— ᠪᠤᠬᠢᠷᠳᠤᠯ ᠦᠭᠡᠢ ᠴᠠᠬᠢᠯᠭᠠᠨ᠎ᠤ ᠠᠷᠠᠯᠵᠢᠶᠠᠨ᠎ᠤ ᠬᠡᠪᠴᠢᠶ᠎ᠡ ᠪᠠᠷ ᠵᠢᠡᠨ ᠪᠥᠬᠥ᠌ ᠤᠯᠤᠰ᠎ᠲᠤ ᠲᠦᠷᠦᠭᠦᠯᠡᠵᠦ ᠪᠠᠢᠭ᠎ᠠ ᠡᠴᠡ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢᠨ ᠠᠵᠤ ᠦᠶ᠋ᠯᠡᠰ᠎ᠢ ᠬᠥᠭ᠌ᠵᠢᠬᠦᠯᠬᠦ ᠡᠭᠦᠷᠭᠡ ᠬᠠᠷᠢᠭᠤᠴᠠᠯᠭ᠎ᠠ ᠶ᠋ᠢ ᠬᠠᠷᠠᠬᠤᠢ
ᠥᠷᠭᠡᠨ ᠠᠭᠤᠳᠠᠮ ᠥᠪᠥᠷ ᠮᠣᠩᠭᠣᠯ᠎ᠤᠨ ᠱᠢᠯᠢ᠎ᠶ᠋ᠢᠨ ᠭᠤᠤᠯ ᠠᠢᠮᠠᠭ᠎ᠤᠨ ᠲᠠᠯ᠎ᠠ ᠨᠤᠲᠤᠭ᠎ᠲᠤ᠂ ᠱᠢᠯᠢ᠎ᠶ᠋ᠢᠨ ᠭᠤᠤᠯ ᠠᠢᠮᠠᠭ ᠡᠴᠡ᠎ᠲᠠᠶ ᠵᠧᠤ᠌ᠳ᠋ᠤ ᠬᠦᠷᠬᠦ ± 800 ᠺᠢᠯᠦᠸᠠᠲ᠎ᠤᠨ ᠣᠨᠴᠠ ᠥᠨᠳᠥᠷ ᠬᠦᠴᠦᠳᠡᠯ ᠲᠣᠭ᠍ᠲᠠᠮᠠᠯ ᠭᠥᠶᠥᠳᠡᠯᠤᠨ ᠢᠨᠵᠧᠨᠧᠷᠢᠩ᠎ᠦᠨ ᠲᠡᠮᠦᠷ ᠰᠤᠪᠤᠷᠭ᠎ᠠ ᠠᠪᠤᠷᠭᠤ ᠬᠥᠮᠦᠨ ᠮᠡᠲᠦ ᠰᠦᠨᠳᠡᠷᠯᠡᠨ᠎ᠡ᠃
ᠡᠨᠡ ᠬᠦ᠌ ᠪᠥᠬᠥ᠌ ᠣᠷᠳᠣᠨ᠎ᠢ 1620 ᠺᠢᠯᠣᠮᠧᠲ᠋ᠷ ᠪᠦᠬᠦᠢ 《ᠴᠠᠬᠢᠯᠭᠠᠨ ᠬᠦᠴᠦᠨ᠎ᠦ ᠲᠩᠷᠢ᠎ᠶ᠋ᠢᠨ ᠵᠠᠮ》 ᠢᠨᠵᠧᠨᠧᠷᠢᠩ᠎ᠨᠢ ᠥᠪᠥᠷ ᠮᠣᠩᠭᠣᠯ᠂ ᠾᠧᠪᠧᠶ᠂ ᠲᠢᠶᠠᠨᠵᠢᠨ᠂ ᠱᠠᠨᠳᠦ᠋ᠩ᠂ ᠵᠢᠶᠠᠩᠰᠦ ᠵᠡᠷᠭᠡ ᠲᠠᠪᠤᠨ ᠭᠠᠵᠠᠷ᠎ᠢᠶᠠᠷ ᠥᠩᠭᠡᠷᠡᠵᠦ᠍᠂ ᠨᠢᠭᠡ ᠡᠳᠦᠷ᠎ᠦᠨ ᠭᠠᠳᠠᠭ᠍ᠰᠢ ᠬᠦᠷᠭᠡᠭ᠌ᠰᠡᠨ ᠴᠠᠬᠢᠯᠭᠠᠨ᠎ᠤ ᠬᠡᠮᠵᠢᠶ᠎ᠡ᠎ᠨᠢ ᠳ᠋ᠦᠩᠱᠢᠭᠤᠷ ᠭᠷᠠᠳᠦ᠋ᠰᠢ ᠳᠠᠪᠠᠵᠠᠶ᠃
《7 ᠰᠠᠷ᠎ᠠ᠎ᠶ᠋ᠢᠨ 19᠎ᠤ᠋ ᠡᠳᠦᠷ ᠪᠣᠯᠲᠠᠯ᠎ᠠ᠂ ᠱᠢᠯᠢ᠎ᠶ᠋ᠢᠨ ᠭᠤᠤᠯ ᠠᠢᠮᠠᠭ᠎ᠡᠴᠡ ᠲᠠᠶ ᠵᠧᠤᠳ᠋ᠤ ᠬᠦᠷᠬᠦ ᠣᠨᠴᠠ ᠥᠨᠳᠥᠷ ᠬᠦᠴᠦᠳᠡᠯ ᠲᠣᠭ᠍ᠲᠠᠮᠠᠯ ᠭᠦᠶᠦᠳᠡᠯ᠎ᠦᠨ ᠢᠨᠵᠧᠨᠧᠷᠢᠩ᠎ᠦᠨ ᠭᠠᠳᠠᠭ᠍ᠰᠢ ᠬᠦᠷᠭᠡᠭ᠌ᠰᠡᠨ ᠴᠠᠬᠢᠯᠭᠠᠨ ᠨᠡᠢᠲᠡ 1935 ᠳ᠋ᠦᠩᠱᠢᠭᠤᠷ ᠭᠷᠠᠳᠦ᠋ᠰᠢ ᠳᠠᠪᠠᠵᠤ᠂ ᠪᠠᠷᠢᠮᠵᠢᠶᠠᠲᠤ ᠨᠡᠭᠦᠷᠡᠰᠦ᠎ᠶ᠋ᠢ 619.2 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ ᠤ᠋ᠨ ᠭᠠᠳᠠᠭᠰᠢᠯᠠᠭᠤᠯᠤᠯᠳᠠ ᠵᠢ1.63 ᠳ᠋ᠦᠩᠱᠢᠭᠤᠷ ᠲᠣᠨ ᠪᠠᠭᠠᠰᠭᠠᠵᠤ᠂ ᠵᠢᠶᠠᠩᠰᠦ᠎ᠶ᠋ᠢᠨ ᠠᠵᠤ ᠠᠬᠤᠶ ᠨᠡᠢᠭᠡᠮ᠎ᠦᠨ ᠦᠷᠭᠦᠯᠵᠢᠯᠡᠨ ᠡᠷᠡᠭᠦᠯ ᠬᠥᠭ᠌ᠵᠢᠬᠦ᠌᠎ᠳᠦ ᠪᠠᠲᠤᠯᠠᠭ᠎ᠠ ᠬᠠᠩᠭᠠᠪᠠ》 ᠭᠡᠵᠦ᠍ ᠤᠯᠤᠰ᠎ᠤᠨ ᠴᠠᠬᠢᠯᠭᠠᠨ ᠲᠤᠤᠷ ᠤ᠋ᠨ ᠥᠪᠥᠷ ᠮᠣᠩᠭᠣᠯ᠎ᠤᠨ ᠬᠡᠲᠦ ᠥᠨᠳᠥᠷ ᠬᠦᠴᠦᠳᠡᠯᠲᠦ ᠴᠠᠬᠢᠯᠭᠠᠨ᠎ᠤ ᠺᠣᠮᠫᠠᠨᠢ᠎ᠶ᠋ᠢᠨ ᠱᠢᠯᠢ᠎ᠶ᠋ᠢᠨ ᠭᠤᠤᠯ ᠠᠢᠮᠠᠭ᠎ᠤᠨ ᠬᠦᠶᠦᠳᠡᠯ ᠰᠣᠯᠢᠬᠤ ᠥᠷᠲᠡᠭᠡ᠎ᠶ᠋ᠢᠨ ᠳᠡᠳ᠋ ᠳᠠᠷᠤᠭ᠎ᠠ ᠯᠢᠦ ᠱᠢᠶᠠᠩ ᠲᠠᠨᠢᠯᠴᠠᠭᠤᠯᠪᠠ᠃
ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ ᠡᠯᠪᠡᠭ ᠪᠠᠶᠠᠯᠢᠭ ᠨᠡᠭᠦᠷᠡᠰᠦ᠂ ᠨᠡᠷᠡᠨ ᠡᠨᠧᠷᠭᠢ᠂ ᠰᠠᠯᠬᠢᠨ ᠡᠨᠧᠷᠭᠢ᠎ᠶ᠋ᠢᠨ ᠡᠬᠢ ᠪᠠᠶᠠᠯᠢᠭ᠎ᠲᠠᠶ᠃ ᠣᠨᠴᠠ ᠳᠠᠪᠠᠭᠤᠯᠢᠭ᠎ᠢᠶᠠᠨ ᠠᠱᠢᠭ᠍ᠯᠠᠨ᠂ ᠥᠪᠥᠷ ᠮᠣᠩᠭᠣᠯ ᠠᠯᠬᠤᠮ ᠠᠯᠬᠤᠮ᠎ᠢᠶᠠᠷ 《ᠪᠠᠲᠤᠯᠠᠭ᠎ᠠ᠎ᠶ᠋ᠢᠨ ᠴᠢᠨᠠᠷ ᠪᠠ ᠵᠠᠬ᠎ᠠ ᠳᠡᠯᠭᠡᠭᠦᠷᠵᠢᠯᠳᠡᠶ᠋ᠢ ᠵᠡᠷᠭᠡ᠎ᠪᠡᠷ ᠴᠢᠬᠤᠯᠠᠴᠢᠯᠠᠬᠤ᠂ ᠲᠣᠮᠣ ᠰᠠᠭᠤᠷᠢᠨ ᠪᠠ ᠲᠠᠷᠠᠬᠠᠶ ᠮᠠᠶᠢᠭ᠎ᠤᠨ ᠬᠠᠮᠲᠤ ᠣᠷᠣᠱᠢᠬᠤ᠂ ᠲᠣᠰ ᠭᠠᠵᠠᠷ᠎ᠲᠠᠭᠠᠨ ᠱᠢᠩᠭᠡᠭᠡᠬᠦ᠌ ᠪᠠ ᠴᠠᠬᠢᠯᠭᠠᠨ ᠬᠦᠴᠦᠨ᠎ᠢ ᠭᠠᠳᠠᠭ᠍ᠰᠢ ᠬᠦᠷᠭᠡᠬᠦ᠌᠎ᠶ᠋ᠢ ᠬᠠᠮᠵᠢᠯᠴᠠᠭᠤᠯᠬᠤ》 ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠵᠠᠭ᠍ᠪᠤᠷ᠎ᠢ ᠰᠦᠪᠡᠭ᠌ᠴᠢᠯᠡᠨ ᠭᠠᠷᠭᠠᠪᠠ᠃
ᠨᠢᠳᠤᠨᠤᠨ᠂ ᠥᠪᠥᠷ ᠮᠣᠩᠭᠣᠯ᠎ᠤᠨ ᠦᠶ᠋ᠯᠡᠳᠪᠦᠷᠢᠯᠡᠭ᠌ᠰᠡᠨ ᠪᠤᠬᠢᠷᠳᠤᠯ ᠦᠭᠡᠢ ᠴᠠᠬᠢᠯᠭᠠᠨ 2000 ᠳ᠋ᠦᠩᠱᠢᠭᠤᠷ ᠭᠷᠠᠳᠦ᠋ᠰᠢ ᠳᠠᠪᠠᠭ᠍ᠰᠠᠨ ᠪᠥᠭᠡᠳ ᠪᠥᠬᠥ᠌ ᠤᠯᠤᠰ᠎ᠲᠤ ᠡᠩ ᠲᠡᠷᠢᠬᠦᠨ ᠳ᠋ᠤ ᠮᠤᠵᠢ ᠠᠯᠤᠰᠯᠠᠭ᠍ᠰᠠᠨ ᠣᠨᠴᠠ ᠥᠨᠳᠥᠷ ᠬᠦᠴᠦᠳᠡᠯᠲᠦ ᠪᠤᠬᠢᠷᠳᠤᠯ ᠦᠭᠡᠢ ᠴᠠᠬᠢᠯᠭᠠᠨ᠎ᠤ ᠠᠷᠠᠯᠵᠢᠶ᠎ᠠ᠎ᠶ᠋ᠢ ᠥᠷᠨᠢᠭᠦᠯᠵᠦ᠍᠂ 5 ᠮᠤᠵᠢ ᠣᠷᠣᠨ᠎ᠲᠠᠶ ᠪᠤᠬᠢᠷᠳᠤᠯ ᠦᠭᠡᠢ ᠴᠠᠬᠢᠯᠭᠠᠨ᠎ᠢ ᠭᠠᠳᠠᠭ᠍ᠰᠢ ᠬᠦᠷᠭᠡᠬᠦ᠌ ᠠᠷᠠᠯᠵᠢᠶᠠᠨ᠎ᠤ ᠬᠠᠮᠲᠤᠷᠠᠯᠴᠠᠭ᠎ᠠ ᠪᠠᠢᠭᠤᠯᠵᠤ᠂ ᠠᠷᠠᠯᠵᠢᠶᠠᠨ᠎ᠤ ᠬᠡᠪᠴᠢᠶ᠎ᠡ 762 ᠳ᠋ᠦᠩᠱᠢᠭᠤᠷ ᠭᠷᠠᠳᠦ᠋ᠰ᠎ᠲᠦ ᠬᠦᠷᠴᠦ᠍᠂ ᠪᠥᠬᠥ᠌ ᠤᠯᠤᠰ᠎ᠲᠤ ᠲᠦᠷᠦᠭᠦᠯᠡᠪᠡ᠃ ᠵᠥᠪᠬᠡᠨ ᠡᠨᠡ ᠬᠦ᠌ ᠠᠷᠠᠯᠵᠢᠶ᠎ᠠ᠎ᠨᠢ ᠪᠠᠷᠢᠮᠵᠢᠶ᠎ᠠ ᠨᠡᠭᠦᠷᠡᠰᠦ᠎ᠶ᠋ᠢ 243.84 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ ᠤ᠋ᠨ ᠭᠠᠳᠠᠭᠰᠢᠯᠠᠭᠤᠯᠤᠯᠳᠠ ᠵᠢ 0.76 ᠳ᠋ᠦᠩᠱᠢᠭᠤᠷ ᠲᠣᠨ ᠪᠠᠭᠠᠰᠭᠠᠪᠠ᠃
ᠴᠤᠴᠠᠯᠲᠠ ᠦᠭᠡᠢ ᠤᠷᠤᠭ᠍ᠰᠢᠯᠠᠬᠰᠠᠨ ᠵᠢᠡᠷ ᠭᠠᠢᠬᠠᠮᠱᠢᠭ ᠲᠠᠬᠢᠨ ᠢᠯᠡᠷᠡᠪᠠ᠃
2 ᠰᠠᠷ᠎ᠠ᠎ᠶ᠋ᠢᠨ 20 ᠤ᠋ ᠡᠳᠦᠷ ᠪᠣᠯᠲᠠᠯ᠎ᠠ᠂ 3.5 ᠳ᠋ᠦᠩᠱᠢᠭᠤᠷ ᠭᠷᠠᠳᠦ᠋ᠰ᠎ᠦᠨ ᠥᠪᠥᠷ ᠮᠣᠩᠭᠣᠯ᠎ᠡᠴᠡ ᠪᠡᠭᠡᠵᠢᠩ᠎ᠳᠦ ᠬᠦᠷᠭᠡᠭ᠌ᠰᠡᠨ ᠡᠨᠡ ᠵᠢᠯ᠎ᠦᠨ ᠳᠣᠲᠣᠷᠠᠬᠢ ᠬᠠᠮᠤᠭ᠎ᠤᠨ ᠶᠡᠬᠡ ᠨᠢᠭᠡ ᠬᠤᠪᠢ ᠪᠤᠬᠢᠷᠳᠤᠯ ᠦᠭᠡᠢ ᠴᠠᠬᠢᠯᠭᠠᠨ᠎ᠤ ᠠᠷᠠᠯᠵᠢᠶ᠎ᠠ ᠪᠦᠳᠦᠬᠦ᠎ᠶᠢ ᠳᠠᠭᠠᠯᠳᠤᠨ᠂ 2025 ᠣᠨ᠎ᠳᠤ ᠥᠪᠥᠷ ᠮᠣᠩᠭᠣᠯ᠎ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠲᠤᠤᠷ᠎ᠢᠶᠠᠷ ᠳᠠᠮᠵᠢᠭᠤᠯᠤᠨ ᠪᠡᠭᠡᠵᠢᠩ᠎ᠳᠦ ᠬᠦᠷᠭᠡᠭ᠌ᠰᠡᠨ ᠪᠤᠬᠢᠷᠳᠤᠯ ᠦᠭᠡᠢ ᠴᠠᠬᠢᠯᠭᠠᠨ ᠨᠢᠭᠡᠨᠲᠡ 10 ᠳ᠋ᠦᠩᠱᠢᠭᠤᠷ ᠭᠷᠠᠳᠦ᠋ᠰᠢ ᠳᠠᠪᠠᠵᠤ᠂ 2024 ᠣᠨ᠎ᠤ ᠪᠥᠬᠥ᠌ ᠵᠢᠯ᠎ᠦᠨ ᠠᠷᠠᠯᠵᠢᠶᠠᠯᠠᠭ᠍ᠰᠠᠨ ᠴᠠᠬᠢᠯᠭᠠᠨ᠎ᠤ ᠬᠡᠮᠵᠢᠶ᠎ᠡ᠎ᠶ᠋ᠢᠨ 2 ᠳᠠᠬᠢᠨ ᠪᠣᠯᠵᠣ᠂ 30 ᠲᠦᠮᠡᠨ ᠡᠷᠦᠬᠡ᠎ᠶ᠋ᠢᠨ ᠨᠢᠭᠡ ᠵᠢᠯ᠎ᠦᠨ ᠬᠡᠷᠡᠭᠯᠡᠬᠦ ᠴᠠᠬᠢᠯᠭᠠᠨ᠎ᠦ ᠬᠡᠮᠵᠢᠶ᠎ᠡ᠎ᠲᠡᠶ ᠲᠡᠩᠴᠡᠪᠡ᠃
ᠪᠤᠬᠢᠷᠳᠤᠯ ᠦᠭᠡᠢ ᠴᠠᠬᠢᠯᠭᠠᠨ᠎ᠤ ᠠᠷᠠᠯᠵᠢᠶᠠᠨ᠎ᠤ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠥᠪᠥᠷ ᠮᠣᠩᠭᠣᠯ ᠴᠠᠭ ᠪᠠ ᠤᠷᠬᠢᠯ ᠬᠤᠭᠤᠴᠠᠭ᠎ᠠ᠎ᠶᠢ ᠵᠥᠷᠢᠭᠦᠯᠦᠨ ᠦᠯᠡᠳᠡᠪᠦᠷᠢ ᠴᠠᠬᠢᠯᠭᠠᠨ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠭᠠᠷᠭᠠᠵᠤ᠂ 《ᠴᠠᠭ᠎ᠢᠶᠠᠷ ᠣᠷᠣᠨ ᠵᠠᠶ ᠰᠣᠯᠢᠬᠤ》 ᠱᠢᠨ᠎ᠡ ᠡᠨᠧᠷᠭᠢ᠎ᠶ᠋ᠢ ᠠᠮᠢᠳᠤᠯᠢᠭ ᠱᠢᠩᠭᠡᠭᠡᠨ ᠠᠪᠬᠤ ᠠᠷᠭ᠎ᠠ ᠵᠠᠮ᠎ᠢ ᠬᠠᠢᠨ ᠰᠦᠪᠡᠭ᠌ᠴᠢᠯᠡᠪᠡ᠃ ᠡᠭᠦᠨ᠎ᠦ ᠬᠠᠮᠲᠤ᠂ ᠱᠢᠨ᠎ᠡ ᠡᠨᠧᠷᠭᠢ᠎ᠪᠡᠷ ᠴᠠᠬᠢᠯᠭᠠᠨ ᠭᠠᠷᠭᠠᠬᠤ ᠲᠣᠭ᠍ᠲᠠᠪᠤᠷᠢᠳᠤ ᠪᠤᠰᠤ ᠴᠢᠨᠠᠷ᠎ᠢ ᠪᠣᠳᠣᠯᠬᠢᠯᠠᠵᠤ᠂ ᠪᠡᠭᠡᠵᠢᠩ ᠥᠪᠥᠷ ᠮᠣᠩᠭᠣᠯ᠎ᠤᠨ ᠬᠣᠶᠠᠷ ᠭᠠᠵᠠᠷ᠎ᠤᠨ ᠴᠠᠬᠢᠯᠭᠠᠨ ᠬᠦᠴᠦᠨ᠎ᠦ ᠰᠠᠯᠠᠭ᠎ᠠ ᠮᠥᠴᠢᠷ ᠪᠤᠬᠢᠷᠳᠤᠯ ᠦᠭᠡᠢ ᠴᠠᠬᠢᠯᠭᠠᠨ᠎ᠢ ᠪᠡᠭᠡᠵᠢᠩ᠎ᠳᠦ ᠣᠷᠣᠭᠤᠯᠵᠤ ᠠᠷᠠᠯᠵᠢᠶᠠᠯᠠᠬᠤ ᠦᠶᠡᠯᠡᠯ᠎ᠢᠶᠡᠨ ᠲᠠᠰᠤᠷᠠᠯᠲᠠ ᠥᠬᠡᠶ ᠪᠣᠭᠣᠨᠢᠰᠭᠠᠵᠤ᠂ ᠥᠩᠭᠡᠷᠡᠭ᠌ᠰᠡᠨ᠎ᠳᠦ ᠵᠢᠯ ᠪᠦᠷᠢ 3᠎ᠡᠴᠡ 4 ᠤᠳᠠᠭ᠎ᠠ ᠪᠠᠢᠭ᠍ᠰᠠᠨ᠎ᠡᠴᠡ ᠰᠠᠷ᠎ᠠ ᠪᠦᠷᠢ 2 ᠡᠴᠡ 3 ᠤᠳᠠᠭ᠎ᠠ ᠪᠣᠯᠭᠠᠨ ᠳᠡᠭᠡᠭ᠌ᠰᠢᠯᠡᠭᠦᠯᠵᠦ᠍᠂ ᠥᠨᠳᠥᠷ ᠳᠠᠪᠲᠠᠮᠵᠢᠲᠤ᠂ ᠪᠠᠢᠩᠭᠤᠵᠢᠭᠰᠠᠨ ᠵᠠᠬ᠎ᠠ ᠳᠡᠯᠭᠡᠭᠦᠷ ᠨᠡᠭᠡᠭᠡᠵᠦ᠍ ᠠᠷᠠᠯᠵᠢᠶᠠᠯᠠᠬᠤ ᠪᠠ ᠴᠠᠬᠢᠯᠭᠠᠨ ᠬᠦᠷᠭᠡᠬᠦ᠌᠎ᠶ᠋ᠢ ᠪᠡᠶᠡᠯᠡᠭᠦᠯᠪᠡ᠃
ᠮᠢᠩᠭᠠᠨ ᠣᠨ᠎ᠤ ᠶᠡᠬᠡ ᠦᠢᠯᠡᠰ᠎ᠢ ᠪᠦᠳᠦᠭᠡᠬᠦ᠎ᠳᠤ᠂ ᠭᠣᠣᠯ ᠨᠢ ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠬᠦᠢᠴᠡᠳᠭᠡᠵᠦ᠂ ᠨᠢᠭᠡ ᠨᠢᠭᠡ ᠠᠯᠬᠤᠮ᠎ᠢᠶᠠᠷ ᠲᠠᠷᠠᠭᠠᠯᠠᠵᠤ ᠬᠢᠬᠦ᠌ᠬᠡᠷᠡᠭᠳᠡᠢ᠃
2014 ᠣᠨ᠎ᠡᠴᠡ ᠡᠬᠢᠯᠡᠨ ᠥᠪᠥᠷ ᠮᠣᠩᠭᠣᠯ ᠨᠢᠭᠡᠳᠦᠭᠡᠷ ᠵᠤᠷᠪᠤᠰ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠴᠦᠨ᠎ᠢ ᠭᠠᠳᠠᠭ᠍ᠰᠢ ᠬᠦᠷᠭᠡᠬᠦ᠌ ᠵᠠᠮ᠎ᠢ ᠠᠵᠢᠯ ᠡᠬᠢᠯᠡᠭᠦᠯᠦᠨ ᠪᠥᠲᠥᠭᠡᠨ ᠪᠠᠢᠭᠤᠯᠵᠤ᠂ 2024 ᠣᠨ ᠪᠣᠯᠬᠤ᠎ᠳᠤ ᠪᠥᠬᠥ᠌ ᠣᠷᠣᠨ᠎ᠤ 8 ᠳ᠋ᠤᠭᠠᠷ ᠵᠤᠷᠪᠤᠰ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠴᠦᠨ᠎ᠢ ᠭᠠᠳᠠᠭ᠍ᠰᠢ ᠬᠦᠷᠭᠡᠬᠦ᠌ ᠵᠠᠮ᠎ᠢ ᠠᠱᠢᠭ᠍ᠯᠠᠯᠲᠠ᠎ᠳᠤ ᠣᠷᠣᠭᠤᠯᠪᠠ᠂ 10 ᠵᠢᠯ᠎ᠦᠨ ᠬᠤᠭᠤᠴᠠᠭᠠᠨ᠎ᠳᠤ᠂ ᠥᠪᠥᠷ ᠮᠣᠩᠭᠣᠯ ᠨᠢᠭᠡᠨᠲᠡ ᠱᠠᠨᠳᠦ᠋ᠩ᠂ ᠲᠢᠶᠠᠨᠵᠢᠨ᠂ ᠱᠠᠨ ᠰᠢ ᠵᠡᠷᠭᠡ ᠭᠠᠵᠠᠷ᠎ᠲᠤ ᠬᠠᠨᠳᠤᠭᠤᠯᠤᠭ᠍ᠰᠠᠨ 《ᠲᠠᠪᠤᠨ ᠬᠤᠪᠢᠰᠤᠮᠠᠯ ᠭᠤᠷᠪᠠᠨ ᠲᠤᠭᠳᠠᠮᠠᠯ》 8 ᠵᠤᠷᠪᠤᠰ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ᠌ ᠵᠠᠮ ᠵᠢᠴᠢ ᠢᠵᠢ ᠪᠥᠷᠢᠳᠦᠭ᠌ᠰᠡᠨ ᠴᠠᠬᠢᠯᠭᠠᠨ ᠲᠤᠤᠷ᠎ᠤᠨ ᠢᠨᠵᠧᠨᠧᠷᠢᠩ᠎ᠢ ᠪᠠᠢᠭᠤᠯᠵᠤ᠂ ᠡᠮᠦᠨ᠎ᠡ ᠤᠮᠠᠷ᠎ᠠ᠎ᠶ᠋ᠢ ᠬᠣᠯᠪᠣᠭ᠍ᠰᠠᠨ ᠥᠪᠥᠷ ᠮᠣᠩᠭᠣᠯ᠎ᠤᠨ ᠴᠠᠬᠢᠯᠭᠠᠨ᠎ᠢ ᠭᠠᠳᠠᠭ᠍ᠰᠢ ᠬᠦᠷᠭᠡᠬᠦ᠌ ᠲᠣᠮᠣ ᠨᠡᠪᠲᠡᠷᠡᠬᠦ ᠵᠠᠮ᠎ᠢ ᠪᠣᠶ ᠪᠣᠯᠭᠠᠪᠠ᠃
《ᠥᠪᠥᠷ ᠮᠣᠩᠭᠣᠯ᠎ᠤᠨ ᠶᠡᠬᠡ ᠬᠡᠮᠵᠢᠶᠡᠨ᠎ᠦ ᠴᠡᠪᠡᠷ ᠴᠠᠬᠢᠯᠭᠠᠨ ᠬᠦᠴᠦᠨ᠎ᠢ ᠣᠷᠣᠨ᠎ᠤ ᠭᠠᠳᠠᠨᠠᠬᠢ ᠲᠠᠭᠠᠭᠠᠴᠠ ᠶᠡᠬᠡ ᠲᠥᠪ᠎ᠲᠦ ᠬᠦᠷᠭᠡᠬᠦ᠌ ᠨᠢ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠳᠦ ᠠᠱᠢᠭ᠍ᠲᠠᠢᠪᠠᠢᠬᠤ ᠪᠠᠷ ᠪᠠᠷᠠᠬᠤ ᠦᠭᠡᠢ᠂ ᠪᠠᠰᠠ ᠤᠯᠤᠰ᠎ᠤᠨ 〈 ᠪᠠᠷᠠᠭᠤᠨ ᠣᠷᠣᠨ᠎ᠤ ᠴᠠᠬᠢᠯᠭᠠᠨ᠎ᠢ ᠵᠡᠭᠦᠨᠰᠢ ᠬᠦᠷᠭᠡᠬᠦ᠌᠂ ᠤᠮᠠᠷᠠᠲᠤ ᠣᠷᠣᠨ᠎ᠤ ᠴᠠᠬᠢᠯᠭᠠᠨ᠎ᠢ ᠡᠮᠦᠨᠡᠰᠢ ᠬᠦᠷᠭᠡᠬᠦ᠌〉 ᠡᠨᠧᠷᠭᠢ ᠴᠠᠬᠢᠯᠭᠠᠨ ᠬᠦᠴᠦᠨ᠎ᠦ ᠶᠡᠷᠦᠩᠬᠡᠢ ᠤᠷᠤᠰᠭᠠᠯ᠎ᠤᠨ ᠴᠢᠭ᠌ᠯᠡᠯ᠎ᠲᠡᠶ ᠨᠡᠢᠴᠡᠵᠦ᠍᠂ ᠥᠪᠥᠷ ᠮᠣᠩᠭᠣᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ ᠪᠣᠯᠤᠨ᠎ᠠ》᠃ ᠤᠯᠤᠰ᠎ᠤᠨ ᠴᠠᠬᠢᠯᠭᠠᠨ ᠲᠣᠣᠷ᠎ᠤᠨ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠬᠦᠴᠦᠨ᠎ᠦ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ᠂ ᠨᠠᠮ᠎ᠤᠨ ᠬᠣᠷᠢᠶ᠎ᠠ ᠵᠢᠨ ᠱᠦᠵᠢ ᠮᠤᠤ ᠭᠤᠸᠠᠩ ᠬᠤᠢ᠎ᠶ᠋ᠢᠨ ᠲᠠᠨᠢᠯᠴᠠᠭᠤᠯᠤᠭ᠍ᠰᠠᠨ᠎ᠢᠶᠠᠷ᠂ ᠡᠨᠡ ᠵᠢᠯ ᠥᠪᠥᠷ ᠮᠣᠩᠭᠣᠯ᠎ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠲᠣᠣᠷ᠎ᠤᠨ ᠭᠠᠳᠠᠭ᠍ᠰᠢ ᠬᠦᠷᠭᠡᠭ᠌ᠰᠡᠨ ᠴᠠᠬᠢᠯᠭᠠᠨ᠎ᠤ ᠬᠡᠮᠵᠢᠶ᠎ᠡ ᠨᠢᠭᠡᠨᠲᠡ 850 ᠳ᠋ᠦᠩᠱᠢᠭᠤᠷ ᠭᠷᠠᠳᠦ᠋ᠰᠢ ᠳᠠᠪᠠᠵᠤ᠂ ᠳᠡᠭᠡᠷ᠎ᠡ ᠵᠢᠯ᠎ᠦᠨ ᠠᠳᠠᠯᠢ ᠬᠤᠭᠤᠴᠠᠭᠠᠨ᠎ᠤ ᠬᠢ᠎ᠡᠴᠡ ᠬᠤᠯᠠ ᠳᠠᠪᠠᠵᠠᠢ ᠭᠡᠪᠡ᠃
ᠪᠤᠬᠢᠷᠳᠤᠯ ᠦᠭᠡᠢ ᠴᠠᠬᠢᠯᠭᠠᠨ ᠵᠢᠡᠷ ᠳᠤᠮᠳᠠᠳᠤ ᠤᠯᠤᠰ᠎ᠢ ᠭᠡᠷᠡᠯᠲᠦᠭᠦᠯᠬᠦ᠌ ᠵᠠᠮ ᠳᠡᠭᠡᠷ᠎ᠡ᠂ ᠥᠪᠥᠷ ᠮᠣᠩᠭᠣᠯ᠎ᠤᠨ ᠪᠤᠬᠢᠷᠳᠤᠯ ᠦᠭᠡᠢ ᠡᠨᠧᠷᠭᠢ ᠵᠢᠨ ᠬᠠᠩᠭᠠᠯᠭ᠎ᠠ ᠬᠦᠮᠦᠰ᠎ᠢ ᠭᠠᠢᠬᠠᠰᠢᠷᠠᠭᠤᠯᠤᠨᠠᠮ᠃
ᠤᠯᠠᠨ ᠵᠤᠷᠪᠤᠰ 《ᠴᠠᠬᠢᠯᠭᠠᠨ ᠬᠦᠴᠦᠨ᠎ᠦ ᠲᠩᠷᠢ᠎ᠶ᠋ᠢᠨ ᠵᠠᠮ》 ᠢ᠋ ᠪᠦᠲᠦᠭᠡᠨ ᠪᠠᠢᠭᠤᠯᠬᠤ᠎ᠶ᠋ᠢᠨ ᠬᠠᠮᠲᠤ ᠥᠪᠥᠷ ᠮᠣᠩᠭᠣᠯ ᠡᠭᠦᠷᠭᠡ ᠬᠠᠷᠢᠭᠤᠴᠠᠯᠭ᠎ᠠ᠎ᠪᠠᠨ ᠭᠤᠲᠤᠭᠠᠭ᠍ᠰᠠᠨ ᠦᠭᠡᠢ᠃ ᠣᠲᠣ ᠪᠣᠯᠲᠠᠯ᠎ᠠ᠂ ᠥᠪᠥᠷ ᠮᠣᠩᠭᠣᠯ᠎ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠲᠤᠤᠷ᠎ᠤᠨ ᠭᠠᠳᠠᠭ᠍ᠰᠢ ᠬᠦᠷᠭᠡᠬᠦ᠌ ᠴᠠᠬᠢᠯᠭᠠᠨ᠎ᠤ ᠬᠡᠮᠵᠢᠶ᠎ᠡ ᠨᠢᠭᠡᠨᠲᠡ 7 ᠵᠢᠯ ᠳᠠᠷᠠᠭᠠᠯᠠᠨ ᠨᠡᠮᠡᠭ᠌ᠳᠡᠬᠦ᠌᠎ᠶ᠋ᠢ ᠪᠠᠲᠤᠯᠠᠵᠤ᠂ ᠵᠦᠪᠭᠡᠨ2024 ᠣᠨ᠎ᠳᠤ 1706 ᠳ᠋ᠦᠩᠱᠢᠭᠤᠷ ᠭᠷᠠᠳᠦ᠋ᠰ᠎ᠲᠦ ᠬᠦᠷᠴᠡᠶ᠂ ᠡᠭᠦᠨ᠎ᠳᠦ ᠪᠣᠬᠢᠷᠲᠤᠯ ᠥᠬᠡᠶ ᠴᠠᠬᠢᠯᠭᠠᠨ ᠬᠦᠷᠭᠡᠬᠦ᠌ ᠬᠡᠮᠵᠢᠶ᠎ᠡ ᠦᠷᠭᠦᠯᠵᠢᠯᠡᠨ ᠨᠡᠮᠡᠭ᠌ᠳᠡᠵᠦ᠍᠂ ᠵᠡᠭᠦᠨ ᠬᠣᠢᠲᠤ ᠣᠷᠣᠨ᠂ ᠤᠮᠠᠷᠠᠲᠤ ᠣᠷᠣᠨ᠂ ᠳᠣᠷᠣᠨᠠᠲᠤ ᠣᠷᠣᠨ᠎ᠤ ᠴᠠᠬᠢᠯᠭᠠᠨ ᠲᠤᠤᠷ᠎ᠤᠨ ᠠᠮᠤᠷ ᠲᠦᠪᠱᠢᠨ ᠠᠵᠢᠯᠯᠠᠭ᠎ᠠ᠎ᠨᠢ ᠪᠠᠲᠤᠯᠠᠬᠤ ᠪᠠ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠲᠤᠢᠯ᠎ᠤᠨ ᠴᠢᠬᠤᠯᠠ ᠦᠢᠯᠡᠳᠦᠯ ᠦᠵᠡᠭᠦᠯᠪᠡ᠃ ᠣᠳᠣᠬᠠᠨ ᠪᠣᠯᠲᠠᠯ᠎ᠠ᠂ ᠥᠪᠥᠷ ᠮᠣᠩᠭᠣᠯ᠎ᠤᠨ ᠣᠨᠴᠠ ᠥᠨᠳᠥᠷ ᠬᠦᠴᠦᠳᠡᠯᠲᠦ ᠴᠠᠬᠢᠯᠭᠠᠨ᠎ᠲᠤᠤᠷ᠎ᠤᠨ ᠭᠠᠳᠠᠭ᠍ᠰᠢ ᠬᠦᠷᠭᠡᠭ᠌ᠰᠡᠨ ᠴᠠᠬᠢᠯᠭᠠᠨ᠎ᠤ ᠬᠡᠮᠵᠢᠶ᠎ᠡ ᠨᠡᠢᠲᠡ 7400 ᠳ᠋ᠦᠩᠱᠢᠭᠤᠷ ᠭᠷᠠᠳᠦ᠋ᠰᠢ ᠳᠠᠪᠠᠵᠤ᠂ 2.7 ᠳ᠋ᠦᠩᠱᠢᠭᠤᠷ ᠬᠡᠷ ᠪᠦᠯᠢ᠎ᠶ᠋ᠢᠨ 1 ᠵᠢᠯ᠎ᠦᠨ ᠬᠡᠷᠡᠭᠯᠡᠬᠦ ᠴᠠᠬᠢᠯᠭᠠᠨ᠎ᠦ ᠬᠡᠮᠵᠢᠶ᠎ᠡ᠎ᠲᠡᠶ ᠲᠡᠩᠴᠡᠵᠦ᠍᠂ 2.4 ᠳ᠋ᠦᠩᠱᠢᠭᠤᠷ ᠲᠣᠨ ᠪᠠᠷᠢᠮᠵᠢᠶᠠᠲᠤ ᠨᠡᠭᠦᠷᠡᠰᠦ᠎ᠶ᠋ᠢ ᠲᠤᠬᠠᠶ᠎ᠶ᠋ᠢᠨ ᠭᠠᠵᠠᠷ᠎ᠲᠤᠨᠢ ᠤᠨᠳᠤᠤᠱᠢᠭᠤᠯᠵᠤ᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠤ᠋ᠨ ᠭᠠᠳᠠᠭᠰᠢᠯᠠᠭᠤᠯᠤᠯᠳᠠ ᠵᠢ ᠪᠠᠷᠤᠭ 7 ᠳ᠋ᠦᠩᠱᠢᠭᠤᠷ ᠲᠣᠨ ᠪᠠᠭᠠᠰᠭᠠᠵᠤ᠂ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠦᠷ᠎ᠡ ᠠᠱᠢᠭ ᠪᠠ ᠨᠡᠢᠭᠡᠮ᠎ᠦᠨ ᠦᠷ᠎ᠡ ᠠᠱᠢᠭ ᠢᠯᠡᠳᠲᠡ ᠪᠠᠢᠨ᠎ᠠ᠃
ᠡᠭᠦᠷᠭᠡ ᠬᠠᠷᠢᠭᠤᠴᠠᠯᠭ᠎ᠠ ᠡᠭᠦᠷᠭᠡᠯᠡᠬᠦ᠌᠎ᠳᠦ ᠤᠯᠤᠰ ᠪᠣᠯᠤᠨ ᠵᠠᠬ᠎ᠠ ᠳᠡᠯᠭᠡᠭᠦᠷ᠎ᠦᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠦᠭᠡᠳᠡ ᠦᠭᠡᠳᠡ ᠡᠴᠡ ᠪᠠᠨ ᠲᠡᠮᠡᠤᠯᠬᠦ ᠡᠴᠡ ᠰᠠᠯᠵᠤ ᠴᠢᠳᠠᠬᠤ ᠦᠭᠡᠢ ᠶᠤᠮ᠃
《ᠤᠯᠤᠰ᠎ᠤᠨ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠲᠥᠯᠥᠪᠵᠢᠭᠦᠯᠭᠡ᠎ᠳᠦ ᠥᠪᠥᠷ ᠮᠣᠩᠭᠣᠯ᠎ᠳᠤ ᠬᠥᠪᠴᠢ᠎ᠡᠴᠡ ᠱᠠᠩᠬᠠᠶ ᠬᠥᠷᠬᠥ᠌᠂ ᠲᠩᠷᠢ᠎ᠡᠴᠡ ᠵᠢᠶᠠᠩᠰᠢ ᠬᠥᠷᠬᠥ᠌ ᠵᠡᠷᠭᠡ ᠣᠨᠴᠠ ᠥᠨᠳᠥᠷ ᠬᠦᠴᠦᠳᠡᠯᠲᠦ ᠴᠠᠬᠢᠯᠭᠠᠨ᠎ᠤ ᠢᠨᠵᠧᠨᠧᠷᠢᠩ᠎ᠢ ᠬᠡᠷᠡᠭ᠌ᠵᠢᠭᠦᠯᠬᠦ᠌᠎ᠶ᠋ᠢ ᠨᠢᠭᠡᠨᠲᠡ ᠲᠣᠳᠣᠷᠬᠠᠢᠯᠠᠪᠠ᠂ ᠪᠢᠳᠡ ᠥᠪᠥᠷ ᠮᠣᠩᠭᠣᠯ᠎ᠤᠨ ᠪᠠᠷᠠᠭᠤᠨ ᠪᠡᠶ᠎ᠠ᠎ᠡᠴᠡ ᠪᠡᠭᠡᠵᠢᠩ ᠲᠢᠶᠠᠨᠵᠢᠨ ᠾᠧᠪᠧᠶ ᠬᠥᠷᠬᠥ᠌᠂ ᠳᠠᠯᠠᠳ᠎ᠡᠴᠡ ᠥᠪᠥᠷ ᠮᠣᠩᠭᠣᠯ᠎ᠤᠨ ᠪᠠᠷᠠᠭᠤᠨ ᠪᠡᠶ᠎ᠠ ᠬᠥᠷᠬᠥ᠌ ᠵᠡᠷᠭᠡ ᠣᠨᠴᠠ ᠥᠨᠳᠥᠷ ᠬᠦᠴᠦᠳᠡᠯᠲᠦ ᠴᠠᠬᠢᠯᠭᠠᠨ᠎ᠤ ᠢᠨᠵᠧᠨᠧᠷᠢᠩ᠎ᠢ ᠲᠦᠷᠭᠡᠳᠭᠡᠨ ᠡᠬᠢᠯᠡᠭᠦᠯᠵᠦ᠍᠂ ᠥᠪᠥᠷ ᠮᠣᠩᠭᠣᠯ᠎ᠤᠨ ᠵᠡᠭᠦᠨ ᠪᠡᠶ᠎ᠠ ᠵᠢᠨ ᠴᠠᠬᠢᠯᠭᠠᠨ ᠲᠤᠤᠷ᠎ᠤᠨ ᠪᠦᠬᠦᠯᠢ ᠴᠣᠭ᠍ᠴᠠ᠎ᠪᠠᠷ ᠭᠠᠳᠠᠭ᠍ᠰᠢ ᠬᠦᠷᠭᠡᠬᠦ᠌ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠥᠪᠥᠷ ᠮᠣᠩᠭᠣᠯ᠎ᠤᠨ ᠪᠦᠬᠦᠯᠢ ᠴᠣᠭ᠍ᠴᠠ᠎ᠪᠠᠷ ᠭᠠᠳᠠᠭ᠍ᠰᠢ ᠴᠠᠬᠢᠯᠭᠠᠨ ᠬᠦᠷᠭᠡᠬᠦ᠌ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ》 ᠭᠡᠵᠦ᠍ ᠮᠤᠤ ᠭᠤᠸᠠᠩ ᠬᠤᠢ ᠬᠡᠯᠡᠪᠡ᠃
2025 ᠣᠨ᠎ᠤ 4 ᠰᠠᠷ᠎ᠠ᠎ᠶ᠋ᠢᠨ 9 ᠤ᠋ ᠡᠳᠦᠷ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠠᠷᠠᠯᠵᠢᠶᠠᠨ᠎ᠤ ᠺᠣᠮᠫᠠᠨᠢ ᠲᠣᠰ ᠡᠳᠦᠷ᠎ᠦᠨ ᠪᠤᠬᠢᠷᠳᠤᠯ ᠦᠭᠡᠢ ᠴᠠᠬᠢᠯᠭᠠᠨ᠎ᠤ ᠠᠷᠠᠯᠵᠢᠶᠠᠨ᠎ᠤ ᠬᠡᠮᠵᠢᠶ᠎ᠡ᠎ᠪᠡᠨ 1.94 ᠳ᠋ᠦᠩᠱᠢᠭᠤᠷ ᠺᠢᠯᠦᠸᠠᠲ ᠴᠠᠭ ᠪᠡᠶᠡᠯᠡᠭᠦᠯᠵᠦ᠍᠂ 470 ᠱᠢᠨ᠎ᠡ ᠡᠨᠧᠷᠭᠢ᠎ᠶ᠋ᠢᠨ ᠲᠠᠯᠠᠪᠤᠷ ᠥᠷᠲᠡᠭᠡ ᠪᠠ 256 ᠬᠡᠷᠡᠭ᠌ᠯᠡᠭ᠌ᠴᠢ ᠥᠪᠡᠰᠦᠪᠡᠨ ᠠᠷᠠᠯᠵᠢᠶ᠎ᠠ᠎ᠳᠤ ᠣᠷᠣᠯᠴᠠᠪᠠ᠃
2024 ᠣᠨ᠎ᠤ 3 ᠰᠠᠷ᠎ᠠ᠎ᠶ᠋ᠢᠨ 18 ᠤ᠋ ᠡᠳᠦᠷ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠣᠯᠠᠨ ᠲᠠᠯᠠᠲᠤ ᠠᠷᠠᠯᠵᠢᠶᠠᠨ᠎ᠤ ᠵᠠᠬ᠎ᠠ ᠳᠡᠯᠭᠡᠭᠦᠷ ᠠᠩᠬ᠎ᠠ ᠤᠳᠠᠭ᠎ᠠ ᠪᠣᠬᠢᠷᠲᠤᠯ ᠥᠬᠡᠶ ᠴᠠᠬᠢᠯᠭᠠᠨ᠎ᠤ ᠠᠷᠠᠯᠵᠢᠶ᠎ᠠ᠎ᠶ᠋ᠢ ᠵᠣᠬᠢᠶᠠᠨ ᠪᠠᠢᠭᠤᠯᠵᠤ᠂ ᠪᠣᠬᠢᠷᠲᠤᠯ ᠥᠬᠡᠶ ᠴᠠᠬᠢᠯᠭᠠᠨ᠎ᠤ ᠠᠷᠠᠯᠵᠢᠶ᠎ᠠ᠎ᠶ᠋ᠢ ᠳᠤᠮᠳᠠ ᠣᠷᠳᠣ ᠬᠤᠭᠤᠴᠠᠭᠠᠨ᠎ᠤ ᠠᠷᠠᠯᠵᠢᠶ᠎ᠠ᠎ᠳᠤ ᠣᠷᠣᠭᠤᠯᠵᠤ᠂ ᠵᠠᠬ᠎ᠠ ᠳᠡᠯᠭᠡᠭᠦᠷ᠎ᠦᠨ ᠡᠵᠡᠩᠨᠡᠯᠲᠡ᠎ᠶ᠋ᠢᠨ ᠭᠤᠤᠯ ᠴᠣᠭ᠍ᠴᠠ᠎ᠨᠢ ᠪᠠᠭ᠎ᠠ ᠨᠡᠭᠦᠷᠡᠰᠦᠲᠥ᠋ᠷᠥᠭ᠌ᠴᠢᠳᠤ ᠴᠠᠬᠢᠯᠭᠠᠨ ᠬᠦᠴᠦᠨ᠎ᠢ ᠬᠡᠷᠡᠭ᠌ᠯᠡᠬᠦ᠌᠎ᠶ᠋ᠢᠨ ᠬᠠᠮᠲᠤ ᠳᠠᠬᠢᠯᠳᠠ ᠡᠨᠧᠷᠭᠢ᠎ᠶ᠋ᠢᠨ ᠪᠣᠬᠢᠷᠲᠤᠯ ᠥᠬᠡᠶ ᠴᠠᠬᠢᠯᠭᠠᠨ ᠬᠦᠴᠦᠨ᠎ᠦ ᠦᠨᠡᠮᠯᠡᠯ᠎ᠢ ᠤᠯᠪᠠ᠃
ᠨᠠᠩ ᠴᠢᠬᠤᠯᠠ᠎ᠨᠢ᠂ ᠵᠠᠬ᠎ᠠ ᠳᠡᠯᠭᠡᠭᠦᠷ ᠨᠡᠭᠡᠭᠡᠭ᠌ᠰᠡᠨ᠎ᠡᠴᠡ ᠨᠠᠭᠠᠰᠢ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠣᠯᠠᠨ ᠲᠠᠯᠠᠲᠤ ᠠᠷᠠᠯᠵᠢᠶᠠᠨ᠎ᠤ ᠵᠠᠬ᠎ᠠ ᠳᠡᠯᠭᠡᠭᠦᠷ᠎ᠦᠨ ᠬᠡᠪᠴᠢᠶ᠎ᠡ᠂ ᠵᠠᠬ᠎ᠠ ᠳᠡᠯᠭᠡᠭᠦᠷ᠎ᠦᠨ ᠬᠥᠭ᠌ᠵᠢᠶᠡᠨᠲᠦ ᠬᠡᠮᠵᠢᠶ᠎ᠡ᠂ ᠪᠣᠬᠢᠷᠲᠤᠯ ᠥᠬᠡᠶ ᠱᠢᠨᠵᠢ ᠴᠢᠨᠠᠷ ᠵᠡᠷᠭᠡ 《ᠬᠠᠲᠠᠭᠤ ᠭᠦᠶ᠋ᠴᠡᠳᠭᠡᠯ ᠲᠣᠭ᠎ᠠ》 ᠨᠢ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠵᠤ᠂ ᠥᠪᠥᠷ ᠮᠣᠩᠭᠣᠯ᠎ᠤᠨ ᠴᠠᠬᠢᠯᠭᠠᠨ ᠲᠤᠤᠷ᠎ᠨᠢ ᠴᠠᠬᠢᠯᠭᠠᠨ ᠬᠦᠴᠦᠨ ᠬᠢᠭᠡᠳ ᠠᠮᠢ ᠠᠬᠤᠶ᠎ᠶ᠋ᠢ ᠵᠡᠷᠭᠡ ᠪᠡᠷ ᠬᠥᠭ᠌ᠵᠢᠭᠦᠯᠬᠦ᠌᠎ᠶ᠋ᠢ ᠪᠡᠶᠡᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠴᠠᠬᠢᠯᠭᠠᠨ᠎ᠤ ᠠᠷᠠᠯᠵᠢᠶ᠎ᠠ ᠥᠬᠡᠶ ᠪᠠᠢᠭ᠍ᠰᠠᠨ᠎ᠡᠴᠡ᠎ᠪᠠᠨ ᠪᠠᠢᠬᠤ ᠪᠣᠯᠵᠣ᠂ ᠪᠠᠢᠬᠤ ᠡᠴᠡ᠎ᠪᠠᠨ ᠪᠥᠬᠥ᠌ ᠤᠯᠤᠰ᠎ᠲᠤ ᠲᠦᠷᠦᠭᠦᠯᠡᠭ᠌ᠰᠡᠨ ᠯᠤᠲᠤ ᠶᠡᠬᠡ ᠳᠠᠪᠠᠯᠲᠠ᠎ᠶ᠋ᠢ ᠪᠡᠶᠡᠯᠡᠭᠦᠯᠪᠡ᠃
ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠬᠦ᠌᠎ᠳᠦ ᠤᠳᠠᠭᠠᠨ ᠳᠠᠭᠠᠭᠠᠮᠠᠭᠠᠶ ᠵᠢᠳᠬᠦᠨ ᠴᠢᠷᠮᠠᠢᠬᠤ ᠡᠴᠡ ᠰᠠᠯᠵᠤ ᠴᠢᠳᠠᠬᠤ ᠦᠭᠡᠢ᠃
2025 ᠣᠨ᠎ᠳᠤ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠣᠯᠠᠨ ᠲᠠᠯᠠᠲᠤ ᠠᠷᠠᠯᠵᠢᠶᠠᠨ᠎ᠤ ᠵᠠᠬ᠎ᠠ ᠳᠡᠯᠭᠡᠭᠦᠷ ᠠᠩᠬᠠᠳᠠᠭ᠍ᠴᠢ ᠪᠣᠬᠢᠷᠲᠤᠯ ᠥᠬᠡᠶ ᠴᠠᠬᠢᠯᠭᠠᠨ ᠬᠦᠴᠦᠨ᠎ᠦ ᠬᠡᠷᠡᠭ᠌ᠯᠡᠭᠡᠨ᠎ᠦ ᠮᠡᠳᠡᠭᠦᠯᠦᠯᠲᠡ᠎ᠶ᠋ᠢ ᠨᠡᠢᠲᠡᠯᠡᠪᠡ᠃ ᠡᠨᠡ ᠬᠦ᠌ ᠮᠡᠳᠡᠭᠦᠯᠦᠯᠲᠡ᠎ᠨᠢ ᠵᠠᠩᠭᠢᠯᠠᠭ᠎ᠠ᠎ᠶ᠋ᠢᠨ ᠭᠦᠶ᠋ᠴᠡᠳᠭᠡᠯ ᠲᠣᠭ᠎ᠠ ᠪᠣᠯᠤᠨ ᠪᠤᠬᠢᠷᠳᠤᠯ ᠦᠭᠡᠢ ᠴᠠᠬᠢᠯᠭᠠᠨ᠎ᠤ ᠳ᠋ᠦᠩᠨᠡᠨ ᠪᠤᠳᠤᠯᠲᠠ᠎ᠶ᠋ᠢᠨ ᠮᠡᠳᠡᠭᠡ ᠵᠠᠩᠭᠢ᠎ᠪᠠᠷ ᠳᠠᠮᠵᠢᠭᠤᠯᠤᠨ᠂ ᠵᠠᠰᠠᠭ᠎ᠤᠨ ᠣᠷᠳᠣᠨ᠎ᠤ ᠱᠢᠶ᠋ᠳᠪᠦᠷᠢᠲᠦ ᠪᠣᠳᠣᠯᠭ᠎ᠠ᠂ ᠠᠵᠤ ᠠᠬᠤᠢᠯᠠᠯ᠎ᠤᠨ ᠡᠵᠡᠩᠨᠡᠯᠲᠡ ᠪᠣᠯᠤᠨ ᠣᠯᠠᠨ ᠨᠡᠢᠲᠡ᠎ᠶ᠋ᠢᠨ ᠣᠷᠣᠯᠴᠠᠯᠭ᠎ᠠ᠎ᠳᠤ ᠱᠢᠨᠵᠢᠯᠡᠬᠦ᠌ ᠤᠬᠠᠭᠠᠨᠴᠢ ᠲᠣᠭ᠎ᠠ ᠪᠠᠷᠢᠮᠲᠠ᠎ᠶ᠋ᠢᠨ ᠲᠤᠯᠭᠠᠭᠤᠷᠢᠯᠠᠯ ᠬᠠᠩᠭᠠᠭ᠍ᠰᠠᠨ ᠪᠥᠭᠡᠳ ᠪᠠᠰᠠ ᠣᠯᠠᠨ ᠤᠯᠤᠰ᠎ᠤᠨ ᠪᠣᠬᠢᠷᠲᠤᠯ ᠥᠬᠡᠶ ᠡᠨᠧᠷᠭᠢ᠎ᠶ᠋ᠢᠨ ᠬᠦᠷᠢᠶᠡᠨ᠎ᠳᠡᠬᠢ ᠥᠪᠥᠷ ᠮᠣᠩᠭᠣᠯ᠎ᠤᠨ ᠪᠥᠬᠥ᠌ ᠪᠥᠮᠪᠥᠷᠴᠡᠭ᠎ᠦᠨ ᠨᠥᠯᠥᠭᠡᠯᠡᠬᠦ᠌ ᠬᠦᠴᠦᠨ᠎ᠢ ᠦᠷᠭᠦᠯᠵᠢᠯᠡᠨ ᠳᠡᠭᠡᠭ᠌ᠰᠢᠯᠡᠭᠦᠯᠪᠡ᠃
2024 ᠣᠨ᠎ᠳᠤ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ᠎ᠦᠨ ᠡᠵᠡᠩᠨᠡᠯᠲᠡ᠎ᠶ᠋ᠢᠨ ᠣᠷᠣᠨ ᠪᠦᠰᠡ᠎ᠳᠦ ᠨᠡᠢᠲᠡ 1788 ᠵᠠᠬ᠎ᠠ ᠳᠡᠯᠭᠡᠭᠦᠷ᠎ᠦᠨ ᠡᠵᠡᠩᠨᠡᠯᠲᠡ᠎ᠶ᠋ᠢᠨ ᠭᠤᠤᠯ ᠴᠣᠭ᠍ᠴᠠ ᠪᠤᠬᠢᠷᠳᠤᠯ ᠦᠭᠡᠢ ᠴᠠᠬᠢᠯᠭᠠᠨ᠎ᠤ ᠠᠷᠠᠯᠵᠢᠶ᠎ᠠ᠎ᠳᠤ ᠣᠷᠣᠯᠴᠠᠵᠤ᠂ 630 ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠬᠤ ᠠᠵᠤ ᠠᠬᠤᠢᠯᠠᠯ᠎ᠤᠨ ᠦᠶ᠋ᠯᠡᠳᠪᠦᠷᠢᠯᠡᠭ᠌ᠰᠡᠨ ᠪᠤᠬᠢᠷᠳᠤᠯ ᠦᠭᠡᠢ ᠴᠠᠬᠢᠯᠭᠠᠨ᠎ᠢ 1158 ᠴᠠᠬᠢᠯᠭᠠᠨ ᠬᠡᠷᠡᠭ᠌ᠯᠡᠬᠦ᠌ ᠠᠵᠤ ᠠᠬᠤᠢᠯᠠᠯ᠎ᠳᠤ ᠲᠠᠰᠤᠷᠠᠯᠲᠠ ᠥᠬᠡᠶ ᠬᠦᠷᠭᠡᠪᠡ; ᠪᠥᠬᠥ᠌ ᠵᠢᠯ᠎ᠦᠨ ᠪᠤᠬᠢᠷᠳᠤᠯ ᠦᠭᠡᠢ ᠴᠠᠬᠢᠯᠭᠠᠨ ᠠᠷᠠᠯᠵᠢᠶᠠᠯᠠᠭ᠍ᠰᠠᠨ ᠬᠡᠮᠵᠢᠶ᠎ᠡ ᠨᠡᠢᠲᠡ 757 ᠳ᠋ᠦᠩᠱᠢᠭᠤᠷ ᠭᠷᠠᠳᠦ᠋ᠰ᠎ᠲᠦ ᠬᠦᠷᠴᠦ᠍᠂ ᠪᠤᠬᠢᠷᠳᠤᠯ ᠦᠭᠡᠢ ᠣᠷᠴᠢᠨ ᠲᠤᠭᠤᠷᠢᠨ ᠤ᠋ ᠥᠷᠲᠡᠭ ᠨᠢ 30.3 ᠲᠥᠭᠥᠷᠢᠭ / ᠮᠸᠭ᠎ᠠ ᠸᠠᠲ ᠴᠠᠭ᠎ᠲᠤ ᠬᠦᠷᠴᠦ᠍᠂ ᠪᠤᠬᠢᠷᠳᠤᠯ ᠦᠭᠡᠢ ᠴᠠᠬᠢᠯᠭᠠᠨ᠎ᠤ ᠬᠡᠪᠴᠢᠶ᠎ᠡ ᠬᠢᠭᠡᠳ ᠨᠡᠮᠡᠭ᠌ᠳᠡᠯ᠎ᠦᠨ ᠬᠤᠷᠳᠤᠴᠠ ᠨᠢ ᠪᠤᠰᠤᠳ ᠮᠤᠵᠢ᠎ᠶ᠋ᠢᠨ ᠱᠠᠲᠤᠨ᠎ᠤ ᠴᠠᠬᠢᠯᠭᠠᠨ ᠲᠤᠤᠷ᠎ᠤᠨ ᠲᠦᠪᠱᠢᠨ᠎ᠡᠴᠡ ᠳᠠᠪᠠᠵᠤ᠂ ᠪᠥᠬᠥ᠌ ᠤᠯᠤᠰ᠎ᠲᠤ ᠲᠦᠷᠦᠭᠦᠯᠡᠪᠡ᠃
ᠡᠭᠦᠨ᠎ᠦ ᠬᠠᠮᠲᠤ᠂ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠠᠷᠠᠯᠵᠢᠶᠠᠨ᠎ᠤ ᠲᠠᠪᠴᠠᠩ ᠡᠩ ᠲᠡᠷᠢᠭᠦᠨ᠎ᠳᠦ ᠤᠯᠤᠰ᠎ᠤᠨ ᠡᠨᠧᠷᠭᠢ᠎ᠶ᠋ᠢᠨ ᠲᠣᠪᠴᠢᠶ᠎ᠠ᠎ᠲᠠᠶ ᠰᠦᠯᠵᠢᠶᠡᠨ᠎ᠦ ᠲᠤᠰᠭᠠᠶ ᠤᠲᠠᠰᠤ ᠪᠠᠢᠭᠤᠯᠵᠤ᠂ ᠪᠤᠬᠢᠷᠳᠤᠯ ᠦᠭᠡᠢ ᠴᠠᠬᠢᠯᠭᠠᠨ᠎ᠤ ᠠᠷᠠᠯᠵᠢᠶ᠎ᠠ᠎ᠶ᠋ᠢ ᠪᠤᠬᠢᠷᠳᠤᠯ ᠦᠭᠡᠢ ᠦᠨᠡᠮᠯᠡᠯᠵᠢᠡᠷ ᠬᠠᠷᠭᠤᠭᠤᠯᠤᠨ ᠣᠯᠭᠣᠬᠤ᠂ ᠬᠤᠪᠢᠶᠠᠷᠢᠯᠠᠨ ᠱᠢᠯᠵᠢᠭᠦᠯᠬᠦ᠌ ᠪᠥᠬᠥ᠌ ᠶᠠᠪᠤᠴᠠ᠎ᠶ᠋ᠢ ᠰᠠᠭᠠᠳ ᠥᠬᠡᠶ ᠨᠡᠪᠲᠡᠷᠡᠭᠦᠯᠬᠦ᠌᠎ᠶ᠋ᠢ ᠪᠡᠶᠡᠯᠡᠭᠦᠯᠵᠦ᠍᠂ 2024 ᠣᠨ᠎ᠳᠤ ᠨᠡᠢᠲᠡ 2.4 ᠳ᠋ᠦᠩᠱᠢᠭᠤᠷ ᠭᠠᠷᠤᠶ ᠪᠤᠬᠢᠷᠳᠤᠯ ᠦᠭᠡᠢ ᠦᠨᠡᠮᠯᠡᠯ᠎ᠢ ᠬᠠᠷᠭᠤᠭᠤᠯᠤᠨ ᠲᠠᠷᠬᠠᠭᠠᠪᠠ᠃
ᠪᠤᠬᠢᠷᠳᠤᠯ ᠦᠭᠡᠢ ᠦᠨᠡᠮᠯᠡᠯ ᠪᠣᠯ ᠲᠠᠬᠢᠯᠳᠠ ᠡᠨᠧᠷᠭᠢ᠎ᠶ᠋ᠢᠨ ᠪᠤᠬᠢᠷᠳᠤᠯ ᠦᠭᠡᠢ ᠴᠠᠬᠢᠯᠭᠠᠨ᠎ᠤ ᠦᠨᠡᠮᠯᠡᠯ ᠮᠥᠨ᠂ ᠪᠤᠬᠢᠷᠳᠤᠯ ᠦᠭᠡᠢ ᠦᠨᠡᠮᠯᠡᠯ ᠪᠦᠷᠢ ᠨᠢ 1000 ᠭᠷᠠᠳᠦ᠋ᠰ᠎ᠦᠨ ᠲᠠᠬᠢᠯᠳᠠ ᠡᠨᠧᠷᠭᠢ᠎ᠶ᠋ᠢᠨ ᠴᠠᠬᠢᠯᠭᠠᠨ᠎ᠤ ᠬᠡᠮᠵᠢᠶ᠎ᠡ᠎ᠲᠡᠶ ᠵᠣᠬᠢᠴᠠᠯᠳᠤᠵᠤ᠂ ᠳᠠᠬᠢᠯᠳᠠ ᠡᠨᠧᠷᠭᠢ᠎ᠶ᠋ᠢᠨ ᠴᠠᠬᠢᠯᠭᠠᠨ᠎ᠤ ᠬᠡᠮᠵᠢᠶᠡᠨ᠎ᠦ ᠣᠷᠴᠢᠨ ᠲᠤᠭᠤᠷᠢᠨ ᠤ᠋ ᠱᠢᠨᠵᠢ ᠴᠢᠨᠠᠷ᠎ᠤᠨ ᠴᠣᠷ᠎ᠤᠨ ᠭᠠᠭ᠍ᠴᠠ ᠭᠡᠷᠡᠴᠢ ᠮᠥᠨ᠂ ᠪᠠᠰᠠ ᠴᠤ᠌ ᠪᠤᠬᠢᠷᠳᠤᠯ ᠦᠭᠡᠢ ᠴᠠᠬᠢᠯᠭᠠᠨ᠎ᠤ ᠦᠶ᠋ᠯᠡᠳᠪᠦᠷᠢᠯᠡᠯ᠂ ᠬᠡᠷᠡᠭ᠌ᠯᠡᠭᠡ᠎ᠶ᠋ᠢ ᠮᠠᠭᠠᠳᠯᠠᠨ ᠲᠣᠭ᠍ᠲᠠᠭᠠᠬᠤ ᠴᠣᠷ᠎ᠤᠨ ᠭᠠᠭ᠍ᠴᠠ ᠭᠡᠷᠡᠴᠢ ᠮᠥᠨ᠃
《ᠠᠵᠤ ᠠᠬᠤᠢᠯᠠᠯ ᠨᠢ ᠪᠤᠬᠢᠷᠳᠤᠯ ᠦᠭᠡᠢ ᠴᠠᠬᠢᠯᠭᠠᠨ᠎ᠤ ᠠᠷᠠᠯᠵᠢᠶ᠎ᠠ᠎ᠪᠠᠷ ᠳᠠᠮᠵᠢᠨ ᠣᠯᠤᠭ᠍ᠰᠠᠨ ᠪᠤᠬᠢᠷᠳᠤᠯ ᠦᠭᠡᠢ ᠦᠨᠡᠮᠯᠡᠯ᠎ᠢᠶᠡᠨ ᠤᠯᠠᠨ ᠤᠯᠤᠰ᠎ᠤᠨ ᠠᠷᠠᠯᠵᠢᠶ᠎ᠠ᠎ᠲᠠᠶ ᠪᠦᠲᠦᠮᠵᠢᠲᠡᠢ ᠵᠣᠯᠭᠠᠭᠤᠯᠵᠤ᠂ ᠤᠯᠠᠨ ᠤᠯᠤᠰ᠎ᠤᠨ ᠵᠠᠬ᠎ᠠ ᠳᠡᠯᠭᠡᠭᠦᠷ᠎ᠦᠨ ᠪᠣᠬᠢᠷᠲᠤᠯ ᠦᠭᠡᠢ ᠣᠷᠴᠢᠨ ᠲᠣᠭᠣᠷᠢᠨ᠎ᠢ ᠬᠠᠮᠠᠭᠠᠯᠠᠬᠤ ᠱᠠᠭᠠᠷᠳᠠᠯᠭ᠎ᠠ᠎ᠶ᠋ᠢ ᠬᠠᠩᠭᠠᠵᠤ ᠪᠣᠯᠤᠨ᠎ᠠ᠃ 2026 ᠣᠨ᠎ᠡᠴᠡ ᠡᠬᠢᠯᠡᠨ ᠧᠦ᠋ᠷᠣᠫᠠ ᠲᠢᠪ᠎ᠦᠨ ᠤᠯᠤᠰ᠎ᠤᠳ᠎ᠤᠨ ᠬᠣᠯᠪᠣᠭ᠎ᠠ᠎ᠶ᠋ᠢᠨ ᠨᠡᠭᠦᠷᠡᠰᠦᠲᠥ᠋ᠷᠥᠭ᠌ᠴᠢ᠎ᠶ᠋ᠢᠨ ᠪᠣᠭᠣᠮᠲᠠ᠎ᠶ᠋ᠢᠨ ᠭᠠᠢᠯᠢ (CBA) ᠨᠢ ᠳᠤᠮᠳᠠᠳᠤ ᠤᠯᠤᠰ᠎ᠤᠨ ᠪᠤᠬᠢᠷᠳᠤᠯ ᠦᠭᠡᠢ ᠦᠨᠡᠮᠯᠡᠯ᠎ᠢ ᠮᠡᠳᠡᠷᠡᠬᠦ ᠪᠡᠷ ᠪᠤᠯᠵᠤ ᠪᠠᠢᠨ᠎ᠠ᠂ ᠲᠤᠬᠠᠢ ᠵᠢᠨ ᠦᠶ᠎ᠠ᠎ᠳᠤ ᠧᠦ᠋ᠷᠣᠫᠠ ᠲᠢᠪ᠎ᠦᠨ ᠤᠯᠤᠰ᠎ᠤᠳ᠎ᠤᠨ ᠬᠣᠯᠪᠣᠭ᠎ᠠ᠎ᠳᠤ ᠭᠠᠳᠠᠭᠠᠳᠤ ᠭᠠᠷᠭᠠᠯᠳᠠ ᠲᠠᠢ ᠬᠤᠯᠪᠤᠭᠳᠠᠯ ᠪᠦᠬᠦᠢ ᠠᠵᠤ ᠠᠬᠤᠢᠯᠠᠯ ᠪᠤᠬᠢᠷᠳᠤᠯ ᠦᠭᠡᠢ ᠦᠨᠡᠮᠯᠡᠯ ᠬᠤᠳᠠᠯᠳᠤᠨ ᠠᠪᠬᠤ᠎ᠪᠠᠷ ᠳᠠᠮᠵᠢᠭᠤᠯᠤᠨ ᠨᠡᠭᠦᠷᠡᠰᠦᠲᠥ᠋ᠷᠥᠭ᠌ᠴᠢ᠎ᠶ᠋ᠢᠨ ᠪᠣᠭᠣᠮᠲᠠ᠎ᠶ᠋ᠢᠨ ᠭᠠᠢᠯᠢ᠎ᠶ᠋ᠢᠨ ᠥᠪᠡᠷ᠎ᠦᠨ ᠦᠷᠳᠡᠭ᠎ᠢ ᠪᠠᠭᠤᠷᠠᠭᠤᠯᠵᠤ ᠪᠤᠯᠤᠨ᠎ᠠ》 ᠭᠡᠵᠦ᠍ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠠᠷᠠᠯᠵᠢᠶᠠᠨ᠎ᠤ ᠺᠣᠮᠫᠠᠨᠢ᠎ᠶ᠋ᠢᠨ ᠬᠠᠮᠢᠶ᠎ᠠ ᠪᠥᠬᠥᠶ ᠲᠤᠬᠠᠢᠯᠠᠭ᠍ᠰᠠᠨ ᠠᠵᠢᠯ᠎ᠤᠨ ᠬᠠᠷᠢᠭᠤᠴᠠᠯᠭᠠᠲᠠᠨ ᠬᠡᠯᠡᠪᠡ᠃
《ᠨᠡᠭᠦᠷᠡᠰᠦ ᠬᠠᠩᠭᠠᠬᠤ》 ᠡᠴᠡ 《ᠴᠠᠬᠢᠯᠭᠠᠨ ᠬᠠᠩᠭᠠᠬᠤ》 ᠬᠦᠷᠲᠡᠯ᠎ᠡ᠂ 《ᠬᠠᠷ᠎ᠠ ᠦᠩᠭᠡ ᠵᠢᠨ ᠡᠨᠧᠷᠭᠢ》 ᠡᠴᠡ 《ᠪᠣᠬᠢᠷᠲᠤᠯ ᠦᠭᠡᠢ ᠬᠥᠳᠡᠯᠭᠡᠬᠦ᠌ ᠡᠨᠧᠷᠭᠢ》 ᠬᠦᠷᠲᠡᠯ᠎ᠡ᠂ ᠥᠪᠥᠷ ᠮᠣᠩᠭᠣᠯ ᠶᠠᠭ 《ᠰᠠᠯᠬᠢᠨ ᠬᠦᠴᠦᠨ ᠢ᠋ ᠠᠰᠢᠭᠯᠠᠨ ᠨᠠᠷᠠᠨ ᠤ᠋ ᠡᠨ᠋ᠸᠷᠬᠢ ᠵᠢ ᠬᠤᠷᠠᠮᠳᠤᠭᠤᠯᠬᠤ》 ᠣᠮᠣᠭ ᠵᠣᠷᠢᠭ᠎ᠢᠶᠠᠷ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠳᠦᠭᠡᠨ ᠪᠠᠢᠭᠤᠯᠬᠤ ᠠᠶᠠᠨ᠎ᠳᠠᠭᠠᠨ᠂ ᠣᠳᠣᠬᠢᠴᠢᠯᠠᠭ᠍ᠰᠠᠨ ᠡᠨᠧᠷᠭᠢ᠎ᠶ᠋ᠢᠨ ᠠᠵᠤ ᠠᠬᠤᠢ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍ ᠪᠠᠢᠨ᠎ᠠ᠃ ᠣᠨᠴᠠ ᠥᠨᠳᠥᠷ ᠬᠦᠴᠦᠳᠡᠯᠲᠦ ᠴᠠᠬᠢᠯᠭᠠᠨ ᠲᠣᠣᠷ᠎ᠤᠨ ᠴᠠᠬᠢᠯᠭᠠᠨ ᠤᠳᠠᠰᠤ ᠠᠭᠤᠯᠠ ᠤᠰᠤ᠎ᠶ᠋ᠢ ᠳᠠᠪᠠᠵᠤ᠂ ᠪᠤᠬᠢᠷᠳᠤᠯ ᠦᠭᠡᠢ ᠴᠠᠬᠢᠯᠭᠠᠨ᠎ᠤ ᠠᠷᠠᠯᠵᠢᠶᠠᠨ᠎ᠤ ᠲᠣᠭ᠎ᠠ ᠪᠠᠷᠢᠮᠲᠠ ᠵᠢᠨ ᠱᠢᠨ᠎ᠡ ᠲᠡᠮᠳᠡᠭ᠌ᠯᠡᠯ᠎ᠢ ᠡᠭᠦᠳᠬᠦ᠌ ᠦᠶ᠎ᠡ᠎ᠳᠦ᠂ ᠡᠨᠡ ᠬᠦ᠌ ᠡᠷᠲᠡᠨ᠎ᠦ ᠲᠠᠯ᠎ᠠ ᠨᠤᠲᠤᠭ᠎ᠤᠨ ᠪᠤᠬᠢᠷᠳᠤᠯ ᠦᠭᠡᠢ ᠬᠤᠪᠢᠰᠭᠠᠯ ᠨᠢ ᠳᠤᠮᠳᠠᠳᠤ ᠤᠯᠤᠰ᠎ᠤᠨ ᠪᠠᠭ᠎ᠠ ᠨᠡᠭᠦᠷᠡᠰᠦᠲᠥ᠋ᠷᠥᠭ᠌ᠴᠢᠳᠤ ᠢᠷᠡᠭᠡᠳᠦᠢ᠎ᠶ᠋ᠢ ᠬᠡᠷᠡᠯᠳᠤᠬᠦᠯᠬᠦ ᠪᠠᠷ ᠪᠠᠷᠠᠬᠤ ᠦᠬᠡᠢ ᠨᠡᠩ ᠴᠤ᠌ ᠳᠡᠯᠡᠬᠡᠢ ᠳ᠋ᠠᠬᠢᠨ᠎ᠳᠤ ᠡᠨᠧᠷᠭᠢ᠎ᠶ᠋ᠢᠨ ᠬᠡᠯᠪᠡᠷᠢ᠎ᠪᠡᠨ ᠬᠤᠪᠢᠷᠠᠭᠤᠯᠬᠤ ᠳᠣᠷᠣᠨᠠᠳᠠᠬᠢᠨ᠎ᠤ ᠤᠶᠤᠨ ᠤᠬᠠᠭᠠᠨ᠎ᠢ ᠬᠠᠷᠠᠭᠤᠯᠵᠤ ᠪᠠᠢᠨ᠎ᠠ᠃