ᠰᠦᠨ ᠱᠤᠤ ᠴᠧᠩ ᠤᠷᠳᠤᠰ ᠬᠤᠳᠠ᠎ᠳᠤ ᠪᠠᠢᠴᠠᠭᠠᠨ ᠰᠤᠳᠤᠯᠬᠤ ᠳ᠋ᠠᠭᠠᠨ ᠴᠢᠬᠤᠯᠠᠴᠢᠯᠠᠭ᠍ᠰᠠᠨ ᠨᠢ ᠥᠷᠯᠥᠭᠡ ᠦᠳᠡᠰᠢ᠎ᠶ᠋ᠢ ᠲᠡᠮᠡᠴᠡᠨ ᠱᠢᠨ᠎ᠡ ᠲᠠᠢ᠌ᠨ᠎ᠦ ᠲᠠᠯᠠᠪᠤᠷ᠎ᠢ ᠲᠦᠷᠭᠡᠨ ᠨᠡᠭᠡᠭᠡᠨ ᠬᠥᠭ᠌ᠵᠢᠭᠦᠯᠬᠦ ᠬᠡᠷᠡᠭᠲᠡᠢ
2025-09-16 09:42:28
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

9 ᠰᠠᠷ᠎ᠠ᠎ᠶ᠋ᠢᠨ 14 ᠡᠴᠡ 15 ᠤ᠋ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ ᠰᠦᠨ ᠱᠤᠤ ᠴᠧᠩ ᠤᠷᠳᠤᠰ ᠬᠤᠳᠠ᠎ᠳᠤ ᠪᠠᠢᠴᠠᠭᠠᠨ ᠰᠤᠳᠤᠯᠬᠤ ᠎ᠳᠠᠭᠠᠨ᠂ ᠤᠷᠳᠤᠰ ᠬᠤᠳᠠ ᠨᠥᠬᠥᠴᠡᠯ᠎ᠲᠡᠶ᠂ ᠰᠠᠭᠤᠷᠢ᠎ᠲᠠᠶ ᠪᠠᠢᠵᠤ᠂ ᠴᠠᠭ ᠮᠥᠴᠡ ᠲᠠᠢ ᠤᠷᠤᠯᠳᠤᠵᠦ ᠥᠷᠯᠥᠭᠡ ᠦᠳᠡᠰᠢ᠎ᠶ᠋ᠢ ᠲᠡᠮᠡᠴᠡᠬᠦ᠌ ᠲᠤᠯᠭᠠᠮ ᠪᠤᠳᠤᠯ᠎ᠢᠶᠠᠷ ᠱᠢᠨ᠎ᠡ ᠲᠠᠢ᠌ᠨ᠎ᠦ ᠲᠠᠯᠠᠪᠤᠷ᠎ᠢ ᠲᠦᠷᠭᠡᠨ ᠨᠡᠭᠡᠭᠡᠨ ᠬᠦᠭᠵᠢᠭᠦᠯᠵᠦ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠨ ᠪᠣᠢᠵᠢᠭᠤᠯᠤᠨ ᠬᠥᠭ᠌ᠵᠢᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃

ᠰᠦᠨ ᠱᠤᠤ ᠴᠧᠩ ᠡᠩ ᠲᠡᠷᠢᠭᠦᠨ᠎ᠳᠦ ᠣᠷᠳᠣᠰ ᠬᠣᠲᠠ᠎ᠶ᠋ᠢᠨ ᠤᠶᠤᠨᠴᠢ ᠰᠦᠯᠵᠢᠶᠡᠨ᠎ᠦ ᠬᠤᠯᠪᠤᠭ᠎ᠠ ᠵᠢᠨ ᠱᠢᠨ᠎ᠡ᠎ᠶ᠋ᠢ ᠡᠭᠦᠳᠬᠦ᠌ ᠲᠥᠪ᠎ᠲᠦ ᠬᠦᠷᠴᠦ᠍᠂ 《ᠲᠡᠷᠭᠡ ᠵᠠᠮ ᠡᠭᠦᠯᠡᠨ ᠪᠤᠳᠤᠯᠳᠠ》 ᠵᠢ ᠨᠢᠭᠡ ᠴᠣᠭ᠍ᠴᠠᠵᠢᠭᠤᠯᠤᠭ᠍ᠰᠠᠨ ᠤᠶᠤᠨᠴᠢ ᠰᠦᠯᠵᠢᠶᠡᠨ᠎ᠦ ᠬᠤᠯᠪᠤᠭ᠎ᠠ ᠵᠢᠨ ᠵᠠᠮ ᠬᠠᠷᠢᠯᠴᠠᠭᠠᠨ᠎ᠤ ᠠᠵᠢᠯᠯᠠᠭᠠᠨ᠂ ᠮᠠᠱᠢᠨ ᠲᠡᠷᠭᠡ ᠵᠢ ᠠᠱᠢᠭ᠍ᠯᠠᠯᠲᠠ᠎ᠳᠤ ᠤᠷᠤᠭᠤᠯᠤᠭ᠍ᠰᠠᠨ ᠪᠠ ᠠᠦ᠋ᠲ᠋ᠣ᠋ ᠵᠢᠯᠣᠭᠣᠳᠭᠤ ᠬᠦᠨᠳᠦ ᠠᠴᠢᠶᠠᠨ᠎ᠤ ᠮᠡᠰᠢᠨ ᠲᠡᠷᠭᠡ ᠵᠢ ᠰᠤᠳᠤᠯᠤᠨ ᠨᠡᠭᠡᠭᠡᠵᠦ᠍ ᠬᠡᠷᠡᠭ᠌ᠯᠡᠵᠤ ᠪᠠᠢᠭ᠎ᠠ ᠵᠡᠷᠭᠡ ᠪᠠᠢᠳᠠᠯ᠎ᠢ ᠣᠢᠯᠠᠭᠠᠬᠤ᠎ᠶ᠋ᠢᠨ ᠬᠠᠮᠲᠤ ᠲᠤᠬᠠᠶ᠎ᠶ᠋ᠢᠨ ᠲᠠᠯᠠᠪᠠᠶ᠎ᠳᠤ ᠠᠦ᠋ᠲ᠋ᠣ᠋ ᠵᠢᠯᠣᠭᠣᠳᠭᠤ ᠬᠦᠨᠳᠦ ᠠᠴᠢᠶᠠᠨ᠎ᠤ ᠮᠡᠰᠢᠨ ᠲᠡᠷᠭᠡ᠂ ᠵᠢᠯᠣᠭᠣᠴᠢ ᠥᠬᠡᠶ ᠨᠡᠢᠲᠡ᠎ᠶ᠋ᠢᠨ ᠮᠠᠱᠢᠨ ᠲᠡᠷᠭᠡ ᠵᠡᠷᠭᠡ ᠲᠡᠷᠭᠡᠨ᠎ᠳᠤ ᠰᠠᠭᠤᠵᠤ ᠪᠡᠶᠡᠴᠢᠯᠡᠨ ᠣᠢᠯᠠᠭᠠᠭ᠍ᠰᠠᠨ ᠪᠠᠢᠨ᠎ᠠ᠃ ᠰᠦᠨ ᠱᠤᠤ ᠴᠧᠩ ᠣᠷᠳᠣᠰ ᠬᠣᠲᠠ᠎ᠶ᠋ᠢᠨ ᠵᠢᠯᠣᠭᠣᠴᠢ ᠥᠬᠡᠶ ᠮᠡᠷᠭᠡᠵᠢᠯ᠎ᠢ ᠢᠳᠡᠪᠬᠢᠲᠡᠶ ᠬᠥᠭ᠌ᠵᠢᠭᠦᠯᠦᠭᠡᠳ ᠣᠯᠤᠭ᠍ᠰᠠᠨ ᠪᠣᠳᠠᠲᠤ ᠦᠷ᠎ᠡ ᠪᠦᠲᠦᠮᠵᠢ᠎ᠶ᠋ᠢ ᠨᠤᠲᠠᠯᠠᠵᠤ᠂ ᠲᠡᠳᠡᠨ᠎ᠢ ᠰᠦᠪᠡᠭ᠌ᠴᠢᠯᠡᠬᠦ᠌ ᠡᠷᠴᠢᠮ᠎ᠢᠶᠡᠨ ᠴᠢᠩᠭᠠᠷᠠᠭᠤᠯᠵᠤ᠂ ᠵᠢᠯᠣᠭᠣᠴᠢ ᠥᠬᠡᠶ ᠮᠡᠷᠭᠡᠵᠢᠯ᠎ᠢ ᠨᠠᠩ ᠶᠡᠬᠡ ᠬᠡᠪᠴᠢᠶᠡᠨ᠎ᠳᠦ ᠪᠤᠲᠠᠲᠠᠢ ᠦᠢᠯᠡᠳᠦᠯᠭᠡᠵᠢᠭᠦᠯᠦᠨ ᠬᠡᠷᠡᠭ᠌ᠯᠡᠬᠦ᠌᠎ᠶ᠋ᠢ ᠠᠬᠢᠭᠤᠯᠤᠭᠠᠷᠠᠢ ᠭᠡᠵᠦ᠍ ᠵᠣᠷᠢᠭ᠍ᠵᠢᠭᠤᠯᠪᠠ᠃

ᠰᠦᠨ ᠱᠤᠤ ᠴᠧᠩ ᠪᠤᠬᠢᠷᠳᠤᠯ ᠦᠭᠡᠢ ᠤᠰᠤᠲᠥ᠋ᠷᠥᠭ᠌ᠴᠢ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢ ᠮᠠᠰᠢ ᠠᠩᠬᠠᠷᠴᠦ ᠪᠠᠢᠯ᠎ᠠ᠃ 《ᠴᠢᠩ ᠭᠧ᠎ᠳ᠋ᠠᠨ》 ᠤᠰᠤᠲᠥ᠋ᠷᠥᠭ᠌ᠴᠢ ᠡᠨᠧᠷᠭᠢ᠎ᠶ᠋ᠢ ᠬᠠᠮᠲᠤ᠎ᠪᠠᠷ ᠡᠳ᠋ᠯᠡᠬᠦ᠌ ᠵᠠᠮ ᠬᠠᠷᠢᠯᠴᠠᠭᠠᠨ᠎ᠤ ᠵᠢᠱ᠌ᠢᠶ᠎ᠡ ᠦᠵᠡᠭᠦᠯᠬᠦ᠌ ᠰᠠᠭᠤᠷᠢᠨ᠂ ᠣᠷᠳᠣᠰ᠎ᠤᠨ ᠱᠢᠨ᠎ᠡ ᠡᠨᠧᠷᠭᠢ᠎ᠶ᠋ᠢᠨ ᠰᠤᠳᠤᠯᠭᠠᠨ᠎ᠤ ᠬᠦᠷᠢᠶᠡᠯᠡᠩ᠂ ᠤᠰᠤᠲᠥ᠋ᠷᠥᠭ᠌ᠴᠢ ᠡᠨᠧᠷᠭᠢ᠎ᠶ᠋ᠢᠨ ᠨᠤᠲᠠᠯᠠᠯ᠎ᠦᠨ ᠲᠤᠷᠱᠢᠯᠲᠠ᠎ᠶ᠋ᠢᠨ ᠲᠠᠪᠴᠠᠩ᠎ᠳᠤ᠂ ᠲᠡᠷᠡ ᠤᠰᠤᠲᠥ᠋ᠷᠥᠭ᠌ᠴᠢ᠎ᠦᠢᠯᠡᠳᠬᠦ ᠤᠰᠤᠲᠥ᠋ᠷᠥᠭ᠌ᠴᠢ᠎ᠨᠦ᠋ᠬᠡᠴᠡᠯᠡᠬᠦ ᠬᠣᠯᠪᠣᠭ᠍ᠳᠠᠯ ᠪᠥᠬᠥᠶ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠦᠶ᠋ᠯᠡᠳᠬᠦᠨ᠎ᠢ ᠰᠤᠳᠤᠯᠤᠨ ᠨᠡᠭᠡᠭᠡᠬᠦ᠌᠂ ᠠᠬᠤᠶ ᠲᠠᠯᠠᠪᠠᠶ᠎ᠶ᠋ᠢᠨ ᠬᠡᠷᠡᠭ᠌ᠯᠡᠯᠲᠡ ᠵᠡᠷᠭᠡ ᠪᠠᠢᠳᠠᠯ᠎ᠢ ᠨᠠᠷᠢᠨ ᠣᠢᠯᠠᠭᠠᠵᠤ᠂ ᠠᠵᠤ ᠠᠬᠤᠢᠯᠠᠯ ᠪᠣᠯᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢ 《ᠴᠠᠭ ᠪᠣᠯ ᠵᠣᠭᠣᠰ ᠮᠥᠩᠭᠥ᠌ ᠮᠥᠨ》 ᠭᠡᠬᠦ᠌ ᠤᠢᠯᠠᠭᠠᠭᠳᠠᠬᠤᠨ᠎ᠢ ᠴᠢᠩᠭᠠᠳᠭᠠᠵᠤ᠂ ᠪᠤᠬᠢᠷᠳᠤᠯ ᠦᠭᠡᠢ ᠴᠠᠬᠢᠯᠭᠠᠨ᠎ᠤ ᠳᠠᠪᠠᠭᠤᠯᠢᠭ᠎ᠲᠤ ᠲᠦᠱᠢᠭ᠌ᠯᠡᠨ ᠠᠷᠭ᠎ᠠ ᠪᠦᠬᠦᠨ᠎ᠢ ᠰᠦᠪᠡᠭ᠌ᠴᠢᠯᠡᠨ ᠤᠰᠤᠲᠥ᠋ᠷᠥᠭ᠌ᠴᠢ ᠦᠢᠯᠡᠳᠬᠦ ᠤᠰᠤᠲᠥ᠋ᠷᠥᠭ᠌ᠴᠢ᠎ᠨᠦ᠋ᠬᠡᠴᠡᠯᠡᠬᠦ ᠥᠪᠡᠷ᠎ᠦᠨ ᠥᠷᠲᠡᠭ᠎ᠢ ᠪᠠᠭᠤᠷᠠᠭᠤᠯᠵᠤ᠂ ᠵᠠᠬ᠎ᠠ ᠳᠡᠯᠭᠡᠭᠦᠷ᠎ᠦᠨ ᠬᠤᠪᠢ᠎ᠶ᠋ᠢᠨ ᠲᠣᠭ᠎ᠠ᠎ᠶ᠋ᠢ ᠲᠦᠷᠭᠡᠨ ᠡᠵᠡᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ ᠪᠠ ᠠᠵᠤ ᠦᠢᠯᠡᠰᠵᠢᠭᠦᠯᠬᠦ᠌ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠭᠡᠷᠡᠢ ᠭᠡᠵᠦ᠍ ᠵᠣᠷᠢᠭ᠍ᠵᠢᠭᠤᠯᠪᠠ᠃

ᠣᠷᠳᠣᠰ᠎ᠤᠨ 《ᠡᠨᠧᠷᠭᠢ ᠵᠢᠨ ᠱᠢᠨ᠎ᠡ᠎ᠶ᠋ᠢ ᠡᠭᠦᠳᠬᠦ᠌ ᠬᠥᠨᠳᠡᠶ》 ᠪᠣᠯᠤᠨ ᠳᠤᠮᠳᠠᠳᠤ ᠤᠯᠤᠰ᠎ᠤᠨ ᠨᠡᠭᠦᠷᠡᠰᠦᠨ᠎ᠦ ᠨᠡᠭᠦᠷᠡᠰᠦᠨ ᠠᠭᠤᠷᠬᠠᠶ᠎ᠶ᠋ᠢᠨ ᠭᠠᠵᠠᠷ᠎ᠤᠨ ᠳᠠᠷᠤᠯᠲᠠ᠎ᠶ᠋ᠢ ᠳᠠᠭᠠᠷᠢᠬᠤ᠎ᠶ᠋ᠢ ᠰᠡᠷᠭᠡᠢᠯᠡᠨ ᠵᠠᠰᠠᠬᠤ ᠢᠨᠵᠧᠨᠧᠷᠢᠩ᠎ᠦᠨ ᠰᠤᠳᠤᠯᠭᠠᠨ᠎ᠤ ᠲᠥᠪ᠎ᠲᠦ᠂ ᠰᠦᠨ ᠱᠤᠤ ᠴᠧᠩ ᠬᠠᠮᠢᠶ᠎ᠠ ᠪᠥᠬᠥᠶ ᠬᠠᠷᠢᠭᠤᠴᠠᠯᠭᠠᠲᠠᠨ᠂ ᠠᠺᠠᠳᠧᠮᠢᠴᠢ ᠲᠤᠰᠭᠠᠶ ᠮᠡᠷᠭᠡᠵᠢᠯᠲᠡᠨ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ᠎ᠲᠡᠶ ᠰᠠᠨᠠᠯ᠎ᠢᠶᠠᠨ ᠭᠦᠨᠵᠡᠭᠡᠶ ᠰᠣᠯᠢᠯᠴᠠᠵᠤ᠂ ᠱᠢᠨ᠎ᠡ᠎ᠶ᠋ᠢ ᠡᠭᠦᠳᠬᠦ᠌ ᠲᠠᠪᠴᠠᠩ᠎ᠤᠨ ᠲᠥᠯᠥᠪᠵᠢᠭᠦᠯᠭᠡ ᠪᠥᠲᠥᠭᠡᠨ ᠪᠠᠢᠭᠤᠯᠤᠯᠲᠠ᠎ᠶ᠋ᠢᠨ ᠪᠠᠢᠳᠠᠯ᠎ᠢ ᠣᠢᠯᠠᠭᠠᠵᠤ᠂ ᠪᠠᠰᠠ ᠶᠠᠮᠠᠷ ᠶᠠᠮᠠᠷ ᠬᠦᠴᠢᠷᠳᠡᠯ᠎ᠢ ᠱᠢᠶ᠋ᠳᠪᠦᠷᠢᠯᠡᠬᠦ᠌᠎ᠶ᠋ᠢ ᠠᠬᠢᠭᠤᠯᠬᠤ ᠴᠢᠬᠤᠯᠠᠲᠠᠶ ᠪᠠᠢᠬᠤ᠎ᠶ᠋ᠢ ᠯᠠᠪᠯᠠᠨ ᠠᠰᠠᠭᠤᠪᠠ᠃ ᠲᠡᠷᠡ᠂ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ ᠨᠢ ᠦᠨᠡᠨ᠎ᠢ ᠡᠷᠬᠢᠮᠯᠡᠬᠦ ᠪᠣᠳᠠᠲᠠᠢ᠎ᠶ᠋ᠢ ᠡᠷᠬᠢᠮᠯᠡᠵᠦ᠂ ᠠᠵᠤ ᠦᠢᠯᠡᠰ᠎ᠦᠨ ᠬᠥᠭ᠌ᠵᠢᠯᠲᠡ᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠲᠠᠶ ᠨᠠᠷᠢᠯᠢᠭ ᠤᠨᠤᠪᠴᠢᠲᠠᠢ ᠵᠣᠯᠭᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠣᠱᠢᠭᠤᠷᠠᠯ ᠬᠦᠷᠢᠶᠡᠨ᠎ᠳᠦ ᠱᠢᠪᠲᠤᠯᠤᠯᠲᠠ ᠭᠠᠷᠭᠠᠬᠤ᠎ᠪᠠᠷ ᠴᠢᠷᠮᠠᠢᠬᠤ ᠬᠡᠷᠡᠭ᠌ᠲᠡᠢ ᠭᠡᠵᠦ᠍ ᠬᠡᠯᠡᠪᠡ᠃

ᠰᠦᠨ ᠱᠤᠤ ᠴᠧᠩ᠂ ᠤᠷᠳᠤᠰ ᠬᠤᠳᠠ᠎ᠶ᠋ᠢᠨ ᠬᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠱᠢᠨ᠎ᠡ ᠲᠠᠢ᠌ᠨ᠎ᠦ ᠲᠠᠯᠠᠪᠤᠷ᠎ᠢ ᠨᠡᠭᠡᠭᠡᠨ ᠬᠦᠭᠵᠢᠭᠦᠯᠬᠦ ᠲᠠᠯ᠎ᠠ᠎ᠪᠠᠷ ᠡᠮᠦᠨ᠎ᠡ ᠡᠩᠨᠡᠭᠡᠨ᠎ᠳᠦ ᠬᠤᠰᠢᠭᠤᠷᠠᠵᠤ᠂ ᠲᠡᠷᠢᠭᠦᠨ᠎ᠦ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠂ ᠪᠤᠬᠢᠷᠳᠤᠯ ᠦᠭᠡᠢ ᠤᠰᠤᠲᠥ᠋ᠷᠥᠭ᠌ᠴᠢ ᠪᠤᠬᠢᠷᠳᠤᠯ ᠦᠭᠡᠢ ᠱᠢᠪᠲᠦᠷ᠂ ᠵᠣᠬᠢᠶᠠᠮᠠᠯ ᠤᠶᠤᠨ ᠴᠢᠳᠠᠪᠤᠷᠢ᠂ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠪᠠ ᠪᠠᠭ᠎ᠠ ᠨᠡᠭᠦᠷᠡᠰᠦᠲᠥ᠋ᠷᠥᠭ᠌ᠴᠢᠲᠤ᠂ ᠲᠠᠬᠢᠯᠲᠠ ᠡᠬᠢ ᠪᠠᠶᠠᠯᠢᠭ᠎ᠢ ᠠᠱᠢᠭ᠍ᠯᠠᠬᠤ ᠵᠡᠷᠭᠡ ᠬᠦᠷᠢᠶᠡᠨ᠎ᠦ ᠲᠣᠭᠣᠷᠢᠨ᠎ᠳᠤ ᠬᠣᠱᠢᠭᠤᠷᠠᠯ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠣᠨᠳᠣᠣᠱᠢᠭᠤᠯᠤᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠱᠢᠨ᠎ᠡ ᠮᠡᠷᠭᠡᠵᠢᠯ᠎ᠢᠶᠡᠷ ᠱᠢᠨ᠎ᠡ ᠠᠵᠤ ᠦᠢᠯᠡᠰ᠎ᠢ ᠲᠦᠷᠭᠡᠨ ᠪᠣᠢᠵᠢᠭᠤᠯᠵᠤ᠂ ᠠᠵᠤ ᠦᠢᠯᠡᠰ᠎ᠦᠨ ᠪᠦᠲᠦᠴᠡ᠎ᠶ᠋ᠢ ᠱᠢᠯᠢᠳᠡᠭ᠌ᠵᠢᠭᠦᠯᠦᠨ ᠲᠡᠰ ᠳᠡᠪᠱᠢᠭᠦᠯᠬᠦ᠌᠎ᠶ᠋ᠢ ᠠᠬᠢᠭᠤᠯᠬᠤ ᠬᠡᠷᠡᠭ᠌ᠲᠡᠢ᠃ ᠢᠲᠡᠭᠡᠯ᠎ᠢᠶᠠᠨ ᠪᠠᠲᠤᠳᠭᠠᠵᠤ᠂ ᠵᠣᠷᠢᠭ᠎ᠢᠶᠠᠨ ᠬᠥᠪᠴᠢᠯᠡᠵᠦ᠍᠂ ᠠᠵᠤ ᠠᠬᠤᠢ᠎ᠶ᠋ᠢᠨ ᠰᠡᠷᠭᠦᠨ ᠰᠠᠢᠵᠢᠷᠠᠬᠤ ᠬᠠᠨᠳᠤᠰᠢ᠎ᠶ᠋ᠢ ᠪᠡᠬᠢᠵᠢᠭᠦᠯᠦᠨ ᠥᠷᠭᠡᠳᠭᠡᠵᠦ᠍᠂ ᠪᠦᠬᠦ᠌ ᠵᠢᠯ᠎ᠦᠨ ᠬᠠᠷᠠᠯᠲᠠ ᠡᠭᠦᠷᠭᠡ᠎ᠪᠡᠨ ᠴᠢᠷᠮᠠᠢᠨ ᠪᠡᠶᠡᠯᠡᠭᠦᠯᠬᠦ᠌ ᠬᠡᠷᠡᠭ᠌ᠲᠡᠢ ᠭᠡᠵᠡᠢ᠃

ᠢᠦᠢ ᠯᠢ ᠱᠢᠨ ᠠᠵᠢᠯᠯᠠᠭ᠎ᠠ᠎ᠳᠤ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号