《ᠮᠢᠩᠭᠠᠨ ᠳ᠋ᠦᠩᠱᠢᠭᠤᠷ ᠲᠠᠰ》 ᠤ᠋ᠨ ᠠᠵᠤ ᠦᠶ᠋ᠯᠡᠰ ᠮᠦᠬᠡᠷᠡᠨ ᠠᠢᠰᠤᠢ
2025-09-19 10:10:32
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠤᠷ ᠮᠤᠩᠭᠤᠯ ᠪᠤᠯ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠢᠯᠡᠳᠪᠦᠷᠢᠯᠡᠯ ᠤ᠋ᠨ ᠰᠠᠭᠤᠷᠢᠨ ᠪᠠᠢᠵᠤ᠂ ᠮᠢᠩᠭᠠᠨ ᠳ᠋ᠦᠩᠱᠢᠭᠤᠷ ᠲᠠᠰ ᠤ᠋ᠨ ᠮᠢᠬᠠᠨ ᠤ᠋ ᠦᠬᠡᠷ ᠤ᠋ᠨ ᠠᠵᠤ ᠦᠶ᠋ᠯᠡᠰ ᠢ᠋ ᠴᠤᠭᠴᠠᠯᠠᠬᠤ ᠪᠤᠯ ᠮᠠᠨ ᠤ᠋ ᠤᠷᠤᠨ ᠤ᠋ ᠮᠠᠯ ᠠᠵᠤ ᠠᠬᠤᠢ ᠲᠠᠷᠢᠶᠠᠯᠠᠩ᠎ᠤᠨ ᠬᠦᠭᠵᠢᠬᠦᠯᠤᠯᠳᠠ ᠵᠢᠨ ᠨᠢᠬᠡᠨ ᠬᠠᠷᠠᠯᠳᠠ ᠶᠤᠮ᠃ ᠡᠨᠡ ᠵᠢᠯ ᠤ᠋ᠨ ᠳᠡᠭᠡᠷ᠎ᠡ ᠬᠠᠭᠠᠰ ᠵᠢᠯ ᠳ᠋ᠤ ᠪᠦᠬᠦ ᠤᠷᠤᠨ ᠤ᠋ ᠮᠠᠯᠵᠢᠵᠤ ᠪᠠᠢᠭ᠎ᠠ ᠮᠢᠬᠠᠨ ᠤ᠋ ᠦᠬᠡᠷ ᠤ᠋ᠨ ᠲᠤᠭ᠎ᠠ᠂ ᠮᠢᠬᠠᠨ ᠤ᠋ ᠦᠬᠡᠷ ᠤ᠋ᠨ ᠪᠤᠷᠤᠯᠠᠭᠤᠯᠭ᠎ᠠ᠂ ᠦᠬᠡᠷ ᠤ᠋ᠨ ᠮᠢᠬᠠᠨ ᠤ᠋ ᠭᠠᠷᠤᠯᠲᠠ ᠴᠥᠮ ᠪᠦᠬᠦ᠌ ᠤᠯᠤᠰ ᠤ᠋ᠨ ᠲᠦᠷᠦᠬᠦᠨ ᠳ᠋ᠤ ᠣᠷᠣᠪᠠ᠃ ᠡᠨᠡ ᠬᠦ᠌ ᠰᠠᠭᠤᠷᠢᠨ ᠳᠡᠭᠡᠷ᠎ᠡ ᠦᠪᠡᠷᠳᠡᠬᠡᠨ ᠵᠠᠰᠠᠬᠤ ᠤᠷᠤᠨ ᠮᠢᠬᠠᠨ ᠤ᠋ ᠦᠬᠡᠷ ᠤ᠋ᠨ ᠠᠵᠤ ᠦᠢᠯᠡᠰ ᠤ᠋ᠨ ᠪᠠᠢᠷᠢᠰᠢᠭᠤᠯᠤᠯᠲᠠ ᠵᠢ ᠰᠢᠯᠢᠳᠡᠭᠵᠢᠭᠦᠯᠤᠨ᠂ ᠳᠤᠲᠠᠭᠤᠳᠠᠯ ᠶ᠋ᠢᠡᠨ ᠨᠥᠬᠥᠪᠥᠷᠢᠯᠡᠵᠦ᠍᠂ ᠮᠢᠬᠠᠨ᠎ᠦ ᠦᠭᠡᠷ᠎ᠤᠨ ᠪᠦᠬᠦ ᠠᠵᠤ ᠦᠢᠯᠡᠰ᠎ᠤᠨ ᠬᠡᠯᠬᠢᠶ᠎ᠠ ᠵᠢᠨ ᠦᠢᠯᠡᠳᠭᠦᠨ᠎ᠦ ᠦᠷᠳᠡᠭ ᠎ᠢ 《ᠮᠢᠩᠭᠠᠨ ᠳ᠋ᠦᠩᠱᠢᠭᠤᠷ ᠲᠠᠰ》 ᠲᠸ᠋ ᠬᠦᠷᠭᠡᠬᠦ ᠬᠠᠷᠠᠯᠳᠠ ᠳ᠋ᠤ ᠬᠦᠷᠬᠦ ᠪᠡᠷ ᠬᠤᠷᠳᠤ ᠨᠠᠮᠠᠨ ᠠᠵᠢᠯᠯᠠᠵᠦ ᠪᠠᠢᠨ᠎ᠠ᠃

9 ᠰᠠᠷ᠎ᠠ ᠶ᠋ᠢᠨ 9 ᠤ᠋ ᠡᠳᠦᠷ᠂ ᠬᠥᠯᠥᠨ ᠪᠣᠢᠷ ᠤ᠋ᠨ ᠮᠢᠬᠠᠨ ᠤ᠋ ᠦᠶ᠋ᠯᠡᠰ ᠤ᠋ᠨ ᠪᠦᠯᠦᠭ᠌ᠯᠡᠯ ᠤ᠋ᠨ ᠮᠢᠬᠠᠨ ᠤ᠋ ᠦᠬᠡᠷ ᠢ᠋ ᠨᠢᠲᠤᠯᠵᠤ ᠪᠤᠯᠪᠠᠰᠤᠷᠠᠭᠤᠯᠬᠤ ᠦᠶ᠋ᠯᠡᠳᠪᠦᠷᠢᠯᠡᠯ ᠤ᠋ᠨ ᠲᠠᠰᠤᠭ ᠲᠦ᠍᠂ ᠠᠵᠢᠯᠴᠢᠳ ᠰᠦᠨ ᠬᠦᠴᠢᠯ ᠵᠡᠷᠬᠡ ᠵᠢ ᠵᠠᠳᠠᠷᠠᠭᠤᠯᠤᠭᠰᠠᠨ ᠤ᠋ ᠳᠠᠷᠠᠭᠠᠬᠢ ᠦᠬᠡᠷ ᠤ᠋ᠨ ᠮᠢᠬ᠎ᠠ ᠵᠢ ᠰᠠᠯᠭᠠᠵᠤ ᠬᠡᠰᠡᠭᠯᠡᠨ ᠪᠣᠭᠣᠳᠠᠯᠯᠠᠵᠤ᠂ ᠱᠠᠩᠬᠠᠶ ᠳ᠋ᠦ ᠬᠦᠷᠭᠡᠬᠦ ᠪᠡᠷ ᠲᠤᠭᠳᠠᠭᠰᠠᠨ 18 ᠲᠣᠨ ᠰᠢᠮ᠎ᠠ ᠰᠠᠢᠳᠠᠢ ᠦᠬᠡᠷ ᠤ᠋ᠨ ᠮᠢᠬ᠎ᠠ ᠵᠢ ᠪᠡᠯᠡᠳᠭᠡᠵᠦ ᠶᠠᠭᠠᠷᠠᠯᠳᠤᠨ᠎ᠠ᠃ ᠲᠤᠰ ᠪᠦᠯᠦᠭ᠌ᠯᠡᠯ ᠨᠢᠬᠡᠨᠳᠡ 2000 ᠲᠦᠮᠡᠨ ᠲᠦᠭᠦᠷᠢᠭ ᠤ᠋ᠨ ᠦᠷᠳᠡᠭ ᠪᠦᠬᠦᠢ ᠦᠢᠯᠡᠳᠪᠦᠷᠢᠯᠡᠯ ᠤ᠋ᠨ ᠱᠤᠭᠤᠮ ᠢ᠋ ᠰᠢᠨ᠎ᠠ ᠪᠡᠷ ᠣᠷᠣᠭᠤᠯᠤᠨ ᠠᠪᠴᠢᠷᠠᠬᠤ ᠪᠡᠷ ᠲᠤᠬᠢᠷᠠᠯᠴᠠᠵᠤ᠂ ᠵᠢᠱ᠌ᠢᠯᠲᠡ ᠪᠡᠷ ᠡᠨᠡ ᠵᠢᠯ ᠤ᠋ᠨ 10 ᠰᠠᠷ᠎ᠠ ᠳ᠋ᠤ ᠠᠱᠢᠭ᠍ᠯᠠᠯᠲᠠ ᠳ᠋ᠦ ᠤᠷᠤᠭᠤᠯᠬᠤ ᠪᠡᠷ ᠪᠤᠢ᠃ ᠡᠨᠡ ᠪᠤᠯ ᠮᠠᠨ ᠤ᠋ ᠤᠷᠤᠨ ᠤ᠋ ᠮᠠᠢ ᠳ᠋ᠠᠩ ᠯᠣᠣ ᠪᠣᠯᠤᠨ ᠪᠠᠢ ᠱᠧᠩ ᠵᠡᠷᠭᠡ ᠠᠵᠤ ᠠᠬᠤᠢᠯᠠᠯ ᠤ᠋ᠨ ᠬᠡᠷᠡᠭ᠌ᠴᠡᠭᠡ ᠵᠢ ᠬᠠᠩᠭᠠᠵᠤ ᠳᠡᠢᠯᠬᠦ᠌ ᠲᠦᠷᠤᠬᠦᠤ ᠨᠢᠬᠡ ᠲᠤᠰᠭᠠᠢ ᠦᠢᠯᠡᠳᠪᠦᠷᠢᠯᠡᠯ ᠤ᠋ᠨ ᠱᠤᠭᠤᠮ ᠪᠤᠯᠤᠨ᠎ᠠ᠃

ᠮᠠᠢ ᠳ᠋ᠠᠩ ᠯᠣᠣ᠂ ᠪᠠᠢ ᠱᠧᠩ ᠵᠡᠷᠭᠡ ᠤᠯᠠᠨ ᠠᠷᠪᠢᠨ ᠬᠣᠯᠪᠣᠭᠠᠲᠤ ᠢᠳᠡᠭᠡᠨ ᠤᠮᠳᠠᠭᠠᠨ ᠤ᠋ ᠲᠦᠷᠦᠯ ᠲᠡᠮᠳᠡᠭ ᠤ᠋ᠨ ᠤᠷᠳᠤ ᠬᠤᠭᠤᠴᠠᠭᠠᠨ ᠤ᠋ ᠲᠡᠷᠢᠭᠦᠨ ᠰᠣᠩᠭᠣᠯᠲᠠ ᠶ᠋ᠢᠨ ᠬᠠᠩᠭᠠᠯᠭ᠎ᠠ ᠶ᠋ᠢᠨ ᠬᠤᠳᠠᠯᠳᠤᠭᠠᠴᠢᠨ ᠪᠣᠯᠤᠭ᠍ᠰᠠᠨ ᠤ᠋ ᠬᠤᠪᠢ ᠳ᠋ᠦ᠂ ᠡᠨᠡ ᠵᠢᠯ ᠤ᠋ᠨ ᠳᠡᠭᠡᠷ᠎ᠡ ᠬᠠᠭᠠᠰ ᠵᠢᠯ ᠳ᠋ᠤ ᠬᠥᠯᠥᠨ ᠪᠤᠢ᠌ᠷ ᠤ᠋ᠨ ᠮᠢᠬᠠᠨ ᠤ᠋ ᠦᠢᠯᠡᠰ ᠤ᠋ᠨ ᠪᠦᠯᠦᠭ᠌ᠯᠡᠯ ᠲᠦᠮᠡ ᠱᠢᠬᠠᠮ ᠮᠢᠬᠠᠨ ᠤ᠋ ᠦᠬᠡᠷ ᠨᠢᠳᠦᠯᠤᠨ᠂ ᠰᠢᠮ᠎ᠠ ᠰᠠᠢᠳᠠᠢ ᠲᠦᠮᠡᠨ ᠲᠣᠨ ᠦᠬᠡᠷ ᠤ᠋ᠨ ᠮᠢᠬᠠᠨ ᠤ᠋ ᠪᠦᠲᠦᠭᠡᠭ᠌ᠳᠡᠬᠦᠨ ᠢ᠋ ᠨᠠᠷᠢᠯᠢᠭ ᠪᠣᠯᠪᠠᠰᠤᠷᠠᠭᠤᠯᠵᠤ᠂ ᠦᠢᠯᠡᠳᠬᠦᠨ ᠤ᠋ ᠦᠷᠳᠡᠭ ᠨᠢ 4 ᠳ᠋ᠦᠩᠱᠢᠭᠤᠷ ᠲᠥᠭᠥᠷᠢᠭ ᠢ᠋ ᠳᠠᠪᠠᠵᠠᠢ᠃

ᠮᠠᠨ ᠤ᠋ ᠤᠷᠤᠨ ᠤᠳᠤᠬᠠᠨ ᠪᠤᠯᠳᠠᠯ᠎ᠠ ᠨᠢᠬᠡᠨᠳᠡ ᠭᠤᠷᠪᠠᠨ ᠭᠤᠤᠯ ᠤ᠋ᠨ ᠦᠬᠡᠷ᠂ ᠳᠤᠮᠳᠠᠳᠤ ᠤᠯᠤᠰ ᠤ᠋ᠨ ᠱᠢᠮᠧᠨ᠋ᠳ᠋ᠠᠷ ᠦᠬᠡᠷ᠂ ᠲᠠᠯ᠎ᠠ ᠨᠤᠲᠤᠭ ᠤ᠋ᠨ ᠤᠯᠠᠭᠠᠨ ᠦᠬᠡᠷ᠂ ᠬᠤᠸᠠ ᠰᠢ ᠦᠬᠡᠷ ᠵᠡᠷᠭᠡ ᠮᠢᠬᠠᠨ ᠤ᠋ ᠦᠬᠡᠷ ᠤ᠋ᠨ 4 ᠡᠭᠦᠯᠳᠡᠷ ᠪᠤᠯᠤᠨ 《ᠬᠥᠯᠥᠨ ᠪᠣᠢᠷ ᠤ᠋ᠨ ᠦᠬᠡᠷ ᠤ᠋ᠨ ᠮᠢᠬ᠎ᠠ》᠂ 《ᠬᠢᠩᠭᠠᠨ ᠠᠢᠮᠠᠭ ᠤ᠋ᠨ ᠦᠬᠡᠷ ᠤ᠋ᠨ ᠮᠢᠬ᠎ᠠ》᠂ 《ᠲᠦᠩᠯᠢᠶᠣᠤ ᠶ᠋ᠢᠨ ᠮᠢᠬᠠᠨ ᠤ᠋ ᠦᠬᠡᠷ》 ᠵᠡᠷᠭᠡ ᠮᠢᠬᠠᠨ ᠤ᠋ ᠦᠬᠡᠷ ᠤ᠋ᠨ ᠠᠵᠤ ᠦᠢᠯᠡᠰ ᠤ᠋ᠨ 3 ᠣᠷᠣᠨ ᠪᠦᠰᠡ ᠶ᠋ᠢᠨ ᠨᠡᠢᠲᠡ ᠶ᠋ᠢᠨ ᠬᠡᠷᠡᠭ᠌ᠯᠡᠭᠡ ᠵᠢᠨ ᠲᠥᠷᠥᠯ ᠲᠡᠮᠳᠡᠭ ᠢ᠋ ᠪᠤᠢᠵᠢᠭᠤᠯᠪᠠ᠃ ᠡᠨᠡ ᠵᠢᠯ ᠪᠠᠰᠠ ᠵᠠᠭᠤᠨ ᠲᠦᠮᠡᠨ ᠮᠢᠬᠠᠨ ᠤ᠋ ᠦᠬᠡᠷ ᠢ᠋ ᠪᠤᠷᠳᠤᠨ ᠲᠠᠷᠭᠤᠯᠠᠭᠤᠯᠵᠤ ᠪᠤᠷᠤᠯᠠᠭᠤᠯᠬᠤ ᠠᠵᠢᠯ ᠢ᠋ ᠢᠳᠡᠪᠬᠢᠲᠡᠶ ᠥᠷᠨᠢᠭᠦᠯᠵᠦ᠍᠂ 《ᠵᠡᠭᠦᠨ ᠤᠷᠤᠨ ᠳ᠋ᠦ ᠪᠤᠢᠵᠢᠭᠤᠯᠵᠤ ᠪᠠᠷᠠᠭᠤᠨ ᠤᠷᠤᠨ ᠳ᠋ᠦ ᠲᠠᠵᠢᠬᠡᠬᠦ》 ᠵᠢ ᠵᠣᠷᠢᠭ᠍ᠵᠢᠭᠤᠯᠤᠨ᠂ ᠠᠩᠭᠸᠰ ᠦᠬᠡᠷ ᠪᠤᠯᠤᠨ ᠶᠠᠮᠠᠲ᠋ᠦ᠌ ᠦᠬᠡᠷ ᠵᠡᠷᠭᠡ ᠳᠡᠭᠡᠳᠦ ᠲᠠᠰ ᠤ᠋ᠨ ᠮᠢᠬᠠᠨ ᠤ᠋ ᠦᠬᠡᠷ ᠢ᠋ ᠲᠡᠵᠢᠭᠡᠨ ᠦᠷᠡᠵᠢᠭᠦᠯᠬᠦ᠌ ᠰᠠᠭᠤᠷᠢᠨ ᠢ᠋ 10 ᠭᠠᠷᠤᠶ  ᠰᠢᠨ᠎ᠠ ᠪᠡᠷ  ᠪᠠᠢᠭᠤᠯᠵᠤ᠂ 8 ᠰᠠᠷ᠎ᠠ ᠶ᠋ᠢᠨ ᠳᠤᠮᠳᠠᠴᠢ ᠪᠤᠯᠲᠠᠯ᠎ᠠ ᠪᠥᠬᠥ᠌ ᠣᠷᠣᠨ ᠳ᠋ᠦ 71 ᠮᠢᠬᠠᠨ ᠤ᠋ ᠦᠬᠡᠷ ᠤ᠋ᠨ ᠲᠠᠵᠢᠬᠡᠪᠤᠷᠢ ᠵᠢᠨ ᠲᠠᠯᠠᠪᠠᠶ ᠵᠢ ᠱᠢᠨ᠎ᠡ ᠪᠡᠷ ᠪᠠᠢᠭᠤᠯᠤᠭ᠍ᠰᠠᠨ ᠪᠤᠶᠤ ᠥᠷᠭᠡᠳᠭᠡᠨ ᠪᠠᠢᠭᠤᠯᠪᠠ᠃

ᠠᠯᠠᠱᠠ ᠠᠢᠮᠠᠭ ᠤ᠋ᠨ ᠬᠤᠶᠠᠷᠬᠤᠳᠳᠤᠭ ᠤ᠋ᠨ ᠬᠦᠳᠡᠭᠡ ᠶ᠋ᠢᠨ ᠠᠮᠢ ᠠᠬᠤᠢ ᠶ᠋ᠢᠨ ᠨᠡᠭᠦᠳᠡᠯ ᠠᠷᠠᠳ ᠤ᠋ᠨ ᠵᠢᠱ᠌ᠢᠶ᠎ᠡ ᠦᠵᠡᠭᠦᠯᠬᠦ ᠤᠷᠤᠨ ᠤ᠋ ᠵᠦᠩ ᠱᠢᠨ ᠮᠠᠯ ᠠᠵᠤ ᠠᠬᠤᠢ ᠲᠠᠷᠢᠶᠠᠯᠠᠡᠭ ᠤ᠋ᠨ ᠡᠷᠬᠢᠯᠳᠡᠲᠦ ᠬᠥᠭ᠌ᠵᠢᠯᠲᠡ ᠶ᠋ᠢᠨ ᠠᠵᠤ ᠦᠢᠯᠡᠰ ᠤ᠋ᠨ ᠬᠢᠵᠠᠭᠠᠷᠲᠤ ᠺᠣᠮᠫᠠᠨᠢ ᠳ᠋ᠦ ᠳᠤᠮᠳᠠᠴᠢ ᠪᠡᠷ ᠪᠡᠶ᠎ᠡ ᠶ᠋ᠢᠨ ᠬᠦᠨᠳᠦ ᠨᠢ 770 ᠺᠢᠯᠣᠭ᠌ᠷᠠᠮ ᠳ᠋ᠦ ᠬᠦᠷᠦᠭᠰᠡᠨ 80 ᠭᠠᠷᠤᠢ  ᠱᠢᠮᠧᠨ᠋ᠳ᠋ᠠᠷ ᠦᠬᠡᠷ ᠢ᠋ ᠭᠤᠸᠠᠩᠵᠧᠦ᠍ ᠶ᠋ᠢᠨ ᠳ᠋ᠦᠩ ᠭᠤᠸᠠᠨ ᠠᠷᠠᠯᠵᠢᠶᠠᠨ ᠤ᠋ ᠵᠠᠬ᠎ᠠ ᠳᠡᠯᠭᠡᠭᠦᠷ ᠲᠦ᠍ ᠵᠥᠭᠡᠭᠡᠪᠦᠷᠢᠯᠡᠨ ᠬᠦᠷᠭᠡᠬᠦ ᠪᠡᠷ ᠪᠡᠯᠡᠭᠡᠨ ᠪᠤᠯᠪᠠ᠃ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠤ᠋ᠨ ᠵᠠᠬ᠎ᠠ ᠳᠡᠯᠭᠡᠭᠦᠷ ᠬᠢᠭᠡᠳ ᠭᠠᠳᠠᠭᠠᠳᠤ ᠯᠤᠭ᠎ᠠ ᠬᠠᠮᠲᠤᠷᠠᠯᠴᠠᠬᠤ ᠭᠠᠵᠠᠷ ᠤ᠋ᠨ ᠳᠡᠳ᠋ ᠳᠠᠷᠤᠭ᠎ᠠ ᠶᠠᠩ ᠵᠧᠩ ᠮᠤᠤ ᠶ᠋ᠢᠨ ᠲᠠᠨᠢᠯᠴᠠᠭᠤᠯᠤᠭᠰᠠᠨ ᠵᠢᠡᠷ᠂ ᠮᠠᠨ ᠤ᠋ ᠤᠷᠤᠨ ᠬᠦᠶ᠋ᠲᠡᠨ ᠬᠡᠯᠬᠢᠶᠡᠲᠦ ᠡᠳ᠋ ᠪᠠᠷᠠᠭᠠᠨ ᠤ᠋ ᠭᠦᠢᠯᠭᠡᠭᠡ ᠶ᠋ᠢᠨ ᠳᠣᠭᠢᠷᠠᠭᠤᠯᠤᠨ ᠬᠦᠷᠭᠡᠬᠦ᠌ ᠰᠢᠰᠲᠸᠮ ᠶ᠋ᠢᠡᠷ ᠳᠠᠮᠵᠢᠨ ᠡᠮᠦᠨᠡᠲᠦ ᠣᠷᠣᠨ ᠳ᠋ᠠᠬᠢ ᠪᠣᠷᠣᠯᠠᠭᠤᠯᠭ᠎ᠠ ᠶ᠋ᠢᠨ ᠬᠥᠮᠥᠷᠭᠡ ᠳ᠋ᠤ ᠲᠦᠰᠢᠭᠯᠡᠵᠦ᠂ ᠰᠢᠮ᠎ᠠ ᠰᠠᠢᠲᠠᠶ ᠱᠢᠨ᠎ᠡ ᠰᠣᠷᠭᠣᠭ ᠦᠭᠡᠷ ᠤ᠋ᠨ ᠮᠢᠬ᠎ᠠ ᠵᠢ ᠭᠤᠸᠠᠩᠳᠦ᠋ᠩ ᠱᠢᠶᠠᠩᠭᠠᠩ ᠣᠣᠮᠧᠨ ᠤ᠋ ᠲᠣᠮᠣ ᠪᠤᠯᠤᠩ ᠤ᠋ᠨ ᠣᠷᠣᠨ ᠳ᠋ᠦ ᠪᠤᠷᠤᠯᠠᠭᠤᠯᠵᠤ᠂ ᠮᠠᠯᠴᠢᠨ ᠲᠠᠷᠢᠶᠠᠴᠢᠨ ᠤ᠋ ᠣᠷᠣᠯᠭ᠎ᠠ ᠵᠢ ᠨᠡᠮᠡᠭᠳᠡᠭᠦᠯᠦᠨ᠂ ᠮᠢᠬᠠᠨ ᠤ᠋ ᠦᠬᠡᠷ ᠤ᠋ᠨ ᠠᠵᠤ ᠦᠶ᠋ᠯᠡᠰ ᠤ᠋ᠨ ᠬᠡᠯᠬᠢᠶ᠎ᠡ ᠶ᠋ᠢᠨ ᠪᠦᠬᠦᠯᠢ ᠴᠣᠭ᠍ᠴᠠ ᠶ᠋ᠢᠨ ᠦᠷ᠎ᠡ ᠠᠱᠢᠭ ᠢ᠋ ᠪᠦᠲᠦᠮᠵᠢᠲᠡᠢ ᠳᠡᠭᠡᠭᠰᠢᠯᠡᠭᠦᠯᠵᠦ ᠪᠠᠢᠨ᠎ᠠ᠃

ᠡᠨᠡ ᠵᠢᠯ ᠥᠪᠡᠷᠲᠡᠭᠡᠨ ᠵᠠᠰᠠᠬᠤ ᠣᠷᠣᠨ ᠡᠴᠡ 《ᠦᠪᠦᠷ ᠮᠤᠡᠭᠭᠤᠯ ᠤ᠋ᠨ ᠦᠪᠡᠷᠲᠡᠭᠡᠨ ᠵᠠᠰᠠᠬᠤ ᠤᠷᠤᠨ ᠤ᠋ ᠬᠤᠯᠢᠰᠢᠨ ᠢᠳᠡᠭᠡᠨ ᠪᠤᠯᠪᠠᠰᠤᠷᠠᠭᠤᠯᠬᠤ ᠦᠢᠯᠡᠰ ᠢ᠋ ᠪᠤᠢᠵᠢᠭᠤᠯᠤᠨ ᠪᠤᠵᠠᠭᠠᠢᠷᠠᠭᠤᠯᠬᠤ ᠠᠵᠢᠯᠯᠠᠭᠠᠨ ᠤ᠋ ᠲᠦᠰᠦᠯ (2025 — 2027 ᠤᠨ)》 ᠢ᠋ ᠳᠠᠷᠤᠮᠠᠯᠯᠠᠨ ᠲᠠᠷᠬᠠᠭᠠᠵᠤ᠂ ᠮᠢᠬᠠᠨ ᠤ᠋ ᠦᠬᠡᠷ ᠤ᠋ᠨ ᠪᠦᠲᠦᠭᠡᠭᠳᠡᠭᠦᠨ ᠪᠤᠯᠪᠠᠰᠤᠷᠠᠭᠤᠯᠬᠤ ᠦᠢᠯᠡᠰ ᠢ᠋ ᠭᠤᠤᠯᠳᠠᠯᠭ᠎ᠠ ᠲᠠᠢ ᠬᠦᠭᠵᠢᠭᠦᠯᠬᠦ ᠲᠦᠷᠦᠯ ᠵᠦᠢᠯ ᠤ᠋ᠨ ᠨᠢᠭᠡ ᠪᠤᠯᠭᠠᠨ᠂ ᠵᠢᠭᠡᠯᠡᠯᠭᠡ ᠶ᠋ᠢᠨ ᠬᠦᠦ ᠮᠦᠡᠭᠬᠦ ᠶ᠋ᠢᠨ ᠨᠦᠬᠦᠪᠦᠷᠢ ᠤᠯᠭᠤᠬᠤ᠂ ᠱᠠᠩᠨᠠᠨ ᠬᠥᠬᠢᠭᠦᠯᠬᠦ᠌ ᠵᠡᠷᠭᠡ ᠠᠷᠭ᠎ᠠ ᠬᠡᠯᠪᠡᠷᠢ ᠪᠡᠷ ᠳᠠᠮᠵᠢᠨ ᠮᠢᠬᠠᠨ ᠤ᠋ ᠦᠭᠡᠷ ᠢ᠋ ᠡᠳ᠋ᠰᠢᠭᠦᠯᠦᠨ ᠪᠤᠯᠪᠠᠰᠤᠷᠠᠭᠤᠯᠬᠤ 15 ᠡᠴᠡ ᠳᠡᠭᠡᠭᠰᠢᠬᠢ ᠠᠵᠤ ᠠᠬᠤᠢᠯᠠᠯ ᠤ᠋ᠨ ᠬᠦᠭᠵᠢᠨ ᠪᠤᠵᠠᠭᠠᠢᠷᠠᠬᠤ ᠵᠢ ᠳᠡᠮᠵᠢᠵᠦ ᠂ ᠵᠢᠯ ᠤ᠋ᠨ ᠪᠤᠷᠤᠯᠠᠭᠤᠯᠭ᠎ᠠ ᠶ᠋ᠢᠨ ᠤᠷᠤᠯᠭ᠎ᠠ ᠨᠢ ᠳ᠋ᠦ᠋ᠡᠭᠰᠢᠭᠤᠷ ᠲᠦᠬᠦᠷᠢᠭ ᠎ᠢ ᠲᠠᠪᠠᠬᠤ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠢᠯᠠᠯ ᠢ᠋ 1 ᠪᠤᠢᠵᠢᠭᠤᠯᠬᠤ ᠪᠡᠷ ᠴᠢᠷᠮᠠᠢᠵᠤ ᠪᠤᠢ᠃ ᠡᠭᠦᠨ ᠤ᠋ ᠬᠠᠮᠲᠤ ᠡᠨᠡ ᠵᠢᠯ  ᠪᠠᠰᠠ 50 ᠬᠡᠪᠴᠢᠶᠡᠵᠢᠭᠰᠡᠨ ᠲᠡᠵᠢᠭᠡᠪᠤᠷᠢ ᠵᠢᠨ ᠲᠠᠯᠠᠪᠠᠶ ᠶ᠋ᠢᠨ ᠬᠦᠷᠢᠶ᠎ᠠ ᠬᠡᠪᠴᠢᠶ᠎ᠡ ᠪᠠᠨ ᠦᠷᠭᠡᠳᠬᠡᠨ ᠠᠱᠢᠭ᠍ᠯᠠᠯᠲᠠ ᠳ᠋ᠦ ᠣᠷᠣᠭᠤᠯᠬᠤ ᠵᠢ ᠠᠬᠢᠭᠤᠯᠵᠤ᠂ ᠪᠥᠬᠥ᠌ ᠵᠢᠯ ᠤ᠋ᠨ ᠪᠣᠷᠳᠣᠵᠤ ᠲᠠᠷᠭᠤᠯᠠᠭᠤᠯᠤᠭᠰᠠᠨ ᠦᠬᠡᠷ ᠤ᠋ᠨ ᠭᠠᠷᠭᠠᠯᠲᠠ ᠵᠢ 141 ᠲᠦᠮᠡ ᠳ᠋ᠤ ᠬᠦᠷᠬᠡᠨ᠂ 2024 ᠤᠨ ᠤ᠋ ᠬᠢ ᠡᠴᠡ 10% ᠪᠡᠷ ᠨᠡᠮᠡᠭ᠌ᠳᠡᠭᠦᠯᠬᠦ᠌ ᠵᠢ ᠡᠷᠴᠢᠮᠲᠠᠢ ᠠᠬᠢᠭᠤᠯᠵᠤ ᠪᠠᠢᠨ᠎ᠠ᠃

《ᠮᠢᠩᠭᠠᠨ ᠳ᠋ᠦᠩᠱᠢᠭᠤᠷ ᠲᠠᠰ》 ᠤ᠋ᠨ ᠠᠵᠤ ᠦᠶ᠋ᠯᠡᠰ ᠮᠦᠬᠡᠷᠡᠨ ᠠᠢᠰᠤᠢ᠃ ᠬᠠᠮᠤᠭ ᠤ᠋ᠨ ᠰᠢᠨ᠎ᠠ ᠪᠦᠷᠢᠳᠬᠡᠯ ᠵᠢᠡᠷ᠂ ᠲᠡᠭᠡᠷ᠎ᠠ ᠬᠠᠭᠠᠰ ᠵᠢᠯ ᠳ᠋ᠤ ᠪᠥᠬᠥ᠌ ᠣᠷᠣᠨ ᠤ᠋ ᠲᠠᠵᠢᠬᠡᠵᠤ ᠪᠠᠢᠭ᠎ᠠ ᠮᠢᠬᠠᠨ ᠤ᠋ ᠦᠬᠡᠷ 873 ᠲᠦᠮᠡ ᠳ᠋ᠤ ᠬᠦᠷᠴᠦ᠍᠂ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ 8.61% ᠪᠡᠷ ᠨᠡᠮᠡᠭ᠌ᠳᠡᠨ᠂ ᠮᠢᠬᠠᠨ ᠤ᠋ ᠦᠬᠡᠷ ᠤ᠋ᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠶ᠋ᠢᠨ ᠦᠶ᠋ᠯᠡᠳᠬᠦᠨ ᠤ᠋ ᠥᠷᠲᠡᠭ ᠨᠢᠬᠡᠨᠳᠡ 800 ᠳ᠋ᠦᠩᠱᠢᠭᠤᠷ ᠲᠥᠭᠥᠷᠢᠭ ᠢ᠋ ᠳᠠᠪᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号