9 ᠰᠠᠷ᠎ᠠ᠎ᠶ᠋ᠢᠨ 15᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ 63 ᠳ᠋ᠤᠭᠠᠷ ᠤᠳᠠᠭ᠎ᠠ᠎ᠶ᠋ᠢᠨ ᠡᠷᠬᠢᠯᠡᠭ᠌ᠴᠢᠳ᠎ᠦᠨ ᠬᠤᠷᠠᠯ ᠬᠢᠪᠠ᠃ ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠳᠤᠭᠠᠷ ᠬᠤᠷᠠᠯ᠎ᠢ 9 ᠰᠠᠷ᠎ᠠ᠎ᠶ᠋ᠢᠨ 27᠎ᠡᠴᠠ 29᠎ᠤ᠋ ᠡᠳᠦᠷ ᠪᠣᠯᠲᠠᠯ᠎ᠠ ᠬᠥᠬᠡᠬᠣᠲᠠ᠎ᠳᠤ ᠬᠤᠷᠠᠯᠳᠤᠭᠤᠯᠬᠤ᠎ᠪᠠᠷ ᠲᠣᠭ᠍ᠲᠠᠵᠠᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢ ᠰᠦᠨ ᠱᠤᠤ ᠴᠧᠩ᠎ᠦᠨ ᠨᠠᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠡᠷᠬᠢᠯᠡᠭ᠌ᠴᠢ ᠵᠠᠩ ᠱᠤᠤ ᠴᠦᠨ ᠬᠤᠷᠠᠯ᠎ᠢ ᠡᠷᠬᠢᠯᠡᠪᠡ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠳᠤᠭᠠᠷ ᠬᠤᠷᠠᠯ᠎ᠤᠨ ᠵᠥᠪᠯᠡᠬᠦ᠌ ᠵᠦᠶ᠋ᠯᠡᠰ᠎ᠦᠨ ᠲᠥᠰᠦᠯ᠎ᠢ ᠬᠢᠨᠠᠨ ᠵᠥᠪᠯᠡᠪᠡ᠃ ᠡᠷᠬᠢᠯᠡᠭ᠌ᠴᠢᠳᠤ᠋ᠨ ᠬᠤᠷᠠᠯ᠎ᠤᠨ ᠰᠠᠨᠠᠭᠤᠯᠭ᠎ᠠ᠎ᠶ᠋ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠣᠷᠢᠳᠤᠭᠠᠷ ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠮᠠᠯ ᠵᠢᠭᠦᠷᠲᠡᠨ᠎ᠢ ᠨᠢᠲᠤᠯᠬᠤ ᠬᠠᠮᠢᠶᠠᠷᠤᠯᠲᠠ᠎ᠶ᠋ᠢᠨ ᠲᠦᠷᠢᠮ᠎ᠦᠨ ᠲᠥᠰᠦᠯ᠎ᠦᠨ ᠵᠠᠰᠠᠪᠤᠷᠢ ᠣᠷᠣᠭᠤᠯᠤᠭ᠍ᠰᠠᠨ ᠨᠤᠤᠷᠠᠭ᠂ ᠬᠢᠯᠢ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠳᠦ ᠵᠠᠰᠠᠪᠤᠷᠢ ᠣᠷᠣᠭᠤᠯᠤᠬᠰᠠᠨ ᠲᠥᠰᠦᠯ᠎ᠦᠨ ᠵᠠᠰᠠᠪᠤᠷᠢ ᠣᠷᠣᠭᠤᠯᠤᠭ᠍ᠰᠠᠨ ᠨᠤᠤᠷᠠᠭ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠡᠶ᠎ᠡ᠎ᠶ᠋ᠢᠨ ᠲᠠᠮᠢᠷ᠎ᠤᠨ ᠬᠠᠤᠯᠢ》 ᠶ᠋ᠢ ᠬᠡᠷᠡᠭ᠌ᠵᠢᠭᠦᠯᠬᠦ᠌ ᠠᠷᠭ᠎ᠠ᠎ᠳᠤ ᠵᠠᠰᠠᠪᠤᠷᠢ ᠣᠷᠣᠭᠤᠯᠤᠭᠰᠠᠨ ᠲᠥᠰᠦᠯ᠎ᠦᠨ ᠵᠠᠰᠠᠪᠤᠷᠢ ᠣᠷᠣᠭᠤᠯᠤᠭ᠍ᠰᠠᠨ ᠨᠤᠤᠷᠠᠭ᠂ ᠠᠷᠠᠳ᠎ᠤ᠋ᠨ ᠡᠵᠡᠩᠨᠡᠯᠳᠡ ᠵᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠳᠦᠷᠢᠮ᠎ᠦᠨ ᠲᠥᠰᠦᠯ᠂ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ ᠳᠥᠷᠢᠮ᠎ᠦᠨ ᠲᠥᠰᠦᠯ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠳᠦᠷᠢᠮ᠎ᠦᠨ ᠲᠥᠰᠦᠯ᠂ ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠲᠦᠷᠢᠮ᠎ᠳᠦ ᠵᠠᠰᠠᠪᠤᠷᠢ ᠣᠷᠣᠭᠤᠯᠤᠭ᠍ᠰᠠᠨ ᠲᠥᠰᠦᠯ᠂ ᠱᠠᠱᠢᠨ ᠰᠤᠷᠲᠠᠬᠤᠨ᠎ᠤ ᠬᠡᠷᠡᠭ ᠡᠷᠬᠢᠯᠡᠬᠦ ᠳᠦᠷᠢᠮ᠎ᠳᠦ ᠵᠠᠰᠠᠪᠤᠷᠢ ᠣᠷᠣᠭᠤᠯᠤᠬᠰᠠᠨ ᠲᠥᠰᠦᠯ ᠢ᠋ ᠬᠢᠨᠠᠨ ᠵᠥᠪᠯᠡᠬᠦ᠌ ᠪᠣᠯᠤᠨ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠡᠷᠬᠢᠯᠡᠭ᠌ᠴᠢᠳ᠎ᠦᠨ ᠬᠤᠷᠠᠯ᠎ᠤᠨ ᠥᠪᠡᠷᠲᠡᠭᠡᠨ ᠵᠠᠰᠠᠬᠤ ᠣᠷᠣᠨ᠎ᠤ ᠺᠣᠮᠫᠠᠨᠢ᠎ᠶ᠋ᠢᠨ ᠠᠵᠢᠯᠲᠠᠨ ᠠᠵᠢᠯᠴᠢᠨ ᠬᠡᠷᠡᠭ ᠮᠡᠳᠡᠭ᠌ᠴᠢ ᠠᠵᠢᠯᠲᠠᠨ ᠠᠵᠢᠯᠴᠢᠨ᠎ᠤ ᠬᠢᠨᠠᠯᠳᠠ ᠲᠠᠯᠪᠢᠬᠴᠢ᠎ᠶ᠋ᠢᠨ ᠲᠦᠷᠢᠮ ᠵᠡᠷᠭᠡ ᠣᠷᠣᠨ ᠨᠤᠲᠤᠭ᠎ᠤᠨ ᠴᠢᠨᠠᠷᠲᠠᠶ 4 ᠬᠠᠤᠯᠢ ᠲᠣᠭ᠍ᠲᠠᠭᠠᠯ᠎ᠳᠤ ᠵᠠᠰᠠᠪᠤᠷᠢ ᠣᠷᠣᠭᠤᠯᠤᠬᠰᠠᠨ ᠲᠥᠰᠦᠯ᠎ᠢ ᠬᠢᠨᠠᠨ ᠵᠥᠪᠯᠡᠭᠦᠯᠬᠦ᠌᠎ᠪᠡᠷ ᠳᠡᠪᠱᠢᠭᠦᠯᠬᠦ᠌ ᠲᠤᠬᠠᠶ ᠰᠠᠨᠠᠯ ᠵᠥᠪᠯᠡᠯᠭᠡ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠰᠣᠩᠭᠣᠭᠤᠯᠢ᠎ᠶ᠋ᠢᠨ ᠬᠡᠷᠡᠭ᠌ᠵᠢᠭᠦᠯᠬᠦ᠌ ᠨᠠᠷᠢᠨ ᠳᠦᠷᠢᠮ᠎ᠳᠦ ᠵᠠᠰᠠᠪᠤᠷᠢ ᠣᠷᠣᠭᠤᠯᠤᠬᠰᠠᠨ ᠲᠥᠰᠦᠯ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠲᠤᠰᠢᠶᠠᠯ ᠳ᠋ᠤ ᠲᠣᠮᠢᠯᠠᠵᠤ ᠲᠤᠰᠢᠶᠠᠯ ᠡᠴᠨ ᠨᠢ ᠪᠠᠭᠤᠯᠭᠠᠬᠤ ᠠᠵᠢᠯ᠎ᠤᠨ ᠠᠷᠭ᠎ᠠ᠎ᠳᠤ ᠵᠠᠰᠠᠪᠤᠷᠢ ᠣᠷᠣᠭᠤᠯᠤᠬᠰᠠᠨ ᠲᠥᠰᠦᠯ᠎ᠢ ᠬᠢᠨᠠᠨ ᠵᠦᠪᠯᠡᠬᠦᠯᠬᠦ᠎ᠪᠠᠷ ᠳᠡᠪᠱᠢᠭᠦᠯᠬᠦ᠌ ᠲᠤᠬᠠᠶ ᠰᠠᠨᠠᠯ ᠵᠥᠪᠯᠡᠯᠭᠡ ᠵᠢ ᠬᠢᠨᠠᠨ ᠵᠥᠪᠯᠡᠨ᠎ᠡ; ᠬᠥᠬᠡᠬᠣᠲᠠ᠎ᠶ᠋ᠢᠨ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ᠎ᠶ᠋ᠢᠨ ᠳᠦᠷᠢᠮ᠂ ᠬᠥᠬᠡᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ 《ᠬᠥᠬᠡᠬᠣᠲᠠ᠎ᠶ᠋ᠢᠨ ᠤᠰᠤ᠎ᠶ᠋ᠢ ᠠᠷᠪᠢᠯᠠᠨ ᠬᠡᠷᠡᠭ᠌ᠯᠡᠬᠦ᠌ ᠬᠠᠮᠢᠶᠠᠷᠤᠯᠲᠠ᠎ᠶ᠋ᠢᠨ ᠲᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠶ 5 ᠬᠠᠤᠯᠢ ᠲᠤᠬᠳᠠᠭᠠᠯ᠎ᠳᠦ ᠵᠠᠰᠠᠪᠤᠷᠢ ᠣᠷᠣᠭᠤᠯᠬᠤ ᠲᠤᠬᠠᠶ ᠲᠣᠭ᠍ᠲᠠᠭᠠᠯ᠂ ᠬᠥᠬᠡᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ 《ᠬᠥᠬᠡᠬᠣᠲᠠ᠎ᠶ᠋ᠢᠨ 〈ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯᠴᠢᠨ᠎ᠤ ᠡᠪᠯᠡᠯ᠎ᠦᠨ ᠬᠠᠤᠯᠢ〉 ᠶ᠋ᠢ ᠬᠡᠷᠡᠭ᠌ᠵᠢᠭᠦᠯᠬᠦ᠌ ᠠᠷᠭ᠎ᠠ》 ᠳ᠋ᠤ ᠵᠠᠰᠠᠪᠤᠷᠢ ᠣᠷᠣᠭᠤᠯᠬᠤ ᠲᠤᠬᠠᠶ ᠲᠣᠭ᠍ᠲᠠᠭᠠᠯ᠂ ᠪᠤᠭᠤᠲᠤ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ 《ᠪᠤᠭᠤᠲᠤ ᠬᠣᠲᠠ᠎ᠶ᠋ᠢᠨ ᠤᠰᠤ ᠬᠠᠩᠭᠠᠬᠤ ᠲᠦᠷᠢᠮ》᠂ 《ᠪᠤᠭᠤᠲᠤ ᠬᠣᠲᠠ᠎ᠶ᠋ᠢᠨ ᠢᠯᠴᠢ ᠬᠠᠩᠭᠠᠬᠤ ᠲᠦᠷᠢᠮ》 ᠳ᠋ᠤ ᠵᠠᠰᠠᠪᠤᠷᠢ ᠣᠷᠣᠭᠤᠯᠬᠤ ᠲᠤᠬᠠᠶ ᠲᠣᠭ᠍ᠲᠠᠭᠠᠯ᠂ ᠲᠦᠩᠯᠢᠶᠣᠤ ᠬᠣᠲᠠ᠎ᠶ᠋ᠢᠨ ᠰᠤᠷᠭᠠᠭᠤᠯᠢ᠎ᠶ᠋ᠢᠨ ᠭᠠᠳᠠᠨᠠᠬᠢ ᠨᠠᠢᠳᠠᠨ ᠬᠠᠮᠢᠶᠠᠷᠤᠭᠤᠯᠬᠤ ᠪᠠᠢᠭᠤᠯᠤᠮᠵᠢ᠎ᠶ᠋ᠢᠨ ᠬᠠᠮᠢᠶᠠᠷᠤᠯᠲᠠ᠎ᠶ᠋ᠢᠨ ᠳᠦᠷᠢᠮ᠂ ᠤᠯᠠᠭᠠᠨᠴᠠᠪ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ 《ᠤᠯᠠᠭᠠᠨᠴᠠᠪ ᠬᠣᠲᠠ᠎ᠶ᠋ᠢᠨ ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢᠨ ᠲᠦᠷᠢᠮ》 ᠳ᠋ᠤ ᠵᠠᠰᠠᠪᠤᠷᠢ ᠣᠷᠣᠭᠤᠯᠬᠤ ᠲᠤᠬᠠᠶ ᠲᠣᠭ᠍ᠲᠠᠭᠠᠯ᠂ ᠣᠷᠳᠣᠰ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ《ᠣᠷᠳᠣᠰ ᠬᠣᠲᠠ᠎ᠶ᠋ᠢᠨ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠠᠮᠢᠶᠠᠷᠤᠯᠲᠠ᠎ᠶ᠋ᠢᠨ ᠲᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠶ 4 ᠬᠠᠤᠯᠢ ᠲᠣᠭ᠍ᠲᠠᠭᠠᠯ᠎ᠳᠤ ᠵᠠᠰᠠᠪᠤᠷᠢ ᠣᠷᠣᠭᠤᠯᠬᠤ ᠲᠤᠬᠠᠶ ᠲᠣᠭ᠍ᠲᠠᠭᠠᠯ᠂ ᠣᠷᠳᠣᠰ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ 《ᠣᠷᠳᠣᠰ ᠬᠣᠲᠠ᠎ᠶ᠋ᠢᠨ ᠱᠢᠯᠵᠢᠭᠦᠯᠵᠦ᠍ ᠪᠣᠯᠤᠰᠢ ᠥᠬᠡᠶ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠤ᠋ᠨ ᠬᠠᠮᠠᠭᠠᠯᠠᠯᠳᠠ ᠵᠢᠨ ᠲᠦᠷᠢᠮ》 ᠵᠡᠷᠭᠡ ᠣᠷᠣᠨ ᠨᠤᠲᠤᠭ᠎ᠤᠨ ᠴᠢᠨᠠᠷᠲᠠᠶ 4 ᠬᠠᠤᠯᠢ ᠲᠤᠬᠳᠠᠭᠠᠯ᠎ᠳᠦ ᠵᠠᠰᠠᠪᠤᠷᠢ ᠣᠷᠣᠭᠤᠯᠬᠤ ᠲᠤᠬᠠᠶ ᠲᠣᠭ᠍ᠲᠠᠭᠠᠯ᠂ ᠦᠬᠠᠶ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ 《ᠦᠬᠠᠶ ᠬᠣᠲᠠ᠎ᠶ᠋ᠢᠨ ᠣᠷᠣᠨ ᠰᠠᠭᠤᠴᠠ᠎ᠶ᠋ᠢᠨ ᠠᠳᠠᠯ ᠠᠬᠤᠶ᠎ᠶ᠋ᠢᠨ ᠬᠠᠮᠢᠶᠠᠷᠤᠯᠲᠠ᠎ᠶ᠋ᠢᠨ ᠲᠦᠷᠢᠮ》 ᠳ᠋ᠤ ᠵᠠᠰᠠᠪᠤᠷᠢ ᠣᠷᠣᠭᠤᠯᠬᠤ ᠲᠤᠬᠠᠶ ᠲᠣᠭ᠍ᠲᠠᠭᠠᠯ ᠢ᠋ ᠬᠢᠨᠠᠨ ᠪᠠᠢᠴᠠᠭᠠᠨ᠎ᠠ᠃
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶ᠋ᠢᠨ ᠬᠣᠷᠢᠳᠤᠭᠠᠷ ᠬᠤᠷᠠᠯ᠎ᠳ᠋ᠤ ᠪᠠᠰᠠ ᠲᠤᠤᠷᠠᠬᠢ ᠵᠤᠢᠯᠡᠰ ᠢ᠋ ᠲᠤᠬᠢᠷᠠᠭᠤᠯᠪᠠ᠄ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ ᠥᠷᠨᠢᠭᠦᠯᠦᠭ᠌ᠰᠡᠨ ᠪᠠᠢᠳᠠᠯ᠎ᠤᠨ ᠲᠤᠬᠠᠶ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠬᠦ᠌᠎ᠶ᠋ᠢᠨ ᠬᠠᠮᠲᠤ ᠲᠤᠰᠭᠠᠶ ᠰᠡᠳᠦᠪ᠎ᠢᠶᠡᠷ ᠯᠠᠪᠯᠠᠨ ᠠᠰᠠᠭᠤᠨ᠎ᠠ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠤ᠋ᠨ ᠣᠷᠳᠣᠨ᠎ᠤ ᠠᠶᠤᠯᠭᠦᠢ ᠦᠢᠯᠡᠳᠪᠦᠷᠢᠯᠡᠯ᠎ᠦᠨ ᠬᠠᠷᠢᠭᠤᠴᠠᠯᠭ᠎ᠠ᠎ᠶ᠋ᠢᠨ ᠳᠦᠷᠢᠮ ᠢ᠋ ᠨᠠᠢᠳᠠᠪᠤᠷᠢᠵᠢᠭᠤᠯᠤᠭ᠍ᠰᠠᠨ ᠪᠠᠢᠳᠠᠯ᠎ᠤᠨ ᠲᠤᠬᠠᠢ ᠮᠡᠳᠡᠭᠦᠯᠦᠯᠲᠡ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ ᠣᠷᠣᠨ᠎ᠪᠦᠰᠡ ᠵᠢᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠬᠠᠮᠵᠢᠯᠴᠠᠨ ᠠᠬᠢᠭᠤᠯᠤᠭ᠍ᠰᠠᠨ ᠪᠠᠢᠳᠠᠯ᠎ᠤᠨ ᠲᠤᠬᠠᠢ ᠮᠡᠳᠡᠭᠦᠯᠦᠯᠲᠡ᠂ ᠵᠢᠭᠤᠯᠴᠢᠯᠠᠯ᠎ᠤᠨ ᠣᠷᠴᠢᠨ ᠲᠣᠭᠣᠷᠢᠨ ᠢ᠋ ᠱᠢᠯᠢᠳᠡᠭ᠌ᠵᠢᠭᠦᠯᠵᠦ᠍᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠭ᠍ᠰᠠᠨ ᠪᠠᠢᠳᠠᠯ᠎ᠤᠨ ᠲᠤᠬᠠᠢ ᠮᠡᠳᠡᠭᠦᠯᠦᠯᠲᠡ᠂ ᠪᠦᠬᠦ᠌ ᠣᠷᠣᠨ᠎ᠤ ᠱᠢᠨ᠎ᠡ᠎ᠪᠡᠷ ᠨᠡᠮᠡᠭ᠌ᠳᠡᠭ᠌ᠰᠡᠨ ᠲᠠᠷᠢᠶᠠᠨ ᠭᠠᠵᠠᠷ᠎ᠢ ᠵᠢᠷᠤᠮᠵᠢᠭᠤᠯᠤᠨ ᠬᠠᠮᠢᠶᠠᠷᠴᠤ᠌ ᠠᠱᠢᠭ᠍ᠯᠠᠭ᠍ᠰᠠᠨ ᠪᠠᠢᠳᠠᠯ᠎ᠤᠨ ᠲᠤᠬᠠᠢ ᠮᠡᠳᠡᠭᠦᠯᠦᠯᠲᠡ᠂ ᠣᠢ ᠱᠢᠭᠤᠢ ᠨᠤᠲᠤᠭ ᠪᠡᠯᠴᠢᠭᠡᠷ᠎ᠢ ᠡᠪᠳᠡᠵᠦ᠍ ᠳᠦᠷᠢᠮ ᠲᠣᠭ᠍ᠲᠠᠭᠠᠯ᠎ᠠᠴᠠ ᠵᠥᠷᠢᠴᠡᠭ᠌ᠰᠡᠨ ᠬᠠᠤᠯᠢ ᠴᠠᠭᠠᠵᠠ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠶ᠋ᠢ ᠲᠥᠪᠯᠡᠷᠡᠭᠦᠯᠦᠨ ᠴᠡᠭ᠌ᠴᠡᠯᠡᠨ ᠵᠠᠰᠠᠭ᠍ᠰᠠᠨ ᠪᠠᠢᠳᠠᠯ᠎ᠤᠨ ᠲᠤᠬᠠᠢ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠨ᠎ᠡ; ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 2024 ᠣᠨ᠎ᠤ ᠵᠠᠰᠠᠭ ᠵᠠᠬᠢᠷᠭ᠎ᠠ ᠠᠵᠢᠯ ᠦᠢᠯᠡᠰ᠎ᠦᠨ ᠴᠢᠨᠠᠷᠲᠠᠢ ᠤᠯᠤᠰ᠎ᠤᠨ ᠥᠮᠴᠢᠯᠡᠯᠳᠦ ᠡᠳ᠋ ᠬᠦᠷᠦᠩᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠤᠨ ᠲᠤᠬᠠᠢ ᠮᠡᠳᠡᠭᠦᠯᠦᠯᠲᠡ᠂ 2024 ᠣᠨ᠎ᠤ ᠤᠯᠤᠰ᠎ᠤᠨ ᠥᠮᠴᠢᠯᠡᠯᠳᠦ ᠡᠳ᠋ ᠬᠦᠷᠦᠩᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠤᠨ ᠲᠤᠬᠠᠢ ᠶᠡᠷᠦᠩᠬᠡᠢᠯᠡᠭ᠌ᠰᠡᠨ ᠮᠡᠳᠡᠭᠦᠯᠦᠯᠲᠡ᠎ᠶ᠋ᠢ ᠬᠢᠨᠠᠨ ᠵᠥᠪᠯᠡᠨ᠎ᠡ; ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠢ ᠬᠢᠨᠠᠨ ᠪᠠᠢᠴᠠᠭᠠᠬᠤ ᠵᠥᠪᠯᠡᠯ᠎ᠦᠨ ᠣᠨᠴᠠ ᠵᠠᠷᠢᠮ ᠲᠥᠯᠥᠭᠡᠯᠡᠭ᠌ᠴᠢ᠎ᠶ᠋ᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠦᠨ ᠲᠤᠬᠠᠶ ᠮᠡᠳᠡᠭᠦᠯᠦᠯᠲᠡ᠎ᠶ᠋ᠢᠨ ᠲᠥᠰᠦᠯ᠎ᠢ ᠰᠣᠨᠣᠰᠴᠤ᠌ ᠬᠢᠨᠠᠨ ᠵᠥᠪᠯᠡᠨ᠎ᠡ᠃
ᠬᠤᠷᠠᠯ᠎ᠠᠴᠠ ᠪᠠᠰᠠ ᠪᠤᠰᠤᠳ ᠵᠥᠪᠯᠡᠬᠦ᠌ ᠰᠡᠳᠦᠪ᠎ᠢ ᠬᠢᠨᠠᠨ ᠵᠥᠪᠯᠡᠪᠡ᠃