ᠳᠡᠯᠡᠬᠡᠢ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ ᠱᠠᠨᠭᠨᠠᠯ ᠬᠦᠷᠳᠡᠪᠡ
2025-09-19 10:00:53
ᠵᠣᠬᠢᠶᠠᠭ᠍ᠴᠢ᠄
ᠤᠷᠢᠬᠠᠨ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠠᠷᠪᠠᠨ ᠨᠢᠭᠡᠳᠦᠭᠡᠷ ᠬᠤᠭᠤᠴᠠᠭᠠᠨ᠎ᠤ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠶᠢᠨ ᠳᠡᠯᠡᠬᠡᠢ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ᠎ᠦᠨ ᠶᠡᠬᠡ ᠬᠤᠷᠠᠯ ᠴᠢᠯᠢ᠎ᠳᠦ ᠶᠠᠪᠤᠭᠳᠠᠵᠤ᠂ ᠬᠡᠰᠢᠭᠲᠡᠨ᠎ᠦ ᠳᠡᠯᠡᠬᠡᠢ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ ᠨᠢ 《ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠶᠢᠨ ᠳᠡᠯᠡᠬᠡᠢ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ᠎ᠦᠨ 2025ᠤᠨ᠎ᠤ ᠰᠦᠯᠵᠢᠶᠡᠨ᠎ᠤ ᠬᠠᠮᠤᠭ᠎ᠤᠨ ᠰᠠᠢᠨ ᠦᠢᠯᠡᠳᠦᠯᠭᠡ᠎ᠶᠢᠨ ᠱᠠᠩᠨᠠᠯ》 ᠎ᠢ᠋ ᠭᠥᠷᠳᠡᠵᠦ᠂ ᠲᠣᠰ ᠤᠳᠠᠭᠠᠨ᠎ᠤ ᠪᠥᠬᠥ ᠪᠥᠮᠪᠥᠷᠴᠡᠭ᠎ᠦᠨ ᠡᠨᠡ ᠬᠦ᠌ ᠢᠷᠠᠭᠤ ᠠᠯᠳᠠᠷ᠎ᠢ ᠭᠥᠷᠳᠡᠭᠰᠡᠨ 5 ᠳᠡᠯᠡᠬᠡᠢ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ᠎ᠦᠨ ᠨᠢᠭᠡ ᠪᠣᠯᠤᠭᠰᠠᠨ ᠪᠠᠢᠨ᠎ᠠ᠃


f35ae79d-d1d0-40d1-8718-866669714b79.png


《ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠶᠢᠨ ᠳᠡᠯᠡᠬᠡᠢ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ᠎ᠦᠨ 2025ᠤᠨ᠎ᠤ ᠰᠦᠯᠵᠢᠶᠡᠨ᠎ᠤ ᠬᠠᠮᠤᠭ᠎ᠤᠨ ᠰᠠᠢᠨ ᠦᠢᠯᠡᠳᠦᠯᠭᠡ᠎ᠶᠢᠨ ᠱᠠᠩᠨᠠᠯ》᠎ᠢ᠋ ᠳᠡᠯᠡᠬᠡᠢ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ᠎ᠦᠨ ᠰᠦᠯᠵᠢᠶ᠎ᠡ᠎ᠡᠴᠡ ᠡᠬᠦᠳᠦᠨ ᠪᠠᠢᠭᠤᠯᠵᠤ᠂ ᠰᠢᠯᠭᠠᠷᠠᠭᠤᠯᠤᠯᠲᠠ᠎ᠳᠤ ᠲᠤᠰᠬᠠᠢ ᠮᠡᠷᠭᠡᠵᠢᠯᠲᠡᠨ᠎ᠦ ᠲᠤᠬᠠᠢ᠎ᠶᠢᠨ ᠲᠠᠯᠠᠪᠠᠶ᠎ᠳᠤ ᠪᠠᠢᠴᠠᠭᠠᠯᠲᠠ ᠬᠢᠬᠦ᠂ ᠮᠠᠲᠧᠷᠢᠶᠠᠯ ᠭᠤᠶᠤᠴᠢᠯᠠᠨ ᠮᠡᠳᠡᠭᠦᠯᠬᠦ ᠵᠢᠴᠢ ᠰᠦᠯᠵᠢᠶᠡᠨ᠎ᠦ ᠭᠦᠢᠴᠡᠳᠬᠡᠬᠦ ᠲᠣᠪᠴᠢᠶ᠎ᠠ᠎ᠠᠴᠠ ᠬᠢᠨᠠᠨ ᠵᠥᠪᠯᠡᠬᠦ ᠵᠡᠷᠭᠡ ᠭᠣᠭᠴᠣᠭ᠎ᠠ᠎ᠪᠠᠷ ᠳᠡᠮᠵᠢᠨ᠂ ᠬᠣᠶᠠᠷ ᠵᠢᠯ᠎ᠳᠦ ᠪᠥᠬᠥ ᠪᠥᠮᠪᠥᠷᠴᠡᠭ᠎ᠦᠨ ᠬᠡᠪᠴᠢᠶᠡᠨ᠎ᠳᠦ ᠨᠢᠭᠡ ᠤᠳᠠᠭ᠎ᠠ ᠰᠢᠯᠭᠠᠷᠠᠭᠤᠯᠳᠠᠭ᠂ ᠡᠨᠡ ᠨᠢ ᠳᠡᠯᠡᠬᠡᠢ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ᠎ᠦᠨ ᠰᠢᠨ᠎ᠡ᠎ᠶᠢ ᠡᠭᠦᠳᠦᠨ ᠬᠥᠭᠵᠢᠬᠦ᠎ᠶᠢ ᠵᠣᠷᠢᠭ᠍ᠵᠢᠭᠤᠯᠵᠤ᠂ ᠪᠥᠬᠥ ᠪᠥᠮᠪᠥᠷᠴᠡᠭ᠎ᠦᠨ ᠠᠵᠢᠯ ᠨᠢᠭᠡᠲᠡᠨ᠎ᠳᠦ ᠲᠣᠯᠢ ᠪᠣᠯᠭᠠᠵᠤ ᠪᠣᠯᠬᠤ ᠲᠤᠷᠰᠢᠯᠭ᠎ᠠ ᠬᠠᠩᠭᠠᠵᠤ᠂ ᠬᠠᠮᠲᠤ᠎ᠪᠠᠷ ᠬᠥᠭᠵᠢᠬᠦ᠎ᠶᠢ ᠪᠡᠶᠡᠯᠡᠭᠦᠯᠬᠦ᠎ᠶᠢᠨ ᠲᠥᠯᠥᠭᠡ ᠶᠤᠮ᠃

ᠬᠡᠰᠢᠭᠲᠡᠨ᠎ᠦ ᠳᠡᠯᠡᠬᠡᠢ᠎ᠶᠢᠨ ᠭᠠᠵᠠᠷ ᠰᠢᠨᠵᠢᠯᠡᠭᠡᠨ᠎ᠦ ᠴᠡᠴᠡᠷᠯᠢᠭ 2005 ᠣᠨ᠎ᠳᠤ ᠪᠠᠢᠭᠤᠯᠤᠭᠳᠠᠭᠰᠠᠨ᠎ᠠᠴᠠ ᠨᠠᠭᠠᠰᠢ᠂《ᠭᠠᠢᠬᠠᠮᠰᠢᠭ᠋᠎ᠢ ᠮᠠᠭᠲᠠᠨ ᠳᠠᠭᠤᠯᠠᠵᠤ᠂ ᠣᠷᠣᠨ ᠪᠦᠰᠡ᠎ᠶᠢᠨ ᠥᠨᠢ ᠤᠳᠠᠭᠠᠨ ᠬᠥᠭᠵᠢᠯᠲᠡ᠎ᠶᠢ ᠡᠷᠢᠯᠬᠢᠯᠡᠬᠦ》 ᠪᠦᠲᠦᠭᠡᠨ ᠪᠠᠢᠭᠤᠯᠤᠯᠲᠠ᠎ᠶᠢᠨ ᠣᠢᠯᠠᠭᠠᠭᠳᠠᠬᠤᠨ᠎ᠢ ᠢᠮᠠᠭᠲᠠ ᠪᠠᠷᠢᠮᠲᠠᠯᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ 17 ᠦᠷᠭᠦᠯᠵᠢᠯᠡᠬᠦᠢᠴᠠ ᠬᠥᠭᠵᠢᠯᠲᠡ᠎ᠶᠢᠨ ᠬᠠᠷᠠᠯᠲᠠ᠎ᠲᠠᠢ ᠰᠠᠨᠠᠭᠠᠴᠢᠯᠠᠭ᠎ᠠ᠎ᠠᠴᠠ᠎ᠪᠠᠨ ᠵᠣᠯᠭᠠᠭᠤᠯᠪᠠ᠃ ᠬᠥᠭᠵᠢᠯᠲᠡ᠎ᠶᠢᠨ ᠶᠠᠪᠤᠴᠠ᠎ᠳᠤ᠂ ᠴᠡᠴᠡᠷᠯᠢᠭ ᠨᠢ ᠠᠭᠤᠷ ᠠᠮᠢᠰᠬᠤᠯ᠎ᠤᠨ ᠣᠷᠴᠢᠨ ᠲᠣᠭᠣᠷᠢᠨ᠎ᠤ ᠬᠤᠪᠢᠷᠠᠯᠲᠠ᠎ᠶᠢ ᠢᠳᠡᠪᠬᠢᠲᠡᠢ ᠠᠷᠭᠠᠴᠠᠭᠠᠵᠤ᠂ ᠭᠠᠵᠠᠷ ᠰᠢᠨᠵᠢᠯᠡᠭᠡᠨ᠎ᠦ ᠦᠯᠡᠳᠡᠭᠳᠡᠯ᠎ᠢ ᠬᠠᠮᠠᠭᠠᠯᠠᠬᠤ ᠠᠵᠢᠯ᠎ᠢ ᠦᠷᠭᠦᠯᠵᠢᠯᠡᠨ ᠴᠢᠩᠭᠠᠳᠬᠠᠬᠤ᠎ᠶᠢᠨ ᠬᠠᠮᠲᠤ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠪᠠ ᠨᠡᠢᠭᠡᠮ ᠲᠣᠭᠣᠷᠢᠭ᠋᠎ᠤᠨ ᠬᠥᠭᠵᠢᠯᠲᠡ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃

ᠲᠣᠰ ᠤᠳᠠᠭᠠᠨ᠎ᠤ ᠱᠠᠩᠨᠠᠯ ᠭᠥᠷᠳᠡᠭᠰᠡᠨ ᠨᠢ ᠳᠡᠯᠡᠬᠡᠢ ᠨᠡᠶ᠋ᠢᠲᠡ᠎ᠪᠡᠷ᠎ᠢᠶᠡᠨ ᠬᠡᠰᠢᠭᠳᠡᠨ ᠬᠣᠰᠢᠭᠤᠨ᠎ᠤ ᠣᠷᠳᠣ᠌ ᠬᠤᠭᠤᠴᠠᠭᠠᠨ᠎ᠤ ᠲᠤᠷᠰᠢ ᠭᠠᠵᠠᠷ ᠰᠢᠨᠵᠢᠯᠡᠭᠡᠨ᠎ᠦ ᠴᠡᠴᠡᠷᠯᠢᠭ᠎ᠦᠨ ᠪᠦᠲᠦᠭᠡᠨ ᠪᠠᠢᠭᠤᠯᠤᠯᠲᠠ ᠪᠠ ᠬᠥᠭᠵᠢᠯᠲᠡ᠎ᠶᠢᠨ ᠲᠠᠯ᠎ᠠ᠎ᠪᠠᠷ ᠭᠠᠷᠭᠠᠭᠰᠠᠨ ᠴᠢᠷᠮᠠᠢᠯᠭ᠎ᠠ᠎ᠶᠢ ᠳᠡᠭᠡᠳᠦ ᠬᠡᠮᠵᠢᠶ᠎ᠡ᠎ᠪᠡᠷ ᠮᠡᠳᠡᠷᠡᠭᠰᠡᠨ᠎ᠢᠶᠡᠷ ᠪᠠᠷᠠᠬᠤ ᠦᠭᠡᠢ ᠭᠠᠵᠠᠷ ᠰᠢᠨᠵᠢᠯᠡᠭᠡᠨ᠎ᠦ ᠴᠡᠴᠡᠷᠯᠢᠭ᠎ᠦᠨ ᠬᠠᠮᠠᠭᠠᠯᠠᠯᠲᠠ ᠪᠠ ᠠᠰᠢᠭ᠍ᠯᠠᠯᠲᠠ᠎ᠶᠢᠨ ᠬᠦᠷᠢᠶᠡᠨ᠎ᠳᠡᠬᠢ ᠠᠮᠵᠢᠯᠲᠠ᠎ᠲᠠᠢ ᠦᠢᠯᠡᠳᠦᠯᠭᠡ᠎ᠶᠢ ᠠᠮᠢᠳᠤᠯᠢᠭ᠋᠎ᠢᠶᠠᠷ ᠢᠯᠡᠷᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号