ᠠᠵᠤ ᠠᠬᠤᠢᠯᠠᠯ ᠤ᠋ᠨ ᠬᠥᠭ᠌ᠵᠢᠯᠲᠡ ᠵᠢ ᠤᠯᠤᠰ ᠤ᠋ᠨ ᠬᠥᠭ᠌ᠵᠢᠯᠲᠡ ᠳ᠋ᠦ ᠠᠭᠤᠰᠭᠠᠵᠤ ᠤᠷᠳᠤᠰ ᠤ᠋ᠨ ᠬᠤᠪᠢ ᠨᠡᠮᠡᠷᠢ ᠵᠢ ᠦᠷᠬᠦᠯᠵᠢᠯᠡᠨ ᠬᠠᠨᠳᠢᠪᠯᠠᠨ᠎ᠠ
2025-09-19 16:46:39
ᠵᠣᠬᠢᠶᠠᠭ᠍ᠴᠢ᠄
ᠬᠤᠤ ᠱᠢᠤᠸᠠᠢ ᠯᠢᠶᠠᠨ
ᠣᠩᠱᠢᠭ᠍ᠰᠠᠨ ᠣᠳᠠᠭ᠎ᠠ᠄
★★★☆☆

—— 《ᠳᠤᠮᠳᠠᠳᠤ ᠤᠯᠤᠰ ᠤ᠋ᠨ ᠣᠨᠴᠠᠯᠢᠭ᠎ᠪᠦᠬᠦᠢ ᠨᠡᠢᠭᠡᠮ ᠵᠢᠷᠤᠮ ᠤ᠋ᠨ ᠦᠶ᠋ᠯᠡᠰ ᠤ᠋ᠨ ᠱᠢᠯᠢᠳᠡᠭ ᠪᠥᠲᠥᠭᠡᠨ ᠪᠠᠢᠭᠤᠯᠤᠭ᠍ᠴᠢ》 ᠪᠤᠯᠬᠤ ᠥᠪᠥᠷ ᠮᠣᠩᠭᠣᠯ ᠤ᠋ᠨ ᠣᠷᠳᠣᠰ ᠪᠦᠯᠦᠭ᠌ᠯᠡᠯ ᠺᠣᠮᠫᠠᠨᠢ ᠶ᠋ᠢᠨ ᠶᠡᠷᠦᠩᠬᠡᠶ ᠵᠠᠬᠢᠷᠤᠯ ᠸᠠᠩ ᠵᠧᠨ ᠢ᠋ ᠲᠡᠮᠳᠡᠭ᠌ᠯᠡᠪᠡ

《7 ᠰᠠᠷ᠎ᠠ ᠶ᠋ᠢᠨ 29 ᠤ᠋ ᠡᠳᠦᠷ᠂ ᠪᠢ ᠵᠢᠷᠭᠤᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠨᠡᠢᠲᠡ ᠶ᠋ᠢᠨ ᠥᠮᠴᠢᠯᠡᠯ ᠤ᠋ᠨ ᠪᠤᠰᠤ ᠠᠵᠤ ᠠᠬᠤᠢ ᠶ᠋ᠢᠨ ᠬᠥᠮᠦᠰ ᠤ᠋ᠨ ᠳᠤᠮᠳᠠᠳᠤ ᠤᠯᠤᠰ ᠤ᠋ᠨ ᠣᠨᠴᠠᠯᠢᠭ᠎ᠪᠦᠬᠦᠢ ᠨᠡᠢᠭᠡᠮ ᠵᠢᠷᠤᠮ ᠤ᠋ᠨ ᠦᠢᠯᠡᠰ ᠤ᠋ᠨ ᠱᠢᠯᠢᠳᠡᠭ ᠪᠦᠳᠤᠬᠡᠨ ᠪᠠᠢᠭᠤᠯᠤᠭ᠍ᠴᠢᠳ ᠢ᠋ ᠬᠥᠬᠢᠭᠦᠯᠦᠨ ᠰᠠᠢᠱᠢᠶᠠᠬᠤ ᠶᠡᠬᠡ ᠬᠤᠷᠠᠯ ᠳ᠋ᠦ ᠠᠵᠠ ᠪᠡᠷ ᠣᠷᠣᠯᠴᠠᠯ᠎ᠠ᠃ ᠨᠡᠳᠠ ᠳ᠋ᠤ ᠢᠲᠡᠭᠡᠯ ᠬᠦᠰᠡᠯ ᠣᠯᠭᠣᠭ᠍ᠰᠠᠨ ᠨᠠᠮ ᠪᠠ ᠤᠯᠤᠰ ᠲᠠᠭᠠᠨ ᠰᠡᠳᠭᠢᠯ ᠤ᠋ᠨ ᠤᠭ ᠡᠴᠡ ᠪᠠᠨ ᠲᠠᠯᠠᠷᠬᠠᠵᠦ ᠪᠠᠢᠨ᠎ᠠ᠂ ᠡᠨᠡ ᠬᠦ᠌ ᠲᠤᠮᠤ ᠢᠷᠠᠭᠤ ᠠᠯᠳᠠᠷ ᠨᠢ ᠮᠢᠨᠦ᠍ ᠬᠤᠪᠢ ᠬᠥᠮᠦᠨ ᠤ᠋ ᠴᠢᠷᠮᠠᠢᠯᠭ᠎ᠠ ᠵᠢ ᠮᠡᠳᠡᠷᠡᠵᠦ᠍ ᠪᠠᠢᠬᠤ ᠪᠠᠷ ᠪᠠᠷᠠᠬᠤ ᠦᠬᠡᠢ᠂ ᠨᠡᠩ ᠴᠤ᠌ ᠮᠠᠨ ᠤ᠋ ᠡᠨᠡ ᠦᠶ᠎ᠡ ᠶ᠋ᠢᠨ ᠨᠡᠢᠲᠡ ᠶ᠋ᠢᠨ ᠥᠮᠴᠢᠯᠡᠯ ᠤ᠋ᠨ ᠪᠤᠰᠤ ᠠᠵᠤ ᠠᠬᠤᠢ ᠶ᠋ᠢᠨ ᠬᠥᠮᠦᠰ ᠤ᠋ᠨ ᠴᠠᠭ ᠦᠶ᠎ᠡ ᠶ᠋ᠢᠨ ᠤᠷᠢᠶᠠᠯᠠᠭ᠎ᠠ ᠪᠣᠯᠬᠤ ᠶᠤᠮ》 ᠬᠡᠵᠤ 9 ᠰᠠᠷ᠎ᠠ ᠶ᠋ᠢᠨ 13 ᠤ᠋ ᠡᠳᠦᠷ᠂ ᠥᠪᠥᠷ ᠮᠣᠩᠭᠣᠯ ᠤ᠋ᠨ ᠣᠷᠳᠣᠰ ᠪᠠᠯᠠ ᠣᠷᠣᠭᠤᠯᠤᠯᠲᠠ ᠶ᠋ᠢᠨ ᠬᠤᠪᠢ ᠡᠵᠡᠮᠳᠡᠭ᠌ᠰᠡᠨ ᠪᠦᠯᠦᠭ᠌ᠯᠡᠯ᠎ᠤᠨ ᠬᠢᠵᠠᠭᠠᠷᠳᠤ ᠺᠤᠮᠫᠠᠨᠢ ᠵᠢᠨ ᠶᠡᠷᠦᠩᠬᠡᠶ ᠵᠠᠬᠢᠷᠤᠯ᠂ ᠥᠪᠥᠷ ᠮᠣᠩᠭᠣᠯ ᠤ᠋ᠨ ᠣᠷᠳᠣᠰ ᠡᠬᠢ ᠪᠠᠶᠠᠯᠢᠭ ᠤ᠋ᠨ ᠬᠢᠵᠠᠭᠠᠷᠳᠤ ᠺᠣᠮᠫᠠᠨᠢ ᠶ᠋ᠢᠨ ᠬᠡᠷᠡᠭ ᠮᠡᠳᠡᠭ᠌ᠴᠢᠳ ᠤ᠋ᠨ ᠳᠠᠷᠤᠭ᠎ᠠ ᠸᠠᠩ ᠵᠧᠨ ᠰᠤᠷᠪᠤᠯᠵᠢᠯᠠᠭ᠎ᠠ ᠬᠦᠯᠢᠶᠡᠬᠦ᠌ ᠳ᠋ᠡᠭᠡᠨ ᠬᠡᠯᠡᠨ᠎ᠠ᠃

1980 ᠣᠨ ᠳ᠋ᠦ ᠲᠦᠷᠦᠭ᠌ᠰᠡᠨ ᠸᠠᠩ ᠵᠧᠨ ᠤᠷᠳᠤᠰ ᠪᠦᠯᠦᠭ᠌ᠯᠡᠯ ᠲᠡᠶ 《ᠨᠠᠰᠤ ᠰᠠᠴᠠᠭᠤ》ᠶᠤᠮ᠃ ᠨᠣᠣᠯᠣᠭᠤᠷ ᠤ᠋ᠨ ᠦᠢᠯᠡᠳᠪᠦᠷᠢ ᠶ᠋ᠢᠨ ᠲᠣᠭᠣᠷᠢᠭ ᠲᠦ᠍ ᠦᠰᠦᠨ ᠪᠣᠢᠵᠢᠬᠰᠠᠨ ᠲᠡᠭᠦᠨ᠎ᠳᠤ ᠬᠦᠪᠦᠩ ᠴᠠᠭᠠᠨ ᠨᠣᠣᠯᠣᠭᠤᠷ ᠢ᠋ ᠨᠢᠭᠡ ᠨᠢᠭᠡ ᠱᠢᠷᠬᠡᠭ ᠰᠠᠮᠠᠳᠠᠰᠤ ᠪᠣᠯᠭᠠᠨ ᠨᠡᠬᠡᠵᠦ᠍᠂ ᠨᠢᠭᠡ ᠨᠢᠭᠡ ᠵᠠᠬ᠎ᠠ ᠨᠣᠣᠯᠣᠭᠤᠷ ᠤ᠋ᠨ ᠬᠠᠨᠳᠠᠭᠠᠰᠤ ᠪᠤᠯᠭᠠᠴᠢᠬᠠᠳᠠᠭ ᠨᠢ ᠮᠠᠰᠢ ᠭᠠᠢᠬᠠᠯᠳᠠᠢ ᠰᠠᠨᠠᠭ᠍ᠳᠠᠵᠤ᠂ ᠠᠭᠠᠵᠢᠮ ᠳ᠋ᠠᠭᠠᠨ ᠨᠣᠤᠯᠤᠭᠤᠷ ᠤ᠋ᠨ ᠦᠶ᠋ᠯᠡᠰ ᠲᠦ᠍ ᠲᠤᠡᠭ ᠪᠠᠬᠠᠲᠠᠶ ᠪᠣᠯᠵᠠᠶ᠃

2006 ᠣᠨ ᠳ᠋ᠦ᠂ ᠸᠠᠩ ᠵᠧᠨ 《ᠳᠤᠮᠳᠠᠳᠤ ᠤᠯᠤᠰ ᠤ᠋ᠨ ᠢᠮᠠᠭᠠᠨ ᠨᠣᠣᠯᠣᠭᠤᠷ ᠢ᠋ᠶ᠋ᠠᠷ ᠪᠥᠬᠥ᠌ ᠳᠡᠯᠡᠬᠡᠶ ᠵᠢ ᠳᠤᠯᠠᠭᠠᠴᠠᠭᠤᠯᠬᠤ》 ᠣᠭ ᠰᠠᠨᠠᠭ᠎ᠠ ᠵᠢ ᠡᠪᠦᠷᠯᠡᠨ ᠣᠷᠳᠣᠰ ᠪᠦᠯᠦᠭ᠌ᠯᠡᠯ ᠳ᠋ᠦ ᠤᠷᠤᠭ᠍ᠰᠠᠨ ᠪᠥᠭᠡᠳ ᠳᠤᠮᠳᠠᠳᠤ ᠤᠯᠤᠰ ᠤ᠋ᠨ ᠠᠩᠬᠠᠳᠠᠭ᠍ᠴᠢ ᠣᠯᠠᠨ ᠤᠯᠤᠰ ᠤ᠋ᠨ ᠢᠮᠠᠭᠠᠨ ᠨᠣᠣᠯᠣᠭᠤᠷ ᠤ᠋ᠨ ᠰᠣᠳᠣᠨ ᠦᠢᠯᠡᠳᠬᠦᠨ ᠤ᠋ ᠲᠦᠷᠦᠯ ᠲᠡᠮᠳᠡᠭ᠌ ᠪᠤᠯᠬᠤ 《1436》 ᠵᠢ ᠡᠭᠦᠳᠦᠨ ᠴᠤᠭᠴᠠᠯᠠᠪᠠ᠃ 2008 ᠣᠨ ᠳ᠋ᠦ᠂《1436》ᠲᠦᠷᠦᠯ ᠲᠡᠮᠳᠡᠭᠳᠤ ᠦᠢᠯᠡᠳᠬᠦᠨ ᠨᠢ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠤᠯᠤᠰ ᠤ᠋ᠨ ᠪᠡᠯᠡᠭ ᠵᠢᠡᠷ ᠰᠣᠩᠭᠣᠭ᠍ᠳᠠᠵᠤ᠂ ᠤᠯᠠᠨ ᠤᠳᠠᠭ᠎ᠠ ᠤᠯᠤᠰ ᠤ᠋ᠨ ᠪᠡᠯᠡᠭ᠎ᠤᠨ ᠬᠤᠪᠢ ᠪᠡᠷ ᠳᠤᠮᠳᠠᠳᠤ ᠭᠠᠳᠠᠭᠠᠳᠤ ᠶ᠋ᠢᠨ ᠨᠥᠬᠥᠷᠯᠡᠯ ᠢ᠋ ᠬᠣᠯᠪᠣᠬᠤ 《ᠬᠠᠯᠠᠭᠤᠨ ᠳᠤᠯᠠᠭᠠᠨ ᠬᠣᠯᠪᠣᠭᠠᠰᠤ》 ᠪᠣᠯᠵᠠᠢ᠃ 2016 ᠣᠨ ᠳ᠋ᠦ᠂ ᠸᠠᠩ ᠵᠧᠨ ᠤᠷᠳᠤᠰ ᠤ᠋ᠨ ᠢᠮᠠᠭᠠᠨ ᠨᠣᠣᠯᠣᠭᠤᠷ ᠤ᠋ᠨ ᠦᠢᠯᠡᠳᠬᠦᠨ ᠤ᠋ ᠱᠢᠷᠢᠰ ᠳᠦᠷᠦᠯ ᠳᠡᠮᠳᠡᠭ ᠢ᠋ ᠳᠠᠬᠢᠨ ᠱᠤᠭᠤᠬᠤ᠂ ᠱᠢᠨ᠎ᠡ ᠵᠢ ᠡᠭᠦᠳᠬᠦ᠌ ᠵᠢᠴᠢ ᠴᠠᠭ ᠦᠶᠡᠴᠢᠯᠡᠨ ᠳᠡᠰ ᠳᠡᠪᠱᠢᠭᠦᠯᠬᠦ᠌ ᠵᠢ ᠭᠣᠣᠯᠯᠠᠨ ᠠᠬᠢᠭᠤᠯᠵᠤ᠂ 40 ᠭᠠᠷᠤᠢ ᠵᠢᠯ ᠤ᠋ᠨ ᠲᠡᠦᠬᠡ ᠲᠡᠶ ᠡᠨᠡ ᠬᠦ᠌ ᠬᠠᠭᠤᠴᠢᠨ ᠳᠦᠷᠦᠯ ᠳᠡᠮᠳᠡᠭ ᠢ᠋ ᠱᠢᠨ᠎ᠡ ᠠᠮᠢᠵᠢᠷᠠᠯ᠎ᠤᠨ ᠬᠦᠴᠦᠨ ᠲᠠᠶ ᠪᠣᠯᠭᠠᠪᠠ᠃

《ᠬᠠᠮᠤᠭ ᠤ᠋ᠨ ᠰᠠᠢᠨ ᠨᠣᠣᠯᠣᠭᠤᠷ ᠳᠤᠮᠳᠠᠳᠤ ᠤᠯᠤᠰ ᠲᠦ᠍ ᠪᠤᠢ᠂ ᠨᠣᠣᠯᠣᠭᠤᠷ ᠤ᠋ᠨ ᠭᠤᠤᠯ ᠭᠠᠷᠤᠯᠲᠠ ᠶ᠋ᠢᠨ ᠤᠯᠤᠰ ᠪᠣᠯᠤᠭ᠍ᠰᠠᠨ ᠤ᠋ ᠬᠤᠪᠢ ᠳ᠋ᠦ ᠳᠤᠮᠳᠠᠳᠤ ᠤᠯᠤᠰ ᠤ᠋ᠨ ᠠᠵᠤ ᠠᠬᠤᠢᠯᠠᠯ ᠡᠷᠬᠡᠪᠰᠢ ᠬᠥᠲᠥᠯᠥᠨ ᠳᠠᠭᠠᠭᠤᠯᠵᠦ᠂ ᠭᠤᠤᠯᠯᠠᠬᠤ ᠲᠦᠭᠦᠬᠡᠶ ᠮᠠᠲ᠋ᠧᠷᠢᠶᠠᠯ ᠤ᠋ᠨ ᠳᠠᠪᠠᠭᠤᠯᠢᠭ ᠵᠢᠡᠨ ᠪᠤᠰᠤᠳ ᠲᠦ᠍ ᠨᠠᠢᠷ ᠲᠠᠯᠪᠢᠵᠦ ᠪᠣᠯᠬᠤ ᠥᠬᠡᠶ᠂ ᠳᠤᠮᠳᠠᠳᠤ ᠶ᠋ᠢᠨ ᠦᠨᠳᠦᠰᠦᠲᠡᠨ ᠤ᠋ ᠳᠡᠯᠡᠬᠡᠶ ᠶ᠋ᠢᠨ ᠲᠠᠰ ᠤ᠋ᠨ ᠲᠦᠷᠦᠯ ᠲᠡᠮᠳᠡᠭ ᠢ᠋ ᠰᠠᠢᠲᠤᠷ ᠪᠠᠢᠭᠤᠯᠵᠤ᠂ ᠳᠤᠮᠳᠠᠳᠤ ᠤᠯᠤᠰ ᠤ᠋ᠨ ᠨᠣᠣᠯᠣᠭᠤᠷ ᠢ᠋ᠶ᠋ᠠᠷ ᠪᠥᠬᠥ᠌ ᠳᠡᠯᠡᠬᠡᠶ ᠵᠢ ᠳᠤᠯᠠᠭᠠᠴᠠᠭᠤᠯᠤᠨ᠎ᠠ》 ᠃ ᠲᠡᠭᠦᠨ ᠤ᠋ ᠳᠠᠭᠠᠭᠤᠯᠭ᠎ᠠ ᠳᠤᠤᠷ᠎ᠠ᠂ ᠣᠷᠳᠣᠰ ᠪᠦᠯᠦᠭ᠌ᠯᠡᠯ ᠤ᠋ᠨ ᠬᠢᠨ ᠢᠮᠠᠭᠠᠨ ᠨᠣᠣᠯᠣᠭᠤᠷ ᠤ᠋ᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠶ᠋ᠢᠨ ᠳᠠᠪᠠᠭᠤᠯᠢᠭ ᠢ᠋ᠶ᠋ᠠᠨ ᠭᠦᠶ᠋ᠴᠡᠳ ᠪᠠᠳᠠᠷᠠᠭᠤᠯᠵᠤ᠂ ᠪᠠᠯᠠ ᠮᠥᠩᠭᠥ᠌᠂ ᠮᠡᠷᠭᠡᠵᠢᠯ᠂ ᠦᠶ᠋ᠯᠡᠴᠢᠯᠡᠭᠡ ᠵᠡᠷᠭᠡ ᠣᠯᠠᠨ ᠵᠦᠶ᠋ᠯ ᠤ᠋ᠨ ᠠᠷᠭ᠎ᠠ ᠬᠡᠯᠪᠡᠷᠢ ᠪᠡᠷ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠤ ᠡᠨ᠋ᠸᠷᠬᠢ ᠣᠯᠭᠣᠵᠤ᠂ 《ᠠᠵᠤ ᠦᠶ᠋ᠯᠡᠰ ᠤ᠋ᠨ ᠬᠥᠭ᠌ᠵᠢᠯᠲᠡ ᠬᠢᠭᠡᠳ ᠮᠠᠯᠵᠢᠬᠤ ᠣᠷᠣᠨ ᠢ᠋ ᠬᠥᠭ᠌ᠵᠢᠭᠦᠯᠦᠨ ᠮᠠᠨᠳᠤᠭᠤᠯᠬᠤ ᠵᠢ ᠵᠡᠷᠭᠡ ᠪᠡᠷ ᠬᠥᠭ᠌ᠵᠢᠭᠦᠯᠬᠦ᠌》 ᠱᠢᠨ᠎ᠡ ᠵᠠᠭ᠍ᠪᠤᠷ ᠢ᠋ ᠱᠢᠨᠡᠴᠢᠯᠡᠨ ᠰᠦᠪᠡᠭ᠌ᠴᠢᠯᠡᠵᠤ ᠭᠠᠷᠭᠠᠪᠠ᠃ ᠲᠠᠷᠤᠢ᠂ ᠮᠠᠯᠵᠢᠯ ᠤ᠋ᠨ ᠲᠠᠯᠠᠪᠠᠶ ᠪᠠᠷ ᠲᠦᠱᠢᠭ ᠪᠣᠯᠭᠠᠨ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠠᠢᠭᠤᠯᠤᠮᠵᠢ ᠲᠠᠶ ᠬᠠᠮᠲᠤᠷᠠᠨ ᠴᠢᠨᠠᠷ ᠰᠠᠢᠲᠠᠶ ᠨᠣᠣᠯᠣᠭᠤᠷ ᠤ᠋ᠨ ᠢᠮᠠᠭ᠎ᠠ ᠵᠢ ᠪᠤᠢᠵᠢᠭᠤᠯᠵᠤ᠂ ᠱᠢᠨᠵᠢᠯᠡᠬᠦ᠌ ᠤᠬᠠᠭᠠᠨᠴᠢ ᠪᠠᠷ ᠲᠡᠵᠢᠭᠡᠨ ᠦᠷᠡᠵᠢᠭᠦᠯᠬᠦ᠌ ᠪᠠ ᠠᠮᠢ ᠠᠬᠤᠶ ᠵᠢ ᠬᠠᠮᠠᠭᠠᠯᠠᠬᠤ ᠮᠡᠷᠭᠡᠵᠢᠯ ᠤ᠋ᠨ ᠪᠤᠭᠤᠮᠳᠠ ᠵᠢ ᠱᠢᠪᠲᠤᠯᠵᠤ᠂ ᠰᠤᠳᠤᠯᠭᠠᠨ ᠤ᠋ ᠦᠷ᠎ᠡ ᠪᠦᠲᠦᠭᠡᠯ ᠢ᠋ ᠪᠣᠯᠪᠠᠰᠤᠷᠠᠯ᠂ ᠦᠶ᠋ᠯᠡᠴᠢᠯᠡᠭᠡ ᠵᠡᠷᠭᠡ ᠠᠷᠭ᠎ᠠ ᠬᠡᠯᠪᠡᠷᠢ ᠪᠡᠷ ᠲᠠᠮᠵᠢᠨ ᠮᠠᠯᠴᠢᠳ ᠲᠠᠶ ᠬᠠᠮᠲᠤ ᠪᠠᠷ ᠡᠳ᠋ᠯᠡᠨ᠎ᠡ; 《ᠰᠠᠢᠨ ᠨᠣᠣᠯᠣᠭᠤᠷ ᠲᠦ᠍ ᠰᠠᠢᠨ ᠦᠨ᠎ᠡ ᠥᠭ᠌ᠬᠦ》 ᠲᠥᠷᠥ ᠶ᠋ᠢᠨ ᠪᠣᠳᠣᠯᠭ᠎ᠠ ᠵᠢ ᠬᠡᠷᠡᠭ᠌ᠵᠢᠭᠦᠯᠵᠦ᠍᠂ ᠢᠮᠠᠭᠠᠨ ᠨᠣᠣᠯᠣᠭᠤᠷ ᠤ᠋ᠨ ᠴᠢᠨᠠᠷ ᠳᠡᠰ ᠢ᠋ ᠦᠨᠳᠦᠰᠦᠯᠡᠨ ᠨᠥᠬᠥᠪᠥᠷᠢ ᠥᠭ᠌ᠴᠦ᠂ ᠮᠠᠯᠴᠢᠳ ᠢ᠋ 《ᠢᠮᠠᠭ᠎ᠠ ᠪᠠᠨ ᠰᠠᠢᠨ ᠲᠡᠵᠢᠭᠡᠪᠡᠯ ᠪᠠᠶᠠᠵᠢᠵᠤ ᠴᠢᠳᠠᠬᠤ》 ᠪᠣᠯᠭᠠᠵᠠᠢ᠃ ᠡᠳᠦᠭᠡ ᠡᠨᠡ ᠬᠦ᠌ ᠵᠠᠭ᠍ᠪᠤᠷ ᠨᠢ ᠨᠢᠭᠡᠨᠲᠡ ᠳᠤᠮᠳᠠᠳᠤ ᠤᠯᠤᠰ ᠤ᠋ᠨ ᠪᠠᠷᠠᠭᠤᠨ ᠬᠣᠢᠲᠤ ᠣᠷᠣᠨ ᠤ᠋ 5 ᠲᠦᠮᠡ ᠭᠠᠷᠤᠢ ᠮᠠᠯᠵᠢᠬᠤ ᠡᠷᠦᠬᠡ ᠵᠢ ᠳᠠᠢᠴᠢᠯᠠᠨ ᠪᠠᠶᠠᠵᠢᠭᠤᠯᠵᠦ᠂ ᠥᠪᠥᠷ ᠮᠣᠩᠭᠣᠯ ᠤ᠋ᠨ ᠲᠠᠯ᠎ᠠ ᠨᠤᠲᠤᠭ ᠲᠦ᠍ 《ᠵᠢᠯᠣᠭᠣᠴᠢ ᠥᠬᠡᠶ ᠨᠢᠰᠭᠡᠯ ᠢ᠋ᠶ᠋ᠡᠷ ᠮᠠᠯ ᠮᠠᠯᠵᠢᠵᠤ᠂ ᠮᠣᠲ᠋ᠣᠷ ᠲᠡᠷᠭᠡ ᠪᠡᠷ ᠮᠠᠯᠵᠢᠯ ᠤ᠋ᠨ ᠲᠠᠯᠠᠪᠠᠶ ᠪᠠᠨ ᠲᠣᠭᠣᠷᠢᠬᠤ》 ᠣᠳᠣᠬᠢᠴᠢᠯᠠᠭ᠍ᠰᠠᠨ ᠮᠠᠯᠵᠢᠬᠤ ᠣᠷᠣᠨ ᠤ᠋ ᠦᠵᠡᠮᠵᠢ ᠪᠠᠢᠳᠠᠯ ᠢᠯᠡᠷᠡᠵᠦ᠍᠂ ᠲᠦᠷᠦᠯ ᠲᠡᠮᠳᠡᠭ ᠢ᠋ᠶ᠋ᠡᠷ ᠬᠥᠲᠥᠯᠥᠨ ᠳᠠᠭᠠᠭᠤᠯᠵᠤ᠂ ᠠᠵᠤ ᠦᠶ᠋ᠯᠡᠰ ᠵᠢᠡᠷ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠳ᠋ᠦ ᠬᠦᠴᠦᠨ ᠨᠡᠮᠡᠷᠢᠯᠡᠭ᠌ᠰᠡᠨ ᠭᠣᠢᠳᠠ ᠰᠠᠢᠬᠠᠨ ᠬᠠᠭᠤᠳᠠᠰᠤ ᠵᠢ ᠪᠢᠴᠢᠭ᠌ᠯᠡᠵᠠᠢ᠃

《ᠲᠥᠷᠥᠯ ᠲᠡᠮᠳᠡᠭ ᠤ᠋ᠨ ᠪᠠᠢᠭᠤᠯᠤᠯᠲᠠ ᠶ᠋ᠢᠨ ᠵᠠᠩᠭᠢᠯᠠᠭ᠎ᠠ ᠨᠢ ᠱᠢᠨ᠎ᠡ ᠵᠢ ᠡᠭᠦᠳᠬᠦ᠌ ᠳ᠋ᠦ ᠪᠠᠢᠨ᠎ᠠ᠂ ᠭᠠᠭ᠍ᠴᠠ ᠬᠦ᠌ ᠬᠡᠷᠡᠭ᠌ᠯᠡᠭᠡᠨ ᠤ᠋ ᠪᠠᠢᠳᠠᠯ ᠢ᠋ ᠲᠠᠰᠤᠷᠠᠯᠲᠠ ᠥᠬᠡᠶ ᠱᠢᠨᠡᠴᠢᠯᠡᠵᠦ᠍᠂ ᠪᠣᠬᠢᠷᠲᠤᠯ ᠥᠬᠡᠶ ᠦᠷᠭᠦᠯᠵᠢᠯᠡᠬᠦ᠌ ᠬᠥᠭ᠌ᠵᠢᠯᠲᠡ ᠶ᠋ᠢᠨ ᠣᠢᠯᠠᠭᠠᠭ᠍ᠳᠠᠬᠤᠨ ᠢ᠋ ᠦᠶ᠋ᠯᠡᠳᠦᠯᠭᠡᠵᠢᠭᠦᠯᠪᠡᠯ ᠰᠠᠶᠢ ᠠᠷᠠᠳ ᠣᠯᠠᠨ ᠤ᠋ ᠰᠠᠢᠨ ᠰᠠᠢᠬᠠᠨ ᠠᠮᠢᠳᠤᠷᠠᠯ ᠳ᠋ᠦ ᠦᠶ᠋ᠯᠡᠴᠢᠯᠡᠵᠦ᠍ ᠴᠢᠳᠠᠨ᠎ᠠ》᠃ ᠪᠣᠬᠢᠷᠲᠤᠯ ᠥᠬᠡᠶ ᠬᠥᠭ᠌ᠵᠢᠯᠲᠡ ᠪᠠ ᠦᠷᠭᠦᠯᠵᠢᠯᠡᠬᠦ᠌ ᠦᠶ᠋ᠯᠡᠳᠦᠯᠭᠡ ᠶ᠋ᠢᠨ ᠳᠤᠮᠳᠠ ᠸᠠᠩ ᠵᠧᠨ ᠬᠤᠯᠠ ᠵᠢᠨ ᠪᠤᠳᠤᠯ ᠡᠪᠤᠷᠯᠡᠨ ᠪᠦᠯᠦᠭ᠌ᠯᠡᠯ ᠺᠤᠮᠫᠠᠨᠢ ᠪᠠᠨ ᠳᠠᠭᠠᠭᠤᠯᠤᠨ ᠠᠵᠢᠯ ᠲᠥᠷᠥᠯ ᠤ᠋ᠨ ᠬᠤᠰᠢᠭᠤᠴᠢ ᠪᠤᠯᠵᠦ ᠶᠠᠪᠤᠨ᠎ᠠ᠃ 2022 ᠣᠨ ᠳ᠋ᠦ᠂ ᠸᠠᠩ ᠵᠧᠨ ᠪᠦᠯᠦᠭ᠌ᠯᠡᠯ ᠺᠤᠮᠫᠠᠨᠢ ᠵᠢᠨ ᠵᠢᠡᠨ ᠶᠡᠷᠦᠩᠬᠡᠶ ᠵᠠᠬᠢᠷᠤᠯ ᠪᠣᠯᠵᠣ ᠂  ᠴᠢᠬᠤᠯᠠ ᠶᠡᠬᠡ ᠪᠠᠢᠯᠳᠤᠬᠤ ᠪᠣᠳᠣᠯᠭ᠎ᠠ ᠶ᠋ᠢᠨ ᠦᠭᠡᠷᠡᠴᠢᠯᠡᠯᠳᠡ᠂ ᠵᠣᠬᠢᠶᠠᠨ ᠪᠠᠢᠭᠤᠯᠤᠯᠲᠠ ᠶ᠋ᠢᠨ ᠦᠭᠡᠷᠡᠴᠢᠯᠡᠯᠳᠡ ᠵᠢᠴᠢ ᠮᠡᠷᠭᠡᠵᠢᠯ ᠤ᠋ᠨ ᠪᠦᠰᠡᠯᠡᠯᠳᠡ ᠱᠢᠪᠲᠤᠯᠤᠯᠲᠠ ᠵᠢ ᠠᠬᠢᠭᠤᠯᠵᠤ᠂ ᠪᠦᠯᠦᠭ᠌ᠯᠡᠯ ᠤ᠋ᠨ ᠢᠮᠠᠭᠠᠨ ᠨᠣᠣᠯᠣᠭᠤᠷ ᠤ᠋ᠨ ᠬᠤᠪᠴᠠᠰᠤ ᠬᠤᠨᠠᠷ ᠪᠠ ᠴᠠᠬᠢᠯᠭᠠᠨ ᠬᠦᠴᠦ᠍ ᠪᠡᠷ ᠲᠡᠮᠦᠷᠯᠢᠭ ᠪᠣᠯᠪᠠᠰᠤᠷᠠᠭᠤᠯᠬᠤ ᠬᠣᠶᠠᠷ ᠠᠵᠢᠯ ᠲᠦᠷᠦᠯ ᠤ᠋ᠨ ᠱᠢᠰᠲ᠋ᠧᠮᠵᠢᠵᠦ᠍ ᠳᠡᠭᠡᠭ᠌ᠰᠢᠯᠡᠬᠦ᠌ ᠵᠢ ᠪᠥᠬᠥ᠌ ᠬᠦᠴᠦᠨ ᠢ᠋ᠶ᠋ᠡᠷ ᠢ᠋ᠶ᠋ᠡᠨ ᠠᠬᠢᠭᠤᠯᠪᠠ᠃

ᠠᠷᠠᠳ ᠤ᠋ᠨ ᠡᠵᠡᠩᠨᠡᠯᠲᠡ ᠶ᠋ᠢᠨ ᠠᠵᠤ ᠠᠬᠤᠢᠯᠠᠯᠲᠠᠨ ᠪᠣᠯᠤᠭ᠍ᠰᠠᠨ ᠤ᠋ ᠬᠤᠪᠢ ᠳ᠋ᠦ᠂ ᠸᠠᠩ ᠵᠧᠨ ᠨᠡᠢᠲᠡ ᠶ᠋ᠢᠨ ᠠᠰᠠᠷᠠᠮᠵᠢ ᠶ᠋ᠢᠨ ᠦᠢᠯᠡᠰ ᠢ᠋ ᠬᠠᠯᠠᠭᠤᠨ ᠢ᠋ᠶ᠋ᠡᠷ ᠳᠡᠮᠵᠢᠵᠦ᠂ ᠭᠠᠮᠱᠢᠭ ᠡᠴᠡ ᠠᠪᠤᠷᠠᠬᠤ᠂ ᠶᠠᠳᠠᠭᠤ ᠵᠢ ᠲᠡᠳᠬᠦᠬᠦ᠌᠂ ᠡᠳ᠋ ᠮᠥᠩᠭᠥ ᠪᠡᠷ ᠰᠤᠷᠤᠯᠭ᠎ᠠ ᠵᠢ ᠲᠡᠳᠬᠦᠬᠦ᠌᠂ ᠮᠠᠯᠴᠢᠨ ᠲᠠᠷᠢᠶᠠᠴᠢᠨ ᠳ᠋ᠦ ᠠᠱᠢᠭ ᠬᠦᠷᠲᠡᠭᠡᠬᠦ᠌᠂ ᠣᠷᠴᠢᠨ ᠲᠣᠭᠣᠷᠢᠨ ᠢ᠋ ᠬᠠᠮᠠᠭᠠᠯᠠᠬᠤ ᠵᠡᠷᠭᠡ ᠤᠯᠠᠨ ᠵᠦᠢᠯ ᠤ᠋ᠨ ᠬᠡᠯᠪᠡᠷᠢ ᠪᠡᠷ ᠨᠡᠢᠭᠡᠮ ᠤ᠋ᠨ ᠬᠠᠷᠢᠭᠤᠴᠠᠯᠭ᠎ᠠ ᠪᠠᠨ ᠭᠦᠢᠴᠡᠳᠭᠡᠪᠡ᠃ ᠣᠯᠠᠨ ᠵᠢᠯ ᠤ᠋ᠨ ᠲᠤᠷᠰᠢ᠂ ᠣᠷᠳᠣᠰ ᠪᠦᠯᠦᠭ᠌ᠯᠡᠯ ᠨᠡᠢᠲᠡ ᠶ᠋ᠢᠨ ᠠᠰᠠᠷᠠᠮᠵᠢ ᠶ᠋ᠢᠨ ᠦᠶ᠋ᠯᠡᠰ ᠲᠦ᠍ ᠨᠡᠢᠳᠡ 6 ᠳ᠋ᠦᠩᠱᠢᠭᠤᠷ ᠭᠠᠷᠤᠶ ᠲᠥᠭᠥᠷᠢᠭ ᠤ᠋ᠨ ᠵᠣᠭᠣᠰ ᠮᠥᠩᠭᠥ᠌ ᠡᠳ᠋ ᠪᠣᠳᠠᠰ ᠬᠠᠨᠳᠢᠪᠯᠠᠵᠠᠢ᠃ 2021 ᠣᠨ ᠳ᠋ᠦ᠂ ᠣᠷᠳᠣᠰ ᠬᠣᠲᠠ ᠶ᠋ᠢᠨ ᠳ᠋ᠦᠩᠱᠧᠩ ᠲᠣᠭᠣᠷᠢᠭ ᠤ᠋ᠨ ᠮᠠᠯᠵᠢᠬᠤ ᠲᠠᠷᠢᠶᠠᠯᠠᠬᠤ ᠣᠷᠣᠨ ᠢ᠋ ᠬᠠᠪᠰᠤᠷᠤᠨ ᠲᠡᠳᠬᠦᠬᠦ᠌ ᠲᠤᠰᠭᠠᠶ ᠰᠠᠭᠤᠷᠢ ᠮᠥᠩᠭᠥᠨ ᠤ᠋ ᠨᠡᠢᠭᠡᠮᠯᠢᠭ ᠢ᠋ ᠡᠭᠦᠰᠭᠡᠨ ᠪᠠᠢᠭᠤᠯᠵᠤ᠂ ᠮᠠᠯᠵᠢᠬᠤ ᠣᠷᠣᠨ ᠬᠥᠳᠡᠭᠡ ᠲᠣᠰᠭᠣᠨ ᠤ᠋ ᠬᠡᠪ ᠪᠤᠯᠪᠠᠰᠤᠷᠠᠯ ᠤ᠋ᠨ ᠰᠤᠷᠭᠠᠨ ᠬᠥᠮᠦᠵᠢᠯ᠂ ᠮᠠᠯᠵᠢᠯ ᠤ᠋ᠨ ᠲᠠᠯᠠᠪᠠᠶ ᠶ᠋ᠢᠨ ᠪᠥᠲᠥᠭᠡᠨ ᠪᠠᠢᠭᠤᠯᠤᠯᠲᠠ ᠬᠢᠭᠡᠳ ᠬᠠᠮᠠᠭᠠᠯᠠᠯᠲᠠ ᠪᠤᠯᠤᠨ ᠮᠠᠯᠴᠢᠨ ᠲᠠᠷᠢᠶᠠᠴᠢᠨ ᠤ᠋ ᠦᠶ᠋ᠯᠡᠰ ᠪᠤᠰᠬᠠᠨ ᠪᠠᠶᠠᠵᠢᠬᠤ ᠵᠢ ᠳᠡᠮᠵᠢᠬᠦ᠌ ᠳ᠋ᠦ ᠲᠤᠰᠭᠠᠶ ᠬᠡᠷᠡᠭ᠌ᠯᠡᠬᠦ᠌ ᠶ᠋ᠢᠨ ᠬᠠᠮᠲᠤ᠂ ᠣᠷᠳᠣᠰ ᠬᠣᠲᠠ ᠶ᠋ᠢᠨ ᠭᠤᠧᠠᠩ ᠼᠠᠢ ᠰᠠᠭᠤᠷᠢ ᠮᠥᠩᠭᠥᠨ ᠤ᠋ ᠨᠡᠢᠭᠡᠮᠯᠢᠭ ᠪᠤᠯᠤᠨ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠭᠤᠧᠠᠩ ᠼᠠᠢ ᠰᠠᠭᠤᠷᠢ ᠮᠥᠩᠭᠥᠨ ᠤ᠋ ᠨᠡᠢᠭᠡᠮᠯᠢᠭ ᠯᠤᠭᠡ ᠲᠣᠰ ᠲᠣᠰ 5000 ᠲᠦᠮᠡᠨ ᠲᠥᠭᠥᠷᠢᠭ ᠬᠠᠨᠳᠢᠪᠯᠠᠬᠤ ᠬᠡᠯᠡᠯᠴᠡᠭᠡᠷ ᠲᠣᠭ᠍ᠲᠠᠪᠠ᠃

ᠥᠨᠥᠳᠦᠷ᠂ ᠸᠠᠩ ᠵᠧᠨ ᠤ᠋ ᠳᠠᠭᠠᠭᠤᠯᠭ᠎ᠠ ᠳᠤᠤᠷ᠎ᠠ ᠣᠷᠳᠣᠰ ᠪᠦᠯᠦᠭ᠌ᠯᠡᠯ ᠨᠢᠭᠡᠨᠲᠡ ᠬᠡᠯᠪᠡᠷᠢ ᠪᠡᠨ ᠬᠤᠪᠢᠷᠠᠭᠤᠯᠤᠨ ᠲᠠᠰ ᠳᠡᠪᠱᠢᠬᠦ᠌ ᠱᠢᠨ᠎ᠡ ᠠᠶᠠᠨ ᠢ᠋ᠶ᠋ᠠᠨ ᠡᠬᠢᠯᠡᠭᠦᠯᠪᠠ᠃ 《ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠵᠢ ᠪᠥᠬᠥ᠌ ᠲᠠᠯ᠎ᠠ ᠪᠠᠷ ᠪᠥᠲᠥᠭᠡᠨ ᠪᠠᠢᠭᠤᠯᠬᠤ ᠱᠢᠨ᠎ᠡ ᠠᠶᠠᠨ ᠳ᠋ᠦ ᠭᠠᠭ᠍ᠴᠠ ᠬᠦ᠌ ᠠᠵᠤ ᠠᠬᠤᠢᠯᠠᠯ ᠤ᠋ᠨ ᠬᠥᠭ᠌ᠵᠢᠯᠲᠡ ᠵᠢ ᠤᠯᠤᠰ ᠤ᠋ᠨ ᠬᠥᠭ᠌ᠵᠢᠯ ᠴᠡᠴᠡᠭ᠌ᠯᠡᠯ᠂ ᠦᠨᠳᠦᠰᠦᠲᠡᠨ ᠤ᠋ ᠬᠥᠭ᠌ᠵᠢᠯ ᠮᠠᠨᠳᠤᠯ᠂ ᠠᠷᠠᠳ ᠲᠦᠮᠡᠨ ᠤ᠋ ᠵᠣᠯ ᠵᠢᠷᠭᠠᠯ ᠲᠠᠶ ᠨᠢᠭ᠍ᠲᠠ ᠤᠶᠠᠯᠳᠤᠭᠤᠯᠪᠠᠯ ᠰᠠᠶᠢ ᠬᠥᠭ᠌ᠵᠢᠯᠲᠡ ᠶ᠋ᠢᠨ ᠯᠤᠲᠤ ᠶᠡᠬᠡ ᠰᠦᠷ ᠬᠦᠴᠦᠨ ᠢ᠋ ᠣᠯᠵᠤ᠂ ᠰᠠᠶᠢ ᠣᠷᠳᠣᠰ ᠤ᠋ᠨ ᠬᠤᠪᠢ ᠨᠡᠮᠡᠷᠢ ᠵᠢ ᠦᠷᠭᠦᠯᠵᠢᠯᠡᠨ ᠬᠠᠨᠳᠢᠪᠯᠠᠵᠤ ᠴᠢᠳᠠᠬᠤ ᠶᠤᠮ》 ᠬᠡᠵᠤ ᠸᠠᠩ ᠵᠧᠨ ᠬᠡᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号