ᠥᠪᠥᠷ ᠮᠣᠩᠭᠣᠯ ᠤ᠋ᠨ ᠡᠯᠡᠰᠦ ᠶ᠋ᠢ ᠵᠠᠰᠠᠵᠤ ᠠᠷᠠᠳᠢ ᠪᠠᠶᠠᠵᠢᠭᠤᠯᠤᠬᠰᠠᠨ ᠠᠨᠢᠰᠤ
ᠠᠯᠲᠠᠨ ᠨᠠᠮᠤᠷ ᠤ᠋ᠨ ᠤᠯᠠᠷᠢᠯ ᠳ᠋ᠤ᠂ ᠲᠦᠩᠯᠢᠶᠣᠤ ᠬᠣᠲᠠ ᠵᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ ᠤ᠋ ᠠᠭᠤᠯᠠ ᠪᠠᠯᠭᠠᠰᠤᠨ ᠤ᠋ ᠶᠠᠮᠤ ᠵᠢᠨ ᠠᠢᠯᠤᠨ ᠳᠡᠭᠦᠦᠵᠠᠯᠭᠠ ᠮᠠᠱᠢᠨ ᠲᠡᠷᠭᠡᠨ ᠲᠡᠭᠡᠷ᠎ᠡ ᠪᠡᠨ ᠰᠠᠶᠢᠬᠠᠨ ᠬᠣᠱᠢᠭᠤᠨ ᠲᠦᠪ ᠡᠴᠡ ᠪᠠᠨ ᠬᠤᠳᠠᠯᠳᠤᠨ ᠠᠪᠤᠭ᠍ᠰᠠᠨ ᠲᠡᠵᠢᠭᠡᠯ ᠪᠣᠷᠳᠣᠭ᠎ᠠ ᠪᠡᠨ ᠠᠴᠢᠵᠤ ᠵᠠᠰᠠᠮᠠᠯ ᠵᠠᠮ ᠵᠢᠡᠷ ᠲᠠᠪᠬᠢᠭᠤᠯᠬᠤᠳᠤ᠂ ᠵᠠᠮ ᠤ᠋ᠨ ᠬᠣᠶᠠᠷ ᠲᠠᠯ᠎ᠠ ᠵᠢᠨ ᠪᠤᠷᠭᠠᠰᠤ᠂ ᠡᠰᠢ ᠰᠦᠷᠡᠯᠦᠨ ᠲᠤᠤᠷ ᠲᠤ᠌ ᠴᠢᠳᠦᠷᠯᠡᠭᠳᠡᠭᠰᠡᠨ ᠡᠯᠡᠰᠦᠨ ᠳᠣᠪᠣ ᠤᠨᠴᠠᠭᠠᠢ ᠭᠤᠶᠤᠬᠠᠨ ᠬᠠᠷᠠᠭᠳᠠᠨ᠎ᠠ᠃
ᠡᠯᠡᠰᠦᠨᠤ ᠬᠦᠪᠡᠭᠡ ᠵᠠᠬ᠎ᠠ ᠶ᠋ᠢ ᠴᠢᠳᠦᠷᠯᠡᠬᠦ᠂ ᠡᠯᠡᠰᠤ ᠶ᠋ᠢ ᠲᠤᠭᠲᠠᠪᠤᠷᠢᠵᠢᠭᠤᠯᠬᠤ᠂ ᠤᠢᠵᠢᠭᠤᠯᠵᠦ ᠨᠤᠭᠤᠭᠠᠷᠠᠭᠤᠯᠬᠤ ᠪᠡᠷ ᠲᠠᠮᠵᠢᠨ ᠣᠳᠣᠬᠠᠨ ᠳ᠋ᠤ ᠬᠣᠷᠴᠢᠨ ᠵᠡᠭᠦᠨ ᠭᠠᠷᠤᠨ ᠬᠣᠢᠲᠤ ᠬᠣᠱᠢᠭᠤ ᠨᠢᠭᠡᠨᠲᠡ 2600 ᠺᠢᠯᠣᠮᠧᠲ᠋ᠷ ᠱᠢᠬᠠᠮ ᠡᠯᠡᠰᠦ ᠶ᠋ᠢ ᠳᠤᠭᠤᠯᠤᠭ᠍ᠰᠠᠨ ᠵᠠᠰᠠᠮᠠᠯ ᠵᠠᠮ ᠵᠠᠰᠠᠵᠤ᠂ ᠡᠯᠡᠰᠦᠷᠬᠡᠭ ᠭᠠᠵᠠᠷ ᠢ᠋ ᠨᠣᠭᠣᠭᠠᠷᠠᠭᠤᠯᠵᠤ᠂ ᠮᠠᠯᠴᠢᠨ ᠲᠠᠷᠢᠶᠠᠴᠢᠨ ᠤ᠋ ᠣᠷᠣᠯᠭ᠎ᠠ ᠶ᠋ᠢ ᠨᠡᠮᠡᠭ᠌ᠳᠡᠭᠦᠯᠪᠡ᠂ ᠡᠨᠡ ᠨᠢ ᠵᠥᠪᠬᠡᠨ ᠥᠪᠥᠷ ᠮᠣᠩᠭᠣᠯ ᠤ᠋ᠨ ᠵᠠᠮ ᠵᠢᠡᠷ ᠡᠯᠡᠰᠦ ᠶ᠋ᠢ ᠵᠠᠰᠠᠭ᠍ᠰᠠᠨ ᠬᠤᠷᠢᠶᠠᠩᠭᠤᠢ ᠵᠢᠷᠤᠬᠯᠠᠯ ᠲᠡᠳᠦᠢ ᠪᠢᠯᠡ᠃
28 ᠵᠢᠯᠦᠨ ᠲᠡᠷᠳᠡᠭᠡ ᠡᠴᠡ ᠡᠬᠢᠯᠡᠨ᠂ ᠪᠥᠬᠥ᠌ ᠤᠯᠤᠰ ᠤ᠋ᠨ ᠴᠦᠯᠯᠡᠷᠭᠡᠭ᠌ᠵᠢᠯ ᠢ᠋ ᠵᠠᠰᠠᠬᠤ ᠭᠤᠤᠯ ᠲᠡᠢᠯᠠᠯᠳᠤᠭᠠᠨᠦ ᠲᠠᠯᠠᠪᠤᠷ ᠪᠣᠯᠤᠭ᠍ᠰᠠᠨ ᠥᠪᠥᠷ ᠮᠣᠩᠭᠣᠯ ᠵᠠᠮ ᠵᠠᠰᠠᠬᠤ ᠪᠠ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠶ᠋ᠢ ᠬᠠᠮᠲᠤ ᠳ᠋ᠤᠨᠢ ᠠᠬᠢᠭᠤᠯᠵᠤ᠂ ᠡᠯᠡᠰᠦ ᠶ᠋ᠢ ᠵᠠᠰᠠᠵᠤ ᠠᠷᠠᠳᠢ ᠪᠠᠶᠠᠵᠢᠭᠤᠯᠬᠤ ᠠᠨᠢᠰᠤ ᠵᠢ ᠡᠷᠢᠯᠬᠢᠯᠡᠵᠠᠢ᠃
ᠥᠪᠥᠷ ᠮᠣᠩᠭᠣᠯ ᠨᠢᠭᠡᠨᠲᠡ 4.5 ᠲᠦᠮᠡᠨ ᠺᠢᠯᠣᠮᠧᠲ᠋ᠷ ᠡᠯᠡᠰᠦ ᠶ᠋ᠢ ᠳᠤᠭᠤᠯᠤᠭ᠍ᠰᠠᠨ ᠵᠠᠰᠠᠮᠠᠯ ᠵᠠᠮ ᠵᠠᠰᠠᠵᠤ᠂ ᠪᠠᠷᠤᠭ 7000 ᠪᠠᠢᠭᠤᠯᠤᠮᠵᠢᠲᠤ ᠲᠣᠰᠭᠣᠨ᠂ 1.8 ᠲᠦᠮᠡᠨ ᠪᠠᠢᠭᠠᠯᠢ ᠵᠢᠨ ᠲᠣᠰᠭᠣᠨ ᠢ᠋ ᠨᠡᠪᠲᠡᠷᠡᠭᠦᠯᠪᠡ᠃ ᠵᠤᠷᠪᠤᠰ ᠵᠤᠷᠪᠤᠰ ᠡᠯᠡᠰᠦ ᠶ᠋ᠢ ᠳᠤᠭᠤᠯᠤᠭ᠍ᠰᠠᠨ ᠵᠠᠰᠠᠮᠠᠯ ᠵᠠᠮ ᠪᠠ ᠡᠯᠡᠰᠤᠨ ᠳᠦᠷᠪᠡᠯᠵᠢ᠂ ᠰᠠᠯᠬᠢ ᠶ᠋ᠢ ᠬᠠᠯᠬᠠᠯᠠᠬᠤ ᠣᠶᠲᠠᠶ ᠬᠠᠮᠲᠤ ᠪᠡᠷ ᠡᠯᠡᠰᠦ ᠶ᠋ᠢ ᠰᠡᠷᠭᠡᠢᠯᠡᠬᠦ᠌ ᠬᠠᠯᠬᠠᠪᠴᠢ ᠶ᠋ᠢ ᠪᠦᠷᠢᠯᠳᠦᠭᠦᠯᠦᠨ᠂ ᠶᠠᠪᠤᠵᠤ ᠰᠠᠭᠤᠬᠤ ᠳ᠋ᠤ ᠬᠦᠴᠢᠷ ᠠᠰᠠᠭᠤᠳᠠᠯ ᠢ᠋ ᠱᠢᠶ᠋ᠳᠪᠦᠷᠢᠯᠡᠭ᠌ᠰᠡᠨ ᠪᠦᠭᠡᠳ ᠵᠢᠭᠤᠯᠴᠢᠯᠠᠯ᠂ ᠲᠠᠷᠢᠶᠠᠯᠠᠩ ᠪᠠ ᠭᠡᠷᠡᠯᠴᠢ ᠴᠡᠨᠡᠭ ᠵᠡᠷᠭᠡ ᠠᠵᠤ ᠦᠶ᠋ᠯᠡᠰᠦᠨ ᠵᠡᠷᠭᠡ ᠪᠡᠷ ᠬᠥᠭ᠌ᠵᠢᠬᠦ᠌ ᠶ᠋ᠢ ᠠᠬᠢᠭᠤᠯᠪᠠ᠃
ᠵᠠᠰᠠᠮᠠᠯ ᠵᠠᠮ ᠡᠯᠡᠰᠦ ᠶ᠋ᠢ ᠲᠤᠤᠷᠯᠠᠵᠦ ᠨᠤᠮᠢᠨ ᠨᠤᠭᠤᠭᠠᠨ ᠦᠩᠭᠡ ᠵᠠᠰᠠᠮᠠᠯ ᠵᠠᠮᠢ ᠴᠢᠮᠡᠪᠡ
《ᠡᠯᠡᠰᠦᠷᠬᠡᠭ ᠭᠠᠵᠠᠷ ᠢ᠋ ᠵᠠᠰᠠᠬᠤ ᠨᠢ ᠲᠠᠷᠪᠤᠰ ᠢᠳᠡᠬᠦ᠌ᠲᠡᠶ ᠠᠳᠠᠯᠢ᠂ ᠲᠠᠷᠪᠤᠰᠢ ᠵᠢᠵᠢᠭᠯᠡᠨ ᠬᠡᠰᠡᠭᠯᠡᠪᠠᠯ ᠢᠳᠡᠬᠦ᠌ ᠳ᠋ᠤ ᠲᠥᠬᠥᠮ ᠪᠠᠢᠳᠠᠭ 》 ᠭᠡᠵᠤ ᠬᠡᠱᠢᠭ᠌ᠲᠡᠨ ᠬᠣᠱᠢᠭᠤᠨ ᠤ᠋ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶᠠᠨ ᠤ᠋ ᠳᠠᠷᠤᠭ᠎ᠠ ᠨᠠᠷᠠᠰᠤ ᠲᠤᠬᠠᠶ ᠵᠢᠨ ᠭᠠᠵᠠᠷ ᠤ᠋ᠨ ᠵᠢᠡᠨ ᠵᠠᠮ ᠵᠢᠡᠷ ᠡᠯᠡᠰᠦ ᠶ᠋ᠢ ᠵᠠᠰᠠᠭᠰᠠᠨ ᠰᠡᠳᠭᠢᠴᠡ ᠶ᠋ᠢ ᠳᠦᠷᠰᠦᠯᠢᠭ ᠵᠢᠡᠷ ᠵᠦᠶ᠋ᠷᠯᠡᠪᠡ᠃
ᠨᠠᠷᠠᠰᠤ ᠵᠢᠨ ᠲᠠᠨᠢᠯᠴᠠᠭᠤᠯᠤᠭ᠍ᠰᠠᠨ ᠵᠢᠡᠷ᠂ ᠣᠳᠣᠬᠠᠨ ᠳ᠋ᠤ ᠪᠢᠷᠠᠭᠤ ᠡᠴᠡ ᠤᠯᠠᠭᠠᠨᠪᠤᠲᠤᠩ ᠬᠦᠷᠬᠦ ᠲᠦᠷᠭᠡᠨᠤ ᠵᠠᠰᠠᠮᠠᠯ ᠵᠠᠮ᠂ 220 ᠮᠤᠵᠢ ᠵᠢᠨ ᠲᠡᠰ ᠤ᠋ᠨ ᠵᠠᠰᠠᠮᠠᠯ ᠵᠠᠮ᠂ 105 ᠮᠤᠵᠢ ᠵᠢᠨ ᠲᠡᠰ ᠤ᠋ᠨ ᠵᠠᠰᠠᠮᠠᠯ ᠵᠠᠮ ᠵᠢᠡᠷ ᠬᠤᠯᠠᠨ ᠱᠢᠷᠭ᠎ᠠ ᠲᠠᠭ᠎ᠠ ᠵᠢᠨ ᠡᠯᠡᠰᠦᠷᠬᠡᠭ ᠭᠠᠵᠠᠷ ᠢ᠋ 5 ᠬᠡᠰᠡᠭ ᠪᠣᠯᠭᠠᠨ ᠬᠤᠪᠢᠶᠠᠭ᠍ᠰᠠᠨ ᠪᠥᠭᠡᠳ ᠬᠥᠳᠡᠭᠡ ᠲᠣᠰᠭᠣᠨ ᠤ᠋ ᠵᠠᠰᠠᠮᠠᠯ ᠵᠠᠮ ᠤ᠋ᠨ ᠪᠦᠲᠦᠭᠡᠨ ᠪᠠᠢᠭᠤᠯᠤᠯᠲᠠ ᠪᠡᠷ ᠳᠠᠮᠵᠢᠨ ᠡᠯᠡᠰᠦᠷᠬᠡᠭ ᠭᠠᠵᠠᠷ ᠢ᠋ ᠮᠠᠰᠢ ᠤᠯᠠᠨ ᠲᠤᠰᠠᠭᠠᠷ ᠨᠢᠭᠡᠴᠢ ᠪᠣᠯᠭᠠᠨ ᠬᠤᠪᠢᠶᠠᠪᠠ᠃ ᠬᠡᠱᠢᠭ᠌ᠲᠡᠨ ᠬᠣᠱᠢᠭᠤ ᠡᠯᠡᠰᠦ ᠶ᠋ᠢ ᠳᠤᠭᠤᠯᠤᠭ᠍ᠰᠠᠨ 23 ᠵᠠᠰᠠᠮᠠᠯ ᠵᠠᠮ ᠵᠠᠰᠠᠵᠦ᠂ ᠡᠯᠡᠰᠦᠷᠬᠡᠭ ᠭᠠᠵᠠᠷ ᠢ᠋ 40 ᠭᠠᠷᠤᠶ ᠲᠦᠷᠪᠡᠯᠵᠢᠭᠡᠰᠤ ᠪᠣᠯᠭᠠᠨ ᠬᠡᠰᠡᠭᠯᠡᠵᠤ᠂ ᠬᠠᠮᠤᠭ ᠤ᠋ᠨ ᠪᠠᠭ᠎ᠠ ᠨᠢ 80 ᠮᠥ᠍ ᠭᠠᠷᠤᠢ ᠯᠡ ᠪᠠᠢᠳᠠᠭ᠃ ᠣᠢᠷ᠎ᠠ ᠵᠢᠨ ᠵᠢᠯ ᠳ᠋ᠤ᠂ ᠬᠡᠱᠢᠭ᠌ᠲᠡᠨ ᠬᠣᠱᠢᠭᠤ ᠪᠠᠰᠠ 150 ᠺᠢᠯᠣᠮᠧᠲ᠋ᠷ ᠡᠯᠡᠰᠦ ᠶ᠋ᠢ ᠳᠤᠭᠤᠯᠤᠭ᠍ᠰᠠᠨ ᠵᠠᠰᠠᠮᠠᠯ ᠵᠠᠮ ᠢ᠋ ᠱᠢᠨ᠎ᠡ ᠪᠡᠷ ᠵᠠᠰᠠᠵᠦ᠂ 40 ᠲᠦᠮᠡᠨ ᠮᠥ᠍ ᠡᠯᠡᠰᠦ ᠶ᠋ᠢ ᠵᠠᠰᠠᠵᠤ᠂ ᠲᠤᠬᠠᠶ ᠵᠢᠨ ᠭᠠᠵᠠᠷ ᠤ᠋ᠨ 2500 ᠭᠠᠷᠤᠶ ᠮᠠᠯᠴᠢᠨ ᠲᠠᠷᠢᠶᠠᠴᠢᠨ ᠢ᠋ ᠳᠠᠢᠴᠢᠯᠠᠨ ᠣᠢᠷ᠎ᠠ ᠬᠠᠪᠢᠳᠤᠨᠢ ᠠᠵᠢᠯ ᠤᠯᠭᠤᠵᠠᠢ᠃
ᠣᠯᠠᠨ ᠵᠢᠯᠦᠨ ᠡᠯᠡᠰᠦᠷᠬᠡᠭᠵᠢᠯ ᠢ᠋ᠰᠡᠷᠭᠡᠢᠯᠡᠨ ᠡᠯᠡᠰᠦ ᠶ᠋ᠢ ᠵᠠᠰᠠᠬᠤ ᠦᠶ᠋ᠯᠡᠳᠦᠯᠭᠡ ᠳᠤᠮᠳᠠ ᠥᠪᠥᠷ ᠮᠣᠩᠭᠣᠯ《ᠵᠠᠮ ᠵᠢᠡᠷ ᠲᠣᠭᠣᠷᠢᠭ ᠬᠤᠪᠢᠶᠠᠬᠤ᠂ ᠬᠡᠰᠡᠭ ᠬᠤᠪᠢᠶᠠᠨ ᠵᠠᠰᠠᠬᠤ᠂ ᠡᠷᠬᠢᠨ ᠲᠣᠭᠣᠷᠢᠨ ᠢ᠋ ᠴᠢᠳᠦᠷᠯᠡᠬᠦ᠂ ᠦᠷᠦᠴᠡ ᠭᠠᠵᠠᠷ᠎ᠲᠤ ᠨᠡᠪᠴᠢᠬᠦ᠌》 ᠵᠠᠮ ᠵᠢᠡᠷ ᠡᠯᠡᠰᠦ ᠶ᠋ᠢ ᠵᠠᠰᠠᠬᠤ ᠵᠠᠬᠪᠤᠷ ᠢ ᠪᠦᠷᠢᠯᠳᠦᠬᠦᠯᠦᠭᠰᠡᠨ ᠪᠠᠢᠨ᠎ᠠ᠃
ᠡᠨᠡ ᠬᠦ᠌ ᠵᠠᠬᠪᠤᠷ ᠢ᠋ 1997 ᠣᠨ ᠡᠴᠡ ᠡᠬᠢᠯᠡᠵᠤ ᠬᠠᠢᠨ ᠰᠦᠪᠡᠭ᠌ᠴᠢᠯᠡᠭ᠌ᠰᠡᠨ ᠶᠤᠮ᠃ ᠲᠤᠬᠠᠢ ᠵᠢᠨ ᠦᠶ᠎ᠡ ᠳ᠋ᠤ ᠥᠪᠥᠷ ᠮᠣᠩᠭᠣᠯ ᠤ᠋ᠨ ᠠᠩᠬᠠᠳᠠᠭᠴᠢ ᠡᠯᠡᠰᠦ ᠶ᠋ᠢ ᠳᠤᠭᠤᠯᠤᠭ᠍ᠰᠠᠨ ᠵᠠᠰᠠᠮᠠᠯ ᠵᠠᠮ ᠢ᠋ ᠣᠷᠳᠣᠰ ᠬᠣᠲᠠ ᠵᠢᠨ ᠬᠠᠩᠭᠢᠨ ᠬᠣᠱᠢᠭᠤᠨ ᠳ᠋ᠤ ᠵᠠᠰᠠᠵᠦ ᠡᠬᠢᠯᠡᠪᠡ᠃ ᠥᠨᠥᠳᠦᠷ ᠪᠣᠯᠬᠤ ᠳ᠋ᠤ᠂ ᠬᠠᠩᠭᠢᠨ ᠬᠣᠱᠢᠭᠤᠨ ᠤ᠋ ᠬᠠᠷᠢᠶᠠᠨ ᠳᠣᠲᠣᠷᠠᠬᠢ 6 ᠵᠤᠷᠪᠤᠰ ᠡᠯᠡᠰᠦ ᠶ᠋ᠢ ᠳᠤᠭᠤᠯᠤᠭ᠍ᠰᠠᠨ ᠵᠠᠰᠠᠮᠠᠯ ᠵᠠᠮ ᠤ᠋ᠨ《ᠬᠣᠶᠠᠷ ᠬᠥᠨᠳᠡᠯᠡᠨ ᠳᠥᠷᠪᠡᠨ ᠭᠤᠯᠳᠤ》ᠶ᠋ᠢᠨ ᠶᠡᠷᠦᠩᠬᠡᠶ ᠣᠷᠳᠣ ᠨᠢ 930 ᠺᠢᠯᠣᠮᠧᠲ᠋ᠷ ᠱᠢᠬᠠᠮ ᠪᠠᠢᠵᠤ᠂ ᠡᠯᠡᠰᠦ ᠶ᠋ᠢ ᠳᠤᠭᠤᠯᠤᠭ᠍ᠰᠠᠨ ᠵᠠᠰᠠᠮᠠᠯ ᠵᠠᠮ ᠤ᠋ᠨ ᠬᠣᠶᠠᠷ ᠲᠠᠯ᠎ᠠ ᠪᠡᠷ ᠪᠤᠷᠭᠠᠰᠤ ᠳᠠᠷᠢᠵᠤ ᠡᠯᠡᠰᠤ ᠶ᠋ᠢ ᠲᠣᠭ᠍ᠲᠠᠪᠤᠷᠢᠵᠢᠭᠤᠯᠬᠤ ᠪᠡᠷ ᠳᠡᠮᠵᠢᠨ᠂ ᠣᠳᠣᠬᠠᠨ ᠳ᠋ᠤ ᠡᠯᠡᠰᠦ ᠶ᠋ᠢ ᠵᠠᠰᠠᠭ᠍ᠰᠠᠨ ᠲᠠᠯᠠᠪᠠᠶ ᠨᠢ ᠨᠢᠭᠡᠨᠲᠡ 600 ᠲᠦᠮᠡᠨ ᠮᠤ᠌ ᠳ᠋ᠤ ᠬᠦᠷᠴᠦ᠍᠂ ᠡᠯᠡᠰᠦ ᠶ᠋ᠢ ᠳᠤᠭᠤᠯᠤᠭ᠍ᠰᠠᠨ ᠵᠠᠰᠠᠮᠠᠯ ᠵᠠᠮ ᠤ᠋ᠨ ᠬᠣᠶᠠᠷ ᠲᠠᠯ᠎ᠠ ᠵᠢᠨ ᠡᠪᠡᠰᠦ ᠮᠣᠳᠣ ᠢᠭ᠍ᠴᠤᠷᠠᠨ ᠨᠣᠭᠣᠭᠠᠷᠠᠵᠤ᠂ ᠡᠯᠡᠰᠦ ᠵᠢ ᠵᠠᠰᠠᠬᠤ ᠪᠠ ᠠᠷᠠᠳᠢ ᠪᠠᠶᠠᠵᠢᠭᠤᠯᠬᠤ ᠵᠢ ᠢᠵᠢᠯ ᠠᠯᠬᠤᠮ ᠵᠢᠡᠷ ᠪᠡᠶᠡᠯᠡᠬᠦᠯᠪᠡ᠃
ᠠᠵᠦ ᠦᠢᠯᠡᠰᠤᠨ ᠬᠦᠭᠵᠢᠯᠳᠡ ᠵᠢ ᠲᠠᠢᠴᠢᠯᠠᠭᠰᠠᠨ ᠵᠠᠮ ᠠᠷᠠᠳ ᠤᠯᠠᠨᠤ ᠠᠯᠳᠠ ᠲᠤᠩᠭᠠᠭᠰᠠᠨ ᠵᠠᠮ
ᠤᠯᠠᠭᠠᠨᠬᠠᠳᠠ ᠬᠣᠲᠠ ᠵᠢᠨ ᠣᠩᠨᠢᠭᠤᠳ ᠬᠣᠱᠢᠭᠤᠨ ᠤ᠋ ᠪᠠᠶᠠᠨᠲᠣᠬᠣᠶ ᠵᠢᠨ ᠡᠯᠡᠰᠦᠨ ᠴᠥᠯᠦᠨ ᠤᠰᠤᠨ ᠲᠤᠲᠤᠷᠭ᠎ᠠ ᠪᠤᠯ ᠬᠡᠷᠡᠭ᠌ᠯᠡᠭ᠌ᠴᠢᠳᠦᠨ ᠲᠠᠭᠠᠱᠢᠶᠠᠯ ᠢ᠋ ᠣᠯᠤᠭ᠍ᠰᠠᠨ ᠣᠷᠭᠠᠨᠢᠭ ᠪᠣᠬᠢᠷᠲᠤᠯ ᠥᠬᠡᠶ ᠲᠠᠷᠢᠶᠠᠯᠠᠩ ᠤ᠋ᠨ ᠪᠦᠲᠦᠭᠡᠭ᠌ᠳᠡᠬᠦᠨ ᠪᠣᠯᠤᠨ᠎ᠠ᠂ ᠬᠡᠪᠡᠴᠦ ᠤᠤᠯ ᠨᠢ ᠵᠠᠮ ᠨᠡᠪᠲᠡᠷᠡᠯᠭᠡ ᠳᠦᠭᠦᠮ ᠥᠬᠡᠶᠡᠴᠡ ᠪᠣᠯᠵᠣ᠂ ᠵᠠᠬ᠎ᠠ ᠲᠡᠯᠭᠡᠭᠦᠷ ᠲᠦ᠍ ᠭᠠᠷᠭᠠᠵᠦ ᠲᠡᠢᠯᠬᠦ ᠦᠭᠡᠢ ᠭᠠᠴᠢᠬᠳᠠᠵᠦ ᠪᠠᠢᠪᠠ᠃ 2021 ᠣᠨ ᠳ᠋ᠤ᠂ ᠬᠣᠷᠴᠢᠨ ᠤ᠋ ᠡᠯᠡᠰᠦᠷᠬᠡᠭ ᠭᠠᠵᠠᠷ ᠢ᠋ ᠬᠦᠨᠳᠡᠯᠡᠨ ᠲᠤᠭᠤᠯᠤᠭᠰᠠᠨ ᠪᠤᠷᠤᠬᠤᠲᠠ ᠡᠴᠡ ᠪᠠᠶᠠᠨᠲᠤᠬᠤᠢ ᠬᠥᠷᠬᠥ᠌ ᠠᠮᠢ ᠠᠬᠤᠶ ᠵᠢᠨ ᠵᠢᠭᠤᠯᠴᠢᠯᠠᠯ ᠤ᠋ᠨ ᠠᠵᠤ ᠦᠶ᠋ᠯᠡᠰᠦᠨ ᠵᠠᠮᠨᠢ ᠡᠨᠡ ᠬᠦ᠌ ᠠᠰᠠᠭᠤᠳᠠᠯ ᠢ᠋ ᠲᠤᠢᠯᠪᠤᠷᠢᠲᠠᠶ ᠬᠤᠪᠢᠷᠠᠭᠤᠯᠪᠠ᠃
ᠣᠩᠨᠢᠭᠤᠳ ᠬᠣᠱᠢᠭᠤᠨ ᠤ᠋ ᠯᠦᠩ ᠶᠤᠸᠠᠨ ᠨᠠᠷᠢᠯᠢᠭ ᠠᠮᠤ ᠪᠣᠯᠪᠠᠰᠤᠷᠠᠭᠤᠯᠬᠤ ᠦᠢᠯᠡᠳᠪᠦᠷᠢ ᠵᠢᠨ ᠬᠠᠷᠢᠭᠤᠴᠠᠯᠭᠠᠲᠠᠨ ᠳ᠋ᠦ᠋ ᠬᠠᠢ ᠵᠢᠶᠦ᠋ᠨ ᠳᠠᠩᠰᠠ ᠪᠤᠳᠤᠯ᠎ᠠ᠂ ᠲᠡᠷᠡ 500 ᠮᠦ᠍ ᠲᠤᠲᠤᠷᠭ᠎ᠠ ᠵᠢᠨ ᠲᠠᠷᠢᠶ᠎ᠠ ᠶ᠋ᠢ ᠳᠠᠭᠠᠭᠠᠴᠢᠯᠠᠵᠤ᠂ ᠵᠢᠯ ᠪᠦᠷᠢ 30 ᠲᠣᠨ ᠲᠤᠲᠤᠷᠭ᠎ᠠ ᠬᠤᠳᠠᠯᠳᠤᠳᠠᠭ᠂ ᠲᠤᠰ ᠵᠠᠮ ᠨᠡᠪᠳᠡᠷᠡᠭᠰᠡᠨᠦ ᠲᠠᠷᠠᠭ᠎ᠠ ᠵᠥᠪᠬᠡᠨ ᠲᠡᠭᠡᠭᠡᠪᠦᠷᠢ ᠵᠢᠨ ᠥᠪᠡᠷᠦᠨ ᠦᠷᠲᠡᠭ ᠢ᠋ ᠲᠣᠨ ᠪᠦᠷᠢ 50 ᠡᠴᠡ 100 ᠲᠥᠭᠥᠷᠢᠭ ᠠᠷᠪᠢᠯᠠᠵᠤ᠂ ᠪᠠᠷᠤᠭ 3 ᠲᠦᠮᠡᠨ ᠲᠥᠭᠥᠷᠢᠭᠦᠨ ᠣᠷᠣᠯᠭ᠎ᠠ ᠨᠡᠮᠡᠭᠳᠡᠪᠡ᠃
ᠪᠤᠷᠤᠬᠤᠲᠠ ᠡᠴᠡ ᠪᠠᠶᠠᠨᠲᠤᠬᠤᠢ ᠬᠦᠷᠬᠦ ᠵᠠᠰᠠᠮᠠᠯ ᠵᠠᠮ ᠪᠣᠯ ᠣᠩᠨᠢᠭᠤᠳ ᠬᠣᠱᠢᠭᠤᠨ ᠤ᠋ ᠨᠡᠪᠲᠡᠷᠡᠭᠦᠯᠦᠭ᠌ᠰᠡᠨ 13 ᠳ᠋ᠤᠭᠠᠷ ᠡᠯᠡᠰᠦ ᠶ᠋ᠢ ᠳᠤᠭᠤᠯᠤᠭ᠍ᠰᠠᠨ ᠵᠠᠰᠠᠮᠠᠯ ᠵᠠᠮ ᠪᠣᠯᠬᠤ ᠪᠥᠭᠡᠳ ᠣᠲᠣ ᠪᠣᠯᠲᠠᠯ᠎ᠠ ᠤᠯᠠᠭᠠᠨᠬᠠᠳᠠ ᠬᠣᠲᠠ ᠵᠢᠨ ᠬᠡᠪᠴᠢᠶ᠎ᠡ ᠪᠡᠷ ᠬᠠᠮᠤᠭ ᠤ᠋ᠨ ᠶᠡᠬᠡ᠂ ᠬᠠᠮᠤᠭ ᠤ᠋ᠨ ᠣᠷᠳᠣ ᠡᠯᠡᠰᠤ ᠶ᠋ᠢ ᠳᠤᠭᠤᠯᠤᠭ᠍ᠰᠠᠨ ᠵᠠᠰᠠᠮᠠᠯ ᠵᠠᠮ ᠪᠣᠯᠤᠨ᠎ᠠ᠃ ᠪᠤᠷᠤᠬᠤᠲᠠ ᠡᠴᠡ ᠪᠠᠶᠠᠨᠲᠤᠬᠤᠢ ᠬᠦᠷᠬᠦ ᠵᠠᠰᠠᠮᠠᠯ ᠵᠠᠮ ᠤᠨ ᠳᠠᠢᠴᠢᠯᠠᠯᠲᠠ ᠳᠤᠤᠷ᠎ᠠ᠂ 2024 ᠣᠨ ᠳ᠋ᠤ ᠣᠩᠨᠢᠭᠤᠳ ᠬᠣᠱᠢᠭᠤ 287.5 ᠲᠦᠮᠡᠨ ᠬᠥᠮᠦᠨ ᠤᠳᠠᠭ᠎ᠠ ᠵᠢᠨ ᠵᠢᠭᠤᠯᠴᠢᠯᠠᠭᠰᠠᠳ ᠢ᠋ ᠭᠥᠯᠢᠶᠡᠨ ᠠᠪᠴᠤ᠌᠂ 35.38 ᠳ᠋ᠦᠩᠱᠢᠭᠤᠷ ᠲᠥᠭᠥᠷᠢᠭᠦᠨ ᠵᠢᠭᠤᠯᠴᠢᠯᠠᠯ ᠤ᠋ᠨ ᠶᠡᠷᠦᠩᠬᠡᠢᠯᠡᠭ᠌ᠰᠡᠨ ᠣᠷᠣᠯᠭ᠎ᠠ ᠡᠭᠦᠳᠦᠨ᠂ ᠠᠳᠠᠯᠢ ᠬᠤᠭᠤᠴᠠᠭᠠᠨ ᠤ᠋ᠬᠢᠡᠴᠡ ᠲᠣᠰ ᠲᠣᠰ 13.6% ᠪᠠ 7.2% ᠵᠢᠡᠷ ᠨᠡᠮᠡᠭ᠌ᠳᠡᠪᠡ᠃ ᠲᠤᠰ ᠵᠢᠯ ᠳ᠋ᠤ᠂ ᠪᠤᠷᠤᠬᠤᠲᠠ ᠡᠴᠡ ᠪᠠᠶᠠᠨᠲᠤᠬᠤᠢ ᠬᠦᠷᠬᠦ ᠵᠠᠰᠠᠮᠠᠯ ᠵᠠᠮ 《ᠪᠦᠬᠦ᠌ ᠤᠯᠤᠰ ᠤ᠋ᠨ ᠬᠠᠮᠤᠭ ᠤ᠋ᠨ ᠭᠤᠶᠤ ᠬᠥᠳᠡᠭᠡ ᠲᠣᠰᠭᠣᠨ ᠤ᠋ ᠠᠷᠪᠠᠨ ᠶᠡᠬᠡ ᠵᠠᠮ 》 ᠵᠢᠡᠷ ᠦᠨᠡᠯᠡᠭ᠌ᠳᠡᠪᠡ᠃
2003 ᠣᠨ ᠳ᠋ᠤ ᠠᠩᠬᠠᠳᠠᠭ᠍ᠴᠢ ᠡᠯᠡᠰᠦ ᠶ᠋ᠢ ᠳᠤᠭᠤᠯᠤᠭ᠍ᠰᠠᠨ ᠵᠠᠰᠠᠮᠠᠯ ᠵᠠᠮ ᠵᠢᠡᠨ ᠵᠠᠰᠠᠭᠰᠠᠨ ᠡᠴᠡ ᠨᠠᠭᠠᠰᠢ᠂ 22 ᠵᠢᠯᠦᠨ ᠬᠤᠭᠤᠴᠠᠭᠠᠨ ᠳ᠋ᠤ ᠣᠩᠨᠢᠭᠤᠳ ᠬᠣᠱᠢᠭᠤ ᠶᠡᠷᠦᠩᠬᠡᠢ ᠤᠷᠳᠤ ᠨᠢ 494.5 ᠺᠢᠯᠣᠮᠧᠲ᠋ᠷ ᠡᠯᠡᠰᠦ ᠶ᠋ᠢ ᠳᠤᠭᠤᠯᠤᠭ᠍ᠰᠠᠨ 17 ᠵᠠᠰᠠᠮᠠᠯ ᠵᠠᠮ ᠢ᠋ ᠨᠡᠪᠲᠡᠷᠡᠭᠦᠯᠵᠦ᠍᠂ 《ᠵᠢᠷᠭᠤᠭᠠᠨ ᠬᠥᠨᠳᠡᠯᠡᠨ ᠠᠷᠪᠠᠨ ᠨᠢᠭᠡᠨ ᠭᠤᠯᠳᠤ》 ᠡᠯᠡᠰᠦ ᠶ᠋ᠢ ᠵᠠᠰᠠᠬᠤ ᠲᠤᠤᠷᠵᠢᠯ ᠤ᠋ᠨ ᠱᠢᠰᠲ᠋ᠧᠮ ᠢ᠋ ᠪᠦᠷᠢᠯᠳᠦᠭᠦᠯᠦᠨ᠂ ᠨᠡᠢᠲᠡ 560 ᠲᠦᠮᠡᠨ ᠮᠥ᠍ ᠡᠯᠡᠰᠦᠷᠬᠡᠭ ᠭᠠᠵᠠᠷ ᠢ᠋ ᠶᠡᠷᠦᠩᠬᠡᠢᠯᠡᠨ ᠵᠠᠰᠠᠪᠠ᠃ ᠡᠲᠡᠭᠡᠷ ᠡᠯᠡᠰᠦ ᠶ᠋ᠢ ᠳᠤᠭᠤᠯᠤᠭ᠍ᠰᠠᠨ ᠵᠠᠰᠠᠮᠠᠯ ᠵᠠᠮ ᠨᠢ ᠶᠠᠭ ᠯᠠ ᠯᠤᠭᠰᠢᠭᠤᠨ ᠰᠤᠳᠠᠯ ᠭᠡᠮᠡᠷ ᠠᠮᠢ ᠠᠬᠤᠢ ᠵᠢᠨ ᠨᠣᠭᠣᠭᠠᠨ ᠥᠩᠭᠡ ᠶ᠋ᠢ ᠡᠯᠡᠰᠦᠨ ᠲᠡᠯᠡᠶ ᠵᠢᠨ ᠭᠦᠨ ᠳ᠋ᠤ ᠠᠪᠴᠢᠷᠠᠭᠰᠠᠨ ᠵᠢᠡᠷ ᠪᠠᠷᠠᠬᠤ ᠥᠬᠡᠶ ᠪᠠᠰᠠ ᠠᠵᠤ ᠠᠬᠤᠢ ᠵᠢᠨ ᠬᠦᠰᠡᠯ ᠡᠷᠡᠮᠡᠯᠵᠡᠯ ᠢ᠋ ᠴᠤ᠌ ᠠᠪᠴᠢᠷᠠᠪᠠ᠃
7 ᠰᠠᠷ᠎ᠠ ᠳ᠋ᠤ᠂ ᠣᠷᠳᠣᠰ ᠬᠣᠲᠠ ᠵᠢᠨ ᠬᠠᠩᠭᠢᠨ ᠬᠣᠱᠢᠭᠤᠨ ᠤ᠋ ᠳᠤᠭᠤᠢᠳᠠᠯ᠎ᠠ ᠪᠠᠯᠭᠠᠰᠤ ᠵᠢᠨ ᠢ ᠯᠢ ᠠᠮᠢ ᠠᠬᠤᠶ ᠵᠢᠨ ᠬᠡᠷᠡᠯᠴᠢ ᠴᠡᠨᠡᠭ ᠵᠢᠡᠷ ᠴᠠᠬᠢᠯᠭᠠᠨ ᠭᠠᠷᠭᠠᠬᠤ ᠶᠡᠷᠦᠩᠬᠡᠢᠯᠡᠭ᠌ᠰᠡᠨ ᠵᠠᠰᠠᠯᠲᠠ ᠵᠢᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠦᠨ ᠲᠣᠭᠣᠷᠢᠭᠲᠤ᠂ ᠭᠡᠷᠡᠯᠴᠢ ᠴᠡᠨᠡᠭᠦᠨ ᠬᠠᠪᠲᠠᠰᠤ ᠬᠡᠳᠦᠨ ᠺᠢᠯᠣᠮᠧᠲ᠋ᠷ ᠦᠷᠭᠦᠯᠵᠢᠯᠡᠭ᠌ᠰᠡᠨ ᠨᠢ ᠴᠡᠩᠬᠡᠷ ᠲᠡᠯᠡᠶ ᠮᠡᠲᠦ ᠬᠠᠷᠠᠭ᠍ᠳᠠᠨᠠ᠃ ᠭᠡᠷᠡᠯᠴᠢ ᠴᠡᠨᠡᠭᠦᠨ ᠬᠠᠪᠲᠠᠰᠤᠨ ᠳᠣᠣᠷᠠᠬᠢ ᠬᠣᠭᠣᠰᠣᠨ ᠭᠠᠵᠠᠷ ᠢ᠋ ᠠᠱᠢᠭ᠍ᠯᠠᠨ᠂ ᠮᠠᠯᠴᠢᠨ ᠯᠢᠦ ᠴᠤᠤ ᠱᠧᠩ 《ᠵᠢᠵᠢᠭ ᠲᠠᠷᠢᠶᠠᠯᠠᠩ ᠤ᠋ᠨ ᠲᠠᠯᠠᠪᠠᠢ》ᠡᠵᠡᠩᠨᠡᠵᠦ᠍᠂ ᠲᠥᠮᠥᠰᠥ᠍᠂ ᠡᠷᠳᠡᠨᠢ ᠱᠢᠰᠢ᠂ ᠲᠥᠪᠡᠳ ᠬᠠᠰᠢ ᠲᠠᠷᠢᠭ᠍ᠰᠠᠨ ᠵᠢᠡᠷ ᠪᠠᠷᠠᠬᠤ ᠦᠭᠡᠢ ᠪᠠᠰᠠ ᠦᠬᠡᠷ ᠬᠤᠨᠢ ᠪᠠ ᠲᠠᠬᠢᠶ᠎ᠠ ᠲᠡᠵᠢᠭᠡᠵᠡᠢ᠃
《ᠡᠯᠡᠰᠦ ᠭᠣᠪᠢ ᠠᠲᠠᠷ》 ᠭᠠᠵᠠᠷ ᠣᠷᠣᠨ ᠤ᠋ ᠱᠢᠨ᠎ᠡ ᠡᠨᠧᠷᠭᠢ ᠡᠯᠪᠡᠭ ᠳᠠᠪᠠᠭᠤᠯᠢᠭ ᠢ᠋ ᠭᠦᠶ᠋ᠴᠡᠳ ᠪᠠᠳᠠᠷᠠᠭᠤᠯᠵᠤ᠂ ᠥᠪᠥᠷ ᠮᠣᠩᠭᠣᠯ ᠡᠯᠡᠰᠦ ᠶ᠋ᠢ ᠳᠤᠭᠤᠯᠤᠭ᠍ᠰᠠᠨ ᠵᠠᠰᠠᠮᠠᠯ ᠵᠠᠮ ᠳᠠᠭᠠᠤ ᠰᠠᠯᠬᠢᠨ ᠬᠦᠴᠦᠨᠦ ᠴᠠᠬᠢᠯᠭᠠᠨ᠂ ᠭᠡᠷᠡᠯᠴᠢ ᠴᠡᠨᠡᠭᠦᠨ ᠲᠥᠷᠥᠯ ᠵᠦᠶ᠋ᠯ ᠢ᠋ ᠪᠠᠢᠷᠢᠱᠢᠭᠤᠯᠵᠤ᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠤ ᠶ᠋ᠢ ᠵᠠᠰᠠᠬᠤ ᠪᠠ ᠱᠢᠨ᠎ᠡ ᠡᠨᠧᠷᠭᠢ ᠶ᠋ᠢ ᠨᠢᠭᠡ ᠴᠣᠭ᠍ᠴᠠᠵᠢᠭᠤᠯᠬᠤ ᠪᠥᠲᠥᠭᠡᠨ ᠪᠠᠢᠭᠤᠯᠤᠯᠲᠠ ᠶ᠋ᠢ ᠶᠡᠬᠡ ᠪᠡᠷ ᠠᠬᠢᠭᠤᠯᠵᠤ ᠪᠣᠶ᠃ ᠣᠳᠣᠬᠠᠨ ᠳ᠋ᠤ ᠣᠷᠳᠣᠰ ᠬᠣᠲᠠ ᠬᠥᠪᠴᠢ ᠵᠢᠨ ᠡᠯᠡᠰᠦ ᠶ᠋ᠢ ᠳᠤᠭᠤᠯᠤᠭ᠍ᠰᠠᠨ ᠵᠠᠰᠠᠮᠠᠯ ᠵᠠᠮ ᠤ᠋ᠨ ᠬᠣᠶᠠᠷ ᠬᠠᠵᠠᠭᠤ ᠪᠡᠷ 1002 ᠲᠦᠮᠡᠨ ᠺᠢᠯᠦᠸᠠᠲ ᠤ᠋ᠨ ᠭᠡᠷᠡᠯᠴᠢ ᠴᠡᠨᠡᠭᠦᠨ ᠲᠥᠷᠥᠯ ᠵᠦᠶ᠋ᠯ ᠢ᠋ ᠪᠠᠢᠭᠤᠯᠤᠨ᠂ ᠭᠡᠷᠡᠯᠴᠢ ᠴᠡᠨᠡᠭ ᠵᠢᠡᠷ 60 ᠲᠦᠮᠡᠨ ᠮᠥ᠍ ᠡᠯᠡᠰᠦ ᠶ᠋ᠢ ᠵᠠᠰᠠᠵᠤ᠂ 《ᠰᠢᠷᠭᠠᠯ ᠡᠯᠡᠰᠦ᠂ ᠴᠡᠩᠬᠡᠷ ᠲᠡᠯᠡᠶ᠂ ᠨᠣᠭᠣᠭᠠᠨ ᠪᠦᠷᠢᠳᠦ》 ᠵᠢᠨ ᠠᠮᠢ ᠠᠬᠤᠶ ᠵᠢᠨ ᠦᠵᠡᠮᠵᠢ ᠶ᠋ᠢ ᠪᠣᠶ ᠪᠣᠯᠭᠠᠪᠠ᠃
《ᠡᠯᠡᠰᠦ ᠤᠷᠤᠭ᠍ᠰᠢᠯᠠᠵᠤ ᠬᠥᠮᠦᠨ ᠤᠬᠤᠷᠢᠬᠤ》 ᠡᠴᠡ 《ᠠᠮᠢ ᠠᠬᠤᠢ ᠠᠵᠤ ᠠᠬᠤᠢ ᠵᠡᠷᠭᠡ ᠪᠡᠷ ᠬᠥᠭ᠌ᠵᠢᠬᠦ᠌》 ᠬᠦᠷᠲᠡᠯ᠎ᠡ᠂ ᠵᠤᠷᠪᠤᠰ ᠵᠤᠷᠪᠤᠰ ᠡᠯᠡᠰᠦ ᠶ᠋ᠢ ᠲᠤᠭᠤᠯᠤᠭ᠍ᠰᠠᠨ ᠵᠠᠰᠠᠮᠠᠯ ᠵᠠᠮ ᠮᠠᠨ ᠤ᠋ ᠤᠯᠤᠰ ᠤ᠋ᠨ ᠤᠮᠠᠷᠠᠲᠤ ᠵᠢᠨ ᠵᠠᠮ ᠬᠠᠷᠢᠯᠴᠠᠭᠠᠨ ᠤ᠋ ᠭᠣᠣᠯ ᠱᠤᠭᠤᠮ ᠤ᠋ᠨ ᠠᠮᠤᠷ ᠲᠦᠪᠱᠢᠨ ᠢ᠋ ᠦᠨᠡᠨ ᠬᠦ᠌ ᠪᠠᠲᠤᠯᠠᠪᠠ᠃
ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠪᠣᠯ ᠴᠢᠯᠠᠭᠤ ᠥᠩᠬᠥᠷᠢᠭᠦᠯᠦᠨ ᠠᠭᠤᠯᠠᠨ ᠳ᠋ᠤ ᠭᠠᠷᠬᠤ ᠤᠳᠠᠭᠠᠨ ᠳᠠᠭᠠᠭᠠᠮᠠᠭᠠᠶ ᠳᠠᠢᠨ ᠪᠣᠯᠤᠨ᠎ᠠ᠃ 2024 ᠣᠨ ᠤ᠋ 8 ᠰᠠᠷ᠎ᠠ ᠳ᠋ᠤ᠂ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ ᠣᠶ ᠱᠢᠭᠤᠶ ᠪᠠ ᠨᠤᠲᠤᠭ ᠪᠡᠯᠴᠢᠭᠡᠷᠦᠨ ᠲᠣᠪᠴᠢᠶᠠᠲᠠᠶ ᠬᠠᠮᠲᠤᠷᠠᠨ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠣᠷᠴᠢᠨ ᠤ᠋ ᠡᠯᠡᠰᠦᠷᠬᠡᠭ ᠭᠠᠵᠠᠷ ᠪᠠ ᠬᠤᠯᠠᠨ ᠱᠢᠷᠭ᠎ᠠ ᠲᠠᠭ᠎ᠠ ᠵᠢᠨ ᠡᠯᠡᠰᠦᠷᠬᠡᠭ ᠭᠠᠵᠠᠷ ᠤ᠋ᠨ ᠰᠦᠨᠦᠭᠡᠯᠲᠡ ᠵᠢᠨ ᠣᠷᠣᠨ ᠤ᠋〈ᠵᠠᠮ ᠵᠢᠡᠷ ᠡᠯᠡᠰᠦ ᠶ᠋ᠢ ᠵᠠᠰᠠᠬᠤ〉 ᠬᠥᠭ᠌ᠵᠢᠯᠲᠡ ᠵᠢᠨ ᠲᠥᠯᠥᠪᠵᠢᠭᠦᠯᠭᠡ ( 2024 — 2030 ᠣᠨ)》 ᠶ᠋ᠢ ᠳᠠᠷᠤᠮᠠᠯᠯᠠᠨ ᠲᠠᠷᠬᠠᠭᠠᠪᠠ᠃ 《ᠲᠥᠯᠥᠪᠵᠢᠭᠦᠯᠭᠡ》 ᠨᠢ ᠬᠢᠩᠭᠠᠨ ᠠᠢᠮᠠᠭ᠂ ᠲᠦᠩᠯᠢᠶᠣᠤ ᠬᠣᠲᠠ᠂ ᠤᠯᠠᠭᠠᠨᠴᠠᠪ ᠬᠣᠲᠠ᠂ ᠤᠯᠠᠭᠠᠨᠬᠠᠳᠠ ᠬᠣᠲᠠ᠂ ᠱᠢᠯᠢ ᠵᠢᠨ ᠭᠤᠤᠯ ᠠᠢᠮᠠᠭ ᠤ᠋ᠨ 39 ᠬᠣᠱᠢᠭᠤ ᠱᠢᠶᠠᠨ ᠲᠣᠭᠣᠷᠢᠭ ᠢ᠋ ᠬᠠᠮᠤᠷᠴᠤ᠌᠂ ᠡᠯᠡᠰᠦ ᠶ᠋ᠢ ᠳᠤᠭᠤᠯᠤᠭ᠍ᠰᠠᠨ ᠡᠩᠦᠨ ᠮᠤᠵᠢ ᠵᠢᠨ ᠲᠡᠰᠤᠨ ᠵᠠᠮ ᠢ᠋ ᠲᠠᠰ ᠳᠡᠪᠱᠢᠭᠦᠯᠬᠦ᠌᠂ ᠡᠯᠡᠰᠦ ᠶ᠋ᠢ ᠳᠤᠭᠤᠯᠤᠭ᠍ᠰᠠᠨ ᠬᠥᠳᠡᠭᠡ ᠲᠣᠰᠭᠣᠨ ᠤ᠋ ᠵᠠᠰᠠᠮᠠᠯ ᠵᠠᠮ ᠤ᠋ᠨ ᠪᠥᠲᠥᠭᠡᠨ ᠪᠠᠢᠭᠤᠯᠤᠯᠲᠠ ᠵᠢᠴᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ᠋ ᠭᠤᠤᠯᠳᠠᠯᠭᠠᠲᠠᠶ ᠬᠡᠷᠡᠭ᠌ᠵᠢᠭᠦᠯᠦᠨᠡ᠃ ᠡᠨᠡ ᠬᠦ᠌ ᠲᠥᠯᠥᠪᠵᠢᠭᠦᠯᠭᠡᠨᠢ ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠤ᠋ ᠬᠦᠴᠦᠲᠡᠶ ᠳᠡᠮᠵᠢᠯᠭᠡ ᠶ᠋ᠢ ᠣᠯᠵᠤ᠂ 2030 ᠣᠨ ᠪᠣᠯᠳᠠᠯ᠎ᠠ ᠥᠪᠥᠷ ᠮᠣᠩᠭᠣᠯ ᠤ᠋ᠨ 6363 ᠺᠢᠯᠣᠮᠧᠲ᠋ᠷ ᠡᠯᠡᠰᠦ ᠶ᠋ᠢ ᠳᠤᠭᠤᠯᠤᠭ᠍ᠰᠠᠨ ᠵᠠᠰᠠᠮᠠᠯ ᠵᠠᠮ ᠤ᠋ᠨ ᠲᠥᠷᠥᠯ ᠵᠦᠶ᠋ᠯ ᠢ᠋ ᠬᠡᠷᠡᠭ᠌ᠵᠢᠭᠦᠯᠬᠦ᠌ ᠶ᠋ᠢ ᠳᠡᠮᠵᠢᠵᠦ᠍᠂ 7 ᠵᠢᠯ ᠳ᠋ᠤ ᠲᠥᠪᠦᠨ ᠲᠡᠷᠭᠡ ᠬᠤᠳᠠᠯᠳᠤᠨ ᠠᠪᠬᠤ ᠭᠠᠢᠯᠢ ᠵᠢᠨ 66.8 ᠳ᠋ᠦᠩᠱᠢᠭᠤᠷ ᠲᠥᠭᠥᠷᠢᠭᠦᠨ ᠪᠠᠯᠠ ᠮᠥᠩᠭᠥ ᠶ᠋ᠢ ᠲᠤᠬᠢᠷᠠᠭᠤᠯᠵᠤ ᠲᠤᠰᠭᠠᠢᠯᠠᠨ ᠥᠪᠥᠷ ᠮᠣᠩᠭᠣᠯ ᠤ᠋ᠨ ᠡᠯᠡᠰᠦ ᠶ᠋ᠢ ᠳᠤᠭᠤᠯᠤᠭ᠍ᠰᠠᠨ ᠵᠠᠰᠠᠮᠠᠯ ᠵᠠᠮ ᠤ᠋ᠨ ᠪᠥᠲᠥᠭᠡᠨ ᠪᠠᠢᠭᠤᠯᠤᠯᠲᠠ ᠳ᠋ᠤ ᠨᠥᠬᠥᠪᠥᠷᠢ ᠥᠭ᠌ᠬᠦ ᠪᠡᠷ ᠪᠠᠢᠨ᠎ᠠ᠃
《ᠵᠠᠮ ᠬᠠᠷᠢᠯᠴᠠᠭ᠎ᠠ ᠲᠡᠭᠡᠭᠡᠪᠦᠷᠢ ᠵᠢᠨ ᠶᠠᠮᠤᠨ ᠤ᠋ ᠳᠡᠮᠵᠢᠯᠭᠡ ᠳᠤᠤᠷ᠎ᠠ᠂ 2025 ᠣᠨ ᠳ᠋ᠤ ᠮᠠᠨ ᠤ᠋ ᠣᠷᠣᠨ 2500 ᠺᠢᠯᠣᠮᠧᠲ᠋ᠷ ᠡᠯᠡᠰᠦ ᠶ᠋ᠢ ᠳᠤᠭᠤᠯᠤᠭ᠍ᠰᠠᠨ ᠵᠠᠰᠠᠮᠠᠯ ᠵᠠᠮ ᠵᠠᠰᠠᠬᠤ ᠪᠡᠷ ᠲᠥᠯᠥᠪᠯᠡᠵᠦ᠍᠂ 455 ᠲᠦᠮᠡᠨ ᠮᠥ᠍ ᠡᠯᠡᠰᠦ ᠶ᠋ᠢ ᠵᠠᠰᠠᠨ᠂ 1400 ᠺᠢᠯᠣᠮᠧᠲ᠋ᠷ ᠠᠷᠠᠴᠢᠯᠠᠨ ᠬᠠᠮᠠᠭᠠᠯᠠᠬᠤ ᠢᠨᠵᠧᠨᠧᠷᠢᠩ ᠢ᠋ ᠵᠡᠷᠭᠡ ᠪᠡᠷ ᠬᠡᠷᠡᠭ᠌ᠵᠢᠭᠦᠯᠦᠨᠡ᠃ ᠥᠪᠥᠷ ᠮᠣᠩᠭᠣᠯ ᠡᠯᠡᠰᠦ ᠶ᠋ᠢ ᠳᠤᠭᠤᠯᠤᠭ᠍ᠰᠠᠨ ᠵᠠᠰᠠᠮᠠᠯ ᠵᠠᠮ ᠤ᠋ᠨ ᠪᠥᠲᠥᠭᠡᠨ ᠪᠠᠢᠭᠤᠯᠤᠯᠲᠠ ᠶ᠋ᠢ ᠦᠷᠭᠦᠯᠵᠢᠯᠡᠨ ᠶᠡᠬᠡ ᠪᠡᠷ ᠠᠬᠢᠭᠤᠯᠬᠤ ᠵᠢᠨ ᠬᠠᠮᠲᠤ ᠠᠵᠢᠯ ᠤᠯᠭᠤᠯᠲᠠ ᠪᠡᠷ ᠲᠡᠳᠬᠦᠮᠵᠢ ᠶ᠋ᠢ ᠣᠷᠣᠯᠠᠭᠤᠯᠬᠤ ᠬᠡᠪᠴᠢᠶ᠎ᠡ ᠪᠠ ᠠᠱᠢᠭ ᠭᠥᠷᠳᠡᠬᠦ᠌ ᠡᠲᠡᠭᠡᠳ ᠢ᠋ ᠦᠷᠭᠡᠳᠭᠡᠨ᠂ ᠣᠯᠠᠨ ᠲᠦᠮᠡᠡ ᠢ᠋ ᠳᠠᠢᠴᠢᠯᠠᠨ ᠣᠢᠷ᠎ᠠ ᠬᠠᠪᠢᠳᠠᠭᠠᠨ ᠠᠵᠢᠯ ᠣᠯᠭᠣᠵᠤ ᠣᠷᠣᠯᠭ᠎ᠠ ᠶ᠋ᠢᠨᠢ ᠨᠡᠮᠡᠭᠳᠡᠭᠦᠯᠵᠤ᠂ ᠡᠯᠡᠰᠦ ᠶ᠋ᠢ ᠳᠤᠭᠤᠯᠤᠭ᠍ᠰᠠᠨ ᠵᠠᠰᠠᠮᠠᠯ ᠵᠠᠮ ᠢ᠋ ᠪᠠᠶᠠᠵᠢᠯ ᠤ᠋ᠨ ᠵᠠᠮ᠂ ᠵᠢᠷᠭᠠᠯ ᠤ᠋ᠨ ᠵᠠᠮ᠂ ᠰᠡᠳᠭᠢᠯ ᠵᠢᠷᠦᠬᠡᠪᠡᠨ ᠬᠣᠯᠪᠣᠬᠤ ᠵᠠᠮ᠂ ᠬᠥᠭ᠌ᠵᠢᠯ ᠮᠠᠨᠳᠤᠯ ᠤ᠋ᠨ ᠵᠠᠮ ᠪᠣᠯᠭᠠᠨ᠎ᠠ》 ᠭᠡᠵᠤ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮᠦᠨ ᠲᠥᠯᠥᠪᠵᠢᠭᠦᠯᠭᠡ ᠵᠢᠨ ᠭᠠᠵᠠᠷ ᠤ᠋ᠨ ᠳᠡᠳ᠋ ᠳᠠᠷᠤᠭ᠎ᠠ ᠰᠦᠶ ᠸᠸᠢ ᠪᠥᠸᠧ ᠢᠲᠡᠭᠡᠯ ᠲᠡᠭᠦᠯᠳᠡᠷ ᠬᠡᠯᠡᠨ᠎ᠡ᠃