9 ᠰᠠᠷ᠎ᠠ᠎ᠶ᠋ᠢᠨ 17 ᠤ᠋ ᠡᠳᠦᠷ᠂ ᠳᠤᠮᠳᠠᠳᠤ᠎ᠶ᠋ᠢᠨ ᠪᠦᠬᠦ᠌ ᠤᠯᠤᠰ᠎ᠤᠨ ᠰᠣᠨᠢᠨ ᠮᠡᠳᠡᠭᠡᠨ᠎ᠦ ᠠᠵᠢᠯᠲᠠᠳ᠎ᠤᠨ ᠨᠡᠢᠭᠡᠮᠯᠢᠭ᠂ ᠮᠣᠩᠭᠣᠯ ᠤᠯᠤᠰ᠎ᠤᠨ ᠰᠡᠳᠭᠦᠯᠴᠢᠳ᠎ᠤᠨ ᠨᠢᠭᠡᠳᠦᠭᠰᠡᠨ ᠡᠪᠯᠡᠯ᠎ᠡᠴᠡ ᠬᠠᠮᠲᠤᠷᠠᠨ ᠭᠣᠣᠯᠯᠠᠨ ᠡᠷᠬᠢᠯᠡᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ᠎ᠡᠴᠡ ᠳᠠᠭᠠᠭᠠᠴᠢᠯᠠᠨ ᠡᠷᠬᠢᠯᠡᠵᠦ᠍᠂ 《ᠵᠣᠬᠢᠶᠠᠮᠠᠯ ᠤᠶᠤᠨ ᠴᠢᠳᠠᠪᠤᠷᠢ᠎ᠶ᠋ᠢᠨ ᠴᠠᠭ ᠦᠶ᠎ᠡ᠎ᠶ᠋ᠢᠨ ᠳᠤᠮᠳᠠᠳᠤ ᠮᠣᠩᠭᠣᠯ᠎ᠤᠨ ᠵᠠᠭᠤᠴᠢᠯᠠᠭᠤᠷ᠎ᠤᠨ ᠨᠥᠬᠥᠷᠰᠡᠭ ᠰᠣᠯᠢᠯᠴᠠᠭ᠎ᠠ ᠬᠠᠮᠳᠤ ᠵᠢᠨ ᠠᠵᠢᠯᠯᠠᠭ᠎ᠠ》 ᠪᠡᠷ ᠭᠣᠣᠯ ᠰᠡᠳᠦᠪ ᠪᠣᠯᠭᠠᠭ᠍ᠰᠠᠨ ᠠᠷᠪᠠᠨ ᠲᠠᠪᠤᠳᠤᠭᠠᠷ ᠬᠤᠭᠤᠴᠠᠭᠠᠨ᠎ᠤ ᠳᠤᠮᠳᠠᠳᠤ ᠮᠣᠩᠭᠣᠯ᠎ᠤᠨ ᠰᠣᠨᠢᠨ ᠮᠡᠳᠡᠭᠡᠨ᠎ᠦ ᠶᠠᠷᠢᠶᠠᠨ᠎ᠤ ᠲᠠᠪᠴᠠᠩ ᠮᠣᠩᠭᠣᠯ ᠤᠯᠤᠰ᠎ᠤᠨ ᠤᠯᠠᠭᠠᠨᠪᠠᠭᠠᠲᠤᠷ᠎ᠲᠤ ᠶᠠᠪᠤᠭ᠍ᠳᠠᠪᠠ᠃
ᠳᠤᠮᠳᠠᠳᠤ ᠮᠣᠩᠭᠣᠯ ᠬᠣᠶᠠᠷ ᠤᠯᠤᠰ᠎ᠤᠨ ᠰᠣᠨᠢᠨ ᠮᠡᠳᠡᠭᠡᠨ᠎ᠦ ᠡᠲᠡᠭᠡᠳ᠎ᠦᠨ 150 ᠭᠠᠷᠤᠢ ᠵᠣᠴᠢᠨ ᠲᠥᠯᠥᠭᠡᠯᠡᠭ᠌ᠴᠢ ᠶᠠᠷᠢᠶᠠᠨ᠎ᠤ ᠲᠠᠪᠴᠠᠩ᠎ᠳᠤ ᠣᠷᠣᠯᠴᠠᠵᠤ᠂ 14 ᠲᠥᠯᠥᠭᠡᠯᠡᠭ᠌ᠴᠢ ᠰᠠᠨᠠᠯ᠎ᠢᠶᠠᠨ ᠰᠣᠯᠢᠯᠴᠠᠬᠤ ᠦᠭᠡ ᠬᠡᠯᠡᠵᠡᠢ᠃ ᠳᠤᠮᠳᠠᠳᠤ ᠮᠣᠩᠭᠣᠯ ᠬᠣᠶᠠᠷ ᠤᠯᠤᠰ᠎ᠤᠨ ᠵᠠᠭᠤᠴᠢᠯᠠᠭᠤᠷ᠎ᠤᠨ ᠲᠥᠯᠥᠭᠡᠯᠡᠭ᠌ᠴᠢ ᠬᠠᠮᠲᠤᠷᠠᠯᠴᠠᠨ ᠳᠠᠮᠵᠢᠭᠤᠯᠬᠤ᠂ ᠬᠠᠮᠲᠤᠷᠠᠨ ᠫᠷᠤᠭ᠌ᠷᠠᠮ ᠡᠷᠭᠢᠯᠡᠬᠦ᠌᠂ ᠵᠠᠭᠤᠴᠢᠯᠠᠭᠤᠷ᠎ᠤᠨ ᠰᠣᠯᠢᠯᠴᠠᠭ᠎ᠠ ᠵᠡᠷᠭᠡ ᠬᠠᠮᠲᠤᠷᠠᠯᠴᠠᠭᠠᠨ᠎ᠤ ᠬᠡᠯᠡᠯᠴᠡᠭᠡᠷ᠎ᠲᠦ ᠭᠠᠷᠤᠨ ᠥᠰᠥᠭ ᠵᠢᠷᠤᠵᠤ᠂ ᠶᠠᠷᠢᠶᠠᠨ᠎ᠤ ᠲᠠᠪᠴᠠᠩ ᠡᠴᠡ 《〈ᠵᠣᠬᠢᠶᠠᠮᠠᠯ ᠣᠶᠤᠨ ᠴᠢᠳᠠᠪᠤᠷᠢ᠎ᠶ᠋ᠢᠨ ᠴᠠᠭ ᠦᠶ᠎ᠡ᠎ᠵᠢ ᠤᠬᠳᠤᠨ ᠳᠤᠮᠳᠠᠳᠤ ᠮᠣᠩᠭᠣᠯ᠎ᠤᠨ ᠨᠥᠬᠥᠷᠯᠡᠯ᠎ᠦᠨ ᠥᠯᠢᠭᠡᠷ᠎ᠢ ᠰᠠᠢᠲᠤᠷ ᠶᠠᠷᠢᠶ᠎ᠡ〉 ᠬᠠᠮᠲᠤᠷᠠᠭ᠍ᠰᠠᠨ ᠰᠠᠨᠠᠭᠠᠴᠢᠯᠠᠭ᠎ᠠ》 ᠵᠢ ᠳᠤᠷᠠᠳᠪᠠ᠃
ᠳᠤᠮᠳᠠᠳᠤ ᠮᠣᠩᠭᠣᠯ᠎ᠤᠨ ᠰᠣᠨᠢᠨ ᠮᠡᠳᠡᠭᠡᠨ᠎ᠦ ᠶᠠᠷᠢᠶᠠᠨ᠎ᠤ ᠲᠠᠪᠴᠠᠩ᠎ᠢ 2010 ᠣᠨ᠎ᠳᠤ ᠡᠭᠦᠰᠭᠡᠨ ᠪᠠᠢᠭᠤᠯᠤᠭ᠍ᠰᠠᠨ ᠡᠴᠡ ᠨᠠᠭᠠᠰᠢ᠂ ᠨᠢᠭᠡᠨᠲᠡ ᠳᠤᠮᠳᠠᠳᠤ ᠮᠣᠩᠭᠣᠯ ᠬᠣᠶᠠᠷ ᠤᠯᠤᠰ᠎ᠤᠨ ᠰᠣᠨᠢᠨ ᠮᠡᠳᠡᠭᠡ ᠰᠣᠶᠣᠯ᠎ᠤᠨ ᠬᠦᠷᠢᠶᠡᠨ᠎ᠦ ᠰᠣᠯᠢᠯᠴᠠᠭᠠᠨ᠎ᠤ ᠲᠣᠭ᠍ᠲᠠᠴᠠ᠎ᠶ᠋ᠢᠨ ᠴᠢᠨᠠᠷᠲᠠᠢ ᠲᠦᠷᠦᠯ ᠲᠡᠮᠳᠡᠭᠳᠤ ᠠᠵᠢᠯᠯᠠᠭ᠎ᠠ ᠪᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠦ ᠣᠢᠯᠠᠭᠠᠯᠴᠠᠭ᠎ᠠ᠎ᠶ᠋ᠢ ᠠᠬᠢᠭᠤᠯᠬᠤ ᠬᠥᠭᠥᠷᠭᠡ ᠬᠣᠯᠪᠣᠭᠠᠰᠤ ᠪᠣᠯᠵᠠᠢ᠃