ᠦᠪᠡᠷᠮᠢᠴᠡ ᠵᠢᠭᠤᠯᠴᠢᠯᠡᠯ᠎ᠳᠤ ᠰᠠᠭᠤᠷᠢᠯᠠᠭᠰᠠᠨ ᠤᠷᠤᠨ ᠨᠤᠳᠤᠭ᠎ᠤᠨ ᠬᠦᠭᠵᠢᠯ ᠳᠡᠪᠰᠢᠯ
2025-09-19 09:48:56
ᠵᠣᠬᠢᠶᠠᠭ᠍ᠴᠢ᠄
ᠵᠠᠩ ᠬᠤᠩ ᠶᠢᠨᠭ ᠂ ᠤᠷᠢᠬᠠᠨ
ᠣᠩᠱᠢᠭ᠍ᠰᠠᠨ ᠣᠳᠠᠭ᠎ᠠ᠄
★★★☆☆

ᠬᠡᠰᠢᠭᠲᠡᠨ ᠬᠣᠰᠢᠭᠤ 《ᠠᠮᠢ ᠠᠬᠤᠢ ᠎ᠪᠠᠷ ᠬᠣᠰᠢᠭᠤ ᠎ᠪᠠᠨ ᠪᠠᠶ᠋ᠢᠭᠤᠯᠬᠤ᠂ ᠠᠵᠤ ᠦᠢᠯᠡᠰ ᠎ᠢᠶᠡᠷ ᠬᠣᠰᠢᠭᠤ ᠎ᠪᠠᠨ ᠬᠦᠴᠦᠷᠬᠡᠭᠵᠢᠭᠦᠯᠬᠦ᠂ ᠰᠣᠶᠣᠯ ᠵᠢᠭᠤᠯᠴᠢᠯᠠᠯ᠎ᠢᠶᠠᠷ ᠬᠣᠰᠢᠭᠤ᠎ᠪᠠᠨ ᠮᠠᠨᠳᠤᠭᠤᠯᠬᠤ》 ᠪᠡᠷ ᠵᠢᠯᠣᠭᠣᠳᠤᠯᠭ᠎ᠠ ᠪᠣᠯᠭᠠᠵᠤ᠂ ᠡᠬᠢ ᠪᠠᠶᠠᠯᠢᠭ᠋᠎ᠤᠨ ᠬᠡᠯᠪᠡᠷᠢ᠎ᠶᠢᠨ ᠭᠠᠵᠠᠷ ᠣᠷᠣᠨ᠎ᠤ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠬᠤ ᠰᠢᠨ᠎ᠡ᠎ᠶᠢ ᠡᠭᠦᠳᠬᠦ ᠠᠷᠭ᠎ᠠ ᠵᠠᠮ᠎ᠢ ᠬᠠᠢᠨ ᠰᠦᠪᠡᠭᠴᠢᠯᠡᠵᠦ ᠪᠤᠢ᠃ 2025 ᠣᠨ᠎ᠳᠤ᠂ ᠡᠨᠡᠬᠦ ᠦᠵᠡᠮᠵᠢᠳᠤ ᠨᠤᠳᠤᠭ ᠨᠢ ᠠᠮᠢ ᠠᠬᠤᠢ᠎ᠶᠢ ᠵᠠᠰᠠᠨ ᠰᠡᠷᠭᠦᠭᠡᠬᠦ᠂ ᠡᠨᠧᠷᠭᠢ᠎ᠶᠢᠨ ᠬᠤᠪᠢᠰᠬᠠᠯ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ ᠲᠠᠯ᠎ᠠ᠎ᠪᠠᠷ ᠬᠦᠴᠦᠯᠡᠵᠦ᠂ ᠬᠥᠮᠥᠨ ᠬᠢᠭᠡᠳ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠪᠢᠴᠢᠭᠯᠡᠵᠦ ᠪᠠᠢᠨ᠎ᠠ᠃

ᠦᠢᠯᠡᠴᠢᠯᠡᠭᠡᠨ᠎ᠦ ᠦᠢᠯᠡᠰ ᠲᠦᠷᠭᠡᠨ᠎ᠢᠶᠡᠷ ᠬᠥᠭᠵᠢᠪᠡ᠃ ᠵᠢᠭᠤᠯᠴᠢᠯᠠᠯ᠎ᠤᠨ ᠦᠢᠯᠡᠰ ᠎ᠢ ᠵᠢᠷᠤᠮᠵᠢᠭᠤᠯᠤᠨ ᠳᠡᠭᠡᠭᠰᠢᠯᠡᠭᠦᠯᠬᠦ᠂ 《ᠨᠤᠲᠤᠭ ᠪᠡᠯᠴᠢᠭᠡᠷ ᠎ᠢ ᠠᠷᠢᠭᠤᠨ ᠴᠡᠪᠡᠷ ᠪᠠᠢᠯᠭᠠᠬᠤ》᠂ ᠵᠢᠭᠤᠯᠴᠢᠯᠡᠯ᠎ᠤᠨ ᠴᠡᠭ ᠲᠤ᠌ ᠮᠣᠷᠢ ᠤᠨᠤᠬᠤ ᠦᠶ᠋ᠯᠡ ᠠᠵᠢᠯᠯᠠᠭ᠎ᠠ᠎ᠶᠢ ᠲᠤᠰᠬᠠᠢ ᠴᠡᠭᠴᠡᠯᠡᠨ ᠵᠠᠰᠠᠬᠤ᠎ᠶᠢ ᠭᠦᠨᠵᠡᠭᠡᠢ ᠥᠷᠨᠢᠭᠦᠯᠵᠦ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠣᠷᠴᠢᠨ ᠲᠣᠭᠣᠷᠢᠨ ᠪᠠ ᠨᠤᠲᠤᠭ ᠪᠡᠯᠴᠢᠭᠡᠷ᠎ᠦᠨ ᠣᠷᠴᠢᠨ ᠲᠣᠭᠣᠷᠢᠨ᠎ᠤ ᠬᠣᠣᠰ ᠳᠡᠭᠡᠭᠰᠢᠯᠡᠯᠲᠡ᠎ᠶᠢ ᠪᠡᠶᠡᠯᠡᠭᠦᠯᠪᠡ᠃ ᠳᠥᠷᠪᠡᠨ ᠶᠡᠬᠡ ᠦᠵᠡᠮᠵᠢ᠎ᠶᠢᠨ ᠣᠷᠣᠨ ᠢ᠋ ᠡᠮᠬᠢᠯᠡᠨ ᠨᠡᠢᠯᠡᠭᠦᠯᠵᠦ ᠥᠨᠳᠥᠷ ᠪᠠᠷᠢᠮᠵᠢᠶ᠎ᠠ᠎ᠪᠠᠷ ᠠᠬᠢᠭᠤᠯᠵᠦ᠂ ᠵᠢᠭᠤᠯᠴᠢᠯᠠᠯ᠎ᠤᠨ ᠪᠠᠷᠢᠮᠵᠢᠶ᠎ᠠ᠎ᠶᠢ ᠳᠡᠭᠡᠭᠰᠢᠯᠡᠭᠦᠯᠦᠨ ᠥᠭᠡᠷᠡᠴᠢᠯᠡᠬᠦ 14 ᠲᠥᠷᠥᠯ ᠵᠦᠢᠯ ᠎ᠢ ᠲᠣᠭᠲᠠᠭᠤᠨ᠎ᠢᠶᠠᠷ ᠬᠡᠷᠡᠭᠵᠢᠭᠦᠯᠵᠦ᠂ ᠤᠯᠠᠭᠠᠠᠪᠤᠲᠤᠩ᠎ᠦᠨ ᠦᠵᠡᠮᠵᠢ᠎ᠶᠢᠨ ᠣᠷᠣᠨ᠎ᠢ ᠰᠢᠨᠡᠳᠬᠡᠨ ᠵᠠᠰᠠᠬᠤ ᠢᠨᠵᠧᠨᠧᠷᠢᠩ ᠨᠢ ᠨᠢᠭᠡ ᠰᠠᠷ᠎ᠠ᠎ᠶᠢᠨ ᠬᠤᠭᠤᠴᠠᠭ᠎ᠠ ᠬᠡᠷᠡᠭᠰᠡᠵᠦ 《ᠬᠠᠭᠤᠴᠢᠨ ᠲᠦᠷᠢ ᠲᠦᠷᠭᠦ》 ᠶ᠋ᠢ 《ᠰᠢᠨ᠎ᠡ ᠳᠦᠷᠰᠦ ᠪᠠᠢᠳᠠᠯ》 ᠢ᠋ᠶ᠋ᠠᠷ ᠰᠣᠯᠢᠵᠦ᠂ ᠶᠢ ᠮᠧᠩ ᠲᠠᠯ᠎ᠠ ᠨᠤᠲᠤᠭ᠎ᠤᠨ ᠤᠲᠤᠲᠤ ᠣᠭᠲᠠᠷᠭᠤᠢ ᠶ᠋ᠢ ᠰᠤᠨᠢᠷᠬᠠᠬᠤ ᠠᠷᠠᠳ᠎ᠤᠨ ᠤᠷᠤᠨ ᠰᠠᠭᠤᠴᠠ᠂ ᠰᠢᠨ ᠶᠣᠣ ᠤᠷᠠᠯᠢᠭ᠋ ᠰᠤᠶᠤᠯ᠎ᠤᠨ ᠮᠠᠯᠵᠢᠯ᠎ᠤᠨ ᠲᠠᠯᠠᠪᠠᠢ᠂ ᠤᠯᠠᠭᠠᠨᠪᠦᠲᠦᠩ᠎ᠦᠨ ᠠᠭᠠᠷ᠎ᠤᠨ ᠠᠶᠠᠯᠠᠯ᠎ᠤᠨ ᠵᠢᠵᠢᠭ ᠪᠠᠯᠭᠠᠰᠤ ᠵᠡᠷᠭᠡ 《ᠠᠷᠠᠳ᠎ᠤᠨ ᠤᠷᠤᠨ ᠰᠠᠭᠤᠴᠠ + ᠵᠢᠭᠤᠯᠴᠢᠯᠠᠯ》 《ᠵᠠᠮ ᠬᠠᠷᠢᠯᠴᠠᠭ᠎ᠠ + ᠵᠢᠭᠤᠯᠴᠢᠯᠠᠯ》 ᠤ᠋ᠨ ᠭᠡᠪ ᠵᠠᠭᠪᠤᠷ᠎ᠨᠢ ᠵᠢᠱ᠌ᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠷ᠎ᠡ ᠪᠦᠲᠦᠮᠵᠢ ᠪᠡᠷ ᠢᠯᠡᠳᠲᠡ ᠪᠣᠯᠪᠠ᠃ ᠰᠢᠷᠠᠮᠦ᠋ᠷᠡᠨ ᠶᠡᠬᠡ ᠬᠥᠭᠥᠷᠭᠡ ᠨᠢ ᠰᠦᠯᠵᠢᠶᠡᠨ ᠬᠠᠯᠠᠮᠰᠢᠯ ᠪᠤᠯᠤᠭᠰᠠᠨ ᠦᠵᠡᠮᠵᠢ ᠶ᠋ᠢᠨ ᠭᠠᠵᠠᠷ ᠪᠤᠯᠤᠭᠰᠠᠨ ᠵᠢᠡᠷ ᠪᠠᠷᠠᠬᠤ ᠦᠬᠡᠢ ᠳᠥᠷᠪᠡᠨ ᠶᠡᠬᠡ ᠰᠣᠶᠣᠯ ᠵᠢᠭᠤᠯᠴᠢᠯᠠᠯ ᠤ᠋ᠨ IP ᠪᠠᠶᠠᠷ ᠳᠤᠷᠠᠰᠬᠠᠯ᠎ᠤᠨ ᠠᠵᠢᠯᠯᠠᠭ᠎ᠠ ᠶ᠋ᠢ ᠦᠷᠭᠦᠯᠵᠢᠯᠡᠨ ᠡᠷᠭᠢᠯᠡᠵᠦ᠂ 《ᠬᠡᠰᠢᠭᠲᠡᠨ ᠢ᠋ᠶ᠋ᠡᠷ ᠵᠤᠭᠠᠯᠠᠶ᠎ᠠ》 ᠤᠷᠤᠯᠳᠤᠭᠠᠨ᠂ ᠴᠠᠭᠠᠯᠵᠢ ᠵᠢᠭᠠᠰᠦ ᠶ᠋ᠢᠨ ᠨᠡᠭᠦᠳᠡᠯ ᠎ᠢ ᠰᠤᠨᠢᠷᠠᠠᠠᠬᠤ᠂ ᠮᠥᠩᠭᠥᠨ ᠡᠪᠦᠯ᠎ᠦᠨ ᠲᠡᠮᠡᠭᠡᠨ ᠰᠣᠶᠣᠯ᠎ᠤᠨ ᠨᠠᠢᠷ᠂ ᠤᠯᠠᠭᠠᠠᠪᠤᠲᠤᠩ᠎ᠤᠨ ᠮᠥᠰᠥ ᠴᠠᠰᠤᠨ᠎ᠤ ᠨᠠᠢᠷ ᠵᠡᠷᠭᠡ 20 ᠭᠠᠷᠤᠢ ᠰᠣᠳᠣᠨ ᠰᠣᠶᠣᠯ ᠵᠢᠭᠤᠯᠴᠢᠯᠠᠯ ᠤ᠋ᠨ ᠠᠵᠢᠯᠯᠠᠭ᠎ᠠ ᠶ᠋ᠢ ᠵᠡᠷᠭᠡᠪᠡᠷ ᠦᠷᠨᠢᠭᠦᠯᠤᠨ᠂《ᠬᠡᠰᠢᠭᠲᠡᠨ ᠨᠡᠷᠡᠮᠵᠢᠲᠦ》 ᠣᠨᠴᠠᠯᠢᠭ᠍ᠲᠤ ᠵᠢᠭᠤᠯᠴᠢᠯᠠᠯ᠎ᠤᠨ ᠭᠠᠯ ᠲᠡᠷᠭᠡ ᠵᠢ ᠨᠡᠪᠳᠡᠷᠡᠬᠦᠯᠵᠦ᠂ ᠪᠥᠬᠥ ᠬᠣᠲᠠ᠎ᠶᠢᠨ ᠰᠣᠶᠣᠯ ᠵᠢᠭᠤᠯᠴᠢᠯᠠᠯ᠎ᠤᠨ ᠭᠣᠣᠯᠳᠠᠯᠭ᠎ᠠ᠎ᠲᠠᠢ ᠲᠥᠷᠥᠯ ᠵᠦᠢᠯ᠎ᠦᠨ ᠪᠣᠯᠪᠠᠰᠤᠷᠠᠯ᠎ᠤᠨ ᠬᠤᠷᠠᠯ᠎ᠢ ᠲᠡᠭᠦᠰ ᠠᠮᠵᠢᠯᠲᠠ᠎ᠲᠠᠢ ᠡᠷᠭᠢᠯᠡᠪᠡ᠃ ᠡᠢᠨᠬᠦ ᠪᠥᠬᠥ ᠵᠢᠯ᠎ᠳᠦ ᠵᠢᠭᠤᠯᠴᠢᠯᠠᠭᠰᠠᠳ᠎ᠢ 590 ᠲᠦᠮᠡᠨ ᠬᠦᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ᠎ᠤᠨ ᠶᠡᠷᠦᠩᠬᠡᠢ ᠣᠷᠣᠯᠭ᠎ᠠ ᠎ᠶᠢ 70.5 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 7.7% ᠪᠠ 7.3% ᠪᠡᠷ ᠨᠡᠮᠡᠭᠳᠡᠪᠡ᠃ ᠭᠠᠯᠳᠠᠰᠦᠲᠠᠢ ᠬᠠᠯᠠᠭᠤᠨ ᠷᠠᠰᠢᠶᠠᠨ᠎ᠤ ᠵᠢᠵᠢᠭ ᠪᠠᠯᠭᠠᠰᠤ ᠶ᠋ᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠩᠬᠠᠲᠤᠭᠠᠷ ᠪᠦᠯᠦᠭ ᠡᠷᠡᠭᠦᠯᠵᠢᠯ ᠰᠤᠪᠢᠯᠠᠯᠲᠠ᠎ᠶᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢᠶᠠᠷ ᠠᠮᠵᠢᠯᠲᠠ᠎ᠲᠠᠢ ᠭᠤᠶᠤᠴᠢᠯᠠᠨ ᠮᠡᠳᠡᠭᠦᠯᠵᠦ᠂ ᠳᠤᠮᠳᠠᠳᠤ ᠤᠯᠤᠰ᠎ᠤᠨ ᠤᠮᠠᠷᠠᠲᠤ ᠬᠢᠯᠢ᠎ᠶᠢᠨ ᠦᠵᠡᠮᠵᠢ᠎ᠶᠢᠨ ᠶᠡᠬᠡ ᠵᠠᠮ ᠪᠤᠯᠬᠤ 《ᠳᠠ ᠳᠠ ᠱᠤᠭᠤᠮ》 ᠨᠢ 2024 ᠣᠨ ᠤ᠋ 《ᠬᠥᠳᠡᠭᠡ ᠲᠣᠰᠬᠣᠨ᠎ᠢᠶᠠᠷ ᠵᠤᠭᠠᠴᠠᠨ᠂ ᠵᠠᠮ ᠤ᠋ᠨ ᠦᠵᠡᠮᠵᠢ ᠰᠤᠨᠢᠷᠬᠠᠬᠤ》 ᠬᠠᠮᠤᠭ᠎ᠤᠨ ᠭᠤᠶᠤ ᠰᠣᠳᠣᠨ ᠵᠠᠮ᠎ᠢᠶᠠᠷ ᠦᠨᠡᠯᠡᠭᠳᠡᠵᠡᠢ᠃

ᠪᠢᠷᠠᠭᠤ ᠠ᠋ᠴᠠ ᠤᠯᠠᠭᠠᠠᠪᠤᠲᠤᠩ ᠭᠦᠷᠭᠦ ᠦᠨᠲᠦᠷ ᠬᠤᠷᠲᠤᠴᠠᠲᠦ ᠵᠠᠰᠠᠮᠠᠯ ᠵᠠᠮ ᠪᠦᠬᠦ ᠱᠤᠭᠤᠮ᠎ᠢᠶᠠᠷ ᠳᠡᠷᠭᠡ ᠨᠡᠪᠲᠡᠷᠡᠵᠦ᠂ 233 ᠤᠯᠤᠰ᠎ᠤᠨ ᠵᠠᠮ᠎ᠤᠨ ᠨᠢᠭᠡᠳᠦᠭᠡᠷ ᠳᠡᠰ᠎ᠤᠨ ᠵᠠᠮ᠎ᠤᠨ ᠬᠡᠰᠡᠭ᠎ᠦᠨ ᠰᠠᠯᠤᠩᠭᠢ ᠵᠥᠷᠢᠯᠢᠭ ᠬᠥᠭᠥᠷᠭᠡ ᠶ᠋ᠢ ᠪᠠᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ 220 ᠮᠤᠵᠢ ᠶ᠋ᠢᠨ ᠵᠠᠮ᠎ᠤᠨ ᠤᠯᠠᠭᠠᠠᠪᠤᠲᠤᠩ᠎ᠤᠨ ᠬᠡᠰᠡᠭ᠎ᠦᠨ ᠵᠠᠰᠠᠮᠠᠯ ᠵᠠᠮ᠎ᠤᠨ ᠰᠠᠭᠤᠷᠢ ᠶ᠋ᠢᠨ ᠪᠠᠷᠢᠯᠭ᠎ᠠ ᠶ᠋ᠢᠨ ᠠᠵᠢᠯ ᠢ᠋ ᠳᠠᠭᠤᠰᠬᠠᠵᠤ᠂ ᠤᠯᠤᠰ ᠪᠠ ᠮᠤᠵᠢ ᠶ᠋ᠢᠨ ᠭᠣᠣᠯ ᠱᠤᠭᠤᠮ᠎ᠤᠨ ᠵᠠᠰᠠᠮᠠᠯ ᠵᠠᠮ᠎ᠤᠨ ᠶᠠᠰᠤ ᠴᠢᠨᠠᠷ ᠢ᠋ ᠳᠡᠭᠡᠭᠰᠢᠯᠡᠭᠦᠯᠦᠨ ᠥᠭᠡᠷᠡᠴᠢᠯᠡᠬᠦ ᠪᠠ 《ᠲᠦᠷᠪᠡ ᠶ᠋ᠢ ᠪᠦᠷᠢᠯᠲᠦᠭᠦᠯᠦᠭᠰᠡᠨ ᠬᠥᠳᠡᠭᠡ ᠲᠣᠰᠬᠣᠨ᠎ᠤ ᠵᠠᠮ》 ᠎ᠤ᠋ᠨ ᠢᠨᠵᠧᠨᠧᠷᠢᠩ ᠢ᠋ ᠪᠦᠬᠦᠨ ᠢ᠋ ᠪᠠᠢᠭᠤᠯᠵᠦ ᠳᠠᠭᠤᠰᠬᠠᠪᠠ᠃ ᠤᠯᠠᠭᠠᠨᠪᠦᠲᠦᠩ᠂ ᠠᠰᠬᠠᠲᠤ᠎ᠶᠢᠨ ᠨᠡᠢᠳᠡᠮ᠎ᠤᠨ ᠬᠡᠷᠡᠭᠯᠡᠭᠡᠨ᠎ᠦ ᠨᠢᠰᠬᠡᠯ᠎ᠦᠨ ᠪᠠᠭᠤᠳᠠᠯ ᠤ᠋ᠨ ᠭᠣᠣᠯ ᠴᠣᠭᠴᠠ᠎ᠶᠢᠨ ᠪᠠᠷᠢᠯᠭ᠎ᠠ᠎ᠶᠢᠨ ᠠᠵᠢᠯ᠎ᠢ ᠪᠡᠶᠡᠯᠡᠭᠦᠯᠵᠦ᠂ ᠵᠢᠨᠢᠩ᠎ᠡᠴᠡ ᠲᠦᠩᠯᠢᠶᠤᠤ ᠬᠦᠷᠬᠦ ᠲᠡᠮᠦᠷ ᠵᠠᠮ᠎ᠤᠨ ᠴᠠᠭᠢᠯᠭᠠᠨᠵᠢᠭᠤᠯᠬᠤ ᠥᠭᠡᠷᠡᠴᠢᠯᠡᠯᠲᠡ᠎ᠶᠢᠨ ᠢᠨᠵᠧᠨᠧᠷᠢᠩ ᠎ᠢ ᠪᠦᠬᠦ ᠱᠤᠭᠤᠮ᠎ᠢᠶᠠᠷ ᠨᠡᠪᠲᠡᠷᠡᠭᠦᠯᠤᠨ᠂ ᠬᠣᠲᠠ ᠪᠠᠯᠭᠠᠰᠤᠨ᠎ᠤ ᠪᠦᠲᠦᠭᠡᠨ ᠪᠠᠢᠭᠤᠯᠤᠯᠲᠠ᠎ᠶᠢ ᠯᠠᠪᠳᠠᠭᠤᠨ᠎ᠢᠶᠠᠷ ᠠᠬᠢᠭᠤᠯᠵᠤ᠂ ᠪᠢᠷᠠᠭᠤ ᠬᠣᠶᠠᠳᠤᠭᠠᠷ ᠵᠡᠭᠡᠯᠢ᠂ ᠶᠠᠪᠠᠭᠠᠨ ᠵᠡᠭᠡᠯᠢ᠂ ᠶᠤᠸᠠᠨ ᠯᠢᠨ ᠵᠠᠮ ᠵᠡᠷᠭᠡ 5 ᠵᠤᠷᠪᠤᠰ ᠬᠣᠲᠠ᠎ᠶᠢᠨ ᠶᠠᠪᠤᠳᠠᠯ᠎ᠤᠨ ᠵᠠᠮ᠎ᠢ ᠡᠮᠬᠢ ᠵᠢᠷᠤᠮ᠎ᠲᠠᠢ᠎ᠪᠠᠷ ᠬᠡᠷᠡᠭᠵᠢᠭᠦᠯᠵᠦ᠂ 7 ᠵᠤᠷᠪᠤᠰ ᠪᠤᠢᠳᠠ ᠪᠦᠭᠯᠡᠭᠦᠦ ᠵᠢᠵᠢᠭ ᠭᠤᠳᠤᠮᠵᠢ᠎ᠶᠢ ᠦᠭᠡᠷᠡᠴᠢᠯᠡᠨ ᠰᠠᠢᠵᠢᠷᠠᠭᠤᠯᠵᠦ᠂ ᠬᠣᠲᠠ᠎ᠶᠢᠨ ᠲᠣᠭᠣᠷᠢᠭ᠋᠎ᠤᠨ ᠵᠠᠮ ᠬᠠᠷᠢᠯᠴᠠᠭᠠᠨ᠎ᠤ ᠲᠦᠭᠵᠢᠷᠡᠯ᠎ᠢ ᠪᠦᠲᠦᠮᠵᠢᠲᠡᠶ ᠰᠠᠢᠵᠢᠷᠠᠭᠤᠯᠵᠦ᠂ 24 ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠋᠎ᠤᠨ ᠥᠭᠡᠷᠡᠴᠢᠯᠡᠯᠲᠡ᠎ᠶᠢ ᠠᠯᠬᠤᠮ ᠳᠠᠷᠠᠭ᠎ᠠ᠎ᠲᠠᠢ᠎ᠪᠠᠷ ᠲᠦᠯᠬᠢᠨ ᠠᠬᠢᠭᠤᠯᠤᠯ᠎ᠠ᠃

ᠮᠠᠯ ᠠᠵᠤ ᠠᠬᠤᠢ᠎ᠶᠢᠨ ᠬᠡᠯᠪᠡᠷᠢ ᠪᠡᠨ ᠬᠤᠪᠢᠷᠠᠭᠤᠯᠬᠤ ᠶ᠋ᠢ ᠯᠠᠪᠳᠠᠭᠤᠨ ᠪᠠᠲᠤᠲᠠᠢ ᠳᠦᠷᠬᠡᠳᠬᠡᠪᠡ᠃ᠶᠡᠷᠦᠩᠭᠡᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ ᠦᠬᠡᠷ ᠬᠤᠨᠢᠨ᠎ᠤ ᠦᠨ᠎ᠡ ᠬᠠᠩᠰᠢ ᠵᠢ ᠳᠤᠭᠳᠠᠭᠤᠨ ᠪᠠᠢᠯᠭᠠᠵᠦ᠂ 35 ᠲᠦᠮᠡᠨ ᠮᠦ᠍ ᠲᠠᠷᠢᠮᠠᠯ ᠡᠪᠡᠰᠦ ᠪᠤᠷᠲᠤᠭᠠᠨ ᠤ᠋ ᠭᠠᠵᠠᠷ᠂ 6 ᠲᠦᠮᠡᠨ ᠮᠦ᠍ ᠬᠢᠶᠠᠭ ᠡᠪᠡᠰᠦᠨ᠎ᠦ ᠠᠵᠤ ᠦᠢᠯᠡᠰ᠎ᠦᠨ ᠬᠦᠷᠢᠶᠡᠯᠡᠩ᠎ᠢ ᠪᠠᠢᠭᠤᠯᠵᠦ᠂ 20 ᠲᠦᠮᠡᠨ ᠮᠦ᠍ ᠡᠰᠢ ᠰᠦᠷᠡᠯ᠎ᠢ ᠡᠳ᠋ᠰᠢᠭᠦᠯᠦᠨ ᠬᠤᠪᠢᠷᠠᠭᠤᠯᠵᠦ᠂ ᠰᠠᠢᠨ ᠡᠭᠦᠯᠳᠡᠷ᠎ᠢ ᠦᠷᠡᠵᠢᠭᠦᠯᠦᠨ ᠪᠣᠢᠵᠢᠭᠤᠯᠬᠤ᠂ ᠨᠤᠲᠤᠭ ᠤ᠋ᠨ ᠦᠬᠡᠷ ᠤ᠋ᠨ ᠢᠴᠡᠭᠡᠯ ᠦᠷ᠎ᠡ ᠶ᠋ᠢᠨ ᠭᠡᠭᠡᠯᠲᠦᠭᠦᠯᠭᠡ᠂ ᠬᠦᠪᠦᠷᠡᠯ ᠰᠢᠯᠵᠢᠭᠦᠯᠬᠦ ᠮᠡᠷᠭᠡᠵᠢᠯ᠎ᠢ ᠢᠳᠡᠪᠬᠢᠲᠡᠢ᠎ᠪᠡᠷ ᠳᠡᠯᠭᠡᠷᠡᠭᠦᠯᠵᠦ᠂ 16.4 ᠲᠦᠮᠡᠨ ᠮᠢᠬᠠᠨ ᠤ᠋ ᠦᠬᠡᠷ᠂ 60.2 ᠲᠦᠮᠡᠨ ᠮᠢᠬᠠᠨ ᠤ᠋ ᠬᠣᠨᠢ᠎ᠶᠢ ᠡᠭᠦᠯᠳᠡᠷ ᠰᠠᠢᠵᠢᠷᠠᠭᠤᠯᠤᠨ᠂ ᠡᠭᠦᠯᠳᠡᠷ ᠰᠠᠢᠵᠢᠷᠠᠭᠤᠯᠤᠭᠰᠠᠨ ᠨᠤᠷᠮ᠎ᠠ᠎ᠶᠢ 97% ᠡᠴᠡ ᠳᠡᠭᠡᠭᠰᠢ᠎ᠳᠦ ᠭᠦᠷᠭᠡᠨ᠂ ᠪᠥᠬᠥ ᠬᠣᠲᠠ᠎ᠶᠢᠨ ᠠᠩᠬᠠᠳᠠᠭ᠍ᠴᠢ ᠤᠯᠤᠰ᠎ᠤᠨ ᠬᠤᠸᠠ ᠰᠢ ᠦᠬᠡᠷ ᠮᠠᠯ ᠵᠢᠭᠦᠷᠲᠡᠨ᠎ᠦ ᠭᠣᠣᠯ ᠡᠭᠦᠯᠳᠡᠷ᠎ᠢ ᠪᠣᠢᠵᠢᠭᠤᠯᠬᠤ ᠲᠠᠯᠠᠪᠠᠶ ᠨᠢ ᠠᠬᠤᠢ ᠳᠠᠯᠠᠪᠠᠢ ᠶ᠋ᠢᠨ ᠬᠠᠷᠭᠤᠭᠤᠯᠤᠨ ᠪᠠᠢᠴᠠᠭᠠᠬᠤ᠎ᠶᠢ ᠪᠡᠶᠡᠯᠡᠭᠦᠯᠦᠭᠰᠡᠨ ᠳᠡᠳᠦᠢ ᠦᠬᠡᠢ᠂ ᠳᠠᠮ ᠬᠦᠦ ᠲᠠᠢ ᠵᠢᠭᠡᠯᠡᠯᠭᠡ ᠶ᠋ᠢᠨ 《ᠬᠤᠭᠤᠴᠠᠭ᠎ᠠ ᠶ᠋ᠢ ᠤᠷᠲᠤᠳᠬᠠᠨ ᠬᠦᠦ ᠶ᠋ᠢ ᠪᠠᠭᠤᠷᠠᠭᠤᠯᠵᠤ》᠂ ᠠᠷᠠᠳ᠎ᠤᠨ ᠬᠤᠭᠤᠷᠤᠨᠲᠤᠬᠢ ᠮᠥᠩᠭᠥᠨ ᠭᠦᠢᠯᠭᠡᠭᠡᠨ᠎ᠦ 《ᠨᠣᠷᠮ᠎ᠠ ᠶ᠋ᠢ ᠪᠠᠭᠤᠷᠠᠭᠤᠯᠤᠨ ᠠᠰᠢᠭ᠋ ᠣᠯᠭᠣᠵᠤ》᠂ ᠣᠯᠠᠨ ᠲᠦᠮᠡᠨ᠎ᠳᠦ 5200 ᠲᠦᠮᠡᠨ ᠲᠥᠭᠥᠷᠢᠭ᠎ᠦᠨ ᠵᠠᠷᠤᠯᠭ᠎ᠠ ᠶ᠋ᠢ ᠠᠷᠪᠢᠯᠠᠵᠤ ᠦᠭᠪᠡ᠃ ᠴᠥᠭᠡᠨ ᠲᠡᠵᠢᠭᠡᠵᠦ ᠨᠠᠷᠢᠯᠢᠭ᠋ ᠠᠷᠠᠴᠢᠯᠠᠨ᠂ ᠲᠡᠵᠢᠭᠡᠨ ᠦᠷᠡᠵᠢᠭᠦᠯᠬᠦ ᠪᠦᠲᠦᠴᠡ᠎ᠶᠢ ᠲᠣᠬᠢᠷᠠᠭᠤᠯᠤᠨ ᠰᠢᠯᠢᠳᠡᠭᠵᠢᠭᠦᠯᠵᠦ᠂ ᠪᠥᠬᠥ ᠵᠢᠯ ᠤ᠋ᠨ ᠮᠢᠬᠠᠨ ᠤ᠋ ᠦᠬᠡᠷ᠂ ᠮᠢᠬᠠᠨ ᠤ᠋ ᠬᠣᠨᠢᠨ᠎ᠤ ᠲᠣᠭ᠎ᠠ 58.4 ᠲᠦᠮᠡ ᠪᠠ 190.7 ᠲᠦᠮᠡ ᠪᠠᠢᠵᠤ᠂ ᠡᠭᠦᠨ᠎ᠳᠦ ᠭᠤᠷᠪᠠᠲᠤᠭᠠᠷ ᠦᠶ᠎ᠡ᠎ᠡᠴᠡ ᠳᠡᠭᠡᠭᠰᠢᠬᠢ ᠰᠢᠮᠧᠨ᠋ᠳᠠᠷ ᠡᠭᠦᠯᠳᠡᠷ ᠤ᠋ᠨ ᠮᠢᠬᠠᠨ ᠤ᠋ ᠦᠬᠡᠷ᠎ᠦᠨ ᠡᠵᠡᠯᠡᠬᠦ ᠬᠠᠷᠢᠴᠠᠯ 60% ᠶ᠋ᠢ ᠳᠠᠪᠠᠵᠤ᠂ ᠵᠣᠣ ᠤᠳᠠ ᠮᠢᠬᠠᠨ ᠤ᠋ ᠬᠣᠨᠢᠨ᠎ᠤ ᠲᠣᠭ᠎ᠠ 85 ᠲᠦᠮᠡ᠎ᠳᠦ ᠬᠥᠷᠴᠤ᠂ ᠠᠵᠤ ᠦᠢᠯᠡᠰᠵᠢᠯᠲᠡ᠎ᠶᠢᠨ ᠠᠬᠢᠴᠠ᠎ᠶᠢ ᠲᠦᠷᠭᠡᠳᠬᠡᠨ ᠠᠬᠢᠭᠤᠯᠪᠠ᠃ ᠡᠯᠳᠡᠪ ᠠᠮᠤ ᠪᠤᠷᠴᠠᠭ᠂ ᠢᠳᠡᠰᠢᠨ ᠨᠣᠭᠣᠭ᠎ᠠ᠂ ᠮᠢᠬᠠᠨ᠎ᠤ ᠵᠦᠢᠯ ᠵᠡᠷᠭᠡ ᠶ᠋ᠢ ᠠᠩᠬ᠎ᠠ ᠠᠯᠬᠤᠮ ᠪᠣᠯᠪᠠᠰᠤᠷᠠᠭᠤᠯᠬᠤ ᠦᠢᠯᠡᠳᠪᠦᠷᠢ᠎ᠶᠢ 11 ᠰᠢᠨ᠎ᠡ᠎ᠪᠡᠷ ᠨᠡᠮᠡᠭᠳᠡᠭᠦᠯᠵᠦ᠂ ᠰᠠᠭᠠᠯᠢ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ ᠦᠢᠯᠡᠳᠪᠦᠷᠢᠯᠡᠯ᠎ᠦᠨ ᠱᠤᠭᠤᠮ ᠎ᠢ ᠰᠢᠨ᠎ᠡ᠎ᠪᠡᠷ 5 ᠪᠠᠢᠭᠤᠯᠵᠤ᠂ 2 ᠮᠢᠬᠠᠨ ᠤ᠋ ᠦᠬᠡᠷ ᠮᠢᠬᠠᠨ ᠤ᠋ ᠬᠣᠨᠢ ᠨᠢᠲᠤᠯᠠᠵᠤ ᠪᠣᠯᠪᠠᠰᠤᠷᠠᠭᠤᠯᠬᠤ ᠦᠢᠯᠡᠳᠪᠦᠷᠢᠯᠡᠯ᠎ᠦᠨ ᠱᠤᠭᠤᠮ ᠎ᠢ ᠥᠭᠡᠷᠡᠴᠢᠯᠡᠨ ᠲᠡᠰ ᠳᠡᠪᠰᠢᠭᠦᠯᠵᠦ᠂ ᠡᠪᠡᠰᠦᠨ ᠡᠮ᠂ ᠨᠣᠢᠯ ᠪᠤᠭᠤᠳᠠᠢ᠂ ᠬᠦᠢᠲᠡᠨ ᠰᠡᠷᠢᠭᠦᠨ ᠤᠷᠤᠨ ᠳ᠋ᠤ᠌ ᠵᠤᠬᠢᠴᠠᠬᠤ ᠢᠳᠡᠰᠢᠨ ᠨᠣᠭᠣᠭ᠎ᠠ᠂ ᠢᠳᠡᠰᠢᠨ ᠮᠥᠭᠥ ᠵᠡᠷᠭᠡ ᠣᠨᠴᠠᠯᠢᠭ᠍ᠲᠤ ᠠᠵᠤ ᠦᠢᠯᠡᠰ᠎ᠦᠨ ᠬᠡᠪᠴᠢᠶ᠎ᠡ᠎ᠶᠢ ᠲᠣᠰ ᠲᠣᠰ 4.2 ᠲᠦᠮᠡᠨ ᠮᠦ᠍᠂ 1.8 ᠲᠦᠮᠡᠨ ᠮᠦ᠍᠂ 4 ᠲᠦᠮᠡᠨ ᠮᠦ᠍᠎ᠳᠤ ᠬᠦᠷᠭᠡᠪᠡ᠃ ᠡᠬᠦᠨ ᠵᠢᠡᠷ ᠦᠯᠦ ᠪᠠᠷᠠᠮ᠂ ᠮᠠᠯ ᠲᠠᠷᠢᠶᠠᠯᠠᠩ᠎ᠤᠨ ᠠᠰᠢᠭ᠋ ᠰᠢᠮ᠎ᠡ᠎ᠶᠢᠨ ᠪᠦᠲᠦᠭᠡᠭᠳᠡᠬᠦᠨ᠎ᠢ ᠡᠳ᠋ᠰᠢᠭᠦᠯᠦᠨ ᠬᠤᠪᠢᠷᠠᠭᠤᠯᠬᠤ ᠨᠣᠷᠮ᠎ᠠ᠎ᠶᠢ 77% ᠪᠤᠯᠭᠠᠨ ᠳᠡᠭᠡᠭᠰᠢᠯᠡᠭᠦᠯᠵᠦ᠂ ᠨᠠᠷᠠᠲᠤ ᠲᠡᠮᠳᠡᠭᠲᠦ᠎ᠶᠢ ᠡᠭᠦᠳᠭᠦ ᠵᠠᠬ᠎ᠠ ᠳᠡᠯᠭᠡᠭᠦᠷ᠎ᠦᠨ ᠦᠷ᠎ᠡ ᠠᠰᠢᠭ᠋ ᠲᠠᠰᠤᠷᠠᠯᠲᠠ ᠦᠭᠡᠢ ᠲᠣᠪᠣᠢᠮ᠎ᠠ ᠪᠣᠯᠪᠠ᠃

ᠠᠮᠢ ᠠᠬᠤᠢ᠎ᠶᠢᠨ ᠣᠷᠴᠢᠨ ᠲᠣᠭᠣᠷᠢᠨ᠎ᠢ ᠢᠯᠡᠳᠲᠡ ᠰᠠᠢᠵᠢᠷᠠᠭᠤᠯᠪᠠ᠃ 《ᠵᠠᠰᠠᠭ᠎ᠤᠨ ᠣᠷᠳᠣᠨ ᠭᠤᠤᠯᠯᠠᠨ ᠤᠲᠤᠷᠢᠲᠤᠭᠰᠠᠨ᠂ ᠲᠥᠪ᠎ᠦᠨ ᠠᠵᠤ ᠠᠬᠤᠢᠯᠠᠯ ᠳᠡᠮᠵᠢᠭᠰᠡᠨ᠂ ᠣᠯᠠᠨ ᠲᠠᠯ᠎ᠠ ᠠ᠋ᠴᠠ ᠪᠡᠯᠡ ᠮᠦᠩᠭᠦ ᠤᠷᠤᠭᠤᠯᠤᠭᠰᠠᠨ᠂ ᠣᠯᠠᠨ ᠲᠦᠮᠡᠨ ᠤᠷᠤᠯᠴᠠᠭᠰᠠᠨ᠂ ᠠᠮᠢ ᠠᠬᠤᠢ᠎ᠶᠢᠨ ᠬᠠᠮᠠᠭᠠᠯᠠᠯᠲᠠ ᠬᠢᠭᠡᠳ ᠠᠵᠤ ᠠᠬᠤᠢ᠎ᠶᠢᠨ ᠦᠷ᠎ᠡ ᠠᠰᠢᠭ᠋ ᠎ᠢ ᠬᠠᠮᠲᠤ᠎ᠪᠠᠷ ᠡᠳ᠋ᠯᠡᠬᠦ》 ᠡᠯᠡᠰᠦ ᠵᠢ ᠵᠠᠰᠠᠬᠤ ᠵᠠᠭᠪᠤᠷ᠎ᠢ ᠤᠷᠢᠳ᠎ᠢᠶᠡᠷ ᠲᠤᠷᠰᠢᠨ ᠭᠡᠷᠡᠭᠵᠢᠭᠦᠯᠵᠦ᠂ ᠼᠥᠸᠧ ᠼᠣᠣ ᠱᠠᠨ ᠠᠭᠤᠯᠠᠨ ᠳ᠋ᠤ᠌ ᠵᠠᠮ ᠨᠡᠭᠡᠭᠡᠬᠦ᠂ ᠲᠥᠪ᠎ᠦᠨ ᠠᠵᠤ ᠠᠬᠤᠢᠯᠠᠯ ᠲᠤᠷᠰᠢᠯᠲᠠ ᠶ᠋ᠢᠨ ᠴᠡᠭ ᠲᠤ᠌ ᠤᠷᠤᠯᠴᠠᠬᠤ ᠰᠢᠷᠢᠰ ᠢᠨᠵᠧᠨᠧᠷᠢᠩ᠎ᠢ ᠠᠮᠵᠢᠯᠲᠠ᠎ᠲᠠᠢ᠎ᠪᠠᠷ ᠬᠡᠷᠡᠭᠵᠢᠭᠦᠯᠦᠨ᠂ ᠡᠯᠡᠰᠦᠷᠬᠡᠭ ᠭᠠᠵᠠᠷ᠎ᠢ 90 ᠲᠦᠮᠡᠨ ᠮᠦ᠍ ᠵᠠᠰᠠᠬᠤ᠎ᠶᠢ ᠪᠡᠶᠡᠯᠡᠭᠦᠯᠪᠡ᠃ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ᠎ᠤᠨ ᠡᠯᠡᠰᠦᠷᠬᠡᠭᠵᠢᠯ᠎ᠢ ᠨᠡᠢᠳᠡᠮ ᠪᠠᠢᠴᠠᠭᠠᠬᠤ ᠲᠤᠷᠰᠢᠯᠲᠠ᠎ᠶᠢᠨ ᠠᠵᠢᠯ᠎ᠢ ᠪᠥᠬᠥ ᠲᠠᠯ᠎ᠠ᠎ᠪᠠᠷ ᠪᠡᠶᠡᠯᠡᠭᠦᠯᠤᠨ᠂ ᠠᠵᠢᠯ ᠣᠯᠭᠣᠬᠤ᠎ᠪᠠᠷ ᠲᠡᠳᠬᠦᠮᠵᠢ᠎ᠶᠢ ᠣᠷᠣᠯᠠᠭᠤᠯᠵᠤ᠂ ᠠᠷᠠᠳ᠎ᠤᠨ ᠣᠷᠣᠯᠭ᠎ᠠ᠎ᠶᠢ 1600 ᠲᠦᠮᠡᠨ ᠲᠥᠭᠥᠷᠢᠭ ᠨᠡᠮᠡᠭᠳᠡᠭᠦᠯᠵᠦ᠂ ᠤᠯᠤᠰ᠎ᠤᠨ ᠠᠵᠢᠯ ᠣᠯᠭᠣᠬᠤ᠎ᠪᠠᠷ ᠲᠡᠳᠬᠦᠮᠵᠢ᠎ᠶᠢ ᠣᠷᠣᠯᠠᠭᠤᠯᠬᠤ ᠠᠬᠤᠢ ᠲᠠᠯᠠᠪᠠᠢ ᠶ᠋ᠢᠨ ᠬᠤᠷᠠᠯ᠎ᠢ ᠤᠷᠤᠭᠰᠢᠲᠠᠢ ᠬᠦᠯᠢᠶᠡᠨ ᠠᠪᠴᠤ᠂ ᠡᠯᠡᠰᠦ᠎ᠶᠢ ᠵᠠᠰᠠᠵᠤ ᠠᠵᠤ ᠦᠢᠯᠡᠰ᠎ᠢ ᠠᠬᠢᠭᠤᠯᠬᠤ ᠠᠰᠢᠭ᠍ᠲᠠᠢ ᠠᠵᠠ ᠲᠣᠬᠢᠶᠠᠯ ᠎ᠢ ᠠᠮᠵᠢᠵᠤ᠂ ᠴᠢᠬᠢ ᠮᠣᠳᠣ᠌᠎ᠶᠢ ᠪᠣᠢᠵᠢᠭᠤᠯᠬᠤ᠂ ᠤᠢ᠎ᠶᠢᠨ ᠳᠠᠭᠠᠯᠳᠠ ᠠᠵᠤ ᠠᠬᠤᠢ᠂ ᠴᠢᠴᠠᠷᠭᠠᠨ᠎ᠠ ᠵᠡᠷᠭᠡ ᠲᠠᠷᠢᠮᠠᠯ᠎ᠢ 4200 ᠲᠦᠮᠡᠨ ᠰᠠᠭᠤᠷᠢ᠂ 2 ᠲᠦᠮᠡᠨ ᠮᠦ᠍᠂ 9 ᠲᠦᠮᠡᠨ ᠮᠦ᠍᠎ᠳᠦ ᠬᠦᠷᠲᠡᠯ᠎ᠡ ᠥᠷᠭᠡᠳᠬᠡᠪᠡ᠃ ᠭᠣᠣᠯᠳᠠᠯᠭ᠎ᠠ᠎ᠲᠠᠢ ᠠᠮᠢ ᠠᠬᠤᠢ᠎ᠶᠢᠨ ᠴᠢᠳᠠᠮᠵᠢᠲᠤ ᠣᠷᠣᠨ᠎ᠤ ᠠᠮᠢ ᠠᠬᠤᠢ᠎ᠶᠢᠨ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠢᠨᠠᠨ ᠰᠢᠯᠭᠠᠯᠲᠠ ᠶᠡᠷᠦᠩᠬᠡᠢ᠎ᠳᠡᠭᠡᠨ ᠲᠣᠭᠲᠠᠭᠤᠨ ᠪᠠᠢᠵᠦ᠂ 1.47 ᠳ᠋ᠦᠩᠰᠢᠭᠤᠷ ᠲᠥᠭᠥᠷᠢᠭ᠎ᠦᠨ ᠪᠡᠯᠡ ᠮᠦᠩᠭᠦ ᠰᠢᠯᠵᠢᠭᠦᠯᠦᠨ ᠥᠭᠬᠦ ᠵᠦᠪᠰᠢᠶᠡᠷᠡᠯ ᠢ᠋ ᠤᠯᠵᠦ᠂ ᠥᠪᠡᠷᠲᠡᠭᠡᠨ ᠵᠠᠰᠠᠬᠤ ᠣᠷᠣᠨ᠎ᠤ ᠬᠣᠶᠠᠳᠤᠭᠠᠷ ᠡᠭᠡᠯᠵᠢ᠎ᠶᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠶ᠋ᠢᠨ ᠱᠠᠭᠠᠷᠳᠠᠨ ᠪᠠᠢᠴᠠᠭᠠᠯᠳᠠ ᠶ᠋ᠢ ᠤᠭᠲᠤᠬᠤ ᠠᠵᠢᠯ ᠢ᠋ ᠤᠷᠤᠭᠰᠢᠲᠠᠢ ᠪᠡᠶᠡᠯᠡᠭᠦᠯᠪᠡ᠃

ᠬᠥᠭᠵᠢᠯᠲᠡ᠎ᠶᠢᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠪᠠᠳᠠᠷᠠᠭᠤᠯᠪᠠ᠃ 17 ᠵᠠᠰᠠᠭ ᠵᠠᠬᠢᠷᠭᠠᠨ᠎ᠤ  ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠢ ᠡᠮᠬᠢᠯᠡᠨ ᠨᠡᠢᠯᠡᠭᠦᠯᠵᠦ ᠠᠵᠤ ᠠᠬᠤᠢᠯᠠᠯ᠎ᠤᠨ ᠦᠢᠯᠡᠴᠢᠯᠡᠭᠡᠨ᠎ᠦ ᠲᠤᠰᠬᠠᠢ ᠲᠤᠭᠤᠷᠢᠭ᠋ ᠭᠠᠷᠭᠠᠵᠤ᠂ ᠨᠢᠭᠡ ᠴᠤᠩᠬᠤᠪᠴᠢ᠎ᠪᠠᠷ ᠭᠥᠯᠢᠶᠡᠨ ᠠᠪᠴᠤ ᠰᠢᠢᠳᠪᠦᠷᠢᠯᠡᠬᠦ᠂ ᠪᠥᠬᠥ ᠶᠠᠪᠤᠴᠠ᠎ᠶᠢ ᠰᠦᠯᠵᠢᠶ᠎ᠡ᠎ᠪᠡᠷ ᠭᠦᠢᠴᠡᠳᠬᠡᠬᠦ᠎ᠶᠢ ᠪᠡᠶᠡᠯᠡᠭᠦᠯᠵᠦ᠂ ᠪᠥᠬᠥ ᠶᠠᠪᠤᠴᠠ᠎ᠶᠢ ᠭᠦᠢᠴᠡᠳᠬᠡᠵᠦ ᠳᠠᠭᠤᠰᠬᠠᠬᠤ ᠴᠠᠭ᠎ᠤᠨ ᠬᠢᠵᠠᠭᠠᠷ᠎ᠢ 71% ᠪᠡᠷ ᠪᠠᠭᠠᠰᠬᠠᠵᠦ᠂ 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠡᠷ ᠭᠦᠢᠴᠡᠳᠬᠡᠬᠦ》 ᠭᠤᠷᠪᠠᠨ ᠱᠠᠲᠤᠨ᠎ᠤ ᠵᠦᠢᠯᠡᠰ᠎ᠦᠨ 24 ᠵᠦᠢᠯ᠎ᠦᠨ ᠨᠠᠷᠢᠨ ᠲᠠᠩᠰᠠ᠎ᠶᠢ ᠪᠥᠬᠥ ᠲᠠᠯ᠎ᠠ᠎ᠪᠠᠷ ᠭᠦᠯᠢᠶᠡᠨ ᠠᠪᠴᠦ ᠨᠠᠢᠳᠠᠪᠤᠷᠢᠵᠢᠭᠤᠯᠤᠨ᠂ 2 ᠵᠦᠢᠯ᠎ᠦᠨ ᠣᠷᠣᠨ ᠨᠤᠲᠤᠭ᠎ᠤᠨ ᠤᠨᠴᠠᠯᠢᠭ᠍ᠲᠤ ᠵᠦᠢᠯᠡᠰ᠎ᠢ ᠦᠪᠡᠷᠳᠡᠭᠡᠨ ᠡᠭᠦᠲᠦᠨ ᠪᠠᠢᠭᠤᠯᠤᠨ᠂ 《ᠣᠷᠣᠨ ᠪᠦᠰᠡ ᠠᠯᠤᠰᠯᠠᠨ ᠨᠡᠢᠳᠡᠮ ᠭᠦᠢᠴᠡᠳᠭᠡᠬᠦ》 ᠶ᠋ᠢ 8752 ᠬᠤᠪᠢ ᠰᠢᠢᠳᠪᠦᠷᠢᠯᠡᠪᠡ᠃ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠡᠵᠡᠩᠨᠡᠯᠲᠡ᠎ᠶᠢᠨ ᠬᠡᠪᠴᠢᠶ᠎ᠡ᠎ᠶᠢ ᠤᠯᠠᠮ ᠨᠢᠭᠡ ᠠᠯᠬᠤᠮ ᠥᠷᠭᠡᠳᠬᠡᠵᠦ᠂ ᠵᠢᠯ ᠤ᠋ᠨ ᠣᠷᠣᠯᠭ᠎ᠠ 5490 ᠲᠦᠮᠡᠨ ᠲᠦᠭᠦᠷᠢᠭ ᠨᠡᠮᠡᠭᠳᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ 《ᠪᠦᠰᠡᠯᠡᠯᠲᠡ᠎ᠶᠢ ᠰᠢᠪᠲᠤᠯᠬᠤ》 ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠪᠠ ᠰᠤᠳᠤᠯᠤᠨ ᠨᠡᠭᠡᠭᠡᠬᠦ ᠵᠠᠷᠤᠳᠠᠯ᠎ᠢ 2.28 ᠳ᠋ᠦᠩᠰᠢᠭᠤᠷ ᠲᠥᠭᠥᠷᠢᠭ ᠪᠡᠯᠡ ᠣᠷᠣᠭᠤᠯᠵᠤ᠂ ᠰᠤᠷᠭᠠᠭᠤᠯᠢ ᠪᠠ ᠠᠵᠤ ᠠᠬᠤᠢᠯᠠᠯ᠎ᠤᠨ ᠬᠠᠮᠲᠤᠷᠠᠯᠴᠠᠭᠠᠨ᠎ᠤ 13 ᠲᠥᠷᠥᠯ ᠵᠦᠢᠯ᠂ ᠠᠵᠤ ᠠᠬᠤᠢᠯᠠᠯ ᠶᠡᠬᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠠᠮᠲᠤᠷᠠᠯᠴᠠᠭᠠᠨ᠎ᠤ 2 ᠲᠥᠷᠥᠯ ᠵᠦᠢᠯ᠎ᠢ ᠠᠬᠢᠭᠤᠯᠵᠦ᠂ ᠨᠠᠷᠢᠯᠢᠭ᠋ ᠣᠨᠣᠴᠠᠲᠠᠢ᠎ᠪᠠᠷ ᠠᠷᠠᠯᠵᠢᠶᠠᠴᠢᠨ ᠤᠷᠢᠬᠤ᠎ᠶᠢ ᠥᠷᠨᠢᠭᠦᠯᠵᠦ᠂ 82 ᠲᠥᠷᠥᠯ ᠵᠦᠢᠯ᠎ᠳᠦ ᠭᠡᠷ᠎ᠡ ᠲᠣᠭᠲᠠᠵᠤ᠂ 72 ᠲᠥᠷᠥᠯ ᠵᠦᠢᠯ᠎ᠢ ᠠᠵᠢᠯ ᠡᠬᠢᠯᠡᠭᠦᠯᠦᠭᠰᠡᠨ ᠠᠮᠵᠢᠯᠳᠡ ᠵᠢ ᠪᠢᠴᠢᠭᠯᠡᠵᠡᠢ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号