27 ᠵᠢᠯ ᠤᠷᠤ ᠲᠠᠰᠤᠷᠠᠭ᠍ᠰᠠᠨ ᠵᠢᠭᠠᠰᠤᠨ ᠰᠦᠷᠦᠭ ᠬᠢᠬᠢᠷᠢ ᠵᠢᠨ ᠨᠠᠭᠤᠷ᠎ᠲᠤ ᠳᠠᠬᠢᠨᠳᠠ ᠢᠯᠡᠷᠡᠵᠠᠢ
2025-08-06 09:37:32
ᠵᠣᠬᠢᠶᠠᠭ᠍ᠴᠢ᠄
ᠬᠤᠸᠠᠩ ᠫᠦ ᠮᠧᠢ ᠱᠢᠶᠠᠨ ᠂ ᠰᠦᠨ ᠴᠢᠩ ᠴᠢᠩ
ᠣᠩᠱᠢᠭ᠍ᠰᠠᠨ ᠣᠳᠠᠭ᠎ᠠ᠄
★★★☆☆

ᠱᠢᠰᠲ᠋ᠧᠮᠲᠦ ᠴᠢᠨᠠᠷᠲᠠᠶ ᠠᠮᠢ ᠠᠬᠤᠶ ᠵᠢᠨ ᠵᠠᠰᠠᠯᠲᠠ ᠲᠤᠪᠤᠢᠮ᠎ᠠ ᠦᠷ᠎ᠡ ᠪᠦᠲᠦᠮᠵᠢ ᠤᠯᠪᠠ


7 ᠰᠠᠷ᠎ᠠ ᠵᠢᠨ 21 ᠤ᠋ ᠡᠳᠦᠷ᠂ ᠲᠤᠰᠭᠠᠢ ᠮᠡᠷᠭᠡᠵᠢᠯ ᠤ᠋ᠨ ᠲᠥᠬᠥᠭᠡᠷᠦᠮᠵᠢ ᠵᠢᠨ ᠬᠠᠢᠨ ᠬᠡᠮᠵᠢᠯᠲᠡ ᠪᠡᠷ ᠳᠠᠮᠵᠢᠨ᠂ 27 ᠵᠢᠯ ᠤᠷᠤ ᠲᠠᠰᠤᠷᠠᠭᠰᠠᠨ ᠵᠢᠭᠠᠰᠤᠨ ᠰᠦᠷᠦᠭ ᠳᠠᠬᠢᠨᠳᠠ ᠤᠯᠠᠭᠠᠨᠴᠠᠪ ᠬᠤᠳᠠ ᠵᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠬᠢᠬᠢᠷᠢ ᠵᠢᠨ ᠨᠠᠭᠤᠷ ᠳᠠᠭᠠᠨ ᠪᠤᠴᠠᠵᠤ᠂ ᠠᠩᠬ᠎ᠠ ᠠᠯᠬᠤᠮ ᠢᠯᠡᠷᠡᠭᠦᠯᠦᠭ᠌ᠰᠡᠨ ᠵᠢᠭᠠᠰᠤᠨ ᠤ᠋ ᠲᠦᠷᠦᠯ ᠨᠢ ᠬᠡᠯᠲᠡᠭᠡ ᠵᠢᠭᠠᠰᠦ ᠪᠣᠯᠤᠨ᠎ᠠ᠃ ᠡᠨᠡ ᠬᠦ᠌ ᠠᠮᠢ ᠠᠬᠤᠶ ᠵᠢᠨ ᠭᠠᠢᠬᠠᠮᠱᠢᠭ ᠪᠣᠯ ᠣᠢᠷ᠎ᠠ ᠵᠢᠨ ᠵᠢᠯ ᠡᠴᠡ ᠨᠠᠭᠠᠱᠢᠬᠢ ᠪᠠᠢᠭᠠᠯᠢ ᠵᠢᠨ ᠬᠤᠷ᠎ᠠ ᠲᠤᠨᠳᠠᠰᠤ ᠵᠢᠨ ᠨᠡᠮᠡᠭᠳᠡᠯ ᠪᠠ ᠱᠢᠰᠲ᠋ᠧᠮᠲᠦ ᠴᠢᠨᠠᠷᠲᠠᠶ ᠠᠮᠢ ᠠᠬᠤᠶ ᠵᠢᠨ ᠵᠠᠰᠠᠯᠳᠠ ᠵᠢᠨ ᠬᠠᠮᠲᠤ ᠵᠢᠨ ᠦᠶ᠋ᠯᠡᠳᠦᠯ ᠤ᠋ᠨ ᠦᠷ᠎ᠡ ᠳ᠋ᠦᠩ ᠮᠥᠨ ᠃

ᠬᠢᠬᠢᠷᠢ ᠵᠢᠨ ᠨᠠᠭᠤᠷ ᠤ᠋ᠨ ᠲᠡᠦᠬᠡᠨ ᠳᠡᠭᠡᠷ᠎ᠡ ᠵᠢᠭᠠᠰᠤᠨ ᠠᠵᠤ ᠠᠬᠤᠶ ᠵᠢᠨ ᠡᠬᠢ ᠪᠠᠶᠠᠯᠢᠭ ᠮᠠᠰᠢ ᠡᠯᠪᠡᠭ ᠪᠠᠢᠵᠤ᠂ ᠡᠭᠦᠨ ᠳ᠋ᠤ 《ᠲᠤᠭ ᠤ᠋ᠨ ᠠᠭᠤᠯᠠ ᠵᠢᠨ ᠬᠡᠯᠲᠡᠭᠡ ᠵᠢᠭᠠᠰᠤ》 ᠨᠢ ᠤᠯᠤᠰ ᠤ᠋ᠨ ᠳᠠᠢᠯᠠᠯᠭ᠎ᠠ ᠵᠢᠨ ᠢᠳᠡᠭᠡᠨ ᠤ᠋ ᠮᠠᠲ᠋ᠧᠷᠢᠶᠠᠯ ᠤ᠋ᠨ ᠬᠤᠪᠢ ᠪᠡᠷ ᠨᠡᠷ᠎ᠡ ᠠᠯᠳᠠᠷᠱᠢᠭ᠍ᠰᠠᠨ ᠶᠤᠮ᠃ 1952 ᠣᠨ ᠳ᠋ᠦ᠂ ᠬᠢᠬᠢᠷᠢ ᠵᠢᠨ ᠨᠠᠭᠤᠷ ᠤ᠋ᠨ ᠵᠢᠭᠠᠰᠤᠨ ᠤ᠋ ᠭᠠᠷᠤᠯᠲᠠ 2400 ᠲᠣᠨ ᠳ᠋ᠦ ᠬᠦᠷᠴᠦ᠍᠂ ᠣᠷᠣᠨ ᠨᠤᠲᠤᠭ ᠤ᠋ᠨ ᠠᠵᠤ ᠠᠬᠤᠢ ᠵᠢᠨ ᠬᠠᠭᠠᠰ ᠲᠤᠯᠭᠠᠭᠤᠷᠢ ᠪᠣᠯᠤᠭ᠍ᠰᠠᠨ ᠪᠠᠢᠨ᠎ᠠ᠃ ᠭᠡᠪᠡᠴᠦ᠍ ᠳᠡᠭᠡᠷ᠎ᠡ ᠵᠠᠭᠤᠨ ᠤ᠋ ᠳᠠᠯᠠ ᠨᠠᠶᠠᠭᠠᠳ ᠣᠨ ᠤ᠋ ᠦᠶ᠎ᠡ᠎ᠠᠴᠠ ᠡᠬᠢᠯᠡᠨ᠂ ᠠᠭᠤᠷ ᠠᠮᠢᠰᠭᠤᠯ ᠭᠠᠩ ᠬᠠᠭᠤᠷᠠᠶ᠎ᠵᠢᠨ ᠳᠡᠭᠡᠷ᠎ᠡ ᠵᠣᠷᠢᠭᠤᠳᠠ ᠵᠢᠨ ᠬᠦᠴᠦᠨ ᠵᠦᠢᠯ ᠳᠠᠪᠬᠤᠴᠠᠭᠠᠳ᠂ ᠬᠢᠬᠢᠷᠢ ᠵᠢᠨ ᠨᠠᠭᠤᠷ ᠤ᠋ᠨ ᠬᠤᠵᠢᠷᠱᠢᠯ ᠬᠡᠴᠡᠬᠦᠳᠡᠵᠦ᠂ 1998 ᠣᠨ ᠳ᠋ᠦ ᠵᠢᠭᠠᠰᠤᠨ ᠤ᠋ ᠲᠥᠷᠥᠯ ᠪᠦᠷᠢᠮᠦᠰᠦᠨ ᠤᠰᠠᠳᠴᠤ᠌᠂ ᠠᠮᠢ ᠠᠬᠤᠶ ᠵᠢᠨ ᠱᠢᠰᠲ᠋ᠧᠮ ᠡᠪᠳᠡᠭᠳᠡᠬᠦ ᠱᠢᠬᠠᠵᠠᠶ᠃

ᠡᠷᠬᠢᠯᠳᠡ ᠨᠢ ᠠᠮᠢ ᠠᠬᠤᠢ ᠵᠢᠨ ᠵᠠᠰᠠᠯᠲᠠ ᠵᠢᠨ ᠢᠨᠵᠧᠨᠧᠷᠢᠩ ᠢ᠋ ᠱᠢᠰᠲ᠋ᠧᠮ᠎ᠲᠡᠶ ᠠᠬᠢᠭᠤᠯᠬᠤ᠎ᠠᠴᠠ ᠡᠬᠢᠯᠡᠵᠠᠢ᠃ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤ ᠬᠢᠬᠢᠷᠢ ᠵᠢᠨ ᠨᠠᠭᠤᠷ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠦᠶ᠋ᠯᠡᠴᠢᠯᠡᠭᠡᠨ ᠤ᠋ ᠲᠥᠪ ᠢ᠋ ᠪᠠᠢᠭᠤᠯᠵᠤ᠂ 《ᠬᠥᠮᠦᠨ ᠤ᠋ ᠬᠦᠴᠦᠨ ᠤ᠋ ᠬᠠᠷᠱᠢᠯᠠᠯ ᠢ᠋ ᠪᠠᠭᠠᠰᠭᠠᠵᠤ᠂ ᠠᠶᠠᠨᠳᠠᠭᠠᠨ ᠰᠡᠷᠭᠦᠬᠦ᠌ ᠵᠢ ᠠᠬᠢᠭᠤᠯᠬᠤ》 ᠪᠠᠷ ᠭᠤᠤᠯ ᠣᠢᠯᠠᠭᠠᠭ᠍ᠳᠠᠬᠤᠨ ᠪᠣᠯᠭᠠᠵᠤ᠂ 33 ᠠᠮᠢ ᠠᠬᠤᠶ ᠵᠢᠨ ᠵᠠᠰᠠᠯᠲᠠ ᠵᠢᠨ ᠲᠥᠷᠥᠯ ᠵᠦᠶ᠋ᠯ ᠢ᠋ ᠬᠡᠷᠡᠭ᠌ᠵᠢᠭᠦᠯᠤᠨ᠂ 《ᠱᠢᠯᠢᠳᠡᠭ᠌ᠵᠢᠭᠦᠯᠬᠦ᠌᠂ ᠨᠤᠷᠠᠭᠠᠬᠤ᠂ ᠬᠦᠷᠢᠶᠡᠯᠡᠬᠦ᠌᠂ ᠴᠠᠭᠠᠵᠠᠯᠠᠬᠤ᠂ ᠬᠤᠷᠢᠶᠠᠬᠤ᠂ ᠲᠠᠷᠬᠠᠭᠠᠬᠤ᠂ ᠨᠥᠬᠥᠪᠥᠷᠢᠯᠡᠬᠦ᠌᠂ ᠬᠠᠮᠢᠶᠠᠷᠬᠤ》 8 ᠵᠦᠶ᠋ᠯ ᠤ᠋ᠨ ᠵᠠᠰᠠᠯᠲᠠ ᠵᠢᠨ ᠠᠷᠭ᠎ᠠ ᠬᠡᠮᠵᠢᠶ᠎ᠡ ᠵᠢ ᠱᠢᠨ᠎ᠡ ᠪᠡᠷ ᠡᠭᠦᠳᠪᠡ᠃ ᠭᠤᠤᠯ ᠤ᠋ᠨ ᠵᠠᠮ ᠢ᠋ ᠯᠠᠢᠳᠠᠬᠤ᠂ ᠨᠤᠭᠤ ᠭᠠᠵᠠᠷ ᠢ᠋ ᠰᠡᠷᠭᠦᠭᠡᠬᠦ᠌᠂ ᠪᠣᠬᠢᠷᠲᠤᠯ ᠢ᠋ ᠵᠠᠰᠠᠬᠤ ᠵᠡᠷᠭᠡ ᠢᠨᠵᠧᠨᠧᠷᠢᠩ ᠵᠢᠡᠷ ᠳᠠᠮᠵᠢᠭᠤᠯᠤᠨ᠂ ᠤᠰᠤᠨ ᠣᠷᠣᠨ ᠤ᠋ ᠠᠮᠢ ᠠᠬᠤᠶ  ᠣᠷᠴᠢᠨ ᠲᠣᠭᠣᠷᠢᠨ ᠢ᠋ ᠠᠯᠬᠤᠮ ᠠᠯᠬᠤᠮ ᠵᠢᠡᠷ ᠰᠠᠢᠵᠢᠷᠠᠭᠤᠯᠵᠠᠢ᠃ ᠬᠠᠮᠠᠭᠠᠯᠠᠯᠲᠠ ᠵᠢᠨ ᠣᠷᠣᠨ ᠳ᠋ᠦ ᠥᠪᠡᠷᠲᠡᠭᠡᠨ ᠵᠠᠰᠠᠬᠤ ᠣᠷᠣᠨ ᠤ᠋ ᠠᠩᠬᠠᠳᠠᠭ᠍ᠴᠢ ᠠᠮᠢ ᠠᠬᠤᠶ ᠵᠢᠨ ᠬᠠᠮᠠᠭᠠᠯᠠᠯᠲᠠ ᠵᠢᠨ ᠣᠶᠤᠨᠴᠢᠯᠠᠭ᠍ᠰᠠᠨ ᠬᠢᠨᠠᠯᠲᠠ ᠬᠠᠮᠢᠶᠠᠷᠤᠯᠲᠠ ᠵᠢᠨ ᠲᠥᠪ ᠢ᠋ ᠪᠠᠢᠭᠤᠯᠵᠤ᠂ 《ᠲᠩᠷᠢ — ᠭᠠᠵᠠᠷ — ᠬᠥᠮᠦᠨ》 ᠤ᠋ ᠪᠤᠰᠤᠭ᠎ᠠ ᠴᠤᠭᠴᠠᠳᠦ ᠬᠢᠨᠠᠯᠲᠠ ᠬᠠᠮᠢᠶᠠᠷᠤᠯᠲᠠ ᠵᠢᠨ ᠱᠢᠰᠲ᠋ᠧᠮ ᠢ᠋ ᠪᠠᠢᠭᠤᠯᠪᠠ᠄ 240 ᠰᠠᠭᠤᠷᠢ ᠤᠷᠴᠢᠨ ᠲᠤᠭᠤᠷᠢᠨ ᠤ᠋ ᠳᠦᠷᠰᠦ ᠰᠢᠩᠭᠡᠭᠡᠬᠦ ᠮᠠᠱᠢᠨ᠂ 10 ᠵᠠᠮ ᠬᠠᠷᠢᠯᠴᠠᠭᠠᠨ ᠤ᠋ ᠪᠣᠭᠣᠮᠲᠠ ᠬᠢᠭᠡᠳ ᠵᠢᠯᠣᠭᠣᠴᠢ ᠥᠬᠡᠶ ᠨᠢᠰᠭᠡᠯ ᠤ᠋ᠨ ᠲᠣᠭᠣᠷᠢᠨ ᠪᠠᠢᠴᠠᠭᠠᠬᠤ ᠰᠦᠯᠵᠢᠶ᠎ᠡ ᠪᠦᠬᠦᠯᠢ ᠡᠳᠦᠷ ᠤ᠋ᠨ ᠬᠢᠨᠠᠨ ᠬᠡᠮᠵᠢᠬᠦ ᠰᠦᠯᠵᠢᠶ᠎ᠡ ᠵᠢ ᠪᠦᠷᠢᠯᠳᠦᠭᠦᠯᠵᠦ᠍᠂ ᠰᠠᠷ᠎ᠠ ᠪᠦᠷᠢ 10 ᠲᠦᠮᠡ ᠭᠠᠷᠤᠶ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢ ᠪᠣᠶ ᠪᠣᠯᠭᠠᠵᠤ᠂ ᠠᠮᠢ ᠠᠬᠤᠶ ᠵᠢ ᠵᠠᠰᠠᠨ ᠰᠡᠷᠬᠦᠭᠡᠬᠦ ᠳ᠋ᠦ ᠣᠨᠣᠪᠴᠢᠲᠠᠶ ᠱᠢᠶ᠋ᠳᠪᠦᠷᠢᠲᠦ ᠪᠣᠳᠣᠯᠭ᠎ᠠ ᠵᠢᠨ ᠦᠨᠳᠦᠰᠦᠯᠡᠯ ᠬᠠᠩᠭᠠᠵᠠᠢ᠃ 《ᠵᠢᠯᠣᠭᠣᠴᠢ ᠥᠬᠡᠶ ᠨᠢᠰᠭᠡᠯ ᠤ᠋ᠨ ᠲᠣᠭᠣᠷᠢᠨ ᠪᠠᠢᠴᠠᠭᠠᠯᠲᠠ ᠳ᠋ᠦ ᠢᠯᠡᠷᠡᠭᠦᠯᠦᠭ᠌ᠰᠡᠨ ᠬᠤᠯᠤᠰᠤᠨ ᠤ᠋ ᠲᠦᠷᠭᠡᠨ ᠤᠷᠭᠤᠯᠲᠠ ᠵᠢᠨ ᠠᠰᠠᠭᠤᠳᠠᠯ ᠢ᠋ ᠲᠣᠭ᠎ᠠ ᠪᠠᠷᠢᠮᠲᠠ ᠳ᠋ᠦ ᠵᠠᠳᠠᠯᠤᠯᠲᠠ ᠬᠢᠬᠦ᠌ ᠪᠡᠷ ᠳᠡᠮᠵᠢᠨ ᠴᠠᠭ ᠲᠤᠬᠠᠶ ᠳ᠋ᠤᠨᠢ ᠠᠮᠢ ᠠᠬᠤᠶ ᠵᠢᠨ ᠤᠰᠤ ᠨᠥᠬᠥᠪᠥᠷᠢᠯᠡᠬᠦ᠌ ᠠᠵᠢᠯ ᠢ᠋ ᠥᠷᠨᠢᠭᠦᠯᠵᠦ᠍᠂ ᠨᠤᠭᠤ ᠭᠠᠵᠠᠷ ᠤ᠋ᠨ ᠮᠠᠭᠤᠳᠠᠬᠤ ᠲᠦᠭ᠌ᠰᠢᠭᠦᠷᠢ ᠡᠴᠡ ᠵᠠᠢᠯᠠᠰᠭᠢᠪᠡ》 ᠭᠡᠵᠦ᠍ ᠬᠢᠬᠢᠷᠢ ᠵᠢᠨ ᠨᠠᠭᠤᠷ ᠪᠠᠢᠭᠠᠯᠢ ᠵᠢᠨ ᠬᠠᠮᠠᠭᠠᠯᠠᠯᠲᠠ ᠵᠢᠨ ᠣᠷᠣᠨ ᠤ᠋ ᠦᠶ᠋ᠯᠡᠴᠢᠯᠡᠭᠡᠨ ᠤ᠋ ᠲᠥᠪ ᠤ᠋ᠨ ᠳᠡᠳ᠋ ᠡᠷᠬᠢᠯᠡᠭ᠌ᠴᠢ ᠰᠢᠶᠸ ᠱᠢᠶᠤᠤ ᠹᠸᠢ ᠲᠠᠨᠢᠯᠴᠠᠭᠤᠯᠤᠨ᠎ᠠ᠃

ᠤᠷᠤ ᠲᠠᠰᠤᠷᠠᠭᠰᠠᠨ ᠵᠢᠭᠠᠰᠤᠨ ᠤ᠋ ᠲᠥᠷᠥᠯ ᠳᠠᠬᠢᠨᠳᠠ ᠢᠯᠡᠷᠡᠭ᠌ᠰᠡᠨ ᠵᠢᠡᠷ ᠪᠠᠷᠠᠬᠤ ᠥᠬᠡᠶ᠂ ᠨᠡᠭᠦᠳᠡᠯ ᠤ᠋ᠨ ᠱᠢᠪᠠᠭᠤᠳ ᠤ᠋ᠨ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ ᠨᠢ ᠠᠮᠢ ᠠᠬᠤᠶ ᠵᠢᠨ ᠰᠠᠢᠵᠢᠷᠠᠯᠲᠠ ᠵᠢᠨ ᠦᠷ᠎ᠡ ᠪᠦᠲᠦᠮᠵᠢ ᠵᠢ ᠨᠠᠩ ᠱᠢᠭᠤᠳ ᠢᠯᠡᠷᠡᠭᠦᠯᠵᠡᠶ᠃ 2025 ᠣᠨ ᠤ᠋ 7 ᠰᠠᠷ᠎ᠠ ᠵᠢᠨ 21  ᠤ᠋ ᠡᠳᠦᠷ ᠪᠣᠯᠲᠠᠯ᠎ᠠ᠂ ᠲᠣᠰ ᠲᠥᠪ ᠨᠢᠭᠡᠨᠲᠡ 33 ᠵᠦᠶ᠋ᠯ ᠤ᠋ᠨ ᠨᠡᠭᠦᠳᠡᠯ ᠤ᠋ᠨ ᠱᠢᠪᠠᠭᠤ ᠵᠢ ᠬᠢᠨᠠᠨ ᠬᠡᠮᠵᠢᠵᠦ᠍᠂ ᠨᠡᠢᠲᠡ 60467 ᠤᠳᠠᠭ᠎ᠠ ᠠᠵᠢᠭ᠍ᠯᠠᠨ ᠬᠡᠮᠵᠢᠵᠦ᠂ ᠨᠢᠳᠤᠨᠤᠨ ᠤ᠋ ᠠᠳᠠᠯᠢ ᠬᠤᠭᠤᠴᠠᠭᠠᠨ ᠤ᠋᠎ᠬᠢ ᠡᠴᠡ 8.4% ᠎ᠪᠠᠷ ᠨᠡᠮᠡᠭ᠌ᠳᠡᠨ᠂ ᠬᠠᠷ᠎ᠠ ᠥᠷᠪᠢ᠂ ᠳᠡᠰ ᠪᠦᠷᠭᠦᠳ ᠵᠡᠷᠭᠡ ᠤᠯᠤᠰ ᠤ᠋ᠨ ᠭᠤᠤᠯᠳᠠᠯᠭ᠎ᠠ᠎ᠲᠠᠶ ᠬᠠᠮᠠᠭᠠᠯᠠᠯᠳᠠ ᠳ᠋ᠦ ᠪᠠᠢᠭ᠎ᠠ ᠱᠢᠪᠠᠭᠤᠨ ᠤ᠋ ᠲᠥᠷᠥᠯ ᠪᠠᠢᠨ ᠳᠠᠬᠢᠨ ᠢᠯᠡᠷᠡᠭᠰᠡᠨ ᠪᠠᠢᠨ᠎ᠠ᠃ 《ᠨᠠᠩ ᠪᠠᠶᠠᠷᠯᠠᠭᠤᠱᠢᠲᠠᠶ ᠨᠢ᠂ ᠬᠠᠷ᠎ᠠ ᠥᠷᠪᠢ᠂ ᠳᠡᠰ ᠪᠦᠷᠭᠦᠳ ᠵᠡᠷᠭᠡ ᠤᠯᠤᠰ ᠤ᠋ᠨ ᠭᠤᠤᠯᠳᠠᠯᠭ᠎ᠠ᠎ᠲᠠᠶ ᠬᠠᠮᠠᠭᠠᠯᠠᠯᠳᠠ ᠳ᠋ᠦ ᠪᠠᠢᠭ᠎ᠠ ᠬᠡᠭᠡᠷ᠎ᠡ ᠵᠢᠨ ᠱᠢᠪᠠᠭᠤᠨ ᠤ᠋ ᠲᠥᠷᠥᠯ ᠵᠦᠶ᠋ᠯ ᠤ᠋ᠨ ᠲᠣᠭ᠎ᠠ ᠬᠡᠮᠵᠢᠶ᠎ᠡ ᠴᠦ᠍ ᠢᠯᠡᠳᠲᠡ ᠨᠡᠮᠡᠭ᠌ᠳᠡᠵᠡᠶ᠃ ᠪᠢᠳᠡ ᠠᠮᠢ ᠠᠬᠤᠶ ᠵᠢ ᠵᠠᠰᠠᠨ ᠰᠡᠷᠭᠦᠭᠡᠬᠦ᠌ ᠢᠨᠵᠧᠨᠧᠷᠢᠩ ᠢ᠋ ᠦᠷᠭᠦᠯᠵᠢᠯᠡᠨ ᠠᠬᠢᠭᠤᠯᠵᠤ᠂ ᠬᠢᠨᠠᠨ ᠬᠠᠮᠢᠶᠠᠷᠬᠤ ᠴᠢᠳᠠᠪᠤᠷᠢ᠎ᠪᠠᠨ ᠴᠢᠨᠠᠭ᠍ᠰᠢᠳᠠ ᠴᠢᠩᠭᠠᠳᠭᠠᠨ᠂ ᠪᠠᠢᠭᠠᠯᠢ ᠵᠢᠨ ᠡᠬᠢ ᠪᠠᠶᠠᠯᠢᠭ ᠢ᠋ ᠡᠪᠳᠡᠬᠦ᠌ ᠠᠵᠢᠯᠯᠠᠭ᠎ᠠ ᠳ᠋ᠦ ᠴᠢᠩᠭ᠎ᠠ ᠴᠣᠬᠢᠯᠲᠠ ᠥᠭ᠌ᠴᠦ᠂ ᠬᠢᠬᠢᠷᠢ ᠵᠢᠨ ᠨᠠᠭᠤᠷ ᠤ᠋ᠨ ᠠᠮᠢ ᠠᠬᠤᠶ ᠵᠢ ᠵᠠᠰᠠᠨ ᠰᠡᠷᠭᠦᠭᠡᠬᠦ᠌ ᠳ᠋ᠦ ᠪᠠᠲᠤᠯᠠᠭ᠎ᠠ ᠬᠠᠩᠭᠠᠨ᠎ᠠ》 ᠭᠡᠵᠦ᠍ ᠱᠢᠶ᠍ᠸ ᠱᠢᠶᠤᠤ ᠹᠸᠢ ᠭᠡᠯᠡᠨ᠎ᠠ᠃

ᠠᠮᠢ ᠠᠬᠤᠢ ᠮᠠᠭᠤᠳᠠᠭ᠍ᠰᠠᠨ᠎ᠠᠴᠠ ᠪᠤᠯᠵᠤ ᠵᠢᠭᠠᠰᠤᠨ ᠠᠵᠤ ᠠᠬᠤᠢ ᠵᠢᠨ ᠡᠬᠢ ᠪᠠᠶᠠᠯᠢᠭ ᠱᠢᠪᠬᠠᠷᠤᠭ᠍ᠰᠠᠨ ᠬᠢᠬᠢᠷᠢ ᠵᠢᠨ ᠨᠠᠭᠤᠷ  ᠤ᠋ᠨ ᠡᠨᠡ ᠬᠦ᠌ ᠥᠨᠳᠥᠷᠯᠢᠭ ᠤ᠋ᠨ ᠨᠠᠭᠤᠷ ᠨᠢ ᠱᠢᠰᠲ᠋ᠧᠮᠲᠦ ᠴᠢᠨᠠᠷᠲᠠᠢ ᠠᠮᠢ ᠠᠬᠤᠢ ᠵᠢᠨ ᠵᠠᠰᠠᠯᠲᠠ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠡᠴᠡ ᠪᠤᠯᠵᠤ᠂ 《ᠪᠤᠭᠤᠮᠳᠠ ᠵᠢᠨ ᠭᠠᠳᠠᠨᠠᠬᠢ ᠭᠡᠷᠡᠯᠲᠦ ᠰᠤᠪᠤᠳ》 ᠤ᠋ᠨ ᠥᠩᠭᠡᠷᠡᠭ᠌ᠰᠡᠨ ᠤ᠋ ᠭᠡᠷᠡᠯ ᠭᠢᠯᠪᠠᠭ᠎ᠠ ᠪᠡᠨ ᠲᠦᠷᠭᠡᠳᠬᠡᠨ ᠰᠡᠷᠭᠦᠭᠡᠵᠦ᠍ ᠪᠠᠢᠨ᠎ᠠ᠃ ᠣᠲᠣ᠂ ᠬᠢᠬᠢᠷᠢ ᠵᠢᠨ ᠨᠠᠭᠤᠷ ᠤ᠋ᠨ ᠤᠰᠤᠨ ᠣᠷᠣᠨ ᠤ᠋ ᠲᠠᠯᠠᠪᠠᠶ 49.3 ᠲᠡᠭ᠌ᠰᠢ ᠳᠥᠷᠪᠡᠯᠵᠢᠨ ᠺᠢᠯᠣᠮᠧᠲ᠋ᠷ᠎ᠲᠦ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋᠎ᠬᠢ ᠡᠴᠡ 13.23 ᠲᠡᠭ᠌ᠰᠢ ᠳᠥᠷᠪᠡᠯᠵᠢᠨ ᠺᠢᠯᠣᠮᠧᠲ᠋ᠷ ᠥᠷᠭᠡᠳᠴᠦ᠍᠂ ᠨᠡᠭᠦᠳᠡᠯ ᠤ᠋ᠨ ᠱᠢᠪᠠᠭᠤ ᠵᠢᠨ ᠬᠢᠨᠠᠨ ᠬᠡᠮᠵᠢᠭ᠌ᠰᠡᠨ ᠲᠣᠭ᠎ᠠ ᠪᠠᠷᠢᠮᠲᠠ ᠳ᠋ᠦ ᠢᠯᠡᠷᠡᠭᠦᠯᠦᠭ᠌ᠰᠡᠨ ᠵᠢᠡᠷ ᠠᠮᠢᠳᠤ ᠪᠣᠳᠠᠰ ᠤ᠋ᠨ ᠣᠯᠠᠨ ᠶᠠᠩᠵᠤᠲᠤ ᠴᠢᠨᠠᠷ ᠢᠯᠡᠳᠲᠡ ᠳᠡᠭᠡᠭ᠌ᠰᠢᠯᠡᠪᠡ᠃

ᠣᠳᠣᠬᠠᠨ ᠳ᠋ᠦ᠂ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤ ᠶᠠᠭ ᠱᠢᠨ᠎ᠡ ᠨᠢᠭᠡ ᠡᠭᠡᠯᠵᠢ ᠵᠢᠨ ᠠᠮᠢ ᠠᠬᠤᠶ ᠵᠢ ᠵᠠᠰᠠᠨ ᠰᠡᠷᠭᠦᠭᠡᠬᠦ᠌ ᠲᠥᠯᠥᠪᠯᠡᠭᠡ ᠵᠢ ᠠᠬᠢᠭᠤᠯᠵᠤ᠂ ᠬᠢᠨᠠᠨ ᠬᠠᠮᠢᠶᠠᠷᠬᠤ ᠴᠢᠳᠠᠪᠤᠷᠢ᠎ᠪᠠᠨ ᠤᠯᠠᠮ ᠨᠢᠭᠡ ᠠᠯᠬᠤᠮ ᠴᠢᠩᠭᠠᠳᠭᠠᠨ᠂ ᠪᠠᠢᠭᠠᠯᠢ ᠵᠢᠨ ᠡᠬᠢ ᠪᠠᠶᠠᠯᠢᠭ ᠢ᠋ ᠡᠪᠳᠡᠬᠦ᠌ ᠠᠵᠢᠯᠯᠠᠭ᠎ᠠ ᠳ᠋ᠦ ᠴᠢᠩᠭ᠎ᠠ ᠴᠣᠬᠢᠯᠲᠠ ᠥᠭ᠌ᠴᠦ᠂ ᠠᠮᠢ ᠠᠬᠤᠶ ᠵᠢ ᠵᠠᠰᠠᠨ ᠰᠡᠷᠭᠦᠭᠡᠬᠦ᠌᠎ᠳᠦ ᠪᠠᠲᠤᠯᠠᠭ᠎ᠠ ᠬᠠᠩᠭᠠᠨ᠂ ᠡᠨᠡ ᠬᠦ᠌ 《ᠪᠣᠭᠣᠮᠲᠠ ᠵᠢᠨ ᠭᠠᠳᠠᠨᠠᠬᠢ ᠭᠡᠷᠡᠯᠲᠦ ᠰᠤᠪᠤᠳ》 ᠤ᠋ᠨ ᠠᠮᠢ ᠠᠬᠤᠶ ᠵᠢᠨ ᠦᠩᠭᠡᠷᠡᠭᠰᠡᠨ ᠤ᠋ ᠭᠡᠷᠡᠯ ᠬᠢᠯᠪᠠᠭ᠎ᠠ ᠪᠡᠨ ᠦᠷᠭᠦᠯᠵᠢᠯᠡᠨ ᠰᠡᠷᠬᠦᠬᠡᠵᠦ ᠪᠠᠢᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号