ᠤᠷᠤᠨ ᠨᠤᠳᠤᠭ ᠤ᠋ᠨ ᠡᠨᠧᠷᠭᠢ ᠨᠦᠭᠡᠴᠡᠯᠡᠬᠦ ᠲᠥᠷᠥᠯ ᠵᠦᠢᠯ ᠢ᠋ ᠬᠢᠨᠠᠨ ᠲᠣᠭ᠍ᠲᠠᠭᠠᠬᠤ ᠠᠵᠢᠯ ᠤᠷᠤᠭ᠍ᠰᠢᠲᠠᠢ ᠶᠠᠪᠤᠭ᠍ᠳᠠᠪᠠ
2025-09-18 11:33:15
ᠵᠣᠬᠢᠶᠠᠭ᠍ᠴᠢ᠄
​ᠤᠷᠭᠤᠮᠠᠯ
ᠣᠩᠱᠢᠭ᠍ᠰᠠᠨ ᠣᠳᠠᠭ᠎ᠠ᠄
★★★☆☆

ᠣᠢᠷ᠎ᠠ ᠳ᠋ᠦ᠂ ᠠᠯᠠᠱᠠ᠂ ᠣᠷᠳᠣᠰ᠂ ᠪᠤᠭᠤᠲᠤ ᠣᠷᠣᠨ ᠤ᠋ ᠡᠨᠧᠷᠭᠢ ᠨᠥᠭᠡᠴᠡᠯᠡᠬᠦ᠌ ᠲᠥᠷᠥᠯ ᠵᠦᠶ᠋ᠯ ᠤ᠋ᠨ ᠵᠤᠯᠭᠠᠭᠤᠯᠬᠤ ᠱᠢᠰᠲ᠋ᠧᠮ ᠤ᠋ᠨ ᠬᠢᠨᠠᠨ ᠲᠣᠭ᠍ᠲᠠᠭᠠᠬᠤ ᠬᠤᠷᠠᠯ ᠤᠷᠤᠭ᠍ᠰᠢᠲᠠᠶ ᠶᠠᠪᠤᠭ᠍ᠳᠠᠪᠠ᠃ ᠲᠣᠰ ᠤᠳᠠᠭᠠᠨ ᠤ᠋ ᠬᠤᠷᠠᠯ ᠢ᠋ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠠᠵᠤ ᠠᠬᠤᠶ ᠵᠢᠨ ᠰᠤᠳᠤᠯᠭᠠᠨ ᠤ᠋ ᠬᠦᠷᠢᠶᠡᠯᠡᠩ᠎ᠡᠴᠡ ᠵᠣᠬᠢᠶᠠᠨ ᠪᠠᠢᠭᠤᠯᠤᠨ ᠬᠤᠷᠠᠯᠳᠤᠭᠤᠯᠵᠤ᠂ ᠤᠷᠤᠨ ᠨᠤᠳᠤᠭ ᠤ᠋ᠨ ᠴᠠᠬᠢᠯᠭᠠᠨ ᠬᠠᠩᠭᠠᠬᠤ ᠺᠣᠮᠫᠠᠨᠢ ᠂ ᠴᠠᠬᠢᠯᠭᠠᠨ ᠬᠦᠴᠦᠨ ᠤ᠋ ᠲᠣᠬᠢᠷᠠᠭᠤᠯᠭ᠎ᠠ ᠡᠵᠡᠮᠱᠢᠯ ᠤ᠋ᠨ ᠺᠣᠮᠫᠠᠨᠢ ᠵᠡᠷᠭᠡ ᠨᠢᠭᠡᠴᠢ ᠬᠤᠷᠠᠯ ᠳ᠋ᠦ ᠣᠷᠣᠯᠴᠠᠵᠤ ᠂ ᠡᠯ᠎ᠡ ᠲᠠᠯ᠎ᠠ ᠵᠢᠨ᠎ᠬᠢᠨ ᠡᠨᠧᠷᠭᠢ ᠨᠦᠭᠡᠴᠡᠯᠡᠬᠦ ᠲᠥᠷᠥᠯ ᠵᠦᠶ᠋ᠯ ᠤ᠋ᠨ ᠵᠤᠯᠭᠠᠭᠤᠯᠬᠤ ᠱᠢᠰᠲ᠋ᠧᠮ ᠤ᠋ᠨ ᠵᠠᠩᠭᠢᠯᠠᠭ᠎ᠠ ᠵᠢᠨ ᠮᠡᠷᠭᠡᠵᠢᠯ ᠤ᠋ᠨ ᠲᠥᠰᠦᠯ ᠵᠢᠴᠢ ᠬᠡᠷᠡᠭ᠌ᠵᠢᠭᠦᠯᠬᠦ᠌ ᠠᠷᠭ᠎ᠠ ᠵᠠᠮ ᠤ᠋ᠨ ᠲᠤᠬᠠᠶ ᠭᠦᠨᠵᠡᠭᠡᠶ ᠰᠣᠯᠢᠯᠴᠠᠨ ᠶᠠᠷᠢᠯᠴᠠᠪᠠ᠃

ᠤᠢᠯᠠᠭᠠᠭᠰᠠᠨ᠎ᠵᠢᠡᠷ᠂ ᠬᠤᠷᠠᠯ ᠨᠢ ᠡᠨᠧᠷᠭᠢ ᠨᠦᠭᠡᠴᠡᠯᠡᠬᠦ ᠲᠥᠷᠥᠯ ᠵᠦᠶ᠋ᠯ ᠤ᠋ᠨ ᠱᠢᠨ᠎ᠡ ᠬᠡᠯᠪᠡᠷᠢ ᠵᠢᠨ ᠴᠠᠬᠢᠯᠭᠠᠨ ᠬᠦᠴᠦᠨ ᠤ᠋ ᠱᠢᠰᠲ᠋ᠧᠮ᠎ᠳ᠋ᠦ ᠦᠵᠡᠬᠦᠯᠬᠦ ᠴᠢᠬᠤᠯᠠ ᠦᠶ᠋ᠯᠡᠳᠦᠯ ᠤ᠋ᠨ ᠲᠣᠭᠣᠷᠢᠨ ᠳ᠋ᠦ ᠶᠠᠪᠤᠭᠳᠠᠵᠦ᠂ ᠡᠯ᠎ᠡ ᠲᠥᠷᠥᠯ ᠵᠦᠶ᠋ᠯ ᠤ᠋ᠨ ᠴᠠᠬᠢᠯᠭᠠᠨ ᠲᠤᠤᠷ ᠲᠣ᠌ ᠵᠠᠯᠭᠠᠬᠤ᠂ ᠠᠮᠤᠷ ᠲᠦᠪᠰᠢᠨ᠎ᠵᠢᠡᠷ ᠠᠵᠢᠯᠯᠠᠭᠤᠯᠬᠤ᠂ ᠲᠣᠬᠢᠷᠠᠭᠤᠯᠤᠨ ᠡᠵᠡᠮᠳᠡᠬᠦ᠌ ᠵᠡᠷᠭᠡ ᠲᠠᠯ᠎ᠠ ᠵᠢᠨ ᠮᠡᠷᠭᠡᠵᠢᠯ ᠤ᠋ᠨ ᠪᠣᠯᠤᠮᠵᠢᠲᠤ ᠴᠢᠨᠠᠷ ᠢ᠋ ᠭᠤᠤᠯᠳᠠᠯᠭ᠎ᠠ᠎ᠲᠠᠶ ᠬᠢᠨᠠᠨ ᠲᠣᠭ᠍ᠲᠠᠭᠠᠪᠠ᠃ ᠬᠤᠷᠠᠯ ᠳ᠋ᠦ ᠣᠷᠣᠯᠴᠠᠭ᠍ᠰᠠᠨ ᠲᠤᠰᠭᠠᠶ ᠮᠡᠷᠭᠡᠵᠢᠯᠲᠡᠨ ᠲᠥᠷᠥᠯ ᠵᠦᠶ᠋ᠯ ᠢ᠋ ᠵᠤᠯᠭᠠᠭᠤᠯᠬᠤ ᠳ᠋ᠦ ᠲᠤᠯᠭᠠᠷᠠᠵᠤ ᠮᠡᠳᠡᠬᠦ᠌ ᠥᠷᠢᠰᠥᠯᠳᠦᠭᠡᠨ ᠤ᠋ ᠲᠤᠬᠠᠢ ᠦᠨᠡᠨ ᠬᠦ᠌ ᠪᠣᠯᠤᠮᠵᠢᠲᠠᠶ ᠱᠢᠶ᠋ᠳᠪᠦᠷᠢᠯᠡᠬᠦ᠌ ᠲᠥᠰᠦᠯ ᠳᠤᠷᠠᠳᠴᠤ᠌᠂ ᠲᠥᠷᠥᠯ ᠵᠦᠶ᠋ᠯ ᠢ᠋ ᠤᠷᠤᠭ᠍ᠰᠢᠲᠠᠶ ᠠᠬᠢᠭᠤᠯᠬᠤ ᠳ᠋ᠦ ᠬᠦᠴᠦᠲᠡᠶ ᠳᠡᠮᠵᠢᠯᠭᠡ ᠬᠠᠩᠭᠠᠪᠠ᠃

ᠲᠣᠰ ᠤᠳᠠᠭᠠᠨ ᠤ᠋ ᠬᠢᠨᠠᠨ ᠲᠤᠭᠳᠠᠭᠠᠬᠤ ᠬᠤᠷᠠᠯ ᠢ᠋ ᠬᠤᠷᠠᠯᠳᠤᠭᠤᠯᠤᠭ᠍ᠰᠠᠨ ᠨᠢ ᠠᠯᠠᠱᠠ᠂ ᠣᠷᠳᠣᠰ᠂ ᠪᠤᠭᠤᠲᠤ ᠣᠷᠣᠨ ᠤ᠋ ᠡᠨᠧᠷᠭᠢ ᠨᠥᠭᠡᠴᠡᠯᠡᠬᠦ᠌ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠳ᠋ᠦ ᠮᠡᠷᠭᠡᠵᠢᠯ ᠤ᠋ᠨ ᠪᠠᠲᠤᠯᠠᠭ᠎ᠠ ᠬᠠᠩᠭᠠᠬᠤ ᠵᠢᠨ ᠲᠦᠯᠦᠭᠡ ᠶᠤᠮ᠃ ᠨᠥᠭᠡᠴᠡ ᠡᠨᠧᠷᠭᠢ᠎ᠨᠢ ᠱᠢᠨ᠎ᠡ ᠡᠨᠧᠷᠭᠢ ᠵᠢ ᠱᠢᠩᠭᠡᠭᠡᠬᠦ᠌᠂ ᠴᠠᠬᠢᠯᠭᠠᠨ ᠲᠤᠤᠷ ᠤ᠋ᠨ ᠲᠣᠭ᠍ᠲᠠᠪᠤᠷᠢᠲᠤ ᠴᠢᠨᠠᠷ ᠢ᠋ ᠳᠡᠭᠡᠭ᠌ᠰᠢᠯᠡᠭᠦᠯᠬᠦ᠌ ᠵᠠᠩᠭᠢᠯᠠᠭ᠎ᠠ ᠵᠢᠨ ᠠᠷᠭ᠎ᠠ ᠪᠠᠷᠢᠯ ᠪᠣᠯᠤᠭ᠍ᠰᠠᠨ ᠤ᠋ ᠬᠤᠪᠢ ᠳ᠋ᠦ᠂ ᠤᠷᠤᠨ ᠨᠤᠳᠤᠭ ᠤ᠋ᠨ ᠡᠨᠧᠷᠭᠢ ᠵᠢᠨ ᠪᠦᠲᠦᠴᠡ ᠵᠢᠨ ᠲᠣᠬᠢᠷᠠᠭᠤᠯᠤᠯᠲᠠ ᠪᠣᠯᠤᠨ 《ᠬᠤᠤᠰ ᠨᠡᠭᠦᠷᠡᠰᠦᠳᠦᠷᠦᠭ᠌ᠴᠢ》 ᠵᠢᠨ ᠬᠠᠷᠠᠯᠲᠠ ᠵᠢ ᠪᠡᠶᠡᠯᠡᠭᠦᠯᠬᠦ ᠳ᠋ᠦ ᠴᠢᠬᠤᠯᠠ ᠦᠢᠯᠡᠳᠦᠯ ᠦᠵᠡᠭᠦᠯᠬᠦ᠌ ᠪᠣᠯᠤᠨ᠎ᠠ᠃ ᠢᠷᠡᠭᠡᠳᠦᠶ᠎ᠳᠦ᠂ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠠᠵᠦ ᠠᠬᠤᠢ ᠵᠢᠨ ᠰᠤᠳᠤᠯᠭᠠᠨ ᠤ᠋ ᠬᠦᠷᠢᠶᠡᠯᠡᠩ ᠣᠷᠣᠨ ᠪᠦᠰᠡ ᠵᠢᠨ ᠡᠨᠧᠷᠭᠢ ᠨᠥᠭᠡᠴᠡᠯᠡᠬᠦ᠌ ᠵᠢᠴᠢ ᠱᠢᠨ᠎ᠡ ᠡᠨᠧᠷᠭᠢ ᠵᠢᠨ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠳ᠋ᠦ ᠦᠷᠭᠦᠯᠵᠢᠯᠡᠨ ᠢᠳᠡᠪᠬᠢᠲᠡᠶ ᠣᠷᠣᠯᠴᠠᠵᠤ᠂ ᠡᠨᠧᠷᠭᠢ ᠵᠢᠨ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ ᠵᠢ ᠬᠤᠪᠢᠷᠠᠭᠤᠯᠬᠤ ᠪᠠ ᠱᠢᠨ᠎ᠡ ᠬᠡᠯᠪᠡᠷᠢ ᠵᠢᠨ ᠴᠠᠬᠢᠯᠭᠠᠨ ᠬᠦᠴᠦᠨ ᠤ᠋ ᠱᠢᠰᠲ᠋ᠧᠮ ᠢ᠋ ᠪᠠᠢᠭᠤᠯᠬᠤ ᠳ᠋ᠦ ᠬᠦᠴᠦᠨ ᠴᠢᠳᠠᠯ ᠵᠢᠡᠨ ᠡᠷᠭᠦᠨ᠎ᠡ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号