ᠬᠢᠩᠭᠠᠨ ᠠᠢᠮᠠᠭ᠄ ᠡᠷᠳᠡᠨᠢ ᠰᠢᠰᠢ᠎ᠶᠢᠨ ᠲᠠᠷᠢᠶᠠᠨ ᠳ᠋ᠤ ᠤᠯᠠᠭᠠᠨ ᠨᠢᠳᠦᠲᠦ ᠵᠥᠭᠡᠢ ᠵᠢ 《ᠤᠷᠢᠵᠤ》 ᠪᠤᠬᠢᠷᠳᠤᠯ ᠦᠭᠡᠢ ᠣᠷᠣᠯᠭ᠎ᠠ᠎ᠵᠢ ᠨᠡᠮᠡᠭᠳᠡᠭᠦᠯᠦᠨ᠎ᠡ
2025-08-09 10:55:25
ᠵᠣᠬᠢᠶᠠᠭ᠍ᠴᠢ᠄
​ ᠭᠣᠣ ᠮᠢᠨ ᠨᠠ ᠯᠢᠦ ᠶᠧ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠪᠠᠶᠠᠨᠬᠤᠰᠢᠭᠤ ᠪᠠᠯᠭᠠᠰᠤᠨ᠎ᠤ ᠱᠢ ᠰᠠᠨ ᠮᠠ ᠵᠢᠶᠠ ᠽᠢ ᠭᠠᠴᠠᠭᠠᠨ᠎ᠤ ᠡᠷᠳᠡᠨᠢ ᠰᠢᠰᠢ᠎ᠶᠢᠨ ᠲᠠᠷᠢᠶᠠᠨ᠎ᠤ ᠲᠡᠭᠡᠬᠦᠷ  ᠬᠣᠶᠠᠷ ᠵᠢᠯᠣᠭᠣᠴᠢ ᠦᠭᠡᠢ ᠨᠢᠰᠬᠡᠯ ᠮᠡᠷᠭᠡᠵᠢᠯ᠎ᠦᠨ ᠠᠵᠢᠯᠲᠠᠨ᠎ᠤ ᠡᠵᠡᠮᠰᠢᠯ ᠳᠣᠣᠷ᠎ᠠ ᠤᠷᠢᠳᠴᠢᠯᠠᠨ ᠲᠣᠭᠲᠠᠭᠠᠭᠰᠠᠨ ᠠᠶᠠᠯᠠᠯ᠎ᠤᠨ ᠱᠤᠭᠤᠮ᠎ᠢᠶᠠᠷ ᠨᠢᠰᠴᠦ᠂ ᠵᠢᠵᠢᠭ ᠪᠥᠮᠪᠥᠭᠡ ᠬᠡᠯᠪᠡᠷᠢᠲᠡᠢ ᠪᠣᠳᠠᠰ᠎ᠢ ᠣᠨᠣᠴᠠᠲᠠᠢ ᠬᠠᠶᠠᠨ᠎ᠠ᠃ ᠡᠳᠡᠭᠡᠷ ᠪᠦᠮᠪᠦᠭᠡᠯᠢᠭ ᠪᠤᠳᠠᠰ᠎ᠲᠤ ᠡᠷᠳᠡᠨᠢ ᠰᠢᠰᠢ᠎ᠶᠢᠨ ᠮᠢᠩ ᠬᠤᠷᠤᠬᠠᠢ ᠵᠢᠨ ᠲᠥᠷᠥᠯᠬᠢ ᠳᠠᠢᠰᠤᠨ ᠤᠯᠠᠭᠠᠨ ᠨᠢᠳᠦᠲᠦ ᠵᠥᠭᠡᠢ ᠪᠤᠢ᠃ 《 ᠪᠢᠳᠡ ᠤᠯᠠᠭᠠᠨ ᠨᠢᠳᠦᠲᠦ ᠵᠦᠭᠡᠢ ᠪᠡᠷ ᠡᠷᠳᠡᠨᠢ ᠰᠢᠰᠢ᠎ᠶᠢᠨ ᠮᠢᠩ ᠬᠤᠷᠤᠬᠠᠢ ᠵᠢ ᠰᠡᠷᠭᠡᠢᠯᠡᠨ ᠡᠵᠡᠮᠳᠡᠭᠡᠳ ᠨᠢᠭᠡᠨᠲᠡ ᠳᠥᠷᠪᠡᠨ ᠵᠢᠯ ᠪᠤᠯᠵᠤ  ᠪᠠᠢᠨ᠎ᠠ᠃ ᠥᠨᠥᠳᠥᠷ ᠪᠠᠷᠤᠭ 2200 ᠮᠦ᠍ ᠡᠷᠳᠡᠨᠢ ᠰᠢᠰᠢ᠎ᠶᠢᠨ ᠲᠠᠷᠢᠶ᠎ᠠ ᠳ᠋ᠤ ᠲᠠᠯᠪᠢᠬᠤ ᠪᠡᠷ ᠲᠥᠯᠥᠪᠯᠡᠵᠦ ᠪᠠᠢᠨ᠎ᠠ᠃ ᠡᠨᠡᠬᠦ ᠠᠵᠢᠯ᠎ᠢ ᠪᠡᠶᠡᠯᠡᠭᠦᠯᠦᠭᠰᠡᠨ᠎ᠦ ᠳᠠᠷᠠᠭ᠎ᠠ ᠵᠢᠱ᠌ᠢᠯᠲᠡ᠎ᠪᠡᠷ ᠮᠦ᠍ ᠪᠦᠷᠢ᠎ᠶᠢᠨ ᠤᠨᠠᠯᠲᠠ᠎ᠵᠢ 10% ᠡᠴᠡ 12% ᠵᠢᠡᠷ ᠳᠡᠭᠡᠭᠰᠢᠯᠡᠭᠦᠯᠵᠦ᠂ ᠬᠤᠬᠢᠷᠠᠯ᠎ᠢ10% ᠡᠴᠡ 12% ᠵᠢᠡᠷ ᠪᠠᠭᠠᠰᠬᠠᠨ᠎ᠠ᠃ ᠡᠨᠡ ᠵᠢᠯ  ᠠᠩᠬ᠎ᠠ ᠤᠳᠠᠭ᠎ᠠ ᠵᠢᠯᠣᠭᠣᠴᠢ ᠦᠭᠡᠢ ᠨᠢᠰᠬᠡᠯ᠎ᠢᠶᠡᠷ ᠤᠯᠠᠭᠠᠨ ᠨᠢᠳᠦᠲᠦ ᠵᠥᠭᠡᠢ ᠵᠢᠨ ᠪᠥᠮᠪᠥᠭᠡ ᠬᠠᠶᠠᠬᠤ᠎ᠵᠢ ᠲᠤᠷᠰᠢᠵᠤ ᠪᠠᠢᠨ᠎ᠠ᠂ ᠲᠤᠷᠰᠢᠯᠲᠠ ᠠᠮᠵᠢᠯᠲᠠ ᠤᠯᠪᠠᠯ ᠮᠦ᠍ ᠪᠦᠷᠢ᠎ᠳᠦ ᠪᠠᠰᠠ 10 ᠲᠥᠭᠥᠷᠢᠭ᠎ᠦᠨ ᠬᠥᠮᠥᠨ᠎ᠦ ᠬᠦᠴᠦᠨ᠎ᠦ ᠥᠪᠡᠷ᠎ᠦᠨ ᠥᠷᠲᠡᠭ᠎ᠢ ᠠᠷᠪᠢᠯᠠᠵᠤ ᠦᠭᠬᠦᠨ᠎ᠡ》 ᠭᠡᠵᠦ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠲᠠᠷᠢᠶᠠᠯᠠᠩ ᠮᠠᠯ ᠠᠵᠤ ᠠᠬᠤᠢ᠎ᠶᠢᠨ ᠮᠡᠷᠭᠡᠵᠢᠯ ᠳᠡᠯᠭᠡᠷᠡᠭᠦᠯᠬᠦ ᠲᠥᠪ᠎ᠦᠨ  ᠰᠤᠳᠤᠯᠤᠭ᠍ᠴᠢ ᠹᠧᠩ ᠵᠢᠶᠠᠨ ᠵᠢᠶᠦ᠋ᠨ ᠲᠠᠨᠢᠯᠴᠠᠭᠤᠯᠪᠠ᠃

ᠡᠭᠦᠨ᠎ᠦ ᠬᠠᠮᠲᠤ᠂ ᠵᠠᠯᠠᠢᠳ ᠬᠣᠰᠢᠭᠤᠨ᠎ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠢᠯᠡᠰ᠎ᠦᠨ ᠬᠥᠭᠵᠢᠯᠲᠡ᠎ᠶᠢᠨ ᠲᠥᠪ᠎ᠦᠨ ᠲᠠᠷᠢᠶᠠᠯᠠᠩ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠋᠎ᠲᠤ  ᠲᠠᠷᠢᠶᠠᠯᠠᠩ᠎ᠤᠨ ᠮᠡᠷᠭᠡᠵᠢᠯᠲᠡᠳ ᠶᠠᠭ ᠲᠠᠷᠢᠮᠠᠯ᠎ᠤᠨ ᠡᠷᠦᠬᠡ᠎ᠳᠦ ᠤᠯᠠᠭᠠᠨ ᠨᠢᠳᠦᠲᠦ ᠵᠥᠭᠡᠢ᠎ᠶᠢᠨ ᠤᠬᠠᠭᠤᠯᠭ᠎ᠠ ᠵᠢᠨ ᠺᠠᠷᠲ ᠲᠠᠷᠬᠠᠭᠠᠵᠤ ᠪᠠᠢᠯ᠎ᠠ᠃ ᠤᠯᠠᠭᠠᠨ ᠨᠢᠳᠦᠲᠦ ᠵᠥᠭᠡᠢ ᠪᠡᠷ ᠡᠷᠳᠡᠨᠢ ᠰᠢᠰᠢ᠎ᠶᠢᠨ ᠮᠢᠩ ᠬᠤᠷᠤᠬᠠᠢ ᠵᠢ ᠰᠡᠷᠭᠡᠢᠯᠡᠨ ᠵᠠᠰᠠᠬᠤ ᠮᠡᠷᠭᠡᠵᠢᠯ᠎ᠦᠨ ᠤᠭ ᠶᠣᠰᠣ᠌᠂ ᠣᠨᠴᠠᠯᠢᠭ᠋᠂ ᠠᠷᠭ᠎ᠠ ᠵᠢᠴᠢ ᠠᠩᠬᠠᠷᠬᠤ ᠵᠦᠢᠯᠡᠰ᠎ᠢ ᠨᠠᠷᠢᠨ ᠲᠠᠢᠯᠪᠤᠷᠢᠯᠠᠭᠰᠠᠨ᠎ᠤ ᠳᠠᠷᠠᠭ᠎ᠠ᠂ ᠢᠨᠳᠡᠷ ᠪᠠᠯᠭᠠᠰᠤᠨ᠎ᠤ ᠲᠠᠪᠤᠨ ᠭᠡᠷ ᠲᠣᠰᠬᠣᠨ᠎ᠤ ᠠᠮᠤ ᠪᠤᠳᠠᠭ᠎ᠠ ᠲᠠᠷᠢᠳᠠᠭ ᠲᠣᠮᠣ᠌ ᠡᠷᠦᠬᠡ ᠼᠦᠩ ᠳᠠ ᠴᠧᠩ᠎ᠤᠨ ᠬᠢᠨ ᠲᠡᠷᠡ ᠳᠠᠷᠤᠢ ᠳ᠋ᠤᠨᠢ ᠲᠠᠷᠢᠶᠠᠨ ᠳ᠋ᠠᠭᠠᠨ ᠬᠠᠶᠠᠭᠤᠯᠪᠠ᠃ 《ᠲᠠᠷᠢᠶᠠᠨ ᠡᠮ᠎ᠢᠶᠡᠷ ᠡᠷᠳᠡᠨᠢ ᠰᠢᠰᠢ᠎ᠶᠢᠨ ᠮᠢᠩ ᠬᠤᠷᠤᠬᠠᠢ ᠵᠢ ᠰᠡᠷᠭᠡᠢᠯᠡᠬᠦ ᠨᠢ ᠥᠪᠡᠷ᠎ᠦᠨ ᠥᠷᠲᠡᠭ ᠥᠨᠳᠥᠷ ᠪᠥᠭᠡᠳ ᠡᠮ᠎ᠦᠨ ᠬᠣᠣᠷ᠎ᠦᠯᠡᠳᠡᠳᠡᠭ᠃ ᠣᠲᠣ᠌ ᠤᠯᠠᠭᠠᠨ ᠨᠢᠳᠦᠲᠦ ᠵᠥᠭᠡᠢ᠎ᠶᠢ ᠬᠡᠷᠡᠭᠯᠡᠪᠡᠯ ᠣᠷᠴᠢᠨ ᠲᠤᠭᠤᠷᠢᠨ᠎ᠢ ᠬᠠᠮᠠᠭᠠᠯᠠᠬᠤ ᠮᠥᠷᠲᠡᠭᠡᠨ ᠪᠠᠰᠠ ᠵᠣᠭᠣᠰ ᠠᠷᠪᠢᠯᠠᠵᠤ᠂ ᠥᠪᠡᠷ᠎ᠦᠨ ᠥᠷᠲᠡᠭ᠎ᠢ ᠪᠠᠭ᠎ᠠ ᠪᠤᠰᠤ ᠪᠠᠭᠤᠷᠠᠭᠤᠯᠤᠨ᠎ᠠ》 ᠭᠡᠵᠦ ᠼᠦᠩ ᠳᠠ ᠴᠧᠩ ᠬᠠᠨᠤᠮᠵᠢᠲᠠᠢ ᠬᠡᠯᠡᠨ᠎ᠡ᠃

ᠬᠢᠩᠭᠠᠨ ᠠᠢᠮᠠᠭ᠎ᠤᠨ ᠲᠠᠷᠢᠶᠠᠯᠠᠩ ᠮᠠᠯ ᠠᠵᠤ ᠠᠬᠤᠢ᠎ᠶᠢᠨ ᠲᠣᠪᠴᠢᠶ᠎ᠠ᠎ᠶᠢᠨ ᠮᠡᠷᠭᠡᠵᠢᠯᠲᠡᠨ᠎ᠦ ᠲᠠᠨᠢᠯᠴᠠᠭᠤᠯᠤᠭᠰᠠᠨ᠎ᠢᠶᠠᠷ᠂ ᠡᠷᠳᠡᠨᠢ ᠰᠢᠰᠢ᠎ᠶᠢᠨ ᠮᠢᠩ ᠬᠤᠷᠤᠬᠠᠢ ᠪᠣᠯ ᠡᠷᠳᠡᠨᠢ ᠰᠢᠰᠢ᠎ᠶᠢᠨ ᠦᠢᠯᠡᠳᠪᠦᠷᠢᠯᠡᠯ᠎ᠢ ᠨᠥᠯᠥᠭᠡᠯᠡᠬᠦ ᠭᠣᠣᠯ ᠪᠤᠯᠬᠤ ᠬᠣᠣᠷᠲᠤ ᠬᠣᠷᠣᠬᠠᠢ ᠮᠥᠨ᠂ ᠲᠡᠭᠦᠨ᠎ᠦ ᠥᠷᠥᠮᠳᠡᠨ ᠢᠳᠡᠬᠦ ᠬᠣᠣᠷ ᠬᠥᠨᠥᠭᠡᠯ ᠨᠢ ᠰᠡᠷᠭᠡᠢᠯᠡᠨ ᠡᠵᠡᠮᠳᠡᠬᠦ ᠬᠦᠴᠢᠷᠳᠡᠯ᠎ᠢ ᠨᠡᠮᠡᠭᠳᠡᠭᠦᠯᠵᠦ᠂ ᠴᠠᠭ ᠲᠤᠬᠠᠢ ᠳ᠋ᠤᠨᠢ ᠰᠡᠷᠭᠡᠢᠯᠡᠨ ᠵᠠᠰᠠᠬᠤ ᠦᠭᠡᠢ ᠪᠣᠯ ᠡᠷᠳᠡᠨᠢ ᠰᠢᠰᠢ᠎ᠶᠢᠨ ᠤᠨᠠᠯᠲᠠ᠎ᠶᠢ ᠰᠢᠭᠤᠳ ᠪᠠᠭᠤᠷᠠᠭᠤᠯᠬᠤ ᠪᠣᠯᠣᠨ᠎ᠠ᠃  ᠤᠯᠠᠭᠠᠨ ᠨᠢᠳᠦᠲᠦ ᠵᠥᠭᠡᠢ ᠪᠡᠷ ᠡᠷᠳᠡᠨᠢ ᠰᠢᠰᠢ᠎ᠶᠢᠨ ᠮᠢᠩ ᠬᠤᠷᠤᠬᠠᠢ ᠵᠢ ᠰᠡᠷᠭᠡᠢᠯᠡᠨ ᠵᠠᠰᠠᠬᠤ᠎ᠨᠢ᠂ ᠤᠯᠠᠭᠠᠨ ᠨᠢᠳᠦᠲᠦ ᠵᠥᠭᠡᠢ ᠵᠢᠨ ᠡᠷᠳᠡᠨᠢ ᠰᠢᠰᠢ᠎ᠶᠢᠨ ᠮᠢᠩ ᠬᠤᠷᠤᠬᠠᠢ ᠵᠢᠨ ᠥᠨᠳᠡᠭᠡᠨ᠎ᠳᠦ ᠥᠨᠳᠡᠭᠡᠯᠡᠬᠦ ᠤᠨᠴᠠᠯᠢᠭ᠎ᠢ ᠠᠰᠢᠭᠯᠠᠵᠤ᠂ ᠨᠡᠪᠴᠢᠭᠦᠯᠬᠦ ᠣᠨᠴᠠᠯᠢᠭ᠋᠎ᠢ ᠨᠢ ᠡᠪᠳᠡᠵᠦ᠂ ᠡᠷᠳᠡᠨᠢ ᠰᠢᠰᠢ᠎ᠶᠢᠨ ᠤᠨᠠᠯᠲᠠ ᠪᠠ ᠶᠠᠰᠤ ᠴᠢᠨᠠᠷ᠎ᠢ ᠪᠠᠲᠤᠯᠠᠳᠠᠭ᠃ ᠤᠯᠠᠮᠵᠢᠯᠠᠯᠲᠤ ᠬᠢᠮᠢ᠎ᠶᠢᠨ ᠰᠡᠷᠭᠡᠢᠯᠡᠯᠲᠡ᠎ᠲᠠᠢ ᠬᠠᠷᠢᠴᠠᠭᠤᠯᠪᠠᠯ᠂ ᠡᠨᠡ ᠬᠦ᠌ 《ᠬᠣᠷᠣᠬᠠᠢ᠎ᠪᠠᠷ ᠬᠣᠷᠣᠬᠠᠢ᠎ᠶᠢ ᠤᠰᠠᠳᠬᠠᠬᠤ》 ᠠᠷᠭ᠎ᠠ ᠨᠢ ᠲᠠᠷᠢᠶᠠᠨ ᠡᠮ ᠬᠡᠷᠡᠭᠯᠡᠬᠦ ᠬᠡᠮᠵᠢᠶ᠎ᠡ᠎ᠶᠢ ᠪᠠᠭᠠᠰᠬᠠᠭᠰᠠᠨ᠎ᠢᠶᠠᠷ ᠪᠠᠷᠠᠬᠤ ᠦᠭᠡᠢ᠂ ᠪᠠᠰᠠ ᠲᠠᠷᠢᠶᠠᠯᠠᠩ᠎ᠤᠨ ᠦᠢᠯᠡᠳᠪᠦᠷᠢᠯᠡᠯ᠎ᠦᠨ ᠥᠪᠡᠷ᠎ᠦᠨ ᠥᠷᠲᠡᠭ᠎ᠢ ᠪᠠᠭᠤᠷᠠᠭᠤᠯᠤᠭᠰᠠᠨ ᠮᠦᠷᠲᠡᠭᠡᠨ ᠣᠷᠴᠢᠨ ᠲᠣᠭᠣᠷᠢᠨ᠎ᠢ ᠬᠠᠮᠠᠭᠠᠯᠠᠵᠤ᠂ ᠠᠮᠤᠷ ᠲᠦᠪᠰᠢᠨ ᠎ᠢ ᠪᠠᠳᠤᠯᠠᠵᠤ᠂ ᠬᠣᠣᠷᠲᠤ ᠬᠣᠷᠣᠬᠠᠢ᠎ᠶᠢᠨ ᠲᠣᠭ᠎ᠠ ᠬᠡᠮᠵᠢᠶ᠎ᠡ᠎ᠶᠢ ᠣᠷᠳᠣ᠌ ᠬᠤᠭᠤᠴᠠᠭ᠎ᠠ᠎ᠪᠠᠷ ᠪᠦᠲᠦᠮᠵᠢᠲᠡᠶ ᠬᠢᠵᠠᠭᠠᠷᠯᠠᠵᠤ ᠴᠢᠳᠠᠨ᠎ᠠ᠃

《ᠣᠳᠣᠬᠠᠨ᠎ᠳᠤ ᠮᠠᠨ᠎ᠤ ᠣᠷᠣᠨ ᠶᠠᠭ ᠠᠮᠤ ᠪᠤᠳᠠᠭᠠᠨ᠎ᠤ ᠲᠠᠯᠠᠪᠠᠢ ᠨᠢᠭᠡᠴᠢ᠎ᠶᠢᠨ ᠤᠨᠠᠯᠲᠠ ᠵᠢ ᠳᠡᠭᠡᠭᠰᠢᠯᠡᠭᠦᠯᠬᠦ ᠵᠠᠩᠭᠢᠯᠠᠭ᠎ᠠ᠎ᠶᠢᠨ ᠬᠤᠭᠤᠴᠠᠭᠠᠨ᠎ᠳᠤ ᠣᠷᠣᠰᠢᠵᠤ᠂ ᠪᠣᠬᠢᠷᠲᠤᠯ ᠦᠭᠡᠢ ᠪᠡᠷ ᠰᠡᠷᠭᠡᠢᠯᠡᠨ ᠡᠵᠡᠮᠳᠡᠬᠦ ᠪᠠ ᠨᠢᠭᠡᠳᠦᠯᠲᠡᠢ ᠰᠡᠷᠭᠡᠢᠯᠡᠨ ᠨᠢᠭᠡᠳᠦᠯᠲᠡᠢ ᠵᠠᠰᠠᠬᠤ᠎ᠶᠢ   ᠲᠤᠢᠯ ᠵᠢᠡᠷ ᠴᠢᠬᠤᠯᠠᠴᠢᠯᠠᠵᠤ ᠪᠠᠢᠭ᠎ᠠ ᠶᠤᠮ᠃ ᠣᠢᠷ᠎ᠠ᠎ᠶᠢᠨ ᠵᠢᠯ᠎ᠳᠦ᠂ ᠬᠢᠩᠭᠠᠨ ᠠᠢᠮᠠᠭ ᠤᠷᠭᠤᠮᠠᠯ᠎ᠤᠨ ᠬᠠᠮᠠᠭᠠᠯᠠᠯᠲᠠ  ᠵᠢᠴᠢ ᠭᠠᠮᠰᠢᠭ᠋᠎ᠢ ᠰᠡᠷᠭᠡᠢᠯᠡᠵᠦ ᠬᠣᠬᠢᠷᠠᠯ᠎ᠢ ᠪᠠᠭᠠᠰᠬᠠᠬᠤ ᠠᠵᠢᠯ᠎ᠢ ᠣᠨᠴᠠᠭᠠᠢᠯᠠᠨ ᠴᠢᠬᠤᠯᠠᠴᠢᠯᠠᠵᠤ᠂ ᠤᠯᠠᠭᠠᠨ ᠨᠢᠳᠦᠲᠦ ᠵᠥᠭᠡᠢ ᠪᠡᠷ ᠡᠷᠳᠡᠨᠢ ᠰᠢᠰᠢ᠎ᠶᠢᠨ ᠮᠢᠩ ᠬᠤᠷᠤᠬᠠᠢ ᠵᠢ ᠰᠡᠷᠭᠡᠢᠯᠡᠨ ᠵᠠᠰᠠᠬᠤ ᠠᠵᠢᠯ᠎ᠢ ᠦᠷᠭᠦᠯᠵᠢᠯᠡᠨ ᠨᠢᠭᠡᠳᠦᠯᠲᠡᠢ ᠠᠬᠢᠭᠤᠯᠵᠤ᠂ ᠪᠥᠬᠥ ᠣᠷᠣᠨ᠎ᠳ᠋ᠤ ᠲᠤᠰᠬᠠᠢ ᠪᠡᠯᠡ ᠮᠥᠩᠭᠥ ᠭᠠᠷᠭᠠᠵᠤ ᠡᠷᠳᠡᠨᠢ ᠰᠢᠰᠢ᠎ᠶᠢᠨ ᠮᠢᠩ ᠬᠤᠷᠤᠬᠠᠢ ᠵᠢ ᠨᠢᠭᠡᠳᠦᠯᠲᠡᠢ ᠰᠡᠷᠭᠡᠢᠯᠡᠨ ᠵᠠᠰᠠᠬᠤ᠎ᠶᠢ ᠥᠷᠨᠢᠭᠦᠯᠦᠭᠰᠡᠨ  ᠴᠣᠷ᠎ᠤᠨ ᠭᠠᠭᠴᠠ ᠠᠢᠮᠠᠭ ᠬᠣᠲᠠ ᠪᠣᠯᠣᠨ᠎ᠠ᠃ ᠡᠨᠡ ᠵᠢᠯ᠎ᠦᠨ ᠰᠡᠷᠭᠡᠢᠯᠡᠨ ᠵᠠᠰᠠᠬᠤ ᠲᠠᠯᠠᠪᠠᠶ ᠨᠢ ᠡᠷᠳᠡᠨᠢ ᠰᠢᠰᠢ ᠲᠠᠷᠢᠭᠰᠠᠨ ᠬᠠᠭᠠᠰ ᠢᠯᠡᠬᠦᠦ ᠲᠠᠯᠠᠪᠠᠢ ᠵᠢ ᠪᠦᠷᠬᠦᠵᠦ᠂ ᠬᠣᠬᠢᠷᠠᠯ᠎ᠢ ᠪᠠᠭᠠᠰᠬᠠᠬᠤ᠂ ᠶᠠᠰᠤ ᠴᠢᠨᠠᠷ᠎ᠢ ᠳᠡᠭᠡᠭᠰᠢᠯᠡᠭᠦᠯᠦᠨ ᠤᠨᠠᠯᠲᠠ᠎ᠶᠢ ᠳᠡᠭᠡᠭᠰᠢᠯᠡᠭᠦᠯᠬᠦ᠂ ᠣᠷᠣᠯᠭ᠎ᠠ᠎ᠶᠢ ᠨᠡᠮᠡᠭᠳᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ ᠦᠷ᠎ᠡ ᠪᠦᠲᠦᠮᠵᠢ᠎ᠶᠢ ᠪᠡᠶᠡᠯᠡᠭᠦᠯᠵᠦ᠂ ᠰᠡᠷᠭᠡᠢᠯᠡᠨ ᠵᠠᠰᠠᠬᠤ ᠦᠷ᠎ᠡ ᠪᠦᠲᠦᠮᠵᠢ ᠪᠠ ᠠᠮᠢ ᠠᠬᠤᠢ᠎ᠶᠢᠨ ᠦᠷ᠎ᠡ ᠠᠰᠢᠭ᠋ ᠲᠤᠢᠯ᠎ᠤᠨ ᠢᠯᠡᠷᠬᠡᠢ ᠪᠠᠢᠨ᠎ᠠ 》 ᠭᠡᠵᠦ ᠥᠪᠡᠷᠲᠡᠭᠡᠨ ᠵᠠᠰᠠᠬᠤ ᠣᠷᠣᠨ᠎ᠤ ᠤᠷᠭᠤᠮᠠᠯ᠎ᠢ ᠬᠠᠮᠠᠭᠠᠯᠠᠨ  ᠪᠠᠢᠴᠠᠭᠠᠬᠤ ᠲᠥᠪ᠎ᠦᠨ ᠡᠷᠬᠢᠯᠡᠭᠴᠢ ᠬᠤᠸᠠᠩ ᠵᠢᠶᠦ᠋ᠨ ᠰᠢᠶᠠ ᠶᠠᠷᠢᠯ᠎ᠠ᠃

ᠲᠠᠷᠢᠶᠠᠨ ᠳ᠋ᠤ ᠲᠣᠬᠢᠷᠠᠮᠵᠢᠲᠠᠢ ᠴᠠᠭ᠎ᠲᠤ ᠤᠯᠠᠭᠠᠨ ᠨᠢᠳᠦᠲᠦ ᠵᠥᠭᠡᠢ᠎ᠶᠢ ᠲᠠᠯᠪᠢᠬᠤ ᠪᠣᠯ ᠡᠷᠳᠡᠨᠢ ᠰᠢᠰᠢ᠎ᠶᠢᠨ ᠮᠢᠩ ᠬᠤᠷᠤᠬᠠᠢ ᠵᠢ ᠰᠡᠷᠭᠡᠢᠯᠡᠨ ᠵᠠᠰᠠᠬᠤ ᠵᠠᠩᠭᠢᠯᠠᠭ᠎ᠠ᠎ᠶᠢᠨ ᠮᠡᠷᠭᠡᠵᠢᠯ ᠪᠣᠯᠣᠨ᠎ᠠ᠃ ᠵᠢᠵᠢᠭᠬᠡᠨ ᠨᠢᠭᠡ ᠵᠥᠭᠡᠢ᠎ᠶᠢᠨ ᠺᠠᠷᠲ᠂ ᠨᠢᠭᠡ ᠵᠥᠭᠡᠢ᠎ᠶᠢᠨ ᠪᠥᠮᠪᠥᠭᠡ᠎ᠶᠢᠨ ᠠᠷᠤ᠎ᠳᠤ ᠬᠢᠩᠭᠠᠨ ᠠᠢᠮᠠᠭ᠎ᠤᠨ ᠬᠢᠨ᠎ᠤ  《ᠬᠣᠷᠣᠬᠠᠢ ᠵᠢᠨ ᠬᠦᠨᠦᠭᠡᠯ᠎ᠢ ᠪᠠᠭᠠᠰᠬᠠᠵᠤ ᠠᠮᠤ ᠪᠤᠳᠠᠭ᠎ᠠ ᠵᠢᠨ ᠤᠨᠠᠯᠲᠠ ᠵᠢ ᠨᠡᠮᠡᠭᠳᠡᠭᠦᠯᠵᠦ》᠂ ᠪᠣᠬᠢᠷᠲᠤᠯ ᠦᠭᠡᠢ ᠰᠡᠷᠭᠡᠢᠯᠡᠨ ᠡᠵᠡᠮᠳᠡᠬᠦ᠎ᠪᠡᠷ ᠳᠠᠮᠵᠢᠨ ᠲᠠᠷᠢᠶᠠᠯᠠᠩ᠎ᠤᠨ ᠦᠷᠭᠦᠯᠵᠢᠯᠡᠬᠦ ᠬᠥᠭᠵᠢᠯᠲᠡ᠎ᠶᠢ ᠪᠡᠶᠡᠯᠡᠭᠦᠯᠵᠦ᠂ ᠠᠮᠤ ᠪᠤᠳᠠᠭᠠᠨ᠎ᠤ ᠠᠮᠤᠷ ᠲᠦᠪᠰᠢᠨ᠎ᠢ  ᠪᠠᠲᠤᠯᠠᠬᠤ  ᠪᠠᠳᠤ ᠴᠢᠩᠭ᠎ᠠ ᠡᠷᠴᠢ ᠵᠣᠷᠢᠭ᠋᠎ᠢ ᠢᠯᠡᠷᠡᠬᠦᠯᠵᠦ ᠪᠤᠢ᠃

2024 ᠣᠨ᠎ᠳᠤ᠂ ᠬᠢᠩᠭᠠᠨ ᠠᠢᠮᠠᠭ ᠤᠯᠠᠭᠠᠨ ᠨᠢᠳᠦᠲᠦ ᠵᠦᠭᠡᠢ ᠪᠡᠷ ᠡᠷᠳᠡᠨᠢ ᠰᠢᠰᠢ᠎ᠶᠢᠨ ᠮᠢᠩ ᠬᠤᠷᠤᠬᠠᠢ ᠵᠢ ᠰᠡᠷᠭᠡᠢᠯᠡᠨ ᠡᠵᠡᠮᠳᠡᠬᠦ ᠠᠵᠢᠯ᠎ᠢ ᠬᠡᠷᠡᠭᠵᠢᠭᠦᠯᠦᠭᠰᠡᠨ ᠦᠷ᠎ᠡ ᠪᠦᠲᠦᠮᠵᠢ   65% ᠡᠴᠡ ᠳᠡᠭᠡᠭᠰᠢ᠎ᠳᠦ ᠬᠦᠷᠴᠦ᠂ ᠮᠦ᠍ ᠪᠦᠷᠢ ᠳ᠋ᠤ 50 ᠺᠢᠯᠣᠭ᠌ᠷᠠᠮ ᠠᠮᠤ ᠪᠤᠳᠠᠭᠠᠨ᠎ᠤ ᠬᠣᠬᠢᠷᠠᠯ᠎ᠢ ᠡᠭᠡᠭᠦᠯᠦᠨ ᠠᠪᠴᠢᠷᠠᠵᠤ᠂ ᠪᠥᠬᠥ ᠠᠢᠮᠠᠭ᠎ᠲᠤ 3.33 ᠳ᠋ᠦᠩᠰᠢᠭᠤᠷ ᠺᠢᠯᠣᠭ᠌ᠷᠠᠮ ᠠᠮᠤ ᠪᠤᠳᠠᠭᠠᠨ᠎ᠤ ᠬᠣᠬᠢᠷᠠᠯ᠎ᠢ ᠪᠠᠭᠠᠰᠬᠠᠵᠤ ᠤᠨᠠᠯᠲᠠ ᠵᠢ ᠨᠡᠮᠡᠭᠳᠡᠭᠦᠯᠦᠨ᠂  ᠣᠷᠣᠯᠭ᠎ᠠ᠎ᠶᠢ 6 ᠳ᠋ᠦᠩᠰᠢᠭᠤᠷ ᠭᠠᠷᠤᠢ ᠲᠥᠭᠥᠷᠢᠭ ᠨᠡᠮᠡᠭᠳᠡᠭᠦᠯᠵᠦ᠂ ᠲᠠᠷᠢᠶᠠᠨ ᠡᠮ ᠬᠡᠷᠡᠭᠯᠡᠬᠦ ᠬᠡᠮᠵᠢᠶ᠎ᠡ᠎ᠶᠢ 200.1 ᠲᠣᠨ ᠪᠠᠭᠠᠰᠬᠠᠵᠤ᠂ ᠲᠠᠷᠢᠶᠠᠴᠢᠨ ᠡᠷᠦᠬᠡ᠎ᠳ᠋ᠤ ᠲᠠᠭᠠᠰᠢᠶᠠᠭᠳᠠᠭᠰᠠᠨ ᠬᠡᠮᠵᠢᠶ᠎ᠡ 98% ᠳ᠋ᠤ ᠬᠦᠷᠴᠡᠢ᠃ ᠡᠨᠡ ᠵᠢᠯ᠂ ᠬᠢᠩᠭᠠᠨ ᠠᠢᠮᠠᠭ 667 ᠲᠦᠮᠡᠨ ᠮᠦ᠍ ᠡᠷᠳᠡᠨᠢ ᠰᠢᠰᠢ ᠵᠢᠨ ᠲᠠᠷᠢᠶᠠᠨ ᠳ᠋ᠤ ᠤᠯᠠᠭᠠᠨ ᠨᠢᠳᠦᠲᠦ ᠵᠦᠭᠡᠢ ᠬᠠᠶᠠᠵᠤ ᠡᠷᠳᠡᠨᠢ ᠰᠢᠰᠢ᠎ᠶᠢᠨ ᠮᠢᠩ ᠬᠤᠷᠤᠬᠠᠢ ᠵᠢ ᠰᠡᠷᠭᠡᠢᠯᠡᠨ ᠡᠵᠡᠮᠳᠡᠬᠦ ᠵᠢ ᠬᠡᠷᠡᠭᠵᠢᠭᠦᠯᠵᠦ᠂ 2000 ᠲᠦᠮᠡᠨ ᠲᠥᠭᠥᠷᠢᠭ᠎ᠦᠨ ᠨᠥᠬᠥᠪᠦᠷᠢ ᠮᠥᠩᠭᠥ ᠣᠷᠣᠭᠤᠯᠤᠨ᠂ ᠲᠠᠷᠢᠮᠠᠯ᠎ᠤᠨ ᠡᠷᠦᠬᠡ᠎ᠶᠢᠨ ᠪᠣᠬᠢᠷᠲᠤᠯ ᠦᠭᠡᠢ ᠰᠡᠷᠭᠡᠢᠯᠡᠨ ᠡᠵᠡᠮᠳᠡᠬᠦ ᠮᠡᠷᠭᠡᠵᠢᠯ᠎ᠦᠨ ᠲᠤᠬᠠᠢ ᠲᠠᠨᠢᠯᠲᠠ ᠪᠠ ᠬᠡᠷᠡᠭᠯᠡᠭᠡᠨ᠎ᠦ ᠬᠢᠷᠢ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠵᠦ᠂ ᠤᠯᠠᠭᠠᠨ ᠨᠢᠳᠦᠲᠦ ᠵᠦᠭᠡᠢ ᠪᠡᠷ ᠡᠷᠳᠡᠨᠢ ᠰᠢᠰᠢ᠎ᠶᠢᠨ ᠮᠢᠩ ᠬᠤᠷᠤᠬᠠᠢ ᠵᠢ ᠰᠡᠷᠭᠡᠢᠯᠡᠨ ᠡᠵᠡᠮᠳᠡᠬᠦ ᠠᠵᠢᠯ᠎ᠢ ᠥᠷᠭᠡᠨ᠎ᠢᠶᠡᠷ ᠨᠠᠢᠳᠠᠪᠤᠷᠢᠵᠢᠭᠤᠯᠪᠠ᠃

《ᠪᠣᠬᠢᠷᠲᠤᠯ ᠦᠭᠡᠢ ᠪᠡᠷ ᠰᠡᠷᠭᠡᠢᠯᠡᠨ ᠡᠵᠡᠮᠳᠡᠬᠦ ᠪᠣᠯ ᠬᠥᠳᠡᠭᠡ ᠠᠵᠤ ᠠᠬᠤᠢ᠎ᠶᠢᠨ ᠦᠷᠭᠦᠯᠵᠢᠯᠡᠬᠦ ᠬᠥᠭᠵᠢᠯᠲᠡ᠎ᠶᠢᠨ ᠵᠠᠪᠠᠯ ᠶᠠᠪᠤᠬᠤ ᠵᠠᠮ ᠮᠥᠨ᠃ ᠣᠳᠣᠬᠠᠨ᠎ᠳᠤ᠂ ᠬᠢᠩᠭᠠᠨ ᠠᠢᠮᠠᠭ᠎ᠤᠨ ᠲᠠᠷᠢᠶᠠᠯᠠᠩ ᠦᠢᠯᠡᠳᠪᠦᠷᠢᠯᠡᠯ ᠨᠢᠭᠡᠨᠲᠡ ᠡᠪᠡᠳᠴᠢᠨ ᠬᠣᠷᠣᠬᠠᠢ᠎ᠶᠢᠨ ᠬᠥᠨᠥᠭᠡᠯ᠎ᠢ ᠰᠡᠷᠭᠡᠢᠯᠡᠨ ᠵᠠᠰᠠᠬᠤ᠎ᠪᠠᠷ ᠭᠣᠣᠯ ᠪᠣᠯᠭᠠᠭᠰᠠᠨ ᠲᠠᠷᠢᠶᠠᠨ ᠭᠠᠵᠠᠷ᠎ᠤᠨ ᠬᠠᠮᠢᠶᠠᠷᠤᠯᠲᠠ᠎ᠶᠢᠨ ᠱᠠᠲᠤᠨ᠎ᠳᠤ ᠣᠷᠣᠪᠠ᠂ ᠪᠢᠳᠡ ᠲᠥᠷᠥ᠎ᠶᠢᠨ ᠪᠣᠳᠣᠯᠭ᠎ᠠ᠎ᠶᠢᠨ ᠳᠠᠪᠠᠭᠤᠯᠢᠭ᠋᠂ ᠲᠥᠷᠥᠯ ᠵᠦᠢᠯ᠎ᠦᠨ ᠳᠠᠪᠠᠭᠤᠯᠢᠭ᠋ ᠪᠠ ᠲᠣᠰ ᠭᠠᠵᠠᠷ᠎ᠤᠨ ᠡᠵᠡᠩᠨᠡᠯᠲᠡ᠎ᠶᠢᠨ ᠭᠣᠣᠯ ᠴᠣᠭᠴᠠ ᠵᠢᠨ ᠳᠠᠪᠠᠭᠤᠯᠢᠭ᠋᠎ᠢ ᠰᠠᠢᠲᠤᠷ ᠠᠰᠢᠭ᠍ᠯᠠᠵᠤ᠂ ᠥᠷᠭᠡᠨ ᠣᠯᠠᠨ ᠲᠠᠷᠢᠶᠠᠴᠢᠳ᠎ᠤᠨ ᠠᠮᠤ ᠪᠤᠳᠠᠭᠠᠨ᠎ᠤ ᠦᠢᠯᠡᠳᠪᠦᠷᠢᠯᠡᠯ᠎ᠦᠨ ᠢᠳᠡᠪᠬᠢᠵᠢᠯ᠎ᠢ ᠳᠠᠶ᠋ᠢᠴᠢᠯᠠᠵᠤ᠂ ᠪᠣᠬᠢᠷᠲᠤᠯ ᠦᠭᠡᠢ ᠲᠠᠷᠢᠶᠠᠯᠠᠩ᠎ᠤᠨ ᠦᠢᠯᠡᠳᠪᠦᠷᠢᠯᠡᠯ᠎ᠦᠨ ᠮᠡᠷᠭᠡᠵᠢᠯ᠎ᠢ ᠪᠥᠬᠥ ᠲᠠᠯ᠎ᠠ᠎ᠪᠠᠷ ᠳᠡᠯᠭᠡᠷᠡᠭᠦᠯᠵᠦ ᠪᠠᠢᠨ᠎ᠠ᠃ ᠡᠭᠦᠨ᠎ᠦ ᠬᠠᠮᠲᠤ᠂ ᠴᠠᠭ ᠠᠭᠤᠷ᠎ᠤᠨ ᠬᠤᠪᠢᠷᠠᠯᠲᠠ᠎ᠶᠢ  ᠠᠩᠬᠠᠷᠴᠤ᠂ ᠠᠮᠤ ᠪᠤᠳᠠᠭᠠᠨ᠎ᠤ ᠭᠣᠣᠯ ᠭᠠᠷᠤᠯᠲᠠ᠎ᠶᠢᠨ ᠣᠷᠣᠨ᠎ᠤ ᠡᠪᠡᠳᠴᠢᠨ ᠬᠣᠷᠣᠬᠠᠢ᠎ᠶᠢᠨ ᠬᠥᠨᠥᠭᠡᠯ᠎ᠢ ᠰᠡᠷᠭᠡᠢᠯᠡᠨ ᠵᠠᠰᠠᠬᠤ᠂ ᠡᠭᠦᠰᠬᠦ ᠵᠢᠮ᠎ᠡ ᠶᠣᠰᠣ᠌᠎ᠶᠢ ᠮᠡᠳᠡᠵᠦ᠂ ᠤᠷᠭᠤᠮᠠᠯ᠎ᠤᠨ ᠬᠠᠮᠠᠭᠠᠯᠠᠯᠳᠠ ᠵᠢᠨ ᠬᠦᠴᠦᠨ᠎ᠢ ᠴᠠᠭ ᠲᠤᠬᠠᠢ ᠳ᠋ᠤᠨᠢ ᠳᠠᠶ᠋ᠢᠴᠢᠯᠠᠵᠤ᠂ 〈ᠬᠣᠷᠣᠬᠠᠢ ᠵᠢᠨ ᠬᠦᠨᠦᠭᠡᠯ᠎ᠢ ᠪᠠᠭᠠᠰᠬᠠᠵᠤ ᠠᠮᠤ ᠪᠤᠳᠠᠭ᠎ᠠ ᠵᠢᠨ ᠤᠨᠠᠯᠲᠠ ᠵᠢ ᠨᠡᠮᠡᠭᠳᠡᠭᠦᠯᠬᠦ〉 ᠠᠮᠤ ᠪᠤᠳᠠᠭᠠᠨ᠎ᠤ ᠬᠠᠮᠠᠭᠠᠯᠠᠯᠲᠠ ᠵᠢᠨ ᠳᠠᠢᠯᠠᠯᠳᠤᠭᠠᠨ᠎ᠢ ᠰᠠᠢᠲᠤᠷ ᠬᠢᠵᠦ᠂ ᠠᠮᠤ ᠪᠤᠳᠠᠭᠠᠨ᠎ᠤ ᠦᠢᠯᠡᠳᠪᠦᠷᠢᠯᠡᠯ᠎ᠦᠨ ᠡᠯᠪᠡᠭ ᠬᠤᠷᠢᠶᠠᠯᠲᠠ ᠣᠯᠬᠤ᠎ᠶᠢ ᠦᠨᠡᠨ ᠬᠦ᠌ ᠪᠠᠲᠤᠯᠠᠨ᠎ᠠ》 ᠭᠡᠵᠦ ᠬᠢᠩᠭᠠᠨ ᠠᠢᠮᠠᠭ᠎ᠤᠨ ᠲᠠᠷᠢᠶᠠᠯᠠᠩ ᠮᠠᠯ ᠠᠵᠤ ᠠᠬᠤᠢ᠎ᠶᠢᠨ ᠮᠡᠷᠭᠡᠵᠢᠯ ᠳᠡᠯᠭᠡᠷᠡᠭᠦᠯᠬᠦ ᠲᠥᠪ᠎ᠦᠨ ᠡᠷᠬᠢᠯᠡᠭᠴᠢ ᠵᠠᠩ ᠵᠢᠨ ᠰᠦᠸᠸ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号