ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠬᠢᠴᠢᠶᠡᠯ ᠤ᠋ᠨ ᠲᠠᠩᠬᠢᠮ ᠤ᠋ᠨ ᠳᠣᠲᠣᠨ᠎ᠠ ᠭᠠᠳᠠᠨ᠎ᠠ ᠠᠭᠤᠰᠤᠯᠴᠠᠭᠤᠯᠤᠨ᠎ᠠ
2025-09-17 11:05:47
ᠵᠣᠬᠢᠶᠠᠭ᠍ᠴᠢ᠄
ᠰᠥᠩ ᠠ ᠨᠠᠨ ᠯᠢᠦ ᠬᠣᠶ ᠱᠢᠤᠸᠠᠨ
ᠣᠩᠱᠢᠭ᠍ᠰᠠᠨ ᠣᠳᠠᠭ᠎ᠠ᠄
★★★☆☆

《ᠬᠦᠬᠡ ᠲᠩᠷᠢ ᠴᠡᠯᠡᠢᠨ᠂ ᠬᠦᠳᠡᠭᠡ ᠲᠠᠯ᠎ᠠ ᠨᠡᠯᠤᠢᠨ᠂ ᠠᠶᠠᠰ ᠤ᠋ᠨ ᠰᠠᠯᠬᠢ ᠢᠯᠪᠢᠭᠦᠶ᠎ᠠ᠂ ᠦᠭᠡᠷ ᠬᠤᠨᠢᠳ ᠤ᠋ᠨ ᠵᠤ ᠢᠷᠠᠯᠵᠠᠮᠤᠢ ᠁》 9 ᠰᠠᠷ᠎ᠠ ᠶ᠋ᠢᠨ 10 ᠤ᠋ ᠡᠳᠦᠷ᠂ ᠪᠤᠭᠤᠲᠤ ᠬᠤᠳᠠ ᠶ᠋ᠢᠨ ᠬᠥᠨᠳᠡᠯᠡᠨ ᠲᠣᠭᠣᠷᠢᠭ ᠤ᠋ᠨ ᠭᠤᠷᠪᠠᠳᠤᠭᠠᠷ ᠳᠤᠮᠳᠠᠳᠤ ᠰᠤᠷᠭᠠᠭᠤᠯᠢ ᠶ᠋ᠢᠨ ᠳᠣᠯᠣᠳᠤᠭᠠᠷ ᠣᠨ ᠤ᠋ 17 ᠳ᠋ᠦ᠍ᠭᠠᠷ ᠠᠩᠬᠢ ᠶ᠋ᠢᠨ ᠬᠢᠴᠢᠶᠡᠯ ᠤ᠋ᠨ ᠭᠡᠷ ᠲᠦ᠍᠂ 《 ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠢ᠋ ᠠᠬᠢᠭᠤᠯᠵᠤ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ 》 ᠪᠡᠷ ᠭᠣᠣᠯ ᠰᠡᠳᠦᠪ ᠪᠣᠯᠭᠠᠭ᠍ᠰᠠᠨ ᠠᠩᠬᠢ ᠶ᠋ᠢᠨ ᠬᠤᠷᠠᠯ ᠶᠠᠪᠤᠭ᠍ᠳᠠᠵᠤ ᠪᠠᠢᠯ᠎ᠠ᠃

《ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠪᠣᠯ ᠦᠨᠳᠦᠰᠦᠲᠡᠨ ᠤ᠋ ᠪᠦᠯᠬᠦᠮᠳᠡᠯ ᠤ᠋ᠨ 〈 ᠨᠢᠭᠳᠠᠷᠠᠭᠤᠯᠤᠭᠴᠢ 〉 ᠮᠥᠨ᠂ ᠨᠡᠩ ᠴᠤ᠌ ᠳᠤᠮᠳᠠᠳᠤ ᠶ᠋ᠢᠨ ᠦᠨᠳᠦᠰᠦᠲᠡᠨ ᠤ᠋ ᠠᠭᠤᠤ ᠶᠡᠬᠡ ᠰᠡᠷᠭᠦᠨ ᠮᠠᠨᠳᠤᠯᠲᠠ ᠶ᠋ᠢᠨ 〈ᠲᠦᠷᠭᠡᠳᠭᠡᠭᠦᠷ〉 ᠮᠥᠨ᠃ ᠠᠩᠭᠢ ᠶ᠋ᠢᠨ ᠬᠤᠷᠠᠯ ᠨᠢ ᠵᠤᠭ᠎ᠠ ᠲᠠᠢ ᠰᠤᠷᠭᠠᠯᠲᠠ ᠶ᠋ᠢᠨ ᠬᠡᠯᠪᠡᠷᠢ ᠪᠡᠷ ᠳᠠᠮᠵᠢᠭᠤᠯᠤᠨ᠂ ᠰᠤᠷᠤᠭ᠍ᠴᠢᠳ ᠲᠦ᠍ ᠬᠡᠯᠡᠨ ᠤ᠋ ᠮᠡᠳᠡᠯᠭᠡ ᠵᠢ ᠡᠵᠡᠮᠱᠢᠭᠦᠯᠦᠭ᠌ᠰᠡᠨ ᠢ᠋ᠶ᠋ᠡᠷ ᠪᠠᠷᠠᠬᠤ ᠥᠬᠡᠶ᠂ 〈ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ〉 ᠶ᠋ᠢᠨ ᠠᠭᠤᠯᠤᠭ᠍ᠳᠠᠬᠤᠨ ᠢ᠋ ᠨᠠᠩ ᠭᠦᠨᠵᠡᠭᠡᠶ ᠣᠢᠯᠠᠭᠠᠭᠤᠯᠵᠠᠶ》 ᠭᠡᠵᠦ᠍ ᠬᠥᠨᠳᠡᠯᠡᠨ ᠲᠣᠭᠣᠷᠢᠭ ᠤ᠋ᠨ ᠭᠤᠷᠪᠠᠳᠤᠭᠠᠷ ᠳᠤᠮᠳᠠᠳᠤ ᠰᠤᠷᠭᠠᠭᠤᠯᠢ ᠶ᠋ᠢᠨ ᠳᠣᠯᠣᠳᠤᠭᠠᠷ ᠣᠨ ᠤ᠋ 17 ᠳ᠋ᠤᠭᠠᠷ ᠠᠩᠭᠢ ᠶ᠋ᠢᠨ ᠡᠷᠬᠢᠯᠡᠭ᠌ᠴᠢ ᠰᠦ᠍ ᠱᠦ᠍ ᠬᠡᠯᠡᠨ᠎ᠠ᠃

ᠬᠥᠨᠳᠡᠯᠡᠨ ᠲᠣᠭᠣᠷᠢᠭ ᠤ᠋ᠨ ᠪᠦᠯᠬᠦᠮᠳᠡᠯ ᠶᠡᠬᠡ ᠵᠡᠭᠡᠯᠢ ᠶ᠋ᠢᠨ ᠨᠢᠭᠡᠳᠦᠭᠡᠷ ᠪᠠᠭ᠎ᠠ ᠰᠤᠷᠭᠠᠭᠤᠯᠢ ᠶ᠋ᠢᠨ ᠬᠦᠷᠢᠶᠡᠨ ᠳ᠋ᠤ ᠬᠦᠷᠪᠡᠯ᠂ ᠪᠢᠴᠢᠭ ᠰᠤᠶᠤᠯ ᠤ᠋ᠨ ᠠᠭᠤᠷ ᠠᠮᠢᠰᠬᠤᠯ ᠦᠳᠭᠡᠨ ᠵᠤᠵᠠᠭᠠᠨ ᠪᠠᠢᠯ᠎ᠠ᠃ ᠨᠢᠭᠡ ᠤᠳᠠᠭᠠᠨ ᠤ᠋ 《 ᠪᠦᠲᠦᠴᠡ ᠶ᠋ᠢᠨ ᠨᠢᠭᠤᠴᠠ ᠶ᠋ᠢ ᠵᠠᠳᠠᠯᠬᠤ ᠬᠢᠴᠢᠶᠡᠯ》 ᠳᠡᠭᠡᠷ᠎ᠡ᠂ ᠪᠠᠭ᠍ᠰᠢ ᠯᠢ ᠮᠢᠨ ᠶᠠᠭ ᠺᠠᠷᠲ᠋ᠣᠨ ᠵᠢᠷᠤᠭ ᠢ᠋ᠶ᠋ᠡᠷ 《ᠵᠡᠭᠦᠨ ᠨᠢ ᠢᠪᠴᠤᠤ ᠪᠠᠷᠠᠭᠤᠨ ᠨᠢ ᠥᠷᠭᠡᠨ》 ᠦᠰᠦᠭ ᠪᠦᠲᠦᠭᠡᠬᠦ᠌ ᠵᠢᠮ᠎ᠡ ᠶᠣᠰᠣ ᠵᠢ ᠦᠵᠡᠭᠦᠯᠵᠦ᠍᠂ ᠰᠤᠷᠤᠭ᠍ᠴᠢᠳ ᠠᠵᠢᠭ᠍ᠯᠠᠬᠤ ᠶ᠋ᠢᠨ ᠳᠠᠭᠠᠤ ᠦᠰᠦᠭ ᠪᠣᠯᠪᠠᠰᠤᠷᠠᠬᠤ ᠳᠡᠪᠲᠡᠷ ᠳᠡᠭᠡᠷ᠎ᠡ 《ᠴᠢᠩ》 ᠵᠡᠷᠭᠡ ᠦᠰᠦᠭ ᠢ᠋ ᠳᠠᠬᠢᠨ ᠳᠠᠪᠲᠠᠨ ᠪᠢᠴᠢᠵᠦ᠍ ᠪᠠᠢᠯ᠎ᠠ᠃

《ᠥᠩᠭᠡᠷᠡᠭᠡᠭ᠌ᠰᠡᠨ ᠳ᠋ᠤ ᠦᠰᠦᠭ ᠪᠢᠴᠢᠬᠦ᠌ ᠨᠢ ᠮᠠᠰᠢ ᠳᠤᠷ᠎ᠠ ᠠᠯᠳᠠᠷᠠᠭᠤᠯᠤᠮ᠎ᠠ ᠰᠠᠨᠠᠭ᠍ᠳᠠᠳᠠᠭ᠂ ᠣᠳᠣ ᠺᠠᠷᠲ᠋ᠣᠨ ᠢ᠋ ᠳᠠᠭᠠᠨ ᠵᠢᠮ᠎ᠡ ᠶᠣᠰᠣ ᠵᠢ ᠲᠠᠨᠢᠵᠤ᠂ ᠬᠢᠲᠠᠳ ᠦᠰᠦᠭ ᠨᠢ ᠵᠡᠷᠭᠡᠯᠡᠭᠡ ᠮᠣᠳᠣ ᠱᠢᠭ᠋ ᠭᠤᠤ᠎ᠠ ᠰᠠᠢᠬᠠᠨ ᠤ᠋ ᠮᠡᠳᠡᠷᠡᠮᠵᠢ ᠲᠠᠢ ᠪᠣᠯᠵᠤ᠂ ᠮᠢᠨᠦ᠍ ᠦᠰᠦᠭ ᠮᠤᠷᠤᠶ ᠰᠠᠷᠤᠶ ᠪᠠᠢᠭ᠍ᠰᠠᠨ ᠡᠴᠡ ᠪᠠᠨ 〈ᠲᠥᠪ ᠲᠡᠭ᠌ᠰᠢ ᠪᠣᠯᠵᠤ〉᠂ ᠪᠠᠰᠠ ᠣᠨ ᠤ᠋ ᠤᠷᠠᠨ ᠪᠢᠴᠢᠯᠭᠡ ᠶ᠋ᠢᠨ ᠤᠷᠤᠯᠳᠤᠭᠠᠨ ᠳ᠋ᠤ ᠱᠠᠩᠨᠠᠯ ᠣᠯᠤᠭ᠍ᠰᠠᠨ ᠰᠢᠦ》 ᠭᠡᠵᠦ᠍ ᠲᠣᠰ ᠰᠤᠷᠭᠠᠭᠤᠯᠢ ᠶ᠋ᠢᠨ ᠰᠣᠷᠣᠭ᠍ᠴᠢ ᠵᠠᠩ ᠢᠦᠶ ᠱᠢᠨ ᠥᠪᠡᠷ ᠤ᠋ᠨ ᠳᠠᠰᠭᠠᠯ ᠢ᠋ᠶ᠋ᠡᠨ ᠲᠡᠯᠭᠡᠵᠤ ᠦᠵᠡᠬᠦᠯᠤᠨ᠎ᠠ ᠃

ᠪᠤᠭᠤᠲᠤ ᠬᠣᠲᠠ ᠶ᠋ᠢᠨ ᠬᠥᠨᠳᠡᠯᠡᠨ ᠲᠣᠭᠣᠷᠢᠭ ᠤ᠋ᠨ ᠰᠤᠷᠭᠠᠨ ᠬᠥᠮᠦᠵᠢᠯ ᠤ᠋ᠨ ᠲᠣᠪᠴᠢᠶ᠎ᠠ ᠶ᠋ᠢᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠪᠦᠷᠢᠯᠳᠦᠬᠦᠨ ᠯᠢᠦ ᠵᠢᠶᠦ᠋ᠨ ᠢᠦᠶ᠄ 《ᠣᠢᠷ᠎ᠠ ᠶ᠋ᠢᠨ ᠵᠢᠯ ᠡᠴᠡ ᠨᠠᠭᠠᠰᠢ᠂ ᠬᠥᠨᠳᠡᠯᠡᠨ ᠲᠣᠭᠣᠷᠢᠭ ᠤ᠋ᠨ ᠡᠯ᠎ᠡ ᠰᠤᠷᠭᠠᠭᠤᠯᠢ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠤ᠋ᠨ ᠵᠢᠭᠠᠨ ᠰᠤᠷᠭᠠᠯᠲᠠ ᠵᠢ ᠭᠤᠤᠯᠳᠠᠯᠭ᠎ᠠ ᠲᠠᠢ ᠠᠵᠢᠯ ᠳ᠋ᠠᠭᠠᠨ ᠣᠷᠣᠭᠤᠯᠵᠤ᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠤ᠋ᠨ ᠰᠤᠷᠤᠯᠴᠠᠯᠭ᠎ᠠ ᠵᠢ ᠪᠥᠬᠥ᠌ ᠲᠠᠯ᠎ᠠ ᠪᠡᠷ᠂ ᠣᠯᠠᠨ ᠲᠠᠰ ᠳᠠᠪᠬᠤᠷᠭ᠎ᠠ ᠪᠡᠷ ᠡᠳᠦᠷ ᠲᠤᠲᠤᠮ ᠤ᠋ᠨ ᠵᠢᠭᠠᠨ ᠰᠤᠷᠭᠠᠯᠲᠠ ᠶ᠋ᠢᠨ ᠠᠵᠢᠯᠯᠠᠭ᠎ᠠ ᠳ᠋ᠤ ᠠᠭᠤᠰᠭᠠᠨ ᠣᠷᠣᠭᠤᠯᠪᠠ᠃ ᠡᠯ᠎ᠡ ᠰᠤᠷᠭᠠᠭᠤᠯᠢ ᠬᠢᠴᠢᠶᠡᠯ ᠤ᠋ᠨ ᠲᠠᠩᠬᠢᠮ ᠤ᠋ᠨ ᠵᠢᠭᠠᠨ ᠰᠤᠷᠭᠠᠯᠲᠠ ᠪᠡᠷ ᠳᠡᠮᠵᠢᠨ ᠬᠡᠯᠡᠨ ᠤ᠋ ᠰᠠᠭᠤᠷᠢ ᠪᠠᠨ ᠪᠡᠬᠢᠵᠢᠭᠦᠯᠵᠦ᠍᠂ ᠬᠣᠶᠠᠳᠤᠭᠠᠷ ᠬᠢᠴᠢᠶᠡᠯ ᠤ᠋ᠨ ᠲᠠᠩᠬᠢᠮ ᠤ᠋ᠨ ᠠᠵᠢᠯᠯᠠᠭ᠎ᠠ ᠪᠡᠷ ᠳᠡᠮᠵᠢᠨ ᠰᠤᠷᠤᠯᠴᠠᠬᠤ ᠤᠷᠮ᠎ᠠ ᠪᠠᠬ᠎ᠠ ᠵᠢ ᠬᠥᠭ᠌ᠵᠢᠭᠡᠭ᠌ᠰᠡᠨ ᠢ᠋ᠶ᠋ᠡᠷ ᠪᠠᠷᠠᠬᠤ ᠥᠬᠡᠶ᠂ ᠨᠠᠩ ᠴᠤ᠌ ᠬᠡᠷ ᠪᠦᠯᠢ ᠰᠤᠷᠭᠠᠭᠤᠯᠢ ᠨᠡᠢᠭᠡᠮ ᠤ᠋ᠨ ᠬᠠᠮᠵᠢᠯᠴᠠᠭ᠎ᠠ ᠪᠡᠷ ᠳᠡᠮᠵᠢᠨ᠂ ᠳᠦᠷᠢᠮᠵᠢᠭ᠌ᠰᠡᠨ ᠦᠭᠡ ᠬᠡᠯᠡ ᠥᠰᠥᠭ ᠪᠢᠴᠢᠭ ᠢ᠋ ᠰᠤᠷᠭᠠᠭᠤᠯᠢ ᠶ᠋ᠢᠨ ᠬᠦᠷᠢᠶᠡᠨ ᠡᠴᠡ ᠭᠠᠷᠭᠠᠵᠤ᠂ ᠠᠮᠢᠳᠤᠷᠠᠯ ᠳ᠋ᠤ ᠠᠭᠤᠰᠭᠠᠪᠠ》 ᠭᠡᠵᠦ ᠲᠠᠨᠢᠯᠴᠠᠭᠤᠯᠪᠠ᠃

ᠬᠥᠨᠳᠡᠯᠡᠨ ᠲᠣᠭᠣᠷᠢᠭ ᠤ᠋ᠨ ᠡᠯ᠎ᠡ ᠳᠤᠮᠳᠠᠳᠤ ᠪᠠᠭ᠎ᠠ ᠰᠤᠷᠭᠠᠭᠤᠯᠢ ᠶ᠋ᠢᠨ ᠬᠡᠯᠡ ᠪᠢᠴᠢᠭ ᠤ᠋ᠨ ᠬᠢᠴᠢᠶᠡᠯ ᠳᠡᠭᠡᠷ᠎ᠡ᠂ ᠪᠠᠭ᠍ᠰᠢ᠎ᠨᠠᠷ 《ᠡᠷᠲᠡᠨ ᠤ᠋ ᠪᠠ ᠤᠳᠤ ᠦᠶ᠎ᠡ ᠶ᠋ᠢᠨ ᠬᠡᠯᠡᠡ᠎ᠤ ᠣᠷᠴᠢᠭᠤᠯᠭ᠎ᠠ》᠂ 《ᠳᠦᠷᠢ ᠶ᠋ᠢᠨ ᠲᠣᠭ᠍ᠯᠠᠯᠲᠠ》 ᠵᠡᠷᠭᠡ ᠵᠢᠭᠠᠨ ᠰᠤᠷᠭᠠᠯᠲᠠ ᠶ᠋ᠢᠨ ᠠᠷᠭ᠎ᠠ ᠬᠡᠯᠪᠡᠷᠢ ᠪᠡᠷ ᠳᠠᠮᠵᠢᠭᠤᠯᠤᠨ᠂ ᠰᠤᠷᠤᠭ᠍ᠴᠢᠳ ᠲᠦ᠍ ᠪᠢᠴᠢᠭ ᠤ᠋ᠨ ᠬᠡᠯᠡ ᠬᠢᠭᠡᠳ ᠣᠳᠣ ᠦᠶ᠎ᠡ ᠶ᠋ᠢᠨ ᠬᠢᠲᠠᠳ ᠬᠡᠯᠡᠨ ᠤ᠋ ᠤᠯᠠᠮᠵᠢᠯᠠᠨ ᠵᠠᠯᠭᠠᠮᠵᠢᠯᠠᠬᠤ ᠬᠠᠷᠢᠴᠠᠭ᠎ᠠ ᠵᠢ ᠮᠡᠳᠡᠷᠡᠭᠦᠯᠪᠡ᠃  ᠭᠠᠷᠠᠭ ᠪᠦᠷᠢ ᠶ᠋ᠢᠨ ᠤᠷᠠᠨ ᠪᠢᠴᠢᠯᠭᠡ ᠶ᠋ᠢᠨ ᠨᠡᠢᠭᠡᠮ ᠤ᠋ᠨ ᠪᠦᠯᠬᠦᠮ ᠤ᠋ᠨ ᠠᠵᠢᠯᠯᠠᠭ᠎ᠠ ᠳ᠋ᠤ ᠦᠰᠦᠨ ᠪᠢᠷ ᠤ᠋ᠨ ᠪᠢᠴᠢᠯᠭᠡ᠂ ᠦᠵᠦᠭ ᠤ᠋ᠨ ᠪᠢᠴᠢᠯᠭᠡ᠎ᠶᠢᠨ ᠵᠢᠭᠠᠨ ᠰᠤᠷᠭᠠᠯᠲᠠ ᠵᠢ ᠲᠣᠭ᠍ᠲᠠᠮᠠᠯ ᠥᠷᠨᠢᠭᠦᠯᠵᠦ᠍᠂ ᠰᠣᠩᠭᠣᠳᠠᠭ ᠱᠢᠯᠦᠭ᠂ ᠨᠠᠷᠠᠲᠤ ᠦᠭᠡ ᠰᠡᠷᠡᠮᠵᠢ ᠶ᠋ᠢᠨ ᠥᠭᠦᠯᠡᠪᠦᠷᠢ ᠵᠢ ᠭᠤᠤᠯᠳᠠᠯᠭ᠎ᠠ ᠲᠠᠢ ᠳᠠᠭᠤᠷᠢᠶᠠᠨ ᠪᠢᠴᠢᠵᠦ᠂ ᠰᠤᠷᠤᠭ᠍ᠴᠢᠳ᠎ᠲᠤ ᠬᠢᠲᠠᠳ ᠥᠰᠥᠭ ᠤ᠋ᠨ ᠬᠡᠯᠪᠡᠷᠢ ᠳᠦᠷᠰᠦ ᠪᠠ ᠤᠳᠭ᠎ᠠ ᠰᠠᠨᠠᠭ᠎ᠠ ᠶ᠋ᠢᠨ ᠭᠤᠤ᠎ᠠ ᠰᠠᠢᠬᠠᠨ ᠢ᠋ ᠣᠢᠯᠠᠭᠠᠭᠤᠯᠵᠤ᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ ᠤ᠋ᠨ ᠰᠣᠶᠣᠯ ᠤ᠋ᠨ ᠮᠡᠳᠡᠷᠡᠮᠵᠢ ᠵᠢ ᠴᠢᠩᠭᠠᠳᠭᠠᠪᠠ᠃

ᠲᠠᠷᠠᠭᠠᠴᠢ ᠶ᠋ᠢᠨ ᠠᠯᠬᠤᠮ ᠳ᠋ᠤ᠂ ᠬᠥᠨᠳᠡᠯᠡᠨ ᠲᠣᠭᠣᠷᠢᠭ᠎ᠤᠨ ᠬᠢᠨ ᠦᠭᠡ ᠬᠡᠯᠡ ᠦᠰᠦᠭ ᠪᠢᠴᠢᠭ ᠤ᠋ᠨ ᠰᠤᠷᠭᠠᠨ ᠬᠥᠮᠦᠵᠢᠯ ᠤ᠋ᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢᠷᠡᠭᠦᠯᠵᠦ᠍᠂ ᠦᠭᠡ ᠬᠡᠯᠡ ᠪᠡᠷ ᠬᠥᠭᠥᠷᠭᠡ ᠪᠣᠯᠭᠠᠨ᠂ ᠰᠣᠶᠣᠯ ᠢ᠋ᠶ᠋ᠡᠷ ᠰᠦᠭ ᠰᠦᠨᠡᠰᠦ ᠪᠣᠯᠭᠠᠵᠤ᠂ 《ᠬᠢᠴᠢᠶᠡᠯ ᠤ᠋ᠨ ᠲᠠᠩᠬᠢᠮ ᠤ᠋ᠨ ᠵᠢᠭᠠᠨ ᠰᠤᠷᠭᠠᠯᠲᠠ ᠶ᠋ᠢᠨ ᠭᠣᠣᠯ ᠵᠢᠭ᠍ᠰᠠᠭᠠᠯ ᠤ᠋ᠨ ᠭᠠᠵᠠᠷ + ᠤᠨᠴᠠᠯᠢᠬ᠍ᠳᠤ ᠠᠵᠢᠯᠯᠠᠭ᠎ᠠ ᠶ᠋ᠢᠨ ᠱᠢᠨ᠎ᠡ ᠠᠴᠢᠶᠠᠯᠠᠪᠤᠷᠢ》 ᠵᠢᠨ ᠬᠣᠣᠰ ᠵᠠᠭ᠍ᠪᠤᠷ ᠲᠦ᠍ ᠰᠠᠭᠤᠷᠢᠯᠠᠵᠤ᠂ ᠤᠯᠤᠰ ᠤ᠋ᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠤ᠋ᠨ ᠰᠤᠷᠭᠠᠨ ᠬᠥᠮᠦᠵᠢᠯ ᠢ᠋ ᠬᠡᠯᠡ ᠪᠢᠴᠢᠭ ᠤ᠋ᠨ ᠬᠢᠴᠢᠶᠡᠯ᠂ ᠭᠣᠣᠯ ᠰᠡᠳᠦᠪᠲᠦ ᠠᠩᠬᠢ ᠶ᠋ᠢᠨ ᠬᠤᠷᠠᠯ᠂ ᠤᠷᠠᠨ ᠪᠢᠴᠢᠯᠭᠡ ᠤᠷᠠᠨ ᠵᠢᠷᠤᠭ᠂ ᠬᠢᠲᠠᠳ ᠦᠰᠦᠭ ᠤ᠋ᠨ ᠰᠣᠨᠣᠰᠴᠤ᠌ ᠪᠢᠴᠢᠬᠦ᠌ ᠵᠡᠷᠭᠡ ᠤᠯᠠᠨ ᠡᠱᠢᠴᠢᠯᠡᠭ᠌ᠰᠡᠨ ᠲᠠᠯᠠᠪᠤᠷ ᠲᠦ᠍ ᠠᠭᠤᠰᠤᠯᠴᠠᠭᠤᠯᠵᠤ᠂ ᠳᠦᠷᠢᠮᠵᠢᠭ᠌ᠰᠡᠨ ᠦᠭᠡ ᠬᠡᠯᠡ ᠦᠰᠦᠭ ᠪᠢᠴᠢᠭ ᠢ᠋ ᠰᠤᠷᠭᠠᠭᠤᠯᠢ ᠶ᠋ᠢᠨ ᠬᠦᠷᠢᠶᠡᠨ ᠤ᠋ ᠱᠢᠮᠡᠯᠢᠭ ᠬᠥᠷᠥᠰᠥᠨ ᠳ᠋ᠤ ᠦᠨᠳᠦᠰᠦᠯᠡᠭᠦᠯᠵᠦ᠍᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠳ᠋ᠤ ᠰᠠᠭᠤᠷᠢ ᠲᠠᠯᠪᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号