ᠪᠦᠬᠦ ᠣᠷᠣᠨ᠎ᠤ ᠮᠥᠩᠭᠥᠨ ᠭᠦᠢᠯᠭᠡᠭᠡᠨ᠎ᠦ ᠰᠢᠰᠲ᠋ᠸᠮ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠤᠷᠠᠯ ᠬᠤᠷᠠᠯᠳᠤᠪᠠ
2025-09-17 10:55:59
ᠵᠣᠬᠢᠶᠠᠭ᠍ᠴᠢ᠄
ᠯᠢ ᠶᠦᠩ ᠲᠤᠤ
ᠣᠩᠱᠢᠭ᠍ᠰᠠᠨ ᠣᠳᠠᠭ᠎ᠠ᠄
★★★☆☆

ᠬᠤᠸᠠᠩ ᡁᠢ ᠴᠢᠶᠠᠩ ᠶᠠᠷᠢᠶ᠎ᠠ ᠲᠠᠯᠪᠢᠵᠠᠢ


9 ᠰᠠᠷ᠎ᠠ᠎ᠶᠢᠨ 15 ᠤ᠋ ᠡᠳᠦᠷ᠂ ᠪᠦᠬᠦ ᠣᠷᠣᠨ᠎ᠤ ᠮᠥᠩᠭᠥᠨ ᠭᠦᠢᠯᠭᠡᠭᠡᠨ᠎ᠦ ᠰᠢᠰᠲ᠋ᠸᠮ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠢᠩᠭᠤ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠬᠤᠸᠠᠩ ᡁᠢ ᠴᠢᠶᠠᠩ᠂ ᠪᠦᠬᠦ ᠣᠷᠣᠨ᠎ᠤ ᠮᠥᠩᠭᠥᠨ ᠭᠦᠢᠯᠭᠡᠭᠡᠨ᠎ᠦ ᠰᠢᠰᠲᠧᠮ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠲᠤᠬᠠᠢ ᠴᠢᠬᠤᠯᠠ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠮᠥᠩᠭᠥᠨ ᠭᠦᠢᠯᠭᠡᠭᠡᠨ᠎ᠦ ᠠᠵᠢᠯ᠎ᠤᠨ ᠤᠯᠤᠰ ᠲᠥᠷᠥᠴᠢ ᠴᠢᠨᠠᠷ ᠪᠣᠯᠣᠨ ᠠᠷᠠᠳᠴᠢ ᠴᠢᠨᠠᠷ᠎ᠢ ᠢᠮᠠᠭᠲᠠ ᠪᠠᠷᠢᠮᠲᠠᠯᠠᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠮᠥᠩᠭᠥᠨ ᠭᠦᠢᠯᠭᠡᠭᠡᠨ᠎ᠦ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠪᠠᠢᠭᠤᠯᠭ᠎ᠠ ᠪᠠ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠮᠥᠩᠭᠥᠨ ᠭᠦᠢᠯᠭᠡᠭᠡᠨ᠎ᠦ ᠰᠢᠰᠲᠧᠮ᠎ᠦᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠯᠤᠰ ᠲᠦᠷᠦ᠎ᠶᠢᠨ ᠴᠢᠳᠠᠮᠵᠢ ᠪᠠ ᠵᠣᠬᠢᠶᠠᠨ ᠪᠠᠢᠭᠤᠯᠤᠯᠲᠠ᠎ᠶᠢᠨ ᠴᠢᠳᠠᠮᠵᠢ᠎ᠶᠢ ᠦᠨᠡᠨ ᠬᠦ᠌ ᠴᠢᠩᠭᠠᠳᠬᠠᠬᠤ ᠬᠡᠷᠡᠭᠲᠡᠢ᠃ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠵᠤ ᠠᠶᠤᠯ ᠲᠦᠭᠰᠢᠭᠦᠷᠢ᠎ᠶᠢ ᠰᠡᠷᠭᠡᠢᠯᠡᠬᠦ᠂ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ᠂ ᠬᠥᠭᠵᠢᠯᠲᠡ᠎ᠶᠢ ᠠᠬᠢᠭᠤᠯᠬᠤ ᠭᠣᠣᠯᠳᠠᠯᠭ᠎ᠠ᠎ᠲᠠᠢ ᠠᠵᠢᠯ᠎ᠢ ᠰᠠᠢᠲᠤᠷ ᠬᠢᠬᠦ ᠬᠡᠷᠡᠭᠲᠡᠢ᠃ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠨᠠᠢᠳᠠᠪᠤᠷᠢᠵᠢᠭᠤᠯᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠠᠷᠡᠯ᠎ᠢ ᠡᠰᠡᠷᠭᠦᠴᠡᠬᠦ᠎ᠶᠢ ᠴᠥᠬᠥᠷᠡᠰᠢ ᠦᠭᠡᠢ ᠪᠠᠷᠢᠮᠲᠠᠯᠠᠬᠤ ᠬᠡᠷᠡᠭᠲᠡᠢ᠃ ᠬᠥᠮᠥᠨ ᠰᠣᠩᠭᠣᠨ ᠬᠡᠷᠡᠭᠯᠡᠬᠦ ᠢᠯᠡ ᠲᠣᠳᠣ᠌ ᠤᠳᠤᠷᠢᠳᠤᠮᠵᠢ᠎ᠶᠢ ᠪᠤᠢ ᠪᠣᠯᠭᠠᠵᠤ᠂ ᠤᠯᠤᠰ ᠲᠦᠷᠦ᠎ᠶᠢᠨ ᠲᠠᠯ᠎ᠠ᠎ᠪᠠᠷ ᠪᠠᠲᠤ ᠴᠢᠩᠭ᠎ᠠ᠂ ᠲᠤᠰᠬᠠᠢ ᠮᠡᠷᠭᠡᠵᠢᠯ᠎ᠦᠨ ᠲᠠᠯ᠎ᠠ᠎ᠪᠠᠷ ᠴᠠᠭᠠᠷᠠᠭᠰᠠᠨ ᠮᠥᠩᠭᠥᠨ ᠭᠦᠢᠯᠭᠡᠭᠡᠨ᠎ᠦ ᠡᠩᠨᠡᠭᠡ᠎ᠶᠢ ᠪᠠᠢᠭᠤᠯᠵᠤ᠂ ᠨᠢᠭᠡ ᠭᠣᠣᠯ ᠰᠢᠵᠢᠮ᠎ᠢ ᠲᠤᠭᠤᠰᠢᠯᠠᠭᠤᠯᠤᠨ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠎ᠳᠤ ᠠᠩᠬᠠᠷᠤᠯ᠎ᠢᠶᠠᠨ ᠲᠥᠪᠯᠡᠷᠡᠭᠦᠯᠵᠤ᠂ 《ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ᠎ᠳᠤ ᠣᠷᠣᠬᠤ》 ᠬᠠᠷᠠᠯᠲᠠ ᠡᠭᠦᠷᠭᠡ᠎ᠶᠢ ᠪᠡᠶᠡᠯᠡᠭᠦᠯᠬᠦ᠎ᠳᠦ ᠪᠠᠲᠤ ᠴᠢᠩᠭ᠎ᠠ ᠮᠥᠩᠭᠥᠨ ᠭᠦᠢᠯᠭᠡᠭᠡᠨ᠎ᠦ ᠪᠠᠲᠤᠯᠠᠭ᠎ᠠ ᠬᠠᠩᠭᠠᠬᠤ ᠬᠡᠷᠡᠭᠲᠡᠢ ᠬᠡᠵᠦ ᠴᠢᠬᠤᠯᠠᠴᠢᠯᠠᠪᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号