ᠤᠮᠠᠷᠠᠲᠤ ᠬᠢᠯᠢ᠎ᠶ᠋ᠢᠨ ᠠᠬᠠᠮᠠᠳ ᠴᠡᠷᠢᠭ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ ᠰᠤᠷᠭᠠᠭᠤᠯᠢ᠎ᠶ᠋ᠢᠨ ᠬᠦᠷᠢᠶᠡᠨ᠎ᠳᠦ ᠤᠬᠠᠭᠤᠯᠤᠨ ᠲᠠᠢᠯᠪᠤᠷᠢᠯᠠᠵᠠᠢ
2025-09-16 20:15:20
ᠵᠣᠬᠢᠶᠠᠭ᠍ᠴᠢ᠄
​ ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 6 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠶᠠᠪᠤᠳᠠᠯ᠎ᠤᠨ ᠠᠵᠢᠯ᠎ᠤᠨ ᠤᠳᠤᠷᠢᠳᠭᠤ ᠳᠤᠭᠤᠢᠯᠠᠩ᠎ᠤᠨ ᠠᠯᠪᠠᠨ ᠬᠡᠷ᠂ ᠥᠪᠡᠷᠲᠡᠭᠡᠨ ᠵᠠᠰᠠᠬᠤ ᠣᠷᠣᠨ᠎ᠤ ᠴᠡᠷᠢᠭ ᠤ᠋ᠨ ᠠᠯᠪᠠ᠎ᠡᠴᠡ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠢᠩᠬᠢᠮ ᠡᠴᠠ ᠭᠤᠤᠯᠯᠠᠨ ᠡᠷᠭᠢᠯᠡᠭ᠌ᠰᠡᠨ 《ᠬᠤᠪᠢᠰᠭᠠᠯᠲᠤ ᠤᠳᠤᠮᠱᠢᠯ᠎ᠢ ᠥᠨᠢᠳᠡ ᠤᠯᠠᠮᠵᠢᠯᠠᠨ ᠵᠠᠯᠭᠠᠮᠵᠢᠯᠠᠵᠤ ᠤᠯᠤᠰ᠎ᠢᠶᠠᠨ ᠰᠡᠷᠭᠦᠭᠡᠨ ᠮᠠᠨᠳᠤᠭᠤᠯᠬᠤ᠎ᠳᠤ ᠱᠢᠨ᠎ᠡ ᠭᠠᠪᠢᠶ᠎ᠠ ᠪᠠᠢᠭᠤᠯᠤᠶ᠎ᠠ — ᠤᠮᠠᠷᠠᠲᠤ ᠬᠢᠯᠢ᠎ᠶ᠋ᠢᠨ ᠠᠬᠠᠮᠠᠳ ᠴᠡᠷᠢᠭ᠎ᠦᠨ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠭᠤᠤᠯ ᠰᠡᠳᠦᠪᠲᠦ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠤᠷᠠᠯ》 ᠤ᠋ᠨ ᠠᠵᠢᠯᠯᠠᠭ᠎ᠠ ᠥᠪᠥᠷ ᠮᠣᠩᠭᠣᠯ᠎ᠤᠨ ᠮᠠᠱᠢᠨ ᠴᠠᠬᠢᠯᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠶᠠᠪᠤᠭ᠍ᠳᠠᠵᠤ᠂ 3000 ᠭᠠᠷᠤᠶ ᠪᠠᠭ᠍ᠰᠢ ᠰᠤᠷᠤᠭ᠍ᠴᠢᠳ᠎ᠲᠤ ᠰᠡᠳᠭᠢᠯ ᠬᠥᠳᠡᠯᠭᠡᠮ᠎ᠡ ᠬᠤᠪᠢᠰᠭᠠᠯᠲᠤ ᠬᠥᠮᠦᠵᠢᠯ᠎ᠦᠨ ᠬᠢᠴᠢᠶᠡᠯ ᠤᠷᠤᠵᠤ᠂ ᠶᠡᠬᠡ ᠳᠡᠭᠡᠳᠦ ᠰᠤᠷᠭᠠᠭᠤᠯᠢ᠎ᠶ᠋ᠢᠨ ᠱᠢᠨ᠎ᠡ ᠤᠶᠤᠲᠠᠳ᠎ᠤᠨ ᠤᠯᠤᠰ ᠵᠢᠡᠨ ᠬᠠᠢᠷᠠᠯᠠᠬᠤ ᠰᠡᠳᠭᠢᠯᠭᠡ᠎ᠶ᠋ᠢ ᠬᠥᠭ᠌ᠵᠢᠭᠡᠪᠠ᠃

ᠠᠵᠢᠯᠯᠠᠭ᠎ᠠ᠎ᠶ᠋ᠢᠨ ᠲᠤᠬᠠᠢ᠎ᠶ᠋ᠢᠨ ᠲᠠᠯᠠᠪᠠᠢ᠎ᠳᠤ  ᠤᠬᠠᠭᠤᠯᠤᠨ ᠲᠠᠢᠯᠪᠤᠷᠢᠯᠠᠭ᠍ᠴᠢ ᠬᠤᠸᠠᠩ ᠭᠦᠸᠧ ᠼᠠᠢ᠂ ᠳ᠋ᠢ ᠳ᠋ᠢ ᠲᠤᠰ ᠲᠤᠰ 《ᠳᠦᠷᠡᠯᠵᠡᠭ᠌ᠰᠡᠨ ᠭᠠᠯ᠎ᠳᠤ ᠬᠠᠳᠠᠨ ᠪᠠᠲᠤ ᠰᠦᠰᠦ ᠵᠤᠷᠢᠭ᠎ᠢ ᠳᠠᠪᠲᠠᠨ ᠪᠣᠯᠪᠠᠰᠤᠷᠠᠭᠤᠯᠤᠨ᠎ᠠ》᠂ 《ᠬᠤᠪᠢᠷᠠᠰᠢ ᠦᠭᠡᠢ ᠨᠣᠭᠣᠭᠠᠨ ᠦᠩᠭᠡ᠂ ᠤᠯᠠᠮᠵᠢᠯᠠᠨ ᠵᠠᠯᠭᠠᠮᠵᠢᠯᠠᠬᠤ ᠬᠤᠪᠢᠰᠬᠠᠯᠳᠤ ᠤᠳᠤᠮᠰᠢᠯ》 ᠭᠡᠬᠦ᠌ ᠰᠡᠳᠦᠪ᠎ᠢᠶᠡᠷ ᠲᠤᠰ ᠪᠡᠶ᠎ᠡ᠎ᠶ᠋ᠢᠨ ᠥᠩᠭᠡᠷᠡᠯᠲᠡ᠎ᠲᠡᠶ᠎ᠪᠡᠨ ᠤᠶᠠᠯᠳᠤᠭᠤᠯᠵᠤ᠂ ᠬᠥᠮᠦᠰ᠎ᠦᠨ ᠰᠡᠳᠭᠢᠯ᠎ᠢ ᠳᠣᠭ᠍ᠳᠣᠯᠤᠭᠤᠯᠤᠮ᠎ᠠ ᠠᠬᠠᠮᠠᠳ ᠴᠡᠷᠢᠭ᠎ᠦᠨ ᠦᠯᠢᠭᠡᠷ᠎ᠢ ᠶᠠᠷᠢᠵᠠᠢ᠃ ᠡᠭᠦᠨ᠎ᠳᠦ ᠳᠠᠢ᠌ᠨ᠎ᠦ ᠭᠠᠯ ᠳᠦᠷᠡᠯᠵᠡᠭ᠌ᠰᠡᠨ ᠣᠨ ᠵᠢᠯ᠎ᠦᠳ᠎ᠲᠦ ᠤᠯᠤᠰ ᠣᠷᠣᠨ᠎ᠢᠶᠠᠨ ᠬᠠᠮᠠᠭᠠᠯᠠᠭ᠍ᠰᠠᠨ ᠪᠠᠭᠠᠲᠤᠷᠯᠢᠭ ᠳᠠᠢ᠌ᠨ᠎ᠦ ᠳᠠᠯᠠᠪᠤᠷ᠎ᠤᠨ ᠦᠯᠢᠭᠡᠷ ᠪᠤᠢ᠂ ᠤᠮᠠᠷᠠᠲᠤ ᠬᠢᠯᠢ᠎ᠳᠦ ᠦᠨᠳᠦᠰᠦᠯᠡᠵᠦ᠍ ᠵᠠᠯᠠᠭᠤ ᠨᠠᠰᠤ᠎ᠪᠠᠨ ᠵᠣᠷᠢᠭᠤᠯᠵᠦ᠂ ᠬᠢᠯᠢ᠎ᠪᠡᠨ ᠰᠠᠬᠢᠵᠤ ᠬᠠᠷᠢᠭᠤᠴᠠᠯᠭ᠎ᠠ ᠡᠭᠦᠷᠭᠡᠯᠡᠬᠰᠡᠨ ᠦᠯᠢᠭᠡᠷ ᠤᠴᠢᠷ ᠪᠤᠢ ᠁ ᠡᠳᠡᠭᠡᠷ ᠦᠨᠡᠨ ᠪᠣᠳᠠᠲᠠᠢ ᠪᠥᠭᠡᠳ ᠠᠮᠢᠳᠤᠯᠢᠭ ᠦᠢᠯᠡ ᠠᠵᠢᠯᠯᠠᠭ᠎ᠠ ᠨᠢ ᠲᠤᠬᠠᠢ᠎ᠶ᠋ᠢᠨ ᠲᠠᠯᠠᠪᠠᠢ᠎ᠵᠢᠨ ᠪᠠᠭ᠍ᠰᠢ ᠰᠤᠷᠤᠬ᠍ᠴᠢ᠎ᠶᠢ ᠳᠣᠭ᠍ᠳᠣᠯᠤᠭᠤᠯᠵᠤ᠂ ᠳᠡᠳᠡᠨᠡᠷ᠎ᠲᠦ ᠠᠬᠠᠮᠠᠳ ᠬᠤᠪᠢᠰᠭᠠᠯᠴᠢᠳ᠎ᠤᠨ ᠡᠷᠡᠰ ᠪᠠᠲᠤ ᠢᠲᠡᠭᠡᠯ ᠪᠢᠱᠢᠷᠡᠯ ᠪᠠ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠎ᠶ᠋ᠢ ᠦᠨᠡᠨ ᠬᠦ᠌ ᠮᠡᠳᠡᠷᠡᠭᠦᠯᠪᠡ᠃

ᠰᠤᠷᠤᠭ᠍ᠴᠢᠳ᠂ ᠲᠣᠰ ᠤᠳᠠᠭᠠᠨ᠎ᠤ ᠤᠬᠠᠭᠤᠯᠤᠨ ᠲᠠᠢᠯᠪᠤᠷᠢᠯᠠᠯᠲᠠ᠎ᠨᠢ ᠲᠡᠳᠡᠨ᠎ᠳᠦ ᠲᠡᠦᠬᠡ᠎ᠶ᠋ᠢ ᠪᠠᠲᠤ ᠴᠡᠭᠡᠵᠢᠯᠡᠵᠦ᠍᠂ ᠥᠪᠡᠷ᠎ᠦᠨ ᠵᠠᠩ ᠰᠤᠷᠲᠠᠯ ᠪᠠ ᠴᠢᠳᠠᠪᠤᠷᠢ᠎ᠪᠠᠨ ᠲᠠᠰᠤᠷᠠᠯᠲᠠ ᠥᠬᠡᠶ ᠳᠠᠪᠲᠠᠨ ᠪᠣᠯᠪᠠᠰᠤᠷᠠᠭᠤᠯᠵᠤ᠂ ᠤᠯᠤᠰ᠎ᠢᠶᠠᠨ ᠬᠠᠢᠷᠠᠯᠠᠬᠤ ᠰᠡᠳᠭᠢᠯᠭᠡ ᠪᠠ ᠬᠠᠷᠢᠭᠤᠴᠠᠯᠭᠠᠲᠤ ᠰᠡᠳᠭᠢᠯᠭᠡ᠎ᠶ᠋ᠢ ᠬᠥᠮᠦᠵᠢᠭᠦᠯᠬᠦ᠌᠎ᠶ᠋ᠢᠨ ᠬᠠᠮᠲᠤ ᠨᠠᠩ ᠣᠷᠭᠢᠯᠤᠮ᠎ᠠ ᠬᠠᠯᠠᠭᠤᠨ ᠰᠡᠳᠭᠢᠯᠭᠡ ᠪᠠ ᠣᠮᠣᠭ ᠲᠡᠭᠦᠯᠳᠡᠷ ᠲᠡᠮᠡᠴᠡᠯ᠎ᠦᠨ ᠵᠣᠷᠢᠭ᠎ᠢᠶᠠᠷ ᠢᠷᠡᠭᠡᠳᠦᠶ᠎ᠶ᠋ᠢᠨ ᠥᠷᠢᠰᠥᠯᠳᠦᠭᠡᠨ᠎ᠢ ᠤᠭ᠍ᠲᠤᠨ᠎ᠠ ᠭᠡᠵᠦ᠍ ᠢᠯᠡᠳᠭᠡᠵᠡᠭᠡᠪᠡ᠃

ᠲᠣᠰ ᠤᠳᠠᠭᠠᠨ᠎ᠤ ᠠᠵᠢᠯᠯᠠᠭ᠎ᠠ᠎ᠨᠢ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠡᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠲᠡᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠵᠤ᠂ ᠨᠠᠮ᠎ᠤᠨ ᠥᠯᠢᠭᠡᠷ ᠂ ᠬᠤᠪᠢᠰᠭᠠᠯ᠎ᠤᠨ ᠥᠯᠢᠭᠡᠷ᠂ ᠦᠷᠡᠭ᠌ᠳᠡᠭ᠌ᠰᠡᠨ ᠪᠠᠭᠠᠲᠤᠷᠴᠤᠳ᠎ᠤᠨ ᠥᠯᠢᠭᠡᠷ᠎ᠢ ᠰᠠᠢᠲᠤᠷ ᠶᠠᠷᠢᠬᠤ᠎ᠪᠠᠷ ᠳᠠᠮᠵᠢᠨ ᠦᠷᠡᠭ᠌ᠳᠡᠭ᠌ᠰᠡᠨ ᠪᠠᠭᠠᠲᠤᠷᠴᠤᠳ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠵᠠᠯᠠᠭᠤᠴᠤᠳ ᠪᠠᠭᠠᠴᠤᠳ᠎ᠤᠨ ᠦᠵᠡᠯ ᠰᠠᠨᠠᠭ᠎ᠠ ᠤᠯᠤᠰ ᠲᠥᠷᠥ᠎ᠶ᠋ᠢᠨ ᠵᠢᠯᠣᠭᠣᠳᠣᠯᠭ᠎ᠠ᠎ᠶ᠋ᠢ ᠴᠢᠡᠭᠭᠠᠳᠬᠠᠵᠤ᠂ ᠲᠡᠳᠡᠨᠠᠷ᠎ᠲᠦ ᠬᠤᠪᠢᠰᠭᠠᠯ᠎ᠤᠨ ᠲᠡᠦᠬᠡ᠎ᠶ᠋ᠢ ᠨᠠᠩ ᠰᠠᠢᠲᠤᠷ ᠣᠢᠯᠠᠭᠠᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠤᠬᠠᠮᠰᠠᠷ᠎ᠢ ᠨᠢ᠎ᠲᠡᠭᠡᠭᠰᠢᠯᠡᠬᠦᠯᠵᠦ᠂  ᠬᠦᠰᠡᠯᠡᠩ ᠢᠲᠡᠭᠡᠯ ᠵᠣᠷᠢᠭ᠎ᠢ ᠪᠠᠲᠤᠳᠭᠠᠵᠦ᠂ ᠬᠤᠪᠢᠰᠭᠠᠯ᠎ᠤᠨ ᠤᠳᠤᠮᠰᠢᠯ ᠢ᠋ ᠵᠠᠯᠭᠠᠮᠵᠢᠯᠠᠭᠤᠯᠬᠤ ᠵᠢᠨ ᠲᠥᠯᠥᠭᠡ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号