ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ᠄ ᠠᠨᠠᠷ ᠤ᠋ᠨ ᠦᠷ᠎ᠡ᠎ᠰᠢᠭ ᠨᠢᠬᠳᠠᠷᠠᠨ ᠪᠦᠯᠬᠦᠮᠳᠡᠵᠦ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠱᠢᠭᠤ᠎ᠶ᠋ᠢ ᠴᠢᠷᠮᠠᠢᠨ ᠡᠭᠦᠳᠦᠨ᠎ᠡ
2025-08-05 09:43:23
ᠵᠣᠬᠢᠶᠠᠭ᠍ᠴᠢ᠄
ᠭᠣᠣ ᠮᠢᠨ ᠨᠠ
ᠣᠩᠱᠢᠭ᠍ᠰᠠᠨ ᠣᠳᠠᠭ᠎ᠠ᠄
★★★☆☆

ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠬᠠᠨ ᠠᠭᠤᠯᠠ ᠨᠡᠢᠭᠡᠮ ᠲᠣᠭᠣᠷᠢᠭ᠎ᠤᠨ ᠡᠯ᠎ᠡ ᠥᠨᠴᠥᠭ ᠪᠤᠯᠤᠩ᠎ᠳ᠋ᠤ ᠡᠳᠦᠷ᠎ᠡᠴᠡ ᠡᠳᠦᠷ ᠬᠥᠭ᠌ᠵᠢᠶᠡᠨ ᠨᠠᠷᠭᠢᠶᠠᠨ ᠲᠠᠢ ᠪᠤᠯᠵᠤ ᠢᠷᠡᠪᠡ᠄ ᠨᠡᠢᠭᠡᠮ ᠲᠣᠭᠣᠷᠢᠭ᠎ᠤᠨ ᠨᠠᠮ᠎ᠤᠨ ᠬᠡᠰᠢᠬᠦᠨ ᠪᠠ ᠤᠯᠠᠨ ᠲᠦᠮᠡᠨ᠎ᠦ ᠬᠦᠳᠡᠯᠬᠡᠬᠡᠨ᠎ᠤ ᠲᠠᠰᠤᠭ᠎ᠲᠤ᠂ ᠨᠠᠰᠤᠲᠠᠢᠴᠤᠳ ᠵᠢᠪᠬᠤᠭ᠎ᠠ ᠲᠡᠭᠦᠯᠳᠡᠷ ᠪᠠᠢᠵᠤ᠂ ᠳᠠᠭᠤᠯᠠᠨ ᠪᠥᠵᠢᠭᠯᠡᠵᠤ ᠨᠠᠷᠭᠢᠯᠳᠤᠨ᠎ᠠ; ᠠᠨᠠᠷ᠎ᠤᠨ ᠦᠷ᠎ᠡ ᠬᠡᠷᠡᠭ ᠵᠥᠪᠯᠡᠬᠦ᠌ ᠲᠢᠩᠬᠢᠮ᠎ᠦᠨ ᠤᠷᠳᠤ ᠰᠠᠨᠳᠠᠯᠢ᠎ᠶ᠋ᠢᠨ ᠬᠠᠵᠠᠭᠤ᠎ᠳᠤ᠂ ᠠᠢᠯ ᠰᠠᠭᠠᠬᠠᠯᠲᠠ᠎ᠶ᠋ᠢᠨ ᠠᠬ᠎ᠠ ᠳᠡᠭᠦᠦ᠍᠎ᠨᠡᠷ ᠬᠦᠷᠢᠶᠡᠯᠡᠨ ᠰᠠᠭᠤᠯᠴᠠᠵᠤ᠂ 《ᠭᠡᠷ᠎ᠦᠨ ᠡᠭᠦᠳᠡᠨ᠎ᠳᠡᠬᠢ ᠵᠣᠭᠣᠭ ᠳᠡᠯᠭᠡᠬᠦ᠌ ᠠᠩᠬᠢ》 ᠵᠢᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠦᠨ᠎ᠡ; ᠠᠨᠠᠷ᠎ᠤᠨ ᠦᠷ᠎ᠡ ᠭᠠᠷ ᠦᠢᠯᠡᠳᠭᠡᠯ᠎ᠦᠨ ᠭᠠᠵᠠᠷ᠎ᠲᠤ᠂ ᠬᠡᠦᠬᠡᠳ᠎ᠦᠳ ᠠᠪᠤ ᠡᠵᠢ᠎ᠶ᠋ᠢᠨ᠎ᠢᠶᠡᠨ ᠪᠠᠷ᠎ᠠ ᠪᠤᠯᠤᠯᠭ᠎ᠠ ᠲᠠᠢ᠎ᠪᠠᠷ᠂ ᠪᠢᠴᠢᠬᠠᠨ ᠭᠠᠷ᠎ᠢᠶᠠᠷ᠎ᠢᠶᠠᠨ ᠬᠦᠰᠡᠯ ᠵᠡᠭᠦᠳᠦ ᠪᠡᠨ ᠡᠭᠦᠳᠦᠨ ᠪᠦᠲᠦᠭᠡᠨ᠎ᠡ — 《ᠬᠠᠮᠲᠤ ᠤᠷᠤᠰᠢᠨ ᠰᠠᠭᠤᠵᠤ ᠬᠠᠮᠲᠤ ᠰᠤᠷᠤᠯᠴᠠᠵᠤ᠂ ᠬᠠᠮᠲᠤ ᠠᠵᠢᠯᠯᠠᠵᠤ ᠬᠠᠮᠲᠤ ᠵᠢᠷᠭᠠᠵᠤ᠂ ᠬᠠᠮᠲᠤ᠎ᠪᠠᠷ ᠠᠭᠤᠰᠤᠯᠴᠠᠵᠤ ᠬᠠᠮᠲᠤ᠎ᠪᠠᠷ ᠴᠣᠭ᠍ᠴᠠᠯᠠᠬᠤ》 ᠨᠢ ᠡᠨᠳᠡ ᠬᠠᠮᠤᠭ᠎ᠤᠨ ᠠᠮᠢᠳᠤᠯᠢᠭ ᠢᠯᠡᠷᠡᠯ᠎ᠢᠶᠡᠨ ᠣᠯᠵᠠᠢ᠃

ᠣᠢᠷ᠎ᠠ᠎ᠶ᠋ᠢᠨ ᠵᠢᠯ᠎ᠡᠴᠡ ᠨᠠᠭᠠᠰᠢ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠱᠢᠭᠤ᠎ᠶ᠋ᠢ ᠡᠭᠦᠳᠦᠨ ᠪᠠᠢᠭᠤᠯᠬᠤ ᠠᠵᠢᠯ᠎ᠢ ᠪᠥᠬᠥ᠌ ᠲᠠᠯ᠎ᠠ᠎ᠪᠠᠷ ᠡᠬᠢᠯᠡᠭᠦᠯᠵᠦ᠍᠂ ᠦᠨᠳᠦᠰᠦᠲᠡᠨ᠎ᠨᠦᠭᠦᠳ᠎ᠦᠨ 25 ᠲᠦᠮᠡᠨ ᠬᠥᠪᠡᠭᠦᠳ ᠥᠬᠢᠳ ᠭᠠᠷ ᠬᠣᠯᠪᠣᠨ ᠠᠵᠤ ᠠᠬᠤᠶ᠎ᠶ᠋ᠢᠨ ᠬᠥᠭ᠌ᠵᠢᠯᠲᠡ᠂ ᠨᠡᠢᠭᠡᠮ᠎ᠦᠨ ᠲᠣᠭ᠍ᠲᠠᠭᠤᠨ᠂ ᠠᠷᠠᠳ᠎ᠤᠨ ᠠᠮᠢᠳᠤᠷᠠᠯ᠎ᠤᠨ ᠵᠣᠯ ᠵᠢᠷᠭᠠᠯ᠎ᠤᠨ ᠴᠠᠭ ᠦᠶ᠎ᠡ᠎ᠶ᠋ᠢᠨ ᠱᠢᠨ᠎ᠡ ᠳᠠᠭᠤᠤ᠎ᠶ᠋ᠢ ᠬᠠᠩᠭᠢᠨᠠᠭᠤᠯᠪᠠ᠃

ᠴᠤᠬᠭᠠᠷ ᠬᠥᠭ᠌ᠵᠢᠵᠦ᠍ ᠪᠦᠯᠬᠦᠮᠳᠡᠯ᠎ᠦᠨ ᠦᠨᠳᠦᠰᠦ ᠰᠠᠭᠤᠷᠢ᠎ᠶ᠋ᠢ ᠪᠠᠲᠤᠳᠭᠠᠨ᠎ᠠ

ᠪᠠᠶᠠᠨᠬᠤᠱᠢᠭᠤ ᠪᠠᠯᠭᠠᠰᠤ᠎ᠡᠴᠡ ᠮᠠᠱᠢᠨ ᠲᠡᠷᠭᠡ᠎ᠪᠡᠷ ᠮᠤᠷᠳᠠᠵᠤ ᠤᠮᠠᠷᠠᠰᠢ ᠠᠶᠠᠯᠠᠪᠠᠯ᠂ ᠪᠠᠶᠠᠨᠬᠤᠱᠢᠭᠤ ᠡᠴᠡ ᠤᠯᠠᠭᠠᠨᠬᠤᠳᠠ ᠬᠦᠷᠬᠦ ᠵᠠᠰᠠᠮᠠᠯ ᠵᠠᠮ ᠨᠢ ᠨᠣᠮᠢᠨ ᠲᠤᠯᠬᠢᠶᠠᠨᠳᠤ ᠬᠠᠩᠭᠠᠯ ᠨᠠᠭᠤᠷ᠂ ᠬᠦᠭᠡ ᠲᠣᠭᠣᠰᠭ᠎ᠠ ᠥᠩᠭᠡᠲᠦ ᠸᠠᠭᠠᠷᠳᠤ ᠲᠦᠱᠢᠶᠡᠲᠦ ᠴᠢᠨ ᠸᠠᠩ᠎ᠤᠨ ᠣᠷᠳᠣᠨ ᠢ᠋ ᠬᠤᠯᠪᠤᠵᠤ᠂ ᠨᠡᠩ ᠴᠤ᠌ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠪᠠᠶᠠᠵᠢᠯ ᠤ᠋ᠨ ᠬᠦᠰᠡᠯ ᠡᠷᠡᠮᠡᠯᠵᠡᠯ᠎ᠢ ᠬᠣᠯᠪᠣᠨ᠎ᠠ᠃

《ᠪᠢᠳᠡ ᠳᠠᠢᠴᠢᠨᠲᠠᠯ᠎ᠠ ᠭᠠᠴᠠᠭᠠᠨ᠎ᠤ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠳᠠᠪᠠᠭᠤᠯᠢᠭ᠎ᠲᠤ ᠲᠦᠱᠢᠭ᠌ᠯᠡᠨ᠂ ᠤᠨᠴᠠᠯᠢᠬ᠍ᠳᠤ ᠠᠷᠠᠳ᠎ᠤᠨ ᠤᠯᠠᠮᠵᠢᠯᠠᠯᠳᠤ ᠤᠷᠤᠨ ᠰᠠᠭᠤᠴᠠ ᠵᠢᠨ ᠪᠠᠭᠤᠳᠠᠯ ᠪᠠ ᠢᠳᠡᠭᠡᠨ ᠤᠮᠳᠠᠭᠠᠨ᠎ᠢ ᠬᠥᠭ᠌ᠵᠢᠭᠦᠯᠪᠡ᠂ ᠮᠠᠨ᠎ᠤ ᠡᠨᠳᠡ ᠬᠦᠴᠦ᠍ ᠶᠠᠪᠤᠵᠤ ᠪᠠᠢᠭ᠎ᠠ ᠬᠥᠮᠦᠰ ᠪᠣᠯ ᠴᠥᠮ ᠡᠷᠬᠢᠨ ᠲᠣᠭᠣᠷᠢᠨ᠎ᠤ ᠲᠣᠰᠭᠣᠨ᠎ᠤ ᠠᠷᠠᠳ ᠮᠥᠨ᠂ ᠲᠠᠳᠠ 〈ᠬᠡᠷ᠎ᠦᠨ᠎ᠢᠶᠡᠨ ᠡᠭᠦᠳᠡᠨ᠎ᠳᠦ〉 ᠠᠵᠢᠯ ᠤᠯᠬᠤ᠎ᠶ᠋ᠢ ᠪᠡᠶᠡᠯᠡᠭᠦᠯᠵᠠᠢ》 ᠭᠡᠵᠦ᠍ ᠳᠠᠢᠴᠢᠨᠲᠠᠯ᠎ᠠ᠎ᠶ᠋ᠢᠨ ᠤᠨᠴᠠᠯᠢᠬ᠍ᠳᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠣᠰᠭᠣᠨ᠎ᠤ ᠬᠠᠮᠢᠶᠠᠷᠤᠭ᠍ᠴᠢ ᠯᠢᠶᠠᠩ ᠶᠠᠨ ᠯᠢᠩ ᠬᠡᠯᠡᠪᠡ᠃

ᠲᠠᠯ᠎ᠠ ᠨᠤᠲᠤᠭ᠎ᠤᠨ ᠭᠦᠨ᠎ᠳᠦ ᠪᠠᠢᠷᠢᠯᠠᠬᠰᠠᠨ ᠲᠠᠷᠢᠶᠠᠯᠠᠩ ᠮᠠᠯ ᠠᠵᠤ ᠠᠬᠤᠢ᠎ᠪᠠᠷ ᠭᠣᠣᠯ ᠪᠣᠯᠭᠠᠵᠤ ᠪᠠᠢᠭ᠍ᠰᠠᠨ ᠡᠨᠡᠬᠦ ᠵᠢᠵᠢᠭ ᠪᠠᠯᠭᠠᠰᠤ ᠨᠢ ᠤᠳᠤ ᠬᠥᠭ᠌ᠵᠢᠯᠲᠡ᠎ᠶ᠋ᠢᠨ ᠱᠢᠨ᠎ᠡ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠥᠷᠨᠢᠩᠭᠦᠢ ᠬᠥᠭ᠌ᠵᠢᠯᠲᠡ ᠨᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ 《ᠵᠤᠭᠤᠰᠤᠨ ᠴᠦᠩᠭᠦ᠎ᠪᠠᠨ ᠳᠦᠭᠦᠷᠭᠡᠵᠦ᠍᠂ ᠴᠤᠭ ᠰᠦᠯᠳᠡ ᠪᠠᠳᠠᠷᠠᠩᠭᠤᠢ ᠪᠤᠯᠭᠠᠬᠰᠠᠨ ᠪᠠᠢᠨ᠎ᠠ》᠃

《ᠭᠠᠴᠠᠭᠠᠨ᠎ᠤ ᠨᠡᠷ᠎ᠡ ᠪᠤᠯ ᠪᠠᠶᠠᠨ ᠴᠢᠨᠡᠭᠡᠯᠢᠭ ᠭᠡᠰᠡᠨ ᠤᠳᠭ᠎ᠠ᠎ᠲᠠᠶ᠂ ᠣᠲᠣ ᠭᠠᠴᠠᠭᠠᠨ᠎ᠤ ᠠᠷᠠᠳ ᠶᠠᠭ 〈ᠪᠠᠶᠠᠨ〉 ᠠᠮᠢᠳᠤᠷᠠᠯ᠎ᠢ ᠦᠨᠡᠨ ᠬᠦ᠌ ᠡᠳ᠋ᠯᠡᠵᠦ᠍ ᠪᠠᠢᠨ᠎ᠠ!》᠃ ᠡᠮᠳᠤ ᠵᠢᠨ ᠭᠤᠤᠯ ᠰᠤᠮᠤᠨ ᠤ᠋ ᠪᠠᠶᠠᠠᠠᠤᠪᠤᠭ᠎ᠠ ᠭᠠᠴᠠᠭ᠎ᠠ ᠳ᠋ᠤ᠂ ᠨᠠᠮ ᠤ᠋ᠨ ᠡᠭᠦᠷ ᠤ᠋ᠨ ᠱᠦᠵᠢ ᠵᠠᠩ ᠵᠢᠶᠦ᠋ᠨ ᠤᠮᠤᠭ ᠲᠡᠭᠦᠯᠳᠡᠷ ᠵᠢᠡᠷ ᠢᠷᠠᠭᠤ ᠠᠯᠳᠠᠷ ᠤ᠋ᠨ ᠬᠡᠷᠡᠮ ᠵᠢᠡᠨ ᠲᠡᠯᠭᠡᠨ ᠦᠵᠡᠭᠦᠯᠬᠦ ᠳ᠋ᠤ᠄ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠶᠡᠴᠢ ᠬᠠᠮᠲᠤ᠂ ᠪᠦᠬᠦ᠌ ᠤᠯᠤᠰ᠎ᠤᠨ ᠪᠣᠯᠪᠠᠰᠤᠨ ᠲᠣᠰᠭᠣᠨ ᠪᠠᠯᠭᠠᠰᠤ᠎ᠶ᠋ᠢᠨ ᠱᠠᠩᠨᠠᠯ᠎ᠤᠨ ᠮᠧᠳᠠᠯ ᠬᠡᠷᠡᠯ ᠭᠢᠯᠪᠠᠭ᠎ᠠ ᠰᠠᠴᠤᠷᠠᠵᠤ ᠪᠠᠢᠪᠠ᠃

ᠡᠳᠦᠭᠡ᠂ ᠪᠠᠲᠤᠴᠠᠭᠠᠨ᠎ᠤ ᠤᠢ᠎ᠲᠠᠢ ᠲᠠᠯ᠎ᠠ ᠨᠤᠲᠤᠭ᠎ᠲᠤ᠂ ᠬᠥᠭ᠌ᠵᠢᠯᠲᠡ᠎ᠶ᠋ᠢᠨ ᠳᠠᠭᠤᠤ ᠬᠠᠩᠭᠢᠨᠠᠵᠤ ᠪᠠᠢᠨ᠎ᠠ᠄ ᠬᠣᠷᠴᠢᠨ᠎ᠤ ᠡᠯᠡᠰᠦᠷᠬᠡᠭ ᠭᠠᠵᠠᠷ᠎ᠤᠨ ᠰᠥᠨᠥᠭᠡᠯᠳᠡ ᠵᠢᠨ ᠳᠠᠢᠯᠠᠯᠳᠤᠭᠠᠨ᠎ᠢ ᠪᠦᠬᠦ᠌ ᠲᠠᠯ᠎ᠠ᠎ᠪᠠᠷ ᠡᠬᠢᠯᠡᠭᠦᠯᠵᠦ᠍᠂ ᠤᠯᠤᠰ᠎ᠤᠨ 《ᠨᠣᠮᠢᠨ ᠤᠰᠤ ᠬᠦᠬᠡᠮᠳᠦᠭ ᠠᠭᠤᠯᠠ ᠪᠣᠯ ᠠᠯᠳᠠᠨ ᠠᠭᠤᠯᠠ ᠮᠦᠩᠭᠦᠨ ᠬᠠᠢᠷᠬᠠᠨ ᠮᠦᠨ》 ᠭᠡᠬᠦ᠌ ᠦᠢᠯᠡᠳᠦᠯᠭᠡ᠎ᠶ᠋ᠢᠨ ᠱᠢᠨ᠎ᠡ᠎ᠶ᠋ᠢ ᠡᠭᠦᠳᠬᠦ᠌ ᠰᠠᠭᠤᠷᠢᠨ᠎ᠢᠶᠠᠷ ᠦᠨᠡᠯᠡᠭ᠌ᠳᠡᠪᠡ; 《ᠪᠣᠬᠢᠷᠲᠤᠯ ᠥᠬᠡᠶ ᠲᠠᠷᠢᠶᠠᠯᠠᠩ + ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ》 ᠶ᠋ᠢᠨ ᠬᠥᠭ᠌ᠵᠢᠯᠲᠡ᠎ᠶ᠋ᠢᠨ ᠠᠷᠭ᠎ᠠ ᠬᠡᠯᠪᠡᠷᠢ᠎ᠶ᠋ᠢ ᠰᠦᠪᠡᠭ᠌ᠴᠢᠯᠡᠵᠦ᠍᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠠᠵᠤ ᠦᠶ᠋ᠯᠡᠰ ᠵᠢᠡᠷ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢ ᠴᠦᠭᠡᠳᠭᠡᠭᠰᠡᠨ ᠬᠡᠷᠡᠭ᠎ᠦᠨ ᠵᠢᠱ᠌ᠢᠶ᠎ᠡ 2024 ᠣᠨ᠎ᠤ ᠪᠥᠬᠥ᠌ ᠳᠡᠯᠡᠬᠡᠶ᠎ᠶ᠋ᠢᠨ ᠶᠠᠳᠠᠭᠤ ᠬᠦᠴᠢᠷᠳᠡᠯᠲᠡᠶ ᠬᠥᠮᠦᠨ ᠠᠮᠠ᠎ᠶ᠋ᠢ ᠪᠠᠭᠠᠰᠭᠠᠭ᠍ᠰᠠᠨ ᠬᠠᠮᠤᠭ᠎ᠤᠨ ᠰᠠᠢᠨ ᠬᠡᠷᠡᠭ᠎ᠦᠨ ᠵᠢᠱ᠌ᠢᠶ᠎ᠡ᠎ᠪᠡᠷ ᠰᠣᠩᠭᠣᠭ᠍ᠳᠠᠪᠠ; ᠤᠯᠤᠰ᠎ᠤᠨ ᠲᠠᠰ᠎ᠤᠨ ᠪᠤᠬ᠎ᠠ᠎ᠶ᠋ᠢᠨ ᠥᠷᠲᠡᠭᠡ᠂ ᠬᠣᠩ ᠠᠨ ᠳ᠋ᠠ ᠮᠢᠶᠣᠣ ᠦᠬᠡᠷ ᠬᠣᠨᠢᠨ᠎ᠤ ᠠᠷᠠᠯᠵᠢᠶᠠᠨ᠎ᠤ ᠵᠠᠬ᠎ᠠ ᠳᠡᠯᠭᠡᠭᠦᠷ ᠪᠠ ᠬᠤᠸᠠ ᠶᠠᠩ᠎ᠤᠨ 20 ᠲᠦᠮᠡᠨ ᠲᠣᠨ ᠮᠢᠬᠠᠨ ᠤ᠋ ᠦᠬᠡᠷ ᠤ᠋ᠨ ᠡᠳ᠋ᠱᠢᠭᠦᠯᠦᠨ ᠪᠣᠯᠪᠠᠰᠤᠷᠠᠭᠤᠯᠬᠤ ᠬᠦᠢᠳᠡᠨ ᠬᠡᠯᠬᠢᠶ᠎ᠡ ᠵᠢᠨ ᠪᠠᠷᠠᠭᠠᠨ᠎ᠤ ᠭᠦᠶ᠋ᠯᠭᠡᠭᠡ ᠵᠢᠨ ᠬᠦᠷᠢᠶᠡᠯᠡᠩ ᠲᠣᠭᠣᠷᠢᠭ᠎ᠢ ᠪᠠᠢᠭᠤᠯᠵᠤ᠂ ᠪᠥᠬᠥ᠌ ᠬᠣᠱᠢᠭᠤᠨ᠎ᠤ ᠮᠢᠬᠠᠨ ᠤ᠋ ᠦᠬᠡᠷ᠎ᠢ 2012 ᠣᠨ᠎ᠳᠤ 12 ᠲᠦᠮᠡ ᠪᠠᠢᠭ᠍ᠰᠠᠨ᠎ᠡᠴᠡ 52 ᠲᠦᠮᠡ ᠪᠣᠯᠭᠠᠨ ᠨᠡᠮᠡᠭ᠌ᠳᠡᠭᠦᠯᠪᠡ; 《ᠳᠤᠮᠳᠠᠳᠤ ᠤᠯᠤᠰ᠎ᠤᠨ ᠮᠢᠬᠠᠨ ᠤ᠋ ᠦᠬᠡᠷ᠎ᠦᠨ ᠠᠵᠤ ᠦᠶ᠋ᠯᠡᠰ·ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠵᠢᠭᠠᠯᠲᠠ ᠲᠣᠭ᠎ᠠ》 ᠶ᠋ᠢ ᠰᠦᠯᠵᠢᠶᠡᠨ ᠳᠡᠭᠡᠷ᠎ᠡ ᠨᠡᠢᠲᠡᠯᠡᠵᠦ᠍᠂ ᠳᠤᠮᠳᠠᠳᠤ ᠤᠯᠤᠰ᠎ᠤᠨ ᠮᠠᠯ ᠠᠵᠤ ᠠᠬᠤᠶ᠎ᠶ᠋ᠢᠨ ᠨᠡᠢᠭᠡᠮᠯᠢᠭ᠎ᠡᠴᠡ ᠳᠤᠮᠳᠠᠳᠤ ᠤᠯᠤᠰ᠎ᠤᠨ ᠦᠬᠡᠷ᠎ᠦᠨ ᠠᠷᠠᠯᠵᠢᠶᠠᠨ᠎ᠤ ᠶᠡᠬᠡ ᠴᠤᠬᠯᠠᠭᠠᠨ᠎ᠢ ᠥᠨᠢᠳᠡ ᠡᠷᠭᠢᠯᠡᠬᠦ᠌ ᠭᠠᠵᠠᠷ᠎ᠢᠶᠠᠷ ᠲᠣᠭ᠍ᠲᠠᠭᠠᠪᠠ; ᠤᠯᠤᠰ ᠤ᠋ᠨ ᠺᠢᠨᠤ᠋ ᠦᠶ᠋ᠯᠡᠳᠬᠦ᠌ ᠰᠠᠭᠤᠷᠢᠨ᠂ ᠪᠠᠳᠤᠴᠠᠭᠠᠨ ᠤ᠋ ᠠᠮᠢ ᠠᠬᠤᠶ᠎ᠶ᠋ᠢᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠵᠡᠷᠭᠡ ᠰᠣᠶᠣᠯ ᠵᠢᠭᠤᠯᠴᠢᠯᠠᠯ᠎ᠤᠨ IP ᠎ᠶ᠋ᠢ ᠴᠣᠭ᠍ᠴᠠᠯᠠᠨ ᠪᠠᠢᠭᠤᠯᠵᠤ᠂ 《ᠨᠢᠭᠡ ᠣᠷᠣᠨ ᠭᠤᠷᠪᠠᠨ ᠱᠤᠭᠤᠮ》 ᠤ᠋ᠨ ᠪᠥᠬᠥ᠌ ᠣᠷᠣᠨ ᠪᠦᠰᠡ᠎ᠶ᠋ᠢᠨ ᠵᠢᠭᠤᠯᠴᠢᠯᠠᠯ᠎ᠤᠨ ᠪᠠᠢᠷᠢᠱᠢᠯ᠎ᠢ ᠴᠣᠭ᠍ᠴᠠᠯᠠᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠭᠤᠤᠯᠳᠠᠯᠭ᠎ᠠ᠎ᠲᠠᠶ ᠪᠣᠢᠵᠢᠭᠤᠯᠬᠤ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠢ ᠠᠭᠤᠰᠤᠯᠴᠠᠭᠤᠯᠤᠨ ᠬᠥᠭ᠌ᠵᠢᠭᠦᠯᠬᠦ᠌ ᠵᠢᠱ᠌ᠢᠶ᠎ᠡ ᠦᠵᠡᠭᠦᠯᠬᠦ᠌ ᠣᠷᠣᠨ ᠵᠢᠡᠷ ᠰᠣᠩᠭᠣᠭ᠍ᠳᠠᠪᠠ ᠁ ᠬᠠᠮᠲᠤ᠎ᠪᠠᠷ ᠪᠠᠶᠠᠵᠢᠬᠤ ᠵᠠᠮ ᠳᠡᠭᠡᠷ᠎ᠡ ᠨᠢᠭᠡ ᠬᠥᠮᠦᠨ᠎ᠢ ᠴᠦ᠍ ᠣᠷᠬᠢᠭ᠍ᠳᠠᠭᠤᠯᠵᠤ ᠪᠣᠯᠬᠤ ᠦᠭᠡᠢ᠃ 《ᠠᠮᠢ ᠠᠬᠤᠶ ᠳ᠋ᠤ ᠲᠦᠰᠢᠭᠯᠡᠬᠦ᠂ ᠶᠡᠬᠡ ᠦᠶ᠋ᠯᠡᠰ ᠪᠦᠲᠦᠭᠡᠬᠦ᠌᠂ ᠰᠣᠶᠣᠯ ᠵᠢᠭᠤᠯᠴᠢᠯᠠᠯ ᠢ᠋ ᠡᠷᠬᠢᠮᠯᠡᠬᠦ᠌》 ᠬᠥᠭ᠌ᠵᠢᠯᠲᠡ᠎ᠶ᠋ᠢᠨ ᠰᠡᠳᠭᠢᠮᠵᠢ᠎ᠶ᠋ᠢᠨ ᠲᠣᠭᠣᠷᠢᠨ᠎ᠳᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠤᠨᠴᠠᠯᠢᠬ᠍ᠳᠤ ᠠᠵᠤ ᠦᠶ᠋ᠯᠡᠰ᠎ᠢ ᠴᠣᠭ᠍ᠴᠠᠯᠠᠵᠤ᠂ ᠪᠣᠳᠠᠲᠤ ᠪᠠᠢᠳᠠᠯ᠎ᠳᠠᠭᠠᠨ ᠰᠠᠭᠤᠷᠢᠯᠠᠨ ᠣᠷᠣᠯᠭ᠎ᠠ᠎ᠪᠠᠨ ᠨᠡᠮᠡᠭ᠌ᠳᠡᠭᠦᠯᠵᠦ᠍ ᠪᠡᠶᠡᠵᠢᠯ ᠤ᠋ᠨ ᠵᠠᠮ᠎ᠢ ᠨᠡᠭᠡᠭᠡᠵᠦ᠍᠂ ᠮᠠᠯᠴᠢᠨ ᠲᠠᠷᠢᠶᠠᠴᠢᠨ᠎ᠤ ᠬᠥᠮᠦᠨ ᠳᠤᠮᠳᠠᠴᠢ᠎ᠶ᠋ᠢᠨ ᠣᠷᠣᠯᠭ᠎ᠠ ᠨᠢ 2012 ᠣᠨ᠎ᠳᠤ 4720 ᠲᠥᠭᠥᠷᠢᠭ ᠪᠠᠢᠭ᠍ᠰᠠᠨ᠎ᠡᠴᠡ᠎ᠪᠠᠨ ᠣᠲᠣ 14302 ᠲᠥᠭᠥᠷᠢᠭ ᠪᠣᠯᠵᠣ ᠂ ᠵᠣᠯ ᠵᠢᠷᠭᠠᠯᠲᠤ ᠠᠮᠢᠳᠤᠷᠠᠯ ᠡᠳᠦᠷ᠎ᠡᠴᠡ ᠡᠳᠦᠷ ᠰᠠᠢᠵᠢᠷᠠᠵᠤ ᠪᠠᠢᠨ᠎ᠠ᠃

ᠦᠨᠳᠦᠰᠦ᠎ᠶ᠋ᠢ ᠪᠣᠢᠵᠢᠭᠤᠯᠵᠤ ᠰᠦᠭ ᠰᠦᠨᠡᠰᠦ᠎ᠶ᠋ᠢ ᠱᠤᠭᠤᠵᠤ ᠰᠣᠯᠢᠯᠴᠠᠭᠠᠨ᠎ᠤ ᠲᠠᠪᠴᠠᠩ᠎ᠢ ᠪᠠᠢᠭᠤᠯᠤᠨ᠎ᠠ

《ᠠᠭᠤᠷ ᠬᠢᠯᠢᠩ ᠭᠠᠯ ᠮᠡᠲᠦ ᠲᠦᠷᠡᠯᠵᠡᠵᠦ᠂ ᠦᠨᠳᠦᠷ ᠲᠤ᠌ ᠠᠪᠠᠷᠢᠵᠤ ᠬᠡᠷᠡᠰᠭᠡ ᠲᠦᠰᠢᠬᠦ ᠳ᠋ᠤ᠂ ᠰᠢᠪᠡᠷᠡᠭᠡ ᠪᠤᠷᠤᠭᠠᠨ ᠵᠤᠭᠰᠤᠯ᠎ᠠ ᠁》 ᠪᠠᠶᠠᠨᠬᠤᠱᠢᠭᠤ ᠳᠥᠷᠪᠡᠳᠦᠭᠡᠷ ᠪᠠᠭ᠎ᠠ ᠰᠤᠷᠭᠠᠭᠤᠯᠢ᠎ᠶ᠋ᠢᠨ ᠰᠤᠷᠭᠠᠭᠤᠯᠢ᠎ᠶ᠋ᠢᠨ ᠬᠦᠷᠢᠶᠡᠨ᠎ᠳᠦ᠂ ᠬᠡᠦᠬᠡᠳ᠎ᠦᠳ ᠬᠢᠲᠠᠳ ᠬᠤᠪᠴᠠᠰᠤ ᠡᠮᠦᠰᠦᠨ 《ᠤᠯᠠᠭᠠᠨ ᠤᠢᠮ᠎ᠠ》 ᠭᠡᠬᠦ᠌ ᠬᠢᠴᠢᠶᠡᠯ᠎ᠦᠨ ᠵᠦᠴᠦᠭᠡ᠎ᠶ᠋ᠢ ᠲᠣᠭ᠍ᠯᠠᠵᠤ᠂ ᠬᠡᠦᠬᠡᠳ᠎ᠦᠨ ᠲᠠᠭᠤᠨ᠎ᠢᠶᠠᠷ ᠤᠯᠤᠰ ᠵᠢᠡᠨ ᠬᠠᠢᠷᠠᠯᠠᠬᠤ ᠬᠠᠢᠷ᠎ᠠ ᠰᠡᠳᠭᠢᠯᠭᠡ᠎ᠶ᠋ᠢ ᠳᠠᠮᠵᠢᠭᠤᠯᠪᠠ᠃ 《ᠪᠢᠳᠡ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠎ᠢ ᠡᠳᠦᠷ ᠲᠤᠲᠤᠮ᠎ᠤᠨ ᠵᠢᠭᠠᠨ ᠰᠤᠷᠭᠠᠯᠲᠠ᠎ᠳᠠᠭᠠᠨ  ᠠᠭᠤᠰᠤᠯᠴᠠᠭᠤᠯᠵᠤ᠂ ᠬᠢᠴᠢᠶᠡᠯ᠎ᠦᠨ ᠪᠢᠴᠢᠭ ᠤ᠋ᠨ ᠵᠦᠴᠦᠭᠡ᠂ ᠬᠠᠢᠴᠢᠯᠠᠮᠠᠯ᠂ ᠭᠦᠳᠦᠭᠦᠷ ᠰᠡᠢᠯᠦᠮᠡᠯ᠂ ᠤᠷᠠᠨ ᠪᠢᠴᠢᠯᠭᠡ ᠵᠡᠷᠭᠡ ᠬᠢᠴᠢᠶᠡᠯ ᠵᠢᠴᠢ ᠲᠦᠴᠢᠦᠸᠠᠨ ᠱᠢᠶᠠᠨ᠎ᠤ ᠠᠵᠢᠯᠴᠢᠨ ᠲᠠᠷᠢᠶᠠᠴᠢᠨ᠎ᠤ ᠪᠠᠭ᠎ᠠ ᠰᠤᠷᠭᠠᠭᠤᠯᠢ᠎ᠲᠠᠶ ᠬᠠᠮᠲᠤ᠎ᠪᠠᠷ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠬᠦ᠌᠎ᠪᠡᠷ ᠳᠠᠮᠵᠢᠨ᠂ ᠦᠨᠳᠦᠰᠦᠲᠡᠨ ᠨᠤᠭᠦᠳ᠎ᠦᠨ ᠰᠤᠷᠤᠭ᠍ᠴᠢᠳ᠎ᠤᠨ ᠬᠣᠭᠣᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠨᠡᠮᠡᠭ᠌ᠳᠡᠭᠦᠯᠵᠦ᠍᠂ ᠦᠨᠳᠦᠰᠦᠲᠡᠨ᠎ᠦ ᠪᠦᠯᠬᠦᠮᠳᠡᠯ᠎ᠦᠨ ᠤᠬᠠᠮᠰᠠᠷ᠎ᠢ ᠰᠤᠷᠤᠭ᠍ᠴᠢᠳ᠎ᠤᠨ ᠰᠡᠳᠭᠢᠯ᠎ᠳᠦ ᠦᠨᠳᠦᠰᠦᠯᠡᠭᠦᠯᠦᠨ ᠰᠣᠶᠣᠭᠠᠯᠠᠭᠤᠯᠵᠤ ᠪᠠᠢᠨ᠎ᠠ》 ᠭᠡᠵᠦ᠍ ᠪᠠᠶᠠᠨᠬᠤᠱᠢᠭᠤ ᠳᠥᠷᠪᠡᠳᠦᠭᠡᠷ ᠪᠠᠭ᠎ᠠ ᠰᠤᠷᠭᠠᠭᠤᠯᠢ᠎ᠶ᠋ᠢᠨ ᠵᠠᠬᠢᠷᠤᠯ ᠴᠦᠨ ᠯᠢᠶᠠᠩ ᠬᠡᠯᠡᠪᠡ᠃

ᠡᠢᠮᠦᠷᠬᠦᠥ 《ᠨᠡᠪᠴᠢᠮᠡᠯ ᠮᠠᠶᠢᠭ᠎ᠤᠨ ᠰᠤᠷᠭᠠᠨ ᠬᠥᠮᠦᠵᠢᠯ》 ᠨᠢ ᠨᠢᠭᠡᠨᠲᠡ ᠰᠤᠷᠭᠠᠭᠤᠯᠢ᠎ᠶ᠋ᠢᠨ ᠬᠦᠷᠢᠶᠡᠨ᠎ᠦ ᠬᠦᠷᠢᠶ᠎ᠡ ᠬᠡᠷᠡᠮ᠎ᠢ ᠳᠠᠪᠠᠭ᠍ᠰᠠᠨ ᠪᠠᠢᠨ᠎ᠠ᠃ ᠪᠠᠶᠠᠨᠬᠤᠱᠢᠭᠤ ᠪᠠᠯᠭᠠᠰᠤ᠎ᠶ᠋ᠢᠨ ᠤᠰᠤᠨ ᠭᠠᠴᠠᠭ᠎ᠠ᠎ᠶ᠋ᠢᠨ ᠰᠤᠷᠤᠯᠴᠠᠯᠭ᠎ᠠ᠎ᠶ᠋ᠢᠨ ᠬᠢᠴᠢᠶᠡᠯ᠎ᠦᠨ ᠲᠠᠩᠬᠢᠮ᠎ᠳᠤ᠂ ᠤᠯᠠᠭᠠᠨ ᠪᠠᠳᠤᠴᠠᠭᠠᠨ ᠤᠨᠤᠯ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ ᠨᠤᠲᠤᠭ᠎ᠤᠨ ᠠᠶᠠᠯᠭᠤ ᠨᠤᠲᠤᠭ᠎ᠤᠨ ᠬᠡᠯᠡ᠎ᠪᠡᠷ ᠤᠮᠠᠷᠠᠲᠤ ᠬᠢᠯᠢ᠎ᠶ᠋ᠢᠨ ᠰᠣᠶᠣᠯ᠎ᠤᠨ ᠪᠠᠶᠠᠯᠢᠭ ᠠᠭᠤᠯᠬᠤᠨ ᠪᠠ ᠥᠪᠡᠷᠮᠢᠴᠡ ᠱᠢᠳᠢ᠎ᠶ᠋ᠢ ᠲᠣᠭᠠᠴᠢᠵᠤ᠂ ᠨᠠᠮ᠎ᠤᠨ ᠭᠡᠱᠢᠭᠦᠨ ᠺᠠᠳ᠋ᠷ ᠪᠠ ᠮᠠᠯᠴᠢᠳ ᠰᠡᠳᠭᠢᠯ ᠲᠠᠯᠪᠢᠨ ᠰᠣᠨᠣᠰᠤᠨ᠎ᠠ᠃

ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ ᠨᠢ ᠬᠣᠱᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ᠎ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠵᠢᠨ ᠤᠬᠠᠮᠰᠠᠷ᠎ᠢ ᠪᠠᠲᠤ ᠴᠣᠭ᠍ᠴᠠᠯᠠᠬᠤ᠎ᠵᠢ ᠠᠬᠢᠭᠤᠯᠬᠤ ᠬᠤᠷᠠᠯ᠎ᠢ 207 ᠤᠳᠠᠭ᠎ᠠ ᠵᠣᠬᠢᠶᠠᠨ ᠪᠠᠢᠭᠤᠯᠵᠤ᠂ ᠤᠯᠠᠭᠠᠨ ᠪᠠᠳᠤᠴᠠᠭᠠᠨ ᠣᠨᠣᠯ ᠤᠬᠠᠭᠤᠯᠤᠨ ᠲᠠᠢᠯᠪᠤᠷᠢᠯᠠᠬᠤ᠂ ᠤᠯᠠᠭᠠᠨ ᠪᠠᠳᠤᠴᠠᠭᠠᠨ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌᠂ ᠤᠯᠠᠭᠠᠨ ᠪᠠᠳᠤᠴᠠᠭᠠᠨ ᠬᠠᠤᠯᠢ᠎ᠪᠠᠷ ᠵᠠᠰᠠᠬᠤ ᠤᠬᠠᠭᠤᠯᠭ᠎ᠠ᠂ ᠤᠯᠠᠭᠠᠨ ᠪᠠᠳᠤᠴᠠᠭᠠᠨ ᠵᠠᠯᠠᠭᠤᠴᠤᠳ ᠪᠠᠭᠠᠴᠤᠳ᠎ᠢ ᠬᠠᠪᠰᠤᠷᠤᠨ ᠵᠢᠯᠣᠭᠣᠳᠭᠤ᠂ ᠤᠯᠠᠭᠠᠨ ᠪᠠᠳᠤᠴᠠᠭᠠᠨ ᠤᠯᠠᠨ ᠡᠷᠳᠡᠮᠳᠡᠳ ᠬᠥᠲᠥᠯᠥᠨ ᠳᠠᠭᠠᠭᠤᠯᠬᠤ᠂ ᠤᠯᠠᠭᠠᠨ ᠪᠠᠳᠤᠴᠠᠭᠠᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠬᠦ᠌ ᠵᠡᠷᠭᠡ 6 ᠡᠩᠨᠡᠭᠡ᠎ᠶ᠋ᠢ ᠪᠠᠢᠭᠤᠯᠵᠤ᠂ 《ᠠᠨᠠᠷ᠎ᠤᠨ ᠦᠷ᠎ᠡ ᠰᠢᠭ ᠰᠡᠳᠭᠢᠯ ᠨᠢᠭᠡᠳᠦᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌》 ᠱᠢᠷᠢᠰ ᠭᠤᠤᠯ ᠰᠡᠳᠦᠪᠲᠦ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠰᠡᠳᠭᠢᠯ᠎ᠳᠡᠭᠡᠨ ᠱᠢᠩᠭᠡᠭᠡᠵᠦ᠍᠂ ᠠᠵᠢᠯᠯᠠᠭ᠎ᠠ᠎ᠳᠠᠭᠠᠨ ᠢᠯᠡᠷᠡᠭᠦᠯᠪᠡ᠃

ᠡᠭᠦᠨ᠎ᠦ ᠬᠠᠮᠲᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ ᠠᠭᠠᠷ ᠳᠡᠭᠡᠷᠡᠬᠢ᠂ ᠰᠦᠯᠵᠢᠶᠡᠨ ᠳᠡᠭᠡᠷᠡᠬᠢ᠂ ᠲᠥᠪᠯᠡᠷᠡᠩᠭᠦᠶ᠂ ᠨᠡᠭᠦᠳᠡᠯ 《ᠳᠥᠷᠪᠡᠨ ᠬᠡᠮᠵᠢᠯᠳᠦ ᠶᠠᠷᠢᠶᠠᠨ᠎ᠤ ᠲᠠᠩᠬᠢᠮ》 ᠎ᠢ᠋ ᠪᠠᠢᠭᠤᠯᠵᠤ᠂ 《ᠭᠠᠴᠠᠭ᠎ᠠ ᠲᠣᠰᠭᠣᠨ᠎ᠤ ᠲᠠᠭᠤᠨ》 ᠭᠡᠬᠦ ᠲᠣᠮᠣ ᠪᠦᠷᠢᠶ᠎ᠡ᠎ᠵᠢᠨ ᠠᠭᠠᠷ ᠳᠡᠭᠡᠷᠡᠬᠢ ᠶᠠᠷᠢᠶᠠᠨ᠎ᠤ ᠲᠠᠩᠬᠢᠮ᠂ ᠱᠢᠨ᠎ᠡ ᠵᠠᠭᠤᠴᠢᠯᠠᠭᠤᠷ᠎ᠤᠨ ᠲᠠᠪᠴᠠᠩ᠎ᠤᠨ ᠰᠦᠯᠵᠢᠶᠡᠨ ᠳᠡᠭᠡᠷᠡᠬᠢ ᠶᠠᠷᠢᠶᠠᠨ᠎ᠤ ᠲᠠᠩᠬᠢᠮ᠂ ᠱᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠶ᠋ᠯᠡᠳᠦᠯᠭᠡ᠎ᠶ᠋ᠢᠨ ᠰᠤᠷᠤᠯᠴᠠᠯᠭ᠎ᠠ᠎ᠶ᠋ᠢᠨ ᠵᠢᠭ᠍ᠰᠠᠭᠠᠯ᠎ᠤᠨ ᠭᠠᠵᠠᠷ᠎ᠤᠨ ᠲᠥᠪᠯᠡᠷᠡᠩᠭᠦᠶ ᠶᠠᠷᠢᠶᠠᠨ᠎ᠤ ᠲᠠᠩᠬᠢᠮ᠂ 《ᠬᠡᠷ᠎ᠦᠨ ᠡᠭᠦᠳᠡᠨ》 ᠳ᠋ᠡᠬᠢ ᠨᠡᠭᠦᠳᠡᠯ ᠶᠠᠷᠢᠶᠠᠨ᠎ᠤ ᠲᠠᠩᠬᠢᠮ᠎ᠳ᠋ᠤ ᠲᠦᠱᠢᠭ᠌ᠯᠡᠨ᠂ 《ᠳᠥᠷᠪᠡ᠎ᠶ᠋ᠢ ᠨᠢᠭᠡ ᠴᠣᠭ᠍ᠴᠠᠵᠢᠭᠤᠯᠬᠤ》 ᠤᠬᠠᠭᠤᠯᠭ᠎ᠠ ᠬᠥᠮᠦᠵᠢᠯ᠎ᠦᠨ ᠵᠠᠭ᠍ᠪᠤᠷ᠎ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠦ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠬᠤ᠎ᠶ᠋ᠢ ᠪᠥᠬᠥ᠌ ᠲᠠᠯ᠎ᠠ᠎ᠪᠠᠷ ᠬᠥᠲᠥᠯᠥᠨ ᠵᠢᠯᠣᠭᠣᠳᠪᠠ᠃

ᠠᠭᠤᠰᠤᠯᠴᠠᠨ ᠬᠠᠷᠢᠯᠴᠠᠨ ᠠᠬᠢᠭᠤᠯᠵᠤ  ᠵᠣᠯ ᠵᠢᠷᠭᠠᠯ᠎ᠤᠨ ᠵᠢᠭᠠᠯᠲᠠ ᠲᠣᠭ᠎ᠠ᠎ᠶ᠋ᠢ ᠳᠡᠭᠡᠭ᠌ᠰᠢᠯᠡᠭᠦᠯᠦᠨ᠎ᠡ

《ᠴᠢᠶᠠᠨ ᠢᠦᠢ ᠷᠦᠩ 1300 ᠲᠥᠭᠥᠷᠢᠭ᠂ ᠯᠢᠦ ᠺᠠᠢ ᠬᠤᠸᠠ 2600 ᠲᠥᠭᠥᠷᠢᠭ᠂ ᠵᠢᠨ ᠷᠦᠩ 2600 ᠲᠥᠭᠥᠷᠢᠭ ᠁》  ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠮᠣᠩᠭᠣᠯ ᠦᠨᠳᠦᠰᠦᠲᠡᠨ᠎ᠦ ᠬᠠᠳᠭᠤᠮᠠᠯ᠎ᠤᠨ ᠲᠠᠰᠤᠭ᠎ᠲᠤ᠂ ᠬᠠᠳᠭᠤᠮᠠᠯᠴᠢᠳ᠎ᠤᠨ ᠴᠢᠷᠠᠢ᠎ᠳᠤ ᠢᠨᠢᠶᠡᠮᠰᠦᠭ᠌ᠯᠡᠯ ᠲᠣᠳᠣᠷᠠᠵᠤ᠂ ᠡᠮᠬᠢ ᠳᠢᠭ᠌ᠯᠢᠮ᠎ᠲᠡᠶ ᠪᠡᠷ ᠮᠥᠷᠯᠡᠵᠦ᠍᠂ ᠵᠠᠬᠢᠶᠠᠯᠠᠭ᠎ᠠ᠎ᠶ᠋ᠢᠨ ᠬᠠᠭᠤᠳᠠᠰᠤ ᠪᠠᠨ ᠠᠳᠬᠤᠨ ᠴᠠᠯᠢᠩ᠎ᠢᠶᠠᠨ ᠲᠤᠰᠴᠤ ᠪᠠᠢᠯ᠎ᠠ᠃ ᠲᠡᠳᠡ ᠠᠳᠠᠯᠢ ᠪᠤᠰᠤ ᠦᠨᠳᠦᠰᠦᠲᠡᠨ᠂ ᠠᠳᠠᠯᠢ ᠪᠤᠰᠤ ᠨᠠᠰᠤ ᠵᠢᠯ ᠲᠠᠢ᠂ ᠭᠡᠪᠡᠴᠦ ᠣᠯᠠᠨ᠎ᠢᠶᠠᠷ᠎ᠢᠶᠠᠨ ᠬᠠᠳᠭᠤᠮᠠᠯ᠎ᠠᠴᠠ ᠪᠣᠯᠵᠤ ᠡᠨᠳᠡ ᠴᠤᠭ᠍ᠯᠠᠷᠠᠪᠠ᠃

《ᠦᠶ᠋ᠯᠡᠳᠪᠦᠷᠢ᠎ᠶ᠋ᠢᠨ ᠲᠠᠰᠤᠭ᠎ᠲᠤ᠂ ᠪᠢᠳᠡ ᠨᠢᠭᠡᠳᠦᠯᠲᠡᠶ ᠪᠣᠯᠪᠠᠰᠤᠷᠠᠯ ᠬᠢᠵᠦ᠍᠂ ᠬᠠᠮᠢᠶᠠᠷᠴᠤ᠌᠂ ᠵᠠᠬᠢᠶᠠᠯᠠᠭ᠎ᠠ ᠵᠢ ᠭᠥᠯᠢᠶᠡᠨ ᠠᠪᠴᠤ᠌᠂ ᠳ᠋ᠦᠩᠨᠡᠨ ᠪᠤᠳᠤᠵᠤ᠂ ᠣᠯᠠᠨ᠎ᠢᠶᠠᠷ᠎ᠢᠶᠠᠨ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠳᠡᠮᠵᠢᠵᠦ᠍᠂ ᠬᠠᠮᠲᠤ᠎ᠪᠠᠷ ᠬᠥᠭ᠌ᠵᠢᠪᠡ》᠃ ᠳᠤᠮᠳᠠᠳᠤ ᠤᠯᠤᠰ᠎ᠤᠨ ᠨᠡᠬᠡᠮᠡᠯ᠎ᠦᠨ ᠪᠣᠳᠠᠰ᠎ᠤᠨ ᠪᠤᠰᠤ ᠰᠣᠶᠣᠯ᠎ᠤᠨ ᠥᠪ᠎ᠢ ᠳᠡᠯᠭᠡᠷᠡᠭᠦᠯᠬᠦ᠌ ᠡᠯᠴᠢᠨ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠮᠣᠩᠭᠣᠯ ᠦᠨᠳᠦᠰᠦᠲᠡᠨ᠎ᠦ ᠬᠠᠳᠭᠤᠮᠠᠯ᠎ᠤᠨ ᠠᠵᠤ ᠦᠶ᠋ᠯᠡᠰ᠎ᠢ ᠠᠬᠢᠭᠤᠯᠬᠤ ᠳᠤᠭᠤᠢᠯᠠᠩ᠎ᠤᠨ ᠳᠠᠷᠤᠭ᠎ᠠ ᠪᠠᠶ ᠵᠢᠩ ᠶᠢᠩ ᠨᠢᠳᠦᠨ ᠡᠮᠦᠨᠡᠬᠢ ᠬᠠᠳᠭᠤᠮᠠᠯ᠎ᠤᠨ ᠪᠦᠲᠦᠭᠡᠯ᠎ᠵᠢᠡᠨ ᠬᠥᠩᠭᠡᠬᠡᠨ ᠢᠯᠪᠢᠵᠦ᠄ 《ᠡᠨᠡ ᠵᠢᠷᠤᠭ ᠳᠡᠭᠡᠷᠡᠬᠢ 56 ᠠᠨᠠᠷ᠎ᠤᠨ ᠦᠷ᠎ᠡ ᠪᠣᠯ ᠮᠠᠨ᠎ᠤ ᠦᠨᠳᠦᠰᠦᠲᠡᠨ᠎ᠨᠦᠭᠦᠳ᠎ᠦᠨ ᠬᠠᠳᠭᠤᠮᠠᠯᠴᠢᠳ᠎ᠤᠨ ᠨᠢᠭᠡ ᠵᠡᠭᠦᠦ᠍ ᠨᠢᠭᠡ ᠤᠳᠠᠰᠤ᠎ᠪᠡᠷ ᠬᠠᠳᠭᠤᠨ ᠭᠠᠷᠭᠠᠭ᠍ᠰᠠᠨ ᠪᠦᠯᠬᠦᠮᠳᠡᠯ ᠎ᠤᠨ ᠲᠤᠭ ᠲᠡᠮᠳ᠋ᠨᠭ  ᠮᠥᠨ》 ᠭᠡᠪᠠ᠃

ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠥᠪ᠎ᠦᠨ ᠲᠡᠯᠡᠭᠡᠨᠮᠤᠳᠤ᠎ᠵᠢᠨ ᠣᠷᠣᠨ ᠪᠦᠰᠡ᠎ᠶ᠋ᠢᠨ ᠴᠢᠨᠠᠷᠲᠠᠶ ᠨᠠᠰᠤᠲᠠᠨ᠎ᠢ ᠠᠰᠠᠷᠠᠬᠤ ᠬᠦᠷᠢᠶᠡᠯᠡᠩ᠎ᠳᠦ᠂ ᠰᠠᠷ᠎ᠠ ᠪᠦᠷᠢ᠎ᠶ᠋ᠢᠨ ᠬᠠᠮᠲᠤ᠎ᠶ᠋ᠢᠨ ᠲᠥᠷᠥᠭ᠌ᠰᠡᠨ ᠡᠳᠦᠷ᠎ᠦᠨ ᠴᠤᠭ᠍ᠯᠠᠭᠠᠨ ᠶᠠᠪᠤᠭ᠍ᠳᠠᠵᠤ᠂ ᠪᠣᠭᠣᠷᠰᠣᠭ ᠳᠡᠭᠡᠷᠡᠬᠢ ᠯᠡ᠎ᠶ᠋ᠢᠨ ᠬᠡᠷᠡᠯ᠎ᠳᠦᠨᠢ ᠨᠠᠰᠤᠲᠠᠢᠴᠤᠳ᠎ᠤᠨ ᠦᠷᠴᠢᠯᠡᠭᠡᠰᠦ ᠳᠦᠭᠦᠷᠡᠩ ᠴᠢᠷᠠᠢ ᠳ᠋ᠤ ᠢᠨᠢᠶᠡᠮᠰᠦᠭ᠌ᠯᠡᠯ ᠲᠣᠳᠣᠷᠠᠨ᠎ᠠ᠃ 《ᠡᠨᠳᠡᠬᠢ ᠨᠢ ᠨᠠᠰᠤᠲᠠᠨ᠎ᠢ ᠠᠰᠠᠷᠠᠬᠤ ᠬᠦᠷᠢᠶᠡᠯᠡᠩ ᠪᠣᠯᠬᠤ᠎ᠪᠠᠷ ᠪᠠᠷᠠᠬᠤ ᠥᠬᠡᠶ ᠨᠠᠩ ᠴᠤ᠌ ᠦᠨᠳᠦᠰᠦᠲᠡᠨ᠎ᠦ ᠪᠦᠯᠬᠦᠮᠳᠡᠯ᠎ᠦᠨ ᠬᠠᠯᠠᠭᠤᠨ ᠳᠤᠯᠠᠭᠠᠨ ᠬᠡᠷ ᠣᠷᠣᠨ ᠪᠣᠯᠤᠨ᠎ᠠ᠂ ᠪᠢᠳᠡ ᠦᠨᠳᠦᠰᠦᠲᠡᠨ᠎ᠨᠦᠭᠦᠳ᠎ᠦᠨ ᠨᠠᠰᠤᠲᠠᠢᠴᠤᠳ᠎ᠢ ᠠᠮᠤᠷ ᠠᠮᠤᠭᠤᠯᠠᠩ᠎ᠢᠶᠠᠷ ᠥᠲᠡᠯᠦᠭᠡ ᠨᠠᠰᠤ᠎ᠪᠠᠨ ᠥᠩᠭᠡᠷᠡᠭᠦᠯᠦᠨ᠎ᠡ》᠃ ᠲᠡᠯᠡᠭᠡᠨᠮᠤᠳᠤ᠎ᠵᠢᠨ ᠣᠷᠣᠨ ᠪᠦᠰᠡ᠎ᠶ᠋ᠢᠨ ᠴᠢᠨᠠᠷᠲᠠᠶ ᠨᠠᠰᠤᠲᠠᠨ᠎ᠢ ᠠᠰᠠᠷᠠᠬᠤ ᠬᠦᠷᠢᠶᠡᠯᠡᠩ᠎ᠦᠨ ᠳᠠᠷᠤᠭ᠎ᠠ ᠦ᠋ ᠶᠦᠩ ᠱᠧᠩ ᠂ ᠡᠨᠳᠡ ᠰᠣᠶᠣᠯ᠎ᠤᠨ ᠬᠠᠮᠲᠤ᠎ᠶ᠋ᠢᠨ ᠲᠠᠨᠢᠯᠲᠠ ᠨᠢ ᠴᠠᠶ ᠵᠥᠭᠡᠭᠡᠬᠦ᠌ ᠡᠮ ᠬᠦᠷᠭᠡᠬᠦ᠌ ᠵᠢᠵᠢᠭ ᠰᠠᠵᠢᠭ ᠵᠦᠶ᠋ᠯᠡᠰ᠎ᠦᠨ ᠳᠤᠮᠳᠠ ᠪᠣᠶ ᠪᠣᠯᠵᠡᠶ ᠭᠡᠪᠡ᠃

ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠲᠡᠮᠡᠴᠡᠬᠦ᠌ ᠬᠠᠷᠠᠯᠲᠠ᠎ᠪᠠᠨ ᠪᠣᠯᠭᠠᠬᠤ᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠢ ᠶᠡᠬᠡ᠎ᠪᠡᠷ ᠪᠠᠲᠤᠯᠠᠨ ᠰᠠᠢᠵᠢᠷᠠᠭᠤᠯᠵᠤ᠂ ᠦᠨᠳᠦᠰᠦᠲᠡᠨ᠎ᠦ ᠪᠦᠯᠬᠦᠮᠳᠡᠯ᠎ᠢ ᠦᠨᠳᠦᠰᠦᠨ ᠱᠠᠲᠤᠨ᠎ᠤ ᠵᠠᠰᠠᠯᠲᠠ᠎ᠶ᠋ᠢᠨ ᠪᠥᠬᠥ᠌ ᠬᠡᠯᠬᠢᠶ᠎ᠡ᠎ᠳᠦ ᠠᠭᠤᠰᠤᠯᠴᠠᠭᠤᠯᠬᠤ᠎ᠶ᠋ᠢ ᠠᠬᠢᠭᠤᠯᠵᠤ᠂ ᠤᠯᠤᠰ ᠲᠥᠷᠥ᠍᠂ ᠬᠠᠤᠯᠢ᠎ᠪᠠᠷ ᠵᠠᠰᠠᠬᠤ᠂ ᠮᠣᠷᠠᠯ᠎ᠢᠶᠠᠷ ᠵᠠᠰᠠᠬᠤ᠂ ᠥᠪᠡᠷ ᠲᠡᠭᠡᠨ ᠵᠠᠰᠠᠬᠤ᠂ ᠣᠶᠤᠨᠴᠢ᠎ᠪᠠᠷ ᠵᠠᠰᠠᠬᠤ 《ᠲᠠᠪᠤ᠎ᠶ᠋ᠢ ᠵᠠᠰᠠᠬᠤ᠎ᠵᠢ ᠠᠭᠤᠰᠤᠯᠴᠠᠭᠤᠯᠬᠤ》 ᠣᠢᠯᠠᠭᠠᠭ᠍ᠳᠠᠬᠤᠨ᠎ᠢᠶᠠᠷ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃

《ᠮᠠᠨ᠎ᠤ ᠪᠥᠬᠥ᠌ ᠬᠣᠱᠢᠭᠤᠨ᠎ᠤ 12 ᠰᠤᠮᠤ ᠪᠠᠯᠭᠠᠰᠤ᠂ 173 ᠭᠠᠴᠠᠭ᠎ᠠ ᠴᠥᠮ ᠨᠡᠢᠭᠡᠮ᠎ᠦᠨ ᠵᠠᠰᠠᠯᠲᠠ᠎ᠶ᠋ᠢᠨ ᠲᠥᠪ ᠪᠠᠢᠭᠤᠯᠵᠤ᠂ 〈ᠠᠨᠠᠷ᠎ᠤᠨ ᠦᠷ᠎ᠡ᠎ᠬᠡᠷ ᠣᠷᠣᠨ〉᠎ᠤ᠋ ᠪᠥᠲᠥᠭᠡᠨ ᠪᠠᠢᠭᠤᠯᠤᠯᠲᠠ᠎ᠶ᠋ᠢ ᠥᠷᠨᠢᠭᠦᠯᠬᠦ᠌᠎ᠪᠡᠷ ᠳᠠᠮᠵᠢᠨ᠂ ᠱᠢᠭᠢᠳᠭᠡᠯᠳᠦ ᠮᠠᠶᠢᠭ᠎ᠤᠨ ᠨᠡᠢᠭᠡᠮ ᠲᠣᠭᠣᠷᠢᠭ᠎ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠡᠶ᠎ᠡ ᠨᠠᠢᠷ ᠲᠠᠶ᠎ᠪᠠᠷ ᠬᠠᠮᠲᠤ ᠣᠷᠣᠱᠢᠭ᠍ᠰᠠᠨ ᠠᠮᠤᠷ ᠠᠮᠤᠭᠤᠯᠠᠩ ᠬᠡᠷ ᠣᠷᠣᠨ᠎ᠢ ᠬᠦᠴᠦᠯᠡᠨ ᠪᠠᠢᠭᠤᠯᠪᠠ》 ᠭᠡᠵᠦ᠍ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ᠂ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠮᠠᠨᠳᠤᠯ᠎ᠠ ᠬᠡᠯᠡᠪᠡ᠃

ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ ᠦᠨᠡᠨ ᠪᠤᠲᠠᠲᠠᠢ ᠪᠦᠲᠦᠮᠵᠢᠲᠠᠢ ᠠᠷᠭ᠎ᠠ ᠪᠣᠳᠣᠯᠭ᠎ᠠ᠂ ᠦᠢᠯᠡ ᠠᠵᠢᠯᠯᠠᠭ᠎ᠠ᠂ ᠵᠠᠰᠠᠯᠲᠠ᠎ᠪᠠᠷ ᠤᠮᠠᠷᠠᠲᠤ᠎ᠶ᠋ᠢᠨ ᠡᠬᠡ ᠭᠠᠵᠠᠷ᠎ᠲᠤ ᠦᠨᠳᠦᠰᠦᠲᠡᠨ᠎ᠦ ᠭᠠᠵᠠᠷ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢᠨ ᠠᠮᠢᠳᠤᠯᠢᠭ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭ᠌ᠯᠡᠵᠦ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号