ᠥᠪᠥᠷ ᠮᠣᠩᠭᠣᠯ ᠥᠨᠳᠥᠷ ᠴᠢᠳᠠᠪᠬᠢᠲᠤ ᠨᠧᠦᠳᠢᠮ ᠲᠡᠮᠦᠷ ᠪᠣᠷ ᠤ᠋ᠨ ᠦᠢᠯᠡᠳᠭᠡᠯ ᠤ᠋ᠨ ᠮᠡᠷᠭᠡᠵᠢᠯ ᠤ᠋ᠨ ᠲᠠᠯ᠎ᠠ ᠪᠡᠷ ᠴᠢᠬᠤᠯᠠ ᠠᠬᠢᠴᠠ ᠲᠠᠢ ᠪᠣᠯᠪᠠ
ᠪᠤᠭᠤᠲᠤ ᠶ᠋ᠢᠨ ᠬᠣᠪᠣᠷ ᠱᠢᠷᠣᠶ ᠶ᠋ᠢᠨ ᠰᠤᠳᠤᠯᠭᠠᠨ ᠤ᠋ ᠬᠦᠷᠢᠶᠡᠯᠡᠩ ᠤ᠋ᠨ ᠰᠣᠷᠢᠨᠵᠢᠨ ᠮᠠᠲ᠋ᠧᠷᠢᠶᠠᠯ ᠤ᠋ᠨ ᠰᠤᠳᠤᠯᠭᠠᠨ ᠤ᠋ ᠭᠠᠵᠠᠷ ᠤ᠋ᠨ ᠭᠠᠳᠠᠷᠭᠤ ᠶ᠋ᠢᠨ ᠮᠡᠷᠭᠡᠵᠢᠯ ᠤ᠋ᠨ ᠪᠦᠯᠬᠦᠮ ᠥᠨᠳᠥᠷ ᠴᠢᠳᠠᠪᠬᠢᠲᠤ ᠨᠧᠦᠳᠢᠮ ᠲᠡᠮᠦᠷ ᠪᠣᠷ ᠤ᠋ᠨ ᠦᠶ᠋ᠯᠡᠳᠭᠡᠯ ᠤ᠋ᠨ ᠮᠡᠷᠭᠡᠵᠢᠯ ᠤ᠋ᠨ ᠲᠠᠯ᠎ᠠ ᠪᠡᠷ ᠴᠢᠬᠤᠯᠠ ᠠᠬᠢᠯᠲᠠ ᠲᠠᠢ ᠪᠣᠯᠵᠣ᠂ ᠬᠦᠨᠳᠦ ᠬᠣᠪᠣᠷ ᠱᠢᠷᠣᠶ ᠬᠡᠷᠡᠭ᠌ᠯᠡᠬᠦ᠌ ᠬᠡᠮᠵᠢᠶ᠎ᠡ ᠵᠢ ᠢᠯᠡᠳᠲᠡ ᠪᠠᠭᠠᠰᠭᠠᠭ᠍ᠰᠠᠨ ᠤᠷᠢᠲᠠᠯ ᠳᠤᠤᠷ᠎ᠠ᠂ 50UH᠂ 52SH ᠵᠡᠷᠭᠡ ᠥᠨᠳᠥᠷ ᠨᠤᠮᠸᠷᠲᠤ ᠨᠧᠦᠳᠢᠮ ᠲᠡᠮᠦᠷ ᠪᠣᠷ ᠤ᠋ᠨ ᠰᠣᠷᠢᠨᠵᠢᠨ ᠪᠡᠶ᠎ᠡ ᠵᠢ ᠠᠮᠵᠢᠯᠲᠠᠲᠠᠶ ᠦᠶ᠋ᠯᠡᠳᠴᠦ᠍ ᠭᠠᠷᠭᠠᠪᠠ᠃ ᠡᠨᠡ ᠬᠦ᠌ ᠦᠷ᠎ᠡ ᠪᠦᠲᠦᠭᠡᠯ ᠨᠢ ᠨᠢᠭᠡᠨᠲᠡ 《ᠦᠪᠦᠷ ᠮᠤᠨᠭᠭᠤᠯ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠴᠤᠬᠯᠠᠷᠠᠯ》 ᠤ᠋ᠨ ᠬᠣᠪᠣᠷ ᠱᠢᠷᠣᠶ ᠶ᠋ᠢᠨ ᠬᠦᠷᠢᠶᠡᠨ ᠳ᠋ᠡᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠦᠷ᠎ᠡ ᠪᠦᠲᠦᠭᠡᠯ ᠳ᠋ᠤ ᠰᠣᠩᠭᠣᠭ᠍ᠳᠠᠪᠠ᠃
ᠨᠧᠦᠳᠢᠮ ᠲᠡᠮᠦᠷ ᠪᠣᠷ ᠤ᠋ᠨ ᠲᠣᠭ᠍ᠲᠠᠮᠠᠯ ᠰᠣᠷᠢᠨᠵᠢᠨ ᠮᠠᠲ᠋ᠧᠷᠢᠶᠠᠯ ᠪᠤᠯ ᠣᠳᠣᠬᠠᠨ ᠤ᠋ ᠨᠡᠢᠳᠡᠮ ᠮᠡᠳᠡᠷᠡᠭᠳᠡᠵᠦ ᠪᠠᠢᠭ᠎ᠠ ᠰᠣᠷᠢᠨᠵᠢᠨ ᠴᠢᠨᠠᠷ ᠢ᠋ᠶ᠋ᠡᠷ ᠬᠠᠮᠤᠭ ᠤ᠋ᠨ ᠴᠢᠩᠭ᠎ᠠ ᠲᠣᠭ᠍ᠲᠠᠮᠠᠯ ᠰᠣᠷᠢᠨᠵᠢᠨ ᠮᠠᠲ᠋ᠧᠷᠢᠶᠠᠯ ᠪᠠᠢᠵᠤ᠂ ᠠᠵᠢᠯ ᠲᠥᠷᠥᠯ ᠤ᠋ᠨ ᠳᠣᠲᠣᠷ᠎ᠠ ᠪᠠᠨ 《ᠰᠣᠷᠢᠨᠵᠢᠨ ᠸᠠᠩ 》 ᠬᠡᠮᠡᠭ᠌ᠳᠡᠵᠦ᠍᠂ ᠥᠨᠳᠥᠷ ᠬᠦᠴᠦᠯᠡᠴᠡ ᠲᠠᠢ ᠰᠣᠷᠢᠨᠵᠢᠨ ᠣᠷᠣᠨ᠂ ᠥᠨᠳᠥᠷ ᠲᠣᠭ᠍ᠲᠠᠪᠤᠷᠢᠲᠤ ᠴᠢᠨᠠᠷ ᠪᠠ ᠥᠨᠳᠥᠷ ᠠᠱᠢᠭ᠍ᠯᠠᠮᠵᠢ ᠲᠠᠢ ᠣᠲᠣ ᠦᠶ᠎ᠡ ᠶ᠋ᠢᠨ ᠠᠵᠤ ᠦᠶ᠋ᠯᠡᠳᠪᠦᠷᠢ ᠬᠢᠭᠡᠳ ᠳᠡᠭᠡᠳᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠦᠷᠢᠶᠡᠨ ᠳ᠋ᠤ ᠥᠷᠭᠡᠨ ᠢ᠋ᠶ᠋ᠡᠷ ᠬᠡᠷᠡᠭ᠌ᠯᠡᠭ᠌ᠳᠡᠵᠦ᠍ ᠪᠠᠢᠨ᠎ᠠ᠃ ᠬᠦᠨᠳᠦ ᠬᠣᠪᠣᠷ ᠱᠢᠷᠣᠶ ᠶ᠋ᠢᠨ ᠡᠬᠢ ᠪᠠᠶᠠᠯᠢᠭ ᠬᠣᠪᠣᠷ ᠴᠤᠬᠠᠭ ᠮᠥᠷᠲᠡᠭᠡᠨ ᠥᠪᠡᠷ ᠤ᠋ᠨ ᠥᠷᠲᠡᠭ ᠥᠨᠳᠥᠷ ᠪᠦᠬᠦᠢ ᠠᠵᠢᠯ ᠲᠥᠷᠥᠯ ᠤ᠋ᠨ ᠥᠷᠢᠰᠥᠯᠳᠦᠭᠡᠨ ᠤ᠋ ᠡᠮᠦᠨ᠎ᠡ᠂ ᠲᠣᠰ ᠪᠦᠯᠬᠦᠮ ᠥᠨᠳᠥᠷ ᠴᠢᠳᠠᠪᠬᠢᠲᠤ ᠨᠧᠦᠳᠢᠮ ᠲᠡᠮᠦᠷ ᠪᠣᠷ ᠤ᠋ᠨ ᠰᠣᠷᠢᠨᠵᠢᠨ ᠪᠡᠶ᠎ᠡ ᠵᠢ ᠰᠤᠳᠤᠯᠤᠨ ᠨᠡᠭᠡᠭᠡᠬᠦ᠌ ᠪᠡᠷ ᠴᠢᠷᠮᠠᠢᠵᠤ᠂ ᠲᠠᠯᠠᠰᠲᠤ ᠶ᠋ᠢᠨ ᠵᠠᠭᠠᠭ ᠢ᠋ᠶ᠋ᠡᠷ ᠨᠡᠪᠴᠢᠬᠦ ᠬᠦᠨᠳᠦ ᠬᠣᠪᠣᠷ ᠱᠢᠷᠣᠶ ᠵᠢ ᠥᠨᠳᠥᠷ ᠪᠦᠲᠦᠮᠵᠢᠲᠡᠶ ᠠᠱᠢᠭ᠍ᠯᠠᠬᠤ ᠮᠡᠷᠭᠡᠵᠢᠯ ᠢ᠋ ᠠᠮᠵᠢᠯᠲᠠ ᠲᠠᠢ ᠰᠤᠳᠤᠯᠤᠨ ᠨᠡᠭᠡᠭᠡᠭ᠌ᠰᠡᠨ ᠪᠥᠭᠡᠳ ᠲᠡᠷᠢᠭᠦᠨ ᠤ᠋ ᠮᠡᠷᠭᠡᠵᠢᠯ ᠲᠠᠢ᠂ ᠡᠨᠧᠷᠭᠢ ᠠᠷᠪᠢᠯᠠᠵᠤ ᠣᠷᠴᠢᠨ ᠲᠣᠭᠣᠷᠢᠨ ᠢ᠋ ᠬᠠᠮᠠᠭᠠᠯᠠᠬᠤ ᠲᠠᠯᠠᠰᠲᠤ ᠶ᠋ᠢᠨ ᠵᠠᠭᠠᠭ ᠢ᠋ᠶ᠋ᠡᠷ ᠨᠡᠪᠴᠢᠬᠦ ᠵᠠᠪᠰᠠᠷ ᠤ᠋ᠨ ᠲᠤᠷᠰᠢᠯᠲᠡ ᠶ᠋ᠢᠨ ᠰᠢᠯᠭᠠᠨ ᠪᠠᠲᠤᠯᠠᠬᠤ ᠱᠤᠭᠤᠮ ᠢ᠋ ᠪᠠᠢᠭᠤᠯᠪᠠ᠃ ᠲᠣᠰ ᠮᠡᠷᠭᠡᠵᠢᠯ ᠨᠢ ᠨᠡᠪᠴᠢᠬᠦ ᠡᠳ᠋ ᠤ᠋ᠨ ᠨᠠᠢᠷᠠᠯᠭ᠎ᠠ ᠵᠢ ᠲᠣᠭ᠍ᠲᠠᠭᠠᠬᠤ᠂ ᠪᠦᠷᠬᠦᠪᠴᠢ ᠪᠦᠷᠬᠦᠬᠦ᠌ ᠮᠡᠷᠭᠡᠱᠢᠯ ᠪᠠ ᠬᠠᠯᠠᠭᠤᠨ ᠲᠤᠭᠤᠯᠤᠭᠤᠯᠬᠤ ᠵᠢ ᠣᠨᠣᠴᠠᠲᠠᠢ ᠲᠣᠬᠢᠷᠠᠭᠤᠯᠤᠨ ᠡᠵᠡᠮᠳᠡᠬᠦ᠌ ᠵᠢ ᠱᠢᠯᠢᠳᠡᠭ᠌ᠵᠢᠭᠦᠯᠬᠦ᠌ ᠪᠡᠷ ᠳᠠᠮᠵᠢᠭᠤᠯᠤᠨ᠂ ᠰᠣᠷᠢᠨᠵᠢᠨ ᠪᠡᠶ᠎ᠡ ᠶ᠋ᠢᠨ ᠴᠢᠳᠠᠮᠵᠢ ᠵᠢ ᠳᠡᠭᠡᠭ᠌ᠰᠢᠯᠡᠭᠦᠯᠬᠦ᠌ ᠶ᠋ᠢᠨ ᠬᠠᠮᠲᠤ᠂ ᠬᠦᠨᠳᠦ ᠬᠣᠪᠣᠷ ᠱᠢᠷᠣᠶ ᠵᠢ ᠥᠨᠳᠥᠷ ᠪᠦᠲᠦᠮᠵᠢᠲᠡᠶ ᠠᠱᠢᠭ᠍ᠯᠠᠬᠤ ᠪᠠ ᠪᠤᠴᠠᠭᠠᠨ ᠠᠪᠬᠤ ᠶᠠᠪᠤᠴᠠ ᠵᠢ ᠪᠡᠶᠡᠯᠡᠭᠦᠯᠪᠡ᠃ ᠤᠯᠠᠮᠵᠢᠯᠠᠯᠲᠤ ᠮᠡᠷᠭᠡᠰᠢᠯ ᠲᠠᠢ ᠬᠠᠷᠢᠴᠠᠭᠤᠯᠪᠠᠯ᠂ ᠰᠣᠷᠢᠨᠵᠢᠨ ᠴᠢᠳᠠᠮᠵᠢ ᠨᠢ ᠠᠳᠠᠯᠢ ᠪᠠᠢᠬᠤ ᠪᠠᠢᠳᠠᠯ ᠳᠤᠤᠷ᠎ᠠ᠂ ᠬᠦᠨᠳᠦ ᠬᠣᠪᠣᠷ ᠱᠢᠷᠣᠶ ᠵᠢ 30% ᠡᠴᠡ 70% ᠪᠡᠷ ᠠᠷᠪᠢᠯᠠᠵᠤ᠂ ᠦᠶ᠋ᠯᠡᠳᠪᠦᠷᠢᠯᠡᠯ ᠤ᠋ᠨ ᠥᠪᠡᠷ ᠤ᠋ᠨ ᠥᠷᠲᠡᠭ ᠢ᠋ ᠢᠯᠡᠳᠲᠡ ᠪᠠᠭᠤᠷᠠᠭᠤᠯᠤᠨ᠂ ᠬᠣᠪᠣᠷ ᠴᠤᠬᠠᠭ ᠡᠬᠢ ᠪᠠᠶᠠᠯᠢᠭ ᠢ ᠲᠦᠱᠢᠭ᠌ᠯᠡᠬᠦ ᠴᠢᠨᠠᠷ ᠢ᠋ ᠪᠠᠭᠤᠷᠠᠭᠤᠯᠪᠠ ᠃
ᠲᠠᠨᠢᠯᠴᠠᠭᠤᠯᠤᠭ᠍ᠰᠠᠨ ᠢ᠋ᠶ᠋ᠡᠷ᠂ ᠨᠧᠦᠳᠢᠮ ᠲᠡᠮᠦᠷ ᠪᠣᠷ ᠤ᠋ᠨ ᠰᠣᠷᠢᠨᠵᠢᠨ ᠪᠡᠶ᠎ᠡ ᠶ᠋ᠢᠨ ᠨᠣᠮᠧᠷ ᠨᠢ ᠲᠡᠭᠦᠨ ᠤ᠋ ᠵᠠᠩᠭᠢᠯᠠᠭ᠎ᠠ ᠶ᠋ᠢᠨ ᠴᠢᠳᠠᠮᠵᠢ ᠶ᠋ᠢᠨ ᠵᠢᠭᠠᠯᠲᠠ ᠲᠣᠭ᠎ᠠ ᠵᠢ ᠲᠤᠰᠭᠠᠪᠠ᠃ ᠨᠤᠮᠸᠷ ᠤ᠋ᠨ ᠲᠣᠭ᠎ᠠ ᠨᠢ ᠰᠣᠷᠢᠨᠵᠢᠨ ᠡᠨᠧᠷᠭᠢ ᠶ᠋ᠢᠨ ᠬᠠᠳᠠᠭᠠᠯᠠᠮᠵᠢ ᠶ᠋ᠢᠨ ᠴᠢᠳᠠᠪᠤᠷᠢ ᠵᠢ ᠲᠥᠯᠥᠭᠡᠯᠡᠵᠦ᠍᠂ ᠲᠣᠭ᠎ᠠ ᠨᠢ ᠬᠡᠳᠦᠶ ᠶᠡᠬᠡ ᠪᠣᠯ ᠰᠣᠷᠢᠨᠵᠢᠨ ᠴᠢᠳᠠᠪᠬᠢ ᠨᠢ ᠲᠡᠳᠦᠶ ᠴᠢᠩᠭ᠎ᠠ ᠪᠠᠢᠳᠠᠭ; ᠳᠤᠮᠳᠠᠬᠢ ᠭᠠᠯᠢᠭ ᠦᠰᠦᠭ ᠨᠢ ᠰᠣᠷᠢᠨᠵᠢᠨ ᠠᠯᠳᠠᠭᠤᠯᠬᠤ ᠵᠢ ᠡᠰᠡᠷᠭᠦᠴᠡᠬᠦ᠌ ᠴᠢᠳᠠᠪᠤᠷᠢ ᠵᠢ ᠢᠯᠡᠷᠬᠡᠢᠯᠡᠵᠦ᠍᠂ ᠭᠠᠯᠢᠭ ᠦᠰᠦᠭ ᠨᠢ ᠬᠡᠳᠦᠶ ᠬᠣᠢᠨ᠎ᠠ ᠵᠢᠬᠰᠠᠵᠤ ᠪᠠᠢᠭ᠎ᠠ ᠪᠣᠯ ᠴᠢᠳᠠᠪᠤᠷᠢ ᠨᠢ ᠲᠡᠳᠦᠶ ᠲᠣᠭ᠍ᠲᠠᠪᠤᠷᠢᠲᠠᠶ ᠪᠠᠢᠳᠠᠭ; ᠳᠠᠭᠠᠪᠤᠷᠢ ᠦᠰᠦᠭ ᠨᠢ ᠠᠵᠢᠯᠯᠠᠬᠤ ᠳᠤᠯᠠᠭᠠᠨ ᠤ᠋ ᠬᠡᠮᠵᠢᠶ᠎ᠡ ᠵᠢ ᠢᠯᠡᠷᠬᠡᠢᠯᠡᠵᠦ᠂ ᠵᠢᠱ᠌ᠢᠶᠡᠯᠡᠪᠡᠯ 《 H 》 ᠭᠡᠳᠡᠭ ᠨᠢ ᠬᠠᠮᠤᠭᠤᠨ ᠥᠨᠳᠥᠷ ᠠᠵᠢᠯᠯᠠᠬᠤ ᠳᠤᠯᠠᠭᠠᠨ ᠤ᠋ ᠬᠡᠮᠵᠢᠶ᠎ᠡ ᠨᠢ ᠪᠠᠷᠤᠭ 120 °C ᠭᠡᠳᠡᠭ ᠢ᠋ ᠵᠢᠭᠠᠵᠤ ᠪᠠᠢᠨ᠎ᠠ᠃ ᠪᠦᠯᠬᠦᠮ ᠤ᠋ᠨ ᠦᠶ᠋ᠯᠡᠳᠴᠦ ᠭᠠᠷᠭᠠᠬᠰᠠᠨ 52SH ᠰᠣᠷᠢᠨᠵᠢᠨ ᠪᠡᠶ᠎ᠡ ᠨᠢ ᠥᠨᠳᠥᠷ ᠰᠣᠷᠢᠨᠵᠢᠨ ᠡᠨᠧᠷᠭᠢ ᠶ᠋ᠢᠨ ᠬᠠᠳᠠᠭᠠᠯᠠᠮᠵᠢ ᠶ᠋ᠢᠨ ᠴᠢᠳᠠᠪᠤᠷᠢ ᠲᠠᠢ ᠪᠠᠢᠵᠤ᠂ ᠲᠤᠢᠯ ᠤ᠋ᠨ ᠡᠵᠡᠯᠡᠬᠦᠨ ᠳᠣᠲᠣᠷ᠎ᠠ ᠬᠠᠮᠤᠭ ᠤ᠋ᠨ ᠴᠢᠩᠭ᠎ᠠ ᠰᠣᠷᠢᠨᠵᠢᠨ ᠬᠦᠴᠦ᠍ ᠵᠢ ᠭᠠᠷᠭᠠᠵᠤ᠂ ᠣᠷᠣᠨ ᠵᠠᠶ ᠪᠠ ᠠᠱᠢᠭ᠍ᠯᠠᠮᠵᠢ ᠶ᠋ᠢᠨ ᠱᠠᠭᠠᠷᠳᠠᠯᠭ᠎ᠠ ᠲᠤᠢᠯ ᠤ᠋ᠨ ᠥᠨᠳᠥᠷ ᠪᠠᠢᠳᠠᠯ ᠳ᠋ᠤ ᠲᠤᠬᠢᠷᠠᠯᠴᠠᠵᠤ᠂ ᠨᠢᠭᠡᠨᠲᠡ ᠱᠢᠨ᠎ᠡ ᠡᠨᠧᠷᠭᠢ ᠶ᠋ᠢᠨ ᠮᠠᠱᠢᠨ ᠲᠡᠷᠭᠡᠨ ᠤ᠋ ᠬᠥᠳᠡᠯᠭᠡᠭᠦᠷ ᠴᠠᠬᠢᠯᠭᠠᠨ ᠮᠠᠱᠢᠨ᠂ ᠰᠠᠯᠬᠢᠨ ᠤ᠋ ᠬᠦᠴᠦ᠍ ᠪᠡᠷ ᠴᠠᠬᠢᠯᠭᠠᠨ ᠭᠠᠷᠭᠠᠬᠤ᠂ ᠠᠵᠤ ᠦᠶ᠋ᠯᠡᠳᠪᠦᠷᠢ ᠶ᠋ᠢᠨ ᠦᠶ᠋ᠯᠡᠴᠢᠯᠡᠭᠡᠨ ᠤ᠋ ᠴᠠᠬᠢᠯᠭᠠᠨ ᠬᠦᠳᠡᠯᠭᠡᠭᠦᠷ᠂ ᠮᠠᠱᠢᠨ ᠬᠥᠮᠦᠨ ᠵᠢᠴᠢ ᠬᠡᠷᠡᠭ᠌ᠯᠡᠭᠡᠨ ᠤ᠋ ᠡᠯᠧᠺᠲ᠋ᠷᠣᠨ ᠵᠡᠷᠭᠡ ᠬᠦᠷᠢᠶᠡᠨ ᠳ᠋ᠤ ᠤᠯᠠᠨ ᠬᠡᠷᠡᠭᠯᠡᠭᠳᠡᠵᠦ ᠪᠠᠢᠨ᠎ᠠ᠃ 50UH ᠰᠣᠷᠢᠨᠵᠢᠨ ᠪᠡᠶ᠎ᠡ ᠨᠢ ᠲᠤᠢᠯ ᠤ᠋ᠨ ᠥᠨᠳᠥᠷ ᠳᠤᠲᠤᠭᠠᠳᠤ ᠶ᠋ᠢᠨ ᠠᠯᠳᠠᠭᠤᠯᠤᠬᠴᠢ ᠰᠤᠷᠢᠨᠵᠢᠨ ᠬᠦᠴᠦᠯᠡᠴᠡ ᠵᠢ ᠢᠯᠡᠷᠡᠭᠦᠯᠵᠦ᠍᠂ ᠰᠣᠷᠢᠨᠵᠢᠨ ᠠᠯᠳᠠᠭᠤᠯᠬᠤ ᠵᠢ ᠡᠰᠡᠷᠭᠦᠴᠡᠬᠦ᠌ ᠱᠢᠯᠢᠳᠡᠭ ᠴᠢᠳᠠᠪᠤᠷᠢ ᠪᠠ ᠥᠨᠳᠥᠷ ᠳᠤᠯᠠᠭᠠᠨ ᠤ᠋ ᠲᠣᠭ᠍ᠲᠠᠪᠤᠷᠢᠲᠤ ᠴᠢᠨᠠᠷ ᠢ᠋ ᠪᠦᠷᠢᠯᠳᠦᠭᠦᠯᠵᠦ᠍᠂ ᠰᠣᠷᠢᠨᠵᠢᠨ ᠳᠠᠷᠪᠢᠯᠲᠠ ᠶ᠋ᠢᠨ ᠳᠦᠷᠰᠦ ᠪᠦᠲᠦᠭᠡᠯᠲᠡ᠂ ᠨᠠᠷᠢᠯᠢᠭ ᠨᠦᠯᠦᠭᠡᠯᠡᠭᠦᠷ᠂ ᠬᠡᠮᠵᠢᠭᠦᠷᠯᠢᠭ ᠪᠠ ᠠᠵᠤ ᠦᠢᠯᠡᠳᠪᠦᠷᠢ ᠶ᠋ᠢᠨ ᠲᠣᠭ᠍ᠲᠠᠮᠠᠯ ᠰᠣᠷᠢᠨᠵᠢᠨ ᠵᠡᠷᠭᠡᠴᠡᠯᠲᠦ ᠴᠠᠬᠢᠯᠭᠠᠨ ᠮᠠᠱᠢᠨ ᠵᠡᠷᠭᠡ ᠳ᠋ᠤ ᠥᠷᠭᠡᠨ ᠢ᠋ᠶ᠋ᠡᠷ ᠬᠡᠷᠡᠭ᠌ᠯᠡᠭ᠌ᠳᠡᠵᠦ᠍᠂ ᠲᠥᠬᠥᠭᠡᠷᠦᠮᠵᠢ ᠶ᠋ᠢᠨ ᠥᠨᠳᠥᠷ ᠳᠤᠯᠠᠭᠠᠨ᠂ ᠥᠨᠳᠥᠷ ᠳᠠᠷᠤᠯᠲᠠ ᠵᠢᠴᠢ ᠪᠤᠳᠤᠯᠢᠶᠠᠨᠲᠠᠢ ᠴᠠᠬᠢᠯᠭᠠᠨ ᠰᠣᠷᠢᠨᠵᠢᠨ ᠣᠷᠴᠢᠨ ᠳ᠋ᠤ ᠤᠷᠲᠤ ᠬᠤᠭᠤᠴᠠᠭ᠎ᠠ ᠲᠣᠭ᠍ᠲᠠᠭᠤᠨ ᠠᠵᠢᠯᠯᠠᠬᠤ ᠵᠢ ᠪᠠᠲᠤᠯᠠᠳᠠᠭ᠃
ᠵᠣᠬᠢᠶᠠᠮᠠᠯ ᠣᠶᠤᠨ ᠴᠢᠳᠠᠪᠤᠷᠢ ᠵᠡᠷᠭᠡ ᠱᠢᠨ᠎ᠡ ᠪᠡᠷ ᠬᠥᠭ᠌ᠵᠢᠭ᠌ᠰᠡᠨ ᠲᠸᠭᠨᠢᠭ ᠮᠡᠷᠭᠡᠵᠢᠯ ᠤ᠋ᠨ ᠲᠠᠰᠤᠷᠠᠯᠲᠠ ᠥᠬᠡᠶ ᠬᠥᠭ᠌ᠵᠢᠬᠦ᠌ ᠵᠢ ᠳᠠᠭᠠᠯᠳᠤᠨ᠂ ᠡᠯ᠎ᠡ ᠠᠵᠢᠯ ᠲᠥᠷᠥᠯ ᠤ᠋ᠨ ᠥᠨᠳᠥᠷ ᠴᠢᠳᠠᠪᠬᠢᠲᠤ ᠰᠣᠷᠢᠨᠵᠢᠨ ᠴᠢᠨᠠᠷᠲᠠᠶ ᠮᠠᠲ᠋ᠧᠷᠢᠶᠠᠯ ᠤ᠋ᠨ ᠬᠡᠷᠡᠭ᠌ᠴᠡᠭᠡ ᠦᠷᠭᠦᠯᠵᠢᠯᠡᠨ ᠳᠡᠭᠡᠭ᠌ᠰᠢᠯᠡᠵᠦ᠍᠂ ᠨᠧᠦᠳᠢᠮ ᠲᠡᠮᠦᠷ ᠪᠣᠷ ᠤ᠋ᠨ ᠰᠣᠷᠢᠨᠵᠢᠨ ᠪᠡᠶ᠎ᠡ ᠶ᠋ᠢᠨ ᠭᠠᠷᠤᠯᠲᠠ ᠪᠠ ᠵᠠᠬ᠎ᠠ ᠳᠡᠯᠭᠡᠭᠦᠷ ᠤ᠋ᠨ ᠬᠡᠪᠴᠢᠶ᠎ᠡ ᠲᠠᠰᠤᠷᠠᠯᠲᠠ ᠥᠬᠡᠶ ᠥᠷᠭᠡᠵᠢᠪᠡ᠃ ᠪᠤᠭᠤᠲᠤ ᠶ᠋ᠢᠨ ᠬᠣᠪᠣᠷ ᠱᠢᠷᠣᠶ ᠶ᠋ᠢᠨ ᠰᠤᠳᠤᠯᠭᠠᠨ ᠤ᠋ ᠬᠦᠷᠢᠶᠡᠯᠡᠩ ᠤ᠋ᠨ ᠪᠦᠯᠬᠦᠮ ᠤ᠋ᠨ ᠬᠠᠮᠢᠶ᠎ᠠ ᠪᠥᠬᠥᠶ ᠬᠠᠷᠢᠭᠤᠴᠠᠯᠭᠠᠲᠠᠨ᠄ 《ᠵᠠᠪᠰᠠᠷ ᠤ᠋ᠨ ᠲᠤᠷᠱᠢᠯᠲᠠ ᠶ᠋ᠢᠨ ᠰᠢᠯᠭᠠᠨ ᠪᠠᠲᠤᠯᠠᠬᠤ ᠵᠢ ᠦᠷᠭᠦᠯᠵᠢᠯᠡᠨ ᠠᠬᠢᠭᠤᠯᠵᠤ᠂ ᠮᠡᠷᠭᠡᠰᠢᠯ ᠤ᠋ᠨ ᠶᠠᠪᠤᠴᠠ ᠵᠢ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠤ᠋ᠨ ᠠᠵᠠ ᠲᠣᠬᠢᠶᠠᠯ ᠢ᠋ ᠡᠵᠡᠮᠳᠡᠵᠦ᠍᠂ ᠱᠢᠨ᠎ᠡ ᠮᠠᠲ᠋ᠧᠷᠢᠶᠠᠯ ᠤ᠋ᠨ ᠨᠠᠢᠷᠠᠯᠭ᠎ᠠ ᠪᠠ ᠦᠶ᠋ᠯᠡᠳᠬᠦ᠌ ᠮᠡᠷᠭᠡᠰᠢᠯ ᠢ᠋ ᠦᠷᠭᠦᠯᠵᠢᠯᠡᠨ ᠰᠤᠳᠤᠯᠤᠨ ᠨᠡᠭᠡᠭᠡᠵᠦ᠍᠂ ᠬᠠᠢᠯᠤᠰᠢ ᠶ᠋ᠢᠨ ᠪᠦᠷᠢᠯᠳᠦᠬᠦᠨ ᠪᠠ ᠬᠤᠮᠠᠬᠢ ᠪᠦᠲᠦᠴᠡ ᠵᠢ ᠱᠢᠯᠢᠳᠡᠭ᠌ᠵᠢᠭᠦᠯᠬᠦ᠌ ᠪᠡᠷ ᠳᠠᠮᠵᠢᠭᠤᠯᠤᠨ᠂ ᠨᠧᠦᠳᠢᠮ ᠲᠡᠮᠦᠷ ᠪᠣᠷ ᠤ᠋ᠨ ᠰᠣᠷᠢᠨᠵᠢᠨ ᠪᠡᠶ᠎ᠡ ᠶ᠋ᠢᠨ ᠵᠠᠩᠭᠢᠯᠠᠭ᠎ᠠ ᠶ᠋ᠢᠨ ᠴᠢᠳᠠᠮᠵᠢ ᠵᠢ ᠤᠯᠠᠮ ᠳᠡᠭᠡᠭ᠌ᠰᠢᠯᠡᠭᠦᠯᠵᠦ᠍᠂ ᠠᠭᠠᠷ ᠤ᠋ᠨ ᠠᠶᠠᠯᠠᠯ ᠰᠠᠨᠰᠠᠷ ᠤ᠋ᠨ ᠠᠶᠠᠯᠠᠯ᠂ ᠳᠡᠭᠡᠳᠦ ᠲᠠᠰ ᠤ᠋ᠨ ᠲᠣᠨᠣᠭ᠍ᠯᠠᠯ ᠦᠶ᠋ᠯᠡᠳᠬᠦ᠌ ᠵᠡᠷᠭᠡ ᠭᠤᠤᠯᠳᠠᠯᠭ᠎ᠠ ᠲᠠᠢ ᠬᠦᠷᠢᠶᠡᠨ ᠤ᠋ ᠬᠡᠷᠡᠭ᠌ᠴᠡᠭᠡ ᠵᠢ ᠬᠠᠩᠭᠠᠵᠤ ᠂ ᠮᠠᠨ ᠤ᠋ ᠤᠯᠤᠰ ᠤ᠋ᠨ 〈 ᠬᠣᠶᠠᠷ ᠬᠣᠪᠣᠷ ᠱᠢᠷᠣᠶ ᠶ᠋ᠢᠨ ᠰᠠᠭᠤᠷᠢᠨ〉 ᠤ᠋ ᠪᠥᠲᠥᠭᠡᠨ ᠪᠠᠢᠭᠤᠯᠤᠯᠲᠠ ᠳ᠋ᠤ ᠪᠠᠲᠤ ᠪᠠᠬᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠤᠯᠭᠠᠭᠤᠷᠢᠯᠠᠯ ᠬᠠᠩᠭᠠᠨ᠎ᠠ》 ᠭᠡᠵᠦ ᠰᠤᠷᠪᠤᠯᠵᠢᠯᠠᠭ᠎ᠠ ᠬᠦᠯᠢᠶᠡᠬᠦ ᠳ᠋ᠡᠭᠡᠨ ᠲᠠᠨᠢᠯᠴᠠᠭᠤᠯᠵᠤ ᠪᠠᠢᠯ᠎ᠠ᠃