ᠪᠥᠬᠥ᠌ ᠤᠯᠤᠰ᠎ᠤᠨ ᠵᠠᠯᠠᠭᠤᠴᠤᠳ᠎ᠤᠨ᠎ᠲᠠᠢᠺᠢᠨᠳᠤᠤ᠎ᠶ᠋ᠢᠨ ᠶᠡᠷᠦᠩᠬᠡᠶ ᠱᠢᠶ᠋ᠳᠪᠦᠷᠢᠲᠦ ᠤᠷᠤᠯᠳᠤᠭᠠᠨ (ᠬᠥᠬᠡ ᠳᠤᠭᠤᠢᠯᠠᠩ)᠎ᠳᠦ ᠮᠠᠨ᠎ᠤ ᠤᠷᠤᠨ᠎ᠤ ᠠᠩᠭᠢ ᠮᠥᠩᠬᠦᠨ ᠮᠧᠳᠠᠯ ᠭᠠᠷᠳᠠᠪᠠ
2025-09-12 11:26:44
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠦᠪᠡᠷᠲᠡᠭᠡᠨ ᠵᠠᠰᠠᠬᠤ ᠤᠷᠤᠨ᠎ᠤ ᠪᠡᠶ᠎ᠡ᠎ᠶᠢᠨ ᠲᠠᠮᠢᠷ᠎ᠤᠨ ᠲᠤᠪᠴᠢᠶ᠎ᠠ ᠡᠴᠡ ᠤᠢᠯᠠᠭᠠᠭᠰᠠᠨ᠎ᠶ᠋ᠢᠡᠷ᠂ 2025 ᠣᠨ᠎ᠤ ᠪᠥᠬᠥ᠌ ᠤᠯᠤᠰ᠎ᠤᠨ ᠵᠠᠯᠠᠭᠤᠴᠤᠳ᠎ᠤᠨ᠎ᠲᠠᠢᠺᠢᠨᠳᠤᠤ᠎ᠶ᠋ᠢᠨ ᠶᠡᠷᠦᠩᠬᠡᠶ ᠱᠢᠶ᠋ᠳᠪᠦᠷᠢᠲᠦ ᠤᠷᠤᠯᠳᠤᠭᠠᠨ (ᠬᠥᠬᠡ ᠳᠤᠭᠤᠢᠯᠠᠩ) 9 ᠰᠠᠷ᠎ᠠ᠎ᠶ᠋ᠢᠨ 1᠎ᠤ᠋ ᠡᠳᠦᠷ᠎ᠡᠴᠡ 7 ᠎ᠤ᠋ ᠡᠳᠦᠷ ᠪᠣᠯᠲᠠᠯ᠎ᠠ ᠱᠢᠨᠵᠢᠶᠠᠩ᠎ᠤᠨ ᠴᠠᠩ ᠵᠢᠶ ᠬᠣᠲᠠ᠎ᠳᠤ ᠶᠠᠪᠤᠭ᠍ᠳᠠᠵᠤ᠂ ᠪᠥᠬᠥ᠌ ᠤᠯᠤᠰ᠎ᠤᠨ 28 ᠲᠥᠯᠥᠭᠡᠯᠡᠭ᠌ᠴᠢᠳ᠎ᠦᠨ ᠠᠩᠭᠢ᠎ᠶ᠋ᠢᠨ 297 ᠲᠠᠮᠢᠷᠴᠢᠨ ᠤᠷᠤᠯᠳᠤᠭᠠᠨ᠎ᠳᠤ ᠣᠷᠣᠯᠴᠠᠪᠠ᠃

ᠥᠪᠥᠷ ᠮᠣᠩᠭᠣᠯ᠎ᠤᠨ ᠠᠩᠭᠢ᠎ᠠᠴᠠ 8 ᠲᠠᠮᠢᠷᠴᠢᠨ ᠲᠣᠮᠢᠯᠠᠨ 7 ᠲᠠᠰ᠎ᠤᠨ ᠤᠷᠤᠯᠳᠤᠭᠠᠨ᠎ᠳᠤ ᠣᠷᠣᠯᠴᠠᠵᠤ᠂ ᠬᠤᠷᠴᠠ ᠰᠢᠷᠦᠭᠦᠨ ᠦᠷᠢᠰᠦᠯᠳᠦᠭᠡᠨ᠎ᠶ᠋ᠢᠡᠷ ᠳᠠᠮᠵᠢᠨ ᠡᠴᠦᠰ᠎ᠲᠡᠬᠡᠨ 1 ᠮᠥᠩᠭᠥᠨ ᠮᠧᠳᠠᠯ ᠭᠠᠷᠳᠠᠵᠦ᠂ 5 ᠲᠠᠪᠤᠳᠤᠭᠠᠷ ᠨᠡᠷᠡᠰ ᠲᠸ᠋ ᠲᠤᠳᠤᠷᠠᠵᠠᠢ᠃ ᠡᠭᠦᠨ᠎ᠳᠦ᠂ ᠭᠦᠸᠧ ᠷᠦ᠋ ᠶᠤᠸᠠᠢ ᠡᠮᠡᠭ᠌ᠲᠡᠶ᠎ᠶ᠋ᠢᠨ 59 ᠺᠢᠯᠣᠭ᠌ᠷᠠᠮ᠎ᠤᠨ ᠲᠠᠰ᠎ᠤᠨ ᠮᠥᠩᠭᠥᠨ ᠮᠧᠳᠠᠯ ᠭᠠᠷᠳᠠᠵᠦ᠂ ᠸᠠᠩ ᠽᠢ ᠨᠠᠨ ᠡᠮᠡᠭ᠌ᠲᠡᠶ᠎ᠶ᠋ᠢᠨ 55 ᠺᠢᠯᠣᠭ᠌ᠷᠠᠮ᠎ᠤᠨ ᠲᠠᠰ᠎ᠤᠨ ᠲᠠᠪᠤᠳᠤᠭᠠᠷ᠎ᠲᠤ ᠲᠤᠳᠤᠷᠠᠵᠦ᠂ ᠵᠢᠶᠠ᠎ᠶ᠋ᠢᠨ ᠪᠠ ᠬᠠᠨ ᠱᠢᠤᠢ ᠡᠮᠡᠭ᠌ᠲᠡᠶ᠎ᠶ᠋ᠢᠨ + 68 ᠺᠢᠯᠣᠭ᠌ᠷᠠᠮ᠎ᠤᠨ ᠲᠠᠰ᠎ᠤᠨ ᠲᠠᠪᠤᠳᠤᠭᠠᠷ᠎ᠲᠤ ᠲᠤᠳᠤᠷᠠᠵᠦ᠂ ᠴᠢᠦᠶ ᠯᠢᠦ ᠱᠦᠸᠸ ᠡᠷᠡᠭ᠌ᠲᠡᠶ᠎ᠶ᠋ᠢᠨ 78 ᠺᠢᠯᠣᠭ᠌ᠷᠠᠮ᠎ᠤᠨ ᠲᠠᠰ᠎ᠤᠨ ᠲᠠᠪᠤᠳᠤᠭᠠᠷ᠎ᠲᠤ ᠣᠷᠣᠵᠤ᠂ ᠬᠦᠰᠡᠯ ᠡᠷᠡᠭ᠌ᠲᠡᠶ᠎ᠶ᠋ᠢᠨ + 78 ᠺᠢᠯᠣᠭ᠌ᠷᠠᠮ᠎ᠤᠨ ᠲᠠᠰ᠎ᠤᠨ ᠲᠠᠪᠤᠳᠤᠭᠠᠷ᠎ᠲᠤ ᠣᠷᠣᠵᠠᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号