ᠭᠠᠵᠠᠷ ᠱᠢᠷᠣᠶ᠎ᠶ᠋ᠢᠨ ᠵᠠᠭᠤᠷᠠᠯᠳᠤᠭᠠᠨ᠎ᠢ ᠲᠤᠰᠭᠠᠢᠵᠢᠭᠤᠯᠤᠨ ᠱᠢᠭᠦᠨ ᠲᠠᠰᠤᠯᠬᠤ ᠱᠢᠨ᠎ᠡ ᠲᠣᠭ᠍ᠲᠡᠴᠡ ᠵᠢ ᠪᠠᠢᠭᠤᠯᠵᠦ ᠣᠲᠣᠭ ᠬᠣᠱᠢᠭᠤᠨ᠎ᠤ ᠠᠷᠠᠳ᠎ᠤᠨ ᠱᠢᠭᠦᠬᠦ᠌ ᠬᠣᠷᠢᠶ᠎ᠠ ᠵᠦᠷᠢᠴᠡᠯ ᠵᠠᠭᠤᠷᠠᠯᠳᠤᠭᠠᠨ᠎ᠢ ᠦᠨᠳᠤᠰᠤᠨ ᠱᠠᠳᠤᠨ ᠳ᠋ᠤ ᠪᠤᠶᠤ ᠴᠤᠬᠤᠢᠵᠦ ᠪᠠᠢᠬᠤ ᠳ᠋ᠤᠨᠢ ᠰᠢᠢᠳᠪᠤᠷᠢᠯᠡᠬᠦ ᠵᠢ ᠠᠬᠢᠭᠤᠯᠵᠤ ᠪᠤᠢ
2025-09-17 09:46:33
ᠵᠣᠬᠢᠶᠠᠭ᠍ᠴᠢ᠄
ᠪᠤᠶᠠᠡᠡᠨᠡᠷᠢᠯ᠂ ᠰᠡᠴᠡᠩᠭᠤᠸ᠎ᠠ
ᠣᠩᠱᠢᠭ᠍ᠰᠠᠨ ᠣᠳᠠᠭ᠎ᠠ᠄
★★★☆☆

ᠭᠠᠵᠠᠷ ᠨᠤᠳᠤᠭ ᠪᠤᠯ ᠮᠠᠯᠴᠢᠨ ᠳᠠᠷᠢᠶᠠᠴᠢᠨ᠎ᠤ ᠤᠷᠤᠰᠢᠨ ᠳᠤᠭᠳᠠᠨᠢᠬᠤ ᠵᠢᠨ ᠦᠨᠳᠤᠰᠤ᠂ ᠠᠮᠢᠳᠤᠷᠠᠨ ᠦᠭᠡᠳᠡᠯᠡᠬᠦ  ᠵᠢᠨ ᠠᠮᠢᠨ ᠰᠤᠳᠠᠰᠤ ᠪᠠᠢᠵᠦ ᠳᠠᠭᠠᠷᠠᠨ᠎ᠠ᠃ ᠣᠢᠷ᠎ᠠ᠎ᠶ᠋ᠢᠨ ᠵᠢᠯ᠎ᠦᠳ᠎ᠲᠦ ᠤᠷᠳᠤᠰ ᠬᠤᠲᠠ ᠵᠢᠨ ᠣᠲᠣᠭ ᠬᠣᠱᠢᠭᠤᠨ᠎ᠤ ᠠᠷᠠᠳ᠎ᠤᠨ ᠱᠢᠭᠦᠬᠦ᠌ ᠬᠣᠷᠢᠶ᠎ᠠ ᠱᠢᠨ᠎ᠡ ᠴᠠᠭ ᠦᠶ᠎ᠡ᠎ᠶ᠋ᠢᠨ 《ᠹᠸᠩ ᠴᠢᠶᠣᠤ᠎ᠶ᠋ᠢᠨ ᠲᠤᠷᠱᠢᠯᠭ᠎ᠠ》 ᠵᠢ ᠪᠠᠷᠢᠮᠲᠠᠯᠠᠨ ᠬᠥᠭ᠌ᠵᠢᠭᠦᠯᠵᠦ᠍᠂ ᠭᠠᠵᠠᠷ ᠱᠢᠷᠣᠶ᠎ᠶ᠋ᠢᠨ ᠵᠠᠭᠤᠷᠠᠯᠳᠤᠭᠠᠨ᠎ᠢ ᠲᠤᠰᠭᠠᠢᠵᠢᠭᠤᠯᠤᠨ ᠱᠢᠭᠦᠨ ᠲᠠᠰᠤᠯᠬᠤ ᠱᠢᠨ᠎ᠡ ᠲᠣᠭ᠍ᠲᠡᠴᠡ ᠵᠢ ᠪᠠᠢᠭᠤᠯᠵᠤ᠂ ᠭᠠᠵᠠᠷ ᠱᠢᠷᠣᠶ᠎ᠶ᠋ᠢᠨ ᠵᠠᠭᠤᠷᠠᠯᠳᠤᠭᠠᠨ᠎ᠢ ᠲᠤᠰᠭᠠᠢᠵᠢᠭᠤᠯᠤᠨ ᠱᠢᠭᠦᠨ ᠲᠠᠰᠤᠯᠬᠤ 《ᠱᠢᠨ᠎ᠡ ᠨᠡᠷ᠎ᠡ᠎ᠶ᠋ᠢᠨ ᠬᠠᠭᠤᠳᠠᠰᠤ 》 ᠵᠢ ᠦᠷᠭᠦᠯᠵᠢᠯᠡᠨ ᠭᠡᠷᠡᠯᠲᠦᠭᠦᠯᠵᠦ᠍ 《ᠭᠤᠷᠪᠠᠨ ᠨᠢᠭᠡ》 ᠵᠢᠨ ᠭᠠᠵᠠᠷ ᠱᠢᠷᠣᠶ᠎ᠶ᠋ᠢᠨ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠠᠵᠢᠯ᠎ᠤᠨ ᠠᠷᠭ᠎ᠠ᠎ᠶ᠋ᠢ ᠠᠪᠴᠤ᠌᠂ ᠶᠡᠬᠡ ᠬᠡᠮᠵᠢᠶᠡᠨ᠎ᠦ  ᠵᠥᠷᠢᠴᠡᠯ ᠵᠠᠭᠤᠷᠠᠯᠳᠤᠭᠠᠨ᠎ᠢ ᠦᠨᠳᠦᠰᠦᠨ ᠱᠠᠲᠤᠨ᠎ᠳᠤᠨᠢ ᠱᠢᠶ᠋ᠳᠪᠦᠷᠢᠯᠡᠵᠦ᠍᠂ ᠴᠤᠬᠤᠢᠵᠤ ᠪᠠᠢᠬᠤ᠎ᠳᠤᠨᠢ ᠱᠢᠶ᠋ᠳᠪᠦᠷᠢᠯᠡᠬᠦ ᠵᠢ ᠠᠬᠢᠭᠤᠯᠵᠠᠢ᠃ ᠭᠠᠵᠠᠷ ᠱᠢᠷᠣᠶ᠎ᠶ᠋ᠢᠨ ᠵᠠᠭᠤᠷᠠᠯᠳᠤᠭᠠᠨ᠎ᠢ ᠲᠤᠰᠭᠠᠢᠵᠢᠭᠤᠯᠤᠨ ᠱᠢᠭᠦᠨ ᠲᠠᠰᠤᠯᠬᠤ ᠲᠣᠭ᠍ᠲᠡᠴᠡ᠎ᠶ᠋ᠢ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠳᠤᠰ ᠰᠢᠬᠦᠬᠦ ᠬᠤᠷᠢᠶ᠎ᠠ ᠵᠢᠨ ᠲᠣᠭᠣᠷᠢᠨ ᠱᠢᠭᠦᠬᠦ ᠬᠣᠱᠢᠭᠤᠴᠢ ᠠᠩᠭᠢ ᠡᠯ᠎ᠡ ᠰᠠᠯᠠᠭ᠎ᠠ ᠮᠥᠴᠢᠷ᠎ᠲᠡᠶ ᠬᠠᠮᠵᠢᠯᠴᠠᠨ᠂ ᠡᠯ᠎ᠡ ᠲᠥᠷᠥᠯ᠎ᠦᠨ ᠭᠠᠵᠠᠷ ᠱᠢᠷᠣᠶ᠎ᠶ᠋ᠢᠨ ᠵᠠᠭᠤᠷᠠᠯᠳᠤᠭᠠᠨ᠎ᠢ 116 ᠤᠳᠠᠭ᠎ᠠ ᠡᠶᠡᠳᠡᠭᠦᠯᠵᠡᠢ᠂ ᠡᠬᠦᠨ ᠳ᠋ᠤ 26᠎ᠶ᠋ᠢ ᠨᠢ ᠢᠯᠭᠤᠮ ᠤᠷᠤᠭᠰᠢᠲᠠᠢ ᠡᠶᠡᠳᠡᠭᠦᠯᠪᠠ᠃ ᠱᠢᠭᠦᠬᠦ᠌ ᠬᠣᠷᠢᠶ᠎ᠠ ᠭᠠᠵᠠᠷ ᠱᠢᠷᠣᠶ᠎ᠶ᠋ᠢᠨ ᠵᠠᠭᠤᠷᠠᠯᠳᠤᠭᠠᠨ᠎ᠢ 123 ᠬᠤᠪᠢ ᠭᠥᠯᠢᠶᠡᠨ ᠠᠪᠴᠤ᠌᠂ 90 ᠬᠤᠪᠢ᠎ᠶ᠋ᠢ ᠨᠢ ᠱᠢᠶ᠋ᠳᠪᠦᠷᠢᠯᠡᠵᠦ᠍ ᠳᠠᠭᠤᠰᠭᠠᠵᠡᠢ᠃

《ᠵᠤᠷᠪᠤᠰ ᠱᠤᠭᠤᠮ》 ᠮᠠᠳᠤ ᠪᠠᠢᠵᠦ᠂ ᠵᠥᠷᠢᠴᠡᠯ ᠵᠠᠭᠤᠷᠠᠯᠳᠤᠭᠠᠨ ᠬᠠᠮᠢᠭ᠎ᠠ ᠡᠭᠦᠰᠦᠭ᠌ᠰᠡᠨ ᠪᠠᠢᠪᠠᠯ ᠲᠡᠨᠳᠡ ᠬᠦᠷᠲᠡᠯ᠎ᠡ ᠬᠦᠨᠵᠡᠭᠡᠢᠷᠡᠪᠠ᠃ ᠤᠳᠤᠭ ᠬᠤᠰᠢᠭᠤᠨ᠎ᠦ ᠠᠷᠠᠳ᠎ᠤᠨ ᠰᠢᠬᠦᠬᠦ ᠬᠤᠷᠢᠶ᠎ᠠ 《136》 ᠵᠠᠭᠤᠷᠠᠯᠳᠤᠭᠠᠨ᠎ᠢ ᠣᠯᠠᠨ ᠡᠱᠢᠴᠢᠯᠡᠨ ᠱᠢᠶ᠋ᠳᠪᠦᠷᠢᠯᠡᠬᠦ᠌ ᠠᠵᠢᠯ᠎ᠤᠨ ᠲᠣᠭ᠍ᠲᠡᠴᠡ᠎ᠶ᠋ᠢ ᠪᠠᠢᠭᠤᠯᠵᠦ᠂  ᠶᠡᠷᠦᠩᠬᠡᠢᠯᠡᠨ ᠵᠠᠰᠠᠬᠤ ᠲᠥᠪ᠎ᠦᠨ ᠡᠮᠦᠨ᠎ᠠ ᠹᠷᠣᠨᠲ᠎ᠤᠨ ᠠᠵᠢᠯ᠎ᠤᠨ ᠥᠷᠲᠡᠭᠡ᠂ ᠣᠶᠤᠨᠴᠢ ᠵᠠᠷᠭᠤ᠎ᠶ᠋ᠢ ᠲᠦᠭᠡᠮᠡᠯᠵᠢᠬᠦᠯᠬᠦ ᠦᠶ᠋ᠯᠡᠴᠢᠯᠡᠭᠡᠨ᠎ᠦ ᠥᠷᠲᠡᠭᠡ᠂ ᠦᠨᠳᠦᠰᠦᠨ ᠱᠠᠲᠤᠨ᠎ᠳᠤ ᠦᠶ᠋ᠯᠡᠴᠢᠯᠡᠬᠦ᠌ ᠬᠣᠯᠪᠣᠭ᠎ᠠ ᠠᠪᠬᠤ ᠥᠷᠲᠡᠭᠡ ᠵᠡᠷᠭᠡ 3 ᠥᠷᠲᠡᠭᠡ ᠵᠢ ᠪᠠᠢᠭᠤᠯᠵᠤ᠂ ᠡᠬᠢ ᠡᠭᠦᠰᠦᠯ᠎ᠡᠴᠡ ᠨᠢ ᠰᠡᠷᠭᠡᠢᠯᠡᠬᠦ᠂ ᠣᠯᠠᠨ ᠡᠱᠢᠲᠦ ᠬᠣᠯᠪᠣᠭᠠᠯᠠᠨ ᠡᠶᠡᠳᠡᠭᠦᠯᠬᠦ᠂ ᠲᠦᠷᠭᠡᠨ ᠲᠡᠰᠦᠯᠵᠦ ᠲᠦᠷᠭᠡᠨ ᠱᠢᠭᠦᠬᠦ᠂ ᠱᠢᠭᠦᠨ ᠲᠠᠰᠤᠯᠤᠭ᠍ᠰᠠᠨ᠎ᠤ ᠳᠠᠷᠠᠭ᠎ᠠ ᠮᠠᠳᠠᠭ᠎ᠢ ᠲᠠᠢᠯᠬᠤ᠂ ᠡᠬᠢ ᠦᠨᠳᠦᠰᠦ᠎ᠡᠴᠡ ᠨᠢ  ᠵᠠᠰᠠᠬᠤ᠂ ᠵᠠᠬᠢᠳᠠᠯ ᠰᠤᠷᠪᠤᠯᠵᠢᠯᠠᠯ᠎ᠢ ᠨᠠᠮᠳᠠᠭᠠᠬᠤ ᠵᠡᠷᠭᠡ 6 ᠴᠢᠳᠠᠮᠵᠢ ᠵᠢ ᠪᠦᠷᠢᠯᠳᠤᠬᠦᠯᠵᠦ᠂ ᠭᠠᠵᠠᠷ ᠱᠢᠷᠣᠢ᠎ᠶ᠋ᠢᠨ ᠵᠠᠭᠤᠷᠠᠯᠳᠤᠭᠠᠨ᠎ᠢ ᠲᠤᠰᠭᠠᠢ᠌ᠵᠢᠭᠤᠯᠤᠨ ᠱᠢᠭᠦᠨ ᠲᠠᠰᠤᠯᠬᠤ ᠬᠠᠮᠲᠤᠷᠠᠨ ᠵᠥᠪᠯᠡᠬᠦ᠌ ᠲᠢᠩᠬᠢᠮ᠎ᠢ ᠪᠠᠢᠭᠤᠯᠪᠠ᠃ ᠡᠬᠦᠨ᠎ᠦ ᠬᠠᠮᠳᠤ᠂ ᠭᠠᠵᠠᠷ ᠱᠢᠷᠣᠶ᠎ᠶ᠋ᠢᠨ ᠵᠠᠭᠤᠷᠠᠯᠳᠤᠭᠠᠨ᠎ᠢ 《ᠤᠷᠢᠳᠴᠢᠯᠡᠨ ᠡᠶᠡᠳᠡᠭᠦᠯᠬᠦ᠌ + ᠬᠥᠨᠳᠡᠯᠡᠨ᠎ᠡᠴᠡ ᠲᠠᠰᠤᠯᠬᠤ ᠵᠢᠯᠣᠭᠣᠳᠣᠯᠭ᠎ᠠ + ᠲᠣᠭᠣᠷᠢᠨ ᠱᠢᠭᠦᠬᠦ + ᠵᠠᠷᠭᠤ᠎ᠶ᠋ᠢᠨ ᠰᠢᠬᠦᠨ ᠲᠠᠰᠤᠯᠤᠯᠲᠠ》 ᠵᠢᠨ ᠲᠣᠭ᠍ᠲᠡᠴᠡ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠂ ᠬᠥᠨᠳᠡᠯᠡᠨ᠎ᠡᠴᠡ ᠲᠠᠰᠤᠯᠬᠤ ᠱᠠᠲᠤᠨ᠎ᠳᠤ ᠤᠷᠢᠳᠴᠢᠯᠠᠨ ᠣᠷᠣᠯᠴᠠᠬᠤ᠂ ᠵᠠᠷᠭᠤᠯᠳᠤᠬᠤ ᠪᠣᠯᠤᠨ ᠡᠶᠡᠳᠡᠭᠦᠯᠬᠦ᠌᠎ᠶ᠋ᠢ ᠵᠣᠯᠭᠠᠭᠤᠯᠬᠤ᠎ᠶ᠋ᠢ ᠠᠬᠢᠭᠤᠯᠬᠤ᠂ ᠱᠢᠭᠦᠨ ᠲᠠᠰᠤᠯᠤᠯᠳᠠ ᠵᠢᠨ ᠬᠡᠷᠡᠭ᠎ᠤᠨ ᠨᠡᠢᠲᠡᠯᠢᠭ ᠵᠢᠱ᠌ᠢᠶ᠎ᠡ᠎ᠪᠡᠷ ᠲᠦᠭ᠌ᠰᠢᠭᠦᠷᠢ᠎ᠶ᠋ᠢ ᠲᠣᠳᠣᠷᠬᠠᠢᠯᠠᠬᠤ ᠵᠡᠷᠭᠡ ᠵᠢ ᠴᠢᠩᠭᠠᠳᠬᠠᠵᠦ᠂ ᠭᠠᠵᠠᠷ ᠱᠢᠷᠣᠶ᠎ᠶ᠋ᠢᠨ ᠵᠥᠷᠢᠴᠡᠯ ᠵᠠᠭᠤᠷᠠᠯᠳᠤᠭᠠᠨ᠎ᠢ 《ᠨᠢᠭᠡ ᠥᠷᠲᠡᠭᠡᠴᠢᠯᠡᠭᠰᠡᠨ ᠮᠠᠶᠢᠭ ᠵᠢᠠᠷ ᠬᠦᠯᠢᠶᠡᠨ ᠠᠪᠴᠤ᠂ ᠪᠦᠬᠦᠨ᠎ᠢ ᠡᠶᠡᠳᠡᠭᠦᠯᠬᠦ ᠪᠡᠷ ᠴᠢᠷᠮᠠᠢᠨ᠂ ᠪᠦᠬᠦ᠌ ᠬᠡᠯᠬᠢᠶ᠎ᠡ᠎ᠪᠡᠷ ᠱᠢᠶ᠋ᠳᠪᠦᠷᠢᠯᠡᠬᠦ》 ᠵᠢ ᠪᠡᠶᠡᠯᠡᠬᠦᠯᠵᠡᠢ᠃

ᠳᠤᠰ ᠰᠢᠬᠦᠬᠦ ᠬᠤᠷᠢᠶ᠎ᠠ 《ᠲᠣᠭᠣᠷᠢᠨ ᠱᠢᠭᠦᠬᠦ + ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ》 ᠵᠢᠨ ᠬᠡᠯᠪᠡᠷᠢ᠎ᠶ᠋ᠢ ᠢᠳᠡᠪᠬᠢᠲᠡᠢ ᠳᠡᠯᠭᠡᠷᠡᠭᠦᠯᠵᠦ᠍᠂ ᠪᠦᠬᠦ᠌ ᠬᠣᠱᠢᠭᠤᠨ ᠳ᠋ᠤ ᠭᠠᠵᠠᠷ ᠱᠢᠷᠣᠢ᠎ᠶ᠋ᠢᠨ ᠵᠠᠭᠤᠷᠠᠯᠳᠤᠭᠠᠨ᠎ᠢ ᠲᠣᠭᠣᠷᠢᠨ ᠰᠢᠬᠦᠬᠦ ᠴᠡᠭ᠎ᠢ 6 ᠪᠠᠢᠭᠤᠯᠵᠤ᠂ 7 ᠵᠢᠯ ᠦᠷᠭᠦᠯᠵᠢᠯᠡᠭ᠌ᠰᠡᠨ ᠨᠤᠲᠤᠭ ᠪᠡᠯᠴᠢᠭᠡᠷ᠎ᠦᠨ ᠵᠠᠭᠤᠷᠠᠯᠳᠤᠭᠠᠨ᠂ 20 ᠵᠢᠯ ᠬᠡᠲᠦᠷᠡᠭ᠌ᠰᠡᠨ ᠭᠠᠵᠠᠷ ᠱᠢᠷᠣᠢ᠎ᠶ᠋ᠢᠨ ᠵᠠᠭᠤᠷᠠᠯᠳᠤᠭᠠᠨ ᠵᠡᠷᠭᠡ ᠣᠯᠠᠨ ᠲᠦᠪᠡᠭ ᠪᠤᠳᠤᠯᠢᠶᠠᠨᠲᠠᠢ ᠬᠡᠷᠡᠭ᠎ᠢ ᠠᠮᠵᠢᠯᠲᠠ᠎ᠲᠠᠶ ᠱᠢᠢᠳᠪᠦᠷᠢᠯᠡᠵᠦ᠍᠂ ᠬᠠᠮᠢᠶ᠎ᠠ ᠪᠦᠬᠦᠢ ᠲᠤᠷᠱᠢᠯᠭ᠎ᠠ᠎ᠨᠢ ᠤᠯᠤᠰ᠎ᠤᠨ ᠲᠡᠰ᠎ᠤᠨ ᠵᠠᠭᠤᠴᠢᠯᠠᠭᠤᠷ᠎ᠲᠸ᠋ ᠮᠡᠳᠡᠭᠡᠯᠡᠭᠳᠡᠵᠦ᠂ ᠵᠢᠱ᠌ᠢᠶ᠎ᠡ ᠦᠵᠡᠭᠦᠯᠬᠦ᠌ ᠦᠢᠯᠡᠳᠦᠯ ᠦᠵᠡᠬᠦᠯᠦᠭᠰᠡᠨ ᠪᠠᠢᠨ᠎ᠠ᠃ ᠡᠭᠦᠨ᠎ᠡᠴᠡ ᠭᠠᠳᠠᠨ᠎ᠠ᠂ ᠲᠤᠬᠠᠢ᠎ᠶ᠋ᠢᠨ ᠲᠠᠯᠠᠪᠠᠢ᠎ᠳᠤ ᠵᠠᠭᠤᠷᠠᠯᠳᠤᠭᠠᠨ᠎ᠢ ᠱᠢᠢᠳᠪᠦᠷᠢᠯᠡᠬᠦ᠌᠎ᠶ᠋ᠢᠨ ᠬᠠᠮᠳᠤ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠭᠡ ᠲᠣᠰᠭᠣᠨ᠎ᠤ ᠭᠠᠵᠠᠷ ᠱᠢᠷᠣᠢ᠎ᠶ᠋ᠢᠨ ᠳᠠᠭᠠᠭᠠᠴᠢᠯᠠᠯᠲᠠ᠎ᠶ᠋ᠢᠨ ᠬᠠᠤᠯᠢ》 ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠲᠦᠷᠢᠮ ᠳᠤᠭᠳᠠᠭᠠᠯ᠎ᠢ ᠤᠬᠠᠭᠤᠯᠤᠨ ᠲᠦᠭᠡᠮᠡᠯᠵᠢᠭᠦᠯᠵᠦ᠍᠂ 1000 ᠭᠠᠷᠤᠢ ᠬᠤᠪᠢ ᠬᠣᠣᠰ ᠬᠡᠯᠡᠨ᠎ᠦ ᠤᠬᠠᠭᠤᠯᠭ᠎ᠠ ᠵᠢᠨ ᠮᠠᠲ᠋ᠧᠷᠢᠶᠠᠯ ᠲᠠᠷᠬᠠᠭᠠᠵᠤ᠂ 500 ᠭᠠᠷᠤᠢ ᠬᠥᠮᠦᠨ ᠤᠳᠠᠭᠠᠨ᠎ᠤ ᠬᠠᠤᠯᠢ ᠴᠠᠭᠠᠵᠠ᠎ᠶ᠋ᠢᠨ ᠯᠠᠪᠯᠠᠭ᠎ᠠ ᠳ᠋ᠤ ᠬᠠᠷᠢᠭᠤᠯᠳᠠ ᠦᠭᠴᠤ᠂ ᠨᠡᠢᠭᠡᠮ᠎ᠨᠡᠢᠳᠡ ᠵᠢᠨ ᠠᠩᠬᠠᠷᠤᠯ ᠲᠠᠯᠪᠢᠵᠤ ᠪᠠᠢᠭ᠎ᠠ ᠭᠠᠵᠠᠷ ᠱᠢᠷᠣᠢ᠎ᠶ᠋ᠢᠨ ᠵᠠᠭᠤᠷᠠᠯᠳᠤᠭᠠᠨ᠎ᠤ ᠬᠡᠷᠡᠭ᠎ᠢ ᠰᠣᠩᠭᠣᠯᠳᠠ ᠬᠢᠵᠦ᠂ ᠲᠢᠩᠬᠢᠮ᠎ᠤᠨ ᠱᠢᠭᠦᠯᠲᠡ᠎ᠶ᠋ᠢᠨ ᠬᠡᠯᠪᠡᠷᠢ ᠪᠡᠷ ᠱᠢᠭᠤᠳ ᠨᠡᠪᠲᠡᠷᠡᠭᠦᠯᠭᠡ ᠬᠢᠭᠰᠡᠨ ᠪᠤᠶᠤ ᠲᠤᠬᠠᠢ᠎ᠶ᠋ᠢᠨ ᠲᠠᠯᠠᠪᠠᠢ᠎ᠳᠤ ᠤᠬᠠᠭᠤᠯᠤᠨ ᠲᠠᠢᠯᠪᠤᠷᠢᠯᠠᠭᠰᠠᠨ ᠪᠠᠢᠨ᠎ᠠ᠃

《ᠬᠡᠰᠡᠭ ᠳᠤᠤᠷᠵᠢᠯ》 ᠮᠠᠳᠤ ᠪᠠᠢᠵᠦ᠂ ᠵᠥᠷᠢᠴᠡᠯ ᠵᠠᠭᠤᠷᠠᠯᠳᠤᠭᠠᠨ ᠬᠠᠮᠢᠭ᠎ᠠ ᠡᠭᠦᠰᠦᠭᠰᠡᠨ ᠪᠠᠢᠪᠠᠯ ᠲᠡᠨᠳᠡ ᠬᠦᠷᠳᠡᠯ᠎ᠠ ᠬᠦᠴᠦᠯᠡᠪᠡ᠃ ᠪᠦᠬᠦ ᠬᠣᠱᠢᠭᠤᠨ ᠳ᠋ᠡᠬᠢ ᠭᠠᠵᠠᠷ ᠱᠢᠷᠣᠶ᠎ᠶ᠋ᠢᠨ ᠵᠠᠭᠤᠷᠠᠯᠳᠤᠭᠠᠨ᠎ᠦ ᠵᠥᠷᠢᠴᠡᠯ ᠶᠡᠬᠡ᠂ ᠡᠶᠡᠳᠡᠭᠦᠯᠬᠦ᠌᠎ᠳᠦ ᠬᠦᠴᠢᠷ ᠵᠡᠷᠭᠡ ᠣᠨᠴᠠᠯᠢᠭ᠎ᠲᠤ ᠰᠠᠭᠤᠷᠢᠯᠠᠨ᠂ ᠲᠣᠭᠠᠴᠢᠯᠠᠭ᠍ᠰᠠᠨ ᠠᠷᠭ᠎ᠠ ᠪᠠᠷᠢᠯ ᠵᠡᠷᠭᠡ ᠵᠢ ᠭᠦᠶ᠋ᠴᠡᠳ ᠬᠡᠷᠡᠭ᠌ᠯᠡᠨ᠂ ᠵᠦᠷᠢᠴᠡᠯ ᠵᠠᠭᠤᠷᠠᠯᠳᠤᠭᠠᠨ᠎ᠢ ᠪᠦᠲᠦᠮᠵᠢᠲᠡᠶ ᠱᠢᠶ᠋ᠳᠪᠦᠷᠢᠯᠡᠵᠦ᠍᠂ ᠡᠯ᠎ᠡ ᠰᠤᠮᠤ ᠪᠠᠯᠭᠠᠰᠤᠨ᠎ᠳᠤ  ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠠᠵᠢᠯ᠎ᠤᠨ ᠥᠷᠲᠡᠭᠡ ᠪᠠᠢᠭᠤᠯᠵᠤ᠂ ᠠᠷᠠᠳ᠎ᠤᠨ ᠡᠶᠡᠳᠡᠭᠦᠯᠭᠡ ᠵᠢᠨ ᠲᠠᠪᠴᠠᠩ᠂ ᠲᠢᠩᠬᠢᠮ᠎ᠦᠨ ᠱᠢᠭᠦᠯᠲᠡ᠎ᠶ᠋ᠢᠨ ᠱᠢᠭᠤᠳ ᠨᠡᠪᠲᠡᠷᠡᠭᠦᠯᠭᠡ᠎ᠶ᠋ᠢᠨ ᠱᠢᠰᠲ᠋ᠧᠮ᠂ ᠱᠢᠭᠦᠨ ᠲᠠᠰᠤᠯᠤᠯᠲᠠ᠎ᠶ᠋ᠢᠨ ᠪᠢᠴᠢᠭ ᠬᠠᠷ᠎ᠠ᠎ᠶ᠋ᠢ ᠢᠯᠡ ᠪᠣᠯᠭᠠᠬᠤ ᠲᠠᠪᠴᠠᠩ ᠵᠡᠷᠭᠡ ᠣᠯᠠᠨ ᠡᠱᠢᠲᠦ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠥᠷᠲᠡᠭᠡ ᠴᠡᠭ᠎ᠢ ᠪᠠᠢᠭᠤᠯᠵᠤ᠂ ᠣᠶᠤᠨᠴᠢᠯᠠᠭ᠍ᠰᠠᠨ ᠠᠵᠢᠯ᠂ ᠮᠡᠳᠡᠭᠡ ᠵᠠᠩᠭᠢᠴᠢᠯᠠᠯᠲᠠ᠎ᠶ᠋ᠢᠨ ᠲᠠᠪᠴᠠᠩ᠂ ᠦᠵᠡᠭ᠌ᠳᠡᠮᠡᠯ ᠲᠣᠭ᠎ᠠ ᠪᠠᠷᠢᠮᠲᠠ᠎ᠶ᠋ᠢ ᠨᠢᠭᠡ ᠴᠣᠭ᠍ᠴᠠᠵᠢᠭᠤᠯᠤᠭ᠍ᠰᠠᠨ ᠱᠢᠨ᠎ᠡ ᠬᠡᠯᠪᠡᠷᠢ᠎ᠶ᠋ᠢᠨ ᠵᠠᠷᠭᠤ᠎ᠶ᠋ᠢᠨ ᠦᠶ᠋ᠯᠡᠴᠢᠯᠡᠭᠡ᠎ᠭᠠᠷᠭᠠᠨ᠂ ᠠᠯᠤᠰ ᠡᠵᠡᠮᠱᠢᠯᠲᠦ ᠲᠢᠩᠬᠢᠮ ᠨᠡᠭᠡᠭᠡᠵᠦ᠍᠂ 50 ᠭᠠᠷᠤᠶ ᠤᠳᠠᠭᠠᠨ᠎ᠤ ᠡᠶᠡᠳᠡᠭᠦᠯᠭᠡ ᠬᠢᠵᠦ᠂ 《ᠲᠣᠭ᠎ᠠ ᠪᠠᠷᠢᠮᠲᠠ᠎ᠶ᠋ᠢ ᠢᠯᠡᠭᠦᠬᠡᠨ ᠭᠦᠶᠦᠯᠭᠡᠵᠦ᠍᠂ ᠣᠯᠠᠨ ᠲᠦᠮᠡᠨ᠎ᠢ ᠳᠤᠲᠠᠭᠤ ᠭᠦᠶᠦᠯᠭᠡᠬᠦ᠌》 ᠵᠢ ᠦᠨᠡᠨ ᠬᠦ᠌ ᠪᠡᠶᠡᠯᠡᠭᠦᠯᠪᠡ᠃

ᠡᠬᠦᠨ᠎ᠦ ᠬᠠᠮᠳᠤ᠂ ᠭᠠᠵᠠᠷ ᠱᠢᠷᠣᠶ᠎ᠶ᠋ᠢᠨ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠱᠢᠶ᠋ᠳᠪᠦᠷᠢᠯᠡᠬᠦ᠌ 《ᠳᠥᠷᠪᠡᠨ ᠠᠯᠬᠤᠮ᠎ᠤᠨ ᠠᠷᠭ᠎ᠠ》 ᠵᠢᠨ ᠶᠠᠪᠤᠴᠠ᠎ᠶ᠋ᠢ ᠵᠢᠷᠤᠮᠵᠢᠭᠤᠯᠵᠠᠢ᠃ ᠳᠤᠬᠠᠢᠯᠠᠪᠠᠯ᠄ 《ᠠᠵᠢᠭᠯᠠᠬᠤ》᠂ ᠵᠠᠭᠤᠷᠠᠯᠳᠤᠭᠠᠨ᠎ᠢ ᠪᠥᠬᠥ᠌ ᠲᠠᠯ᠎ᠠ ᠪᠡᠷ ᠠᠵᠢᠭ᠍ᠯᠠᠨ᠎ᠠ; 《ᠰᠣᠨᠣᠰᠭᠤ》᠂ ᠡᠯ᠎ᠡ  ᠲᠠᠯ᠎ᠠ ᠎ᠶ᠋ᠢᠨ  ᠬᠦᠰᠡᠯ ᠱᠠᠭᠠᠷᠳᠠᠯᠭ᠎ᠠ᠎ᠶ᠋ᠢ ᠠᠩᠬᠠᠷᠤᠨ ᠰᠣᠨᠣᠰᠤᠨ᠎ᠠ; 《ᠠᠰᠠᠭᠤᠬᠤ》᠂ ᠵᠥᠷᠢᠴᠡᠯ᠎ᠦᠨ ᠦᠨᠳᠦᠰᠦ ᠰᠤᠷᠪᠤᠯᠵᠢ᠎ᠶ᠋ᠢ ᠭᠦᠨᠵᠡᠭᠡᠶ ᠰᠦᠪᠡᠭ᠌ᠴᠢᠯᠡᠵᠦ ᠠᠰᠠᠭᠤᠨ᠎ᠠ; 《ᠲᠤᠯᠭᠠᠬᠤ》᠂ ᠤᠨᠤᠴᠠᠳᠠᠢ ᠪᠡᠷ ᠡᠶᠡᠳᠡᠭᠦᠯᠬᠦ᠌ ᠲᠥᠰᠦᠯ ᠭᠠᠷᠭᠠᠵᠤ᠂ ᠵᠠᠷᠭᠤ ᠢᠯᠠᠭ᠍ᠳᠠᠭ᠍ᠰᠠᠨ ᠱᠢᠯᠲᠠᠭᠠᠨ᠎ᠢ ᠵᠠᠳᠠᠯᠬᠤ ᠲᠠᠰᠤᠭ ᠭᠠᠷᠭᠠᠵᠤ᠂ ᠤᠤᠯ ᠱᠢᠭᠦᠯᠲᠡ᠎ᠶ᠋ᠢᠨ ᠱᠢᠭᠦᠬᠦ᠌ ᠲᠤᠱᠢᠶᠠᠯᠲᠠᠨ᠎ᠤ ᠠᠩᠬ᠎ᠠ ᠱᠢᠶ᠋ᠳᠪᠦᠷᠢᠯᠡᠬᠦ᠌ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠭᠠᠵᠠᠷ ᠱᠢᠷᠣᠶ᠎ᠶ᠋ᠢᠨ ᠵᠠᠭᠤᠷᠠᠯᠳᠤᠭᠠᠨ ᠨᠢᠭᠡᠪᠦᠷᠢ᠎ᠶ᠋ᠢ ᠦᠨᠡᠨ ᠪᠣᠳᠠᠲᠠᠶ  ᠱᠢᠶ᠋ᠳᠪᠦᠷᠢᠯᠡᠬᠦ᠌᠎ᠶ᠋ᠢ  ᠪᠠᠳᠤᠯᠠᠵᠠᠢ ᠃

《ᠬᠦᠯᠭᠡ ᠰᠢᠳᠠᠷ᠎ᠠ》 ᠮᠡᠳᠤ ᠪᠠᠢᠵᠦ᠂ ᠵᠥᠷᠢᠴᠡᠯ ᠵᠠᠭᠤᠷᠠᠯᠳᠤᠭᠠᠨ᠎ᠤ ᠲᠥᠪᠯᠡᠷᠡᠯ᠎ᠦᠨ ᠴᠡᠭ ᠬᠠᠮᠢᠭ᠎ᠠ  ᠪᠠᠢᠪᠠᠯ  ᠬᠠᠤᠯᠢ ᠬᠡᠷᠡᠭᠵᠢᠭᠦᠯᠬᠦ ᠠᠵᠢᠯᠯᠠᠭ᠎ᠠ ᠲᠡᠨᠳᠡ ᠬᠦᠷᠳᠡᠯ᠎ᠠ ᠠᠭᠤᠰᠤᠯᠴᠠᠪᠠ᠃ 《ᠨᠠᠮ᠎ᠤᠨ ᠬᠣᠷᠢᠶ᠎ᠠ ᠲᠦᠷᠦᠭᠦᠯᠡᠵᠦ᠂ ᠵᠠᠰᠠᠭ᠎ᠤᠨ ᠣᠷᠳᠣᠨ ᠬᠠᠷᠢᠭᠤᠴᠠᠵᠤ᠂ ᠱᠢᠭᠦᠬᠦ᠌ ᠬᠣᠷᠢᠶ᠎ᠠ ᠠᠭᠤᠳᠠᠯᠤᠨ ᠭᠠᠷᠭᠠᠬᠤ》 ᠭᠠᠵᠠᠷ ᠱᠢᠷᠣᠶ᠎ᠶ᠋ᠢᠨ ᠬᠠᠮᠢᠶᠠᠷᠤᠯᠲᠠ᠎ᠶ᠋ᠢᠨ ᠠᠵᠢᠯ᠎ᠤᠨ ᠪᠠᠢᠷᠢᠰᠢᠭᠤᠯᠤᠯᠳᠠ ᠵᠢ ᠪᠦᠷᠢᠯᠳᠤᠬᠦᠯᠵᠦ᠂ ᠱᠢᠭᠦᠬᠦ᠌ ᠬᠣᠷᠢᠶ᠎ᠠ ᠵᠢᠨ 7 ᠲᠤᠬᠠᠢᠯᠠᠭ᠍ᠰᠠᠨ  ᠠᠵᠢᠯ᠎ᠤᠨ ᠰᠠᠯᠠᠭ᠎ᠠ ᠮᠥᠴᠢᠷ᠎ᠢ ᠪᠦᠬᠦ᠌ ᠬᠣᠱᠢᠭᠤᠨ᠎ᠤ 6 ᠰᠤᠮᠤ ᠪᠠᠯᠭᠠᠰᠤ᠎ᠲᠠᠶ ᠵᠣᠯᠭᠠᠭᠤᠯᠵᠦ᠂ 75 ᠵᠠᠷᠭᠤ᠎ᠶ᠋ᠢᠨ ᠦᠶ᠋ᠯᠡᠴᠢᠯᠡᠭᠡᠨ᠎ᠦ ᠴᠡᠭ᠂ 84 ᠬᠣᠯᠪᠣᠭᠠᠴᠢᠨ᠎ᠢ ᠰᠢᠬᠦᠬᠦ ᠲᠤᠱᠢᠶᠠᠯᠲᠠᠨ᠎ᠤ᠎ᠲᠣᠣᠷᠵᠢᠯ ᠳ᠋ᠤ ᠣᠷᠣᠬᠤ ᠠᠵᠢᠯ᠎ᠯᠤᠭ᠎ᠠ ᠨᠢᠭ᠍ᠲᠠ ᠤᠶᠠᠯᠳᠤᠭᠤᠯᠵᠦ᠂ 《ᠲᠤᠤᠷᠵᠢᠯ᠎ᠤᠨ ᠭᠠᠵᠠᠷ ᠲᠸ᠋ ᠰᠢᠬᠦᠬᠦ ᠳᠤᠰᠢᠶᠠᠯᠳᠠᠠ ᠨᠡᠷ᠎ᠠ ᠮᠡᠳᠡᠬᠦᠯᠬᠦ》 ᠲᠣᠭ᠍ᠲᠡᠴᠡ ᠵᠢ ᠪᠠᠢᠭᠤᠯᠵᠦ᠂ ᠰᠢᠬᠦᠬᠦ ᠲᠤᠱᠢᠶᠠᠯᠲᠠᠨ᠎ᠤ ᠲᠣᠣᠷᠵᠢᠯ ᠳ᠋ᠤ᠎ᠤᠷᠤᠵᠦ 《ᠨᠢᠭᠡᠳ ᠨᠢᠭᠡ ᠳ᠋ᠤ》 ᠦᠢᠯᠡᠴᠢᠯᠡᠭᠡ ᠬᠠᠩᠭᠠᠬᠤ ᠵᠢ ᠪᠡᠶᠡᠯᠡᠬᠦᠯᠵᠦ᠂ ᠲᠣᠭᠣᠷᠢᠨ ᠱᠢᠭᠦᠬᠦ᠂ ᠬᠠᠮᠲᠤᠷᠠᠭ᠍ᠰᠠᠨ ᠬᠤᠷᠠᠯ᠂ ᠲᠤᠬᠠᠶ᠎ᠶ᠋ᠢᠨ ᠳᠠᠯᠠᠪᠠᠢ ᠳ᠋ᠤᠨᠢ ᠵᠢᠯᠣᠭᠣᠳᠤᠯᠭ᠎ᠠ ᠬᠢᠬᠦ ᠵᠡᠷᠭᠡ ᠠᠷᠭ᠎ᠠ ᠬᠡᠯᠪᠡᠷᠢ ᠪᠡᠷ ᠳᠠᠮᠵᠢᠨ᠂ ᠰᠠᠨᠠᠭᠠᠴᠢᠯᠠᠭ᠎ᠠ᠎ᠡᠴᠡ᠎ᠪᠠᠨ ᠦᠨᠳᠦᠰᠦᠨ ᠱᠠᠲᠤᠨ᠎ᠳᠤ ᠭᠦᠨᠵᠡᠭᠡᠢᠷᠡᠵᠦ᠍ ᠵᠥᠷᠢᠴᠡᠯ᠎ᠵᠠᠭᠤᠷᠠᠯᠳᠤᠭᠠᠨ᠎ᠢ ᠵᠢᠭ᠍ᠰᠠᠭᠠᠨ ᠪᠠᠢᠴᠠᠭᠠᠵᠦ᠂ ᠭᠠᠵᠠᠷ ᠱᠢᠷᠣᠶ᠎ᠶ᠋ᠢᠨ ᠡᠵᠡᠩᠨᠡᠯᠳᠡ ᠵᠢᠨ ᠡᠷᠭᠡ ᠵᠢ ᠰᠢᠯᠵᠢᠬᠦᠯᠬᠦ᠂ ᠭᠡᠷ᠎ᠡ ᠭᠦᠶ᠋ᠴᠡᠳᠭᠡᠬᠦ᠌ ᠵᠡᠷᠭᠡ ᠬᠦᠴᠢᠷ ᠲᠦᠪᠡᠭ ᠳᠠᠢ ᠠᠰᠠᠭᠤᠳᠠᠯ᠎ᠳᠤ ᠤᠷᠢᠳᠴᠢᠯᠠᠨ ᠣᠷᠣᠯᠴᠠᠵᠦ᠂ ᠵᠠᠭᠤᠷᠠᠯᠳᠤᠭᠠᠨ᠎ᠢ ᠴᠤᠬᠤᠢᠵᠤ ᠪᠠᠢᠭ᠎ᠠ ᠦᠶ᠎ᠠ᠎ᠳᠤᠨᠢ ᠱᠢᠶ᠋ᠳᠪᠦᠷᠢᠯᠡᠬᠦ᠂ 《 ᠪᠠᠭ᠎ᠠ ᠤᠴᠢᠷ᠎ᠢ ᠭᠠᠴᠠᠭ᠎ᠠ ᠲᠣᠰᠭᠣᠨ᠎ᠳ᠋ᠤᠨᠢ᠂ ᠶᠡᠬᠡ ᠶᠠᠪᠤᠳᠠᠯ᠎ᠢ ᠪᠠᠯᠭᠠᠰᠤᠨ᠎ᠳ᠋ᠤᠨᠢ ᠰᠢᠢᠳᠪᠤᠷᠢᠯᠡᠬᠦ》 ᠵᠢ ᠪᠡᠶᠡᠯᠡᠬᠦᠯᠬᠦ ᠪᠡᠷ ᠴᠢᠷᠮᠠᠢᠵᠠᠢ᠃

ᠤᠳᠤᠭ ᠬᠤᠰᠢᠭᠤᠨ᠎ᠦ ᠠᠷᠠᠳ᠎ᠤᠨ ᠰᠢᠬᠦᠬᠦ ᠬᠤᠷᠢᠶ᠎ᠠ ᠬᠤᠰᠢᠭᠤᠨ᠎ᠦ ᠪᠡᠨ ᠣᠶ ᠱᠢᠭᠤᠶ ᠨᠤᠲᠤᠭ ᠪᠡᠯᠴᠢᠭᠡᠷ᠎ᠦᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ᠎ᠶ᠋ᠢᠨ ᠲᠣᠪᠴᠢᠶ᠎ᠠ ᠵᠡᠷᠭᠡ ᠣᠯᠠᠨ ᠰᠠᠯᠠᠭ᠎ᠠ ᠮᠥᠴᠢᠷ ᠲᠡᠶ ᠬᠠᠮᠲᠤᠷᠠᠨ᠂ 《ᠲᠥᠯᠥᠭᠡᠯᠡᠭ᠌ᠴᠢ ᠭᠡᠱᠢᠭᠦᠨ + ᠱᠢᠭᠦᠬᠦ᠌ ᠬᠣᠷᠢᠶ᠎ᠠ》᠂ 《ᠰᠠᠬᠢᠯᠭ᠎ᠠ ᠪᠠᠲᠤ  ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ + ᠤᠯᠤᠰ ᠲᠥᠷᠥ᠍ ᠬᠠᠤᠯᠢ ᠴᠠᠭᠠᠵᠠ᠎ᠶ᠋ᠢᠨ ᠬᠤᠷᠢᠶ᠎ᠠ + ᠱᠢᠭᠦᠬᠦ᠌ ᠬᠣᠷᠢᠶ᠎ᠠ + N 》᠂ 《ᠬᠠᠤᠯᠢ ᠴᠠᠭᠠᠵᠠ᠎ᠶ᠋ᠢᠨ ᠯᠠᠪᠯᠠᠭ᠎ᠠ ᠶ᠋ᠢᠨ ᠳᠡᠷᠢᠬᠦᠨ ᠰᠠᠭᠤᠳᠠᠯᠲᠤ ᠲᠤᠰᠭᠠᠶ ᠮᠡᠷᠭᠡᠵᠢᠯᠲᠡᠨ + ᠱᠢᠭᠦᠬᠦ᠌ ᠬᠣᠷᠢᠶ᠎ᠠ》 ᠵᠡᠷᠭᠡ ᠣᠯᠠᠨ ᠡᠱᠢᠲᠦ ᠬᠣᠯᠪᠣᠭᠠᠯᠠᠨ ᠬᠥᠳᠡᠯᠦᠯᠴᠡᠵᠦ᠍ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠲᠣᠭ᠍ᠲᠡᠴᠡ᠎ᠶ᠋ᠢ ᠪᠠᠢᠭᠤᠯᠵᠤ᠂ ᠲᠥᠯᠥᠭᠡᠯᠡᠭ᠌ᠴᠢ ᠭᠡᠱᠢᠭᠦᠳ᠎ᠦᠨ ᠡᠶᠡᠳᠡᠭᠦᠯᠭᠡ ᠵᠢᠨ ᠠᠵᠢᠯ᠎ᠤᠨ ᠲᠠᠰᠤᠭ᠎ᠢ ᠪᠠᠢᠭᠤᠯᠵᠤ᠂ ᠵᠠᠰᠠᠭ ᠵᠠᠬᠢᠷᠭ᠎ᠠ ᠬᠢᠭᠡᠳ ᠬᠠᠤᠯᠢ ᠴᠠᠭᠠᠵᠠ᠎ᠶ᠋ᠢᠨ ᠰᠠᠢᠨ ᠤᠷᠴᠢᠯ᠎ᠢ ᠪᠡᠶᠡᠯᠡᠭᠦᠯᠵᠦ᠍᠂ ᠭᠠᠵᠠᠷ ᠱᠢᠷᠣᠶ᠎ᠶ᠋ᠢᠨ ᠵᠠᠭᠤᠷᠠᠯᠳᠤᠭᠠᠨ᠎ᠢ ᠥᠨᠳᠥᠷ ᠪᠦᠲᠦᠮᠵᠢᠲᠡᠶ᠎ᠱᠢᠶ᠋ᠳᠪᠦᠷᠢᠯᠡᠬᠦ᠌᠎ᠶ᠋ᠢ ᠠᠬᠢᠭᠤᠯᠪᠠ᠃

ᠤᠳᠤᠭ ᠬᠤᠰᠢᠭᠤᠨ᠎ᠦ ᠠᠷᠠᠳ᠎ᠤᠨ ᠰᠢᠬᠦᠬᠦ ᠬᠤᠷᠢᠶ᠎ᠠ ᠵᠢᠨ ᠰᠢᠬᠦᠨ ᠳᠠᠰᠤᠯᠬᠤ ᠺᠤᠮᠢᠰ᠎ᠤᠨ ᠳᠤᠰᠬᠠᠢ ᠳᠤᠰᠢᠶᠠᠯᠳᠤ ᠭᠡᠰᠢᠬᠦᠨ ᠯᠢᠤ ᠵᠠᠨ ᠪᠢᠶᠤᠤ ᠰᠤᠷᠪᠤᠯᠵᠢᠯᠠᠭᠴᠢ ᠳ᠋ᠤ᠄ 《ᠭᠠᠵᠠᠷ ᠱᠢᠷᠣᠶ᠎ᠶ᠋ᠢᠨ ᠵᠠᠭᠤᠷᠠᠯᠳᠤᠭᠠᠨ᠎ᠢ ᠨᠠᠮᠳᠠᠭᠠᠬᠤ ᠠᠵᠢᠯ ᠪᠤᠯ ᠮᠠᠯᠴᠢᠨ ᠳᠠᠷᠢᠶᠠᠴᠢᠨ᠎ᠦ ᠲᠤᠰ ᠪᠡᠶ᠎ᠡ᠎ᠶ᠋ᠢᠨ ᠠᠱᠢᠭ ᠲᠤᠰᠠ ᠬᠢᠭᠡᠳ ᠨᠡᠢᠭᠡᠮ᠎ᠦᠨ ᠡᠶ᠎ᠡ ᠵᠣᠬᠢᠴᠠᠯ ᠲᠣᠭ᠍ᠲᠠᠭᠤᠨ ᠯᠤᠭ᠎ᠠ ᠬᠤᠯᠪᠤᠭᠳᠠᠨ᠎ᠠ᠃ ᠬᠤᠢᠰᠢᠳᠠ ᠮᠠᠨ᠎ᠦ ᠱᠢᠭᠦᠬᠦ᠌ ᠬᠣᠷᠢᠶ᠎ᠠ ᠭᠠᠵᠠᠷ ᠱᠢᠷᠣᠶ᠎ᠶ᠋ᠢᠨ ᠵᠠᠭᠤᠷᠠᠯᠳᠤᠭᠠᠨ᠎ᠢ ᠲᠤᠰᠭᠠᠢᠵᠢᠭᠤᠯᠤᠨ ᠱᠢᠭᠦᠨ ᠲᠠᠰᠤᠯᠬᠤ ᠲᠣᠭ᠍ᠲᠡᠴᠡ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠮᠠᠯᠴᠢᠨ ᠲᠠᠷᠢᠶᠠᠴᠢᠨ᠎ᠤ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠬᠠᠮᠠᠭᠠᠯᠠᠵᠤ᠂ ᠪᠦᠬᠦ ᠬᠣᠱᠢᠭᠤᠨ᠎ᠤ ᠠᠮᠤᠷ ᠠᠮᠤᠭᠤᠯᠠᠩ᠎ᠤᠨ ᠪᠠᠢᠷᠢᠰᠢᠭᠤᠯᠤᠯᠳᠠ ᠵᠢᠨ ᠠᠵᠢᠯ ᠳ᠋ᠤ ᠨᠡᠩ ᠢᠯᠡᠬᠦᠤ ᠬᠠᠤᠯᠢ ᠴᠠᠭᠠᠵᠠ ᠵᠢᠨ ᠪᠠᠳᠤᠯᠠᠭ᠎ᠠ ᠬᠠᠨᠭᠭᠠᠨ᠎ᠠ》 ᠭᠡᠵᠦ ᠢᠳᠡᠭᠡᠯ ᠳᠡᠬᠦᠯᠳᠡᠷ  ᠶᠠᠷᠢᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号