ᠰᠠᠷ᠎ᠠ ᠭᠠᠷᠤᠢ᠎ᠶ᠋ᠢᠨ ᠡᠮᠦᠨ᠎ᠡ᠂ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ 《ᠪᠦᠬᠦ᠌ ᠤᠯᠤᠰ᠎ᠤᠨ ᠨᠡᠢᠲᠡ᠎ᠶ᠋ᠢᠨ ᠥᠮᠴᠢᠯᠡᠯ᠎ᠦᠨ ᠪᠤᠰᠤ ᠠᠵᠤ ᠠᠬᠤᠢ᠎ᠶ᠋ᠢᠨ ᠡᠳᠡᠭᠡᠳ᠎ᠦᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠰᠢᠯᠢᠳᠡᠭ ᠪᠦᠲᠦᠭᠡᠨ ᠪᠠᠢᠭᠤᠯᠤᠭ᠍ᠴᠢ》 ᠵᠢᠨ ᠢᠷᠠᠭᠤ ᠠᠯᠳᠠᠷ᠎ᠤᠨ ᠦᠨᠡᠮᠯᠡᠯ᠎ᠢ ᠭᠠᠷᠳᠠᠬᠰᠠᠨ ᠪᠠᠢᠳᠠᠯᠵᠢᠨᠨ ᠡᠷᠬᠢᠴᠡᠬᠦᠯᠬᠦ ᠪᠦᠷᠢ ᠥᠪᠥᠷ ᠮᠣᠩᠭᠣᠯ᠎ᠤᠨ ᠴᠠᠩ ᠬᠤᠢ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠪᠠᠢ ᠱᠢᠨ ᠯᠢᠶᠠᠩ ᠳᠣᠭ᠍ᠳᠣᠯᠤᠭ᠍ᠰᠠᠨ ᠰᠡᠳᠭᠢᠯᠭᠡ᠎ᠪᠡᠨ ᠳᠠᠷᠤᠵᠤ ᠶᠠᠳᠠᠨ᠎ᠠ᠃ ᠡᠨᠡ ᠬᠦ᠌ ᠢᠷᠠᠭᠤ ᠠᠯᠳᠠᠷ ᠨᠢ ᠲᠡᠭᠦᠨ᠎ᠦ ᠲᠤᠰ ᠪᠡᠶ᠎ᠡ᠎ᠶ᠋ᠢᠨ ᠠᠵᠢᠯ᠎ᠤᠨ ᠠᠮᠵᠢᠯᠳᠠ ᠵᠢ ᠨᠤᠲᠠᠯᠠᠵᠤ ᠪᠠᠢᠬᠤ᠎ᠪᠠᠷ ᠪᠠᠷᠠᠬᠤ ᠦᠭᠡᠢ᠂ ᠨᠡᠩ ᠴᠤ᠌ ᠺᠣᠮᠫᠠᠨᠢ᠎ᠶ᠋ᠢᠨ 14 ᠵᠢᠯ ᠤᠮᠠᠷᠠᠲᠤ ᠬᠢᠯᠢ᠎ᠳᠦ ᠦᠨᠳᠦᠰᠦᠯᠡᠵᠦ᠍᠂ ᠱᠢᠨ᠎ᠡ᠎ᠶ᠋ᠢ ᠡᠭᠦᠳᠬᠦ᠌᠎ᠪᠡᠷ ᠵᠣᠷᠢᠭ ᠱᠢᠭᠤᠳᠤᠭ᠍ᠰᠠᠨ ᠲᠡᠮᠡᠴᠡᠯ᠎ᠦᠨ ᠥᠩᠭᠡᠷᠡᠯᠲᠡ᠎ᠶ᠋ᠢ ᠨᠢ ᠬᠡᠷᠡᠴᠢᠯᠡᠵᠤ ᠪᠠᠢᠨ᠎ᠠ᠃
2011 ᠣᠨ᠎ᠳᠤ᠂ ᠥᠪᠥᠷ ᠮᠣᠩᠭᠣᠯ᠎ᠤᠨ ᠴᠠᠩ ᠬᠤᠢ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ ᠲᠦᠩᠯᠢᠶᠣᠤ ᠬᠤᠳᠠ᠎ᠶ᠋ᠢᠨ ᠺᠠᠢᠯᠦ᠍ ᠱᠢᠶᠠᠨ᠎ᠳᠤ ᠪᠠᠢᠭᠤᠯᠤᠭ᠍ᠳᠠᠪᠠ᠃ ᠰᠤᠳᠤᠯᠤᠨ ᠨᠡᠭᠡᠭᠡᠬᠦ᠌᠂ ᠦᠢᠯᠡᠳᠪᠦᠷᠢᠯᠡᠬᠦ᠌᠂ ᠪᠣᠷᠣᠯᠠᠭᠤᠯᠬᠤ᠎ᠶ᠋ᠢ ᠨᠢᠭᠡ ᠴᠣᠭ᠍ᠴᠠᠵᠢᠭᠤᠯᠤᠬᠰᠠᠨ ᠲᠤᠰᠭᠠᠢᠵᠢᠭ᠍ᠰᠠᠨ ᠠᠮᠢᠳᠤ ᠪᠤᠳᠠᠰ᠎ᠤᠨ ᠦᠢᠯᠡᠳᠪᠦᠷᠢᠯᠡᠯ᠎ᠦᠨ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠴᠠᠩ ᠬᠤᠢ ᠠᠮᠢᠳᠤ ᠪᠣᠳᠠᠰ᠎ᠤᠨ ᠠᠵᠤ ᠠᠬᠤᠢᠯᠠᠯ ᠨᠢ ᠭᠣᠣᠯᠳᠠᠭᠤ ᠤᠰᠤᠨ ᠠᠵᠠᠷᠭᠠᠨ᠎ᠠ ᠵᠢᠨ ᠡᠳ᠋᠂ ᠠᠮᠳᠠᠯᠢᠭ ᠱᠢᠬᠢᠷ᠂ ᠮᠠᠭᠠᠵᠢ᠎ᠶ᠋ᠢᠨ ᠡᠳ᠋᠂ ᠭᠠᠱᠢᠭᠤᠨ ᠰᠠᠭᠠᠭ᠎ᠤᠨ ᠱᠢᠷ᠎ᠠ ᠺᠧᠲ᠋ᠣᠨ ᠵᠡᠷᠭᠡ ᠬᠡᠳᠦᠨ ᠠᠷᠪᠠᠨ ᠵᠦᠢᠯ᠎ᠦᠨ ᠤᠷᠭᠤᠮᠠᠯ᠎ᠡᠴᠡ ᠭᠠᠷᠭᠠᠨ ᠠᠪᠬᠤ ᠡᠳ᠋ ᠢ᠋ ᠤᠢᠯᠡᠳᠪᠤᠷᠢᠯᠠᠵᠤ᠂ ᠡᠳᠡᠭᠡᠷ᠎ᠢ ᠡᠮ ᠬᠢᠬᠦ᠌᠂ ᠡᠷᠡᠭᠦᠯᠵᠢᠯ᠎ᠦᠨ ᠢᠳᠡᠭᠡᠨ ᠵᠡᠷᠭᠡ ᠠᠵᠢᠯ ᠲᠦᠷᠦᠯ᠎ᠳᠦ ᠥᠷᠭᠡᠨ᠎ᠢᠶᠡᠷ ᠬᠡᠷᠡᠭ᠌ᠯᠡᠵᠦ᠍ ᠪᠤᠢ᠃
ᠠᠵᠤ ᠠᠬᠤᠢᠯᠠᠯ᠎ᠤᠨ ᠠᠶᠠᠯᠠᠯ᠎ᠤᠨ ᠵᠠᠯᠠᠭᠤᠷᠴᠢᠨ ᠪᠣᠯᠤᠭ᠍ᠰᠠᠨ᠎ᠤ ᠬᠤᠪᠢ᠎ᠳᠤ᠂ ᠱᠢᠨ᠎ᠡ ᠨᠢᠭᠡ ᠡᠭᠡᠯᠵᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠤᠪᠢᠰᠭᠠᠯ ᠪᠣᠯᠤᠨ ᠠᠵᠤ ᠦᠢᠯᠡᠰ᠎ᠦᠨ ᠬᠤᠪᠢᠰᠤᠯᠲᠠ ᠥᠷᠨᠢᠨ ᠬᠥᠭ᠌ᠵᠢᠵᠦ᠍ ᠪᠠᠢᠭ᠎ᠠ ᠦᠨᠦᠳᠦᠷ᠂ ᠬᠡᠨ ᠬᠥᠮᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠯ᠎ᠠ᠎ᠪᠠᠷ ᠤᠷᠢᠳ᠎ᠢᠶᠠᠷ ᠨᠢᠭᠡ ᠠᠯᠬᠤᠮ ᠤᠷᠤᠭ᠍ᠰᠢᠯᠠᠪᠠᠯ᠂ ᠲᠡᠷᠡ ᠬᠥᠮᠦᠨ ᠳᠠᠷᠤᠢ ᠬᠥᠭ᠌ᠵᠢᠯᠲᠡ᠎ᠶ᠋ᠢ ᠬᠦᠲᠦᠯᠦᠨ ᠳᠠᠭᠠᠭᠤᠯᠬᠤ ᠰᠠᠨᠠᠭᠠᠴᠢᠯᠠᠭᠠᠲᠤ ᠡᠷᠬᠡ᠎ᠵᠢ ᠡᠵᠡᠮᠳᠡᠵᠤ ᠪᠤᠯᠬᠤ ᠵᠢ ᠪᠠᠢ ᠰᠢᠨ ᠯᠢᠶᠠᠡᠭ ᠬᠦᠨ ᠤᠢᠯᠠᠭᠠᠨ᠎ᠠ᠃ ᠲᠡᠭᠦᠨ᠎ᠦ ᠲᠠᠭᠠᠭᠤᠯᠭ᠎ᠠ ᠳᠣᠣᠷ᠎ᠠ᠂ ᠴᠠᠩ ᠬᠤᠢ ᠠᠮᠢᠳᠤ ᠪᠣᠳᠠᠰ᠎ᠤᠨ ᠠᠵᠤ ᠠᠬᠤᠢᠯᠠᠯ᠎ᠨᠢ 13% ᠭᠠᠷᠤᠢ ᠵᠢᠨ ᠰᠤᠳᠤᠯᠤᠨ ᠨᠡᠭᠡᠭᠡᠬᠦ᠌ ᠪᠡᠯᠡ ᠣᠷᠣᠭᠤᠯᠤᠯᠲᠠ᠎ᠪᠡᠷ ᠦᠷᠭᠦᠯᠵᠢᠯᠡᠨ 《ᠪᠣᠭᠣᠮᠢ》 ᠪᠤᠯᠵᠤ ᠪᠠᠢᠭ᠎ᠠ ᠮᠡᠷᠬᠡᠵᠢᠯ᠎ᠤᠨ ᠠᠰᠠᠭᠤᠳᠠᠯ᠎ᠢ ᠱᠢᠪᠲᠤᠯᠪᠠ᠃ ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠤᠳᠤᠯᠤᠨ ᠨᠡᠭᠡᠭᠡᠬᠦ᠌ ᠲᠠᠪᠴᠠᠩ᠎ᠳᠤ ᠲᠦᠱᠢᠭ᠌ᠯᠡᠨ᠂ ᠴᠠᠩ ᠬᠣᠶ ᠠᠮᠢᠳᠤ ᠪᠣᠳᠠᠰ᠎ᠤᠨ ᠬᠢᠨ ᠤᠷᠭᠤᠮᠠᠯ᠎ᠡᠴᠡ ᠡᠳ᠋ ᠭᠠᠷᠭᠠᠨ ᠠᠪᠬᠤ 40 ᠭᠠᠷᠤᠶ ᠵᠦᠶ᠋ᠯ᠎ᠦᠨ ᠭᠤᠤᠯᠯᠠᠬᠤ ᠮᠡᠷᠭᠡᠵᠢᠯ᠎ᠢ ᠡᠭᠦᠳᠴᠤ᠂ 48 ᠵᠦᠶ᠋ᠯ᠎ᠦᠨ ᠤᠯᠤᠰ᠎ᠤᠨ ᠲᠤᠰᠭᠠᠶ ᠠᠱᠢᠭ᠎ᠢ ᠭᠥᠷᠳᠡᠵᠦ᠍᠂ 《ᠲᠠᠯ᠎ᠠ ᠨᠤᠲᠤᠭ᠎ᠤᠨ ᠴᠢᠳᠠᠪᠤᠷᠢᠲᠠᠨ》 ᠤ᠋ ᠦᠶ᠋ᠯᠡᠰ ᠪᠤᠰᠬᠠᠬᠤ ᠴᠢᠳᠠᠪᠤᠷᠢᠲᠠᠨ᠎ᠤ ᠪᠦᠯᠬᠦᠮ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠪᠱᠢᠯᠲᠠ᠎ᠶ᠋ᠢᠨ ᠱᠠᠩᠨᠠᠯ ᠵᠡᠷᠭᠡ ᠣᠯᠠᠨ ᠵᠦᠶ᠋ᠯ᠎ᠦᠨ ᠢᠷᠠᠭᠤ ᠠᠯᠳᠠᠷ᠎ᠢ ᠭᠥᠷᠳᠡᠪᠡ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠬᠦᠴᠦᠨ ᠴᠢᠳᠠᠯ ᠣᠯᠭᠣᠭ᠍ᠰᠠᠨ ᠴᠠᠩ ᠬᠤᠢ ᠠᠮᠢᠳᠤ ᠪᠣᠳᠠᠰ᠎ᠤᠨ ᠠᠵᠤ ᠠᠬᠤᠢᠯᠠᠯ ᠨᠢ ᠪᠦᠬᠦ᠌ ᠪᠥᠮᠪᠥᠷᠴᠡᠭ᠎ᠦᠨ ᠬᠠᠮᠤᠭ᠎ᠤᠨ ᠶᠡᠬᠡ ᠠᠮᠳᠠᠯᠢᠭ ᠱᠢᠬᠢᠷ᠎ᠦᠨ ᠦᠢᠯᠡᠳᠪᠦᠷᠢᠯᠡᠯ᠎ᠦᠨ ᠰᠠᠭᠤᠷᠢᠨ ᠪᠣᠯᠤᠨ ᠤᠯᠤᠰ᠎ᠤᠨ ᠲᠡᠰ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠪᠤᠯᠵᠤ᠂ ᠤᠯᠤᠰ᠎ᠤᠨ ᠲᠤᠰᠬᠠᠢᠵᠢᠬᠰᠠᠨ ᠨᠠᠷᠢᠯᠢᠭᠵᠢᠬᠰᠠᠨ ᠣᠨᠴᠠᠯᠢᠬᠵᠢᠬᠰᠠᠨ ᠱᠢᠨ᠎ᠡ《ᠵᠢᠵᠢᠭ ᠠᠪᠤᠷᠭᠤ》ᠠᠵᠤ ᠠᠬᠤᠢᠯᠠᠯ ᠪᠤᠯᠵᠤ᠂ ᠦᠢᠯᠡᠳᠪᠦᠷᠢᠯᠡᠯ᠎ᠦᠨ ᠱᠤᠭᠤᠮ᠎ᠤᠨ ᠠᠦ᠋ᠲ᠋ᠣᠴᠢᠯᠠᠯᠲᠠ᠎ᠶ᠋ᠢᠨ ᠲᠦᠪᠱᠢᠨ ᠠᠳᠠᠯᠢ ᠠᠵᠢᠯ ᠲᠦᠷᠦᠯ᠎ᠦᠨ ᠲᠤᠳᠤᠷ᠎ᠠ ᠪᠠᠨ ᠲᠡᠷᠢᠭᠦᠨ᠎ᠦ ᠲᠦᠪᠱᠢᠨ᠎ᠳᠦ ᠬᠦᠷᠴᠡᠢ᠃ ᠦᠢᠯᠡᠳᠪᠦᠷᠢᠯᠡᠭ᠌ᠰᠡᠨ ᠠᠮᠲᠠᠯᠢᠭ ᠱᠢᠬᠢᠷ᠎ᠦᠨ ᠪᠦᠬᠦ᠌ ᠪᠥᠮᠪᠥᠷᠴᠡᠭ᠎ᠦᠨ ᠵᠠᠬ᠎ᠠ ᠳᠡᠯᠭᠡᠭᠦᠷ᠎ᠲᠦ ᠡᠵᠡᠯᠡᠬᠦ᠌ ᠬᠤᠪᠢ ᠵᠢᠨ ᠵᠢᠩ ᠨᠢ ᠪᠠᠷᠤᠭ 80% ᠳ᠋ᠤ ᠬᠦᠷᠴᠤ᠂ ᠲᠤᠰ ᠠᠵᠤ ᠠᠬᠤᠢᠯᠠᠯ᠎ᠤᠨ ᠤᠰᠤᠨ ᠠᠵᠠᠷᠭᠠᠨ᠎ᠠ ᠵᠢᠨ ᠡᠳ᠋ ᠤ᠋ᠨ ᠪᠦᠬᠦ᠌ ᠪᠥᠮᠪᠥᠷᠴᠡᠭ᠎ᠦᠨ ᠵᠠᠬ᠎ᠠ ᠳᠡᠯᠭᠡᠭᠦᠷ᠎ᠲᠡᠬᠢ ᠡᠵᠡᠯᠡᠬᠦ᠌ ᠬᠤᠪᠢ ᠵᠢᠨ ᠵᠢᠩ ᠨᠢ ᠪᠠᠷᠤᠭ 35% ᠳ᠋ᠤ ᠬᠦᠷᠴᠤ᠂ 38 ᠤᠯᠤᠰ ᠪᠠ ᠭᠠᠵᠠᠷ ᠣᠷᠣᠨ᠎ᠳᠤ ᠪᠣᠷᠣᠯᠠᠭᠤᠯᠤᠭ᠍ᠳᠠᠵᠤ ᠪᠤᠢ᠃
ᠶᠠᠰᠤ ᠴᠢᠨᠠᠷ ᠪᠣᠯ ᠠᠵᠤ ᠠᠬᠤᠢᠯᠠᠯ᠎ᠤᠨ ᠠᠮᠢ ᠨᠠᠰᠤ ᠮᠥᠨ᠂ ᠮᠠᠨ᠎ᠤ ᠤᠷᠤᠨ᠎ᠤ ᠠᠮᠢᠳᠤ ᠪᠣᠳᠠᠰ ᠤ᠋ᠨ ᠠᠵᠤ ᠦᠢᠯᠡᠰ᠎ᠤᠨ ᠲᠠᠯ᠎ᠠ ᠨᠤᠲᠤᠭ᠎ᠡᠴᠡ ᠭᠠᠷᠴᠤ ᠳᠡᠯᠡᠬᠡᠶ ᠳ᠋ᠡᠬᠢᠨᠳ᠋ᠤ ᠦᠷᠢᠰᠦᠯᠳᠦᠬᠦ ᠭᠤᠤᠯᠯᠠᠬᠤ ᠬᠦᠴᠦᠨ ᠮᠥᠨ᠃ ᠣᠯᠠᠨ ᠵᠢᠯ᠎ᠦᠨ ᠲᠤᠷᠰᠢ᠂ ᠪᠠᠶ ᠱᠢᠨ ᠯᠢᠶᠠᠩ᠎ᠤᠨ ᠳᠠᠭᠠᠭᠤᠯᠭ᠎ᠠ ᠪᠠ ᠴᠢᠷᠮᠠᠢᠯᠭ᠎ᠠ ᠳᠤᠤᠷ᠎ᠠ᠂ ᠺᠣᠮᠫᠠᠨᠢ᠎ᠶ᠋ᠢᠨ ᠦᠶ᠋ᠯᠡᠳᠬᠦᠨ ISO9001 ᠭᠡᠷᠡᠴᠢᠯᠡᠯ᠂ ISO22000 ᠭᠡᠷᠡᠴᠢᠯᠡᠯ᠂ NSF - GMP ᠭᠡᠷᠡᠴᠢᠯᠡᠯ᠂ kosher ᠭᠡᠷᠡᠴᠢᠯᠡᠯ ᠵᠡᠷᠭᠡ᠎ᠶ᠋ᠢ ᠤᠯᠵᠤ᠂ ᠳᠡᠯᠡᠬᠡᠢᠵᠢᠯᠲᠡ᠎ᠶ᠋ᠢᠨ ᠥᠷᠢᠰᠥᠯᠳᠦᠭᠡᠨ᠎ᠦ ᠳᠤᠮᠳᠠ ᠢᠲᠡᠭᠡᠯ ᠵᠤᠷᠢᠭ᠎ᠢ ᠪᠦᠷᠢᠳᠦᠬᠦᠯᠦᠭᠰᠡᠨ ᠪᠠᠢᠨ᠎ᠠ᠃ ᠣᠢᠷ᠎ᠠ᠎ᠶ᠋ᠢᠨ 5 ᠵᠢᠯ᠎ᠳᠦ ᠪᠣᠷᠣᠯᠠᠭᠤᠯᠭ᠎ᠠ᠎ᠶ᠋ᠢᠨ ᠣᠷᠣᠯᠭ᠎ᠠ᠎ᠨᠢ ᠨᠡᠢᠲᠡ 13.21 ᠳ᠋ᠦᠩᠱᠢᠭᠤᠷ ᠲᠥᠭᠥᠷᠢᠭ ᠲᠤ᠌ ᠬᠦᠷᠴᠤ᠂ 4.14 ᠳ᠋ᠦᠩᠱᠢᠭᠤᠷ ᠲᠥᠭᠥᠷᠢᠭ᠎ᠤ᠋ᠨ ᠠᠰᠢᠬ ᠤᠷᠤᠯᠭ᠎ᠠ ᠵᠢᠨ ᠭᠠᠢᠯᠢ ᠲᠤᠰᠢᠶᠠᠵᠤ᠂ ᠠᠳᠠᠯᠢ ᠬᠤᠭᠤᠴᠠᠭᠠᠨ᠎ᠤ᠎ᠬᠢ᠎ᠡᠴᠡ ᠶᠡᠬᠡ ᠬᠡᠮᠵᠢᠶ᠎ᠡ᠎ᠪᠡᠷ ᠨᠡᠮᠡᠭ᠌ᠳᠡᠵᠦ᠍᠂ ᠣᠷᠣᠨ ᠨᠤᠲᠤᠭ᠎ᠤᠨ ᠠᠵᠤ ᠠᠬᠤᠶ᠎ᠶ᠋ᠢᠨ ᠬᠥᠭ᠌ᠵᠢᠯᠲᠡ᠎ᠳᠦ ᠬᠦᠴᠦᠲᠡᠶ ᠬᠥᠳᠡᠯᠭᠡᠬᠦ᠌ ᠬᠦᠴᠦᠨ ᠨᠡᠮᠡᠷᠢᠯᠡᠪᠡ᠃ ᠠᠵᠤ ᠠᠬᠤᠢᠯᠠᠯ ᠨᠢ ᠥᠪᠡᠷᠲᠡᠭᠡᠨ ᠵᠠᠰᠠᠬᠤ ᠣᠷᠣᠨ᠎ᠤ ᠢᠲᠡᠭᠡᠮᠵᠢ ᠵᠢᠨ ᠪᠠᠷᠢᠮᠵᠢᠶ᠎ᠠ᠎ᠳᠤ ᠬᠦᠷᠦᠭ᠌ᠰᠡᠨ ᠠᠵᠤ ᠠᠬᠤᠢᠯᠠᠯ᠎ᠢᠶᠠᠷ ᠦᠨᠡᠯᠡᠭ᠌ᠳᠡᠵᠦ᠍᠂ 3 ᠵᠢᠯ ᠳᠠᠷᠠᠭᠠᠯᠠᠨ A ᠲᠡᠰ᠎ᠤᠨ ᠭᠠᠢᠯᠢ ᠲᠤᠱᠢᠶᠠᠭ᠍ᠴᠢ᠎ᠪᠠᠷ ᠦᠨᠡᠯᠡᠭ᠌ᠳᠡᠪᠡ᠃
ᠴᠠᠩ ᠬᠤᠢ ᠠᠮᠢᠳᠤ ᠪᠣᠳᠠᠰ ᠤ᠋ᠨ ᠠᠵᠤ ᠠᠬᠤᠢᠯᠠᠯ᠎ᠤᠨ ᠬᠢᠨ 《ᠦᠯᠵᠡᠢᠳᠤ ᠤᠳᠪᠠᠯᠠ ᠲᠡᠷᠢᠵᠤ ᠶᠠᠳᠠᠭᠤ᠎ᠶ᠋ᠢ ᠲᠡᠳᠬᠦᠬᠦ᠌ ᠲᠥᠷᠥᠯ ᠵᠦᠶ᠋ᠯ》 ᠵᠢᠨᠷ ᠳᠠᠮᠵᠢᠨ ᠲᠦᠩᠯᠢᠶᠣᠤ ᠬᠣᠲᠠ᠎ᠶ᠋ᠢᠨ ᠮᠢᠩᠭᠠᠨ ᠡᠷᠦᠬᠡ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠪᠡ;《ᠰᠣᠳᠣᠨ ᠴᠢᠳᠠᠪᠤᠷᠢᠲᠠᠨ᠎ᠤ ᠲᠥᠯᠥᠪᠯᠡᠭᠡ》 ᠪᠡᠷ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠲᠦ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯ᠎ᠤᠨ ᠪᠠᠢᠷᠢ ᠬᠠᠩᠭᠠᠵᠤ᠂ ᠠᠵᠢᠯ ᠣᠯᠭᠣᠯᠲᠠ᠎ᠶ᠋ᠢᠨ ᠪᠠᠭ᠍ᠲᠠᠭᠠᠮᠵᠢ᠎ᠶ᠋ᠢ ᠦᠷᠭᠦᠯᠵᠢᠯᠡᠨ ᠥᠷᠭᠡᠳᠭᠡᠵᠦ᠍᠂ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢᠶᠡᠷ ᠨᠡᠩ ᠤᠯᠠᠨ ᠬᠥᠮᠦᠨ᠎ᠳᠦ ᠠᠱᠢᠭ ᠬᠦᠷᠲᠡᠭᠡᠪᠠ᠃ ᠣᠢᠷ᠎ᠠ᠎ᠶ᠋ᠢᠨ 5 ᠵᠢᠯ᠎ᠳᠦ ᠨᠡᠢᠲᠡ 500 ᠭᠠᠷᠤᠶ ᠲᠦᠮᠡᠨ ᠲᠥᠭᠥᠷᠢᠭ ᠬᠠᠨᠳᠢᠪᠯᠠᠵᠤ᠂ ᠨᠡᠢᠭᠡᠮ᠎ᠦᠨ ᠨᠡᠢᠲᠡ᠎ᠶ᠋ᠢᠨ ᠠᠰᠠᠷᠠᠮᠵᠢ᠎ᠶ᠋ᠢᠨ ᠦᠶ᠋ᠯᠡᠰ ᠪᠠ ᠨᠢᠭᠦᠯᠡᠰᠦᠩᠭᠦᠶ ᠵᠢᠨ ᠦᠶ᠋ᠯᠡᠰ᠎ᠢ ᠳᠡᠮᠵᠢᠬᠦ᠌᠎ᠳᠦ ᠬᠡᠷᠡᠭ᠌ᠯᠡᠪᠡ᠃ ᠣᠳᠣᠬᠠᠨ᠎ᠳᠤ᠂ ᠪᠠᠢ ᠱᠢᠨ ᠯᠢᠶᠠᠩ ᠪᠠᠰᠠ《ᠲᠦᠮᠡᠨ ᠠᠵᠤ ᠠᠬᠤᠢᠯᠠᠯ ᠲᠦᠮᠡᠨ ᠲᠣᠰᠭᠣᠨ᠎ᠢ ᠮᠠᠨᠳᠤᠭᠤᠯᠬᠤ》 ᠠᠵᠢᠯᠯᠠᠭ᠎ᠠ ᠳᠤᠮᠳᠠ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠲᠠᠷᠢᠶᠠᠴᠢᠳ᠎ᠢ ᠪᠠᠶᠠᠵᠢᠭᠤᠯᠬᠤ ᠱᠢᠨ᠎ᠡ ᠵᠠᠭ᠍ᠪᠤᠷ᠎ᠢ ᠡᠭᠦᠳᠴᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ᠍᠂ ᠲᠠᠯ᠎ᠠ ᠨᠤᠲᠤᠭ᠎ᠤᠨ ᠪᠣᠬᠢᠷᠲᠤᠯ ᠦᠭᠡᠢ ᠠᠵᠤ ᠦᠢᠯᠡᠰ᠎ᠢᠶᠡᠷ ᠨᠡᠩ ᠤᠯᠠᠨ ᠠᠷᠠᠳ ᠲᠦᠮᠡᠨ᠎ᠳᠦ ᠠᠱᠢᠭ ᠬᠦᠷᠲᠡᠭᠡᠬᠦ᠌᠎ᠪᠡᠷ ᠲᠥᠯᠥᠪᠯᠡᠵᠦ᠍ ᠪᠠᠢᠨ᠎ᠠ᠃
ᠪᠠᠢ ᠱᠢᠨ ᠯᠢᠶᠠᠩ᠂ ᠴᠠᠩ ᠬᠤᠢ ᠠᠮᠢᠳᠤ ᠪᠣᠳᠠᠰ᠎ᠤᠨ ᠠᠵᠤ ᠠᠬᠤᠢᠯᠠᠯ ᠬᠡᠳᠦᠢᠪᠡᠷ ᠠᠮᠲᠠᠯᠢᠭ ᠱᠢᠬᠢᠷ᠂ ᠤᠰᠤᠨ ᠠᠵᠠᠷᠭᠠᠨ᠎ᠠ ᠵᠢᠨ ᠡᠳ᠋ ᠵᠡᠷᠭᠡ ᠨᠠᠷᠢᠨ ᠵᠤᠢᠯᠡᠰ ᠤ᠋ᠨ ᠬᠦᠷᠢᠶᠡᠨ᠎ᠳᠦ ᠪᠦᠬᠦ᠌ ᠪᠥᠮᠪᠥᠷᠴᠡᠭ᠎ᠲᠦ ᠲᠡᠷᠢᠭᠦᠯᠡᠭ᠌ᠰᠡᠨ ᠪᠣᠯᠪᠠᠴᠤ᠌ 《ᠳᠡᠯᠡᠬᠡᠢ᠎ᠶ᠋ᠢᠨ ᠲᠡᠷᠢᠭᠦᠨ ᠵᠡᠷᠭᠡ》 ᠡᠴᠡ ᠪᠠᠰᠠ ᠬᠤᠯᠠ ᠵᠦᠷᠢᠶ᠎ᠠ ᠳᠠᠢ ᠪᠠᠢᠭ᠍ᠰᠠᠭᠠᠷ; ᠬᠡᠳᠦᠢᠪᠡᠷ 48 ᠵᠦᠶ᠋ᠯ᠎ᠦᠨ ᠲᠤᠰᠭᠠᠶ ᠠᠱᠢᠭ ᠬᠦᠷᠳᠡᠭᠰᠡᠨ ᠪᠣᠯᠪᠠᠴᠤ᠌ ᠠᠩᠬᠠᠨ᠎ᠤ ᠡᠭᠦᠳᠦᠯᠲᠡ᠎ᠶ᠋ᠢᠨ ᠴᠢᠨᠠᠷᠲᠠᠶ᠂ ᠲᠤᠢᠯᠪᠤᠷᠢᠳᠡᠢ ᠦᠬᠡᠷᠡᠴᠢᠯᠡᠭᠰᠡᠨ ᠮᠠᠶᠢᠭ᠎ᠤᠨ ᠦᠷ᠎ᠡ ᠪᠦᠲᠦᠭᠡᠯ ᠮᠥᠨ ᠯᠡ ᠬᠦᠷᠦᠯᠴᠡᠬᠦ᠌ ᠥᠬᠡᠶ ᠪᠠᠢᠨ᠎ᠠ; ᠬᠡᠳᠦᠢᠪᠡᠷ ᠠᠵᠢᠯ ᠣᠯᠭᠣᠯᠲᠠ᠎ᠶ᠋ᠢ ᠳᠠᠢᠴᠢᠯᠠᠭ᠍ᠰᠠᠨ ᠪᠣᠯᠪᠠᠴᠤ᠌ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠭᠦᠨᠴᠡ᠂ ᠥᠷᠭᠡᠴᠡ᠎ᠶ᠋ᠢ ᠮᠥᠨ ᠬᠦ᠌ ᠥᠷᠭᠡᠳᠭᠡᠬᠦ᠌ ᠴᠢᠬᠤᠯᠠᠲᠠᠶ᠃ 《ᠢᠷᠡᠭᠡᠳᠦᠢ᠎ᠳᠦ ᠪᠢᠳᠡ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠳᠭᠡᠨ ᠪᠣᠢᠵᠢᠭᠤᠯᠵᠤ᠂ ᠤᠷᠭᠤᠮᠠᠯ᠎ᠡᠴᠡ ᠭᠠᠷᠭᠠᠵᠤ ᠠᠪᠤᠭ᠍ᠰᠠᠨ ᠡᠳ᠋ ᠢ᠋ 〈ᠥᠪᠥᠷ ᠮᠣᠩᠭᠣᠯ᠎ᠤᠨ ᠦᠢᠯᠡᠳᠭᠡᠯ〉 ᠡᠴᠡ 〈ᠳᠤᠮᠳᠠᠳᠤ ᠤᠯᠤᠰ᠎ᠤᠨ ᠤᠶᠤᠨ᠎ᠤ ᠦᠢᠯᠡᠳᠭᠡᠯ 〉 ᠲᠡᠢᠰᠢ ᠬᠥᠭ᠌ᠵᠢᠬᠦᠯᠬᠦ ᠶ᠋ᠢ ᠠᠬᠢᠭᠤᠯᠤᠨ᠎ᠠ》 ᠭᠡᠪᠡ᠃