠡᠷ ᠪᠤᠭᠤᠮᠲᠠ ᠰᠢᠪᠲᠤᠯᠵᠤ᠂ ᠤᠷᠳᠤᠰ ᠴᠠᠬᠢᠯᠭᠠᠨ ᠵᠠᠳᠠᠯᠤᠯ᠎ᠤᠨ ᠣᠩᠭᠣᠴᠠ ᠪᠣᠯᠤᠨ ᠲᠡᠭᠡᠭᠡᠪᠦᠷᠢ᠎ᠶ᠋ᠢᠨ ᠲᠣᠨᠣᠭ᠍ᠯᠠᠯ᠎ᠵᠢᠡᠷ ᠭᠤᠤᠯᠯᠠᠵᠤ᠂ ᠦᠬᠠᠢ ᠠᠵᠤ ᠦᠢᠯᠡᠳᠪᠦᠷᠢ᠎ᠶ᠋ᠢᠨ ᠳᠡᠳ᠋ ᠦᠢᠯᠡᠳᠭᠦᠨ ᠤᠰᠤᠲᠥ᠋ᠷᠥᠭ᠌ᠴᠢ᠎ᠶ᠋ᠢ ᠴᠡᠪᠡᠷᠱᠢᠭᠦᠯᠬᠦ᠌ ᠪᠡᠷ ᠬᠦᠴᠦᠯᠡᠨ᠎ᠡ — ᠲᠦᠷᠪᠡᠨ ᠶᠡᠬᠡ ᠰᠠᠭᠤᠷᠢᠨ ᠨᠢ 《ᠰᠤᠳᠤᠯᠤᠨ ᠨᠡᠭᠡᠭᠡᠬᠦ᠌ — ᠦᠢᠯᠡᠳᠬᠦ᠌ — ᠬᠡᠷᠡᠭ᠌ᠯᠡᠬᠦ᠌》 ᠪᠢᠲᠡᠭᠦᠦ ᠴᠠᠭᠠᠷᠢᠭ᠎ᠢ ᠪᠦᠷᠢᠯᠳᠦᠭᠦᠯᠵᠦ᠍᠂ ᠥᠪᠥᠷ ᠮᠣᠩᠭᠣᠯ᠎ᠤᠨ ᠤᠰᠤᠲᠥ᠋ᠷᠥᠭ᠌ᠴᠢ ᠡᠨᠧᠷᠭᠢ᠎ᠶ᠋ᠢᠨ ᠠᠵᠤ ᠦᠢᠯᠡᠰ᠎ᠦᠨ ᠬᠠᠮᠵᠢᠯᠴᠠᠨ ᠬᠥᠭ᠌ᠵᠢᠬᠦ᠌ ᠪᠠᠢᠷᠢᠱᠢᠯ ᠨᠢᠭᠡᠨᠲᠡ ᠪᠦᠷᠢᠯᠳᠦᠵᠡᠢ᠃ ᠥᠪᠥᠷ ᠮᠣᠩᠭᠣᠯ ᠨᠢᠭᠡᠨᠲᠡ 39 ᠰᠠᠯᠬᠢᠨ ᠬᠦᠴᠦᠨ ᠬᠡᠷᠡᠯᠴᠢ ᠴᠡᠨᠡᠭ᠎ᠢᠶᠡᠷ ᠤᠰᠤᠲᠥ᠋ᠷᠥᠭ᠌ᠴᠢ ᠦᠶ᠋ᠯᠡᠳᠬᠦ᠌ ᠵᠢ ᠨᠢᠭᠡ ᠴᠤᠭ᠍ᠴᠠᠵᠢᠭᠤᠯᠤᠭ᠍ᠰᠠᠨ ᠲᠥᠷᠥᠯ ᠵᠦᠶ᠋ᠯ᠎ᠢ ᠴᠣᠬᠣᠯᠠᠪᠤᠷᠢᠯᠠᠨ ᠬᠠᠷᠢᠭᠤᠯᠵᠤ᠂ ᠣᠳᠣᠬᠠᠨ᠎ᠳᠤ ᠨᠢᠭᠡᠨᠲᠡ 7 ᠲᠥᠷᠥᠯ ᠵᠦᠶ᠋ᠯ᠎ᠢ ᠪᠠᠢᠭᠤᠯᠤᠨ ᠳᠠᠭᠤᠰᠭᠠᠵᠤ᠂ ᠤᠰᠤᠲᠥ᠋ᠷᠥᠭ᠌ᠴᠢ ᠦᠶ᠋ᠯᠡᠳᠬᠦ᠌ ᠬᠡᠪᠴᠢᠶ᠎ᠡ᠎ᠨᠢ 6 ᠲᠦᠮᠡᠨ ᠲᠣᠨ \ ᠵᠢᠯ ᠪᠠᠢᠵᠤ᠂ ᠪᠥᠬᠥ᠌ ᠤᠯᠤᠰ᠎ᠲᠤ ᠲᠡᠷᠢᠭᠦᠯᠡᠵᠦ᠍ ᠪᠠᠢᠨ᠎ᠠ᠃

ᠥᠪᠥᠷ ᠮᠣᠩᠭᠣᠯ᠎ᠤᠨ ᠰᠠᠯᠬᠢ᠂ ᠶᠠᠭ ᠴᠠᠬᠢᠯᠭᠠᠨ ᠵᠠᠳᠠᠯᠤᠯ᠎ᠤᠨ ᠣᠩᠭᠣᠴᠠ᠎ᠪᠠᠷ ᠤᠰᠤᠲᠥ᠋ᠷᠥᠭ᠌ᠴᠢ᠎ᠶ᠋ᠢᠨ ᠮᠣᠯᠧᠺᠦ᠋ᠯ᠎ᠢ ᠵᠠᠳᠠᠷᠠᠭᠤᠯᠬᠤ᠎ᠶ᠋ᠢ ᠠᠬᠢᠭᠤᠯᠵᠤ ᠪᠤᠢ; ᠬᠣᠪᠣᠷ ᠱᠢᠷᠣᠶ᠎ᠶ᠋ᠢᠨ 《ᠷᠢᠳᠢ ᠱᠢᠳᠢ》 ᠶᠠᠭ ᠬᠡᠢ ᠪᠡᠶᠡᠲᠦ᠍᠎ᠶ᠋ᠢ ᠬᠠᠲᠠᠭᠤ ᠲᠦᠯᠦᠪᠲᠦ ᠰᠠᠪᠠᠨ᠎ᠳᠤ ᠣᠨᠢᠰᠤᠯᠠᠵᠤ ᠪᠠᠢᠨ᠎ᠠ; ᠳᠠᠷᠬᠠᠨ ᠮᠤᠸ᠋ᠮᠢᠩᠭᠠᠨ ᠬᠣᠯᠪᠣᠭᠠᠲᠤ ᠬᠣᠱᠢᠭᠤ᠎ᠠᠴᠠ ᠪᠤᠭᠤᠲᠤ ᠬᠣᠲᠠ ᠬᠦᠷᠲᠡᠯᠡᠬᠢ 195 ᠺᠢᠯᠣᠮᠧᠲ᠋ᠷ᠎ᠦᠨ ᠪᠣᠯᠣᠳ ᠲᠡᠮᠦᠷ᠎ᠦᠨ ᠬᠣᠭᠣᠯᠠᠶ ᠤᠳᠠᠯ ᠥᠬᠡᠶ ᠭᠠᠵᠠᠷ ᠳᠤᠤᠷ᠎ᠠ ᠦᠷᠭᠦᠯᠵᠢᠯᠡᠬᠦ᠌ ᠪᠣᠯᠤᠨ᠎ᠠ — ᠡᠬᠢ ᠪᠠᠶᠠᠯᠢᠭ᠎ᠤᠨ ᠬᠡᠯᠪᠡᠷᠢ᠎ᠶ᠋ᠢᠨ ᠬᠣᠲᠠ᠎ᠵᠢᠨ ᠬᠡᠯᠪᠡᠷᠢ᠎ᠪᠡᠨ ᠬᠤᠪᠢᠷᠠᠭᠤᠯᠬᠤ᠎ᠵᠢ ᠳᠠᠪᠠᠭᠰᠠᠨ᠂ ᠲᠡᠭ ᠨᠡᠭᠦᠷᠡᠰᠦᠲᠥ᠋ᠷᠥᠭ᠌ᠴᠢ᠎ᠶ᠋ᠢᠨ ᠢᠷᠡᠭᠡᠳᠦᠶ᠎ᠳᠤ ᠰᠢᠭᠤᠳ ᠬᠦᠷᠬᠦ 《ᠤᠰᠤᠲᠥ᠋ᠷᠥᠭ᠌ᠴᠢ᠎ᠶ᠋ᠢᠨ ᠯᠤᠭ᠍ᠰᠢᠭᠤᠨ ᠰᠤᠳᠠᠯ》 ᠨᠢ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ  ᠠᠮᠢᠯᠠᠵᠤ ᠪᠤᠢ᠃

ᠪᠤᠭᠤᠲᠤ ᠬᠤᠳᠠ᠎ᠶ᠋ᠢᠨ ᠠᠵᠤ ᠦᠢᠯᠡᠰ᠎ᠦᠨ ᠦᠢᠯᠡᠳᠦᠯᠭᠡ᠎ᠶ᠋ᠢᠨ ᠢᠳᠡᠷᠡᠭᠦᠨ ᠠᠯᠬᠤᠭ᠎ᠠ 《ᠲᠠᠯ᠎ᠠ ᠨᠤᠲᠤᠭ᠎ᠤᠨ ᠪᠤᠯᠤᠳ ᠬᠤᠳᠠ》 ᠵᠢᠨ ᠠᠤᠭ᠎ᠠ ᠵᠣᠷᠢᠭ᠎ᠢ ᠭᠡᠷᠡᠴᠢᠯᠡᠨ᠎ᠡ᠄ ᠪᠤᠭᠤᠲᠤ᠎ᠶ᠋ᠢᠨ 5600 ᠲᠦᠮᠡᠨ ᠺᠢᠯᠦᠸᠠᠲ᠎ᠤᠨ ᠰᠠᠯᠬᠢ ᠭᠡᠷᠡᠯ᠎ᠦᠨ ᠡᠬᠢ ᠪᠠᠶᠠᠯᠢᠭ ᠦᠷᠭᠦᠯᠵᠢᠯᠡᠨ 15 ᠲᠥᠭᠥᠷᠢᠭ \ ᠺᠢᠯᠣᠭ᠌ᠷᠠᠮ᠎ᠤᠨ ᠳᠣᠣᠷ᠎ᠠ ᠥᠪᠡᠷ᠎ᠦᠨ ᠦᠷᠳᠡᠭ᠎ᠲᠡᠶ ᠪᠤᠬᠢᠷᠲᠤᠯ ᠦᠭᠡᠢ ᠤᠰᠤᠲᠥ᠋ᠷᠥᠭ᠌ᠴᠢ ᠪᠤᠯᠵᠤ ᠬᠤᠪᠢᠷᠠᠨ᠎ᠠ; ᠤᠮᠠᠷᠠᠲᠤ ᠵᠢᠨ ᠬᠣᠪᠣᠷ ᠱᠢᠷᠣᠶ᠎ᠶ᠋ᠢᠨ ᠤᠰᠤᠲᠥ᠋ᠷᠥᠭ᠌ᠴᠢ ᠬᠠᠳᠠᠭᠠᠯᠠᠬᠤ ᠰᠠᠪᠠ ᠨᠢ ᠮᠡᠷᠭᠡᠵᠢᠯ᠎ᠦᠨ ᠪᠣᠭᠣᠮᠢ᠎ᠶ᠋ᠢ ᠱᠢᠪᠲᠤᠯᠵᠤ᠂ ᠬᠣᠶᠠᠷ ᠬᠦᠷᠳᠦᠲᠦ ᠲᠡᠷᠭᠡ 90 ᠺᠢᠯᠣᠮᠧᠲ᠋ᠷ ᠦᠷᠭᠦᠯᠵᠢᠯᠡᠨ ᠠᠶᠠᠯᠠᠬᠤ᠎ᠶ᠋ᠢ ᠪᠡᠶᠡᠯᠡᠭᠦᠯᠪᠡ; ᠪᠸᠢ ᠪᠸᠨ ᠬᠦᠨᠳᠦ ᠠᠵᠤ ᠦᠶ᠋ᠯᠡᠳᠪᠦᠷᠢ᠎ᠶ᠋ᠢᠨ ᠦᠶ᠋ᠯᠡᠳᠪᠦᠷᠢᠯᠡᠯ᠎ᠦᠨ ᠱᠤᠭᠤᠮ ᠳᠡᠭᠡᠷ᠎ᠡ ᠪᠥᠬᠥ᠌ ᠳᠡᠯᠡᠬᠡᠶ᠎ᠶ᠋ᠢᠨ ᠠᠩᠬᠠᠳᠠᠭ᠍ᠴᠢ 136 ᠲᠣᠨ᠎ᠤ ᠲᠠᠰ᠎ᠤᠨ ᠤᠰᠤᠲᠥ᠋ᠷᠥᠭ᠌ᠴᠢ ᠡᠨᠧᠷᠭᠢ᠎ᠶ᠋ᠢᠨ ᠠᠭᠤᠷᠬᠠᠶ᠎ᠳᠤ ᠬᠡᠷᠡᠭ᠌ᠯᠡᠬᠦ᠌ ᠲᠡᠷᠭᠡ ᠭᠠᠷᠴᠤ᠌᠂ ᠵᠠᠭᠤᠨ ᠲᠣᠨ᠎ᠤ ᠲᠠᠰ᠎ᠤᠨ ᠬᠥᠳᠡᠯᠭᠡᠬᠦ᠌ ᠬᠦᠴᠦᠨ᠎ᠦ ᠲᠣᠨᠣᠭ᠍ᠯᠠᠯ᠎ᠤᠨ ᠬᠣᠭᠣᠰᠣᠨ᠎ᠢ ᠨᠥᠬᠥᠪᠥᠷᠢᠯᠡᠪᠡ; ᠮᠠᠨᠳᠤᠯ ᠪᠣᠭᠣᠮᠲᠠ᠎ᠠᠴᠠ ᠲᠦᠮᠡᠳ ᠪᠠᠷᠠᠭᠤᠨ ᠬᠣᠱᠢᠭᠤ ᠬᠥᠷᠬᠥ᠌ 《ᠴᠡᠭ᠎ᠡᠴᠡ ᠴᠡᠭ ᠬᠥᠷᠬᠥ᠌》 ᠤᠰᠤᠲᠥ᠋ᠷᠥᠭ᠌ᠴᠢ ᠡᠨᠧᠷᠭᠢ᠎ᠶ᠋ᠢᠨ ᠬᠦᠨᠳᠦ ᠠᠴᠢᠶᠠᠨ᠎ᠤ ᠮᠠᠰᠢᠨ ᠲᠡᠷᠭᠡ᠎ᠵᠢᠨ ᠵᠠᠮ ᠱᠤᠭᠤᠮ ᠲᠦᠷᠭᠡᠨ ᠨᠡᠭᠡᠭᠡᠭ᠌ᠳᠡᠪᠡ ᠁ ᠰᠠᠷᠬᠢᠷᠠᠭᠤᠯ ᠮᠠᠱᠢᠨ᠎ᠤ ᠬᠦᠩᠭᠢᠨᠡᠬᠦ᠌ ᠲᠠᠭᠤᠨ ᠪᠣᠯᠤᠨ ᠬᠣᠭᠣᠯᠠᠶ ᠱᠤᠭᠤᠮ᠎ᠤᠨ ᠤᠷᠲᠤᠳᠭᠠᠯ᠎ᠤᠨ ᠯᠣᠭ᠍ᠰᠢᠯᠲᠠ ᠳᠤᠮᠳᠠ᠂ ᠪᠤᠭᠤᠲᠤ ᠭᠡᠬᠦ᠌ ᠡᠨᠡ ᠬᠦ᠌ ᠬᠠᠭᠤᠴᠢᠨ ᠠᠵᠤ ᠦᠶ᠋ᠯᠡᠳᠪᠦᠷᠢ᠎ᠶ᠋ᠢᠨ ᠰᠠᠭᠤᠷᠢᠨ᠎ᠤ ᠤᠰᠤᠲᠥ᠋ᠷᠥᠭ᠌ᠴᠢ ᠡᠨᠧᠷᠭᠢ᠎ᠶ᠋ᠢᠨ ᠱᠢᠨ᠎ᠡ ᠵᠢᠷᠤᠭ ᠲᠦᠰᠦᠪ ᠶᠠᠭ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠲᠦᠷᠭᠡᠨ ᠵᠢᠷᠤᠭᠯᠠᠭᠳᠠᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号