ᠼᠠᠢ ᠳ᠋ᠠ ᠹᠸᠩ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠬᠣᠷᠢᠶ᠎ᠠ ᠪᠠᠢᠭᠤᠯᠤᠭ᠍ᠳᠠᠭ᠍ᠰᠠᠨ 40 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ᠎ᠳ᠋ᠤ ᠣᠷᠣᠯᠴᠠᠪᠠ
2025-09-18 09:44:18
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

ᠰᠦᠨ ᠱᠣᠣ ᠴᠧᠩ ᠪᠠᠷᠠᠲᠠᠨ ᠠᠭᠤᠯᠵᠠᠪᠠ


9 ᠰᠠᠷ᠎ᠠ᠎ᠶ᠋ᠢᠨ 17 ᠤ᠋ ᠡᠳᠦᠷ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠳᠡᠳ᠋ ᠬᠤᠷᠢᠶᠠᠨ ᠳᠠᠷᠤᠭ᠎ᠠ᠂ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠲᠥᠪ ᠬᠤᠷᠢᠶ᠎ᠠ ᠵᠢᠨ ᠲᠡᠷᠢᠭᠦᠯᠡᠭ᠌ᠴᠢ ᠼᠠᠢ ᠳ᠋ᠠ ᠹᠸᠩ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ ᠪᠠᠢᠭᠤᠯᠤᠭ᠍ᠳᠠᠭ᠍ᠰᠠᠨ 40 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃ ᠬᠤᠷᠠᠯ᠎ᠡᠴᠡ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ ᠰᠦᠨ ᠱᠤᠤ ᠴᠧᠩ ᠼᠠᠢ ᠳ᠋ᠠ ᠹᠸᠩ ᠲᠠᠢ ᠪᠠᠷᠠᠲᠠᠨ ᠠᠭᠤᠯᠵᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠬᠦᠦᠳᠠᠭᠤᠯᠠ ᠪᠡᠯᠭᠡᠯᠡᠬᠦ᠌ ᠶᠡᠬᠡ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ᠂ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ᠎ᠶ᠋ᠢᠨ ᠡᠷᠬᠢᠯᠡᠭ᠌ᠴᠢ ᠭᠡᠱᠢᠭᠦᠨ ᠰᠦᠨ ᠵᠢᠶᠦ᠋ᠨ ᠴᠢᠩ ᠥᠪᠥᠷ ᠮᠣᠩᠭᠣᠯ᠎ᠤᠨ ᠠᠷᠠᠳᠴᠢᠯᠠᠯ ᠎ᠢᠶᠠᠷ ᠠᠬᠢᠭᠤᠯᠬᠤ ᠬᠤᠷᠠᠯ᠎ᠤᠨ ᠬᠥᠭ᠌ᠵᠢᠯᠲᠡ᠎ᠶ᠋ᠢᠨ ᠲᠡᠦᠬᠡᠨ ᠶᠠᠪᠤᠴᠠ᠎ᠶ᠋ᠢ ᠡᠷᠭᠢᠴᠡᠭᠦᠯᠪᠡ᠃

ᠼᠠᠢ ᠳ᠋ᠠ ᠹᠸᠩ᠂ 40 ᠵᠢᠯ᠎ᠦᠨ ᠲᠤᠷᠰᠢ᠂ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ ᠢᠮᠠᠭ᠍ᠲᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠬᠦᠯᠢᠶᠡᠬᠦ ᠵᠢ ᠪᠠᠷᠢᠮᠳᠠᠯᠠᠵᠤ᠂ ᠡᠭᠡ ᠤᠷᠤᠨᠴᠢ᠂ ᠠᠷᠠᠳᠴᠢᠯᠠᠯ᠂ ᠪᠦᠯᠬᠦᠮᠳᠡᠯ᠂ ᠪᠣᠳᠠᠲᠠᠢ ᠎ᠶ᠋ᠢ ᠡᠷᠬᠢᠮᠯᠡᠬᠦ᠌ ᠎ᠶ᠋ᠢ ᠪᠠᠷᠢᠮᠲᠠᠯᠠᠵᠤ᠂ ᠨᠡᠢᠲᠡ᠎ᠶ᠋ᠢᠨ ᠲᠥᠯᠥᠭᠡ ᠬᠤᠷᠠᠯ ᠪᠠᠢᠭᠤᠯᠬᠤ᠎ᠶ᠋ᠢ ᠪᠠᠷᠢᠮᠲᠠᠯᠠᠵᠤ᠂ ᠥᠪᠥᠷ ᠮᠣᠩᠭᠣᠯ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠭᠡᠱᠢᠭᠦᠳ᠎ᠢ ᠪᠦᠯᠬᠦᠮᠳᠡᠭᠦᠯᠦᠨ ᠳᠠᠭᠠᠭᠤᠯᠵᠤ᠂ ᠥᠭᠡᠷᠡᠴᠢᠯᠡᠯᠲᠡ ᠬᠥᠭ᠌ᠵᠢᠯᠲᠡ᠎ᠶ᠋ᠢᠨ ᠠᠭᠤᠤ ᠶᠡᠬᠡ ᠦᠢᠯᠡᠳᠦᠯᠭᠡ᠎ᠳᠦ ᠢᠳᠡᠪᠬᠢᠲᠡᠢ ᠣᠷᠣᠯᠴᠠᠵᠤ᠂ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ ᠪᠣᠯᠤᠨ ᠨᠢᠭᠡᠳᠦᠮᠡᠯ ᠹᠷᠣᠨᠲ᠂ ᠤᠯᠠᠨ ᠨᠠᠮ᠎ᠤᠨ ᠬᠠᠮᠲᠤᠷᠠᠨ ᠠᠵᠢᠯᠯᠠᠬᠤ ᠦᠢᠯᠡᠰ᠎ᠲᠦ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠭᠡᠷ ᠢᠷᠡᠵᠠᠢ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠣᠯᠤᠨ ᠥᠷᠭᠡᠨ ᠣᠯᠠᠨ ᠭᠡᠱᠢᠭᠦᠳ᠎ᠢ ᠬᠥᠲᠥᠯᠥᠨ ᠵᠢᠯᠣᠭᠣᠳᠴᠤ᠌ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠵᠦ᠍᠂ ᠲᠥᠷᠥ᠎ᠶ᠋ᠢᠨ ᠶᠠᠪᠤᠳᠠᠯ᠎ᠳᠤ ᠣᠷᠣᠯᠴᠠᠬᠴᠢ ᠨᠠᠮ᠎ᠤᠨ ᠡᠭᠦᠷᠭᠡ ᠴᠢᠳᠠᠪᠬᠢ᠎ᠪᠠᠨ ᠢᠳᠡᠪᠬᠢᠲᠡᠶ ᠭᠦᠶ᠋ᠴᠡᠳᠭᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌᠎ᠶ᠋ᠢ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠳᠤ ᠬᠦᠰᠡᠵᠦ᠍ ᠪᠠᠢᠨ᠎ᠠ ᠭᠡᠵᠦ ᠵᠢᠭᠠᠵᠤ ᠭᠠᠷᠭᠠᠪᠠ᠃

ᠬᠦᠦᠳᠠᠭᠤᠯᠠ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠪᠠᠢᠭᠤᠯᠤᠭ᠍ᠳᠠᠭ᠍ᠰᠠᠨ 40 ᠵᠢᠯ᠎ᠦᠨ ᠣᠶ᠎ᠳᠤ ᠪᠠᠶᠠᠷ ᠬᠦᠷᠭᠡᠵᠦ᠍ ᠪᠠᠢᠬᠤ᠎ᠪᠠᠨ ᠢᠯᠡᠳᠭᠡᠪᠡ᠃ ᠠᠷᠠᠳᠴᠢᠯᠠᠯ᠎ᠢᠶᠠᠷ ᠠᠬᠢᠭᠤᠯᠬᠤ ᠬᠤᠷᠠᠯ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠡᠨᠡ ᠬᠦ᠌ ᠳᠤᠮᠳᠠᠳᠤ ᠤᠯᠤᠰ᠎ᠤᠨ ᠱᠢᠨ᠎ᠡ ᠬᠡᠯᠪᠡᠷᠢ᠎ᠶ᠋ᠢᠨ ᠲᠥᠷᠥ᠎ᠶ᠋ᠢᠨ ᠨᠠᠮ᠎ᠤᠨ ᠪᠠᠢᠭᠤᠯᠤᠯ᠎ᠤᠨ ᠦᠨᠳᠦᠰᠦᠨ ᠣᠨᠴᠠᠯᠢᠭ ᠎ᠢ ᠪᠠᠲᠤ ᠡᠵᠡᠮᠳᠡᠵᠦ᠍᠂ 《ᠬᠣᠶᠠᠷ ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠬᠣᠶᠠᠷ ᠎ᠢ ᠬᠠᠮᠠᠭᠠᠯᠠᠬᠤ》 ᠶ᠋ᠢ ᠪᠡᠶᠡᠯᠡᠭᠦᠯᠬᠦ᠌᠎ᠶ᠋ᠢ ᠬᠦᠰᠡᠪᠡ; ᠰᠣᠶᠣᠯ᠂ ᠰᠤᠷᠭᠠᠨ ᠬᠥᠮᠦᠵᠢᠯ᠂ ᠵᠠᠭᠤᠴᠢᠯᠠᠭᠤᠷ᠂ ᠬᠡᠪᠯᠡᠯ ᠵᠡᠷᠭᠡ ᠲᠠᠯ᠎ᠠ᠎ᠶ᠋ᠢᠨ ᠡᠲᠡᠭᠡᠳ ᠢᠯᠭᠠᠯ᠎ᠤᠨ ᠣᠨᠴᠠᠯᠢᠭ ᠪᠠ ᠴᠢᠳᠠᠪᠤᠷᠢᠲᠠᠨ᠎ᠤ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠰᠡᠳᠭᠢᠮᠵᠢ ᠠᠷᠭ᠎ᠠ ᠬᠡᠮᠵᠢᠢ᠎ᠡ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠲᠤᠱᠢᠶᠠᠯ ᠬᠠᠷᠢᠭᠤᠴᠠᠯᠭ᠎ᠠ ᠎ᠪᠠᠨ ᠢᠳᠡᠪᠬᠢᠲᠡᠢ ᠭᠦᠢᠴᠡᠳᠭᠡᠬᠦ ᠵᠢ ᠬᠦᠰᠡᠪᠡ; ᠶᠡᠷᠦᠩᠬᠡᠢ ᠱᠦᠵᠢ ᠰᠢ ᠵᠢᠨ ᠫᠢᠩ᠎ᠦᠨ ᠲᠦᠷᠦ᠍᠎ᠶ᠋ᠢᠨ ᠶᠠᠪᠤᠳᠠᠯ᠎ᠳᠤ ᠣᠷᠣᠯᠴᠠᠬᠴᠢ ᠨᠠᠮ᠎ᠤᠨ ᠪᠠᠢᠭᠤᠯᠤᠯᠲᠠ᠎ᠶ᠋ᠢᠨ 《ᠲᠦᠷᠪᠡᠨ ᠱᠢᠨ᠎ᠡ》᠂ 《ᠭᠤᠷᠪᠠᠨ ᠰᠠᠢ᠌ᠨ》 ᠤ᠋ ᠲᠤᠬᠠᠢ ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠢᠭᠡ ᠭᠣᠣᠯ ᠱᠢᠵᠢᠮ᠎ᠢ ᠲᠤᠭᠤᠱᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠂ ᠱᠢᠨ᠎ᠡ ᠵᠠᠮ᠎ᠨᠡᠭᠡᠭᠡᠵᠦ ᠳᠤᠮᠳᠠ ᠲᠦᠪᠰᠢᠨ᠎ᠳᠤ ᠣᠷᠣᠬᠤ᠎ᠳᠤ ᠬᠦᠴᠦᠨ ᠴᠢᠳᠠᠯ᠎ᠢᠶᠠᠨ ᠡᠷᠭᠦᠬᠦ ᠵᠢ ᠬᠦᠰᠡᠪᠡ᠃

ᠬᠤᠷᠠᠯ ᠳᠡᠭᠡᠷ᠎ᠡ ᠲᠡᠷᠢᠭᠦᠨ᠎ᠦ ᠬᠠᠮᠲᠤ᠂ ᠲᠡᠷᠢᠭᠦᠨ᠎ᠦ ᠬᠤᠪᠢ ᠬᠥᠮᠦᠨ᠎ᠢ ᠬᠥᠬᠢᠭᠦᠯᠦᠨ ᠰᠠᠢᠱᠢᠶᠠᠭᠰᠠᠨ ᠪᠦᠭᠡᠳ 40 ᠵᠢᠯ᠎ᠬᠤᠷᠠᠯ᠎ᠤᠨ ᠭᠡᠰᠢᠭᠦᠨ ᠪᠤᠯᠤᠭᠰᠠᠨ ᠢᠷᠠᠭᠤ ᠠᠯᠳᠠᠷᠲᠤ ᠭᠡᠱᠢᠭᠦᠳ᠎ᠲᠦ ᠢᠷᠠᠭᠤ ᠠᠯᠳᠠᠷ᠎ᠤᠨ ᠦᠨᠡᠮᠯᠡᠯ ᠣᠯᠭᠣᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号