ᠡᠨᠡ ᠵᠢᠯ ᠤ᠋ᠨ ᠦᠶᠡᠷ ᠤ᠋ᠨ ᠬᠤᠭᠤᠴᠠᠭᠠᠨ ᠳ᠋ᠡᠬᠢ ᠪᠥᠬᠥ᠌ ᠣᠷᠣᠨ ᠤ᠋ ᠳᠤᠮᠳᠠᠴᠢ ᠬᠤᠷ᠎ᠠ ᠲᠤᠨᠳᠠᠰᠤ ᠵᠢᠨ ᠬᠡᠮᠵᠢᠶ᠎ᠡ ᠲᠡᠤᠬᠡᠨ ᠲᠡᠮᠳᠡᠭᠯᠡᠯ ᠢ᠋ ᠰᠢᠨᠡᠳᠬᠡᠪᠡ
2025-09-16 10:14:35
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ ᠤ᠋ᠨ ᠬᠤᠷᠢᠶ᠎ᠠ ᠡᠴᠡ ᠤᠢᠯᠠᠭᠠᠭᠰᠠᠨ ᠵᠢᠡᠷ᠂ ᠡᠨᠡ ᠵᠢᠯ ᠤ᠋ᠨ 5 ᠰᠠᠷ᠎ᠠ ᠢ᠋ᠢᠨ 21 ᠡᠴᠡ 9 ᠰᠠᠷ᠎ᠠ ᠢ᠋ᠢᠨ 11 ᠤ᠋ ᠡᠳᠦᠷ ᠪᠣᠯᠲᠠᠯᠠᠬᠢ ᠦᠶᠡᠷ ᠤ᠋ᠨ ᠬᠤᠭᠤᠴᠠᠭᠠᠨ ᠳ᠋ᠤ ᠪᠥᠬᠥ᠌ ᠣᠷᠣᠨ ᠤ᠋ ᠳᠤᠮᠳᠠᠴᠢ ᠬᠤᠷ᠎ᠠ ᠲᠤᠨᠳᠠᠰᠤ ᠵᠢᠨ ᠬᠡᠮᠵᠢᠶ᠎ᠡ 353.8 ᠮᠢᠯᠢᠮᠧᠲ᠋ᠷ ᠲᠦ᠍ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 35 ᠮᠢᠯᠢᠮᠧᠲ᠋ᠷ ᠢᠯᠡᠭᠦᠦ᠂ ᠡᠩ ᠤ᠋ᠨ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 115.6 ᠮᠢᠯᠢᠮᠧᠲ᠋ᠷ ᠢᠯᠡᠭᠦᠦ ᠪᠠᠢᠵᠤ᠂ 1961 ᠣᠨ ᠡᠴᠡ ᠨᠠᠭᠠᠱᠢᠬᠢ ᠬᠠᠮᠤᠭ ᠤ᠋ᠨ ᠶᠡᠬᠡ ᠬᠡᠮᠵᠢᠶᠡᠨ ᠳ᠋ᠤ ᠬᠦᠷᠴᠦ ᠲᠡᠤᠬᠡᠨ ᠲᠡᠮᠳᠡᠭᠯᠡᠯ ᠢ᠋ ᠰᠢᠨᠡᠳᠬᠡᠪᠡ᠃

ᠡᠨᠡ ᠵᠢᠯ ᠤ᠋ᠨ ᠦᠶᠡᠷ ᠤ᠋ᠨ ᠬᠤᠭᠤᠴᠠᠭᠠᠨ ᠳ᠋ᠤ᠂ ᠮᠠᠨ ᠤ᠋ ᠣᠷᠣᠨ ᠤ᠋ ᠬᠤᠷ᠎ᠠ ᠲᠣᠨᠳᠠᠰᠤ ᠢ᠋ᠢᠨ ᠬᠡᠮᠵᠢᠶ᠎ᠡ ᠲᠡᠦᠬᠡ ᠢ᠋ᠢᠨ ᠠᠳᠠᠯᠢ ᠬᠤᠭᠤᠴᠠᠭᠠᠨ ᠤ᠋ ᠲᠤᠢᠯ ᠤ᠋ᠨ ᠬᠡᠮᠵᠢᠭ᠌ᠳᠡᠯ ᠢ᠋ ᠳᠠᠪᠠᠵᠤ᠂ ᠨᠡᠢᠲᠡ 9 ᠤᠳᠠᠭ᠎ᠠ ᠣᠷᠣᠨ ᠪᠦᠰᠡ ᠢ᠋ᠢᠨ ᠴᠢᠨᠠᠷᠲᠠᠶ ᠱᠢᠷᠦᠭᠦᠨ ᠪᠣᠷᠣᠭᠠᠨ ᠣᠷᠣᠵᠤ᠂ ᠣᠯᠠᠨ ᠭᠠᠵᠠᠷ ᠲᠦ᠍ ᠬᠠᠴᠢᠨ ᠶᠡᠬᠡ ᠪᠤᠷᠤᠭᠠᠨ ᠤᠷᠤᠵᠤ᠂ ᠬᠤᠷ᠎ᠠ ᠲᠤᠨᠳᠠᠰᠤᠨ ᠤ᠋ ᠬᠤᠷᠠᠮᠳᠤᠯ ᠤ᠋ᠨ ᠬᠡᠮᠵᠢᠶ᠎ᠡ ᠶᠡᠬᠡ ᠬᠠᠴᠢᠨ ᠴᠢᠨᠠᠷ᠎ᠢᠶᠠᠷ ᠴᠢᠩᠭ᠎ᠠ᠂ ᠪᠣᠷᠣᠭᠠᠨ ᠤ᠋ ᠤᠯᠠᠷᠢᠯ ᠤ᠋ᠨ ᠡᠬᠢᠯᠡᠭᠰᠡᠨ ᠴᠡᠬ ᠡᠷᠲᠡ ᠦᠷᠭᠦᠯᠵᠢᠯᠡᠭᠰᠡᠨ ᠴᠠᠭ ᠤᠷᠲᠤ᠂ ᠱᠢᠷᠦᠭᠦᠨ ᠪᠣᠷᠣᠭᠠᠨ ᠨᠢᠭᠡ ᠭᠠᠵᠠᠷ ᠲᠤ᠌ ᠤᠯᠠᠨᠲᠠ ᠤᠷᠤᠬᠰᠠᠨ ᠣᠨᠴᠠᠯᠢᠭ ᠢᠯᠡᠷᠡᠵᠡᠢ᠃ ᠡᠭᠦᠨ ᠳ᠋ᠤ ᠳᠤᠮᠳᠠ ᠪᠡᠶ᠎ᠠ ᠢ᠋ᠢᠨ ᠡᠮᠦᠨ᠎ᠡ ᠬᠡᠰᠡᠭ ᠵᠢᠴᠢ ᠠᠯᠠᠱᠠ ᠠᠢᠮᠠᠭ ᠤ᠋ᠨ ᠪᠠᠷᠠᠭᠤᠨ ᠪᠡᠶ᠎ᠠ᠂ ᠦᠬᠠᠶ ᠬᠣᠲᠠ᠂ ᠪᠠᠶᠠᠨᠨᠠᠭᠤᠷ ᠬᠣᠲᠠ ᠢ᠋ᠢᠨ ᠡᠮᠦᠨ᠎ᠡ ᠪᠡᠶ᠎ᠠ᠂ ᠣᠷᠳᠣᠰ ᠬᠣᠲᠠ ᠢ᠋ᠢᠨ ᠳᠤᠮᠳᠠ ᠪᠡᠶ᠎ᠠ ᠪᠤᠯᠤᠨ ᠬᠣᠢᠲᠤ ᠪᠡᠶ᠎ᠠ᠂ ᠪᠤᠭᠤᠲᠤ ᠬᠣᠲᠠ ᠢ᠋ᠢᠨ ᠡᠮᠦᠨ᠎ᠡ ᠪᠡᠶ᠎ᠠ᠂ ᠬᠥᠬᠡᠬᠣᠲᠠ᠂ ᠲᠦᠩᠯᠢᠶᠣᠤ ᠬᠣᠲᠠ ᠢ᠋ᠢᠨ ᠳᠤᠮᠳᠠ ᠪᠡᠶ᠎ᠠ ᠢ᠋ᠢᠨ ᠵᠡᠭᠦᠨ ᠬᠡᠰᠡᠭ᠂ ᠬᠥᠯᠥᠨ ᠪᠣᠢᠷ ᠬᠣᠲᠠ ᠢ᠋ᠢᠨ ᠬᠣᠢᠲᠤ ᠪᠡᠶ᠎ᠠ ᠵᠡᠷᠭᠡ ᠭᠠᠵᠠᠷ ᠤ᠋ᠨ ᠬᠤᠷ᠎ᠠ ᠲᠤᠨᠳᠠᠰᠤᠨ ᠤ᠋ ᠬᠡᠮᠵᠢᠶ᠎ᠠ ᠡᠡᠭ ᠤ᠋ᠨ ᠵᠢᠯ ᠤ᠋ᠨ ᠬᠢ ᠡᠴᠡ 50% ᠪᠡᠷ ᠨᠠᠮᠡᠭᠳᠡᠪᠡ᠃ ᠬᠥᠬᠡᠬᠣᠲᠠ᠂ ᠤᠯᠠᠭᠠᠨᠴᠠᠪ ᠬᠣᠲᠠ᠂ ᠣᠷᠳᠣᠰ ᠬᠣᠲᠠ ᠢ᠋ᠢᠨ ᠬᠤᠷ᠎ᠠ ᠲᠣᠨᠳᠠᠰᠤᠨ ᠤ᠋ ᠬᠡᠮᠵᠢᠶ᠎ᠡ ᠡᠯ᠎ᠠ ᠠᠢᠮᠠᠭ ᠬᠤᠲᠠ ᠢ᠋ᠢᠨ ᠡᠮᠦᠨ᠎ᠠ 3 ᠳ᠋ᠤ ᠵᠢᠭ᠍ᠰᠠᠵᠤ᠂ ᠲᠣᠰ ᠲᠣᠰ 633.1 ᠮᠢᠯᠢᠮᠧᠲ᠋ᠷ᠂ 575.4 ᠮᠢᠯᠢᠮᠧᠲ᠋ᠷ ᠪᠤᠯᠤᠨ 454.9 ᠮᠢᠯᠢᠮᠧᠲ᠋ᠷ ᠲᠤ᠌ ᠬᠦᠷᠴᠦ᠍᠂ ᠴᠥᠮ 1961 ᠣᠨ ᠡᠴᠡ ᠨᠠᠭᠠᠱᠢᠬᠢ ᠬᠠᠮᠤᠭ ᠤ᠋ᠨ ᠶᠡᠬᠡ ᠬᠡᠮᠵᠢᠶᠠᠨ ᠳ᠋ᠤ ᠬᠦᠷᠴᠠᠢ᠃

ᠥᠪᠡᠷᠲᠡᠭᠡᠨ ᠵᠠᠰᠠᠬᠤ ᠣᠷᠣᠨ ᠤ᠋ ᠠᠭᠤᠷ ᠠᠮᠢᠰᠭᠤᠯ ᠤ᠋ᠨ ᠲᠥᠪ ᠤ᠋ᠨ ᠳᠡᠭᠡᠳᠦ ᠵᠡᠷᠭᠡ ᠢ᠋ᠢᠨ ᠢᠨᠵᠧᠨᠧᠷ ᠹᠸᠩ ᠱᠢᠶᠤᠤ ᠵᠢᠩ ᠰᠤᠷᠪᠤᠯᠵᠢᠯᠠᠭ᠎ᠠ ᠬᠦᠯᠢᠶᠡᠬᠦ ᠳ᠋ᠡᠬᠡᠨ᠂ ᠤᠯᠤᠰ ᠤ᠋ᠨ ᠠᠭᠤᠷ ᠠᠮᠢᠰᠭᠤᠯ ᠤ᠋ᠨ ᠲᠥᠪ ᠤ᠋ᠨ ᠣᠯᠠᠨ ᠵᠠᠭ᠍ᠪᠤᠷᠳᠤ ᠴᠤᠭ᠍ᠯᠠᠷᠠᠯ ᠤ᠋ᠨ ᠵᠢᠱ᠌ᠢᠯᠲᠡ ᠢ᠋ᠢ ᠦᠨᠳᠦᠰᠦᠯᠡᠪᠡᠯ᠂ ᠦᠪᠤᠷ ᠮᠤᠩᠭᠤᠯ ᠳ᠋ᠤ ᠵᠢᠯ ᠤ᠋ᠨ 400 ᠮᠢᠯᠢᠮᠸᠲᠷ ᠵᠢᠴᠢ ᠲᠠᠬᠦᠨ ᠡᠴᠡ ᠲᠠᠬᠡᠭᠰᠢ ᠪᠤᠷᠤᠭᠠᠨ ᠤᠷᠤᠬᠤ ᠬᠡᠪᠴᠢᠶ᠎ᠠ ᠪᠠᠷᠠᠭᠤᠨᠰᠢ ᠰᠢᠯᠵᠢᠵᠤ ᠤᠮᠠᠷᠠᠰᠢ ᠦᠷᠬᠡᠳᠬᠦ ᠬᠠᠨᠳᠤᠰᠢ ᠲᠠᠢ ᠪᠠᠢᠵᠤ᠂ ᠬᠤᠵᠢᠮ ᠪᠦᠬᠦ ᠤᠷᠤᠨ ᠤ᠋ ᠵᠢᠯ ᠤ᠋ᠨ ᠬᠤᠷ᠎ᠠ ᠲᠤᠨᠳᠠᠰᠤ ᠵᠢᠨ ᠬᠡᠮᠵᠢᠶ᠎ᠠ ᠶᠡᠷᠦᠩᠬᠡᠶ ᠳ᠋ᠡᠭᠡᠨ ᠵᠢᠭᠠᠬᠠᠨ ᠨᠡᠮᠡᠭ᠌ᠳᠡᠬᠦ᠌ ᠬᠠᠨᠳᠤᠰᠢ ᠲᠠᠶ ᠶᠤᠮ᠂ ᠡᠭᠦᠨ ᠳ᠋ᠤ ᠪᠠᠷᠠᠭᠤᠨ ᠪᠡᠶ᠎ᠠ ᠢ᠋ᠢᠨ ᠭᠠᠵᠠᠷ ᠣᠷᠣᠨ ᠤ᠋ ᠨᠡᠮᠡᠭ᠌ᠳᠡᠯ ᠤ᠋ᠨ ᠬᠡᠮᠵᠢᠶ᠎ᠡ ᠨᠡᠯᠢᠶᠡᠳ ᠶᠡᠬᠡ ᠪᠠᠢᠵᠤ ᠮᠡᠳᠡᠨ᠎ᠠ ᠬᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号