ᠲᠦᠷᠦᠬᠦᠬᠡᠨ ᠶᠠᠪᠤᠭᠳᠠᠭᠰᠠᠨ 2025 ᠤᠨ ᠤ᠋ ᠳᠡᠯᠡᠬᠡᠢ ᠵᠢᠨ ᠠᠵᠢᠯ ᠮᠡᠷᠬᠡᠵᠢᠯ᠎ᠤᠨ ᠳᠡᠬᠡᠳᠤ ᠰᠤᠷᠭᠠᠭᠤᠯᠢ᠎ᠶᠢᠨ ᠤᠷ᠎ᠠ ᠮᠡᠷᠬᠡᠵᠢᠯ᠎ᠤᠨ ᠤᠷᠤᠯᠳᠤᠭᠠᠨ ᠳ᠋ᠤ ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠵᠢᠨ ᠪᠠᠭᠰᠢ ᠰᠤᠷᠤᠭᠴᠢᠳ 1 ᠠᠯᠳᠠᠨ ᠮᠧᠳᠠᠯ᠂ 3 ᠬᠦᠷᠡᠯ ᠮᠧᠳᠠᠯ ᠬᠦᠷᠳᠡᠵᠦ᠂ ᠰᠤᠷᠭᠠᠭᠤᠯᠢ ᠵᠢᠨ ᠵᠢᠡᠨ ᠳᠤᠰ ᠤᠷᠤᠯᠳᠤᠭᠠᠨ᠎ᠤ ᠠᠯᠳᠠᠨ ᠮᠧᠳᠠᠯ ᠪᠠᠢᠭᠰᠠᠨ ᠦᠬᠡᠢ ᠳᠡᠦᠬᠡ ᠵᠢ ᠬᠤᠪᠢᠷᠠᠭᠤᠯᠪᠠ᠃
ᠰᠤᠷᠭᠠᠭᠤᠯᠢ ᠵᠢᠨ ᠤᠷᠠᠨ ᠵᠢᠷᠤᠭ᠎ᠤᠨ ᠰᠠᠯᠪᠤᠷᠢ᠎ᠶᠢᠨ ᠺᠠᠩ ᠯᠢ᠂ ᠮᠧᠩ ᠺᠦᠨ ᠪᠠᠭ᠍ᠰᠢ᠎ᠶᠢᠨ ᠵᠢᠯᠤᠭᠤᠳᠤᠯᠭ᠎ᠠ ᠪᠡᠷ ᠬᠤ᠌ ᠸᠸᠨ ᠲᠤᠤ᠂ ᠯᠢ ᠯᠢᠨ᠂ ᠭᠦᠸᠧ ᠽᠢ ᠢ᠂ ᠱᠠᠨ ᠴᠦᠨ ᠢᠦᠢ ᠤᠷᠠᠯᠢᠭ᠋᠎ᠤᠨ ᠵᠢᠷᠤᠭ ᠲᠥᠯᠥᠪᠯᠡᠭᠡ᠎ᠶᠢᠨ ᠤᠷᠤᠯᠳᠤᠭᠠᠨ᠎ᠳ᠋ᠤ ᠠᠯᠲᠠᠨ ᠮᠧᠳᠠᠯ ᠭᠠᠷᠳᠠᠭᠰᠠᠨ ᠪᠠᠢᠨ᠎ᠠ᠃ ᠬᠢᠮᠢ᠎ᠶᠢᠨ ᠠᠵᠤ ᠦᠢᠯᠡᠳᠪᠦᠷᠢ ᠪᠣᠯᠣᠨ ᠪᠠᠷᠢᠯᠭ᠎ᠠ᠎ᠶᠢᠨ ᠰᠠᠯᠪᠤᠷᠢ᠎ᠶᠢᠨ ᠯᠢᠦ ᠰᠢᠶᠣᠣ ᠰᠢᠶᠠ᠂ ᠶᠠᠩ ᠱᠣ᠌ ᠵᠢᠤᠸᠠᠨ ᠪᠠᠭ᠍ᠰᠢ᠎ᠶᠢᠨ ᠵᠢᠯᠣᠭᠣᠳᠤᠯᠭ᠎ᠠ᠎ᠪᠠᠷ᠂ ᠶᠣᠣ ᠸᠸᠨ ᠮᠢᠩ᠂ ᠢᠦᠢ ᠬᠤᠤ᠌᠂ ᠸᠠᠩ ᠫᠧᠩ ᠱᠦᠧᠸ᠂ ᠯᠢ ᠯᠧ ᠮᠧᠩ ᠬᠢᠮᠢ ᠶ᠋ᠢᠨ ᠠᠵᠤ ᠦᠢᠯᠡᠳᠪᠦᠷᠢ ᠶ᠋ᠢᠨ ᠮᠡᠷᠭᠡᠵᠢᠯ᠎ᠦᠨ ᠤᠷᠤᠯᠳᠤᠭᠠᠨ ᠳ᠋ᠤ ᠤᠷᠤᠯᠴᠠᠵᠤ ᠬᠦᠷᠡᠯ ᠮᠧᠳᠠᠯ ᠬᠦᠷᠳᠡᠪᠡ; ᠤᠷᠠᠨ ᠵᠢᠷᠤᠭ᠎ᠤᠨ ᠰᠠᠯᠪᠤᠷᠢ ᠶ᠋ᠢᠨ ᠰᠤ᠌ ᠯᠢ ᠶᠠ᠂ ᠢᠦᠢ ᠶᠢᠩ ᠪᠠᠭ᠍ᠰᠢ ᠵᠢᠨ ᠵᠢᠯᠤᠭᠤᠳᠤᠯᠭ᠎ᠠ ᠪᠡᠷ ᠳᠦ ᠹᠧᠢ᠂ ᠲᠠᠨ ᠱᠤᠸᠠᠩ ᠶᠤᠸᠠᠢ᠂ ᠵᠠᠩ ᠵᠢᠶᠦ᠋ᠨ ᠬᠠᠨ᠂ ᠵᠢᠶᠠ ᠰᠢᠶᠣᠣ ᠫᠧᠩ ᠰᠤᠷᠭᠠᠨ ᠬᠥᠮᠦᠵᠢᠯ ᠪᠠ ᠪᠡᠶ᠎ᠡ ᠶ᠋ᠢᠨ ᠲᠠᠮᠢᠷ᠎ᠤᠨ ᠤᠷᠤᠯᠳᠤᠭᠠᠨ ᠳ᠋ᠤ ᠬᠦᠷᠡᠯ ᠮᠧᠳᠠᠯ ᠬᠦᠷᠳᠡᠪᠡ; ᠠᠵᠤ ᠠᠬᠤᠢ ᠶ᠋ᠢᠨ ᠬᠠᠮᠢᠶᠠᠷᠤᠯᠲᠠ ᠪᠠ ᠬᠠᠤᠯᠢ ᠶ᠋ᠢᠨ ᠤᠬᠠᠭᠠᠨ᠎ᠤ ᠰᠠᠯᠪᠤᠷᠢ ᠶ᠋ᠢᠨ ᠬᠠᠨ ᠶᠦᠩ ᠴᠢᠩ᠂ ᠵᠣᠣ ᠴᠢᠶᠠᠩ ᠪᠠᠭ᠍ᠰᠢ ᠵᠢᠨ ᠵᠢᠯᠤᠭᠤᠳᠤᠯᠭ᠎ᠠ ᠪᠡᠷ ᠵᠢᠶᠠᠩ ᠢᠦᠢ ᠬᠠᠨ᠂ ᠭᠣᠸ᠋ ᡁᠢ ᠶᠤᠸᠠᠨ᠂ ᠴᠧᠨ ᠵᠢᠶᠦ᠋ᠩ᠂ ᠬᠥᠩ ᠵᠢᠩ ᠵᠢᠩ ᠪᠠᠷᠠᠭᠠᠨ᠎ᠤ ᠭᠦᠢᠯᠭᠡᠭᠡ ᠪᠠ ᠬᠠᠩᠭᠠᠯᠭ᠎ᠠ ᠶ᠋ᠢᠨ ᠬᠡᠯᠬᠢᠶ᠎ᠡ ᠶ᠋ᠢᠨ ᠤᠷᠤᠯᠳᠤᠭᠠᠨ᠎ᠳ᠋ᠤ ᠬᠦᠷᠡᠯ ᠮᠧᠳᠠᠯ ᠬᠦᠷᠳᠡᠪᠡ᠃
ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠢᠮᠠᠭᠲᠠ ᠤᠷ᠎ᠠ ᠮᠡᠷᠭᠡᠵᠢᠯ᠎ᠦᠨ ᠶᠡᠬᠡ ᠤᠷᠤᠯᠳᠤᠭᠠᠨ᠎ᠢ ᠴᠢᠳᠠᠪᠤᠷᠢᠲᠠᠨ ᠬᠥᠮᠥᠵᠢᠭᠦᠯᠬᠦ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ᠂ ᠵᠢᠭᠠᠨ ᠰᠤᠷᠭᠠᠯᠲᠠ᠎ᠶᠢᠨ ᠥᠭᠡᠷᠡᠴᠢᠯᠡᠯᠲᠡ᠎ᠶᠢᠨ ᠦᠷ᠎ᠡ ᠪᠦᠲᠦᠭᠡᠯ᠎ᠢ ᠰᠢᠯᠭᠠᠨ ᠪᠠᠢᠴᠠᠭᠠᠬᠤ ᠴᠢᠬᠤᠯᠠ ᠭᠠᠷᠳᠠᠴᠠ ᠪᠣᠯᠭᠠᠵᠤ᠂ ᠤᠷ᠎ᠠ ᠮᠡᠷᠭᠡᠵᠢᠯ᠎ᠦᠨ ᠤᠷᠤᠯᠳᠤᠭᠠᠨ᠎ᠤ ᠠᠵᠢᠯ᠎ᠢ ᠠᠬᠢᠭᠤᠯᠵᠤ ᠪᠠᠢᠭ᠎ᠠ ᠪᠠᠢᠳᠠᠯ᠎ᠢ ᠠᠩᠬᠠᠷᠴᠤ᠂ ᠲᠡᠭᠦᠨ᠎ᠢ ᠳᠡᠭᠡᠳᠦ ᠰᠤᠷᠭᠠᠭᠤᠯᠢ᠎ᠶᠢᠨ ᠭᠣᠣᠯᠳᠠᠯᠭ᠎ᠠ᠎ᠲᠠᠢ ᠠᠵᠢᠯ᠎ᠤᠨ ᠪᠠᠢᠷᠢᠯᠠᠭᠤᠯᠤᠯᠲᠠ᠎ᠳᠤ ᠣᠷᠣᠭᠤᠯᠵᠤ᠂ ᠤᠷᠤᠯᠳᠤᠭᠠᠨ᠎ᠳᠤ ᠣᠷᠣᠯᠴᠠᠭᠰᠠᠨ ᠪᠠᠭ᠍ᠰᠢ ᠰᠤᠷᠤᠭ᠍ᠴᠢᠳ᠎ᠲᠤ ᠪᠠᠲᠤ ᠴᠢᠩᠭ᠎ᠠ ᠵᠣᠬᠢᠶᠠᠨ ᠪᠠᠢᠭᠤᠯᠤᠯᠲᠠ᠎ᠶᠢᠨ ᠪᠠᠲᠤᠯᠠᠭ᠎ᠠ ᠪᠠ ᠪᠥᠬᠥ ᠲᠠᠯ᠎ᠠ᠎ᠶᠢᠨ ᠳᠡᠮᠵᠢᠯᠭᠡ ᠬᠠᠩᠭᠠᠳᠠᠭ᠃
ᠡᠨᠡ ᠤᠳᠠᠭ᠎ᠠ᠎ᠶᠢᠨ ᠳᠡᠯᠡᠬᠡᠢ᠎ᠶᠢᠨ ᠠᠵᠢᠯ ᠮᠡᠷᠭᠡᠵᠢᠯ᠎ᠦᠨ ᠶᠡᠬᠡ ᠳᠡᠭᠡᠳᠦ ᠰᠤᠷᠭᠠᠭᠤᠯᠢ᠎ᠶᠢᠨ ᠤᠷ᠎ᠠ ᠮᠡᠷᠭᠡᠵᠢᠯ᠎ᠦᠨ ᠤᠷᠤᠯᠳᠤᠭᠠᠨ᠎ᠤ ᠲᠡᠦᠬᠡᠲᠦ ᠴᠢᠨᠠᠷᠲᠠᠢ ᠰᠢᠪᠲᠤᠯᠤᠯᠲᠠ ᠪᠣᠯ ᠬᠥᠬᠡᠬᠣᠲᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠶᠣᠰᠣ᠌ ᠰᠤᠷᠲᠠᠬᠤᠨ᠎ᠵᠢᠡᠷ ᠬᠥᠮᠥᠨ᠎ᠢ ᠬᠥᠮᠥᠵᠢᠭᠦᠯᠬᠦ ᠦᠨᠳᠦᠰᠦᠨ ᠡᠭᠦᠷᠭᠡ᠎ᠶᠢ ᠪᠠᠷᠢᠮᠲᠠᠯᠠᠵᠤ᠂ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠥᠩ ᠰᠢᠮᠡᠯᠢᠭ ᠬᠥᠷᠥᠰᠥ᠎ᠶᠢ ᠭᠦᠨ ᠬᠠᠭᠠᠯᠪᠤᠷᠢᠯᠠᠵᠤ᠂ ᠳᠣᠲᠣᠭᠠᠳᠤ ᠠᠭᠤᠯᠤᠭᠳᠠᠬᠤᠨ᠎ᠲᠠᠢ ᠪᠠᠢᠭᠤᠯᠤᠯᠳᠠ ᠵᠢᠨ ᠡᠯᠪᠡᠭ ᠪᠠᠶᠠᠯᠢᠭ᠋ ᠦᠷ᠎ᠡ ᠪᠦᠲᠦᠭᠡᠯ ᠪᠣᠯᠣᠨ᠎ᠠ᠃