ᠴᠤᠤᠯ ᠭᠣᠣᠯ᠎ᠡᠴᠡ ᠪᠠᠷᠠᠭᠤᠨ ᠯᠢᠶᠣᠤᠾᠧ ᠭᠣᠣᠯ ᠬᠦᠷᠲᠡᠯᠡᠬᠢ ᠬᠠᠳᠠᠨ ᠪᠠᠳᠤ ᠠᠮᠠᠯᠠᠯᠲᠠ
2025-08-04 09:59:36
ᠵᠣᠬᠢᠶᠠᠭ᠍ᠴᠢ᠄
​ᠾᠦᠸᠸ ᠱᠢᠶᠤᠤ ᠴᠢᠩ ᠭᠣᠣ ᠮᠢᠨ ᠨᠠ
ᠣᠩᠱᠢᠭ᠍ᠰᠠᠨ ᠣᠳᠠᠭ᠎ᠠ᠄
★★★☆☆

— ᠴᠤᠤᠯ ᠭᠣᠣᠯ᠎ᠤᠨ ᠤᠰᠤ᠎ᠶ᠋ᠢ ᠯᠢᠶᠣᠤᠾᠧ ᠭᠣᠣᠯ᠎ᠳᠤ ᠲᠠᠲᠠᠬᠤ ᠢᠨᠵᠧᠨᠧᠷᠢᠩ᠎ᠦᠨ ᠪᠦᠬᠦ᠌ ᠱᠤᠭᠤᠮ᠎ᠵᠢᠡᠷ ᠤᠰᠤ ᠲᠤᠷᠱᠢᠨ ᠨᠡᠪᠲᠡᠷᠡᠭᠦᠯᠦᠭ᠌ᠰᠡᠨ ᠣᠨᠴᠠ ᠮᠡᠳᠡᠭᠡᠯᠡᠯ


2025 ᠣᠨ᠎ᠤ 6 ᠰᠠᠷ᠎ᠠ᠎ᠶ᠋ᠢᠨ 30 ᠎ᠤ᠋ ᠡᠳᠦᠷ ᠪᠣᠯᠲᠠᠯ᠎ᠠ᠂ ᠥᠪᠥᠷ ᠮᠣᠩᠭᠣᠯ᠎ᠤᠨ ᠪᠠᠯᠠ ᠣᠷᠣᠭᠤᠯᠤᠯᠲᠠ᠎ᠪᠠᠷ ᠬᠠᠮᠤᠭ᠎ᠤᠨ ᠶᠡᠬᠡ ᠤᠰᠤᠨ ᠠᠱᠢᠭ᠍ᠯᠠᠯᠲᠠ᠎ᠶ᠋ᠢᠨ ᠢᠨᠵᠧᠨᠧᠷᠢᠩ ᠪᠣᠯᠬᠤ ᠴᠤᠤᠯ ᠭᠤᠤᠯ᠎ᠤᠨ ᠤᠰᠤ᠎ᠶ᠋ᠢ ᠯᠢᠶᠣᠤᠾᠧ ᠭᠤᠤᠯ᠎ᠳᠤ ᠲᠠᠲᠠᠬᠤ ᠢᠨᠵᠧᠨᠧᠷᠢᠩ ᠪᠥᠬᠥ᠌ ᠱᠤᠭᠤᠮ᠎ᠢᠶᠠᠷ ᠤᠰᠤ ᠲᠤᠷᠱᠢᠨ ᠨᠡᠪᠲᠡᠷᠡᠭᠦᠯᠪᠡ᠃ ᠡᠢᠨ ᠬᠦ᠌ ᠴᠤᠤᠯ ᠭᠣᠣᠯ ᠪᠣᠯᠤᠨ ᠪᠠᠷᠠᠭᠤᠨ ᠯᠢᠶᠣᠤᠾᠧ ᠭᠣᠣᠯ ᠤ᠋ᠨ ᠬᠠᠭᠠᠰ ᠵᠠᠭᠤᠨ ᠰᠤᠨᠳᠠᠯᠠᠭ᠍ᠰᠠᠨ ᠤᠰᠤ ᠨᠡᠪᠳᠡᠷᠡᠬᠦ ᠠᠶᠠᠨ᠎ᠢ᠋ ᠪᠡᠶᠡᠯᠡᠭᠦᠯᠪᠡ᠃

ᠡᠨᠡ ᠬᠦ᠌ ᠡᠷᠢᠨ ᠵᠠᠭᠤᠨ᠎ᠤ ᠪᠣᠯᠵᠣᠭ᠎ᠠ ᠨᠢ ᠨᠢᠭᠡᠨ 《ᠠᠯᠤᠰ᠎ᠤᠨ ᠤᠰᠤ》 ᠪᠡᠷ 《ᠠᠮᠠᠨ ᠤ᠋ ᠴᠠᠩᠭᠠᠭ᠎ᠠ》 ᠶ᠋ᠢ ᠲᠠᠢᠯᠬᠤ ᠬᠠᠳᠠᠨ ᠪᠠᠳᠤ ᠠᠮᠠᠯᠠᠯᠲᠠ᠎ᠳᠤ ᠬᠣᠯᠪᠣᠭ᠍ᠳᠠᠵᠤ ᠪᠠᠢᠨ᠎ᠠ᠃

ᠪᠠᠷᠠᠭᠤᠨ ᠯᠢᠶᠣᠤᠾᠧ ᠭᠣᠣᠯ ᠨᠢ ᠦᠨᠢ ᠤᠳᠠᠭᠠᠨ ᠲᠡᠤᠬᠡ ᠲᠠᠢ ᠪᠠᠢᠵᠤ᠂ 20 ᠳ᠋ᠤᠭᠠᠷ ᠵᠠᠭᠤᠨ᠎ᠤ ᠶᠡᠷᠡᠭᠡᠳ ᠣᠨ ᠪᠣᠯᠬᠤ᠎ᠳᠤ ᠤᠰᠤ ᠳᠤᠲᠠᠭ᠍ᠳᠠᠬᠰᠠᠨ ᠬᠦᠴᠢᠷᠳᠡᠯ᠎ᠳᠦ ᠲᠤᠯᠭᠠᠷᠠᠵᠤ᠂ ᠪᠦᠬᠦ᠌ ᠤᠯᠤᠰ᠎ᠤᠨ ᠳᠤᠯᠤᠭᠠᠨ ᠶᠡᠬᠡ ᠭᠣᠣᠯ ᠮᠥᠷᠡᠨ ᠳᠤᠳᠤᠷ᠎ᠠ ᠴᠤᠷ᠎ᠤᠨ ᠭᠠᠭ᠍ᠴᠠ ᠤᠷᠤᠰᠭᠠᠯ ᠲᠠᠰᠤᠷᠠᠬᠰᠠᠨ ᠶᠡᠬᠡ ᠭᠣᠣᠯ ᠮᠥᠷᠡᠨ᠎ᠦ ᠭᠣᠣᠯ ᠤᠷᠤᠰᠭᠠᠯ ᠪᠣᠯᠤᠭ᠍ᠰᠠᠨ ᠪᠠᠢᠨ᠎ᠠ᠃ ᠰᠠᠪᠠ ᠭᠠᠵᠠᠷ᠎ᠤᠨ ᠭᠤᠤᠯ ᠣᠷᠣᠨ᠎ᠳᠤ ᠪᠠᠢᠭ᠎ᠠ ᠲᠦᠩᠯᠢᠶᠣᠤ ᠬᠣᠲᠠ ᠤᠰᠤ ᠲᠤᠳᠠᠬᠤ ᠪᠠᠢᠳᠠᠯ ᠳ᠋ᠤ ᠲᠤᠯᠭᠠᠷᠠᠪᠠ᠃ ᠴᠤᠤᠯ ᠭᠣᠣᠯ ᠨᠢ ᠨᠤᠨ ᠮᠥᠷᠡᠨ᠎ᠦ ᠨᠢᠭᠡᠳᠦᠭᠡᠷ ᠳᠡᠰ᠎ᠤᠨ ᠰᠠᠯᠪᠤᠷᠢ ᠤᠷᠤᠰᠭᠠᠯ᠂ ᠮᠦᠨ ᠴᠤ᠌ ᠬᠢᠩᠭᠠᠨ ᠠᠢᠮᠠᠭ᠎ᠤᠨ ᠮᠠᠰᠢ ᠣᠯᠠᠨ ᠭᠣᠣᠯ ᠮᠥᠷᠡᠨ᠎ᠦ ᠳᠣᠲᠣᠷᠠᠬᠢ ᠬᠠᠮᠤᠭ᠎ᠤᠨ ᠶᠡᠬᠡ ᠨᠢᠭᠡ ᠵᠤᠷᠪᠤᠰ ᠪᠠᠢᠵᠤ᠂ ᠤᠰᠤᠨ᠎ᠤ ᠡᠬᠢ ᠪᠠᠶᠠᠯᠢᠭ᠎ᠢᠶᠠᠷ ᠡᠯᠪᠡᠭ ᠪᠠᠢᠳᠠᠭ᠃

ᠴᠤᠤᠯ ᠭᠣᠣᠯ᠎ᠤᠨ ᠤᠰᠤ᠎ᠪᠠᠷ ᠪᠠᠷᠠᠭᠤᠨ ᠯᠢᠶᠣᠤᠾᠧ ᠭᠣᠣᠯ᠎ᠤᠨ《ᠴᠠᠩᠭᠠᠭ᠎ᠠ》 ᠶ᠋ᠢ ᠲᠠᠢᠯᠬᠤ ᠪᠣᠯ ᠤᠯᠤᠰ᠎ᠤᠨ ᠶᠡᠬᠡ ᠪᠠᠢᠯᠳᠤᠬᠤ ᠪᠤᠳᠤᠯᠭ᠎ᠠ ᠮᠥᠨ᠂ ᠪᠠᠰᠠ ᠴᠤ᠌ ᠥᠪᠥᠷ ᠮᠣᠩᠭᠣᠯ᠎ᠤᠨ ᠠᠷᠠᠳ᠎ᠤᠨ ᠠᠮᠢᠳᠤᠷᠠᠯ᠎ᠤᠨ ᠴᠢᠬᠤᠯᠠ ᠶᠠᠪᠤᠳᠠᠯ ᠮᠥᠨ᠃ ᠰᠡᠳᠭᠢᠮᠵᠢ ᠪᠤᠳᠤᠯᠬᠢᠯᠠᠯ᠎ᠡᠴᠡ ᠠᠯᠤᠰ᠎ᠤᠨ ᠲᠥᠰᠦᠪ ᠬᠦᠷᠲᠡᠯ᠎ᠡ᠂ ᠪᠠᠷᠢᠯᠭ᠎ᠠ ᠡᠬᠢᠯᠡᠭᠦᠯᠵᠦ᠍ ᠪᠦᠲᠦᠭᠡᠨ ᠪᠠᠢᠭᠤᠯᠤᠭᠰᠠᠨ᠎ᠡᠴᠡ ᠤᠰᠤ ᠨᠡᠪᠲᠡᠷᠡᠭᠦᠯᠬᠦ᠌ ᠲᠤᠷᠱᠢᠯᠲᠠ ᠠᠮᠵᠢᠯᠲᠠ ᠣᠯᠤᠭ᠍ᠰᠠᠨ ᠬᠦᠷᠲᠡᠯ᠎ᠡ᠂ ᠬᠠᠳᠠᠨ ᠪᠠᠳᠤ ᠠᠮᠠᠯᠠᠯᠳᠠ ᠡᠴᠦᠰ᠎ᠲᠡᠬᠡᠨ ᠪᠡᠶᠡᠯᠡᠭ᠌ᠳᠡᠪᠡ᠃

ᠠᠮᠢ ᠠᠬᠤᠶ᠎ᠶ᠋ᠢᠨ 《ᠴᠠᠩᠭᠠᠭ᠎ᠠ》 ᠶ᠋ᠢ ᠲᠠᠢᠯᠪᠠ

ᠤᠢ᠍ᠢᠷ᠎ᠠ᠎ᠶ᠋ᠢᠨ ᠡᠳᠦᠷ᠎ᠦᠳ᠎ᠲᠦ ᠴᠤᠤᠯ ᠭᠣᠣᠯ᠎ᠡᠴᠡ ᠢᠷᠡᠭ᠌ᠰᠡᠨ ᠲᠤᠩᠭᠠᠯᠠᠭ ᠤᠷᠤᠰᠭᠠᠯ ᠲᠠᠰᠤᠷᠠᠯᠳᠠ ᠦᠭᠡᠢ ᠮᠤᠷᠤᠢ ᠵᠢᠨ ᠰᠦᠮ᠎ᠡ᠎ᠶ᠋ᠢᠨ ᠤᠰᠤᠨ ᠴᠥᠭᠥᠷᠥᠮ᠎ᠳᠦ ᠣᠷᠣᠵᠤ᠂ ᠬᠠᠳᠠᠵᠤ ᠱᠢᠷᠭᠢᠭ᠌ᠰᠡᠨ ᠴᠥᠭᠥᠷᠥᠮ ᠢ᠋ ᠠᠭᠠᠵᠢᠮ᠎ᠢᠶᠠᠷ ᠲᠦᠭᠦᠷᠭᠡᠵᠦ᠍᠂ ᠨᠣᠮᠢᠨ ᠳᠣᠯᠭᠢᠶᠠᠨ ᠬᠠᠶᠠᠯᠠᠭ᠍ᠰᠠᠨ ᠰᠦᠷᠯᠢᠭ ᠰᠠᠢᠬᠠᠨ ᠦᠵᠡᠮᠵᠢ ᠲᠠᠬᠢᠨ ᠢᠯᠡᠷᠡᠵᠦ᠍᠂ 20 ᠭᠠᠷᠤᠢ ᠵᠢᠯ ᠬᠠᠳᠠᠵᠤ ᠱᠢᠷᠭᠢᠭ᠌ᠰᠡᠨ ᠮᠤᠷᠤᠢ ᠵᠢᠨ ᠰᠦᠮ᠎ᠡ᠎ᠶ᠋ᠢᠨ ᠤᠰᠤᠨ ᠴᠥᠭᠥᠷᠥᠮ ᠠᠭᠠᠵᠢᠮ᠎ᠢᠶᠠᠷ ᠤᠤᠯ᠎ᠤᠨ ᠪᠠᠢᠳᠠᠯ᠎ᠢᠶᠠᠨ ᠰᠡᠷᠭᠦᠭᠡᠪᠡ᠃

ᠤᠰᠤ ᠦᠵᠡᠬᠦ᠌᠎ᠪᠡᠷ ᠢᠷᠡᠭ᠌ᠰᠡᠨ ᠬᠥᠮᠦᠰ᠎ᠦᠨ ᠳᠤᠮᠳᠠ ᠡᠳᠦᠷ ᠪᠦᠷᠢ ᠤᠰᠤᠨ᠎ᠤ ᠪᠠᠢᠳᠠᠯ᠎ᠢ ᠱᠢᠭᠤᠳ ᠨᠡᠪᠲᠡᠷᠡᠭᠦᠯᠵᠦ᠍ ᠪᠠᠢᠭ᠎ᠠ ᠵᠣᠣ ᠱᠢᠶᠤᠤ ᠵᠢᠦᠸᠠᠨ ᠬᠥᠮᠦᠰ᠎ᠦᠨ ᠠᠩᠬᠠᠷᠤᠯ᠎ᠢ ᠣᠨᠴᠠ ᠲᠠᠲᠠᠵᠠᠢ᠃ ᠵᠤᠤ ᠱᠢᠶᠤᠤ ᠵᠢᠤᠸᠠᠨ ᠪᠣᠯ ᠮᠤᠷᠤᠢ ᠵᠢᠨ ᠰᠦᠮ᠎ᠡ᠎ᠶ᠋ᠢᠨ ᠬᠥᠮᠦᠨ᠂ ᠤᠰᠤᠨ ᠴᠥᠭᠥᠷᠥᠮ᠎ᠦᠨ ᠣᠢᠷᠠᠯᠴᠠᠭ᠎ᠠ ᠨᠢᠭᠡᠨ ᠬᠠᠯᠠᠭᠤᠨ ᠲᠣᠭᠣᠭᠠᠨ᠎ᠤ ᠳᠡᠯᠭᠡᠭᠦᠷ ᠡᠵᠡᠩᠨᠡᠵᠦ᠍ ᠪᠤᠢ᠃ 6 ᠰᠠᠷ᠎ᠠ᠎ᠶ᠋ᠢᠨ 30 ᠎ᠤ᠋ ᠡᠳᠦᠷ ᠤᠰᠤ ᠢᠷᠡᠭ᠌ᠰᠡᠨ᠎ᠡᠴᠡ 7 ᠰᠠᠷ᠎ᠠ᠎ᠶ᠋ᠢᠨ 4  ᠤ᠋ ᠡᠳᠦᠷ ᠪᠣᠯᠲᠠᠯ᠎ᠠ ᠣᠬᠣᠷᠬᠠᠨ ᠬᠡᠳᠦᠨ ᠡᠳᠦᠷ᠎ᠲᠦ 5000 ᠭᠠᠷᠤᠶ ᠰᠦᠯᠵᠢᠶᠡᠨ ᠢᠷᠭᠡᠳ ᠲᠠᠢ ᠪᠤᠯᠵᠠᠢ᠃ ᠰᠦᠯᠵᠢᠶᠡᠨ ᠢᠷᠭᠡᠳ ᠤ᠋ᠨ ᠳᠣᠲᠣᠷ᠎ᠠ ᠣᠷᠣᠨ᠎ᠤ ᠳᠣᠲᠣᠨ᠎ᠠ ᠭᠠᠳᠠᠨᠠᠬᠢ ᠵᠢᠭᠤᠯᠴᠢᠯᠠᠭ᠍ᠰᠠᠳ ᠪᠠᠢᠬᠤ᠎ᠪᠠᠷ ᠪᠠᠷᠠᠬᠤ ᠥᠬᠡᠶ  ᠪᠠᠰᠠ ᠤᠰᠤᠨ ᠴᠥᠭᠥᠷᠥᠮ ᠤᠰᠤ ᠡᠯᠪᠡᠭ᠎ᠪᠠᠢᠭᠰᠠᠨ ᠡᠴᠡ ᠤᠰᠤ ᠦᠭᠡᠢ ᠪᠤᠯᠤᠭᠰᠠᠨ ᠬᠦᠷᠲᠡᠯᠡᠬᠢ᠎ᠶ᠋ᠢ ᠪᠡᠶ᠎ᠡ᠎ᠪᠡᠷ᠎ᠢᠶᠡᠨ ᠥᠩᠭᠡᠷᠡᠭᠦᠯᠦᠭ᠌ᠰᠡᠨ ᠬᠥᠮᠦᠰ ᠪᠣᠶ᠂ ᠪᠠᠰᠠ ᠣᠯᠠᠩᠬᠢ᠎ᠨᠢ ᠮᠣᠷᠤᠢ ᠵᠢᠨ ᠰᠦᠮ᠎ᠡ᠎ᠶ᠋ᠢᠨ ᠤᠰᠤᠨ ᠴᠥᠭᠥᠷᠥᠮ᠎ᠦᠨ ᠬᠥᠪᠡᠭᠡᠨ ᠳ᠋ᠦ ᠥᠰᠴᠦ᠍ ᠪᠣᠢᠵᠢᠭ᠍ᠰᠠᠨ ᠪᠣᠯᠪᠠᠴᠤ᠌ ᠤᠰᠤ ᠣᠯᠵᠤ ᠦᠵᠡᠭ᠌ᠰᠡᠨ ᠥᠬᠡᠶ ᠵᠠᠯᠠᠭᠤᠴᠤᠳ ᠪᠣᠶ᠃  ᠲᠦᠩᠯᠢᠶᠣᠤ ᠬᠣᠲᠠ ᠪᠣᠯ ᠭᠠᠩ ᠬᠠᠭᠤᠷᠠᠶ ᠬᠠᠭᠠᠰ ᠭᠠᠩ ᠬᠠᠭᠤᠷᠠᠶ ᠠᠭᠤᠷ ᠠᠮᠢᠰᠭᠤᠯ᠎ᠤᠨ ᠣᠷᠣᠨ᠎ᠳᠤ ᠣᠷᠣᠱᠢᠵᠤ᠂ ᠵᠢᠯ᠎ᠦᠨ ᠲᠤᠨᠳᠠᠰᠤᠨ᠎ᠤ ᠬᠡᠮᠵᠢᠶ᠎ᠡ ᠨᠢ 400 ᠮᠢᠯᠢᠮᠧᠲ᠋ᠷ᠎ᠲᠦ ᠬᠦᠷᠬᠦ᠌ ᠦᠭᠡᠶ ᠪᠠᠢᠵᠤ᠂ ᠬᠥᠮᠦᠨ  ᠳᠤᠮᠳᠠᠴᠢ ᠵᠢᠨ ᠤᠰᠤᠨ᠎ᠤ ᠡᠬᠢ ᠪᠠᠶᠠᠯᠢᠭ᠎ᠤᠨ ᠡᠵᠡᠯᠡᠬᠦ᠌ ᠬᠡᠮᠵᠢᠶ᠎ᠡ ᠨᠢ ᠵᠥᠪᠬᠡᠨ ᠪᠦᠬᠦ᠌ ᠤᠯᠤᠰ᠎ᠤᠨ ᠳᠤᠮᠳᠠᠴᠢ ᠬᠢᠷᠢ ᠬᠡᠮᠵᠢᠶ᠎ᠡ᠎ᠶ᠋ᠢᠨ 56 % ᠪᠣᠯᠤᠨ᠎ᠠ᠃ ᠭᠣᠣᠯ ᠤᠰᠤᠨ ᠰᠤᠷᠪᠤᠯᠵᠢ ᠪᠣᠯᠬᠤ ᠪᠠᠷᠠᠭᠤᠨ ᠯᠢᠶᠣᠤᠾᠧ ᠭᠣᠣᠯ 1998 ᠣᠨ᠎ᠡᠴᠡ ᠡᠬᠢᠯᠡᠨ ᠤᠷᠤᠰᠭᠠᠯ ᠲᠠᠰᠤᠷᠠᠵᠤ᠂ ᠤᠰᠤ ᠳᠤᠲᠠᠭ᠍ᠳᠠᠬᠤ ᠬᠦᠴᠢᠷᠳᠡᠯ᠎ᠢ ᠨᠡᠮᠡᠭ᠌ᠳᠡᠭᠦᠯᠪᠡ᠃ ᠭᠠᠵᠠᠷ ᠳᠡᠭᠡᠷᠡᠬᠢ ᠤᠰᠤᠨ᠎ᠤ ᠡᠬᠢ ᠪᠠᠶᠠᠯᠢᠭ ᠳᠤᠲᠠᠮᠠᠭ᠎ᠡᠴᠡ ᠪᠣᠯᠵᠤ᠂ ᠡᠯ᠎ᠡ ᠠᠵᠢᠯ ᠲᠥᠷᠥᠯ᠎ᠦᠨ ᠬᠢᠨ ᠭᠠᠵᠠᠷ ᠳᠣᠣᠷᠠᠬᠢ ᠤᠰᠤᠨ᠎ᠤ ᠡᠬᠢ ᠪᠠᠶᠠᠯᠢᠭ᠎ᠲᠤ ᠬᠦᠨᠳᠦ ᠨᠣᠴᠢᠲᠠᠶ ᠲᠦᠱᠢᠭ᠌ᠯᠡᠵᠦ᠍᠂ ᠭᠠᠵᠠᠷ ᠳᠣᠣᠷᠠᠬᠢ ᠤᠰᠤ᠎ᠶ᠋ᠢ ᠬᠡᠲᠦᠷᠡᠲᠡᠯ᠎ᠡ ᠠᠪᠤᠭᠠᠳ᠂ ᠶᠡᠬᠡ ᠲᠠᠯᠠᠪᠠᠶ᠎ᠪᠠᠷ ᠭᠠᠵᠠᠷ ᠳᠣᠣᠷᠠᠬᠢ ᠤᠰᠤᠨ ᠤ᠋ ᠭᠤᠭᠤᠵᠢᠭᠤᠷ ᠣᠷᠣᠨ᠎ᠢ ᠪᠤᠶ ᠪᠣᠯᠭᠠᠭ᠍ᠰᠠᠨ ᠪᠠᠢᠨ᠎ᠠ᠃

ᠤᠤᠯ ᠡᠴᠡ ᠪᠠᠨ ᠬᠦᠷᠦᠯᠴᠡᠬᠦ᠌ ᠥᠬᠡᠶ ᠪᠠᠢᠭᠰᠠᠨ᠎ᠤ ᠲᠡᠭᠡᠷ᠎ᠠ ᠬᠤᠵᠢᠮ ᠨᠢ ᠬᠡᠲᠦ ᠵᠠᠷᠤᠴᠠᠭᠤᠯᠤᠭᠰᠠᠨ ᠡᠴᠡ ᠲᠦᠩᠯᠢᠶᠣᠤ ᠬᠣᠲᠠ ᠲᠤᠭᠳᠠᠭᠤᠨ ᠤᠰᠤᠨ᠎ᠤ ᠡᠬᠢ ᠰᠤᠷᠪᠤᠯᠵᠢ᠎ᠶ᠋ᠢᠨ ᠪᠠᠴᠢᠮ ᠬᠡᠷᠡᠭ᠌ᠴᠡᠭᠡ᠎ᠲᠡᠶ ᠪᠠᠢᠪᠠ᠃ 2018 ᠣᠨ ᠳ᠋ᠤ ᠬᠠᠭᠠᠰ ᠢᠯᠡᠭᠦᠦ ᠵᠠᠭᠤᠨ ᠵᠢᠡᠷ ᠪᠡᠯᠡᠳᠭᠡᠭ᠌ᠰᠡᠨ ᠴᠤᠤᠯ ᠭᠣᠣᠯ᠎ᠤᠨ ᠤᠰᠤ᠎ᠶ᠋ᠢ ᠯᠢᠶᠣᠤᠾᠧ ᠭᠣᠣᠯ᠎ᠳᠤ ᠲᠠᠲᠠᠬᠤ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶ᠋ᠢ ᠡᠬᠢᠯᠡᠭᠦᠯᠵᠦ᠍᠂ ᠰᠠᠪᠠ ᠭᠠᠵᠠᠷ ᠠᠯᠤᠰᠯᠠᠨ ᠤᠰᠤ ᠲᠠᠲᠠᠬᠤ ᠬᠦᠰᠡᠯ ᠵᠡᠭᠦᠳᠦ ᠪᠣᠳᠠᠲᠤ ᠠᠬᠤᠢ ᠪᠣᠯᠪᠠ᠃

ᠤᠰᠤ ᠪᠠᠷᠠᠯᠠᠵᠤ ᠤᠰᠤ ᠬᠦᠯᠢᠶᠡᠭ᠌ᠰᠡᠨ ᠡᠳᠡᠭᠡᠷ ᠵᠢᠯ᠎ᠦᠳ᠎ᠲᠦ ᠲᠦᠩᠯᠢᠶᠣᠤ ᠬᠤᠳᠠ ᠪᠡᠷᠬᠡ ᠬᠠᠲᠠᠭᠤᠵᠢᠯᠲᠠᠢ᠎ᠪᠠᠷ ᠪᠦᠰᠡᠯᠡᠯᠲᠡ᠎ᠶ᠋ᠢ ᠱᠢᠪᠲᠤᠯᠵᠤ᠂ ᠬᠢᠳᠤᠭᠠᠨ ᠢᠷ᠎ᠢᠶᠡᠨ ᠳᠣᠲᠣᠭ᠍ᠰᠢ ᠬᠠᠨᠳᠤᠭᠤᠯᠤᠨ ᠤᠰᠤ ᠠᠷᠪᠢᠯᠠᠬᠤ ᠬᠤᠪᠢᠰᠭᠠᠯ᠎ᠢ ᠥᠷᠨᠢᠭᠦᠯᠵᠠᠢ — ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠬᠠᠮᠤᠭ᠎ᠤᠨ ᠴᠢᠩᠭ᠎ᠠ ᠳᠦᠷᠢᠮ᠎ᠢ ᠬᠡᠷᠡᠭ᠌ᠵᠢᠭᠦᠯᠵᠦ᠍᠂ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠲᠠᠬᠢ ᠤᠰᠤᠨ᠎ᠤ ᠬᠡᠮᠵᠢᠶ᠎ᠡ ᠨᠢ ᠬᠠᠮᠢᠶᠠᠷᠤᠨ ᠡᠵᠡᠮᠳᠡᠬᠦ᠌ ᠭᠦᠢᠴᠡᠳᠭᠡᠬᠦ᠌ ᠲᠣᠭ᠎ᠠ᠎ᠡᠴᠡ ᠳᠠᠪᠠᠭ᠍ᠰᠠᠨ 7 ᠬᠣᠱᠢᠭᠤ ᠱᠢᠶᠠᠨ ᠲᠣᠭᠣᠷᠢᠭ᠎ᠲᠤ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠠᠮᠢᠳᠤᠷᠠᠯ ᠪᠤᠶᠤ ᠢᠯᠴᠢ ᠬᠠᠩᠭᠠᠬᠤ ᠬᠣᠭᠣᠯᠠᠶ ᠲᠣᠣᠷ᠎ᠢᠶᠠᠷ ᠤᠰᠤ ᠨᠥᠬᠥᠪᠥᠷᠢᠯᠡᠬᠦ᠌ ᠵᠡᠷᠭᠡ ᠣᠨᠴᠠᠭᠠᠢ ᠪᠠᠢᠳᠠᠯ᠎ᠢ ᠭᠠᠷᠭᠠᠪᠠᠯ ᠭᠠᠵᠠᠷ ᠳᠣᠣᠷᠠᠬᠢ ᠤᠰᠤ᠎ᠶ᠋ᠢ ᠱᠢᠨ᠎ᠡ᠎ᠪᠡᠷ ᠲᠠᠲᠠᠵᠤ ᠬᠡᠷᠡᠭ᠌ᠯᠡᠬᠦ᠌᠎ᠶ᠋ᠢ ᠬᠢᠨᠠᠨ ᠵᠥᠪᠱᠢᠶᠡᠷᠡᠬᠦ᠌᠎ᠶ᠋ᠢ ᠴᠥᠮ ᠲᠦᠷ ᠵᠣᠭ᠍ᠰᠣᠭᠠᠪᠠ᠃

ᠪᠦᠬᠦ᠌ ᠬᠣᠲᠠ᠎ᠶ᠋ᠢᠨ ᠤᠰᠤ ᠬᠡᠷᠡᠭ᠌ᠯᠡᠬᠦ᠌ ᠶᠡᠷᠦᠩᠬᠡᠢ ᠬᠡᠮᠵᠢᠶ᠎ᠡ᠎ᠶ᠋ᠢᠨ 90 % ᠡᠴᠡ ᠳᠡᠭᠡᠭ᠌ᠰᠢᠬᠢ᠎ᠶ᠋ᠢ ᠡᠵᠡᠯᠡᠬᠦ᠌ ᠲᠠᠷᠢᠶᠠᠯᠠᠩ᠎ᠡᠴᠡ ᠭᠠᠷᠳᠠᠵᠤ᠂ ᠭᠦᠢᠬᠡᠨ ᠪᠤᠯᠠᠵᠤ ᠳᠤᠰᠤᠯᠠᠭᠠᠨ ᠤᠰᠤᠯᠠᠬᠤ ᠥᠨᠳᠥᠷ ᠪᠦᠲᠦᠮᠵᠢᠲᠡᠢ ᠤᠰᠤ ᠠᠷᠪᠢᠯᠠᠬᠤ᠎ᠪᠠᠷ ᠭᠣᠣᠯ ᠪᠣᠯᠭᠠᠭ᠍ᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢᠨ ᠵᠠᠭ᠍ᠪᠤᠷ ᠢ᠋ ᠱᠢᠨᠡᠴᠢᠯᠡᠨ ᠳᠡᠯᠭᠡᠷᠡᠭᠦᠯᠵᠦ᠍᠂《ᠶᠡᠬᠡ ᠤᠰᠤ᠎ᠪᠠᠷ ᠨᠡᠯᠦᠢᠲᠡᠯ᠎ᠡ ᠤᠰᠤᠯᠠᠬᠤ》ᠪᠠᠨ ᠪᠠᠢᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠨᠡᠢᠲᠡ 1200 ᠭᠠᠷᠤᠶ ᠲᠦᠮᠡᠨ ᠮᠥ᠍ ᠪᠥᠲᠥᠭᠡᠨ ᠪᠠᠢᠭᠤᠯᠵᠤ᠂ ᠡᠭᠦᠨ᠎ᠳᠦ ᠥᠨᠳᠥᠷ ᠪᠦᠲᠦᠮᠵᠢᠲᠡᠶ ᠤᠰᠤ ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 661 ᠲᠦᠮᠡᠨ ᠮᠥ᠍ ᠪᠥᠲᠥᠭᠡᠨ ᠪᠠᠢᠭᠤᠯᠵᠤ᠂ ᠵᠢᠯ ᠪᠦᠷᠢ 6 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠲᠠᠷᠢᠶᠠᠯᠠᠩ᠎ᠤᠨ ᠤᠰᠤᠯᠠᠯᠲᠠ᠎ᠳᠤ ᠬᠡᠷᠡᠭ᠌ᠯᠡᠬᠦ᠌ ᠤᠰᠤ᠎ᠶ᠋ᠢ ᠠᠷᠪᠢᠯᠠᠬᠤ ᠪᠣᠯᠤᠨ᠎ᠠ᠃

ᠠᠵᠤ ᠦᠶ᠋ᠯᠡᠳᠪᠦᠷᠢ᠎ᠶ᠋ᠢᠨ ᠤᠰᠤ ᠠᠷᠪᠢᠯᠠᠬᠤ ᠮᠡᠷᠭᠡᠵᠢᠯ᠎ᠦᠨ ᠬᠡᠷᠡᠭ᠌ᠯᠡᠯᠲᠡ ᠪᠠ ᠥᠭᠡᠷᠡᠴᠢᠯᠡᠯᠲᠡ᠎ᠶ᠋ᠢ ᠲᠦᠷᠭᠡᠳᠭᠡᠵᠦ᠍᠂ ᠪᠦᠬᠦ᠌ ᠬᠣᠲᠠ᠎ᠶ᠋ᠢᠨ ᠤᠰᠤ ᠠᠷᠪᠢᠯᠠᠬᠤ ᠮᠡᠷᠭᠡᠵᠢᠯ᠎ᠦᠨ ᠥᠭᠡᠷᠡᠴᠢᠯᠡᠯᠲᠡ᠎ᠶ᠋ᠢᠨ 51 ᠲᠥᠷᠦᠯ ᠵᠦᠢᠯ᠎ᠢ ᠬᠡᠷᠡᠭ᠌ᠵᠢᠭᠦᠯᠵᠦ᠍᠂ ᠤᠰᠤ ᠠᠷᠪᠢᠯᠠᠬᠤ ᠬᠡᠮᠵᠢᠶ᠎ᠡ᠎ᠨᠢ 510.4 ᠲᠦᠮᠡᠨ ᠲᠣᠨ᠎ᠳᠤ ᠬᠦᠷᠪᠡ᠃ ᠲᠠᠬᠢᠯᠳᠠ ᠤᠰᠤᠨ᠎ᠤ ᠲᠥᠬᠥᠭᠡᠷᠦᠮᠵᠢ᠎ᠶ᠋ᠢ ᠲᠡᠭᠦᠯᠳᠡᠷᠵᠢᠭᠦᠯᠵᠦ᠍᠂ 《ᠬᠠᠶᠠᠭ᠍ᠳᠠᠮᠠᠯ ᠤᠰᠤ》 ᠵᠢ ᠲᠤᠢᠯᠪᠤᠷᠢᠲᠠᠢ ᠥᠭᠡᠷᠡᠴᠢᠯᠡᠵᠦ᠍᠂ ᠬᠤᠳᠠ᠎ᠶ᠋ᠢᠨ ᠨᠣᠭᠣᠭᠠᠷᠠᠭᠤᠯᠤᠯᠲᠠ ᠵᠡᠷᠭᠡ ᠬᠦᠷᠢᠶᠡᠨ᠎ᠳᠦ ᠥᠷᠭᠡᠨ᠎ᠢᠶᠡᠷ ᠬᠡᠷᠡᠭ᠌ᠯᠡᠪᠡ᠃

ᠤᠰᠤ ᠠᠷᠪᠢᠯᠠᠬᠤ ᠪᠡᠷ ᠪᠠᠷᠠᠬᠤ ᠦᠭᠡᠢ ᠪᠠᠰᠠ ᠡᠬᠢ ᠰᠤᠷᠪᠤᠯᠵᠢ᠎ᠶ᠋ᠢ ᠨᠡᠭᠡᠭᠡᠵᠦ᠍᠂ ᠭᠠᠵᠠᠷ ᠳᠣᠣᠷᠠᠬᠢ ᠤᠰᠤ᠎ᠶ᠋ᠢ ᠬᠡᠲᠦᠷᠡᠲᠡᠯ᠎ᠡ ᠠᠪᠬᠤ᠎ᠶ᠋ᠢ ᠬᠣᠷᠢᠭ᠍ᠯᠠᠪᠠ᠃

ᠡᠭᠦᠨ᠎ᠦ ᠬᠠᠮᠲᠤ ᠪᠠᠷᠠᠭᠤᠨ ᠯᠢᠶᠣᠤᠾᠧ ᠭᠣᠣᠯ᠎ᠢ ᠰᠡᠷᠭᠦᠭᠡᠬᠦ᠌ ᠠᠵᠢᠯᠯᠠᠭ᠎ᠠ ᠴᠤ᠌ ᠪᠦᠬᠦ᠌ ᠲᠠᠯ᠎ᠠ᠎ᠪᠠᠷ ᠡᠬᠢᠯᠡᠪᠡ᠃ 2020 ᠣᠨ᠎ᠠᠴᠠ ᠡᠬᠢᠯᠡᠨ ᠤᠰᠤᠨ ᠠᠱᠢᠭ᠍ᠯᠠᠯᠲᠠ᠎ᠶ᠋ᠢᠨ ᠶᠠᠮᠤᠨ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠲᠣᠬᠢᠷᠠᠭᠤᠯᠬᠤ ᠠᠵᠢᠯ᠎ᠢ ᠵᠠᠯᠭᠠᠭ᠎ᠠ᠎ᠪᠠᠷ ᠥᠷᠨᠢᠭᠦᠯᠵᠦ᠍᠂ ᠣᠯᠠᠨ ᠵᠦᠶ᠋ᠯ᠎ᠦᠨ ᠤᠰᠤᠨ᠎ᠤ ᠡᠬᠢ ᠰᠤᠷᠪᠤᠯᠵᠢ᠎ᠶ᠋ᠢ ᠨᠢᠭᠡᠳᠦᠯᠲᠡᠶ ᠲᠥᠯᠥᠪᠯᠡᠨ ᠪᠠᠷᠠᠭᠤᠨ ᠯᠢᠶᠣᠤᠾᠧ ᠭᠤᠤᠯ᠎ᠳᠤ ᠤᠰᠤ ᠨᠥᠬᠥᠪᠥᠷᠢᠯᠡᠵᠦ᠍᠂ 2025 ᠣᠨ᠎ᠤ 4 ᠰᠠᠷ᠎ᠠ᠎ᠶ᠋ᠢᠨ 10 ᠎ᠤ᠋ ᠡᠳᠦᠷ ᠪᠣᠯᠲᠠᠯ᠎ᠠ 403 ᠺᠢᠯᠣᠮᠧᠲ᠋ᠷ ᠣᠷᠳᠣ ᠪᠠᠷᠠᠭᠤᠨ ᠯᠢᠶᠣᠤᠾᠧ ᠭᠤᠤᠯ᠎ᠤᠨ ᠭᠤᠤᠯ ᠤᠷᠤᠰᠭᠠᠯ ᠪᠥᠬᠥ᠌ ᠱᠤᠭᠤᠮ᠎ᠢᠶᠠᠷ ᠤᠰᠤ ᠨᠡᠪᠳᠡᠷᠡᠪᠡ᠃ ᠭᠡᠪᠡᠴᠦ᠍ ᠡᠨᠡ ᠨᠢ ᠤᠰᠤ ᠳᠤᠲᠠᠭ᠍ᠳᠠᠬᠤ ᠠᠰᠠᠭᠤᠳᠠᠯ᠎ᠢ ᠦᠨᠳᠦᠰᠦᠨ᠎ᠡᠴᠡ ᠨᠢ ᠱᠢᠶ᠋ᠳᠪᠦᠷᠢᠯᠡᠵᠦ᠍ ᠴᠢᠳᠠᠭ᠍ᠰᠠᠨ ᠦᠭᠡᠶ᠃

2025 ᠣᠨ᠎ᠤ 6 ᠰᠠᠷ᠎ᠠ᠎ᠶ᠋ᠢᠨ 30᠎ᠤ᠋ ᠡᠳᠦᠷ᠂ ᠴᠤᠤᠯ ᠭᠣᠣᠯ᠎ᠤᠨ ᠤᠰᠤ᠎ᠶ᠋ᠢ ᠯᠢᠶᠣᠤᠾᠧ ᠭᠣᠣᠯ᠎ᠳᠤ ᠲᠠᠲᠠᠵᠤ ᠣᠷᠣᠭᠤᠯᠬᠤ ᠢᠨᠵᠧᠨᠧᠷᠢᠩ᠎ᠦᠨ ᠪᠦᠬᠦ᠌ ᠱᠤᠭᠤᠮ᠎ᠤᠨ ᠲᠤᠷᠱᠢᠯᠲᠠ ᠠᠮᠵᠢᠯᠲᠠ ᠤᠯᠬᠤ᠎ᠶ᠋ᠢ ᠳᠠᠭᠠᠯᠳᠤᠨ ᠴᠤᠤᠯ ᠭᠣᠣᠯ᠎ᠤᠨ ᠤᠰᠤ ᠳᠠᠪᠠᠯᠭᠠᠯᠠᠨ ᠤᠷᠤᠰᠴᠤ ᠢᠷᠡᠪᠡ᠃

《ᠴᠤᠤᠯ ᠭᠣᠣᠯ᠎ᠤᠨ ᠤᠰᠤ᠎ᠵᠢ ᠯᠢᠶᠣᠤᠾᠧ ᠭᠣᠣᠯ᠎ᠳᠤ ᠲᠠᠲᠠᠬᠤ ᠢᠨᠵᠧᠨᠧᠷᠢᠩ᠎ᠦᠨ ᠵᠢᠯ ᠳᠤᠮᠳᠠᠴᠢ ᠤᠰᠤ ᠬᠠᠩᠭᠠᠬᠤ ᠬᠡᠮᠵᠢᠶ᠎ᠡ 4.36 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠪᠠᠢᠵᠤ᠂ ᠡᠭᠦᠨ᠎ᠳᠦ ᠬᠢᠩᠭᠠᠨ ᠠᠢᠮᠠᠭ᠎ᠲᠤ 1.49 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠤᠰᠤ ᠬᠠᠩᠭᠠᠵᠤ᠂ ᠲᠦᠩᠯᠢᠶᠣᠤ ᠬᠣᠲᠠ᠎ᠳᠤ 2.87 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠤᠰᠤ ᠬᠠᠩᠭᠠᠬᠤ᠎ᠪᠠᠷ ᠲᠥᠯᠥᠪᠯᠡᠵᠦ᠍ ᠪᠤᠶ᠃ ᠦᠷᠭᠦᠯᠵᠢᠯᠡᠨ ᠲᠣᠭ᠍ᠲᠠᠭᠤᠨ᠎ᠢᠶᠠᠷ ᠢᠷᠡᠬᠦ᠌ ᠤᠰᠤ ᠨᠢ ᠭᠠᠵᠠᠷ ᠳᠤᠤᠷᠠᠬᠢ ᠤᠰᠤ᠎ᠶ᠋ᠢ ᠪᠦᠲᠦᠮᠵᠢᠲᠡᠶ ᠨᠥᠬᠥᠪᠥᠷᠢᠯᠡᠵᠦ᠍᠂ ᠪᠠᠷᠠᠭᠤᠨ ᠯᠢᠶᠣᠤᠾᠧ ᠭᠤᠤᠯ᠎ᠤᠨ ᠰᠠᠪᠠ ᠭᠠᠵᠠᠷ᠎ᠤᠨ ᠭᠠᠵᠠᠷ ᠳᠤᠤᠷᠠᠬᠢ ᠤᠰᠤ᠎ᠶ᠋ᠢ ᠬᠡᠲᠦᠷᠡᠲᠡᠯ᠎ᠡ ᠲᠠᠲᠠᠬᠤ ᠪᠠᠢᠳᠠᠯ᠎ᠢ ᠦᠨᠳᠦᠰᠦᠨ᠎ᠡᠴᠡ ᠨᠢ ᠬᠤᠪᠢᠷᠠᠭᠤᠯᠬᠤ ᠪᠣᠯᠤᠨ᠎ᠠ᠃            

ᠡᠭᠦᠨ᠎ᠦ ᠬᠠᠮᠲᠤ ᠮᠤᠷᠤᠢ᠎ᠵᠢᠨ ᠰᠦᠮ᠎ᠡ᠎ᠶ᠋ᠢᠨ ᠤᠰᠤᠨ ᠴᠥᠭᠥᠷᠥᠮ ᠪᠣᠯᠤᠨ ᠪᠠᠷᠠᠭᠤᠨ ᠯᠢᠶᠣᠤᠾᠧ ᠭᠣᠣᠯ᠎ᠤᠨ ᠰᠡᠷᠭᠦᠯᠲᠡ ᠨᠢ ᠬᠡᠰᠡᠭ ᠭᠠᠵᠠᠷ᠎ᠤᠨ ᠠᠭᠤᠷ ᠠᠮᠢᠰᠭᠤᠯ᠎ᠢ ᠰᠠᠢᠵᠢᠷᠠᠭᠤᠯᠬᠤ᠂ ᠠᠮᠢ ᠠᠬᠤᠢ᠎ᠶ᠋ᠢᠨ ᠱᠢᠰᠲ᠋ᠧᠮ᠎ᠦᠨ ᠡᠷᠡᠭᠦᠯ ᠲᠣᠭ᠍ᠲᠠᠭᠤᠨ᠎ᠢ ᠪᠠᠲᠤᠯᠠᠬᠤ᠎ᠳᠤ ᠴᠢᠬᠤᠯᠠ ᠦᠢᠯᠡᠳᠦᠯ ᠦᠵᠡᠭᠦᠯᠬᠦ᠌ ᠪᠣᠯᠤᠨ᠎ᠠ 》 ᠭᠡᠵᠦ᠍ ᠲᠦᠩᠯᠢᠶᠣᠤ ᠬᠣᠲᠠ᠎ᠶ᠋ᠢᠨ ᠤᠰᠤᠨ᠎ᠤ ᠶᠠᠪᠤᠳᠠᠯ᠎ᠤᠨ ᠲᠣᠪᠴᠢᠶ᠎ᠠ᠎ᠶ᠋ᠢᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠰᠠᠯᠠᠭᠠᠨ᠎ᠤ ᠳᠠᠷᠤᠭ᠎ᠠ ᠮᠠ ᠹᠸᠢ ᠬᠤᠸᠠ ᠬᠡᠯᠡᠪᠡ᠃

ᠡᠬᠢ ᠪᠠᠶᠠᠯᠢᠭ᠎ᠤᠨ ᠬᠦᠴᠢᠷᠳᠡᠯ᠎ᠢ ᠨᠠᠮᠳᠠᠭᠠᠪᠠ

ᠳᠣᠯᠭᠢᠶᠠᠯᠠᠨ ᠤᠷᠤᠰᠭᠤ ᠴᠤᠤᠯ ᠭᠣᠣᠯ᠎ᠤᠨ ᠤᠰᠤ ᠨᠢ ᠬᠢᠩᠭᠠᠨ ᠠᠢᠮᠠᠭ᠎ᠤᠨ ᠡᠮᠦᠨᠡᠲᠦ ᠬᠡᠰᠡᠭ᠎ᠦᠨ ᠤᠰᠤᠨ᠎ᠤ ᠡᠬᠢ ᠪᠠᠶᠠᠯᠢᠭ ᠬᠣᠮᠰᠠ  ᠪᠠ ᠤᠰᠤᠨ ᠠᠱᠢᠭ᠍ᠯᠠᠯᠲᠠ᠎ᠶ᠋ᠢᠨ ᠰᠠᠭᠤᠷᠢ ᠲᠦᠬᠦᠭᠡᠷᠦᠮᠵᠢ ᠪᠠᠭᠤᠷᠠᠶ ᠭᠠᠵᠠᠷ᠎ᠢᠶᠠᠷ ᠥᠩᠭᠡᠷᠡᠨ᠂ ᠱᠢᠭᠤᠳ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ ᠵᠦᠭ ᠤᠷᠤᠰᠤᠨ᠎ᠠ᠃ ᠴᠤᠤᠯ ᠭᠤᠤᠯ᠎ᠤᠨ ᠳᠤᠤᠷᠠᠳᠤ ᠤᠷᠤᠰᠭᠠᠯ᠎ᠤᠨ ᠵᠠᠯᠠᠢᠳ ᠬᠣᠱᠢᠭᠤᠨ᠎ᠤ 41 ᠲᠦᠮᠡᠨ ᠮᠥ᠍ ᠲᠠᠷᠢᠶᠠᠨ ᠭᠠᠵᠠᠷ᠎ᠨᠢ ᠬᠠᠮᠤᠭ᠎ᠤᠨ ᠲᠡᠷᠢᠭᠦᠨ᠎ᠳᠦ ᠴᠤᠤᠯ ᠭᠣᠣᠯ᠎ᠤᠨ ᠤᠰᠤ᠎ᠵᠢ ᠯᠢᠶᠣᠤᠾᠧ ᠭᠣᠣᠯ᠎ᠳᠤ ᠲᠠᠲᠠᠬᠤ ᠢᠨᠵᠧᠨᠧᠷᠢᠩ᠎ᠦᠨ ᠤᠰᠤ ᠬᠡᠷᠡᠭ᠌ᠯᠡᠬᠦ᠌ ᠪᠠᠲᠤᠯᠠᠭ᠎ᠠ᠎ᠶ᠋ᠢ ᠭᠥᠷᠳᠡᠪᠡ᠃

ᠴᠤᠤᠯ ᠤᠰᠤᠨ ᠴᠥᠭᠥᠷᠥᠮ ᠨᠢ ᠦᠨᠳᠡᠭᠡᠨ ᠤᠰᠤᠨ ᠴᠥᠭᠥᠷᠥᠮ᠎ᠦᠨ ᠳᠣᠣᠷᠠᠳᠤ ᠤᠷᠤᠰᠭᠠᠯ᠎ᠳᠤ ᠪᠠᠢᠳᠠᠭ᠃ ᠭᠠᠩ ᠬᠠᠭ᠍ᠰᠠᠷᠠᠭᠠᠨ ᠲᠣᠬᠢᠶᠠᠯᠳᠤᠪᠠᠯ ᠦᠨᠳᠡᠭᠡᠨ ᠤᠰᠤᠨ ᠴᠥᠭᠥᠷᠥᠮ ᠬᠠᠭᠠᠯᠲᠠ᠎ᠪᠠᠨ ᠨᠡᠭᠡᠭᠡᠨ ᠤᠰᠤ ᠲᠠᠯᠪᠢᠵᠤ᠂ ᠴᠤᠤᠯ ᠤᠰᠤᠨ ᠴᠥᠭᠥᠷᠥᠮ᠎ᠦᠨ ᠤᠰᠤᠯᠠᠯᠲᠠ᠎ᠶ᠋ᠢᠨ ᠣᠷᠣᠨ᠎ᠤ ᠲᠠᠷᠢᠶᠠᠯᠠᠩ᠎ᠤᠨ ᠤᠰᠤᠯᠠᠯᠲᠠ᠎ᠶ᠋ᠢᠨ ᠤᠰᠤ ᠬᠡᠷᠡᠭ᠌ᠯᠡᠬᠦ᠌᠎ᠶ᠋ᠢ ᠪᠠᠲᠤᠯᠠᠨ᠎ᠠ᠃ ᠪᠣᠷᠣᠭᠠᠨ᠎ᠤ ᠤᠰᠤ ᠦᠶᠡᠷ ᠤᠰᠤᠲᠤᠯ᠎ᠤᠨ ᠭᠠᠮᠱᠢᠭ᠎ᠲᠤ ᠣᠯᠠᠨ ᠤᠴᠠᠷᠠᠬᠤ ᠦᠶ᠎ᠡ᠎ᠳᠦ ᠦᠨᠳᠡᠭᠡᠨ ᠤᠰᠤᠨ ᠴᠥᠭᠥᠷᠥᠮ ᠨᠢ ᠤᠰᠤ᠎ᠶ᠋ᠢ ᠬᠠᠱᠢᠵᠤ ᠦᠶᠡᠷ᠎ᠢ ᠬᠤᠷᠠᠭᠤᠯᠤᠨ ᠲᠣᠬᠢᠷᠠᠭᠤᠯᠵᠤ᠂ 41 ᠲᠦᠮᠡᠨ ᠮᠥ᠍ ᠤᠰᠤᠯᠠᠯᠲᠠ᠎ᠶ᠋ᠢᠨ ᠣᠷᠣᠨ᠎ᠤ ᠲᠠᠷᠢᠶᠠᠨ ᠭᠠᠵᠠᠷ᠎ᠢ 《ᠭᠠᠩᠳᠠᠵᠤ ᠤᠰᠤᠲᠤᠪᠠᠴᠤ᠌ ᠬᠤᠷᠢᠶᠠᠯᠲᠠ᠎ᠶ᠋ᠢ ᠪᠠᠲᠤᠯᠠᠬᠤ 》 ᠎ᠶ᠋ᠢ ᠦᠨᠡᠨ ᠬᠦ᠌ ᠪᠡᠶᠡᠯᠡᠭᠦᠯᠳᠡᠭ᠃ᠬᠦᠨᠳᠦ ᠨᠣᠴᠢᠲᠠᠶ ᠤᠰᠤ ᠳᠤᠲᠠᠭ᠍ᠳᠠᠵᠤ ᠪᠠᠢᠭ᠎ᠠ ᠲᠦᠩᠯᠢᠶᠣᠤ ᠬᠣᠲᠠ᠎ᠳᠤ ᠠᠪᠴᠤ᠌ ᠬᠡᠯᠡᠪᠡᠯ ᠤᠰᠤ ᠳᠤᠲᠠᠭ᠍ᠳᠠᠬᠤ ᠬᠦᠴᠢᠷᠳᠡᠯ ᠨᠢ ᠲᠡᠦᠬᠡᠲᠦ ᠴᠢᠨᠠᠷᠲᠠᠶ ᠡᠷᠭᠢᠯᠲᠡ᠎ᠲᠠᠢ ᠪᠤᠯᠪᠠ᠃

ᠤᠰᠤᠨ᠎ᠤ ᠡᠬᠢ ᠪᠠᠶᠠᠯᠢᠭ ᠬᠣᠪᠣᠷ ᠴᠤᠬᠠᠭ ᠪᠠᠢᠭ᠎ᠠ ᠪᠣᠯᠬᠣᠷ ᠲᠦᠩᠯᠢᠶᠣᠤ ᠬᠣᠲᠠ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠎ᠶ᠋ᠢ ᠴᠢᠩᠭ᠎ᠠ ᠬᠢᠵᠠᠭᠠᠷᠯᠠᠬᠤ ᠦᠭᠡᠶ ᠪᠠᠢᠬᠤ᠎ᠶ᠋ᠢᠨ ᠠᠷᠭ᠎ᠠ ᠦᠭᠡᠶ ᠪᠠᠢᠪᠠ᠃ ᠪᠦᠬᠦ᠌ ᠬᠣᠲᠠ᠎ᠶ᠋ᠢᠨ 35.49 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲᠷ᠎ᠤᠨ ᠤᠰᠤ ᠬᠡᠷᠡᠭ᠌ᠯᠡᠬᠦ᠌ ᠶᠡᠷᠦᠩᠬᠡᠢ ᠬᠡᠮᠵᠢᠶ᠎ᠡ᠎ᠶ᠋ᠢ ᠬᠠᠮᠢᠶᠠᠷᠤᠨ ᠡᠵᠡᠮᠳᠡᠬᠦ᠌ ᠭᠦᠢᠴᠡᠳᠭᠡᠯ ᠲᠣᠭ᠎ᠠ᠎ᠶ᠋ᠢ 91 ᠰᠤᠮᠤ ᠱᠢᠶᠠᠩ ᠪᠠᠯᠭᠠᠰᠤ᠂ 2103 ᠭᠠᠴᠠᠭ᠎ᠠ ᠲᠣᠰᠭᠣᠨ ᠪᠠ 204384 ᠦᠨᠳᠦᠰᠦᠨ ᠤᠰᠤ ᠬᠡᠷᠡᠭ᠌ᠯᠡᠬᠦ᠌ ᠡᠷᠦᠬᠡ᠎ᠳᠦ ᠬᠤᠪᠢᠶᠠᠨ ᠥᠭ᠌ᠴᠦ᠂ ᠳᠤᠰᠤᠯ ᠤᠰᠤ ᠨᠢᠭᠡᠪᠦᠷᠢ᠎ᠶ᠋ᠢ ᠴᠥᠮ ᠲᠣᠪ ᠲᠣᠳᠣᠷᠬᠠᠢ ᠲᠣᠬᠢᠷᠠᠭᠤᠯᠵᠠᠢ᠃

ᠭᠠᠵᠠᠷ ᠳᠡᠭᠡᠷᠡᠬᠢ ᠤᠰᠤ ᠳᠤᠲᠠᠭ᠍ᠳᠠᠵᠤ᠂ ᠭᠠᠵᠠᠷ ᠳᠣᠣᠷᠠᠬᠢ ᠤᠰᠤ ᠪᠣᠯ ᠭᠣᠣᠯ ᠬᠤᠲᠠ᠎ᠶ᠋ᠢᠨ ᠲᠣᠭᠣᠷᠢᠭ᠎ᠤᠨ ᠴᠤᠷ᠎ᠤᠨ ᠭᠠᠭ᠍ᠴᠠ ᠤᠤᠭᠤᠬᠤ ᠤᠰᠤᠨ᠎ᠤ ᠰᠤᠷᠪᠤᠯᠵᠢ ᠪᠣᠯᠤᠨ᠎ᠠ᠃ ᠡᠨᠡ ᠨᠢ ᠬᠡᠷᠪᠡ ᠰᠠᠨᠠᠭᠠᠨ᠎ᠳᠤ ᠦᠭᠡᠶ ᠪᠠᠢᠳᠠᠯ ᠭᠠᠷᠪᠠᠯ ᠣᠯᠠᠨ ᠲᠦᠮᠡᠨ᠎ᠦ ᠤᠰᠤ ᠬᠡᠷᠡᠭᠯᠡᠬᠦ ᠬᠡᠪ᠎ᠦᠨ ᠪᠠᠢᠳᠠᠯ᠎ᠢ ᠪᠠᠲᠤᠯᠠᠬᠤ᠎ᠶ᠋ᠢᠨ ᠠᠷᠭ᠎ᠠ ᠦᠭᠡᠶ ᠪᠣᠯᠤᠨ᠎ᠠ ᠭᠡᠰᠡᠨ᠎ᠢ ᠬᠠᠷᠠᠭᠤᠯᠵᠤ ᠪᠠᠢᠨ᠎ᠠ᠃

ᠵᠢᠯ ᠪᠦᠷᠢ 2.87 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ᠎ᠤᠨ ᠴᠤᠤᠯ ᠭᠤᠤᠯ᠎ᠤᠨ ᠴᠢᠨᠠᠷ ᠰᠠᠢᠲᠠᠶ ᠤᠰᠤᠨ ᠰᠤᠷᠪᠤᠯᠵᠢ᠎ᠶ᠋ᠢᠨ ᠬᠠᠩᠭᠠᠯᠭ᠎ᠠ᠎ᠨᠢ ᠲᠦᠩᠯᠢᠶᠣᠤ ᠬᠣᠲᠠ᠎ᠶ᠋ᠢᠨ ᠤᠰᠤ ᠭᠥᠷᠳᠡᠬᠦ᠌ ᠣᠷᠣᠨ᠎ᠤ ᠬᠣᠱᠢᠭᠤ ᠱᠢᠶᠠᠨ᠎ᠤ ᠣᠲᠣ᠎ᠶ᠋ᠢᠨ ᠠᠵᠤ ᠦᠶ᠋ᠯᠡᠳᠪᠦᠷᠢ᠎ᠶ᠋ᠢᠨ ᠬᠡᠷᠡᠭ᠌ᠯᠡᠬᠦ᠌ ᠤᠰᠤᠨ᠎ᠤ ᠬᠡᠮᠵᠢᠶ᠎ᠡ 0.45 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ᠎ᠦᠨ 6.4 ᠳᠠᠬᠢᠨ᠎ᠲᠠᠶ ᠲᠡᠩᠴᠡᠵᠦ᠍᠂ ᠠᠵᠤ ᠦᠶ᠋ᠯᠡᠳᠪᠦᠷᠢ᠎ᠶ᠋ᠢᠨ ᠤᠰᠤ ᠬᠠᠩᠭᠠᠬᠤ ᠡᠬᠢ ᠪᠠᠶᠠᠯᠢᠭ ᠳᠤᠲᠠᠭ᠍ᠳᠠᠬᠤ ᠪᠣᠭᠣᠮᠢ᠎ᠶ᠋ᠢ ᠬᠦᠴᠦᠲᠡᠶ ᠡᠪᠳᠡᠵᠦ᠍᠂ GDP ᠎ᠶ᠋ᠢᠨ ᠨᠡᠮᠡᠭ᠌ᠳᠡᠯ᠎ᠢ ᠳᠠᠢᠴᠢᠯᠠᠬᠤ ᠪᠤᠯᠤᠨ᠎ᠠ᠃

ᠡᠭᠦᠨ᠎ᠦ ᠬᠠᠮᠲᠤ ᠲᠦᠩᠯᠢᠶᠣᠤ ᠬᠣᠲᠠ᠎ᠶ᠋ᠢᠨ ᠭᠤᠤᠯ ᠬᠣᠲᠠ ᠲᠣᠭᠣᠷᠢᠭ᠎ᠲᠤ ᠲᠠᠩ ᠭᠠᠭ᠍ᠴᠠ ᠭᠠᠵᠠᠷ ᠳᠤᠤᠷᠠᠬᠢ ᠤᠰᠤ᠎ᠶ᠋ᠢ ᠬᠡᠷᠡᠭ᠌ᠯᠡᠵᠦ᠍ ᠤᠤᠭᠤᠬᠤ ᠤᠰᠤᠨ᠎ᠤ ᠰᠤᠷᠪᠤᠯᠵᠢ ᠪᠣᠯᠭᠠᠵᠤ ᠪᠠᠢᠭ᠎ᠠ ᠣᠳᠣᠬᠢ ᠪᠠᠢᠳᠠᠯ᠎ᠢ ᠬᠤᠪᠢᠷᠠᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠤᠰᠤᠨ᠎ᠤ ᠰᠤᠷᠪᠤᠯᠵᠢ ᠳᠤᠲᠠᠭ᠍ᠳᠠᠵᠤ ᠪᠠᠢᠭ᠎ᠠ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠵᠦ᠍᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠤᠤᠭᠤᠬᠤ ᠤᠰᠤᠨ᠎ᠤ ᠶᠠᠰᠤ ᠴᠢᠨᠠᠷ᠎ᠢ ᠪᠠᠲᠤᠯᠠᠨ᠎ᠠ᠃

ᠴᠤᠤᠯ ᠭᠣᠣᠯ᠎ᠤᠨ ᠤᠰᠤ᠎ᠶ᠋ᠢ ᠯᠢᠶᠣᠤᠾᠧ ᠭᠣᠣᠯ᠎ᠳᠤ ᠲᠠᠲᠠᠬᠤ ᠢᠨᠵᠧᠨᠧᠷᠢᠩ᠎ᠦᠨ ᠤᠰᠤ ᠬᠦᠷᠲᠡᠬᠦ᠌ ᠣᠷᠣᠨ᠎ᠳᠤ ᠲᠦᠩᠯᠢᠶᠣᠤ ᠬᠣᠲᠠ᠎ᠶ᠋ᠢᠨ 6 ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠣᠷᠢᠭ᠂ 4 ᠠᠮᠢᠳᠤᠷᠠᠯ᠎ᠤᠨ ᠤᠰᠤᠨ᠎ᠤ ᠦᠢᠯᠡᠳᠪᠦᠷᠢ ᠬᠣᠯᠪᠣᠭ᠍ᠳᠠᠵᠤ᠂ ᠣᠳᠣᠬᠠᠨ᠎ᠳᠤ ᠡᠯ᠎ᠡ ᠤᠰᠤ ᠬᠦᠷᠲᠡᠬᠦ᠌ ᠣᠷᠣᠨ ᠶᠠᠭ ᠢᠵᠢ ᠪᠦᠷᠢᠳᠦᠭᠦᠯᠬᠦ᠌ ᠲᠦᠭᠦᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠠᠮᠢᠳᠤᠷᠠᠯ ᠬᠢᠭᠡᠳ ᠠᠵᠤ ᠦᠢᠯᠡᠳᠪᠦᠷᠢ᠎ᠶ᠋ᠢᠨ ᠤᠰᠤᠨ ᠰᠤᠷᠪᠤᠯᠵᠢ᠎ᠶ᠋ᠢ ᠰᠣᠯᠢᠬᠤ᠎ᠶ᠋ᠢ ᠬᠡᠷᠡᠭ᠌ᠵᠢᠭᠦᠯᠵᠦ᠍ ᠪᠤᠢ᠃

ᠴᠤᠤᠯ ᠭᠣᠣᠯ᠎ᠤᠨ ᠤᠰᠤ᠎ᠶ᠋ᠢ ᠯᠢᠶᠣᠤᠾᠧ ᠭᠣᠣᠯ᠎ᠳᠤ ᠲᠠᠲᠠᠬᠤ ᠢᠨᠵᠧᠨᠧᠷᠢᠩ ᠨᠢ ᠤᠳᠤ ᠶᠠᠭ ᠦᠶ᠎ᠡ᠎ᠶ᠋ᠢᠨ ᠦᠶ᠎ᠡ ᠣᠷᠣᠱᠢᠨ ᠲᠣᠭ᠍ᠲᠠᠨᠢᠬᠤ ᠭᠠᠢᠬᠠᠮᠱᠢᠭ᠎ᠢ ᠪᠢᠴᠢᠭ᠌ᠯᠡᠵᠦ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号