ᠱᠢᠯᠢ᠎ᠶ᠋ᠢᠨ ᠭᠣᠣᠯ ᠠᠢᠮᠠᠭ᠎ᠤᠨ ᠠᠪᠠᠭ᠎ᠠ ᠬᠣᠱᠢᠭᠤᠨ᠎ᠤ ᠴᠠᠭᠠᠨᠨᠠᠭᠤᠷ ᠪᠠᠯᠭᠠᠰᠤᠨ᠎ᠤ ᠪᠠᠶᠠᠨᠨᠠᠭᠤᠷ ᠭᠠᠴᠠᠭᠠᠨ᠎ᠤ ᠮᠠᠯᠴᠢᠨ ᠳᠡᠯᠭᠡᠷᠬᠤᠩᠭᠤᠷ ᠤᠯᠠᠨ ᠵᠢᠯ᠎ᠦᠨ ᠲᠤᠷᠰᠢ ᠤᠳᠤᠬᠢᠴᠢᠯᠠᠬᠰᠠᠨ ᠮᠠᠯ ᠠᠵᠤ ᠠᠬᠤᠢ᠎ᠶ᠋ᠢᠨ ᠮᠠᠱᠢᠨ᠎ᠢ ᠰᠤᠳᠤᠯᠤᠨ ᠨᠡᠭᠡᠭᠡᠬᠦ᠌ ᠵᠢᠴᠢ ᠤᠶᠤᠨᠲᠤ ᠮᠠᠯᠵᠢᠯ᠎ᠤᠨ ᠲᠠᠯᠠᠪᠠᠢ᠎ᠶ᠋ᠢᠨ ᠰᠤᠹᠲ᠎ᠢ ᠰᠤᠳᠤᠯᠤᠨ ᠨᠡᠬᠡᠬᠡᠬᠦ ᠪᠡᠷ ᠴᠢᠷᠮᠠᠢᠵᠤ᠂ ᠤᠷᠢᠳ ᠬᠤᠵᠢᠳ 13 ᠵᠦᠢᠯ᠎ᠦᠨ ᠱᠢᠨ᠎ᠡ ᠬᠡᠯᠪᠡᠷᠢ᠎ᠶ᠋ᠢᠨ ᠬᠡᠷᠡᠭ᠌ᠯᠡᠭᠡᠨ᠎ᠦ ᠲᠤᠰᠭᠠᠢ ᠠᠱᠢᠭ ᠢ ᠡᠬᠦᠳᠴᠤ᠂ 《ᠪᠥᠬᠥ᠌ ᠤᠯᠤᠰ᠎ᠤᠨ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠬᠥᠳᠡᠯᠮᠦᠷᠢ᠎ᠶ᠋ᠢᠨ ᠵᠢᠱ᠌ᠢᠶᠡᠴᠢ》᠂ ᠪᠥᠬᠥ᠌ ᠤᠯᠤᠰ᠎ᠤᠨ ᠲᠠᠷᠢᠶᠠᠯᠠᠩ᠎ᠤᠨ ᠮᠠᠱᠢᠨ᠎ᠤ 《ᠨᠤᠲᠤᠭ᠎ᠤᠨ ᠲᠤᠰᠭᠠᠶ ᠮᠡᠷᠭᠡᠵᠢᠯᠲᠡᠨ》 ᠂ ᠥᠪᠡᠷᠲᠡᠭᠡᠨ ᠵᠠᠰᠠᠬᠤ ᠣᠷᠣᠨ᠎ᠤ 《ᠤᠮᠠᠷᠠᠲᠤ ᠬᠢᠯᠢ᠎ᠶ᠋ᠢᠨ ᠱᠢᠨ᠎ᠡ ᠲᠠᠷᠢᠶᠠᠴᠢᠨ》 ᠵᠡᠷᠭᠡ ᠤᠯᠠᠨ ᠰᠠᠢᠬᠠᠨ ᠢᠷᠠᠭᠤ ᠠᠯᠳᠠᠷ ᠵᠢᠡᠷ ᠡᠩᠭᠡᠷ ᠵᠢᠡᠨ ᠮᠢᠯᠢᠶᠠᠯᠭᠠᠵᠤ᠂ ᠲᠦᠷᠦᠬᠦᠭᠡᠨ ᠪᠠᠰᠠ ᠥᠪᠥᠷ ᠮᠣᠩᠭᠣᠯ᠎ᠤᠨ ᠵᠠᠯᠠᠭᠤᠴᠤᠳ᠎ᠤᠨ 《5·4》 ᠤ᠋ ᠱᠠᠩᠨᠠᠯ᠎ᠤᠨ ᠮᠧᠳᠠᠯ᠎ᠤᠨ ᠰᠠᠮᠪᠠᠷ᠎ᠠ ᠳ᠋ᠤ ᠨᠡᠷᠡᠳᠦ ᠤᠳᠤᠨ ᠪᠤᠯᠵᠤ ᠲᠤᠳᠤᠷᠠᠭᠰᠠᠨ ᠪᠢᠯᠡ᠃ ᠲᠦᠷᠦᠬᠦᠭᠡᠨ ᠰᠤᠷᠪᠤᠯᠵᠢᠯᠠᠭᠴᠢ ᠵᠠᠪᠰᠢᠶᠠᠨ ᠲᠤᠬᠢᠶᠠᠵᠤ ᠲᠡᠯᠭᠡᠷᠬᠤᠩᠭᠤᠷᠢ ᠰᠤᠷᠪᠤᠯᠵᠢᠯᠠᠪᠠ᠃
《ᠪᠠᠭ᠎ᠠ ᠪᠠᠢᠬᠤ᠎ᠳᠦ ᠮᠠᠨᠠᠢᠬᠢᠨ᠎ᠤ ᠪᠡᠯᠴᠢᠭᠡᠷ ᠨᠤᠳᠤᠭ ᠮᠠᠰᠢ ᠲᠠᠷᠠᠬᠠᠢ ᠪᠤᠳᠠᠷᠬᠠᠢ ᠪᠠᠢᠵᠤ᠂ ᠦᠬᠡᠷ ᠵᠢᠡᠨ ᠨᠢᠬᠡ ᠤᠳᠠᠭ᠎ᠠ ᠡᠪᠡᠰᠤᠯᠠᠬᠥ ᠳ᠋ᠦ ᠨᠠᠭᠠᠰᠢ ᠴᠠᠭᠠᠰᠢ ᠬᠣᠶᠠᠷ ᠴᠠᠭ ᠭᠠᠷᠤᠢ ᠵᠠᠷᠤᠴᠠᠭᠤᠯᠳᠠᠭ᠃ ᠡᠪᠦᠯ ᠭᠠᠳᠠᠨ᠎ᠠ ᠲᠡᠭ᠎ᠡᠴᠡ ᠳᠣᠷᠣᠭ᠍ᠰᠢ 30 ᠭᠠᠷᠤᠶ ᠭᠷᠠᠳᠦ᠋ᠰ ᠪᠠᠢᠭᠰᠠᠨ ᠴᠸ᠋ ᠬᠡᠳᠦᠨ ᠺᠢᠯᠣᠮᠧᠲ᠋ᠷᠤᠨᠴᠠᠭᠠᠨᠠᠬᠢ ᠬᠤᠳᠳᠤᠭᠲᠡᠭᠡᠷᠡ ᠬᠦᠷᠴᠦ᠍ ᠦᠬᠡᠷ ᠬᠣᠨᠢ ᠪᠡᠨ ᠤᠰᠤᠯᠠᠬᠤ ᠴᠢᠬᠤᠯᠠᠳᠠᠢ᠃ ᠲᠡᠷᠡ ᠦᠶ᠎ᠡ᠎ᠳᠤ ᠪᠢ ᠠᠪᠤ ᠡᠵᠢ᠎ᠪᠡᠨ ᠬᠡᠷᠬᠢᠨ ᠡᠨᠡᠬᠦ ᠶᠠᠳᠠᠷᠠᠯ ᠵᠦᠳᠡᠷᠡᠯ ᠡᠴᠡ ᠠᠩᠬᠢᠵᠢᠷᠠᠭᠤᠯᠵᠤ ᠲᠠᠢᠯᠳᠡᠭ ᠪᠤᠯ ᠬᠡᠵᠦ ᠶᠡᠭᠡ ᠪᠤᠳᠤᠳᠠᠭ᠃ ᠲᠣᠮᠣ ᠪᠣᠯᠤᠭ᠍ᠰᠠᠨ᠎ᠤ ᠳᠠᠷᠠᠭ᠎ᠠ ᠮᠠᠯᠵᠢᠬᠤ ᠣᠷᠣᠨ᠎ᠤ ᠡᠨᠡᠬᠦ ᠪᠠᠢᠳᠠᠯ᠎ᠢ ᠬᠤᠪᠢᠷᠠᠭᠤᠯᠬᠤ ᠭᠡᠪᠡᠯ ᠬᠠᠱᠢ ᠯᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠳᠦ ᠲᠦᠱᠢᠭ᠌ᠯᠡᠬᠦ᠌ ᠬᠡᠷᠡᠭ᠌ᠲᠡᠶ ᠭᠡᠳᠡᠭ᠎ᠢ ᠠᠭᠠᠵᠢᠮ᠎ᠢᠶᠠᠷ ᠲᠠᠨᠢᠵᠤ ᠣᠯᠵᠠᠢ》 ᠬᠡᠵᠦ ᠳᠡᠯᠭᠡᠷᠬᠣᠩᠭᠣᠷ ᠰᠤᠷᠪᠤᠯᠵᠢᠯᠠᠬᠴᠢ ᠳ᠋ᠦ ᠶᠠᠷᠢᠵᠤ ᠪᠠᠢᠯ᠎ᠠ᠃
ᠨᠤᠲᠤᠬ ᠤᠰᠤᠨ᠎ᠤ ᠪᠠᠨ ᠤᠳᠤᠬᠢᠴᠢᠯᠠᠯᠳᠠ ᠵᠢ ᠲᠦᠷᠭᠡᠳᠭᠡᠬᠦ ᠠᠤᠭ᠎ᠠ ᠬᠦᠰᠡᠯᠡᠩ᠎ᠢ ᠡᠪᠦᠷᠯᠡᠨ ᠲᠡᠷᠡ 2008 ᠤᠨ ᠳ᠋ᠤ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠮᠠᠱᠢᠨ ᠴᠠᠬᠢᠯᠭᠠᠨ᠎ᠤ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶ᠋ᠢᠨ ᠲᠠᠷᠢᠶᠠᠯᠠᠩ᠎ᠤᠨ ᠮᠧᠬᠠᠨᠢᠭ᠍ᠵᠢᠯᠲᠠ ᠪᠠ ᠣᠳᠣᠬᠢᠴᠢᠯᠠᠯᠳᠠ ᠵᠢᠨ ᠲᠤᠰᠭᠠᠢ ᠮᠡᠷᠭᠡᠵᠢᠯ᠎ᠳᠦ ᠰᠤᠷᠤᠯᠴᠠᠪᠠ᠃ ᠲᠡᠭᠦᠰᠦᠭ᠌ᠰᠡᠨ᠎ᠦ ᠪᠡᠨ ᠳᠠᠷᠠᠭ᠎ᠠ ᠳᠡᠯᠭᠡᠷᠬᠤᠩᠭᠤᠷ ᠡᠷᠡᠰ ᠱᠢᠭᠤᠷᠬᠠᠢ᠎ᠪᠠᠷ ᠨᠤᠲᠤᠭ᠎ᠲᠠᠭᠠᠨ ᠪᠤᠴᠠᠵᠤ᠂ ᠮᠠᠯ ᠠᠵᠤ ᠠᠬᠤᠢ ᠵᠢᠨ ᠤᠳᠤᠬᠢᠴᠢᠯᠠᠯᠳᠠ ᠳ᠋ᠤ ᠤᠶᠤᠨ ᠤᠬᠠᠭᠠᠨ ᠵᠢᠡᠨ ᠰᠢᠪᠬᠠᠵᠠᠢ᠃
ᠦᠶ᠋ᠯᠡᠳᠪᠦᠷᠢᠯᠡᠯ ᠡᠵᠡᠩᠨᠡᠯᠲᠡ᠎ᠶ᠋ᠢᠨ ᠮᠠᠱᠢᠨᠴᠢᠯᠠᠯᠲᠠ᠎ᠶ᠋ᠢᠨ ᠬᠡᠮᠵᠢᠶ᠎ᠡ ᠥᠨᠳᠥᠷ ᠪᠢᠰᠢ᠂ ᠨᠤᠳᠤᠭ ᠪᠡᠯᠴᠢᠭᠡᠷ᠎ᠤᠨ ᠲᠠᠯᠠᠪᠠᠢᠦᠷᠭᠡᠨ ᠠᠭᠤᠳᠠᠮ᠂ ᠬᠥᠮᠦᠨ᠎ᠦ ᠬᠦᠴᠦᠨ᠎ᠦ ᠥᠪᠡᠷ᠎ᠦᠨ ᠥᠷᠲᠡᠭ ᠶᠡᠬᠡ ᠪᠠᠢᠬᠤ ᠵᠡᠷᠭᠡ ᠠᠰᠠᠭᠤᠳᠠᠯ ᠳ᠋ᠤ ᠴᠢᠭᠯᠡᠬᠦᠯᠦᠨ ᠮᠠᠯᠴᠢᠳ᠎ᠤᠨ ᠬᠥᠳᠡᠯᠮᠦᠷᠢ ᠬᠦᠴᠦ᠍᠎ᠶ᠋ᠢ ᠠᠷᠪᠢᠯᠠᠬᠤ ᠪᠤᠳᠤᠯ᠎ᠢᠶᠠᠷ ᠲᠡᠷᠡ ᠦᠢᠯᠡᠳᠦᠯᠭᠡ ᠪᠣᠯᠤᠨ ᠰᠤᠷᠤᠭ᠍ᠰᠠᠨ ᠮᠡᠳᠡᠯᠭᠡ ᠪᠡᠨ ᠤᠶᠠᠯᠳᠤᠭᠤᠯᠵᠤ᠂ ᠨᠠᠷᠢᠨ ᠬᠢᠨᠠᠮᠠᠭᠠᠢ ᠱᠢᠨᠵᠢᠯᠡᠨ ᠪᠠᠢᠴᠠᠭᠠᠯᠳᠠ ᠬᠢᠭᠰᠡᠨ ᠰᠠᠭᠤᠷᠢᠨ ᠲᠡᠭᠡᠷ᠎ᠡ ᠶᠠᠭᠤᠨ᠎ᠤ ᠡᠮᠦᠨ᠎ᠡ 《ᠨᠤᠲᠤᠭ ᠪᠡᠯᠴᠢᠭᠡᠷ᠎ᠦᠨ ᠤᠲᠠᠰᠤ ᠦᠭᠡᠢ ᠬᠢᠨᠠᠨ ᠡᠵᠡᠮᠳᠡᠬᠦ᠌ ᠱᠢᠰᠲ᠋ᠧᠮ》 ᠢ᠋ ᠰᠤᠳᠤᠯᠤᠨ ᠨᠡᠭᠡᠭᠡᠬᠦ᠌ ᠠᠵᠢᠯ᠎ᠢ ᠭᠠᠷᠳᠠᠨ ᠬᠢᠪᠡ᠃ ᠣᠯᠠᠨ ᠤᠳᠠᠭᠠᠨ᠎ᠤ ᠲᠤᠷᠱᠢᠯᠲᠠ᠂ ᠳᠠᠬᠢᠨ ᠲᠤᠷᠰᠢᠯᠲᠠ ᠬᠢᠬᠦ ᠪᠡᠷ ᠲᠠᠮᠵᠢᠨ ᠲᠡᠭᠦᠨ᠎ᠤ ᠪᠡᠯᠴᠢᠭᠡᠷ᠎ᠤᠨ 《ᠲᠤᠷᠠᠨᠳᠠᠭᠤᠷ》 ᠡᠴᠦᠰ᠎ᠲᠡᠬᠡᠨ ᠠᠮᠵᠢᠯᠲᠠ ᠣᠯᠵᠠᠢ᠃ᠢᠨᠭᠬᠢᠭᠡᠳ ᠮᠠᠯᠴᠢᠳ ᠪᠡᠯᠴᠢᠭᠡᠷ ᠲᠠᠮᠵᠢᠨ ᠮᠠᠯ ᠤᠨᠤᠭ᠎ᠠ ᠪᠡᠨ ᠡᠷᠢᠬᠦ᠌ ᠴᠢᠬᠤᠯᠠ ᠦᠭᠡᠢ ᠪᠣᠯᠵᠤ᠂ 《ᠭᠡᠷ᠎ᠲᠡᠬᠡᠨ ᠰᠠᠭᠤᠵᠤ ᠮᠠᠯᠵᠢᠬᠤ》 ᠠᠮᠢᠳᠤᠷᠠᠯ᠎ᠢ ᠡᠳ᠋ᠯᠡᠬᠦ ᠪᠤᠯᠪᠠ᠃
2015 ᠤᠨ ᠳ᠋ᠦ ᠳᠡᠯᠭᠡᠷᠬᠣᠩᠭᠣᠷ ᠮᠠᠯᠴᠢᠨ ᠡᠷᠦᠬᠡ᠎ᠳᠦ ᠮᠠᠯ᠎ᠤᠨ ᠤᠳᠤᠮ᠎ᠤᠨ ᠳᠠᠩᠰᠠ ᠡᠪᠬᠡᠮᠡᠯ ᠪᠠᠢᠭᠤᠯᠵᠤ ᠦᠭᠬᠦ᠂ ᠨᠤᠲᠤᠭ ᠪᠡᠯᠴᠢᠭᠡᠷ᠎ᠦᠨ ᠤᠲᠠᠰᠤ ᠦᠭᠡᠢ ᠬᠢᠨᠠᠨ ᠡᠵᠡᠮᠳᠡᠭᠦᠷ ᠤᠬᠰᠠᠷᠠᠬᠤ᠂ ᠣᠶᠤᠨᠳᠤ ᠲᠡᠵᠢᠭᠡᠯ ᠪᠤᠷᠳᠤᠭᠠᠨ᠎ᠤ ᠲᠥᠬᠥᠭᠡᠷᠦᠮᠵᠢ ᠤᠬᠰᠠᠷᠠᠬᠤ᠂ ᠣᠶᠤᠨᠳᠤ ᠤᠰᠤᠯᠠᠬᠤ ᠲᠥᠬᠥᠭᠡᠷᠦᠮᠵᠢ ᠤᠬᠰᠠᠷᠠᠬᠤ᠂ ᠮᠠᠯ ᠳ᠋ᠤ ᠴᠢᠬᠢᠨ ᠲᠡᠮᠳᠡᠭ ᠵᠡᠬᠦᠯᠭᠡᠬᠦ᠂ ᠮᠠᠯ᠎ᠤᠨ ᠣᠷᠣᠨ ᠪᠠᠢᠷᠢ ᠵᠢ ᠲᠣᠭ᠍ᠲᠠᠭᠠᠬᠤ ᠬᠡᠮᠵᠢᠭᠦᠷᠯᠢᠭ ᠤᠬᠰᠠᠷᠠᠬᠤ ᠵᠡᠷᠭᠡ ᠵᠢ ᠨᠢᠭᠡ ᠴᠤᠬᠴᠠᠵᠢᠭᠤᠯᠤᠬᠰᠠᠨ 《ᠲᠠᠩᠰᠤᠬ ᠬᠠᠷᠠᠭ᠎ᠠ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠺᠤᠮᠫᠠᠨᠢ》 ᠪᠡᠨ ᠪᠠᠢᠭᠤᠯᠪᠠ᠃ ᠲᠡᠭᠦᠨ᠎ᠤ ᠡᠭᠦᠳᠦᠭᠰᠡᠨ ᠲᠤᠨᠤᠬ ᠲᠦᠭᠦᠭᠡᠷᠦᠮᠵᠢ ᠨᠢ ᠭᠠᠨᠰᠤ ᠮᠤᠵᠢ ᠵᠢᠴᠢ ᠦᠪᠦᠷ ᠮᠤᠩᠭᠤᠯ᠎ᠤᠨ ᠰᠢᠯᠢ ᠵᠢᠨ ᠭᠤᠤᠯ᠂ ᠬᠦᠯᠦᠨ ᠪᠤᠢᠷ ᠲᠸ᠋ ᠪᠤᠷᠤᠯᠠᠭᠤᠯᠤᠬᠳᠠᠵᠤ ᠮᠠᠰᠢ ᠰᠠᠢᠨ ᠲᠤᠰᠬᠠᠯᠭᠠᠷᠴᠠᠢ᠃ ᠱᠢᠯᠢ᠎ᠶ᠋ᠢᠨ ᠭᠤᠤᠯ ᠠᠢᠮᠠᠭ᠎ᠤᠨ ᠰᠥᠨᠢᠳ ᠵᠡᠭᠦᠨ ᠬᠣᠱᠢᠭᠤ ᠂ ᠠᠪᠠᠭ᠎ᠠ ᠬᠣᠱᠢᠭᠤ ᠵᠡᠷᠭᠡ ᠭᠠᠵᠠᠷ᠎ᠤᠨ 70 ᠭᠠᠷᠤᠶ ᠮᠠᠯᠴᠢᠨ ᠡᠷᠦᠬᠡ ᠡᠨᠡᠬᠦ᠌ ᠬᠢᠨᠠᠨ ᠡᠵᠡᠮᠳᠡᠬᠦ᠌ ᠱᠢᠰᠲ᠋ᠧᠮ᠎ᠢ ᠤᠭ᠍ᠰᠠᠷᠠᠵᠤ᠂ ᠵᠢᠯ᠎ᠳ᠋ᠤ ᠨᠡᠢᠲᠡ 100 ᠭᠠᠷᠤᠶ ᠲᠦᠮᠡᠨ ᠲᠥᠭᠥᠷᠢᠭ᠎ᠦᠨ ᠬᠥᠯᠥᠰᠥᠨ ᠮᠥᠩᠭᠥ ᠠᠷᠪᠢᠯᠠᠵᠤ᠂ ᠱᠢᠨᠵᠢᠯᠡᠬᠦ᠌ ᠤᠬᠠᠭᠠᠨ᠎ᠲᠸᠭᠨᠢᠭ ᠮᠡᠷᠭᠡᠵᠢᠯ᠎ᠤᠨ ᠠᠱᠢᠭ ᠲᠤᠰᠠ ᠪᠠ ᠲᠥᠬᠥᠮ ᠨᠥᠬᠥᠴᠡᠯ᠎ᠢ ᠦᠨᠡᠨ ᠬᠦ᠌ ᠭᠥᠷᠳᠡᠪᠡ᠃ 《ᠥᠩᠭᠡᠷᠡᠭ᠌ᠰᠡᠨ᠎ᠳᠦ ᠪᠢᠳᠡ ᠬᠣᠨᠢᠴᠢᠨ ᠬᠥᠯᠥᠰᠥᠯᠡᠬᠦ ᠳ᠋ᠤ ᠵᠢᠯ᠎ᠳᠦ 5 ᠲᠦᠮᠡᠨ ᠲᠥᠭᠥᠷᠢᠭ ᠵᠠᠷᠤᠴᠠᠭᠤᠯᠳᠠᠭ᠂ ᠪᠡᠯᠴᠢᠭᠡᠷ᠎ᠦᠨ ᠲᠤᠷᠠᠨᠳᠠᠭᠤᠷ ᠤᠭ᠍ᠰᠠᠷᠠᠭ᠍ᠰᠠᠨ᠎ᠠᠴᠠ ᠠᠪᠤᠭᠠᠳ ᠬᠡᠷ᠎ᠤᠨ ᠵᠢᠡᠨ ᠡᠷᠬᠢᠨ ᠲᠣᠭᠣᠷᠢᠨ᠎ᠤ 5 ᠺᠢᠯᠣᠮᠧᠲ᠋ᠷ᠎ᠦᠨ ᠨᠤᠲᠤᠭ ᠪᠡᠯᠴᠢᠭᠡᠷ᠎ᠢ ᠤᠯᠵᠤ ᠦᠵᠡᠬᠦ ᠪᠤᠯᠵᠤ᠂ ᠬᠣᠨᠢᠴᠢᠨ ᠬᠥᠯᠥᠰᠥᠯᠡᠬᠦ᠌ ᠴᠢᠬᠤᠯᠠ ᠥᠬᠡᠶ ᠪᠤᠯᠤᠬᠰᠡᠨ ᠮᠥᠷᠳᠡᠭᠡᠨ ᠵᠢᠯ᠎ᠳᠦ ᠪᠠᠭ᠎ᠠ ᠪᠤᠰᠤ ᠵᠣᠭᠣᠰ ᠠᠷᠪᠢᠯᠠᠬᠤ ᠪᠤᠯᠵᠠᠢ》ᠭᠡᠵᠦ ᠠᠱᠢᠭ ᠬᠦᠷᠲᠡᠭ᠌ᠴᠢ ᠮᠠᠯᠴᠢᠨ ᠥᠯᠵᠡᠢᠪᠠᠶᠠᠷ ᠰᠡᠳᠬᠢᠯ ᠲᠦᠬᠦᠷᠡᠩ ᠬᠡᠯᠡᠨ᠎ᠡ᠃
ᠰᠢᠨ᠎ᠡ ᠵᠢ ᠡᠬᠦᠳᠬᠦ ᠬᠠᠢᠨ ᠰᠦᠪᠡᠭᠴᠢᠯᠡᠯᠳᠡ ᠳ᠋ᠤ ᠬᠢᠵᠠᠭᠠᠷ ᠦᠭᠡᠢ᠃ ᠳᠡᠯᠭᠡᠷᠬᠤᠩᠭᠤᠷ ᠪᠡᠯᠴᠢᠭᠡᠷ᠎ᠤᠨ ᠲᠤᠷᠠᠨᠳᠠᠭᠤᠷ ᠤᠨ ᠲᠤᠬᠠᠢ ᠮᠠᠯᠴᠢᠳ᠎ᠠᠴᠠ ᠬᠠᠷᠢᠭᠤ ᠲᠤᠰᠭᠠᠯ ᠰᠤᠨᠤᠰᠬᠤ ᠳ᠋ᠠᠭᠠᠨ ᠱᠢᠨ᠎ᠡ ᠰᠡᠩᠬᠡᠷᠡᠭᠦᠯᠦᠯ ᠣᠯᠪᠠ᠃ 《ᠮᠠᠯᠴᠢᠳ᠎ᠤᠨ ᠬᠡᠯᠡᠬᠦ᠌᠎ᠪᠡᠷ᠂ ᠲᠤᠷᠠᠨᠳᠠᠭᠤᠷ ᠨᠢ ᠬᠦᠮᠦᠨ᠎ᠤ ᠬᠦᠴᠦᠨ᠎ᠳᠦ ᠶᠡᠭᠡ ᠠᠷᠪᠢᠲᠠᠶ᠂ ᠭᠡᠪᠡᠴᠦ᠍ ᠵᠠᠷᠢᠮ ᠦᠶ᠎ᠡ᠎ᠳᠦ ᠵᠥᠪᠬᠡᠨ ᠠᠰᠠᠭᠤᠳᠠᠯ᠎ᠢ ᠢᠯᠡᠷᠡᠭᠦᠯᠵᠦ᠍ ᠴᠢᠳᠠᠬᠤ ᠡᠴᠡ ᠪᠢᠰᠢ ᠰᠢᠢᠳᠪᠦᠷᠢᠯᠡᠵᠦ ᠴᠢᠳᠠᠬᠤ ᠦᠭᠡᠢ᠃ ᠲᠤᠬᠠᠢᠯᠠᠪᠠᠯ᠂ ᠲᠤᠷᠠᠨᠳᠠᠭᠤᠷ ᠵᠢᠡᠷ ᠦᠬᠡᠷ ᠤᠰᠤ ᠤᠤᠭᠤᠬᠤ᠎ᠶ᠋ᠢ ᠣᠯᠵᠤ ᠦᠵᠡᠪᠡᠯ᠂ ᠮᠠᠯᠴᠢᠳ ᠮᠥᠨ ᠯᠡ ᠤᠰᠤᠨ᠎ᠤ ᠬᠠᠵᠠᠭᠤ᠎ᠳᠤ ᠬᠦᠷᠴᠦ᠍ ᠤᠰᠤᠯᠠᠬᠤ ᠴᠢᠬᠤᠯᠠ ᠲᠠᠢ》ᠭᠡᠵᠦ᠍ ᠳᠡᠯᠭᠡᠷᠬᠣᠩᠭᠣᠷ ᠡᠷᠬᠢᠴᠡᠬᠦᠯᠪᠡ᠃
ᠬᠡᠳᠦᠨ ᠰᠠᠷ᠎ᠠ᠎ᠶ᠋ᠢᠨ ᠳᠠᠷᠠᠭ᠎ᠠ᠂ ᠲᠡᠷᠡ ᠬᠣᠶᠠᠳᠤᠭᠠᠷ ᠡᠭᠦᠳᠦᠯᠲᠡ — ᠠᠯᠤᠰ ᠡᠵᠡᠮᠱᠢᠯᠲᠦ ᠤᠰᠤᠨ᠎ᠤ ᠱᠢᠰᠲ᠋ᠧᠮᠵᠢᠡᠨ ᠰᠤᠳᠤᠯᠤᠨ ᠪᠦᠲᠦᠭᠡᠪᠡ᠃ ᠭᠠᠷ ᠤᠲᠠᠰᠤᠨ᠎ᠤ ᠬᠢᠨᠠᠨ ᠡᠵᠡᠮᠳᠡᠯ᠎ᠢ ᠨᠡᠭᠡᠭᠡᠵᠦ᠍᠂ ᠤᠰᠤᠨ᠎ᠤ ᠳᠠᠷᠤᠪᠴᠢ᠎ᠶ᠋ᠢ ᠳᠠᠷᠤᠪᠠᠯ᠂ ᠤᠳᠠᠯ ᠦᠭᠡᠢ ᠬᠡᠳᠦᠨ ᠺᠢᠯᠣᠮᠧᠲᠷ᠎ᠤᠨ ᠭᠠᠳᠠᠨᠠᠬᠢ ᠤᠰᠤᠨ ᠤᠩᠭᠤᠴᠠᠨ᠎ᠳᠦ ᠤᠰᠤ ᠳᠦᠭᠦᠷᠴᠢᠭᠡᠨᠡ᠃ 《ᠰᠡᠭᠦᠯᠡᠷ᠎ᠨᠢ ᠪᠢᠳᠡ ᠨᠦᠯᠦᠭᠡᠯᠡᠭᠦᠷ᠎ᠤᠨ ᠱᠢᠰᠲ᠋ᠧᠮ᠎ᠢ ᠨᠡᠮᠡᠵᠦ᠍᠂ ᠦᠬᠡᠷ ᠬᠣᠨᠢ ᠬᠤᠳᠳᠤᠬ ᠣᠢᠷᠠᠳᠤᠬᠤᠶᠠ ᠠᠯᠤᠰ ᠡᠵᠡᠮᠱᠢᠯᠲᠦ ᠤᠰᠤᠨ ᠤ ᠱᠢᠰᠲ᠋ᠧᠮ᠎ᠨᠢ ᠤᠰᠤ ᠭᠠᠷᠬᠤ ᠬᠡᠮᠵᠢᠶ᠎ᠡ᠎ᠶ᠋ᠢ ᠠᠦ᠋ᠲ᠋ᠣ᠋ ᠢᠯᠭᠠᠨ ᠲᠠᠨᠢᠬᠤ᠎ᠶ᠋ᠢᠨ ᠬᠠᠮᠲᠤ ᠡᠵᠡᠮᠳᠡᠵᠦ᠍ ᠴᠢᠳᠠᠬᠤ ᠵᠢ ᠪᠡᠶᠡᠯᠡᠬᠦᠯᠵᠡᠢ》ᠭᠡᠵᠦ᠍ ᠳᠡᠯᠭᠡᠷᠬᠣᠩᠭᠣᠷ ᠲᠠᠨᠢᠯᠴᠠᠭᠤᠯᠪᠠ᠃ ᠲᠣᠰ ᠱᠢᠰᠲ᠋ᠧᠮ ᠨᠢ ᠦᠬᠡᠷ ᠬᠣᠨᠢ᠎ᠶ᠋ᠢ ᠠᠦ᠋ᠲ᠋ᠣ᠋ ᠤᠰᠤᠯᠠᠬᠤ᠂ ᠣᠶᠤᠨᠴᠢ᠎ᠪᠠᠷ ᠤᠰᠤᠯᠠᠬᠤ᠎ᠶ᠋ᠢ ᠪᠡᠶᠡᠯᠡᠭᠦᠯᠵᠦ᠍᠂ ᠮᠠᠯᠴᠢᠨ ᠲᠠᠷᠢᠶᠠᠴᠢᠨᠤ᠋ ᠬᠦᠳᠡᠯᠮᠦᠷᠢ ᠬᠦᠴᠦᠨ᠎ᠢ ᠠᠷᠪᠢᠯᠠᠵᠤ᠂ ᠲᠠᠷᠢᠶᠠᠯᠠᠩ ᠮᠠᠯ ᠠᠵᠤ ᠠᠬᠤᠶ᠎ᠶ᠋ᠢᠨ ᠦᠶ᠋ᠯᠡᠳᠪᠦᠷᠢᠯᠡᠯ᠎ᠳᠦ ᠲᠤᠢᠯ᠎ᠤᠨ ᠶᠡᠬᠡ ᠲᠥᠬᠥᠮ ᠦᠵᠡᠭᠦᠯᠦᠨ᠂ ᠮᠠᠯᠴᠢᠳ ᠡᠴᠡ ᠳᠡᠯᠭᠡᠷᠬᠤᠩᠭᠤᠷᠢ 《ᠲᠠᠯ᠎ᠠ ᠨᠤᠲᠤᠭ᠎ᠤᠨ ᠡᠭᠦᠳᠦᠭ᠌ᠴᠢ》 ᠭᠡᠵᠦ᠍ ᠳᠣᠲᠣᠨᠣᠴᠢᠯᠠᠨ ᠲᠠᠭᠤᠳᠠᠳᠠᠬ ᠪᠤᠯᠵᠠᠢ᠃
ᠤᠢᠷ᠎ᠠ ᠵᠢᠨ ᠵᠢᠯ᠎ᠤᠳ ᠲᠸ᠋ ᠳᠡᠯᠭᠡᠷᠬᠣᠩᠭᠣᠷ ᠨᠤᠳᠤᠭ ᠪᠡᠯᠴᠢᠭᠡᠷ᠎ᠤᠨ ᠠᠮᠢ ᠠᠬᠤᠶ᠎ᠶ᠋ᠢ ᠰᠠᠢᠵᠢᠷᠠᠭᠤᠯᠬᠤ ᠵᠢᠴᠢ ᠪᠡᠯᠴᠢᠭᠡᠷ᠎ᠤᠨ ᠮᠠᠯ ᠠᠵᠤ ᠠᠬᠤᠶ᠎ᠶ᠋ᠢᠨ ᠣᠳᠣᠬᠢᠴᠢᠯᠠᠯᠲᠠ ᠶ᠋ᠢ ᠢᠳᠡᠪᠬᠢᠲᠡᠶ ᠠᠬᠢᠭᠤᠯᠬᠤ ᠪᠡᠷ ᠦᠷᠬᠦᠯᠵᠢᠯᠡᠨ ᠴᠢᠷᠮᠠᠢᠵᠤ᠂ ᠬᠡᠷ ᠪᠦᠯᠢ᠎ᠶ᠋ᠢᠨ ᠤᠶᠤᠨᠳᠤ ᠮᠠᠯᠵᠢᠯ᠎ᠤᠨ ᠲᠠᠯᠠᠪᠠᠶ᠎ᠶ᠋ᠢᠨ ᠵᠢᠱ᠌ᠢᠶ᠎ᠡ ᠦᠵᠡᠭᠦᠯᠬᠦ᠌ ᠲᠤᠷᠱᠢᠯᠲᠠ᠎ᠶ᠋ᠢᠨ ᠴᠡᠭ᠎ᠦᠨ ᠪᠥᠲᠥᠭᠡᠨ ᠪᠠᠢᠭᠤᠯᠤᠯᠲᠠ ᠳᠤ ᠣᠷᠣᠯᠴᠠᠵᠤ᠂ ᠤᠯᠠᠮᠵᠢᠯᠠᠯᠲᠤ ᠮᠠᠯ ᠠᠵᠤ ᠠᠬᠤᠶ᠎ᠶ᠋ᠢᠨ ᠦᠶ᠋ᠯᠡᠳᠪᠦᠷᠢᠯᠡᠯ ᠡᠵᠡᠩᠨᠡᠯᠲᠡ᠎ᠶ᠋ᠢᠨ ᠠᠷᠭ᠎ᠠ ᠬᠡᠯᠪᠡᠷᠢ᠎ᠶ᠋ᠢ ᠬᠤᠪᠢᠷᠠᠭᠤᠯᠬᠤ᠎ᠳᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠨ ᠨᠡᠮᠡᠷᠢᠯᠡᠪᠡ᠃ ᠤᠳᠤ ᠪᠤᠯᠳᠠᠯ᠎ᠠ᠂ ᠨᠡᠷᠡᠨ᠎ᠦ ᠡᠨᠧᠷᠭᠢ᠎ᠪᠡᠷ ᠤᠰᠤ ᠲᠠᠲᠠᠬᠤ ᠲᠥᠬᠥᠭᠡᠷᠦᠮᠵᠢ᠂ ᠨᠤᠲᠤᠭ ᠪᠡᠯᠴᠢᠭᠡᠷ᠎ᠦᠨ ᠬᠢᠨᠠᠨ ᠡᠵᠡᠮᠳᠡᠬᠦ᠌ ᠲᠥᠬᠥᠭᠡᠷᠦᠮᠵᠢ᠂ ᠠᠯᠤᠰ ᠡᠵᠡᠮᠱᠢᠯᠲᠦ ᠣᠶᠤᠨᠳᠤ ᠤᠰᠤᠯᠠᠬᠤ ᠲᠥᠬᠥᠭᠡᠷᠦᠮᠵᠢ᠂ ᠣᠯᠠᠨ ᠴᠢᠳᠠᠮᠵᠢᠲᠤ ᠪᠣᠷᠳᠣᠭ᠎ᠠ ᠦᠭᠬᠦ ᠱᠢᠰᠲ᠋ᠧᠮ᠎ᠢ ᠤᠭ᠍ᠰᠠᠷᠠᠬᠤ ᠵᠢᠴᠢ ᠱᠢᠯᠵᠢᠬᠦᠯᠵᠦ ᠪᠤᠯᠬᠤ ᠦᠬᠡᠷ ᠬᠤᠨᠢᠨ᠎ᠤ ᠬᠤᠷᠤᠭ᠎ᠠ ᠬᠠᠰᠢᠶ᠎ᠠ᠂ ᠪᠤᠷᠳᠤᠭ᠎ᠠ ᠵᠢᠨ ᠣᠩᠭᠣᠴᠠ᠂ ᠤᠰᠤ ᠴᠡᠪᠡᠷᠱᠢᠭᠦᠯᠬᠦ᠌ ᠪᠠᠭᠠᠵᠢ ᠵᠡᠷᠭᠡ ᠲᠥᠬᠥᠭᠡᠷᠦᠮᠵᠢ᠎ᠶ᠋ᠢ ᠰᠤᠳᠤᠯᠤᠨ ᠨᠡᠭᠡᠭᠡᠵᠦ᠂ ᠢᠳᠡᠭ ᠢᠳᠡᠭ ᠵᠢᠡᠷ ᠮᠠᠯᠴᠢᠳ᠎ᠤᠨ ᠭᠡᠷ᠎ᠲᠦ ᠣᠷᠣᠭᠤᠯᠵᠤ᠂ ᠮᠠᠯᠴᠢᠳ᠎ᠤᠨ 《ᠬᠣᠶᠠᠷ ᠭᠠᠷ》 ᠢ᠋ ᠴᠢᠯᠥᠭᠡᠯᠡᠵᠦ ᠪᠤᠢ᠃ ᠡᠭᠦᠨ ᠡᠴᠡ ᠭᠠᠳᠠᠨ᠎ᠠ᠂ ᠠᠪᠠᠭ᠎ᠠ ᠬᠣᠱᠢᠭᠤᠨ᠎ᠤ ᠹᠦ᠋ ᠵᠧᠦ ᠣᠢ ᠱᠢᠭᠤᠢ᠎ᠶ᠋ᠢᠨ ᠲᠠᠷᠢᠮᠠᠯ᠎ᠤᠨ ᠲᠠᠷᠢᠶᠠᠴᠢᠳ᠎ᠤᠨ ᠬᠤᠷᠰᠢᠶ᠎ᠠ ᠵᠢ ᠪᠠᠢᠭᠤᠯᠵᠤ᠂ ᠮᠠᠯᠴᠢᠳ᠎ᠢ ᠳᠠᠢᠴᠢᠯᠠᠨ ᠡᠯᠡᠰᠦ᠎ᠶ᠋ᠢ ᠵᠠᠰᠠᠵᠤ ᠡᠯᠡᠰᠦᠷᠭᠡᠭᠵᠢᠯ᠎ᠢ ᠰᠡᠷᠭᠡᠢᠯᠡᠬᠦ᠌᠂ ᠨᠣᠭᠣᠭᠠᠷᠠᠭᠤᠯᠤᠯᠲᠠ᠎ᠶ᠋ᠢᠨ ᠠᠦ᠋ᠲ᠋ᠣᠴᠢᠯᠠᠭ᠍ᠰᠠᠨ ᠲᠣᠨᠣᠭ ᠲᠥᠬᠥᠭᠡᠷᠦᠮᠵᠢ᠎ᠶ᠋ᠢ ᠨᠡᠭᠡᠭᠡᠨ ᠬᠥᠭ᠌ᠵᠢᠭᠦᠯᠵᠦ᠂ ᠤᠳᠤᠬᠠᠨ ᠪᠤᠯᠳᠠᠯ᠎ᠠ 27 ᠲᠦᠮᠡ ᠭᠠᠷᠤᠢ ᠮᠦ᠍ ᠡᠯᠡᠰᠦ ᠵᠢ ᠵᠠᠰᠠᠪᠠ᠃
ᠰᠤᠷᠪᠤᠯᠵᠢᠯᠠᠭ᠎ᠠ ᠦᠨᠳᠦᠷᠯᠡᠬᠦ ᠪᠤᠯᠬᠤ ᠳ᠋ᠤ ᠳᠡᠯᠭᠡᠷᠬᠤᠩᠭᠤᠷ᠄《ᠬᠣᠢᠱᠢᠳᠠ᠎ᠶ᠋ᠢᠨ ᠡᠵᠡᠩᠨᠡᠯᠲᠡ ᠳᠤᠮᠳᠠ ᠪᠠᠨ ᠪᠢᠳᠡ ᠦᠷᠭᠦᠯᠵᠢᠯᠡᠨ ᠵᠣᠷᠢᠭ᠍ᠲᠠᠢ᠎ᠪᠠᠷ 〈ᠱᠢᠨ᠎ᠡ᠎ᠶ᠋ᠢ ᠡᠭᠦᠳᠬᠦ᠌᠂ ᠥᠪᠡᠷ᠎ᠢ᠎ᠪᠡᠨ ᠳᠠᠪᠠᠬᠤ᠂ ᠨᠢᠭ᠍ᠲᠠ᠎ᠠᠴᠠ ᠨᠢᠭ᠍ᠲᠠ ᠪᠠᠢᠬᠤ᠂ ᠱᠢᠯᠢᠳᠡᠭ᠎ᠢ ᠬᠥᠭᠡᠭᠡᠴᠡᠯᠳᠦᠬᠦ᠌〉 ᠪᠡᠷ ᠠᠵᠤ ᠠᠬᠤᠢᠯᠠᠯ᠎ᠤᠨ ᠤᠷᠢᠶ᠎ᠠ ᠪᠣᠯᠭᠠᠵᠤ᠂ ᠲᠠᠷᠢᠶᠠᠯᠠᠩ ᠮᠠᠯ ᠠᠵᠤ ᠠᠬᠤᠢ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠷᠢᠶ᠎ᠡ ᠴᠠᠷᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠮᠠᠯᠴᠢᠳ᠎ᠤᠨ ᠦᠢᠯᠡᠳᠪᠦᠷᠢᠯᠡᠯ ᠠᠮᠢᠳᠤᠷᠠᠯ᠎ᠤᠨ ᠴᠢᠨᠠᠷ ᠴᠢᠨᠰᠠᠭ᠎ᠠ ᠵᠢ ᠲᠡᠭᠡᠭᠰᠢᠯᠡᠭᠦᠯᠵᠦ᠂ ᠮᠠᠯ ᠠᠵᠤ ᠠᠬᠤᠢ᠎ᠶ᠋ᠢᠨ ᠦᠢᠯᠡᠳᠪᠦᠷᠢᠯᠡᠯ ᠡᠵᠡᠩᠨᠡᠯᠲᠡ᠎ᠶ᠋ᠢ ᠨᠠᠩ ᠱᠢᠨᠵᠢᠯᠡᠭᠡ ᠮᠡᠷᠭᠡᠵᠢᠭᠰᠡᠨ᠂ ᠲᠣᠭᠠᠴᠢᠯᠠᠬᠰᠠᠨ ᠪᠣᠯᠭᠠᠨ᠎ᠠ》 ᠬᠡᠵᠦ ᠶᠠᠷᠢᠵᠤ ᠪᠠᠢᠯ᠎ᠠ᠃