— ᠦᠪᠦᠷ ᠮᠤᠩᠭᠤᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ《ᠪᠦᠰᠡᠯᠡᠯᠲᠡ ᠰᠢᠪᠲᠤᠯᠤᠭᠰᠠᠨ》 ᠲᠡᠮᠲᠡᠭᠯᠡᠯ ④
ᠡᠨᠧᠷᠭᠢ ᠠᠷᠪᠢᠯᠠᠬᠤ ᠳᠠᠪᠲᠠᠮᠵᠢ ᠬᠤᠪᠢᠷᠠᠭᠠᠬᠤ ᠠᠭᠠᠷ ᠲᠣᠬᠢᠷᠠᠭᠤᠯᠤᠭ᠍ᠴᠢ ᠨᠢ ᠣᠲᠣ᠌ ᠦᠶ᠎ᠡ᠎ᠶᠢᠨ ᠠᠭᠠᠷ ᠲᠣᠬᠢᠷᠠᠭᠤᠯᠤᠭ᠍ᠴᠢ᠎ᠶᠢᠨ ᠮᠡᠷᠭᠡᠵᠢᠯ᠎ᠦᠨ ᠬᠥᠭᠵᠢᠯᠲᠡ᠎ᠶᠢᠨ ᠴᠢᠭᠯᠡᠯ ᠪᠤᠯᠵᠠᠢ᠃ ᠠᠭᠠᠷ ᠲᠣᠬᠢᠷᠠᠭᠤᠯᠤᠭ᠍ᠴᠢ᠎ᠶᠢᠨ ᠠᠵᠢᠯᠯᠠᠭᠠᠨ᠎ᠤ ᠡᠨᠧᠷᠭᠢ᠎ᠶᠢᠨ ᠬᠣᠷᠣᠭᠳᠠᠯ᠎ᠢ ᠪᠠᠭᠠᠰᠬᠠᠵᠤ᠂ ᠵᠠᠬ᠎ᠠ ᠳᠡᠯᠭᠡᠭᠦᠷ ᠲᠡᠬᠢ ᠬᠡᠷᠡᠭᠯᠡᠭᠡᠨ᠎ᠤ ᠬᠡᠮᠵᠢᠶ᠎ᠡ᠎ᠶᠢ ᠳᠡᠭᠡᠭᠰᠢᠯᠡᠭᠦᠯᠬᠦ᠎ᠶᠢᠨ ᠵᠠᠩᠭᠢᠯᠠᠭ᠎ᠠ ᠨᠢ ᠳᠠᠪᠲᠠᠮᠵᠢ ᠬᠤᠪᠢᠷᠠᠭᠠᠬᠤ ᠠᠭᠠᠷ ᠲᠣᠬᠢᠷᠠᠭᠤᠯᠤᠭ᠍ᠴᠢ᠎ᠶᠢᠨ ᠡᠨᠧᠷᠭᠢ᠎ᠶᠢᠨ ᠠᠰᠢᠭ᠍ᠯᠠᠮᠵᠢ᠎ᠶᠢ ᠳᠡᠭᠡᠭᠰᠢᠯᠡᠭᠦᠯᠬᠦ᠎ᠳᠦ ᠪᠤᠢ᠃ ᠬᠣᠪᠣᠷ ᠰᠢᠷᠣᠢ᠎ᠶᠢᠨ ᠲᠣᠭᠲᠠᠮᠠᠯ ᠰᠣᠷᠢᠨᠵᠢᠨ ᠮᠠᠲᠧᠷᠢᠶᠠᠯ ᠨᠢ ᠳᠠᠪᠲᠠᠮᠵᠢ ᠬᠤᠪᠢᠷᠠᠭᠠᠬᠤ ᠠᠭᠠᠷ ᠲᠣᠬᠢᠷᠠᠭᠤᠯᠤᠭ᠍ᠴᠢ᠎ᠶᠢᠨ ᠠᠪᠴᠢᠭᠤᠯᠬᠤ ᠮᠠᠰᠢᠨ᠎ᠤ ᠭᠣᠣᠯ ᠮᠠᠲᠧᠷᠢᠶᠠᠯ ᠪᠣᠯᠤᠭᠰᠠᠨ᠎ᠤ ᠬᠤᠪᠢ᠎ᠳᠤ ᠲᠥᠬᠦᠭᠡᠷᠦᠮᠵᠢ ᠵᠢᠨ ᠬᠦᠴᠦᠨ ᠴᠢᠳᠠᠪᠤᠷᠢ ᠪᠠ ᠠᠵᠢᠯᠯᠠᠭᠠᠨ᠎ᠤ ᠲᠣᠭᠲᠠᠪᠤᠷᠢᠲᠤ ᠴᠢᠨᠠᠷ᠎ᠢ ᠪᠠᠲᠤᠯᠠᠬᠤ᠎ᠳᠤ ᠰᠢᠢᠳᠪᠦᠷᠢᠯᠡᠬᠦ ᠴᠢᠨᠠᠷᠲᠠᠢ ᠦᠢᠯᠡᠳᠦᠯ ᠦᠵᠡᠭᠦᠯᠵᠦ ᠪᠠᠢᠳᠠᠭ᠃ ᠭᠡᠲᠡᠯ᠎ᠡ ᠤᠳᠤ ᠪᠠᠢᠭ᠎ᠠ ᠮᠠᠲᠧᠷᠢᠶᠠᠯ ᠨᠢ ᠥᠨᠳᠥᠷ ᠳᠤᠯᠠᠭᠠᠨ ᠳ᠋ᠤ ᠰᠣᠷᠢᠨᠵᠢᠨ ᠬᠦᠴᠦ ᠨᠢ ᠪᠠᠭᠤᠷᠠᠬᠤ᠂ ᠥᠪᠡᠷ᠎ᠦᠨ ᠦᠷᠳᠡᠭ ᠥᠨᠳᠥᠷ ᠵᠢᠴᠢ ᠡᠬᠢ ᠪᠠᠶᠠᠯᠢᠭ᠋᠎ᠤᠨ ᠬᠢᠵᠠᠭᠠᠷᠯᠠᠯ ᠵᠡᠷᠭᠡ ᠥᠷᠢᠰᠦᠯᠳᠦᠭᠡᠨ᠎ᠳᠦ ᠲᠤᠯᠭᠠᠷᠠᠵᠤ᠂ ᠬᠦᠴᠦᠨ ᠴᠢᠳᠠᠪᠤᠷᠢ ᠵᠢᠨ ᠰᠢᠪᠲᠤᠯᠤᠯᠲᠠ᠎ᠶᠢ ᠬᠢᠵᠠᠭᠠᠷᠯᠠᠵᠤ ᠪᠠᠢᠨ᠎ᠠ᠃ ᠡᠢᠮᠦ᠎ᠡᠴᠡ ᠰᠢᠨ᠎ᠡ ᠨᠢᠭᠡ ᠦᠶ᠎ᠡ᠎ᠶᠢᠨ ᠴᠢᠳᠠᠮᠵᠢ ᠰᠠᠢᠲᠠᠢ ᠬᠣᠪᠣᠷ ᠰᠢᠷᠣᠢ᠎ᠶᠢᠨ ᠲᠣᠭᠲᠠᠮᠠᠯ ᠰᠣᠷᠢᠨᠵᠢᠨ ᠮᠠᠲᠧᠷᠢᠶᠠᠯ᠎ᠢ ᠰᠤᠳᠤᠯᠬᠤ ᠨᠢ ᠳᠠᠪᠲᠠᠮᠵᠢ ᠬᠤᠪᠢᠷᠠᠭᠠᠬᠤ ᠠᠭᠠᠷ ᠲᠣᠬᠢᠷᠠᠭᠤᠯᠤᠭ᠍ᠴᠢ᠎ᠶᠢᠨ ᠨᠠᠩ ᠥᠨᠳᠥᠷ ᠴᠢᠳᠠᠮᠵᠢ ᠲᠠᠢ᠂ ᠡᠨᠧᠷᠭᠢ ᠠᠷᠪᠢᠯᠠᠵᠤ ᠪᠣᠬᠢᠷᠲᠤᠯ᠎ᠢ ᠪᠠᠭᠠᠰᠬᠠᠬᠤ ᠬᠠᠷᠠᠯᠲᠠ᠎ᠶᠢ ᠪᠡᠶᠡᠯᠡᠭᠦᠯᠬᠦ᠎ᠳᠦ ᠲᠤᠢᠯ᠎ᠤᠨ ᠴᠢᠬᠤᠯᠠ ᠶᠤᠮ᠃
2024 ᠣᠨ ᠳ᠋ᠤ ᠵᠢᠨ ᠯᠢ ᠲᠣᠭᠲᠠᠮᠠᠯ ᠰᠣᠷᠢᠨᠵᠢᠨ (ᠪᠤᠭᠤᠲᠤ) ᠤ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠵᠡᠭᠦᠨ ᠬᠣᠢᠲᠤ᠎ᠶᠢᠨ ᠶᠡᠬᠡ ᠰᠤᠷᠭᠠᠭᠤᠯᠢ᠎ᠲᠠᠢ ᠬᠤᠯᠪᠤᠭᠠᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠦᠨ ᠬᠣᠪᠣᠷ ᠰᠢᠷᠣᠢ᠎ᠶᠢᠨ ᠴᠡᠭ᠎ᠤᠨ ᠲᠤᠰᠬᠠᠢ ᠲᠦᠷᠦᠯ ᠪᠤᠯᠬᠤ 《ᠡᠨᠧᠷᠭᠢ ᠠᠷᠪᠢᠯᠠᠬᠤ ᠳᠠᠪᠲᠠᠮᠵᠢ ᠬᠤᠪᠢᠷᠠᠭᠠᠬᠤ ᠠᠭᠠᠷ ᠲᠤᠬᠢᠷᠠᠭᠤᠯᠤᠭᠴᠢ᠎ᠳᠤ ᠬᠡᠷᠡᠭᠯᠡᠬᠦ ᠴᠢᠳᠠᠮᠵᠢ ᠰᠠᠢᠲᠠᠢ ᠬᠦᠩᠭᠡᠨ ᠬᠣᠪᠣᠷ ᠰᠢᠷᠣᠢ᠎ᠶᠢᠨ ᠲᠣᠭᠲᠠᠮᠠᠯ ᠰᠣᠷᠢᠨᠵᠢᠨ ᠮᠠᠲᠧᠷᠢᠶᠠᠯ᠎ᠢ ᠰᠤᠳᠤᠯᠤᠨ ᠨᠡᠭᠡᠭᠡᠬᠦ ᠵᠢᠴᠢ ᠬᠡᠷᠡᠭᠯᠡᠭᠡᠨ᠎ᠦ ᠵᠢᠱ᠌ᠢᠶ᠎ᠡ ᠦᠵᠡᠭᠦᠯᠬᠦ》 ᠲᠥᠷᠥᠯ ᠵᠦᠢᠯ᠎ᠦᠨ ᠰᠤᠳᠤᠯᠭᠠᠨ᠎ᠤ ᠠᠵᠢᠯ᠎ᠢ ᠬᠡᠷᠡᠭᠵᠢᠭᠦᠯᠵᠦ᠂ ᠬᠠᠮᠵᠢᠯᠴᠠᠨ ᠨᠧᠦᠳᠢᠮ ᠲᠡᠮᠦᠷ ᠪᠤᠷ ᠮᠠᠲᠧᠷᠢᠶᠠᠯ᠎ᠢ ᠰᠤᠳᠤᠯᠤᠨ ᠨᠡᠭᠡᠭᠡᠵᠦ᠂ ᠳᠡᠭᠡᠳᠦ ᠲᠠᠰ᠎ᠤᠨ ᠲᠣᠭᠲᠠᠮᠠᠯ ᠰᠣᠷᠢᠨᠵᠢᠨᠲᠤ ᠪᠡᠢ᠎ᠡ ᠵᠢ ᠦᠢᠯᠡᠳᠬᠦ ᠵᠢᠴᠢ ᠣᠶᠤᠨᠳᠤ ᠦᠢᠯᠡᠳᠭᠡᠯ᠎ᠤᠨ ᠵᠠᠩᠭᠢᠯᠠᠭ᠎ᠠ᠎ᠶᠢᠨ ᠮᠡᠷᠭᠡᠵᠢᠯ᠎ᠦᠨ ᠪᠣᠭᠣᠮᠢ᠎ᠶᠢ ᠰᠢᠪᠲᠤᠯᠤᠨ ᠡᠨᠧᠷᠭᠢ ᠠᠷᠪᠢᠯᠠᠵᠤ ᠦᠷ᠎ᠡ ᠠᠰᠢᠭ᠋᠎ᠢ ᠨᠡᠮᠡᠭᠳᠡᠭᠦᠯᠬᠦ ᠲᠠᠯ᠎ᠠ ᠪᠡᠷ ᠳᠤᠪᠤᠢᠮ᠎ᠠ ᠦᠷ᠎ᠡ ᠪᠦᠲᠦᠮᠵᠢ ᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠤᠯᠠᠨ ᠲᠤᠮᠤ ᠠᠭᠠᠷ ᠲᠣᠬᠢᠷᠠᠭᠤᠯᠤᠭ᠍ᠴᠢ᠎ᠶᠢᠨ ᠠᠵᠤ ᠠᠬᠤᠢᠯᠠᠯ᠎ᠤᠨ ᠬᠦᠷᠢᠶᠡᠯᠡᠯ᠎ᠢ ᠣᠯᠪᠠ᠃
《ᠪᠢᠳᠡ ᠡᠨᠧᠷᠭᠢ ᠠᠷᠪᠢᠯᠠᠬᠤ ᠳᠠᠪᠲᠠᠮᠵᠢ ᠬᠤᠪᠢᠷᠠᠭᠠᠬᠤ ᠠᠭᠠᠷ ᠲᠣᠬᠢᠷᠠᠭᠤᠯᠤᠭ᠍ᠴᠢ᠎ᠳᠤ ᠬᠡᠷᠡᠭᠯᠡᠬᠦ ᠴᠢᠳᠠᠮᠵᠢ ᠰᠠᠢᠲᠠᠢ ᠬᠦᠩᠭᠡᠨ ᠬᠣᠪᠣᠷ ᠰᠢᠷᠣᠢ᠎ᠶᠢᠨ ᠲᠣᠭᠲᠠᠮᠠᠯ ᠰᠣᠷᠢᠨᠵᠢᠨ ᠮᠠᠲᠧᠷᠢᠶᠠᠯ᠎ᠢ ᠦᠢᠯᠡᠳᠴᠦ ᠭᠠᠷᠭᠠᠭᠠᠳ᠂ ᠶᠡᠷᠦᠩᠬᠡᠢ ᠰᠣᠷᠢᠨᠵᠢᠨ ᠴᠢᠳᠠᠮᠵᠢ᠎ᠶᠢ 78 ᠡᠴᠡ ᠳᠡᠭᠡᠭᠰᠢ ᠳᠡᠯᠡᠬᠡᠢ᠎ᠶᠢᠨ ᠲᠡᠷᠢᠭᠦᠨ᠎ᠦ ᠬᠢᠷᠢ ᠲᠦᠪᠰᠢᠨ᠎ᠳᠦ ᠬᠦᠷᠦᠭᠦᠯᠬᠦ᠎ᠶᠢᠨ ᠬᠠᠮᠲᠤ ᠬᠦᠨᠳᠦ ᠬᠣᠪᠣᠷ ᠰᠢᠷᠣᠢ ᠬᠡᠷᠡᠭᠯᠡᠬᠦ ᠬᠡᠮᠵᠢᠶ᠎ᠡ᠎ᠶᠢ 20% ᠪᠠᠷ ᠪᠠᠭᠤᠷᠠᠭᠤᠯᠵᠤ᠂ ᠮᠠᠲᠧᠷᠢᠶᠠᠯ᠎ᠤᠨ ᠬᠡᠷᠡᠭᠯᠡᠭᠡᠨ᠎ᠦ ᠲᠠᠯ᠎ᠠ ᠵᠢᠨ ᠠᠭᠠᠷ ᠲᠣᠬᠢᠷᠠᠭᠤᠯᠤᠭ᠍ᠴᠢ᠎ᠶᠢᠨ ᠦᠢᠯᠡᠳᠪᠦᠷᠢᠯᠡᠯ᠎ᠦᠨ ᠥᠪᠡᠷ᠎ᠦᠨ ᠥᠷᠲᠡᠭ᠎ᠢ 10% ᠪᠠᠷ ᠪᠠᠭᠤᠷᠠᠭᠤᠯᠬᠤ᠎ᠶᠢ ᠠᠬᠢᠭᠤᠯᠵᠤ᠂ ᠦᠢᠯᠡᠳᠬᠦᠨ᠎ᠦ ᠲᠠᠭᠠᠯᠠᠮᠵᠢᠲᠠᠢ ᠪᠠᠢᠬᠤ ᠬᠡᠮᠵᠢᠶ᠎ᠡ᠎ᠶᠢ ᠶᠡᠬᠡᠪᠡᠷ ᠳᠡᠭᠡᠭᠰᠢᠯᠡᠭᠦᠯᠦᠭᠰᠡᠨ ᠪᠦᠭᠡᠳ ᠴᠠᠬᠢᠯᠭᠠᠨ᠎ᠢ 30% ᠪᠠᠷ ᠠᠷᠪᠢᠯᠠᠵᠤ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠲᠠ ᠵᠢ ᠪᠠᠭᠠᠰᠬᠠᠪᠠ》 ᠭᠡᠵᠦ ᠵᠢᠨ ᠯᠢ ᠲᠤᠭᠲᠠᠮᠠᠯ ᠰᠤᠷᠢᠨᠵᠢᠨ (ᠪᠤᠭᠤᠲᠤ) ᠤ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃ ᠤᠢᠯᠠᠭᠠᠭᠰᠠᠨ ᠵᠢᠡᠷ ᠴᠢᠳᠠᠮᠵᠢ ᠰᠠᠢᠲᠠᠢ ᠬᠦᠩᠭᠡᠨ ᠬᠣᠪᠣᠷ ᠰᠢᠷᠣᠢ᠎ᠶᠢᠨ ᠲᠣᠭᠲᠠᠮᠠᠯ ᠰᠣᠷᠢᠨᠵᠢᠨ ᠮᠠᠲᠧᠷᠢᠶᠠᠯ᠎ᠢ ᠰᠤᠳᠤᠯᠤᠨ ᠨᠡᠭᠡᠭᠡᠬᠦ ᠪᠠ ᠬᠡᠷᠡᠭᠯᠡᠬᠦ ᠨᠢ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠬᠣᠪᠣᠷ ᠰᠢᠷᠣᠢ᠎ᠶᠢᠨ ᠬᠡᠷᠡᠭᠯᠡᠭᠡᠨ᠎ᠤ ᠬᠡᠮᠵᠢᠶ᠎ᠡ᠎ᠶᠢ ᠪᠠᠭᠠᠰᠬᠠᠬᠤ᠂ ᠬᠣᠪᠣᠷ ᠰᠢᠷᠣᠢ ᠵᠡᠷᠭᠡ ᠳᠠᠬᠢᠨ ᠡᠭᠦᠰᠴᠦ ᠦᠯᠦ ᠪᠣᠯᠬᠤ ᠡᠬᠢ ᠪᠠᠶᠠᠯᠢᠭ᠋᠎ᠢ ᠦᠷᠭᠦᠯᠵᠢᠯᠡᠨ ᠠᠰᠢᠭ᠍ᠯᠠᠬᠤ᠎ᠶᠢ ᠠᠬᠢᠭᠤᠯᠬᠤ᠂ ᠨᠡᠢᠭᠡᠮ᠎ᠦᠨ ᠦᠷᠭᠦᠯᠵᠢᠯᠡᠬᠦ ᠬᠥᠭᠵᠢᠯᠲᠡ᠎ᠶᠢ ᠠᠬᠢᠭᠤᠯᠬᠤ᠂ ᠡᠨᠧᠷᠭᠢ ᠠᠷᠪᠢᠯᠠᠬᠤ ᠪᠠ ᠪᠣᠬᠢᠷᠲᠤᠯ᠎ᠢ ᠪᠠᠭᠠᠰᠬᠠᠬᠤ᠎ᠳᠤ ᠢᠯᠡᠷᠬᠡᠢ ᠠᠴᠢ ᠬᠣᠯᠪᠣᠭᠳᠠᠯ᠎ᠲᠠᠢ ᠶᠤᠮ᠃
ᠬᠣᠪᠣᠷ ᠰᠢᠷᠣᠢ᠎ᠶᠢᠨ ᠬᠦᠷᠢᠶᠡᠨ᠎ᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ《ᠪᠦᠰᠡᠯᠡᠯᠲᠡ ᠰᠢᠪᠲᠤᠯᠬᠤ》 ᠢᠨᠵᠧᠨᠧᠷᠢᠩ᠎ᠦᠨ ᠴᠡᠭ᠎ᠢ ᠪᠠᠢᠷᠢᠰᠢᠭᠤᠯᠤᠭᠰᠠᠨ ᠨᠢ ᠮᠠᠨ᠎ᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠬᠢ ᠪᠠᠶᠠᠯᠢᠭ᠋᠎ᠤᠨ ᠳᠠᠪᠠᠭᠤᠯᠢᠭ᠋᠎ᠲᠠᠭᠠᠨ ᠰᠠᠭᠤᠷᠢᠯᠠᠨ᠂ 《ᠮᠠᠨ᠎ᠤ ᠤᠯᠤᠰ᠎ᠤᠨ ᠬᠠᠮᠤᠭ᠎ᠤᠨ ᠲᠣᠮᠣ᠌ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠎ᠤᠨ ᠰᠠᠭᠤᠷᠢᠨ》 ᠪᠠ 《ᠪᠥᠬᠥ ᠪᠥᠮᠪᠥᠷᠴᠡᠭ᠎ᠤᠨ ᠲᠡᠷᠢᠭᠦᠨ᠎ᠤ ᠬᠣᠪᠣᠷ ᠰᠢᠷᠣᠢ᠎ᠶᠢᠨ ᠬᠡᠷᠡᠭᠯᠡᠭᠡᠨ᠎ᠦ ᠰᠠᠭᠤᠷᠢᠨ》᠎ᠢ᠋ ᠴᠣᠭᠴᠠᠯᠠᠬᠤ᠎ᠳᠤ ᠴᠢᠭᠯᠡᠭᠦᠯᠦᠨ ᠭᠠᠷᠭᠠᠭᠰᠠᠨ ᠴᠢᠬᠤᠯᠠ ᠪᠠᠢᠷᠢᠯᠠᠭᠤᠯᠤᠯᠲᠠ ᠪᠣᠯᠣᠨ᠎ᠠ᠃ ᠤᠢᠯᠠᠭᠠᠭᠰᠠᠨ ᠵᠢᠡᠷ ᠲᠣᠰ ᠲᠥᠷᠥᠯ ᠵᠦᠢᠯ᠎ᠢ ᠠᠮᠵᠢᠯᠲᠠ᠎ᠲᠠᠢ ᠬᠡᠷᠡᠭᠵᠢᠭᠦᠯᠦᠭᠰᠡᠨ ᠨᠢ ᠮᠠᠲᠧᠷᠢᠶᠠᠯ᠎ᠤᠨ ᠮᠡᠷᠭᠡᠵᠢᠯ᠎ᠦᠨ ᠰᠢᠪᠲᠤᠯᠤᠯᠲᠠ ᠪᠣᠯᠬᠤ᠎ᠪᠠᠷ ᠦᠯᠦ ᠪᠠᠷᠠᠮ ᠨᠡᠩ ᠴᠤ᠌ ᠠᠵᠤ ᠦᠢᠯᠡᠰ᠎ᠦᠨ ᠠᠮᠢ ᠠᠬᠤᠢ᠎ᠶᠢᠨ ᠲᠠᠬᠢᠨ ᠴᠣᠭᠴᠠᠯᠠᠯᠲᠠ ᠪᠠᠢᠵᠤ᠂ ᠬᠦᠩᠭᠡᠨ ᠬᠣᠪᠣᠷ ᠰᠢᠷᠣᠢ᠎ᠶᠢᠨ ᠠᠭᠤᠯᠤᠭᠳᠠᠴᠠ᠎ᠲᠠᠢ᠂ ᠴᠢᠳᠠᠮᠵᠢ ᠰᠠᠢᠲᠠᠢ ᠨᠧᠦᠳᠢᠮ ᠲᠡᠮᠦᠷ ᠪᠤᠷ᠎ᠤᠨ ᠥᠨᠳᠥᠷ ᠪᠦᠲᠦᠮᠵᠢᠲᠡᠶ ᠡᠨᠧᠷᠭᠢ ᠠᠷᠪᠢᠯᠠᠬᠤ ᠳᠠᠪᠲᠠᠮᠵᠢ ᠬᠤᠪᠢᠷᠠᠭᠠᠬᠤ ᠠᠭᠠᠷ ᠲᠣᠬᠢᠷᠠᠭᠤᠯᠤᠭ᠍ᠴᠢ ᠳ᠋ᠡᠬᠢ ᠬᠡᠷᠡᠭᠯᠡᠯᠲᠡ ᠪᠠ ᠠᠵᠤ ᠦᠶ᠋ᠢᠯᠡᠰᠵᠢᠯᠲᠡ᠎ᠶᠢ ᠪᠡᠶᠡᠯᠡᠭᠦᠯᠵᠦ᠂ ᠨᠧᠦᠳᠢᠮ ᠲᠡᠮᠦᠷ ᠪᠤᠷᠢ ᠪᠤᠢ ᠪᠤᠯᠭᠠᠬᠤ ᠶᠠᠪᠤᠴᠠ᠎ᠶᠢᠨ ᠣᠶᠤᠨᠴᠢᠯᠠᠯᠲᠠ᠎ᠶᠢ ᠳᠡᠭᠡᠭᠰᠢᠯᠡᠭᠦᠯᠵᠦ᠂ ᠬᠣᠪᠣᠷ ᠰᠢᠷᠣᠢ᠎ᠶᠢᠨ ᠲᠣᠭᠲᠠᠮᠠᠯ ᠰᠣᠷᠢᠨᠵᠢᠨ᠎ᠤ ᠠᠵᠤ ᠦᠢᠯᠡᠰ᠎ᠦᠨ ᠬᠦᠨᠳᠦ ᠬᠣᠪᠣᠷ ᠰᠢᠷᠣᠢ ᠵᠢ ᠪᠠᠭ᠎ᠠ ᠬᠡᠷᠡᠭᠯᠡᠬᠦ ᠪᠤᠶᠤ ᠬᠦᠨᠳᠦ ᠬᠤᠪᠤᠷ ᠰᠢᠷᠤᠢ ᠵᠢ ᠦᠯᠦ ᠬᠡᠷᠡᠭᠯᠡᠬᠦ ᠲᠣᠭᠲᠠᠮᠠᠯ ᠰᠣᠷᠢᠨᠵᠢᠨ ᠮᠠᠲᠧᠷᠢᠶᠠᠯ᠎ᠤᠨ ᠣᠶᠤᠨᠳᠤ ᠦᠢᠯᠡᠳᠭᠡᠯ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠵᠤ᠂ ᠰᠢᠪᠲᠤᠯᠤᠯᠲᠠ᠎ᠶᠢᠨ ᠴᠢᠨᠠᠷᠲᠠᠢ ᠮᠡᠷᠭᠡᠵᠢᠯ᠎ᠢᠶᠡᠷ ᠪᠥᠬᠥ ᠠᠵᠤ ᠦᠢᠯᠡᠰ᠎ᠦᠨ ᠬᠡᠯᠬᠢᠶ᠎ᠡ᠎ᠳᠦ ᠬᠦᠴᠦᠨ ᠨᠡᠮᠡᠷᠢᠯᠡᠵᠦ᠂ ᠠᠵᠤ ᠦᠢᠯᠡᠰ᠎ᠤᠨ ᠬᠡᠯᠬᠢᠶ᠎ᠡ ᠵᠢᠨ ᠴᠢᠨᠠᠷ ᠰᠠᠢᠲᠠᠢ ᠬᠦᠭᠵᠢᠯᠲᠡ ᠵᠢ ᠠᠬᠢᠭᠤᠯᠤᠭᠰᠠᠨ ᠪᠠᠢᠨ᠎ᠠ᠃
ᠣᠳᠣᠬᠠᠨ᠎ᠳᠤ ᠵᠢᠨ ᠯᠢ ᠲᠣᠭᠲᠠᠮᠠᠯ ᠰᠣᠷᠢᠨᠵᠢᠨ (ᠪᠤᠭᠤᠲᠤ) ᠤ᠋ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠬᠢᠵᠠᠭᠠᠷᠲᠤ ᠺᠤᠮᠫᠠᠨᠢ ᠵᠢᠨ ᠬᠢᠨ ᠶᠠᠭ ᠣᠯᠠᠨ ᠬᠠᠷᠠᠯᠲᠠ᠎ᠳᠤ ᠰᠢᠨ᠎ᠡ ᠬᠡᠷᠡᠭᠯᠡᠭᠡᠨ᠎ᠦ ᠲᠣᠭᠣᠷᠢᠨ᠎ᠳᠤ 《ᠬᠥᠮᠥᠨᠬᠡᠯᠪᠡᠷᠢᠲᠤ ᠮᠠᠰᠢᠨ ᠬᠥᠮᠥᠨ》᠂ 《ᠤᠢᠷ᠎ᠠ ᠣᠭᠲᠠᠷᠭᠤᠢ᠎ᠶᠢᠨ ᠠᠵᠤ ᠠᠬᠤᠢ》ᠵᠡᠷᠭᠡ ᠰᠢᠨ᠎ᠡ᠎ᠪᠡᠷ ᠬᠦᠭᠵᠢᠭᠰᠡᠨ ᠬᠦᠷᠢᠶ᠎ᠡ ᠴᠠᠷᠠᠭ᠎ᠠ᠎ᠶᠢ ᠭᠣᠣᠯᠳᠠᠯᠭ᠎ᠠ ᠲᠠᠢ ᠪᠠᠢᠷᠢᠰᠢᠭᠤᠯᠵᠤ᠂ ᠴᠢᠳᠠᠮᠵᠢ ᠰᠠᠢᠲᠠᠢ ᠬᠦᠩᠭᠡᠨ ᠬᠣᠪᠣᠷ ᠰᠢᠷᠣᠢ᠎ᠶᠢᠨ ᠲᠣᠭᠲᠠᠮᠠᠯ ᠰᠣᠷᠢᠨᠵᠢᠨ ᠮᠠᠲᠧᠷᠢᠶᠠᠯ᠎ᠤᠨ ᠦᠵᠦᠭᠦᠷᠯᠢᠭ᠎ᠤᠨ ᠬᠡᠷᠡᠭᠯᠡᠯᠲᠡ ᠵᠢ ᠥᠷᠭᠡᠳᠬᠡᠨ᠂ ᠬᠣᠪᠣᠷ ᠰᠢᠷᠣᠢ᠎ᠶᠢᠨ ᠲᠣᠭᠲᠠᠮᠠᠯ ᠰᠣᠷᠢᠨᠵᠢᠨ᠎ᠤ ᠰᠢᠨ᠎ᠡ ᠤᠷᠤᠯᠳᠤᠭᠠᠨ᠎ᠤ ᠵᠠᠮ ᠵᠢᠡᠷ ᠤᠷᠤᠭᠰᠢᠯᠠᠵᠤ ᠪᠠᠢᠨ᠎ᠠ᠃