9 ᠰᠠᠷ᠎ᠠ᠎ᠶ᠋ᠢᠨ 8 ᠡᠴᠡ 12 ᠤ᠋ᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠲᠠᠭᠠᠨ ᠤᠷᠤᠭᠰᠢᠯᠠᠬᠤ》 ᠤᠯᠠᠨ ᠲᠦᠮᠡᠨᠴᠢ ᠬᠥᠮᠦᠵᠢᠯ ᠦᠢᠯᠡᠳᠦᠯᠭᠡ᠎ᠶ᠋ᠢᠨ ᠠᠵᠢᠯᠯᠠᠭ᠎ᠠ ᠵᠢᠴᠢ 《ᠠᠨᠠᠷ᠎ᠤᠨ ᠬᠡᠯᠬᠢᠶ᠎ᠠ — ᠳᠦᠷᠦ᠍᠎ᠶ᠋ᠢᠨ ᠪᠤᠳᠤᠯᠭ᠎ᠠ ᠬᠦᠷᠭᠡᠬᠦ᠌ ᠮᠡᠷᠭᠡᠵᠢᠯ ᠬᠦᠷᠭᠡᠬᠦ᠌ ᠦᠢᠯᠡᠴᠢᠯᠡᠭᠡ ᠬᠦᠷᠬᠡᠬᠦ 》 ᠠᠵᠢᠯᠯᠠᠭ᠎ᠠ ᠬᠥᠯᠥᠨ ᠪᠤᠢ᠌ᠷ ᠬᠤᠳᠠ᠎ᠶ᠋ᠢᠨ ᠵᠠᠯᠠᠨ ᠠᠢᠯ ᠬᠤᠳᠠ ᠪᠠ ᠭᠡᠭᠡᠨ ᠭᠣᠣᠯ ᠬᠤᠳᠠ᠎ᠳᠤ ᠶᠠᠪᠤᠭ᠍ᠳᠠᠪᠠ᠃
ᠠᠵᠢᠯᠯᠠᠭ᠎ᠠ᠎ᠨᠢ ᠣᠯᠠᠨ ᠬᠠᠷᠠᠭᠠᠰᠤ᠂ ᠭᠦᠨ ᠨᠡᠪᠴᠢᠭᠦᠯᠤᠯᠳᠡ ᠵᠢᠨ ᠮᠠᠶᠢᠭ ᠵᠢᠡᠷ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠠᠢᠯᠪᠤᠷᠢᠯᠠᠬᠤ᠂ ᠮᠡᠷᠭᠡᠵᠢᠯ ᠵᠢᠡᠷ ᠴᠢᠳᠠᠪᠤᠷᠢ ᠣᠯᠭᠣᠬᠤ᠂ ᠠᠷᠠᠳ᠎ᠲᠤ ᠠᠱᠢᠭ ᠬᠦᠷᠲᠡᠭᠡᠬᠦ᠌ ᠦᠶ᠋ᠯᠡᠴᠢᠯᠡᠭᠡ᠎ᠪᠡᠷ ᠦᠨᠳᠦᠰᠦᠨ ᠱᠠᠲᠤᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠲᠥᠷᠥ᠎ᠶ᠋ᠢᠨ ᠪᠣᠳᠣᠯᠭ᠎ᠠ᠎ᠶ᠋ᠢᠨ 《ᠦᠭᠬᠢᠶᠡᠮᠤᠷ ᠬᠤᠷ᠎ᠠ》᠂ ᠮᠡᠷᠭᠡᠵᠢᠯ᠎ᠦᠨ 《ᠠᠯᠲᠠᠨ ᠲᠦᠯᠬᠢᠭᠦᠷ》᠂ ᠦᠶ᠋ᠯᠡᠴᠢᠯᠡᠭᠡᠨ᠎ᠦ《ᠬᠠᠯᠠᠮᠵᠢ ᠵᠢᠨ ᠪᠠᠯᠡᠭ》 ᠬᠦᠷᠭᠡᠪᠡ᠃ ᠬᠥᠯᠥᠨ ᠪᠣᠢᠷ ᠬᠣᠲᠠ᠎ᠶ᠋ᠢᠨ 14 ᠦᠨᠳᠦᠰᠦᠲᠡᠨ᠎ᠦ ᠱᠢᠶᠠᠩ ᠰᠤᠮᠤ ᠭᠠᠴᠠᠭ᠎ᠠ ᠲᠣᠰᠭᠣᠨ᠎ᠤ ᠨᠡᠢᠭᠡᠮ ᠲᠣᠭᠣᠷᠢᠭ᠎ᠤᠨ ᠠᠵᠢᠯᠲᠠᠨ᠂ ᠮᠠᠯᠴᠢᠨ ᠲᠠᠷᠢᠶᠠᠴᠢᠨ᠎ᠤ ᠲᠥᠯᠥᠭᠡᠯᠡᠭ᠌ᠴᠢ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭᠴᠢ ᠵᠢᠴᠢ ᠵᠠᠯᠠᠭᠤ ᠦᠶ᠋ᠯᠡᠰ ᠪᠤᠰᠬᠠᠭᠴᠢ᠎ᠶ᠋ᠢᠨ ᠲᠥᠯᠥᠭᠡᠯᠡᠭ᠌ᠴᠢ ᠣᠷᠣᠯᠴᠠᠵᠠᠢ᠃
ᠵᠠᠯᠠᠨ ᠠᠢᠯ᠂ ᠭᠡᠭᠡᠨ ᠭᠤᠤᠯ ᠬᠤᠶᠠᠷ ᠭᠠᠵᠠᠷ ᠲᠸ᠋᠂ ᠤᠬᠠᠭᠤᠯᠤᠨ ᠲᠠᠢᠯᠪᠤᠷᠢᠯᠠᠬᠤ ᠲᠤᠰᠭᠠᠶ ᠮᠡᠷᠭᠡᠵᠢᠯᠲᠡᠨ ᠡᠴᠡ ᠰᠤᠷᠤᠭ᠍ᠴᠢᠳ᠎ᠲᠤ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠲᠠᠭᠠᠨ ᠤᠷᠤᠭᠰᠢᠯᠠᠬᠤ》 ᠭᠤᠤᠯ ᠰᠡᠳᠦᠪᠲᠦ ᠤᠬᠠᠭᠤᠯᠤᠨ ᠲᠠᠢᠯᠪᠤᠷᠢᠯᠠᠯᠲᠠ ᠬᠢᠵᠦ᠍᠂ ᠦᠵᠡᠯ ᠰᠠᠨᠠᠭᠠᠨ᠎ᠤ ᠬᠠᠮᠲᠤ᠎ᠶ᠋ᠢᠨ ᠲᠠᠨᠢᠯᠳᠠ ᠪᠡᠷ ᠪᠦᠯᠬᠦᠮᠳᠡᠨ ᠲᠡᠮᠡᠴᠡᠬᠦ᠌ ᠬᠦᠴᠦᠨ᠎ᠢ ᠨᠢᠭ᠍ᠲᠠᠷᠠᠭᠤᠯᠪᠠ᠃ ᠮᠠᠨᠵᠤᠤᠷ ᠬᠣᠲᠠ 《ᠠᠨᠠᠷ᠎ᠤᠨ ᠬᠡᠯᠬᠢᠶ᠎ᠠ》 ᠵᠢᠨ ᠦᠶ᠋ᠯᠡᠳᠦᠯᠭᠡ᠎ᠶ᠋ᠢᠨ ᠬᠡᠷᠡᠭ᠎ᠦᠨ ᠵᠢᠱ᠌ᠢᠶ᠎ᠡ ᠪᠡᠨ ᠬᠤᠪᠢᠶᠠᠯᠴᠠᠨ ᠦᠨᠳᠦᠰᠦᠨ ᠱᠠᠲᠤᠨ᠎ᠤ ᠦᠨᠳᠦᠰᠦᠲᠡᠨ᠎ᠦ ᠠᠵᠢᠯ᠎ᠳᠤ 《ᠲᠣᠯᠢ ᠪᠣᠯᠭᠠᠵᠤ ᠪᠤᠯᠬᠤᠢᠴᠠ᠂ ᠨᠠᠢᠳᠠᠪᠤᠷᠢᠵᠢᠭᠤᠯᠵᠤ ᠪᠤᠯᠬᠤᠢᠴᠠ》 ᠰᠡᠳᠭᠢᠮᠵᠢ ᠪᠠ ᠠᠷᠭ᠎ᠠ ᠬᠡᠮᠵᠢᠶ᠎ᠡ ᠬᠠᠩᠭᠠᠭ᠍ᠰᠠᠨ ᠪᠠᠢᠨ᠎ᠠ᠃ ᠠᠵᠢᠯᠯᠠᠭ᠎ᠠ᠎ᠨᠢ ᠲᠥᠷᠥ᠎ᠶ᠋ᠢᠨ ᠪᠣᠳᠣᠯᠭ᠎ᠠ᠎ᠶ᠋ᠢᠨ ᠳᠠᠮᠵᠢᠭᠤᠯᠭ᠎ᠠ᠎ᠶ᠋ᠢ ᠣᠨᠣᠯ᠎ᠤᠨ ᠵᠢᠭᠠᠨ ᠰᠤᠷᠭᠠᠯᠲᠠ᠂ ᠲᠤᠬᠠᠶ᠎ᠶ᠋ᠢᠨ ᠲᠠᠯᠠᠪᠠᠶ᠎ᠶ᠋ᠢᠨ ᠵᠢᠭᠠᠨ ᠰᠤᠷᠭᠠᠯᠲᠠ᠂ ᠰᠣᠶᠣᠯ᠎ᠤᠨ ᠠᠵᠢᠯᠯᠠᠭ᠎ᠠ ᠵᠡᠷᠭᠡ ᠡᠯ᠎ᠡ ᠭᠣᠭ᠍ᠴᠣᠭ᠎ᠠ᠎ᠳᠤ ᠭᠦᠨᠵᠡᠭᠡᠶ ᠠᠭᠤᠰᠤᠯᠴᠠᠭᠤᠯᠵᠤ᠂ ᠠᠬᠤᠶ ᠲᠠᠯᠠᠪᠠᠶ᠎ᠶ᠋ᠢᠨ ᠲᠠᠢᠯᠤᠮᠵᠢ᠎ᠪᠠᠷ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠪᠠ᠃ ᠲᠤᠰᠭᠠᠶ ᠮᠡᠷᠭᠡᠵᠢᠯᠲᠡᠨ᠎ᠡᠴᠡ ᠲᠥᠪ᠎ᠦᠨ ᠪᠠ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠠᠵᠢᠯ᠎ᠤᠨ ᠲᠤᠬᠠᠶ ᠴᠢᠭ᠌ᠯᠡᠯᠲᠡ ᠲᠥᠷᠥ᠎ᠶ᠋ᠢᠨ ᠪᠣᠳᠣᠯᠭ᠎ᠠ᠎ᠶ᠋ᠢ ᠣᠯᠠᠨ ᠲᠦᠮᠡᠨ᠎ᠲᠡᠶ ᠣᠢᠷᠠᠲᠤᠭ᠍ᠰᠠᠨ《ᠵᠣᠭᠣᠭ》ᠪᠣᠯᠭᠠᠨ ᠬᠤᠪᠢᠷᠠᠭᠤᠯᠵᠤ ᠂ ᠺᠠᠳ᠋ᠷ ᠣᠯᠠᠨ ᠲᠦᠮᠡᠨ᠎ᠳᠦ ᠣᠢᠯᠠᠭᠠᠵᠤ ᠲᠠᠢᠯᠬᠦ᠂ ᠮᠠᠲᠠᠷᠠᠵᠤ ᠲᠠᠢᠯᠬᠦ᠂ ᠬᠠᠷᠢᠴᠠᠭᠤᠯᠵᠤ ᠲᠠᠢᠯᠬᠦ ᠪᠤᠯᠭᠠᠪᠠ᠃ ᠲᠤᠬᠠᠶ᠎ᠶ᠋ᠢᠨ ᠲᠠᠯᠠᠪᠠᠶ᠎ᠶ᠋ᠢᠨ ᠵᠢᠭᠠᠨ ᠰᠤᠷᠭᠠᠯᠲᠠ ᠳᠤᠮᠳᠠ᠂ ᠰᠤᠷᠤᠭ᠍ᠴᠢᠳ ᠵᠠᠯᠠᠨ ᠠᠢᠯ᠎ᠤᠨ ᠲᠤᠮᠲᠠᠲᠤ ᠲᠤᠷᠤᠨᠠᠲᠤ ᠵᠢᠨ ᠲᠡᠮᠦᠷ ᠵᠠᠮ᠎ᠤᠨ ᠮᠦᠽᠧᠶ ᠂ ᠭᠡᠭᠡᠨ ᠭᠤᠤᠯ᠎ᠤᠨ ᠣᠯᠭᠣᠶᠠ᠎ᠶ᠋ᠢᠨ ᠡᠸᠡᠩᠬᠢ ᠦᠨᠳᠦᠰᠦᠲᠡᠨ᠎ᠦ ᠱᠢᠶᠠᠩ᠎ᠤᠨ ᠴᠠ ᠪᠤᠭᠤ᠎ᠶ᠋ᠢᠨ ᠰᠣᠶᠣᠯ᠎ᠤᠨ ᠮᠦᠽᠧᠶ᠎ᠳᠦ ᠬᠦᠷᠴᠦ᠍ ᠂ ᠲᠡᠦᠬᠡ᠎ᠶ᠋ᠢᠨ ᠳᠡᠯᠭᠡᠨ ᠦᠵᠡᠭᠦᠯᠭᠡ᠂ ᠦᠨᠳᠦᠰᠦᠲᠡᠨ᠎ᠦ ᠰᠣᠶᠣᠯ᠎ᠤᠨ ᠦᠵᠡᠭᠦᠯᠭᠡ᠎ᠶ᠋ᠢᠨ ᠵᠦᠶ᠋ᠯᠡᠰ᠎ᠢᠶᠡᠷ ᠤᠤᠯ᠎ᠤᠨ ᠬᠡᠢᠰᠪᠦᠷᠢ ᠪᠠᠢᠭ᠍ᠰᠠᠨ《ᠴᠠᠭᠠᠰᠤᠨ ᠳᠡᠭᠡᠷᠡᠬᠢ ᠥᠰᠥᠭ ᠪᠢᠴᠢᠭ》 ᠢ᠋ ᠮᠡᠳᠡᠷᠡᠵᠦ᠍ ᠪᠣᠯᠬᠤ᠂ ᠲᠡᠮᠲᠡᠷᠢᠵᠤ ᠪᠣᠯᠬᠤ ᠪᠣᠳᠠᠲᠤ ᠦᠷ᠎ᠡ ᠪᠦᠲᠦᠭᠡᠯ ᠪᠣᠯᠭᠠᠪᠠ᠃
ᠦᠨᠳᠦᠰᠦᠲᠡᠨ᠎ᠦ ᠱᠢᠶᠠᠩ᠎ᠤᠨ ᠠᠵᠤ ᠦᠶ᠋ᠯᠡᠰ᠎ᠦᠨ ᠣᠨᠴᠠᠯᠢᠭ ᠪᠠ ᠺᠠᠳ᠋ᠷ ᠣᠯᠠᠨ ᠲᠦᠮᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠣᠭᠣᠷᠢᠨ᠎ᠳᠤ ᠠᠵᠢᠯᠯᠠᠭ᠎ᠠ ᠨᠢ ᠡᠯ᠎ᠡ ᠬᠦᠷᠢᠶ᠎ᠠ ᠴᠠᠷᠠᠭᠠᠨ᠎ᠦ ᠲᠤᠰᠭᠠᠶ ᠮᠡᠷᠭᠡᠵᠢᠯᠲᠡᠨ᠎ᠢ ᠤᠷᠢᠵᠤ ᠡᠯᠪᠡᠭ ᠪᠠᠶᠠᠯᠢᠭ ᠵᠢᠭᠠᠨ ᠰᠤᠷᠭᠠᠯᠲᠠ᠎ᠶ᠋ᠢᠨ ᠠᠵᠢᠯᠯᠠᠭ᠎ᠠ ᠦᠷᠨᠢᠬᠦᠯᠪᠡ᠃ ᠭᠠᠷ ᠦᠶ᠋ᠯᠡᠳᠪᠦᠷᠢ ᠪᠠ ᠲᠦᠷᠦᠯ ᠲᠡᠮᠳᠡᠭ᠎ᠢ ᠡᠭᠦᠳᠬᠦ᠌ ᠬᠦᠷᠢᠶ᠎ᠠ ᠴᠠᠷᠠᠭᠠᠨ᠎ᠳᠦ ᠲᠤᠰᠭᠠᠶ ᠮᠡᠷᠭᠡᠵᠢᠯᠲᠡᠨ ᠡᠴᠡ ᠵᠠᠯᠠᠨ ᠠᠢᠯ᠎ᠤᠨ ᠦᠨᠳᠦᠰᠦᠲᠡᠨ᠎ᠦ ᠱᠢᠶᠠᠩ᠎ᠤᠨ ᠡᠬᠢ ᠪᠠᠶᠠᠯᠢᠭ᠎ᠤᠨ ᠳᠠᠪᠠᠭᠤᠯᠢᠭ᠎ᠲᠠᠶ ᠤᠶᠠᠯᠳᠤᠭᠤᠯᠤᠨ ᠰᠣᠶᠣᠯ᠎ᠤᠨ IP ᠶ᠋ᠢ ᠠᠭᠤᠳᠠᠯᠬᠤ᠂ ᠦᠶ᠋ᠯᠡᠳᠬᠦᠨ᠎ᠦ ᠪᠣᠭᠣᠳᠠᠯ᠎ᠤᠨ ᠵᠢᠷᠤᠭ ᠲᠥᠯᠥᠪᠯᠡᠭᠡ᠂ ᠵᠠᠬ᠎ᠠ ᠳᠡᠯᠭᠡᠭᠦᠷ᠎ᠦᠨ ᠪᠠᠢᠷᠢ ᠲᠣᠭ᠍ᠲᠠᠭᠠᠯᠲᠠ ᠵᠡᠷᠭᠡ ᠲᠠᠯ᠎ᠠ ᠡᠴᠡ ᠪᠣᠳᠠᠲᠠᠶ ᠵᠢᠯᠣᠭᠣᠳᠣᠯᠭ᠎ᠠ ᠥᠷᠨᠢᠭᠦᠯᠪᠡ; ᠭᠡᠭᠡᠨ ᠭᠤᠤᠯ᠎ᠳᠤ᠂ ᠲᠤᠰᠭᠠᠶ ᠮᠡᠷᠭᠡᠵᠢᠯᠲᠡᠨ ᠭᠡᠭᠡᠨ ᠭᠤᠤᠯ᠎ᠤᠨ ᠦᠨᠳᠦᠰᠦᠲᠡᠨ᠎ᠦ ᠰᠣᠶᠣᠯ᠎ᠤᠨ ᠣᠨᠴᠠᠯᠢᠭ᠎ᠢ ᠳᠣᠪᠣᠢᠯᠭᠠᠵᠤ᠂ ᠭᠠᠷ ᠤᠷᠠᠯᠠᠯ᠎ᠤᠨ ᠪᠦᠲᠦᠭᠡᠭ᠌ᠳᠡᠬᠦᠨ᠎ᠦ ᠲᠥᠷᠥᠯ ᠲᠡᠮᠳᠡᠭ᠌ᠵᠢᠬᠦ᠌ ᠬᠥᠭ᠌ᠵᠢᠯᠲᠡ᠎ᠳᠦ ᠲᠤᠰᠭᠠᠶ ᠮᠡᠷᠭᠡᠵᠢᠯ᠎ᠦᠨ ᠰᠡᠳᠭᠢᠮᠵᠢ ᠬᠠᠩᠭᠠᠪᠠ᠃ ᠵᠣᠬᠢᠶᠠᠮᠠᠯ ᠣᠶᠤᠨ ᠴᠢᠳᠠᠪᠤᠷᠢ᠎ᠶ᠋ᠢᠨ ᠬᠦᠷᠢᠶ᠎ᠠ ᠴᠠᠷᠠᠭᠠᠨ᠎ᠳᠦ᠂ ᠲᠤᠰᠭᠠᠶ ᠮᠡᠷᠭᠡᠵᠢᠯᠲᠡᠨ 《ᠣᠨᠣᠯ + ᠪᠣᠳᠠᠲᠠᠶ ᠠᠵᠢᠯᠯᠠᠭᠠᠨ》 ᠤ᠋ ᠵᠠᠭ᠍ᠪᠤᠷ᠎ᠢᠶᠠᠷ ᠦᠨᠳᠦᠰᠦᠲᠡᠨ᠎ᠦ ᠰᠣᠶᠣᠯ᠎ᠤᠨ ᠲᠣᠭᠠᠴᠢᠯᠠᠭ᠍ᠰᠠᠨ ᠬᠠᠮᠠᠭᠠᠯᠠᠯᠲᠠ᠂ ᠣᠨᠴᠠᠯᠢᠭ᠍ᠲᠤ ᠠᠵᠤ ᠦᠶ᠋ᠯᠡᠰ᠎ᠦᠨ ᠲᠣᠭ᠎ᠠ ᠪᠠᠷᠢᠮᠲᠠ᠎ᠶ᠋ᠢᠨ ᠵᠠᠳᠠᠯᠤᠯᠲᠠ᠎ᠳᠠᠬᠢ ᠲᠣᠮᠣ ᠵᠠᠭ᠍ᠪᠤᠷ᠎ᠤᠨ ᠬᠡᠷᠡᠭ᠌ᠯᠡᠯᠲᠡ᠎ᠶ᠋ᠢ ᠲᠠᠢᠯᠪᠤᠷᠢᠯᠠᠪᠠ᠃ ᠭᠡᠭᠡᠨ ᠭᠤᠤᠯ ᠬᠣᠲᠠ᠎ᠶ᠋ᠢᠨ ᠠᠵᠤ ᠦᠶ᠋ᠯᠡᠰ᠎ᠦᠨ ᠬᠡᠷᠡᠭ᠌ᠴᠡᠭᠡ᠎ᠳᠦ ᠴᠢᠭ᠌ᠯᠡᠭᠦᠯᠦᠨ ᠡᠯᠧᠺᠲ᠋ᠷᠣᠨ ᠬᠤᠳᠠᠯᠳᠤᠭᠠᠨ᠎ᠤ ᠪᠣᠯᠪᠠᠰᠤᠷᠠᠯ ᠥᠷᠨᠢᠭᠦᠯᠵᠦ᠍᠂ ᠣᠯᠠᠨ ᠲᠦᠮᠡᠨ᠎ᠢ ᠵᠢᠯᠣᠭᠣᠳᠤᠨ 《ᠡᠯᠧᠺᠲ᠋ᠷᠣᠨ ᠬᠤᠳᠠᠯᠳᠤᠭ᠎ᠠ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍》᠂ ᠴᠠ ᠪᠤᠭᠤ ᠵᠢᠴᠢ ᠮᠠᠯ ᠵᠢᠭᠦᠷᠲᠡᠨ᠎ᠦ ᠬᠢᠵᠢᠭ ᠡᠪᠡᠳᠴᠢᠨ᠎ᠢ ᠰᠡᠷᠭᠡᠢᠯᠡᠨ ᠵᠠᠰᠠᠬᠤ ᠮᠡᠳᠡᠯᠭᠡ᠎ᠶ᠋ᠢ ᠵᠢᠭᠠᠵᠤ᠂ ᠲᠡᠵᠢᠭᠡᠨ ᠦᠷᠡᠵᠢᠭᠦᠯᠬᠦ᠌ ᠡᠷᠦᠬᠡ᠎ᠶ᠋ᠢᠨ ᠪᠣᠳᠠᠲᠠᠶ ᠠᠰᠠᠭᠤᠳᠠᠯ᠎ᠢ ᠱᠢᠶ᠋ᠳᠪᠦᠷᠢᠯᠡᠪᠡ᠃
ᠠᠵᠢᠯᠯᠠᠭ᠎ᠠ᠎ᠨᠢ ᠦᠨᠳᠦᠰᠦᠲᠡᠨ᠎ᠦ ᠱᠢᠶᠠᠩ᠎ᠤᠨ ᠣᠯᠠᠨ ᠲᠦᠮᠡᠨᠴᠢ ᠰᠣᠶᠣᠯ᠂ ᠡᠷᠡᠭᠦᠯ ᠮᠡᠨᠳᠦ ᠵᠡᠷᠭᠡ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠯᠠᠨ ᠡᠱᠢᠵᠢᠭ᠌ᠰᠡᠨ ᠠᠷᠠᠳ᠎ᠲᠤ ᠠᠱᠢᠭ ᠬᠦᠷᠲᠡᠭᠡᠬᠦ᠌ ᠦᠶ᠋ᠯᠡᠴᠢᠯᠡᠭᠡᠥᠷᠨᠢᠭᠦᠯᠪᠡ᠃ ᠬᠣᠶᠠᠷ ᠭᠠᠵᠠᠷ᠎ᠲᠤ ᠦᠨᠳᠦᠰᠦᠲᠡᠨ᠎ᠦ ᠪᠦᠯᠬᠦᠮᠳᠡᠯ᠎ᠦᠨ ᠭᠣᠣᠯ ᠰᠡᠳᠦᠪᠲᠦ ᠺᠢᠨᠣ᠋᠎ᠶ᠋ᠢᠨ ᠨᠡᠢᠲᠡ᠎ᠶ᠋ᠢᠨ ᠠᠰᠠᠷᠠᠮᠵᠢ᠎ᠶ᠋ᠢᠨ ᠦᠵᠡᠭᠦᠯᠭᠡ ᠥᠷᠨᠢᠭᠦᠯᠵᠦ᠍᠂ ᠤᠯᠠᠨ ᠲᠦᠮᠡᠨ᠎ᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠤᠬᠠᠢ ᠣᠢᠯᠠᠭᠠᠯᠲᠠ᠎ᠶ᠋ᠢ ᠭᠦᠨᠵᠡᠭᠡᠢᠷᠡᠭᠦᠯᠪᠡ; ᠰᠤᠷᠤᠭ᠍ᠴᠢᠳ᠎ᠢ ᠵᠣᠬᠢᠶᠠᠨ ᠪᠠᠢᠭᠤᠯᠵᠤ ᠵᠠᠯᠠᠨ ᠠᠢᠯ᠎ᠤᠨ ᠵᠠᠭᠤᠨ ᠵᠢᠯ᠎ᠦᠨ ᠳᠡᠭᠦᠵᠢᠩ ᠬᠥᠭᠥᠷᠭᠡ ᠴᠡᠴᠡᠷᠯᠢᠭ᠂ ᠵᠠᠯᠠᠨ ᠠᠢᠯ᠎ᠤᠨ ᠰᠠᠭᠤᠭ᠍ᠳᠠᠯ·ᠰᠣᠶᠣᠯ᠎ᠤᠨ ᠳᠤᠷᠠᠰᠤᠮᠵᠢ᠎ᠶ᠋ᠢᠨ ᠥᠷᠲᠡᠭᠡ᠂ ᠭᠡᠭᠡᠨ ᠭᠤᠤᠯ ᠬᠣᠲᠠ᠎ᠶ᠋ᠢᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠵᠠᠯᠠᠭᠤᠴᠤᠳ ᠪᠠᠭᠠᠴᠤᠳ᠎ᠤᠨ ᠰᠤᠳᠤᠯᠤᠨ ᠰᠤᠷᠤᠯᠴᠠᠬᠤ ᠰᠠᠭᠤᠷᠢᠨ ᠳ᠋ᠤ ᠭᠦᠨᠵᠡᠭᠡᠢᠷᠡᠵᠦ᠍᠂ 《ᠲᠤᠬᠠᠶ᠎ᠶ᠋ᠢᠨ ᠲᠠᠯᠠᠪᠠᠶ᠎ᠶ᠋ᠢᠨ ᠵᠢᠭᠠᠨ ᠰᠤᠷᠭᠠᠯᠲᠠ + ᠱᠢᠶᠠᠩ ᠠᠯᠤᠰᠯᠠᠨ ᠰᠣᠯᠢᠯᠴᠠᠬᠤ》 ᠵᠠᠭ᠍ᠪᠤᠷ᠎ᠢᠶᠠᠷ ᠳᠠᠮᠵᠢᠭᠤᠯᠤᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠳᠤᠮᠳᠠ ᠠᠳᠠᠯᠢ ᠪᠤᠰᠤ ᠦᠨᠳᠦᠰᠦᠲᠡᠨ᠎ᠦ ᠰᠣᠶᠣᠯ᠎ᠤᠨ ᠷᠢᠳᠢ ᠱᠢᠳᠢ᠎ᠶ᠋ᠢ ᠮᠡᠳᠡᠷᠡᠭᠦᠯᠵᠦ᠍᠂ ᠰᠣᠶᠣᠯ᠎ᠤᠨ ᠬᠠᠮᠲᠤ᠎ᠶ᠋ᠢᠨ ᠲᠠᠨᠢᠯᠲᠠ᠎ᠶ᠋ᠢ ᠤᠯᠠᠮ ᠨᠢᠭᠡ ᠠᠯᠬᠤᠮ ᠨᠡᠮᠡᠭ᠌ᠳᠡᠭᠦᠯᠪᠡ᠃ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ᠎ᠤ ᠬᠢᠲᠠᠳ ᠡᠮᠨᠡᠯᠭᠡ᠎ᠶ᠋ᠢᠨ ᠬᠣᠷᠢᠶᠠᠨ᠎ᠤ ᠲᠤᠰᠭᠠᠶ ᠮᠡᠷᠭᠡᠵᠢᠯᠲᠡᠨ᠎ᠦ ᠪᠦᠯᠬᠦᠮ᠎ᠲᠡᠶ ᠬᠣᠯᠪᠣᠭᠠᠯᠠᠨ ᠠᠯᠪᠠᠨ ᠵᠢᠷᠤᠮ᠎ᠤᠨ ᠡᠮᠴᠢᠯᠡᠭᠡ ᠥᠷᠨᠢᠭᠦᠯᠵᠦ᠍᠂ ᠲᠤᠬᠠᠶ᠎ᠶ᠋ᠢᠨ ᠭᠠᠵᠠᠷ᠎ᠲᠤ ᠨᠢ ᠠᠰᠠᠭᠤᠵᠤ ᠡᠮᠨᠡᠬᠦ᠌᠂ ᠴᠢᠰᠤᠨ ᠳᠠᠷᠤᠯᠲᠠ᠎ᠶ᠋ᠢ ᠬᠡᠮᠵᠢᠬᠦ᠌᠂ ᠴᠢᠰᠤᠨ ᠱᠢᠬᠢᠷ᠎ᠢ ᠪᠠᠢᠴᠠᠭᠠᠨ ᠬᠡᠮᠵᠢᠬᠦ᠌ ᠵᠡᠷᠭᠡ ᠠᠷᠠᠳ᠎ᠲᠤ ᠠᠱᠢᠭ ᠬᠦᠷᠲᠡᠭᠡᠬᠦ᠌ ᠦᠶ᠋ᠯᠡᠴᠢᠯᠡᠭᠡ ᠬᠠᠩᠭᠠᠪᠠ᠃ ᠭᠡᠭᠡᠨ ᠭᠤᠤᠯ᠎ᠤᠨ ᠲᠤᠰᠭᠠᠶ ᠲᠠᠯᠠᠪᠠᠶ᠎ᠳᠤ᠂ ᠡᠸᠡᠩᠬᠢ ᠦᠨᠳᠦᠰᠦᠲᠡᠨ᠎ᠦ ᠤᠯᠠᠮᠵᠢᠯᠠᠯᠲᠤ ᠠᠷᠠᠰᠤ ᠨᠤᠤᠰᠤᠨ ᠭᠠᠷ ᠤᠷᠠᠯᠠᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭᠴᠢ ᠶ᠋ᠢ ᠤᠷᠢᠵᠤ ᠭᠠᠷ ᠤᠷᠠᠯᠠᠯ᠎ᠤᠨ ᠪᠦᠲᠦᠭᠡᠭ᠌ᠳᠡᠬᠦᠨ ᠨᠡᠷᠡᠨ ᠬᠤᠸᠠᠷ ᠦᠶ᠋ᠯᠡᠳᠬᠦ᠌ ᠮᠡᠷᠭᠡᠵᠢᠯ᠎ᠤᠨ ᠪᠣᠯᠪᠠᠰᠤᠷᠠᠯ ᠥᠷᠨᠢᠭᠦᠯᠵᠦ᠍᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠷ᠎ᠠ ᠮᠡᠷᠭᠡᠵᠢᠯ᠎ᠢ ᠤᠯᠠᠮᠵᠢᠯᠠᠭᠰᠠᠨ ᠮᠥᠷᠲᠡᠭᠡᠨ ᠪᠠᠰᠠ ᠣᠯᠠᠨ ᠲᠦᠮᠡᠨ᠎ᠦ ᠣᠷᠣᠯᠭ᠎ᠠ᠎ᠪᠠᠨ ᠨᠡᠮᠡᠭ᠌ᠳᠡᠭᠦᠯᠵᠦ᠍ ᠪᠠᠶᠠᠵᠢᠬᠤ᠎ᠳᠤ ᠱᠢᠨ᠎ᠡ ᠠᠷᠭ᠎ᠠ ᠵᠠᠮ ᠬᠠᠩᠭᠠᠪᠠ᠃