ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠲᠠᠢ᠍ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠠᠢ᠍ᠢᠨ ᠢᠯᠠᠯᠲᠠ ᠣᠯᠣᠭᠰᠠᠨ 80 ᠵᠢᠯ᠎ᠦᠨ ᠤᠢ᠎ᠶᠢ ᠳᠤᠷᠠᠰᠬᠠᠬᠤ ᠶᠡᠬᠡ ᠬᠤᠷᠠᠯ ᠪᠣᠯᠣᠨ ᠤᠷᠠᠨ ᠰᠠᠢᠬᠠᠨ᠎ᠤ ᠦᠳᠡᠰᠢᠯᠡᠭᠡ 9 ᠰᠠᠷ᠎ᠠ᠎ᠶᠢᠨ 3᠎ᠤ᠋ ᠡᠳᠦᠷ ᠪᠡᠭᠡᠵᠢᠩ᠎ᠳᠦ ᠶᠠᠪᠤᠭᠳᠠᠨ᠎ᠠ
2025-09-01 22:34:39
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

9 ᠰᠠᠷ᠎ᠠ᠎ᠶᠢᠨ 3᠎ᠤ᠋ ᠡᠳᠦᠷ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠲᠠᠢ᠍ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠲᠠᠢ᠍ᠢᠨ ᠢᠯᠠᠯᠲᠠ ᠣᠯᠣᠭᠰᠠᠨ 80 ᠵᠢᠯ᠎ᠦᠨ ᠤᠢ ᠵᠢᠨ ᠳᠤᠷᠠᠰᠬᠠᠯ᠎ᠤᠨ ᠡᠳᠦᠷ ᠪᠤᠯᠤᠨ᠎ᠠ᠃ ᠲᠤᠬᠠᠢ ᠵᠢᠨ ᠡᠳᠦᠷ᠎ᠦᠨ ᠦᠳᠡ᠎ᠶᠢᠨ ᠡᠮᠦᠨᠡᠬᠢ 9 ᠴᠠᠭ᠎ᠲᠤ᠂ ᠪᠡᠭᠡᠵᠢᠩ᠎ᠦᠨ ᠲᠢᠶᠠᠨ ᠠᠨ ᠮᠧᠨ ᠠᠭᠤᠳᠠᠮ ᠲᠠᠯᠠᠪᠠᠶ᠎ᠳᠤ ᠳᠤᠷᠠᠰᠬᠠᠬᠤ ᠶᠡᠬᠡ ᠬᠤᠷᠠᠯ ᠶᠠᠪᠤᠭᠳᠠᠨ᠎ᠠ᠃ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ ᠵᠢᠨ ᠲᠡᠷᠢᠭᠦᠯᠡᠭᠴᠢ ᠰᠢ᠎ᠶᠢᠨ ᠫᠢᠩ ᠴᠢᠬᠤᠯᠠ ᠶᠠᠷᠢᠶ᠎ᠠ ᠲᠠᠯᠪᠢᠬᠤ᠎ᠶᠢᠨ ᠬᠠᠮᠲᠤ ᠴᠡᠷᠢᠭ ᠠᠩᠭᠢ᠎ᠶᠢ ᠰᠢᠯᠭᠠᠨ ᠦᠵᠡᠬᠦ ᠪᠣᠯᠣᠨ᠎ᠠ᠃

ᠲᠤᠬᠠᠢ᠎ᠶᠢᠨ ᠡᠳᠦᠷ᠎ᠦᠨ ᠣᠷᠣᠢ᠎ᠶᠢᠨ 8 ᠴᠠᠭ᠎ᠲᠤ᠂ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠶ᠋ᠢᠨ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ 《ᠰᠢᠳᠤᠷᠭᠤ ᠶᠣᠰᠣ᠌ ᠯᠠᠪᠲᠠᠢ ᠢᠯᠠᠨ᠎ᠠ》 ᠭᠡᠬᠦ ᠤᠷᠠᠨ ᠰᠠᠢᠬᠠᠨ᠎ᠤ ᠦᠳᠡᠰᠢᠯᠡᠭᠡ ᠪᠡᠭᠡᠵᠢᠩ ᠤ᠋ᠨ ᠠᠷᠠᠳ ᠤ᠋ᠨ ᠶᠡᠬᠡ ᠬᠤᠷᠠᠯ ᠤ᠋ᠨ ᠲᠠᠩᠬᠢᠮ᠎ᠳᠤ ᠶᠠᠪᠤᠭᠳᠠᠵᠤ᠂ ᠰᠢ᠎ᠶᠢᠨ ᠫᠢᠩ ᠨᠠᠷ ᠤᠷᠤᠯᠴᠠᠵᠦ ᠰᠤᠨᠢᠷᠬᠠᠬᠤ ᠪᠣᠯᠣᠨ᠎ᠠ᠃

ᠲᠤᠬᠠᠢ᠎ᠶᠢᠨ ᠴᠠᠭ ᠲᠦ᠍᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ ᠡᠴᠡ ᠠᠬᠤᠢ ᠲᠠᠯᠠᠪᠠᠶ᠎ᠶᠢᠨ ᠰᠢᠭᠤᠳ ᠨᠡᠪᠲᠡᠷᠡᠭᠦᠯᠭᠡ ᠬᠢᠵᠦ᠂ ᠰᠢᠨᠬᠤᠸᠠ ᠰᠦᠯᠵᠢᠶ᠎ᠡ ᠡᠴᠡ ᠭᠡᠷᠡᠯ ᠵᠢᠷᠤᠭ ᠦᠰᠦᠭ ᠪᠢᠴᠢᠭ᠎ᠦᠨ ᠰᠢᠭᠤᠳ ᠨᠡᠪᠲᠡᠷᠡᠭᠦᠯᠭᠡ ᠬᠢᠬᠦ ᠪᠣᠯᠣᠨ᠎ᠠ᠃

(ᠰᠢᠨᠬᠤᠸᠠ ᠬᠤᠷᠢᠶ᠎ᠡ ᠵᠢᠨ ᠪᠡᠭᠡᠵᠢᠩ᠎ᠦᠨ 9 ᠰᠠᠷ᠎ᠠ᠎ᠶᠢᠨ 1᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄ ᠠᠯᠲᠠᠠᠠᠤᠳᠦ
ᠨᠠᠢᠷᠠᠭᠤᠯᠤᠭ᠍ᠴᠢ᠄ ᠬᠦᠰᠡᠯᠡᠩ
ᠱᠢᠡᠬᠤᠸᠠ ᠬᠤᠷᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号