9 ᠰᠠᠷ᠎ᠠ᠎ᠶᠢᠨ 15᠎ᠤ᠋ ᠡᠳᠦᠷ᠂ 《ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ ᠡᠷᠴᠢᠮ᠎ᠢ ᠴᠢᠩᠭᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠵᠢ ᠠᠬᠢᠭᠤᠯᠬᠤ》 ᠭᠣᠣᠯ ᠰᠡᠳᠦᠪᠳᠤ ᠬᠤᠷᠢᠨ ᠨᠠᠢ᠍ᠮᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠨᠡᠢᠲᠡᠯᠢᠭ ᠬᠡᠯᠡ᠎ᠶᠢ ᠲᠦᠭᠡᠮᠡᠯᠵᠢᠭᠦᠯᠬᠦ ᠤᠬᠠᠭᠤᠯᠭ᠎ᠠ᠎ᠶᠢᠨ ᠭᠠᠷᠠᠭ᠎ᠤᠨ ᠬᠥᠬᠡᠬᠣᠲᠠ᠎ᠶᠢᠨ ᠭᠣᠣᠯᠳᠠᠯᠭ᠎ᠠ᠎ᠲᠠᠢ ᠤᠬᠠᠭᠤᠯᠬᠤ ᠠᠵᠢᠯᠯᠠᠭ᠎ᠠ ᠬᠥᠬᠡᠬᠣᠲᠠ᠎ᠶᠢᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃
ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠤ᠂ ᠦᠨᠳᠦᠰᠦᠨ ᠱᠠᠲᠤᠨ᠎ᠤ ᠺᠠᠳ᠋ᠷ᠂ ᠤᠯᠠᠨ ᠲᠦᠮᠡᠨ ᠪᠣᠯᠣᠨ ᠪᠠᠭ᠍ᠰᠢ ᠰᠤᠷᠤᠭ᠍ᠴᠢᠳ᠎ᠤᠨ ᠲᠥᠯᠥᠭᠡᠯᠡᠭᠴᠢ ᠨᠡᠢᠳᠡᠯᠢᠭ ᠬᠡᠯᠡ ᠵᠢ ᠲᠦᠬᠡᠮᠡᠯᠵᠢᠬᠦᠯᠬᠦ ᠵᠢ ᠰᠠᠨᠠᠭᠠᠴᠢᠯᠠᠵᠤ᠂ ᠰᠣᠩᠭᠣᠳᠠᠭ ᠵᠣᠬᠢᠶᠠᠯ᠎ᠢ ᠤᠩᠰᠢᠬᠤ᠂ ᠤᠯᠠᠮᠵᠢᠯᠠᠯᠲᠤ ᠰᠣᠶᠣᠯ ᠤᠷᠠᠯᠢᠭ᠋᠎ᠤᠨ ᠦᠵᠡᠭᠦᠯᠭᠡ᠎ᠶᠢᠨ ᠲᠣᠭᠯᠠᠯᠲᠠ ᠪᠣᠯᠣᠨ ᠤᠷᠠᠨ ᠪᠢᠴᠢᠯᠭᠡᠪᠢᠴᠢᠬᠦ ᠵᠡᠷᠭᠡ ᠤᠯᠠᠨ ᠵᠦᠢᠯ᠎ᠦᠨ ᠬᠡᠯᠪᠡᠷᠢ᠎ᠪᠡᠷ ᠳᠠᠮᠵᠢᠭᠤᠯᠵᠤ᠂ ᠣᠢᠷ᠎ᠠ᠎ᠶᠢᠨ ᠵᠢᠯ᠎ᠦᠨ ᠲᠤᠷᠰᠢᠬᠢ ᠬᠥᠬᠡᠬᠣᠲᠠ᠎ᠶᠢᠨ ᠦᠭᠡ ᠬᠡᠯᠡ ᠦᠰᠦᠭ ᠪᠢᠴᠢᠭ᠎ᠦᠨ ᠳᠦᠷᠢᠮᠵᠢᠭᠦᠯᠦᠯᠲᠡ᠎ᠶᠢ ᠠᠬᠢᠭᠤᠯᠬᠤ ᠲᠠᠯ᠎ᠠ᠎ᠪᠠᠷ ᠣᠯᠣᠭᠰᠠᠨ ᠡᠯᠪᠡᠭ ᠪᠠᠶᠠᠯᠢᠭ᠋ ᠦᠷ᠎ᠡ ᠪᠦᠲᠦᠭᠡᠯ ᠢ ᠳᠡᠯᠭᠡᠨ ᠦᠵᠡᠭᠦᠯᠵᠡᠢ᠃ ᠲᠣᠭᠯᠠᠯᠲᠠ ᠪᠠ ᠦᠵᠡᠭᠦᠯᠭᠡ᠎ᠶᠢᠨ ᠭᠣᠭᠴᠣᠭ᠎ᠠ ᠨᠢ ᠨᠡᠢᠲᠡᠯᠢᠭ ᠬᠡᠯᠡ᠎ᠶᠢ ᠳᠡᠯᠭᠡᠷᠡᠭᠦᠯᠬᠦ ᠪᠣᠳᠠᠲᠤ ᠦᠷ᠎ᠡ ᠪᠦᠲᠦᠮᠵᠢ᠎ᠶᠢ ᠢᠯᠡᠷᠡᠭᠦᠯᠦᠭᠰᠡᠨ᠎ᠢᠶᠡᠷ ᠪᠠᠷᠠᠬᠤ ᠦᠭᠡᠢ᠂ ᠪᠠᠰᠠ ᠪᠦᠬᠦ ᠨᠡᠢᠭᠡᠮ᠎ᠦᠨ ᠦᠬᠡ ᠬᠡᠯᠡ ᠦᠰᠦᠭ ᠪᠢᠴᠢᠭ᠎ᠢ ᠵᠢᠷᠤᠮᠵᠢᠭᠤᠯᠤᠨ ᠬᠡᠷᠡᠭᠯᠡᠬᠦ ᠤᠬᠠᠮᠰᠠᠷ ᠪᠠ ᠴᠢᠳᠠᠪᠤᠷᠢ ᠢᠯᠡᠳᠲᠡ ᠳᠡᠭᠡᠭᠰᠢᠯᠡᠭᠰᠡᠨ᠎ᠢ ᠲᠤᠰᠬᠠᠪᠠ᠃
ᠪᠥᠬᠥ ᠤᠯᠤᠰ᠎ᠤᠨ ᠨᠡᠢᠲᠡᠯᠢᠭ ᠬᠡᠯᠡ᠎ᠶᠢ ᠲᠦᠭᠡᠮᠡᠯᠵᠢᠭᠦᠯᠬᠦ ᠤᠬᠠᠭᠤᠯᠭ᠎ᠠ᠎ᠶᠢᠨ ᠭᠠᠷᠠᠭ᠎ᠤᠨ ᠬᠤᠭᠤᠴᠠᠭᠠᠨ᠎ᠳᠤ ᠬᠥᠬᠡᠬᠣᠲᠠ᠎ᠶᠢᠨ ᠬᠢᠨ ᠤᠬᠠᠭᠤᠯᠭ᠎ᠠ᠎ᠶᠢᠨ ᠭᠣᠣᠯ ᠰᠡᠳᠦᠪ᠎ᠲᠠᠢ ᠨᠢᠭ᠍ᠲᠠ ᠤᠶᠠᠯᠳᠤᠭᠤᠯᠤᠨ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠬᠠᠤᠯᠢ ᠴᠠᠭᠠᠵᠠ ᠬᠠᠤᠯᠢ ᠲᠣᠭᠲᠠᠭᠠᠯ᠎ᠤᠨ ᠤᠬᠠᠭᠤᠯᠭ᠎ᠠ ᠬᠥᠮᠦᠵᠢᠯ ᠵᠢᠴᠢ ᠳᠤᠮᠳᠠᠳᠤ᠎ᠶᠢᠨ ᠰᠢᠯᠢᠳᠡᠭ ᠦᠭᠡ ᠬᠡᠯᠡ ᠰᠣᠶᠣᠯ᠎ᠢ ᠤᠯᠠᠮᠵᠢᠯᠠᠨ ᠵᠠᠯᠭᠠᠮᠵᠢᠯᠠᠬᠤ᠂ ᠰᠢᠨ᠎ᠡ᠎ᠶᠢ ᠡᠭᠦᠳᠬᠦ᠎ᠲᠠᠢ ᠤᠶᠠᠯᠳᠤᠭᠤᠯᠤᠨ ᠣᠯᠠᠨ ᠵᠦᠢᠯ ᠦᠨ ᠰᠢᠷᠢᠰ ᠠᠵᠢᠯᠯᠠᠭ᠎ᠠ ᠶᠢ ᠥᠷᠨᠢᠭᠦᠯᠬᠦ ᠪᠤᠯᠤᠨ᠎ᠠ᠃ ᠡᠭᠦᠨ᠎ᠳᠦ 《ᠰᠤᠩᠭᠤᠳᠠᠭ ᠪᠦᠳᠦᠬᠡᠯ᠎ᠤᠨ ᠬᠢᠯᠪᠠᠭ᠎ᠠ·ᠨᠤᠮ᠎ᠤᠨ ᠬᠡᠰᠢᠭᠳᠦ ᠬᠦᠬᠡᠬᠤᠳᠠ》 ᠭᠡᠬᠦ ᠭᠣᠣᠯ ᠰᠡᠳᠦᠪᠲᠦ ᠨᠣᠮ ᠤᠩᠰᠢᠬᠤ ᠠᠵᠢᠯᠯᠠᠭ᠎ᠠ᠂ ᠨᠡᠢᠳᠡᠯᠢᠭ ᠬᠡᠯᠡ ᠵᠢ ᠲᠦᠬᠡᠮᠡᠯᠵᠢᠬᠦᠯᠦᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠨᠡᠢᠭᠡᠮ᠎ᠦᠨ ᠦᠢᠯᠡᠳᠦᠯᠭᠡ ᠵᠢᠨ ᠠᠵᠢᠯᠯᠠᠭ᠎ᠠ᠂ ᠳᠤᠮᠳᠠᠳᠤ᠎ᠶᠢᠨ ᠰᠣᠩᠭᠣᠳᠠᠭ ᠪᠦᠳᠦᠬᠡᠯ᠎ᠤᠨ ᠤᠷᠠᠨ ᠤᠩᠰᠢᠯᠭ᠎ᠠ ᠵᠢᠨ ᠤᠷᠤᠯᠳᠤᠭᠠᠨ᠎ᠤ ᠰᠢᠯᠢᠳᠡᠭ ᠪᠦᠲᠦᠭᠡᠯ᠎ᠦᠨ ᠦᠵᠡᠭᠦᠯᠭᠡ᠎ᠶᠢᠨ ᠲᠣᠭᠯᠠᠯᠲᠠ ᠪᠠ ᠳᠤᠮᠳᠠᠳᠤ ᠪᠠᠭ᠎ᠠ ᠰᠤᠷᠭᠠᠭᠤᠯᠢ ᠶᠢᠨ ᠪᠠᠭ᠍ᠰᠢ ᠰᠤᠷᠤᠭ᠍ᠴᠢᠳ᠎ᠤᠨ ᠰᠣᠨᠣᠰᠴᠤ ᠪᠢᠴᠢᠬᠦ ᠤᠷᠤᠯᠳᠤᠭᠠᠨ ᠵᠡᠷᠭᠡ ᠠᠵᠢᠯᠯᠠᠭ᠎ᠠ ᠵᠢ ᠦᠷᠨᠢᠬᠦᠯᠬᠦ ᠪᠤᠯᠤᠨ᠎ᠠ᠃