ᠤᠯᠠᠭᠠᠨᠬᠠᠳᠠ ᠬᠤᠳᠠ ᠱᠢᠨ᠎ᠡ᠎ᠪᠠᠷ ᠮᠠᠨᠳᠤᠬᠰᠠᠨ ᠬᠦᠷᠢᠶᠡᠨ᠎ᠳᠡᠬᠢ 《ᠬᠤᠶᠠᠷ᠎ᠢ ᠬᠠᠮᠤᠷᠬᠤ》 ᠲᠥᠪᠯᠡᠷᠡᠭᠦᠯᠦᠨ ᠪᠣᠭᠤᠮᠲᠠ ᠱᠢᠪᠲᠤᠯᠬᠤ ᠠᠵᠢᠯᠯᠠᠭ᠎ᠠ᠎ᠳᠦ ᠱᠢᠪᠲᠤᠯᠤᠯᠲᠠ᠎ᠶ᠋ᠢᠨ ᠴᠢᠨᠠᠷᠲᠠᠢ ᠠᠬᠢᠴᠠ᠎ᠶ᠋ᠢ ᠪᠡᠶᠡᠯᠡᠭᠦᠯᠵᠡᠢ᠃ ᠤᠳᠤ ᠪᠦᠬᠦ᠌ ᠬᠤᠲᠠ᠎ᠶ᠋ᠢᠨ ᠨᠡᠢᠲᠡ᠎ᠶ᠋ᠢᠨ ᠥᠮᠴᠢᠯᠡᠯ᠎ᠤᠨ ᠪᠤᠰᠤ ᠠᠵᠤ ᠠᠬᠤᠢᠯᠠᠯ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠦᠷᠬᠦᠴᠡ ᠵᠢᠨ ᠨᠤᠷᠮ᠎ᠠ 66.78%᠎ᠳ᠋ᠤ ᠬᠦᠷᠴᠦ᠍᠂ ᠥᠪᠥᠷ ᠮᠣᠩᠭᠤᠯ ᠳ᠋ᠤ ᠲᠡᠷᠢᠭᠦᠯᠡᠪᠡ; ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠦᠷᠬᠦᠴᠡ᠎ᠵᠢᠨ ᠨᠤᠷᠮ᠎ᠠ 60.52% ᠲᠦ᠍ ᠬᠦᠷᠴᠦ᠍᠂ ᠥᠪᠥᠷ ᠮᠣᠩᠭᠤᠯ ᠳ᠋ᠤ ᠳᠡᠳ᠋ᠯᠡᠪᠡ᠃
ᠲᠡᠭᠡᠪᠡᠯ ᠡᠳᠡᠭᠡᠷ ᠠᠩᠬᠠᠷᠤᠯ᠎ᠢ ᠲᠠᠲᠠᠭᠰᠠᠨ ᠲᠣᠭ᠎ᠠ ᠪᠠᠷᠢᠮᠲᠠ᠎ᠶᠢᠨ ᠠᠷᠤᠳ᠋ᠤ ᠶᠠᠮᠠᠷᠰᠢᠤ ᠬᠠᠲᠠᠭᠤ ᠠᠷᠭ᠎ᠠ ᠠᠪᠴᠠᠯ᠎ᠢ ᠠᠪᠤᠭᠰᠠᠨ ᠪᠤᠯ?
ᠰᠠᠭᠤᠷᠢ ᠪᠠᠭᠤᠷᠠᠶ ᠪᠤᠯ ᠤᠯᠠᠭᠠᠨᠬᠠᠳᠠ ᠬᠤᠲᠠ᠎ᠶ᠋ᠢᠨ ᠱᠢᠨ᠎ᠡ᠎ᠪᠠᠷ ᠮᠠᠨᠳᠤᠬᠰᠠᠨ ᠬᠦᠷᠢᠶᠡᠨ᠎ᠳᠠᠬᠢ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠦᠩᠭᠡᠷᠡᠭᠰᠡᠨ ᠳ᠋ᠤ ᠲᠤᠯᠭᠠᠷᠠᠵᠤ ᠪᠠᠢᠭᠰᠠᠨ ᠲᠣᠪᠤᠢᠮ᠎ᠠ ᠬᠦᠴᠢᠷᠳᠡᠯ ᠪᠤᠯᠤᠨ᠎ᠠ᠃ 2025 ᠣᠨ᠎ᠤ ᠡᠬᠢᠨ᠎ᠤ ᠪᠦᠷᠢᠳᠭᠡᠯ᠎ᠤᠨ ᠲᠤᠭ᠎ᠠ ᠪᠠᠷᠢᠮᠲᠠ᠎ᠠᠴᠠ ᠦᠵᠡᠪᠡᠯ᠂ ᠪᠥᠬᠦ᠌ ᠬᠤᠲᠠ᠎ᠶ᠋ᠢᠨ ᠱᠢᠨ᠎ᠡ᠎ᠪᠠᠷ ᠮᠠᠨᠳᠤᠬᠰᠠᠨ ᠬᠦᠷᠢᠶᠡᠨ᠎ᠳᠠᠬᠢ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠦᠷᠬᠦᠴᠡ᠎ᠶ᠋ᠢᠨ ᠨᠣᠷᠮ᠎ᠠ ᠵᠥᠪᠬᠡᠨ 38.07% ᠳ᠋ᠦ ᠬᠦᠷᠴᠦ ᠪᠠᠢᠵᠠᠢ᠃ ᠬᠡᠰᠡᠭ ᠱᠢᠨ᠎ᠡ ᠠᠵᠤ ᠠᠬᠤᠢ᠎ᠶ᠋ᠢᠨ ᠵᠣᠬᠢᠶᠠᠨ ᠪᠠᠢᠭᠤᠯᠤᠯᠲᠠ ᠨᠢ 《ᠪᠠᠢᠭᠤᠯᠬᠤ ᠳᠤᠷ᠎ᠠ ᠦᠭᠡᠢ》᠂ ᠱᠢᠨ᠎ᠡ ᠨᠡᠢᠭᠡᠮ᠎ᠤᠨ ᠵᠣᠬᠢᠶᠠᠨ ᠪᠠᠢᠭᠤᠯᠤᠯᠲᠠ ᠨᠢ 《ᠬᠠᠮᠢᠶᠠᠷᠬᠤ ᠬᠥᠮᠦᠨ ᠦᠭᠡᠢ》᠂ ᠱᠢᠨ᠎ᠡ ᠠᠵᠢᠯ ᠣᠯᠤᠭ᠍ᠰᠠᠨ ᠬᠥᠮᠥᠰ᠎ᠤᠨ ᠨᠠᠮ᠎ᠤᠨ ᠭᠡᠱᠢᠭᠦᠨ᠎ᠤ ᠪᠡᠶ᠎ᠡ ᠵᠢᠨ ᠭᠠᠷᠤᠯ ᠵᠢᠡᠨ 《ᠮᠡᠳᠡᠭ᠌ᠳᠡᠬᠦ᠌ ᠳᠤᠷ᠎ᠠ ᠦᠭᠡᠢ》 ᠵᠡᠷᠭᠡ ᠠᠰᠠᠭᠤᠳᠠᠯ ᠨᠡᠢᠳᠡᠮ ᠤᠷᠤᠰᠢᠵᠤ᠂ ᠪᠦᠬᠦ᠌ ᠬᠤᠳᠠ᠎ᠶ᠋ᠢᠨ ᠱᠢᠨ᠎ᠡ᠎ᠪᠠᠷ ᠮᠠᠨᠳᠤᠬᠰᠠᠨ ᠬᠦᠷᠢᠶᠡᠨ᠎ᠳᠡᠬᠢ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠪᠦᠲᠦᠮᠵᠢᠲᠡᠢ ᠪᠦᠷᠬᠦᠬᠦ᠎ᠶ᠋ᠢ ᠬᠢᠵᠠᠭᠠᠷᠯᠠᠵᠤ ᠪᠠᠢᠵᠠᠢ᠃
ᠡᠨᠡ ᠵᠢᠯ᠎ᠤᠨ 5 ᠰᠠᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠢᠴᠠᠭᠠᠨ ᠰᠤᠳᠤᠯᠬᠤ ᠳᠤᠭᠤᠢᠯᠠᠩ ᠤᠯᠠᠭᠠᠨᠬᠠᠳᠠ ᠬᠤᠲᠠ᠎ᠳᠤ ᠪᠠᠢᠴᠠᠭᠠᠨ ᠰᠤᠳᠤᠯᠤᠯᠲᠠ ᠬᠢᠭᠡᠳ᠂ ᠱᠢᠨ᠎ᠡ᠎ᠪᠠᠷ ᠮᠠᠨᠳᠤᠬᠰᠠᠨ ᠬᠦᠷᠢᠶᠡᠨ᠎ᠳᠡᠬᠢ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ 《ᠬᠤᠶᠠᠷ᠎ᠢ ᠬᠠᠮᠤᠷᠬᠤ》 ᠵᠢ ᠲᠣᠪᠦ᠋ᠢᠮᠠ ᠰᠠᠢᠲᠤᠷ ᠠᠳᠭᠤᠬᠤ ᠬᠡᠷᠡᠭ᠌ᠲᠡᠶ ᠭᠡᠵᠦ᠍ ᠲᠣᠳᠣᠷᠬᠠᠶ ᠳᠤᠷᠠᠳᠤᠭᠰᠠᠨ ᠪᠠᠢᠳᠠᠭ᠃ ᠡᠢᠨ ᠬᠦ᠌ ᠤᠯᠠᠭᠠᠨᠬᠠᠳᠠ ᠬᠤᠲᠠ᠎ᠶ᠋ᠢᠨ ᠨᠠᠮ᠎ᠤᠨ ᠬᠤᠷᠢᠶ᠎ᠠ ᠵᠢᠨ ᠨᠡᠢᠭᠡᠮ᠎ᠤᠨ ᠠᠵᠢᠯ᠎ᠤᠨ ᠬᠡᠯᠲᠡᠰ ᠦᠳᠲᠡᠷ ᠲᠦᠷᠭᠡᠨ ᠬᠥᠳᠡᠯᠦᠯᠴᠡᠵᠦ᠍᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠨ᠂ ᠪᠥᠬᠦ᠌ ᠬᠤᠲᠠ᠎ᠶ᠋ᠢᠨ ᠲᠤᠰᠭᠠᠶ ᠠᠵᠢᠯ᠎ᠤᠨ ᠪᠠᠢᠷᠢᠯᠠᠭᠤᠯᠤᠯᠲᠠ᠎ᠶ᠋ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠲᠠ᠂ ᠬᠤᠱᠢᠭᠤ ᠬᠤᠶᠠᠷ ᠱᠠᠲᠤᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠎ᠪᠠᠷ ᠲᠦᠷᠦᠭᠦᠯᠡᠭᠦᠯᠦᠨ᠂ ᠵᠣᠬᠢᠶᠠᠨ ᠪᠠᠢᠭᠤᠯᠬᠤ ᠬᠡᠯᠲᠡᠰ ᠬᠢᠭᠡᠳ ᠨᠡᠢᠭᠡᠮ᠎ᠤᠨ ᠠᠵᠢᠯ᠎ᠤᠨ ᠬᠡᠯᠲᠡᠰ ᠨᠢᠭᠡᠳᠦᠯᠲᠡᠶ ᠲᠥᠯᠥᠪᠯᠡᠨ ᠵᠢᠯᠣᠭᠤᠳᠴᠤ᠌᠂ ᠠᠵᠢᠯ ᠲᠥᠷᠥᠯ᠎ᠤᠨ ᠰᠠᠯᠠᠭ᠎ᠠ ᠮᠥᠴᠢᠷ ᠬᠠᠮᠵᠢᠯᠴᠠᠨ ᠬᠥᠳᠡᠯᠦᠯᠴᠡᠬᠦ᠌ ᠠᠵᠢᠯ᠎ᠤᠨ ᠲᠣᠭ᠍ᠲᠠᠴᠠ᠎ᠶ᠋ᠢ ᠪᠠᠢᠭᠤᠯᠤᠨ᠂ ᠱᠢᠨ᠎ᠡ᠎ᠪᠠᠷ ᠮᠠᠨᠳᠤᠬᠰᠠᠨ ᠬᠦᠷᠢᠶᠡᠨ᠎ᠳᠠᠬᠢ 《ᠬᠤᠶᠠᠷ᠎ᠢ ᠬᠠᠮᠤᠷᠬᠤ》 ᠲᠥᠪᠯᠡᠷᠡᠭᠦᠯᠦᠨ ᠪᠣᠭᠤᠮᠲᠠ ᠱᠢᠪᠲᠤᠯᠬᠤ ᠠᠵᠢᠯᠯᠠᠭ᠎ᠠ᠎ᠶ᠋ᠢ ᠪᠥᠬᠦ᠌ ᠬᠦᠴᠦᠨ᠎ᠢᠶᠠᠷ ᠠᠬᠢᠭᠤᠯᠪᠠ᠃
ᠪᠡᠷᠬᠡ ᠰᠡᠳᠦᠪ᠎ᠢ ᠱᠢᠢᠳᠪᠦᠷᠢᠯᠡᠬᠦ᠌ ᠲᠦᠷᠦᠬᠦᠦ ᠠᠯᠬᠤᠮ ᠨᠢ ᠰᠠᠭᠤᠷᠢ ᠲᠤᠭ᠎ᠠ᠎ᠶ᠋ᠢ ᠲᠣᠳᠣᠷᠬᠠᠶ ᠣᠢᠯᠠᠭᠠᠬᠤ ᠶᠠᠪᠤᠳᠠᠯ ᠪᠣᠯᠤᠨ᠎ᠠ᠃ ᠤᠯᠠᠭᠠᠨᠬᠠᠳᠠ ᠬᠤᠲᠠ᠎ᠶ᠋ᠢᠨ ᠨᠠᠮ᠎ᠤᠨ ᠬᠤᠷᠢᠶ᠎ᠠ᠎ᠶ᠋ᠢᠨ ᠨᠡᠢᠭᠡᠮ᠎ᠤᠨ ᠠᠵᠢᠯ᠎ᠤᠨ ᠬᠡᠯᠲᠡᠰᠵᠣᠬᠢᠶᠠᠨ ᠪᠠᠢᠭᠤᠯᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠭᠠᠢᠯᠢ᠎ᠶ᠋ᠢᠨ ᠶᠠᠪᠤᠳᠠᠯ᠂ ᠠᠷᠠᠳ᠎ᠤᠨ ᠶᠠᠪᠤᠳᠠᠯ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢᠭᠡᠮ᠎ᠤᠨ ᠪᠠᠲᠤᠯᠠᠭ᠎ᠠ ᠵᠡᠷᠭᠡ ᠣᠯᠠᠨ ᠰᠠᠯᠠᠭ᠎ᠠ ᠮᠥᠴᠢᠷ᠎ᠢ ᠵᠣᠬᠢᠴᠠᠭᠤᠯᠵᠤ᠂ ᠲᠤᠭ᠎ᠠ ᠪᠠᠷᠢᠮᠲᠠ᠎ᠶ᠋ᠢᠨ ᠬᠠᠷᠢᠴᠠᠭᠤᠯᠤᠯ ᠬᠢᠬᠦ᠌᠎ᠶ᠋ᠢᠨ ᠬᠠᠮᠲᠤ᠌᠂ ᠬᠤᠱᠢᠭᠤ ᠱᠢᠶᠠᠨ ᠲᠣᠭᠤᠷᠢᠭ᠎ᠤᠨ ᠠᠵᠢᠯᠲᠠᠳ᠎ᠢ ᠳᠠᠢᠴᠢᠯᠠᠨ᠂ ᠪᠣᠳᠠᠲᠠᠢ ᠭᠠᠵᠠᠷ᠎ᠲᠤᠨᠢ ᠪᠠᠢᠴᠠᠭᠠᠨ ᠵᠢᠭᠰᠠᠭᠠᠵᠤ᠂ ᠨᠡᠢᠲᠡ᠎ᠶ᠋ᠢᠨ ᠥᠮᠴᠢᠯᠡᠯ᠎ᠤᠨ ᠪᠤᠰᠤ ᠠᠵᠤ ᠠᠬᠤᠢᠯᠠᠯ ᠪᠠ ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢ ᠡᠷᠦᠬᠡ ᠳᠠᠷᠠᠭᠠᠯᠠᠨ ᠰᠤᠷᠪᠤᠯᠵᠢᠯᠠᠪᠠ᠃ ᠭᠤᠯᠳᠤ᠎ᠪᠠᠷ ᠪᠠᠢᠴᠠᠭᠠᠨ ᠵᠢᠭ᠍ᠰᠠᠭᠠᠬᠤ ᠪᠠ ᠬᠥᠨᠳᠡᠯᠡᠨ᠎ᠢᠶᠠᠷ ᠬᠤᠯᠪᠣᠭᠠᠯᠠᠨ ᠬᠥᠳᠡᠯᠦᠯᠴᠡᠬᠦ᠌᠎ᠪᠠᠷ ᠳᠠᠮᠵᠢᠭᠤᠯᠤᠨ᠂ ᠨᠡᠢᠲᠡ᠎ᠶ᠋ᠢᠨ ᠥᠮᠴᠢᠯᠡᠯ᠎ᠤᠨ ᠪᠤᠰᠤ ᠠᠵᠤ ᠠᠬᠤᠢᠯᠠᠯ᠂ ᠨᠡᠢᠭᠡᠮ᠎ᠤᠨ ᠵᠣᠬᠢᠶᠠᠨ ᠪᠠᠢᠭᠤᠯᠤᠯᠲᠠ᠂ ᠱᠢᠨ᠎ᠡ᠎ᠪᠠᠷ ᠠᠵᠢᠯ ᠣᠯᠤᠭ᠍ᠰᠠᠨ ᠨᠠᠮ᠎ᠤᠨ ᠭᠡᠱᠢᠭᠦᠨ᠎ᠤ 《ᠬᠤᠶᠠᠷ ᠡᠬᠡ ᠲᠠᠩᠰᠠ᠂ ᠨᠢᠭᠡ ᠨᠡᠷ᠎ᠠ ᠵᠢᠨ ᠳᠠᠩᠰᠠ》 ᠶ᠋ᠢ ᠪᠠᠢᠭᠤᠯᠵᠤ᠂ 《ᠭᠤᠷᠪᠠᠨ ᠪᠠᠢᠬᠤ》 ᠪᠠᠷᠢᠮᠵᠢᠶ᠎ᠠ᠎ᠳᠤ ᠨᠡᠢᠴᠡᠬᠦ᠌ ᠨᠡᠢᠲᠡ᠎ᠶ᠋ᠢᠨ ᠥᠮᠴᠢᠯᠡᠯ᠎ᠤᠨ ᠪᠤᠰᠤ ᠠᠵᠤ ᠠᠬᠤᠢᠯᠠᠯ᠎ᠢ 2607᠂ ᠬᠡᠪ᠎ᠤᠨ ᠪᠠᠢᠳᠠᠯ ᠵᠢᠡᠷ ᠡᠵᠡᠩᠨᠡᠵᠦ ᠪᠠᠢᠭ᠎ᠠ ᠨᠡᠢᠭᠡᠮ᠎ᠤᠨ ᠵᠣᠬᠢᠶᠠᠨ ᠪᠠᠢᠭᠤᠯᠤᠯᠲᠠ ᠵᠢ 1193 ᠡᠮᠬᠢᠯᠡᠨ ᠭᠠᠷᠭᠠᠵᠠᠢ᠃
ᠰᠠᠭᠤᠷᠢ ᠲᠤᠭ᠎ᠠ᠎ᠶ᠋ᠢ ᠲᠣᠳᠣᠷᠬᠠᠢ ᠣᠢᠯᠠᠭᠠᠬᠤ ᠨᠢ ᠵᠦᠪᠬᠡᠨ ᠠᠵᠢᠯ᠎ᠤᠨ ᠡᠬᠢᠯᠡᠯᠲᠠ ᠪᠠᠢᠵᠤ᠂ ᠵᠣᠬᠢᠶᠠᠨ ᠪᠠᠢᠭᠤᠯᠤᠯᠲᠠ᠎ᠶ᠋ᠢ ᠪᠦᠷᠬᠦᠭᠦᠯᠬᠦ ᠪᠣᠯ ᠰᠠᠶᠢ ᠵᠠᠩᠭᠢᠯᠠᠭ᠎ᠠ ᠪᠣᠯᠤᠨ᠎ᠠ᠃ ᠤᠯᠠᠭᠠᠨᠬᠠᠳᠠ ᠬᠤᠲᠠ᠎ᠶ᠋ᠢᠨ ᠨᠠᠮ᠎ᠤᠨ ᠬᠤᠷᠢᠶ᠎ᠠ᠎ᠶ᠋ᠢᠨ ᠨᠡᠢᠭᠡᠮ᠎ᠤᠨ ᠠᠵᠢᠯ᠎ᠤᠨ ᠬᠡᠯᠲᠡᠰ《ᠨᠢᠭᠡ ᠲᠠᠯ᠎ᠠ ᠪᠡᠷ ᠪᠠᠢᠴᠠᠭᠠᠨ ᠵᠢᠭ᠍ᠰᠠᠭᠠᠬᠤ᠂ ᠨᠦᠭᠦᠭᠡ ᠲᠠᠯ᠎ᠠ᠎ᠪᠠᠷ ᠵᠣᠬᠢᠶᠠᠨ ᠪᠠᠢᠭᠤᠯᠬᠤ》ᠵᠢ ᠪᠠᠷᠢᠮᠲᠠᠯᠠᠵᠤ᠂ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠲᠦᠷᠭᠡᠨ ᠪᠦᠷᠬᠦᠭᠦᠯᠬᠦ᠌᠎ᠶ᠋ᠢ ᠠᠬᠢᠭᠤᠯᠪᠠ᠃ ᠠᠰᠠᠷ ᠪᠠᠢᠱᠢᠩ᠂ ᠬᠤᠳᠠᠯᠳᠤᠭᠠᠨ᠎ᠤ ᠲᠣᠭᠤᠷᠢᠭ᠂ ᠵᠠᠬ᠎ᠠ ᠳᠡᠯᠭᠡᠭᠦᠷ᠂ ᠬᠦᠷᠢᠶᠡᠯᠡᠩ ᠲᠣᠭᠤᠷᠢᠭ ᠪᠠ ᠠᠵᠢᠯ ᠲᠥᠷᠥᠯ᠎ᠤᠨ ᠨᠡᠢᠭᠡᠮᠯᠢᠭᠲᠤ᠌ ᠨᠢᠭᠡ ᠪᠦᠯᠦᠭ ᠲᠤᠰᠠᠭᠠᠷ ᠵᠣᠬᠢᠶᠠᠨ ᠪᠠᠢᠭᠤᠯᠤᠭᠰᠠᠨ᠂ ᠬᠠᠮᠲᠤᠷᠠᠨ ᠵᠣᠬᠢᠶᠠᠨ ᠪᠠᠢᠭᠤᠯᠤᠭᠰᠠᠨ ᠪᠠ ᠲᠦᠷ ᠵᠣᠬᠢᠶᠠᠨ ᠪᠠᠢᠭᠤᠯᠤᠭ᠍ᠰᠠᠨ ᠨᠠᠮ᠎ᠤᠨ ᠵᠣᠬᠢᠶᠠᠨ ᠪᠠᠢᠭᠤᠯᠤᠯᠲᠠ ᠦᠳᠲᠡᠷ ᠲᠦᠷᠭᠡᠨ ᠪᠠᠢᠭᠤᠯᠤᠭ᠍ᠳᠠᠪᠠ; ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠪᠠᠢᠭᠤᠯᠬᠤ ᠨᠥᠬᠦᠴᠡᠯ ᠬᠠᠷᠠᠬᠠᠨ ᠪᠦᠷᠢᠯᠳᠦᠭᠡᠳᠦᠶ ᠪᠠᠢᠪᠠᠯ ᠣᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢᠭᠤᠯᠤᠯᠲᠠ᠎ᠪᠠᠷ ᠳᠠᠭᠠᠵᠤ ᠮᠦᠷᠳᠡᠬᠦ ᠪᠠ ᠨᠠᠮ᠎ᠤᠨ ᠪᠠᠢᠭᠤᠯᠤᠯᠲᠠ᠎ᠶ᠋ᠢᠨ ᠵᠢᠭᠠᠨ ᠵᠢᠯᠣᠭᠤᠳᠣᠭ᠍ᠴᠢ ᠣᠷᠣᠵᠤ ᠰᠠᠭᠤᠬᠤ ᠵᠡᠷᠭᠡ ᠬᠡᠯᠪᠡᠷᠢ ᠪᠡᠷ ᠳᠠᠮᠵᠢᠨ᠂ ᠨᠠᠮ᠎ᠤᠨ ᠠᠵᠢᠯ᠎ᠤᠨ 《ᠵᠠᠢ ᠵᠠᠪᠰᠠᠷ ᠦᠭᠡᠶ ᠬᠠᠮᠤᠷᠬᠤ》 ᠵᠢ ᠪᠡᠶᠡᠯᠡᠭᠦᠯᠵᠠᠢ᠃ ᠡᠳᠦᠭᠡ᠂ ᠤᠯᠠᠭᠠᠨᠬᠠᠳᠠ ᠬᠤᠲᠠ ᠳ᠋ᠤ ᠨᠢᠭᠡᠨᠲᠡ 1741 ᠨᠡᠢᠲᠡ᠎ᠶ᠋ᠢᠨ ᠥᠮᠴᠢᠯᠡᠯ᠎ᠤᠨ ᠪᠤᠰᠤ ᠠᠵᠤ ᠠᠬᠤᠢᠯᠠᠯᠨᠠᠮᠤᠨ ᠵᠣᠬᠢᠶᠠᠨ ᠪᠠᠢᠭᠤᠯᠤᠯᠲᠠ ᠪᠠᠢᠭᠤᠯᠵᠤ᠂ 722 ᠨᠡᠢᠭᠡᠮ᠎ᠤᠨ ᠵᠣᠬᠢᠶᠠᠨ ᠪᠠᠢᠭᠤᠯᠤᠯᠲᠠ ᠨᠠᠮ᠎ᠤᠨ ᠵᠣᠬᠢᠶᠠᠨ ᠪᠠᠢᠭᠤᠯᠤᠯᠲᠠ ᠲᠠᠢ ᠪᠤᠯᠵᠠᠢ; 65 ᠤᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢᠭᠤᠯᠤᠯᠲᠠ᠎ᠶ᠋ᠢ ᠱᠢᠨ᠎ᠡ᠎ᠪᠠᠷ ᠪᠠᠢᠭᠤᠯᠵᠤ᠂ 335 ᠨᠠᠮ᠎ᠤᠨ ᠪᠠᠢᠭᠤᠯᠤᠯᠲᠠ᠎ᠶ᠋ᠢᠨ ᠵᠢᠭᠠᠨ ᠵᠢᠯᠣᠭᠤᠳᠤᠭ᠍ᠴᠢ ᠵᠢ ᠲᠣᠮᠢᠯᠠᠨ ᠰᠠᠭᠤᠯᠭᠠᠵᠤ᠂ ᠨᠠᠮ᠎ᠤᠨ ᠠᠵᠢᠯ᠎ᠢ 100% ᠪᠠᠷ ᠪᠦᠷᠬᠦᠭᠦᠯᠬᠦ᠌᠎ᠶ᠋ᠢ ᠪᠡᠶᠡᠯᠡᠭᠦᠯᠪᠡ᠃
ᠡᠯ᠎ᠡ ᠵᠦᠢᠯ᠎ᠤᠨ ᠠᠵᠢᠯ᠎ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢ ᠪᠠᠲᠤᠯᠠᠬᠤ᠎ᠶ᠋ᠢᠨ ᠲᠥᠯᠥᠭᠡ᠂ ᠤᠯᠠᠭᠠᠨᠬᠠᠳᠠ ᠬᠤᠲᠠ᠎ᠶ᠋ᠢᠨ ᠨᠠᠮ᠎ᠤᠨ ᠬᠤᠷᠢᠶ᠎ᠠ ᠵᠢᠨ ᠨᠡᠢᠭᠡᠮ᠎ᠤᠨ ᠠᠵᠢᠯ᠎ᠤᠨ ᠬᠡᠯᠲᠡᠰ ᠬᠤᠲᠠ᠂ ᠬᠤᠱᠢᠭᠤ ᠬᠤᠶᠠᠷ ᠱᠠᠲᠤᠨ᠎ᠤ ᠬᠤᠯᠪᠣᠭᠠᠯᠠᠨ ᠬᠥᠳᠡᠯᠦᠯᠴᠡᠵᠦ᠍ ᠬᠢᠨᠠᠨ ᠵᠢᠯᠣᠭᠤᠳᠭᠤ ᠲᠣᠭ᠍ᠲᠠᠴᠠ᠎ᠶ᠋ᠢ ᠪᠠᠢᠭᠤᠯᠵᠤ᠂ ᠤᠳᠤᠷᠢᠳᠭᠤ ᠺᠠᠳ᠋ᠷ ᠠᠰᠠᠭᠤᠳᠠᠯ᠎ᠤᠨ ᠨᠠᠷᠢᠨ ᠲᠠᠩᠰᠠ᠎ᠪᠠᠨ ᠠᠪᠴᠤ᠌ ᠲᠤᠬᠠᠶ᠎ᠶ᠋ᠢᠨ ᠭᠠᠵᠠᠷ᠎ᠲᠤᠨᠢ ᠬᠦᠷᠴᠦ᠍ ᠰᠤᠷᠪᠤᠯᠵᠢᠯᠠᠨ᠂ ᠡᠬᠡ ᠲᠠᠩᠰᠠ ᠵᠢ ᠪᠠᠢᠴᠠᠭᠠᠵᠤ᠂ 《ᠳᠥᠷᠪᠡᠨ ᠥᠬᠡᠶ ᠬᠤᠶᠠᠷ ᠱᠢᠭᠤᠳ》 ᠬᠡᠯᠪᠡᠷᠢ᠎ᠪᠠᠷ ᠲᠤᠬᠠᠶ᠎ᠶ᠋ᠢᠨ ᠭᠠᠵᠠᠷ᠎ᠲᠤᠨᠢ ᠪᠠᠢᠴᠠᠭᠠᠯᠲᠠ ᠬᠢᠵᠦ᠍᠂ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠪᠣᠳᠠᠲᠤ ᠦᠷ᠎ᠡ ᠪᠦᠲᠦᠮᠵᠢ᠎ᠶ᠋ᠢ ᠦᠵᠡᠬᠦ᠌ ᠮᠥᠷᠲᠡᠭᠡᠨ ᠪᠠᠰᠠ ᠠᠵᠢᠯ ᠲᠥᠷᠥᠯ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠪᠠᠢᠳᠠᠯ᠎ᠢ ᠪᠠᠢᠴᠠᠭᠠᠵᠤ᠂ 《ᠬᠤᠶᠠᠷ᠎ᠢ ᠬᠠᠮᠤᠷᠬᠤ》 ᠠᠵᠢᠯ᠎ᠢ ᠬᠡᠯᠪᠡᠷᠢ᠎ᠶ᠋ᠢᠨ ᠲᠡᠳᠦᠶ ᠪᠣᠯᠭᠠᠬᠤ ᠥᠬᠡᠶ᠂ ᠳᠤᠲᠠᠭᠤ ᠲᠤᠷᠭᠤᠨ ᠬᠢᠬᠦ᠌ ᠥᠬᠡᠶ ᠪᠠᠢᠬᠤ᠎ᠶ᠋ᠢ ᠠᠬᠢᠭᠤᠯᠪᠠ᠃ ᠣᠬᠤᠷᠬᠠᠨ ᠭᠤᠷᠪᠠᠨ ᠰᠠᠷ᠎ᠠ᠎ᠶ᠋ᠢᠨ ᠳᠣᠲᠣᠷ᠎ᠠ᠂ ᠤᠯᠠᠭᠠᠨᠬᠠᠳᠠ ᠬᠤᠲᠠ᠎ᠶ᠋ᠢᠨ ᠱᠢᠨ᠎ᠡ᠎ᠪᠠᠷ ᠮᠠᠨᠳᠤᠬᠰᠠᠨ ᠬᠦᠷᠢᠶᠡᠨ᠎ᠳᠠᠬᠢ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠦᠷᠬᠦᠴᠡ᠎ᠶ᠋ᠢᠨ ᠨᠣᠷᠮ᠎ᠠ 38.07% ᠡᠴᠡ᠎ᠪᠠᠨ ᠨᠡᠢᠲᠡ᠎ᠶ᠋ᠢᠨ ᠥᠮᠴᠢᠯᠡᠯ᠎ᠤᠨ ᠪᠤᠰᠤ ᠠᠵᠤ ᠠᠬᠤᠢᠯᠠᠯ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠦᠷᠬᠦᠴᠡ᠎ᠶ᠋ᠢᠨ ᠨᠣᠷᠮ᠎ᠠ 66.78%᠎ᠳᠤ ᠬᠦᠷᠴᠦ᠍᠂ ᠨᠡᠢᠭᠡᠮ᠎ᠤᠨ ᠵᠣᠬᠢᠶᠠᠨ ᠪᠠᠢᠭᠤᠯᠤᠯᠲᠠ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠦᠷᠬᠦᠴᠡ᠎ᠶ᠋ᠢᠨ ᠨᠣᠷᠮ᠎ᠠ 60.52%ᠲᠸ᠋ ᠬᠦᠷᠴᠦ᠍᠂ ᠱᠢᠪᠲᠤᠯᠤᠯᠲᠠ᠎ᠶ᠋ᠢᠨ ᠴᠢᠨᠠᠷᠲᠠᠶ ᠠᠬᠢᠴᠠ᠎ᠶ᠋ᠢ ᠪᠡᠶᠡᠯᠡᠭᠦᠯᠪᠡ᠃
ᠰᠠᠭᠤᠷᠢ᠎ᠶ᠋ᠢ ᠪᠠᠲᠤᠳᠭᠠᠬᠤ᠎ᠠᠴᠠ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠦᠷ᠎ᠡ ᠪᠦᠲᠦᠮᠵᠢ ᠵᠢ ᠲᠡᠭᠡᠭᠰᠢᠯᠡᠭᠦᠯᠬᠦ ᠬᠦᠷᠲᠡᠯ᠎ᠡ᠂ ᠤᠯᠠᠭᠠᠨᠬᠠᠳᠠ ᠬᠤᠳᠠ ᠪᠣᠭᠤᠮᠲᠠ ᠱᠢᠪᠲᠤᠯᠤᠨ ᠱᠢᠨ᠎ᠡ᠎ᠪᠠᠷ ᠮᠠᠨᠳᠤᠬᠰᠠᠨ ᠬᠦᠷᠢᠶᠡᠨ ᠳ᠋ᠡᠬᠢ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠱᠢᠨ᠎ᠡ ᠳᠠᠪᠠᠯᠲᠠ᠎ᠶ᠋ᠢ ᠠᠬᠢᠭᠤᠯᠪᠠ᠃ ᠡᠨᠡ ᠬᠦ᠌ ᠬᠠᠲᠠᠭᠤ ᠳᠠᠢᠯᠠᠯᠳᠤᠭᠠᠨ ᠨᠢ ᠨᠠᠮ᠎ᠤᠨ ᠲᠤᠭ᠎ᠢ ᠥᠨᠳᠥᠷ ᠮᠠᠨᠳᠤᠭᠤᠯᠤᠭ᠍ᠰᠠᠨ᠎ᠢᠶᠠᠷ ᠪᠠᠷᠠᠬᠤ ᠦᠭᠡᠢ ᠪᠠᠰᠠ ᠤᠯᠠᠭᠠᠨᠬᠠᠳᠠ ᠬᠤᠳᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠳᠤ ᠥᠷᠨᠢᠭᠦᠨ ᠪᠠᠳᠠᠷᠠᠩᠭᠤᠢ 《ᠬᠤᠪᠢᠰᠭᠠᠯ᠎ᠤᠨ ᠬᠥᠳᠡᠯᠭᠡᠬᠦ᠌ ᠬᠦᠴᠦᠨ》 ᠨᠡᠮᠡᠷᠢᠯᠡᠭᠰᠡᠨ ᠪᠠᠢᠨ᠎ᠠ᠃