ᠡᠮᠴᠢᠯᠡᠭᠡᠨ ᠤ᠋ ᠪᠠᠢᠭᠤᠯᠤᠮᠵᠢ
ᠶ᠋ᠢᠨ ᠡᠵᠡᠨᠭᠨᠡᠯᠲᠡ ᠶ᠋ᠢᠨ ᠠᠵᠢᠯᠯᠠᠭ᠎ᠠ ᠵᠢ ᠵᠢᠷᠤᠮᠵᠢᠭᠤᠯᠵᠤ᠂ ᠣᠯᠠᠨ ᠲᠦᠮᠡᠨ ᠤ᠋ ᠡᠮᠴᠢᠯᠡᠭᠡᠨ ᠤ᠋
ᠠᠮᠤᠷ ᠲᠦᠪᠱᠢᠨ ᠪᠠ ᠬᠠᠤᠯᠢ ᠶᠣᠰᠣᠨ ᠤ᠋ ᠡᠷᠬᠡ ᠠᠱᠢᠭ ᠢ᠋ ᠪᠠᠲᠤᠯᠠᠬᠤ ᠶ᠋ᠢᠨ ᠲᠥᠯᠥᠭᠡ᠂ ᠣᠢᠷ᠎ᠠ ᠳ᠋ᠤ᠂
ᠱᠢᠨ᠎ᠡ ᠬᠣᠲᠠ ᠲᠣᠭᠣᠷᠢᠭ ᠤ᠋ᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶᠠᠵᠢᠨ
ᠬᠢᠨ ᠱᠢᠨ᠎ᠡ ᠬᠣᠲᠠ ᠲᠣᠭᠣᠷᠢᠭ ᠤ᠋ᠨ ᠡᠷᠡᠭᠦᠯ ᠬᠠᠮᠠᠭᠠᠯᠠᠯ ᠡᠷᠡᠭᠦᠯ ᠮᠡᠨᠳᠦ᠍ ᠶ᠋ᠢᠨ ᠵᠥᠪᠯᠡᠯ ᠲᠠᠢ
ᠬᠠᠮᠲᠤᠷᠠᠨ ᠡᠮᠴᠢᠯᠡᠭᠡᠨ ᠤ᠋ ᠪᠠᠢᠭᠤᠯᠤᠮᠵᠢ ᠶ᠋ᠢᠨ 《ᠬᠣᠶᠠᠷ
ᠢ᠋ ᠰᠤᠭᠤᠴᠢᠵᠤ ᠨᠢᠭᠡ ᠵᠢ ᠢᠯᠡ ᠪᠣᠯᠭᠠᠬᠤ》 ᠬᠠᠮᠲᠤᠷᠠᠭ᠍ᠰᠠᠨ
ᠪᠠᠢᠴᠠᠭᠠᠯᠲᠠ ᠶ᠋ᠢᠨ ᠠᠵᠢᠯᠯᠠᠭ᠎ᠠ ᠥᠷᠨᠢᠭᠦᠯᠵᠦ᠍᠂ ᠪᠠᠢᠴᠠᠭᠠᠬᠤ ᠡᠲᠡᠭᠡᠳ ᠢ᠋ ᠰᠤᠭᠤᠴᠢᠨ ᠰᠤᠨᠭᠭᠤᠬᠤ᠂
ᠬᠠᠤᠯᠢ ᠬᠡᠷᠡᠭ᠌ᠵᠢᠭᠦᠯᠬᠦ᠌ ᠠᠵᠢᠯᠲᠠᠨ ᠢ᠋ ᠰᠤᠭᠤᠴᠢᠨ ᠰᠤᠨᠭᠭᠤᠬᠤ ᠪᠠᠷ ᠳᠠᠮᠵᠢᠭᠤᠯᠤᠨ᠂ ᠬᠠᠷᠢᠶ᠎ᠠ
ᠲᠣᠭᠣᠷᠢᠭ ᠤ᠋ᠨ ᠳᠣᠲᠣᠷᠠᠬᠢ ᠡᠮᠴᠢᠯᠡᠭᠡᠨ ᠤ᠋ ᠪᠠᠢᠭᠤᠯᠤᠮᠵᠢ ᠶ᠋ᠢᠨ ᠡᠮ ᠤ᠋ᠨ ᠵᠦᠶ᠋ᠯ ᠤ᠋ᠨ ᠶᠠᠰᠤ ᠴᠢᠨᠠᠷ᠂
ᠡᠮᠴᠢᠯᠡᠭᠡᠨ ᠤ᠋ ᠪᠠᠭᠠᠵᠢ ᠬᠡᠷᠡᠭ᠌ᠰᠡᠯ ᠤ᠋ᠨ ᠠᠮᠤᠷ ᠲᠦᠪᠱᠢᠨ ᠂ ᠦᠨ᠎ᠡ ᠬᠠᠩᠰᠢ ᠪᠠ ᠰᠦᠶ᠋ᠳᠭᠡᠯ
ᠬᠤᠷᠢᠶᠠᠯᠲᠠ᠂ ᠠᠵᠢᠯ ᠡᠷᠭᠢᠯᠡᠬᠦ᠌ ᠵᠢᠷᠤᠮᠵᠢᠯ ᠵᠡᠷᠭᠡ ᠲᠠᠯ᠎ᠠ ᠪᠡᠷ ᠪᠥᠬᠥ᠌ ᠲᠠᠯ᠎ᠠ ᠶ᠋ᠢᠨ ᠪᠠᠢᠴᠠᠭᠠᠯᠲᠠ
ᠬᠢᠪᠡ᠃
ᠲᠣᠰ ᠤᠳᠠᠭᠠᠨ ᠤ᠋ ᠬᠠᠮᠲᠤᠷᠠᠭ᠍ᠰᠠᠨ
ᠪᠠᠢᠴᠠᠭᠠᠯᠲᠠ ᠳ᠋ᠤ᠂ ᠬᠠᠷᠢᠶ᠎ᠠ ᠣᠷᠣᠨ ᠤ᠋ ᠡᠮᠴᠢᠯᠡᠭᠡᠨ ᠤ᠋ ᠪᠠᠢᠭᠤᠯᠤᠮᠵᠢ ᠶ᠋ᠢᠨ ᠨᠡᠷᠡᠰ ᠤ᠋ᠨ ᠬᠥᠮᠥᠷᠭᠡ
ᠡᠴᠡ 5
ᠨᠢᠭᠡᠴᠢ ᠵᠢ ᠰᠤᠭᠤᠴᠢᠨ ᠰᠣᠩᠭᠣᠨ ᠪᠠᠢᠴᠠᠭᠠᠬᠤ ᠡᠲᠡᠭᠡᠳ ᠪᠣᠯᠭᠠᠵᠤ᠂ ᠬᠠᠤᠯᠢ ᠬᠡᠷᠡᠭ᠌ᠵᠢᠭᠦᠯᠬᠦ᠌
ᠠᠵᠢᠯᠲᠠᠳ ᠡᠴᠡ ᠡᠮ ᠤ᠋ᠨ ᠬᠡᠷ ᠲᠡᠬᠢ ᠡᠮ ᠤ᠋ᠨ ᠵᠦᠶ᠋ᠯ ᠤ᠋ᠨ ᠪᠠᠷᠠᠭ᠎ᠠ ᠣᠷᠣᠭᠤᠯᠬᠤ ᠠᠷᠭ᠎ᠠ ᠵᠠᠮ᠂
ᠬᠠᠳᠠᠭᠠᠯᠠᠬᠤ ᠨᠥᠬᠥᠴᠡᠯ᠂ ᠴᠢᠨᠠᠷ ᠢ᠋ ᠪᠠᠲᠤᠯᠠᠬᠤ ᠬᠤᠭᠤᠴᠠᠭ᠎ᠠ ᠵᠡᠷᠭᠡ ᠵᠢ ᠨᠠᠷᠢᠨ ᠬᠢᠨᠠᠨ ᠪᠠᠢᠴᠠᠭᠠᠵᠤ᠂ ᠤᠴᠠᠭᠠᠶ ᠡᠮ ᠤ᠋ᠨ ᠵᠦᠶ᠋ᠯ (ᠵᠢᠱ᠌ᠢᠶᠡᠯᠡᠪᠡᠯ
ᠮᠢᠨᠴᠦᠭᠦᠷᠡᠭᠦᠯᠬᠦ᠌ ᠡᠮ ᠤ᠋ᠨ ᠵᠦᠶ᠋ᠯ᠂ ᠮᠡᠳᠡᠷᠡᠯ ᠤ᠋ᠨ ᠡᠮ ᠤ᠋ᠨ ᠵᠦᠶ᠋ᠯ) ᠤ᠋ᠨ ᠬᠠᠮᠢᠶᠠᠷᠤᠯᠲᠠ ᠨᠢ ᠲᠣᠭ᠍ᠲᠠᠭᠠᠯᠳᠤ ᠨᠡᠢᠴᠡᠬᠦ᠌ ᠡᠰᠡᠬᠦ᠌ ᠵᠢ ᠭᠤᠤᠯᠳᠠᠯᠭ᠎ᠠ
ᠲᠠᠢ ᠪᠠᠢᠴᠠᠭᠠᠪᠠ ; ᠡᠮᠴᠢᠯᠡᠭᠡᠨ ᠤ᠋ ᠪᠠᠭᠠᠵᠢ ᠬᠡᠷᠡᠭ᠌ᠰᠡᠯ ᠤ᠋ᠨ ᠳᠠᠩᠰᠠᠯᠠᠭᠤᠯᠤᠭ᠍ᠰᠠᠨ
ᠦᠨᠡᠮᠯᠡᠯ᠂ ᠬᠡᠷᠡᠭ᠌ᠯᠡᠭ᠌ᠰᠡᠨ ᠲᠡᠮᠳᠡᠭ᠌ᠯᠡᠯ᠂ ᠬᠠᠮᠠᠭᠠᠯᠠᠵᠤ ᠠᠷᠠᠴᠢᠯᠠᠭ᠍ᠰᠠᠨ ᠪᠠᠢᠳᠠᠯ ᠳ᠋ᠤ ᠰᠤᠭᠤᠴᠢᠨ
ᠪᠠᠢᠴᠠᠭᠠᠯᠲᠠ ᠬᠢᠵᠦ᠍᠂ ᠲᠥᠬᠥᠭᠡᠷᠦᠮᠵᠢ ᠵᠢ ᠲᠣᠭ᠍ᠲᠠᠭᠠᠯ ᠳ᠋ᠤ ᠨᠡᠢᠴᠡᠭᠦᠯᠦᠨ ᠬᠡᠷᠡᠭ᠌ᠯᠡᠬᠦ᠌ ᠵᠢ ᠦᠨᠡᠨ
ᠬᠦ᠌ ᠪᠠᠲᠤᠯᠠᠪᠠ᠃ ᠡᠮᠴᠢᠯᠡᠭᠡ ᠶ᠋ᠢᠨ ᠦᠶ᠋ᠯᠡᠴᠢᠯᠡᠭᠡᠨ ᠤ᠋ ᠦᠨ᠎ᠡ ᠬᠠᠩᠰᠢ ᠵᠢ ᠢᠯᠡ ᠨᠡᠢᠲᠡᠯᠡᠬᠦ᠌᠂
ᠰᠦᠶ᠋ᠳᠭᠡᠯ ᠬᠤᠷᠢᠶᠠᠬᠤ ᠲᠥᠷᠥᠯ ᠵᠦᠶ᠋ᠯ ᠤ᠋ᠨ ᠨᠠᠷᠢᠨ ᠪᠠᠢᠳᠠᠯ ᠵᠡᠷᠭᠡ ᠳ᠋ᠤ ᠴᠢᠭ᠌ᠯᠡᠭᠦᠯᠦᠨ ᠪᠠᠢᠴᠠᠭᠠᠵᠤ᠂ ᠲᠥᠷᠥᠯ ᠵᠦᠶ᠋ᠯ ᠢ᠋ ᠦᠪᠡᠰᠦᠪᠡᠨ ᠪᠠᠢᠭᠤᠯᠤᠨ ᠰᠦᠶ᠋ᠳᠭᠡᠯ ᠬᠤᠷᠢᠶᠠᠬᠤ᠂ ᠪᠠᠷᠢᠮᠵᠢᠶ᠎ᠠ ᠡᠴᠡ
ᠬᠡᠲᠦᠷᠡᠭᠦᠯᠦᠨ ᠰᠦᠶ᠋ᠳᠭᠡᠯ ᠬᠤᠷᠢᠶᠠᠬᠤ ᠵᠡᠷᠭᠡ ᠠᠵᠢᠯᠯᠠᠭ᠎ᠠ ᠵᠢ ᠴᠢᠩᠭ᠎ᠠ ᠪᠠᠢᠴᠠᠭᠠᠪᠠ᠃
ᠪᠠᠢᠴᠠᠭᠠᠯᠲᠠ ᠶ᠋ᠢᠨ
ᠳᠤᠮᠳᠠ ᠢᠯᠡᠷᠡᠭᠦᠯᠦᠭ᠌ᠰᠡᠨ ᠠᠰᠠᠭᠤᠳᠠᠯ ᠳ᠋ᠤ᠂ ᠬᠠᠤᠯᠢ ᠬᠡᠷᠡᠭ᠌ᠵᠢᠭᠦᠯᠬᠦ᠌ ᠠᠵᠢᠯᠲᠠᠨ ᠴᠡᠭ᠌ᠴᠡᠯᠡᠨ ᠰᠠᠢᠵᠢᠷᠠᠭᠤᠯᠬᠤ
ᠠᠭᠤᠯᠭ᠎ᠠ᠂ ᠴᠠᠭ ᠤ᠋ᠨ ᠬᠢᠵᠠᠭᠠᠷ ᠵᠢᠴᠢ ᠱᠠᠭᠠᠷᠳᠠᠯᠭ᠎ᠠ ᠵᠢ ᠲᠣᠳᠣᠷᠬᠠᠢᠯᠠᠬᠤ ᠶ᠋ᠢᠨ ᠬᠠᠮᠲᠤ 《ᠡᠷᠬᠢᠨ ᠬᠠᠷᠠᠬᠤ》 ᠲᠣᠭ᠍ᠲᠠᠴᠠ ᠵᠢ
ᠪᠠᠢᠭᠤᠯᠵᠤ᠂ ᠴᠡᠭ᠌ᠴᠡᠯᠡᠨ ᠰᠠᠢᠵᠢᠷᠠᠭᠤᠯᠬᠤ ᠵᠢ ᠪᠣᠳᠠᠲᠠᠢᠵᠢᠭᠤᠯᠬᠤ ᠵᠢ ᠪᠠᠲᠤᠯᠠᠪᠠ᠃ ᠡᠭᠦᠨ ᠤ᠋ ᠬᠠᠮᠲᠤ᠂ ᠪᠠᠢᠴᠠᠭᠠᠭ᠍ᠰᠠᠨ ᠦᠷ᠎ᠡ ᠳ᠋ᠦᠩ ᠤ᠋ᠨ ᠮᠡᠳᠡᠭᠡ ᠵᠠᠩᠭᠢ ᠵᠢ ᠬᠠᠮᠲᠤᠪᠠᠷ ᠭᠥᠷᠳᠡᠬᠦ᠌ ᠲᠣᠭ᠍ᠲᠠᠴᠠ ᠵᠢ
ᠪᠠᠢᠭᠤᠯᠵᠤ᠂ ᠡᠮᠴᠢᠯᠡᠭᠡᠨ ᠤ᠋ ᠪᠠᠢᠭᠤᠯᠤᠮᠵᠢ ᠶ᠋ᠢᠨ ᠬᠠᠤᠯᠢ ᠲᠣᠭ᠍ᠲᠠᠭᠠᠯ ᠡᠴᠡ ᠵᠥᠷᠢᠴᠡᠭ᠌ᠰᠡᠨ ᠪᠠᠢᠳᠠᠯ
ᠢ᠋ ᠢᠲᠡᠭᠡᠮᠵᠢ ᠶ᠋ᠢᠨ ᠲᠠᠩᠰᠠ ᠡᠪᠬᠡᠮᠡᠯ ᠳ᠋ᠤ ᠣᠷᠣᠭᠤᠯᠪᠠ᠃