ᠥᠪᠥᠷ ᠮᠣᠩᠭᠣᠯ᠎ᠤᠨ ᠬᠢᠨ ᠬᠤᠪᠢᠶᠠᠷᠢ ᠶᠠᠷᠢᠶᠠᠨ᠎ᠤ ᠲᠠᠪᠴᠠᠩ᠎ᠳᠤ ᠭᠣᠣᠯ ᠵᠤᠷᠢᠯᠳᠠᠳᠤ ᠦᠭᠡ ᠬᠡᠯᠡᠪᠡ
9 ᠰᠠᠷ᠎ᠠ᠎ᠶᠢᠨ 16 ᠡᠴᠡ 17᠎ᠤ᠋ ᠡᠳᠦᠷ ᠪᠣᠯᠲᠠᠯ᠎ᠠ᠂ 2025 《ᠨᠢᠭᠡ ᠪᠦᠰᠡ ᠨᠢᠭᠡ ᠵᠠᠮ》 ᠤ᠋ᠨ ᠵᠠᠭᠤᠴᠢᠯᠠᠭᠤᠷ᠎ᠤᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ ᠶᠦᠨᠨᠠᠨ ᠮᠤᠵᠢ᠎ᠶᠢᠨ ᠺᠦᠨᠮᠢᠩ ᠬᠣᠲᠠ᠎ᠳᠤ ᠶᠠᠪᠤᠭᠳᠠᠪᠠ᠂ 87 ᠤᠯᠤᠰ ᠵᠢᠴᠢ ᠣᠯᠠᠨ ᠤᠯᠤᠰ᠎ᠤᠨ ᠪᠠ ᠭᠠᠵᠠᠷ ᠣᠷᠣᠨ᠎ᠤ ᠵᠣᠬᠢᠶᠠᠨ ᠪᠠᠢᠭᠤᠯᠤᠯᠲᠠ᠂ 165 ᠵᠠᠭᠤᠴᠢᠯᠠᠭᠤᠷ ᠪᠠ ᠪᠠᠢᠭᠤᠯᠤᠮᠵᠢ᠎ᠶᠢᠨ 200 ᠭᠠᠷᠤᠢ ᠭᠠᠳᠠᠭᠠᠳᠤ᠎ᠶᠢᠨ ᠲᠠᠯ᠎ᠠ᠎ᠶᠢᠨ ᠲᠥᠯᠥᠭᠡᠯᠡᠭᠴᠢ ᠬᠤᠷᠠᠯ᠎ᠳᠤ ᠣᠷᠣᠯᠴᠠᠵᠤ᠂ ᠵᠠᠭᠤᠴᠢᠯᠠᠭᠤᠷ᠎ᠤᠨ ᠬᠠᠷᠢᠭᠤᠴᠠᠯᠭ᠎ᠠ᠎ᠶᠢ ᠬᠠᠮᠲᠤ᠎ᠪᠠᠷ ᠡᠭᠦᠷᠭᠡᠯᠡᠨ᠂ ᠪᠣᠯᠪᠠᠰᠤᠨ᠎ᠢᠶᠠᠨ ᠬᠠᠷᠢᠯᠴᠠᠨ ᠲᠣᠯᠢᠳᠠᠬᠤ ᠵᠢ ᠠᠬᠢᠭᠤᠯᠪᠠ᠃
ᠶᠠᠷᠢᠶᠠᠨ᠎ᠤ ᠲᠠᠪᠴᠠᠩ ᠨᠢ ᠭᠣᠣᠯ ᠶᠠᠷᠢᠶᠠᠨ᠎ᠤ ᠲᠠᠪᠴᠠᠩ᠎ᠡᠴᠡ ᠭᠠᠳᠠᠨ᠎ᠠ ᠪᠠᠰᠠ 《ᠨᠢᠭᠡ ᠪᠦᠰᠡ ᠨᠢᠭᠡ ᠵᠠᠮ》 ᠤ᠋ᠨ ᠵᠠᠭᠤᠴᠢᠯᠠᠭᠤᠷ᠎ᠤᠨ ᠬᠠᠮᠲᠤᠷᠠᠯᠴᠠᠭᠠᠨ᠎ᠤ ᠶᠠᠷᠢᠯᠴᠠᠭ᠎ᠠ᠎ᠵᠢᠨ ᠬᠤᠷᠠᠯ᠂ ᠨᠢᠭᠡ ᠪᠦᠰᠡ ᠨᠢᠭᠡ ᠵᠠᠮ᠎ᠤᠨ ᠣᠷᠣᠨ ᠪᠦᠰᠡ᠎ᠶᠢᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ᠂ ᠠᠷᠪᠠᠨ ᠨᠢᠭᠡᠳᠦᠭᠡᠷ ᠬᠤᠭᠤᠴᠠᠭᠠᠨ᠎ᠤ ᠵᠡᠭᠦᠨ ᠡᠮᠦᠨᠡᠲᠦ ᠠᠽᠢᠶ᠎ᠠ᠎ᠶᠢᠨ ᠤᠯᠤᠰ᠎ᠤᠳ᠎ᠤᠨ ᠬᠣᠯᠪᠣᠭ᠎ᠠ ᠪᠣᠯᠣᠨ ᠳᠤᠮᠳᠠᠳᠤ ᠶᠠᠫᠤᠨ ᠺᠣᠷᠢᠶᠠ (10 + 3) ᠵᠢᠨ ᠵᠠᠭᠤᠴᠢᠯᠠᠭᠤᠷ᠎ᠤᠨ ᠬᠠᠮᠲᠤᠷᠠᠯᠴᠠᠭᠠᠨ᠎ᠤ ᠰᠤᠳᠤᠯᠤᠨ ᠶᠠᠷᠢᠯᠴᠠᠬᠤ ᠬᠤᠷᠠᠯ᠂ 2025 ᠲᠣᠷᠭᠠᠨ ᠵᠠᠮ᠎ᠤᠨ ᠰᠣᠶᠣᠯ ᠵᠢᠭᠤᠯᠴᠢᠯᠠᠯ᠎ᠤᠨ ᠬᠥᠭᠵᠢᠯᠲᠡ᠎ᠶᠢᠨ ᠶᠠᠷᠢᠶᠠᠨ᠎ᠤ ᠲᠠᠪᠴᠠᠩ ᠵᠡᠷᠭᠡ ᠬᠤᠪᠢᠶᠠᠷᠢ ᠶᠠᠷᠢᠶᠠᠨ᠎ᠤ ᠲᠠᠪᠴᠠᠩ ᠵᠢᠴᠢ ᠠᠵᠢᠯᠯᠠᠭ᠎ᠠ᠎ᠶᠢ ᠲᠣᠬᠢᠷᠠᠭᠤᠯᠵᠠᠢ᠃ ᠥᠪᠥᠷ ᠮᠣᠩᠭᠣᠯ᠎ᠤᠨ ᠬᠢᠨ 《ᠨᠢᠭᠡ ᠪᠦᠰᠡ ᠨᠢᠭᠡ ᠵᠠᠮ》 ᠤ᠋ᠨ ᠣᠷᠣᠨ ᠪᠦᠰᠡ᠎ᠶᠢᠨ ᠬᠠᠮᠲᠤᠷᠠᠯᠴᠠᠭᠠᠨ᠎ᠤ ᠬᠤᠪᠢᠶᠠᠷᠢ ᠶᠠᠷᠢᠶᠠᠨ᠎ᠤ ᠲᠠᠪᠴᠠᠩ᠎ᠳᠤ ᠭᠣᠣᠯ ᠵᠤᠷᠢᠯᠳᠠᠳᠤ ᠦᠭᠡ ᠬᠡᠯᠡᠪᠡ᠃
ᠥᠪᠥᠷ ᠮᠣᠩᠭᠣᠯ ᠳᠤᠮᠳᠠᠳᠤ ᠤᠯᠤᠰ᠎ᠤᠨ ᠤᠮᠠᠷᠠᠲᠤ ᠬᠢᠯᠢ᠎ᠳᠦ ᠪᠠᠢᠷᠢᠯᠠᠵᠤ᠂ ᠳᠣᠲᠣᠭᠠᠳᠤ᠎ᠳᠠᠭᠠᠨ ᠨᠠᠢ᠍ᠮᠠᠨ ᠮᠤᠵᠢ᠎ᠲᠠᠢ ᠵᠠᠯᠭᠠᠯᠳᠤᠵᠤ᠂ ᠭᠠᠳᠠᠭ᠍ᠰᠢ᠎ᠪᠠᠨ ᠤᠷᠤᠰ ᠮᠣᠩᠭᠣᠯ᠎ᠲᠠᠢ ᠵᠠᠯᠭᠠᠯᠳᠤᠵᠤ᠂ 《ᠤᠮᠠᠷᠠᠲᠤ᠎ᠶᠢᠨ ᠭᠤᠷᠪᠠᠨ ᠣᠷᠣᠨ》 ᠢ᠋ ᠰᠤᠨᠳᠠᠯᠠᠵᠤ᠂ 《ᠲᠠᠯ᠎ᠠ ᠨᠤᠲᠤᠭ᠎ᠤᠨ ᠲᠣᠷᠭᠠᠨ ᠵᠠᠮ》 ᠪᠠ 《ᠲᠦᠮᠡᠨ ᠭᠠᠵᠠᠷ᠎ᠤᠨ ᠴᠠᠢ᠎ᠶᠢᠨ ᠵᠠᠮ》 ᠤ᠋ᠨ ᠴᠢᠬᠤᠯᠠ ᠬᠦᠢᠰᠦ ᠪᠠ ᠵᠠᠮ ᠪᠠᠢᠭᠰᠠᠨ ᠶᠤᠮ᠂ ᠤᠳᠤ᠎ᠶᠢᠨ ᠥᠪᠥᠷ ᠮᠣᠩᠭᠣᠯ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠲᠦᠭᠡᠨ ᠪᠠᠶ᠋ᠢᠭᠤᠯᠬᠤ᠎ᠳᠤ ᠢᠳᠡᠪᠬᠢᠲᠡᠢ ᠣᠷᠣᠯᠴᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠣᠰ ᠣᠷᠴᠢᠯ᠎ᠳᠤ ᠪᠦᠬᠦ ᠲᠠᠯ᠎ᠠ᠎ᠪᠠᠷ ᠠᠭᠤᠰᠤᠯᠴᠠᠵᠤ ᠪᠠᠢᠨ᠎ᠠ᠃ ᠥᠪᠥᠷ ᠮᠣᠩᠭᠣᠯ ᠡᠯᠪᠡᠭ ᠪᠠᠶᠠᠯᠢᠭ᠋ ᠠᠭᠤᠷᠬᠠᠢ᠎ᠶᠢᠨ ᠡᠬᠢ ᠪᠠᠶᠠᠯᠢᠭ᠋᠂ ᠨᠡᠭᠦᠷᠡᠰᠦ ᠴᠠᠬᠢᠯᠭᠠᠨ ᠬᠦᠴᠦᠨ᠎ᠦ ᠡᠬᠢ ᠪᠠᠶᠠᠯᠢᠭ᠋᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠡᠬᠢ ᠪᠠᠶᠠᠯᠢᠭ᠋᠂ ᠬᠡᠷᠡᠯᠴᠢ ᠴᠡᠨᠡᠭ ᠰᠠᠯᠬᠢᠨ᠎ᠤ ᠡᠨᠧᠷᠭᠢ᠎ᠶᠢᠨ ᠡᠬᠢ ᠪᠠᠶᠠᠯᠢᠭ᠋᠂ ᠪᠤᠳᠤᠯᠲᠠ ᠵᠢᠨ ᠬᠦᠴᠦᠨ᠎ᠦ ᠳ᠋ᠠᠢᠲ᠋ᠠ᠎ᠶᠢᠨ ᠡᠬᠢ ᠪᠠᠶᠠᠯᠢᠭ᠋᠎ᠲᠠᠢ ᠪᠠᠢᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠵᠠᠬ᠎ᠠ ᠳᠡᠯᠭᠡᠭᠦᠷ᠎ᠦᠨ ᠥᠷᠨᠢᠭᠦᠨ ᠪᠠᠳᠠᠷᠠᠩᠭᠤᠢ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠵᠤ ᠳᠡᠢᠯᠦᠨ᠎ᠡ᠃ ᠥᠪᠡᠷᠮᠢᠴᠡ ᠣᠷᠣᠨ ᠪᠠᠢᠷᠢ᠎ᠶᠢᠨ ᠳᠠᠪᠠᠭᠤᠯᠢᠭ᠋᠂ ᠡᠬᠢ ᠪᠠᠶᠠᠯᠢᠭ᠋᠎ᠤᠨ ᠳᠠᠪᠠᠭᠤᠯᠢᠭ᠋᠂ ᠲᠠᠪᠴᠠᠩ᠎ᠤᠨ ᠳᠠᠪᠠᠭᠤᠯᠢᠭ᠋ ᠵᠡᠷᠭᠡ᠎ᠳᠦ ᠲᠦᠰᠢᠭᠯᠡᠨ᠂ ᠥᠪᠥᠷ ᠮᠣᠩᠭᠣᠯ 《ᠨᠢᠭᠡ ᠪᠦᠰᠡ ᠨᠢᠭᠡ ᠵᠠᠮ》 ᠤ᠋ᠨ ᠣᠷᠣᠨ ᠪᠦᠰᠡ᠎ᠶᠢᠨ ᠬᠠᠮᠲᠤᠷᠠᠯᠴᠠᠭ᠎ᠠ ᠳᠤᠮᠳᠠ ᠥᠪᠡᠷᠮᠢᠴᠡ ᠦᠢᠯᠡᠳᠦᠯ᠎ᠢᠶᠡᠨ ᠪᠠᠳᠠᠷᠠᠭᠤᠯᠵᠤ ᠳᠡᠢᠯᠦᠨ᠎ᠡ᠃ ᠥᠨᠥᠳᠥᠷ᠂ ᠥᠪᠥᠷ ᠮᠣᠩᠭᠣᠯ᠎ᠤᠨ ᠵᠠᠭᠤᠴᠢᠯᠠᠭᠤᠷ᠎ᠤᠨ ᠰᠤᠷᠪᠤᠯᠵᠢᠯᠠᠭ᠍ᠴᠢᠳ ᠪᠠᠰᠠ ᠬᠢᠯᠢ᠎ᠶᠢᠨ ᠭᠠᠳᠠᠨᠠᠬᠢ ᠴᠢᠬᠤᠯᠠ ᠶᠡᠬᠡ ᠬᠤᠷᠠᠯ᠂ ᠴᠢᠬᠤᠯᠠ ᠠᠵᠢᠯᠯᠠᠭ᠎ᠠ᠎ᠶᠢᠨ ᠰᠣᠷᠪᠤᠯᠵᠢᠯᠠᠭ᠎ᠠ᠎ᠶᠢᠨ ᠲᠤᠬᠠᠢ᠎ᠶᠢᠨ ᠲᠠᠯᠠᠪᠠᠶ᠎ᠳᠤ ᠦᠷᠭᠦᠯᠵᠢ ᠤᠷᠤᠯᠴᠠᠳᠠᠭ ᠪᠤᠯᠪᠠ᠃ ᠡᠭᠦᠨ᠎ᠦ ᠬᠠᠮᠲᠤ᠂ ᠵᠢᠯ ᠪᠦᠷᠢ ᠳᠡᠯᠡᠬᠡᠢ᠎ᠶᠢᠨ ᠡᠯ᠎ᠡ ᠤᠯᠤᠰ᠂ ᠰᠢᠶᠠᠩᠭᠠᠩ ᠣᠣᠮᠧᠨ ᠲᠠᠢᠸᠠᠨ ᠣᠷᠣᠨ᠎ᠤ ᠰᠤᠷᠪᠤᠯᠵᠢᠯᠠᠭ᠍ᠴᠢ᠂ ᠲᠤᠰᠬᠠᠢ ᠮᠡᠷᠭᠡᠵᠢᠯᠲᠡᠨ᠂ ᠰᠣᠷᠣᠭ᠍ᠴᠢ᠂ ᠠᠵᠤ ᠠᠬᠤᠢᠯᠠᠯᠲᠠᠨ᠂ ᠵᠠᠰᠠᠭ᠎ᠤᠨ ᠣᠷᠳᠣᠨ᠎ᠤ ᠲᠤᠰᠢᠶᠠᠯᠲᠠᠨ ᠨᠠᠷ ᠴᠥᠮ ᠥᠪᠥᠷ ᠮᠣᠩᠭᠣᠯ᠎ᠳᠤ ᠭᠦᠨᠵᠡᠭᠡᠢᠷᠡᠨ ᠠᠢᠯᠴᠢᠯᠠᠵᠤ᠂ ᠥᠪᠥᠷ ᠮᠣᠩᠭᠣᠯ᠎ᠤᠨ ᠬᠥᠭᠵᠢᠯᠲᠡ ᠬᠤᠪᠢᠷᠠᠯᠲᠠ᠎ᠶᠢ ᠣᠢᠯᠠᠭᠠᠵᠤ ᠪᠠᠢᠨ᠎ᠠ᠃ ᠵᠠᠭᠤᠴᠢᠯᠠᠭᠤᠷ᠎ᠤᠨ ᠳᠠᠮᠵᠢᠭᠤᠯᠭ᠎ᠠ᠎ᠶᠢᠨ ᠳᠠᠪᠠᠭᠤᠯᠢᠭ᠋᠎ᠢ ᠨᠢᠭ᠍ᠲᠠᠷᠠᠭᠤᠯᠬᠤ᠎ᠪᠠᠷ ᠳᠠᠮᠵᠢᠭᠤᠯᠤᠨ᠂ ᠥᠪᠥᠷ ᠮᠣᠩᠭᠣᠯ᠎ᠤᠨ ᠣᠷᠣᠨ ᠪᠦᠰᠡ᠎ᠶᠢᠨ ᠬᠠᠮᠲᠤᠷᠠᠯᠴᠠᠭᠠᠨ᠎ᠤ ᠤᠯᠠᠨ ᠰᠠᠢᠬᠠᠨ ᠦᠯᠢᠭᠡᠷ᠎ᠢ ᠰᠠᠢᠲᠤᠷ ᠶᠠᠷᠢᠵᠤ ᠪᠠᠢᠨ᠎ᠠ᠃
《ᠶᠦᠨᠨᠠᠨ ᠪᠣᠯᠣᠨ ᠥᠪᠥᠷ ᠮᠣᠩᠭᠣᠯ ᠴᠥᠮ ᠮᠠᠰᠢ ᠥᠪᠡᠷᠮᠢᠴᠡ ᠣᠷᠣᠨ ᠪᠠᠢᠷᠢ᠎ᠶᠢᠨ ᠳᠠᠪᠠᠭᠤᠯᠢᠭ᠋ ᠪᠣᠯᠣᠨ ᠡᠬᠢ ᠪᠠᠶᠠᠯᠢᠭ᠋᠎ᠤᠨ ᠳᠠᠪᠠᠭᠤᠯᠢᠭ᠋᠎ᠲᠠᠢ ᠶᠤᠮ᠂ ᠵᠠᠭᠤᠴᠢᠯᠠᠭᠤᠷ᠎ᠤᠨ ᠬᠢᠨ ᠡᠳᠡᠭᠡᠷ ᠡᠬᠢ ᠪᠠᠶᠠᠯᠢᠭ᠋᠎ᠢ ᠰᠠᠢᠲᠤᠷ ᠠᠰᠢᠭ᠍ᠯᠠᠵᠤ᠂ 〈ᠨᠢᠭᠡ ᠪᠦᠰᠡ ᠨᠢᠭᠡ ᠵᠠᠮ〉 ᠤ᠋ᠨ ᠦᠯᠢᠭᠡᠷ᠎ᠢ ᠰᠠᠢᠲᠤᠷ ᠶᠠᠷᠢᠵᠤ᠂ ᠠᠷᠠᠳ᠎ᠤᠨ ᠰᠡᠳᠬᠢᠯ᠎ᠦᠨ ᠨᠡᠪᠲᠡᠷᠡᠯᠴᠡᠭᠡ᠎ᠳᠦ ᠬᠦᠴᠦᠨ ᠨᠡᠮᠡᠷᠢᠯᠡᠬᠦ ᠬᠡᠷᠡᠭᠲᠡᠢ》᠃ ᠶᠦᠨᠨᠠᠨ᠎ᠤ ᠡᠳᠦᠷ᠎ᠦᠨ ᠰᠣᠨᠢᠨ᠎ᠤ ᠪᠦᠯᠦᠭᠯᠡᠯ᠎ᠦᠨ ᠰᠤᠷᠪᠤᠯᠵᠢᠯᠠᠭᠴᠢ ᠳ᠋ᠤᠸᠠᠨ ᠹᠧᠩ ᠶᠤᠸᠠᠨ᠂ 《ᠡᠢᠮᠦᠷᠬᠦᠦ ᠲᠠᠪᠴᠠᠩ᠎ᠢᠶᠠᠷ ᠳᠡᠮᠵᠢᠭᠤᠯᠵᠤ᠂ ᠳᠤᠮᠳᠠᠳᠤ ᠭᠠᠳᠠᠭᠠᠳᠤ᠎ᠶᠢᠨ ᠵᠠᠭᠤᠴᠢᠯᠠᠭᠤᠷ ᠬᠠᠷᠢᠯᠴᠠᠨ ᠰᠤᠷᠤᠯᠴᠠᠨ ᠰᠣᠯᠢᠯᠴᠠᠵᠤ᠂ ᠣᠢᠯᠠᠭᠠᠯᠴᠠᠭ᠎ᠠ᠎ᠪᠠᠨ ᠨᠡᠮᠡᠭᠳᠡᠭᠦᠯᠦᠨ᠂ ᠬᠠᠮᠲᠤ᠎ᠶᠢᠨ ᠲᠠᠨᠢᠯᠲᠠ᠎ᠪᠠᠨ ᠨᠢᠭ᠍ᠲᠠᠷᠠᠭᠤᠯᠵᠤ᠂ 〈ᠨᠢᠭᠡ ᠪᠦᠰᠡ ᠨᠢᠭᠡ ᠵᠠᠮ〉 ᠤ᠋ᠨ ᠬᠥᠭᠵᠢᠯᠲᠡ᠎ᠶᠢᠨ ᠦᠷ᠎ᠡ ᠪᠦᠲᠦᠭᠡᠯ᠎ᠢ ᠨᠠᠩ ᠰᠠᠢᠨ ᠲᠡᠮᠳᠡᠭᠯᠡᠵᠦ ᠴᠢᠳᠠᠨ᠎ᠠ》 ᠭᠡᠪᠡ᠃
ᠲᠤᠰ ᠤᠳᠠᠭ᠎ᠠ᠎ᠶᠢᠨ ᠶᠠᠷᠢᠶᠠᠨ᠎ᠤ ᠲᠠᠪᠴᠠᠩ᠎ᠢ ᠠᠷᠠᠳ᠎ᠤᠨ ᠡᠳᠦᠷ᠎ᠦᠨ ᠰᠣᠨᠢᠨ᠎ᠤ ᠬᠣᠷᠢᠶ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠶᠦᠨᠨᠠᠨ ᠮᠤᠵᠢ᠎ᠶᠢᠨ ᠨᠠᠮ᠎ᠤᠨ ᠬᠣᠷᠢᠶ᠎ᠠ᠂ ᠶᠦᠨᠨᠠᠨ ᠮᠤᠵᠢ᠎ᠶᠢᠨ ᠠᠷᠠᠳ᠎ᠤᠨ ᠵᠠᠰᠠᠭ᠎ᠤᠨ ᠣᠷᠳᠣᠨ ᠡᠴᠡ ᠬᠠᠮᠲᠤᠷᠠᠵᠦ ᠭᠤᠤᠯᠯᠠᠨ ᠡᠷᠬᠢᠯᠡᠵᠠᠢ᠃ 《ᠨᠢᠭᠡ ᠪᠦᠰᠡ ᠨᠢᠭᠡ ᠵᠠᠮ》 ᠤ᠋ᠨ ᠵᠠᠭᠤᠴᠢᠯᠠᠭᠤᠷ᠎ᠤᠨ ᠬᠠᠮᠲᠤᠷᠠᠯᠴᠠᠭᠠᠨ᠎ᠤ ᠶᠠᠷᠢᠶᠠᠨ᠎ᠤ ᠲᠠᠪᠴᠠᠩ᠎ᠢ 2014 ᠣᠨ᠎ᠳᠤ ᠡᠭᠦᠰᠬᠡᠨ ᠪᠠᠢᠭᠤᠯᠤᠭᠰᠠᠨ᠎ᠡᠴᠡ ᠨᠠᠭᠠᠰᠢ ᠨᠢᠭᠡᠨᠲᠡ 9 ᠬᠤᠭᠤᠴᠠᠭ᠎ᠠ ᠠᠮᠵᠢᠯᠲᠠ᠎ᠲᠠᠢ ᠡᠷᠭᠢᠯᠡᠵᠦ᠂ 100 ᠭᠠᠷᠤᠢ ᠤᠯᠤᠰ ᠪᠠ ᠭᠠᠵᠠᠷ ᠣᠷᠣᠨ᠎ᠡᠴᠡ ᠢᠷᠡᠭᠰᠡᠨ 1000 ᠭᠠᠷᠤᠢ ᠭᠠᠳᠠᠭᠠᠳᠤ ᠤᠯᠤᠰ᠎ᠤᠨ ᠵᠠᠭᠤᠴᠢᠯᠠᠭᠤᠷ ᠵᠢᠴᠢ ᠣᠯᠠᠨ ᠤᠯᠤᠰ᠎ᠤᠨ ᠪᠠ ᠭᠠᠵᠠᠷ ᠣᠷᠣᠨ᠎ᠤ ᠵᠣᠬᠢᠶᠠᠨ ᠪᠠᠢᠭᠤᠯᠤᠯᠲᠠ᠎ᠶᠢᠨ ᠲᠥᠯᠥᠭᠡᠯᠡᠭᠴᠢᠳ ᠤᠷᠢᠯᠭ᠎ᠠ᠎ᠪᠠᠷ ᠬᠤᠷᠠᠯ᠎ᠳᠤ ᠣᠷᠣᠯᠴᠠᠵᠤ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠲᠦᠭᠡᠨ ᠪᠠᠶ᠋ᠢᠭᠤᠯᠵᠤ ᠴᠢᠨᠠᠷ ᠰᠠᠢᠲᠠᠢ ᠬᠥᠭᠵᠢᠬᠥᠶᠢ ᠠᠬᠢᠭᠤᠯᠬᠤ᠎ᠳᠤ ᠰᠡᠳᠬᠢᠯᠨᠢᠭᠡᠳᠤᠨ ᠬᠦᠴᠦ᠎ᠵᠢ ᠬᠠᠮᠲᠤᠳᠬᠠᠵᠠᠢ᠃