《ᠳᠡᠯᠡᠬᠡᠶ᠎ᠶ᠋ᠢᠨ ᠳᠡᠰ᠎ᠤᠨ ᠬᠠᠳᠠᠭᠠᠯᠠᠭ᠍ᠳᠠᠴᠠ》 ᠡᠴᠡ 《ᠳᠡᠯᠡᠬᠡᠶ᠎ᠶ᠋ᠢᠨ ᠳᠡᠰ᠎ᠤᠨ ᠠᠵᠤ ᠦᠢᠯᠡᠰ》 ᠲᠡᠢᠰᠢ ᠤᠷᠤᠭ᠍ᠰᠢᠯᠠᠵᠦ ᠪᠤᠭᠤᠲᠤ᠎ᠶ᠋ᠢᠨ ᠬᠣᠪᠣᠷ ᠱᠢᠷᠣᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠬᠦᠷᠢᠶ᠎ᠡ᠎ᠵᠢ ᠭᠡᠷᠡᠯᠳᠦᠭᠦᠯᠪᠡ
2025-08-05 09:44:00
ᠵᠣᠬᠢᠶᠠᠭ᠍ᠴᠢ᠄
​ ᠼᠠᠢ ᠳ᠋ᠦᠩ ᠮᠧᠶ
ᠣᠩᠱᠢᠭ᠍ᠰᠠᠨ ᠣᠳᠠᠭ᠎ᠠ᠄
★★★☆☆

ᠤᠨᠤᠴᠠᠲᠠᠢ ᠪᠡᠷ ᠳᠤᠯᠠᠭᠠᠨ᠎ᠢ ᠡᠵᠡᠮᠳᠡᠵᠦ ᠴᠢᠬᠢᠭ᠎ᠢ ᠲᠤᠬᠢᠷᠠᠭᠤᠯᠬᠤ ᠦᠭᠡᠢ ᠴᠤ᠌ ᠭᠡᠰᠡᠨ ᠦᠵᠡᠭᠦᠯᠭᠡ᠎ᠵᠢᠨ ᠲᠤᠭᠤᠷᠢᠭ᠎ᠤᠨ ᠢᠳᠡᠰᠢᠨ ᠨᠤᠭᠤᠭ᠎ᠠ ᠰᠢᠨ᠎ᠡ ᠰᠤᠷᠭᠤᠭ ᠬᠡᠪ᠎ᠵᠢᠡᠷ᠎ᠵᠢᠡᠨ ᠪᠠᠢᠨ᠎ᠠ᠃ ᠥᠪᠥᠷ ᠮᠣᠩᠭᠣᠯ᠎ᠤᠨ ᠭᠦᠸᠧ ᠴᠤᠸᠠᠩ ᠬᠣᠪᠣᠷ ᠰᠢᠷᠤᠢ᠎ᠵᠢᠨ ᠦᠢᠯᠡᠳᠭᠦᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠤᠷᠭᠤᠮᠠᠯ᠎ᠤᠨ ᠦᠶ᠋ᠯᠡᠳᠪᠦᠷᠢ᠎ᠳᠦ ᠢᠳᠡᠱᠢᠨ ᠨᠣᠭᠣᠭ᠎ᠠ᠎ᠶ᠋ᠢᠨ  ᠳᠡᠭᠡᠷᠡᠬᠢ ᠬᠣᠪᠣᠷ ᠱᠢᠷᠣᠶ᠎ᠶ᠋ᠢᠨ ᠤᠷᠭᠤᠮᠠᠯ᠎ᠳᠤ ᠭᠡᠷᠡᠯ ᠨᠥᠬᠥᠪᠥᠷᠢᠯᠡᠬᠦ᠌ ᠳ᠋ᠧᠩ᠎ᠦᠨ ᠳᠣᠲᠣᠷ᠎ᠠ ᠨᠢᠭᠤᠴᠠ ᠲᠠᠢ ᠪᠠᠢᠳᠠᠭ᠃ ᠲᠡᠷᠡ ᠨᠢ ᠴᠢᠬᠢ ᠪᠣᠢᠵᠢᠭᠤᠯᠬᠤ ᠬᠤᠭᠤᠴᠠᠭ᠎ᠠ ᠪᠣᠯᠤᠨ ᠴᠡᠴᠡᠭ᠌ᠯᠡᠬᠦ᠌ ᠬᠤᠭᠤᠴᠠᠭᠠᠨ᠎ᠤ ᠤᠯᠠᠭᠠᠨ ᠬᠥᠬᠡ ᠬᠡᠷᠡᠯ᠎ᠦᠨ ᠬᠠᠷᠢᠴᠠᠯ᠎ᠢ ᠣᠨᠣᠪᠴᠢᠲᠠᠶ ᠲᠣᠬᠢᠷᠠᠭᠤᠯᠵᠤ᠂ ᠦᠨᠳᠦᠰᠦ᠎ᠶ᠋ᠢᠨ ᠱᠢᠰᠲ᠋ᠧᠮ᠎ᠦᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠂ ᠴᠡᠴᠡᠭ ᠵᠢᠮᠢᠰ᠎ᠦᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠵᠦ᠍᠂ ᠲᠠᠷᠢᠮᠠᠯ᠎ᠢ ᠪᠠᠷᠤᠬᠳᠠᠢ ᠣᠷᠴᠢᠨ᠎ᠳᠤ ᠴᠤ᠌ ᠠᠮᠢᠵᠢᠷᠠᠯ᠎ᠤᠨ ᠬᠦᠴᠦᠨ᠎ᠢᠶᠡᠷ ᠪᠢᠯᠬᠠᠮ᠎ᠠ ᠪᠣᠯᠭᠠᠳᠠᠭ᠃ ᠡᠨᠡ ᠨᠢ ᠵᠥᠪᠬᠡᠨ ᠪᠤᠭᠤᠲᠤ᠎ᠶ᠋ᠢᠨ ᠬᠣᠪᠣᠷ ᠱᠢᠷᠣᠶ᠎ᠶ᠋ᠢᠨ 《ᠳᠠᠯᠠᠨ ᠬᠣᠶᠠᠷ ᠬᠤᠪᠢᠷᠬᠠᠸ᠋ ᠡᠷᠳᠡᠮ》᠎ᠤ᠋ᠨ ᠨᠢᠭᠡ ᠲᠡᠳᠦᠢ ᠪᠢᠯᠡ᠃

ᠲᠦᠷᠦᠬᠦᠬᠡᠨ ᠰᠤᠷᠪᠤᠯᠵᠢᠯᠠᠭ᠍ᠴᠢ ᠥᠪᠥᠷ ᠮᠣᠩᠭᠣᠯ᠎ᠤᠨ ᠭᠦᠸᠧ ᠴᠤᠸᠠᠩ ᠬᠣᠪᠣᠷ ᠰᠢᠷᠤᠢ᠎ᠵᠢᠨ ᠦᠢᠯᠡᠳᠭᠦᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠤᠷᠭᠤᠮᠠᠯ᠎ᠤᠨ ᠦᠶ᠋ᠯᠡᠳᠪᠦᠷᠢ᠎ᠳᠦ ᠠᠵᠢᠯᠲᠠᠳ ᠬᠥᠬᠡ ᠬᠡᠷᠡᠯ᠎ᠢ ᠬᠡᠷᠡᠮ ᠳᠡᠭᠡᠷ᠎ᠡ ᠳᠤᠰᠬᠠᠵᠤ ᠂ ᠬᠦᠯᠡᠮᠵᠢ᠎ᠶ᠋ᠢᠨ ᠬᠡᠷᠡᠯ᠎ᠬᠤᠪᠢᠷᠠᠭᠤᠯᠬᠤ ᠬᠠᠯᠢᠰᠤ᠎ᠲᠠᠶ ᠬᠠᠷᠢᠴᠠᠭᠤᠯᠬᠤ᠎ᠳᠤ ᠬᠡᠷᠡᠯ᠎ᠤᠨ ᠥᠩᠭᠡ᠎ᠨᠢ ᠭᠱᠠᠨ ᠵᠠᠭᠤᠷ᠎ᠠ ᠬᠥᠬᠡ᠎ᠠᠴᠠ᠎ᠪᠠᠨ ᠤᠯᠠᠭᠠᠨ ᠪᠤᠯᠵᠤ ᠬᠤᠪᠢᠷᠠᠬᠰᠠᠨ᠎ᠢ ᠤᠯᠵᠤ ᠬᠠᠷᠠᠪᠠ᠃ ᠭᠦᠸᠧ ᠴᠤᠸᠠᠩ ᠬᠣᠪᠣᠷ ᠰᠢᠷᠤᠢ᠎ᠵᠢᠨ ᠦᠢᠯᠡᠳᠭᠦᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠸᠠᠩ ᠷᠦᠢ ᠨᠢᠭᠤᠴᠠ ᠠᠷᠭ᠎ᠠ᠎ᠵᠢᠨ ᠵᠢᠡᠨ ᠲᠤᠬᠠᠢ᠄ 《ᠬᠤᠤᠷᠲᠠᠶ ᠬᠥᠬᠡ ᠬᠡᠷᠡᠯ ᠨᠢ ᠬᠡᠷᠡᠯ᠎ᠬᠤᠪᠢᠷᠠᠭᠤᠯᠬᠤ ᠮᠠᠲ᠋ᠧᠷᠢᠶᠠᠯ᠎ᠵᠢᠡᠷ ᠳᠠᠮᠵᠢᠨ ᠤᠷᠭᠤᠮᠠᠯ᠎ᠳᠤ ᠬᠡᠷᠡᠭ᠌ᠰᠡᠬᠦ᠌ ᠣᠨᠴᠠ ᠲᠣᠭ᠍ᠲᠠᠭ᠍ᠰᠠᠨ ᠳᠣᠯᠭᠢᠶᠠᠨ᠎ᠤ ᠬᠡᠰᠡᠭ᠎ᠦᠨ ᠤᠯᠠᠭᠠᠨ ᠬᠡᠷᠡᠯ ᠪᠣᠯᠵᠣ ᠬᠤᠪᠢᠷᠠᠳᠠᠬ》 ᠭᠡᠪᠡ᠃ ᠱᠢᠯᠭᠠᠨ ᠪᠠᠢᠴᠠᠭᠠᠯᠲᠠ᠎ᠪᠠᠷ ᠳᠡᠮᠵᠢᠨ  ᠲᠣᠰ ᠮᠡᠷᠭᠡᠵᠢᠯ ᠨᠢ ᠴᠠᠶ ᠲᠡᠭᠦᠬᠦ᠌ ᠬᠤᠭᠤᠴᠠᠭ᠎ᠠ᠎ᠶ᠋ᠢ 45 ᠡᠳᠦᠷ ᠤᠷᠢᠳᠴᠢᠯᠠᠭᠤᠯᠵᠤ᠂  ᠦᠪᠦᠷ ᠮᠤᠨᠭᠭᠤᠯ᠎ᠤᠨ ᠡᠪᠡᠰᠦᠨ᠎ᠦ ᠤᠷᠭᠤᠬᠤ ᠦᠶᠡᠯᠡᠯ᠎ᠢ 7 ᠡᠳᠦᠷ ᠨᠢᠭᠡ ᠤᠳᠠᠭ᠎ᠠ ᠪᠣᠯᠭᠠᠨ ᠪᠣᠭᠣᠨᠢᠰᠭᠠᠪᠠ᠃ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠬᠣᠪᠣᠷ ᠱᠢᠷᠣᠶ᠎ᠶ᠋ᠢᠨ ᠬᠡᠷᠡᠯ᠎ᠦᠨ ᠴᠢᠳᠠᠮᠵᠢᠳᠤ ᠮᠠᠲ᠋ᠧᠷᠢᠶᠠᠯ᠎ᠤᠨ ᠭᠠᠷᠤᠯᠲᠠ᠎ᠶ᠋ᠢᠨ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ  ᠭᠦᠸᠧ ᠴᠤᠸᠠᠩ ᠬᠣᠪᠣᠷ ᠰᠢᠷᠤᠢ᠎ᠵᠢᠨ ᠦᠢᠯᠡᠳᠭᠦᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠯᠠᠨᠲ᠋ᠠᠨ ᠼᠧᠷᠢ ᠵᠡᠷᠭᠡ ᠡᠯᠧᠮᠧᠨ᠋ᠲ ᠨᠡᠮᠡᠭ᠌ᠰᠡᠨ ᠬᠡᠷᠡᠯ ᠬᠤᠪᠢᠷᠠᠭᠤᠯᠬᠤ ᠨᠤᠨᠲᠠᠭ᠎ᠢᠶᠠᠷ ᠴᠢᠳᠠᠮᠵᠢ᠎ᠶ᠋ᠢᠨ ᠴᠢᠨᠠᠷᠲᠠᠶ ᠡᠬᠡ ᠮᠥᠬᠥᠯᠢᠭ ᠦᠢᠯᠡᠳᠴᠦ᠂ ᠨᠢᠭᠡᠨᠲᠡ ᠬᠦᠯᠡᠮᠵᠢ᠎ᠵᠢᠨ ᠪᠦᠷᠬᠦᠪᠴᠢ ᠂ ᠡᠯᠧᠺᠲ᠋ᠷᠣᠨ ᠬᠠᠪᠲᠠᠰᠤ᠂ ᠭᠡᠷᠡᠯᠲᠦᠭᠦᠯᠭᠡ᠎ᠶ᠋ᠢᠨ ᠬᠡᠷᠡᠯ ᠳᠠᠮᠵᠢᠭᠤᠯᠬᠤ ᠬᠠᠪᠲᠠᠰᠤ ᠵᠡᠷᠭᠡ ᠬᠦᠷᠢᠶ᠎ᠡ ᠴᠠᠷᠠᠭ᠎ᠠ᠎ᠳᠤ ᠨᠡᠪᠴᠢᠵᠦ᠍᠂ ᠬᠤᠤᠷᠲᠠᠶ ᠬᠡᠷᠡᠯ᠎ᠢ ᠨᠢᠳᠦ ᠬᠠᠮᠠᠭᠠᠯᠠᠬᠤ ᠨᠣᠭᠣᠭᠠᠨ ᠬᠡᠷᠡᠯ ᠪᠣᠯᠭᠠᠬᠤ ᠪᠤᠶᠤ ᠤᠯᠠᠭᠠᠨ ᠬᠡᠷᠡᠯ ᠡᠭᠦᠰᠭᠡᠬᠦ᠌ ᠪᠣᠯᠭᠠᠨ ᠬᠤᠪᠢᠷᠠᠭᠤᠯᠪᠠ᠃ ᠡᠨᠡ ᠵᠢᠯ ᠬᠣᠪᠣᠷ ᠱᠢᠷᠣᠶ᠎ᠶ᠋ᠢᠨ ᠺᠸᠠᠨ᠋ᠲ᠎ᠤᠨ ᠴᠡᠭ᠎ᠦᠨ ᠮᠠᠲ᠋ᠧᠷᠢᠶᠠᠯ᠎ᠢ ᠰᠤᠳᠤᠯᠤᠨ ᠨᠡᠭᠡᠭᠡᠬᠦ᠌ ᠪᠣᠭᠣᠮᠲᠠ ᠵᠢ ᠱᠢᠪᠲᠤᠯᠵᠤ᠂ ᠳᠡᠭᠡᠷ᠎ᠡ ᠬᠠᠭᠠᠰ ᠵᠢᠯ᠎ᠳᠦ ᠭᠤᠷᠪᠠᠨ ᠶᠡᠬᠡ ᠬᠡᠷᠡᠯ᠎ᠤᠨ ᠬᠦᠷᠢᠶᠡᠨ᠎ᠦ ᠦᠵᠦᠭᠦᠷᠯᠢᠭ᠎ᠤᠨ ᠦᠶ᠋ᠯᠡᠳᠬᠦᠨ᠎ᠦ ᠵᠠᠬᠢᠶᠠᠯᠠᠭ᠎ᠠ᠎ᠶ᠋ᠢᠨ ᠬᠠᠭᠤᠳᠠᠰᠤ ᠨᠢ ᠶᠡᠬᠡ ᠪᠡᠷ ᠨᠡᠮᠡᠭᠳᠡᠵᠦ᠂ ᠵᠢᠱ᠌ᠢᠯᠲᠡ᠎ᠪᠡᠷ ᠵᠢᠯ᠎ᠦᠨ ᠦᠶ᠋ᠯᠡᠳᠬᠦᠨ᠎ᠦ ᠥᠷᠲᠡᠭ ᠨᠢ 7600 ᠲᠦᠮᠡᠨ ᠲᠥᠭᠥᠷᠢᠭ᠎ᠲᠦ ᠬᠥᠷᠬᠥ᠌ ᠪᠣᠯᠤᠨ᠎ᠠ᠃

ᠣᠳᠣᠬᠠᠨ᠎ᠳᠤ᠂ ᠪᠤᠭᠤᠲᠤ᠎ᠶ᠋ᠢᠨ 《 ᠬᠣᠪᠣᠷ ᠱᠢᠷᠣᠢ + 》 ᠪᠠᠢᠯᠳᠤᠬᠤ ᠪᠤᠳᠤᠯᠭ᠎ᠠ ᠶᠠᠭ ᠱᠢᠨ᠎ᠡ ᠡᠨᠧᠷᠭᠢ᠂ ᠡᠯᠧᠺᠲ᠋ᠷᠣᠨ ᠮᠡᠳᠡᠭᠡ ᠵᠠᠩᠭᠢ᠂ ᠣᠶᠤᠨᠴᠢ ᠦᠢᠯᠡᠳᠭᠡᠯ ᠲᠡᠢᠰᠢ ᠥᠷᠭᠡᠵᠢᠵᠦ᠍ ᠪᠠᠢᠨ᠎ᠠ᠃ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ ᠪᠣᠯᠤᠨ ᠣᠷᠣᠢᠯᠠᠭ᠍ᠰᠠᠨ ᠪᠦᠯᠬᠦᠮ᠎ᠦᠨ ᠬᠠᠮᠲᠤ᠎ᠪᠠᠷ ᠪᠠᠢᠭᠤᠯᠤᠭ᠍ᠰᠠᠨ ᠣᠶᠤᠨᠴᠢᠯᠠᠭ᠍ᠰᠠᠨ ᠲᠤᠷᠱᠢᠯᠲᠠ᠎ᠶ᠋ᠢᠨ ᠱᠤᠭᠤᠮ ᠤᠳᠠᠯ ᠥᠬᠡᠶ ᠠᠱᠢᠭ᠍ᠯᠠᠯᠲᠠ᠎ᠳᠤ ᠣᠷᠣᠵᠤ᠂ ᠵᠢᠯ᠎ᠳᠦ 50 ᠲᠦᠮᠡᠨ ᠮᠢᠯᠢᠸᠠᠲ᠎ᠤᠨ ᠡᠪᠬᠡᠮᠡᠯ ᠴᠠᠬᠢᠯᠭᠠᠨ ᠮᠠᠱᠢᠨ ᠦᠶ᠋ᠯᠡᠳᠪᠦᠷᠢᠯᠡᠬᠦ᠌᠎ᠪᠡᠷ ᠪᠠᠢᠨ᠎ᠠ᠃ ᠬᠣᠯᠪᠣᠭ᠍ᠳᠠᠯ ᠪᠥᠬᠥᠶ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ᠎ᠤ ᠲᠠᠨᠢᠯᠴᠠᠭᠤᠯᠤᠭ᠍ᠰᠠᠨ᠎ᠢᠶᠠᠷ᠂ ᠭᠤᠤᠯ ᠤᠷᠤᠰᠭᠠᠯ᠎ᠤᠨ ᠴᠢᠭᠡ ᠰᠣᠷᠢᠨᠵᠢᠨ ᠡᠵᠡᠮᠱᠢᠯ᠎ᠦᠨ ᠴᠠᠬᠢᠯᠭᠠᠨ ᠮᠠᠱᠢᠨ᠎ᠲᠠᠶ ᠬᠠᠷᠢᠴᠠᠭᠤᠯᠪᠠᠯ᠂ ᠱᠢᠨ᠎ᠡ ᠬᠡᠯᠪᠡᠷᠢ᠎ᠶ᠋ᠢᠨ ᠡᠪᠬᠡᠮᠡᠯ ᠴᠠᠬᠢᠯᠭᠠᠨ ᠮᠠᠱᠢᠨ᠎ᠤ ᠡᠵᠡᠯᠡᠬᠦᠨ ᠨᠢ ᠨᠠᠩ ᠪᠠᠭ᠎ᠠ᠂ ᠨᠠᠩ ᠬᠥᠩᠭᠡᠨ᠂ ᠢᠯᠴᠢ ᠰᠠᠷᠨᠢᠭᠤᠯᠬᠤ ᠦᠷ᠎ᠡ ᠪᠦᠲᠦᠮᠵᠢ ᠨᠢ ᠠᠳᠠᠯᠢ ᠲᠥᠷᠥᠯ᠎ᠦᠨ ᠦᠶ᠋ᠯᠡᠳᠬᠦᠨ ᠡᠴᠡ 50% ᠳᠠᠪᠠᠵᠤ᠂  70% — 80% ᠳ᠋ᠤ ᠬᠦᠷᠬᠡᠬᠦ ᠬᠠᠷᠠᠯᠳᠠ ᠲᠠᠢ ᠠᠵᠢ᠃ ᠡᠨᠡ᠎ᠨᠢ ᠡᠯᠧᠺᠲ᠋ᠷᠣᠨ ᠦᠶ᠋ᠯᠡᠳᠬᠦᠨ ᠵᠢᠴᠢ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠢᠯᠴᠢ ᠰᠠᠷᠨᠢᠭᠤᠯᠬᠤ᠂ ᠠᠮᠢ ᠨᠠᠰᠤ᠎ᠶ᠋ᠢ ᠤᠷᠲᠤᠳᠭᠠᠬᠤ᠎ᠳᠤ ᠬᠦᠴᠦᠨ ᠨᠡᠮᠡᠷᠢᠯᠡᠵᠦ᠍᠂ ᠭᠠᠳᠠᠭᠠᠳᠤ᠎ᠡᠴᠡ ᠣᠷᠣᠭᠤᠯᠬᠤ᠎ᠶ᠋ᠢ ᠣᠷᠣᠯᠠᠭᠤᠯᠤᠭᠰᠠᠨ᠎ᠢᠶᠡᠷ ᠪᠠᠷᠠᠬᠤ ᠥᠬᠡᠶ ᠨᠠᠩ ᠴᠤ᠌ ᠪᠤᠭᠤᠲᠤ᠎ᠶ᠋ᠢᠨ ᠥᠨᠳᠥᠷ ᠴᠢᠳᠠᠪᠬᠢᠲᠤ ᠨᠧᠦᠳᠢᠮ ᠲᠡᠮᠦᠷ ᠪᠣᠷ ᠤ᠋ᠨ ᠰᠣᠷᠢᠨᠵᠢᠨ ᠴᠣᠭ᠍ᠴᠠ᠎ᠳᠤ ᠴᠣ ᠱᠢᠨ᠎ᠡ ᠬᠡᠷᠡᠭ᠌ᠯᠡᠭᠡᠨ᠎ᠦ ᠣᠷᠣᠨ ᠵᠠᠶ ᠨᠡᠭᠡᠭᠡᠪᠡ᠃

ᠱᠢᠨ᠎ᠡ᠎ᠶ᠋ᠢ ᠡᠭᠦᠳᠬᠦ᠌ ᠵᠢᠭ᠍ᠰᠠᠭᠠᠯ ᠪᠣᠯ ᠠᠵᠤ ᠦᠢᠯᠡᠰ᠎ᠦᠨ ᠦᠰᠦᠷᠦᠯᠲᠡ᠎ᠶ᠋ᠢᠨ ᠪᠠᠲᠤ ᠪᠡᠬᠢ ᠲᠤᠯᠭᠠᠭᠤᠷᠢᠯᠠᠯ ᠮᠥᠨ᠃ 《ᠪᠥᠬᠥ᠌ ᠤᠯᠤᠰ᠎ᠤᠨ ᠬᠠᠮᠤᠭ᠎ᠤᠨ ᠲᠣᠮᠣ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠰᠠᠭᠤᠷᠢᠨ》 ᠪᠠ 《ᠪᠥᠬᠥ᠌ ᠪᠥᠮᠪᠥᠷᠴᠡᠭ᠎ᠦᠨ ᠲᠡᠷᠢᠭᠦᠨ᠎ᠦ ᠬᠣᠪᠣᠷ ᠱᠢᠷᠣᠶ᠎ᠶ᠋ᠢᠨ ᠬᠡᠷᠡᠭ᠌ᠯᠡᠭᠡᠨ᠎ᠦ ᠰᠠᠭᠤᠷᠢᠨ》 ᠤ᠋ ᠪᠥᠲᠥᠭᠡᠨ ᠪᠠᠢᠭᠤᠯᠤᠯᠲᠠ᠎ᠶ᠋ᠢᠨ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠤᠭᠤᠲᠤ ᠬᠣᠲᠠ 《ᠨᠢᠭᠡ ᠰᠤᠳᠤᠯᠭᠠᠨ᠎ᠤ ᠬᠦᠷᠢᠶᠡᠯᠡᠩ ᠨᠢᠭᠡ ᠶᠡᠭᠡ ᠳᠡᠭᠡᠳᠦ ᠰᠤᠷᠭᠠᠭᠤᠯᠢ ᠨᠢᠭᠡ ᠤᠯᠤᠰ᠎ᠤᠨ ᠴᠢᠬᠤᠯᠠ ᠰᠢᠨ᠎ᠡ ᠵᠢ ᠡᠭᠦᠳᠬᠦ ᠲᠦᠪ ᠨᠢᠭᠡ ᠲᠤᠷᠱᠢᠯᠲᠠ᠎ᠶ᠋ᠢᠨ ᠲᠠᠰᠤᠭ ᠬᠣᠶᠠᠷ ᠲᠥᠪ》 ᠢ᠋ ᠰᠣᠯᠪᠢᠴᠠᠭᠤᠯᠤᠨ ᠬᠥᠭ᠌ᠵᠢᠭᠦᠯᠬᠦ᠌ ᠪᠠᠢᠷᠢᠱᠢᠯ᠎ᠢ ᠪᠣᠶ ᠪᠣᠯᠭᠠᠪᠠ᠃ ᠤᠯᠤᠰ᠎ᠤᠨ ᠲᠠᠰ᠎ᠤᠨ 13 ᠬᠣᠪᠣᠷ ᠱᠢᠷᠣᠶ᠎ᠶ᠋ᠢᠨ ᠱᠢᠨ᠎ᠡ᠎ᠶ᠋ᠢ ᠡᠭᠦᠳᠬᠦ᠌ ᠲᠠᠪᠴᠠᠩ᠎ᠨᠢ 《ᠬᠣᠪᠣᠷ ᠱᠢᠷᠣᠶ᠎ᠶ᠋ᠢᠨ ᠦᠩᠭᠡᠳᠦ ᠳᠡᠯᠭᠡᠴᠡ》᠂ 《ᠬᠣᠪᠣᠷ ᠱᠢᠷᠣᠶ᠎ᠶ᠋ᠢᠨ ᠢᠯᠴᠢ᠎ᠶ᠋ᠢᠨ ᠬᠠᠮᠢᠶᠠᠷᠤᠯᠲᠠ᠎ᠶ᠋ᠢᠨ ᠨᠡᠬᠡᠮᠡᠯ᠎ᠦᠨ ᠮᠠᠲ᠋ᠧᠷᠢᠶᠠᠯ》 ᠵᠡᠷᠭᠡ ᠱᠢᠪᠲᠤᠯᠤᠯᠲᠠ᠎ᠶ᠋ᠢᠨ ᠲᠥᠷᠥᠯ ᠵᠦᠶ᠋ᠯ᠎ᠢ ᠪᠣᠶ ᠪᠣᠯᠭᠠᠵᠤ᠂《ᠪᠣᠭᠣᠮᠢ》ᠬᠦᠴᠢᠷ ᠠᠰᠠᠭᠤᠳᠠᠯ᠎ᠢ ᠱᠢᠭᠤᠳ ᠱᠢᠶ᠋ᠳᠪᠦᠷᠢᠯᠡᠵᠦ᠍᠂ 《ᠭᠦᠶᠦᠮᠡᠭᠴᠡ ᠪᠠᠨ ᠲᠦᠷᠦᠭᠦᠯᠡᠪᠡ》 ᠃

ᠬᠣᠶᠠᠷ ᠵᠢᠯ ᠡᠷᠡᠮᠡᠬᠡᠢᠯᠡᠨ ᠤᠷᠤᠭ᠍ᠰᠢᠯᠠᠵᠤ᠂ ᠪᠤᠭᠤᠲᠤ᠎ᠶ᠋ᠢᠨ ᠬᠣᠪᠣᠷ ᠱᠢᠷᠣᠶ᠎ᠶ᠋ᠢᠨ ᠠᠵᠤ ᠦᠶ᠋ᠯᠡᠰ ᠬᠢᠯᠠᠯᠵᠠᠮ᠎ᠠ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠪᠠ᠄ ᠪᠥᠬᠥ᠌ ᠤᠯᠤᠰ᠎ᠤᠨ ᠬᠠᠮᠤᠭ᠎ᠤᠨ ᠲᠣᠮᠣ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠰᠠᠭᠤᠷᠢᠨ ᠨᠢᠭᠡᠨᠲᠡ ᠪᠦᠷᠢᠯᠳᠦᠵᠡᠶ᠃ ᠬᠣᠪᠣᠷ ᠱᠢᠷᠣᠶ᠎ᠶ᠋ᠢᠨ ᠠᠵᠤ ᠠᠬᠤᠢᠯᠠᠯ᠎ᠤᠨ ᠲᠣᠭ᠎ᠠ ᠎ᠶ᠋ᠢᠨ ᠨᠡᠮᠡᠭ᠌ᠳᠡᠯ 50% ᠎ᠶ᠋ᠢ ᠳᠠᠪᠠᠵᠤ᠂ 270 ᠎ᠳ᠋ᠤ ᠬᠦᠷᠴᠦ᠍᠂ ᠱᠢᠨ᠎ᠡ ᠮᠠᠲ᠋ᠧᠷᠢᠶᠠᠯ ᠦᠶ᠋ᠯᠡᠳᠪᠦᠷᠢᠯᠡᠬᠦ᠌ ᠴᠢᠳᠠᠪᠤᠷᠢ ᠳᠠᠬᠢᠨ᠎ᠢᠶᠠᠷ ᠨᠡᠮᠡᠭ᠌ᠳᠡᠨ᠂ 30 ᠲᠦᠮᠡᠨ ᠲᠣᠨ ᠱᠢᠬᠠᠮ ᠪᠣᠯᠵᠣ᠂ ᠠᠵᠤ ᠦᠶ᠋ᠯᠡᠰ᠎ᠦᠨ ᠦᠶ᠋ᠯᠡᠳᠬᠦᠨ᠎ᠦ ᠥᠷᠲᠡᠭ ᠨᠢ 2022 ᠣᠨ᠎ᠡᠴᠡ 2024 ᠣᠨ ᠪᠣᠯᠲᠠᠯ᠎ᠠ 60% ᠢᠯᠡᠬᠦᠦ ᠪᠡᠷ ᠴᠡᠪᠡᠷ ᠨᠡᠮᠡᠭ᠌ᠳᠡᠵᠦ᠍᠂ ᠮᠢᠩᠭᠠᠨ ᠳ᠋ᠦᠩᠱᠢᠭᠤᠷ ᠲᠥᠭᠥᠷᠢᠭ᠎ᠦᠨ ᠶᠡᠬᠡ ᠪᠣᠭᠣᠮᠲᠠ᠎ᠶ᠋ᠢ ᠱᠢᠪᠲᠤᠯᠪᠠ᠃ ᠡᠨᠡ ᠵᠢᠯ᠎ᠦᠨ ᠲᠦᠷᠦᠭᠦᠦ 5 ᠰᠠᠷ᠎ᠠ᠎ᠳᠤ᠂ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠨᠡᠮᠡᠭ᠌ᠳᠡᠯ ᠥᠷᠲᠡᠭ 12.7% ᠎ᠪᠠᠷ ᠨᠡᠮᠡᠭ᠌ᠳᠡᠵᠦ᠍᠂ ᠪᠠᠯᠠ ᠣᠷᠣᠭᠤᠯᠤᠯᠲᠠ 1.6 ᠳᠠᠬᠢᠨ ᠵᠢᠡᠷ ᠲᠦᠷᠭᠡᠨ ᠨᠡᠮᠡᠭ᠌ᠳᠡᠪᠡ — ᠪᠤᠭᠤᠲᠤ᠎ᠶ᠋ᠢᠨ ᠬᠣᠪᠣᠷ ᠱᠢᠷᠣᠶ ᠶᠠᠭ 《ᠳᠡᠯᠡᠬᠡᠶ᠎ᠶ᠋ᠢᠨ ᠲᠠᠰ᠎ᠤᠨ ᠬᠠᠳᠠᠭᠠᠯᠠᠭ᠍ᠳᠠᠴᠠ》 ᠡᠴᠡ 《ᠳᠡᠯᠡᠬᠡᠶ᠎ᠶ᠋ᠢᠨ ᠲᠠᠰ᠎ᠤᠨ ᠠᠵᠤ ᠦᠶ᠋ᠯᠡᠰ》 ᠳᠠᠢᠰᠢ ᠯᠠᠪᠳᠠᠭᠤᠨ ᠪᠠᠲᠤᠲᠠᠶ ᠤᠷᠤᠭ᠍ᠰᠢᠯᠠᠵᠤ ᠪᠣᠶ᠃

《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ ᠪᠣᠯ ᠭᠤᠤᠯ ᠭᠠᠷᠳᠠᠴᠠ ᠮᠥᠨ》᠃ ᠪᠤᠭᠤᠲᠤ ᠬᠣᠲᠠ᠎ᠶ᠋ᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠣᠪᠴᠢᠶᠠᠨ᠎ᠤ ᠳᠡᠳ᠋ ᠳᠠᠷᠤᠭ᠎ᠠ ᠸᠸᠨ ᠶᠦᠩ ᠴᠢᠩ᠄ 《ᠪᠢᠳᠡ 〈ᠠᠵᠤ ᠠᠬᠤᠢᠯᠠᠯᠲᠠᠨ ᠰᠡᠳᠦᠪ ᠭᠠᠷᠭᠠᠵᠤ᠂ ᠱᠢᠨᠵᠢᠯᠡᠬᠦ᠌ ᠤᠬᠠᠭᠠᠨᠲᠠᠨ ᠰᠡᠳᠦᠪ ᠬᠠᠷᠢᠭᠤᠯᠬᠤ〉 ᠲᠣᠭ᠍ᠲᠠᠴᠠ᠎ᠶ᠋ᠢ ᠬᠡᠷᠡᠭ᠌ᠵᠢᠭᠦᠯᠵᠦ᠍᠂ ᠣᠲᠣ᠎ᠶ᠋ᠢᠨ 30 ᠭᠠᠷᠤᠶ ᠱᠢᠨ᠎ᠡ᠎ᠶ᠋ᠢ ᠡᠭᠦᠳᠬᠦ᠌ ᠲᠠᠪᠴᠠᠩ᠎ᠳᠤ ᠲᠦᠱᠢᠭ᠌ᠯᠡᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠨᠠᠷᠢᠯᠢᠭ ᠣᠨᠣᠴᠠᠲᠠᠶ᠎ᠪᠠᠷ ᠤᠨᠳᠤᠤᠰᠢᠭᠤᠯᠬᠤ᠎ᠶ᠋ᠢ ᠠᠬᠢᠭᠤᠯᠵᠤ ᠪᠠᠢᠨ᠎ᠠ》 ᠭᠡᠵᠦ ᠴᠢᠬᠤᠯᠠᠴᠢᠯᠠᠪᠠ᠃ ᠡᠨᠡ ᠵᠢᠯ᠎ᠦᠨ ᠬᠣᠪᠣᠷ ᠱᠢᠷᠣᠶ᠎ᠶ᠋ᠢᠨ ᠦᠶ᠋ᠯᠡᠳᠬᠦᠨ᠎ᠦ ᠥᠷᠲᠡᠭ ᠢ᠋ 1300 ᠳ᠋ᠦᠩᠱᠢᠭᠤᠷ ᠲᠥᠭᠥᠷᠢᠭ᠎ᠢ ᠲᠠᠪᠠᠭᠤᠯᠬᠤ ᠬᠠᠷᠠᠯᠲᠠ᠎ᠶ᠋ᠢ ᠲᠣᠭ᠍ᠲᠠᠭᠠᠵᠤ᠂ ᠪᠤᠭᠤᠲᠤ ᠬᠣᠲᠠ ᠶᠠᠭ ᠭᠤᠷᠪᠠᠨ ᠬᠡᠯᠬᠢᠶ᠎ᠡ᠎ᠶ᠋ᠢ ᠠᠭᠤᠰᠤᠯᠴᠠᠭᠤᠯᠬᠤ ᠰᠦᠷ ᠳᠠᠯᠠᠢᠴᠠᠲᠠᠶ ᠬᠦᠴᠦᠨ᠎ᠢ ᠨᠢᠭ᠍ᠲᠠᠷᠠᠭᠤᠯᠵᠤ᠂ ᠬᠣᠪᠣᠷ ᠱᠢᠷᠣᠶ᠎ᠶ᠋ᠢᠨ ᠬᠡᠷᠡᠭ᠌ᠯᠡᠯᠲᠡ᠎ᠶ᠋ᠢᠨ ᠥᠷᠭᠡᠨ ᠠᠭᠤᠳᠠᠮ ᠨᠡᠯᠦᠬᠡᠷ ᠲᠡᠯᠡᠶ᠎ᠳᠦ ᠪᠥᠬᠥ᠌ ᠬᠤᠷᠳᠤᠴᠠ᠎ᠪᠠᠷ ᠠᠶᠠᠯᠠᠵᠤ᠂ ᠬᠣᠪᠣᠷ ᠱᠢᠷᠣᠶ᠎ᠶ᠋ᠢᠨ ᠭᠠᠢᠬᠠᠮᠱᠢᠭ᠎ᠢ ᠪᠢᠴᠢᠭ᠌ᠯᠡᠵᠦ᠍᠂ ᠳᠤᠮᠳᠠᠳᠤ ᠤᠯᠤᠰ᠎ᠤᠨ ᠣᠶᠤᠨ ᠤᠬᠠᠭᠠᠨ᠎ᠢᠶᠠᠷ ᠪᠦᠲᠦᠭᠡᠭ᠌ᠰᠡᠨ ᠳᠡᠯᠡᠬᠡᠶ᠎ᠶ᠋ᠢᠨ ᠲᠠᠰ᠎ᠤᠨ ᠬᠠᠭᠤᠳᠠᠰᠤ᠎ᠶ᠋ᠢ ᠪᠢᠴᠢᠭ᠌ᠯᠡᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号