ᠪᠦᠬᠦ᠌ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠢᠴᠠᠭᠠᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠪᠠ
2025-09-19 16:27:51
ᠵᠣᠬᠢᠶᠠᠭ᠍ᠴᠢ᠄
​ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆

ᠯᠢ ᠶᠦᠩ ᠵᠢᠶᠦ᠋ᠨ ᠶᠠᠷᠢᠶ᠎ᠠ ᠲᠠᠯᠪᠢᠵᠠᠢ


9 ᠰᠠᠷ᠎ᠠ᠎ᠶ᠋ᠢᠨ 17 ᠎ᠤ᠋ ᠡᠳᠦᠷ᠂ ᠪᠦᠬᠦ᠌ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠪᠠᠢᠴᠠᠭᠠᠬᠤ ᠠᠵᠢᠯ ᠎ᠢ ᠠᠬᠢᠭᠤᠯᠬᠤ ᠬᠤᠷᠠᠯ ᠬᠥᠬᠡᠬᠣᠲᠠ᠎ᠳᠤ ᠬᠤᠷᠠᠯᠳᠤᠪᠠ᠃

ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠪᠠᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃

ᠬᠤᠷᠠᠯ᠎ᠠᠴᠠ᠂ ᠥᠪᠥᠷ ᠮᠣᠩᠭᠣᠯ᠎ᠤᠨ ᠪᠠᠢᠴᠠᠭᠠᠬᠤ ᠪᠠᠢᠭᠤᠯᠭ᠎ᠠ ᠠᠮᠢ ᠠᠬᠤᠶ ᠣᠷᠴᠢᠨ ᠲᠣᠭᠣᠷᠢᠨ᠎ᠤ ᠬᠠᠤᠯᠢ ᠴᠠᠭᠠᠵᠠ᠎ᠶ᠋ᠢᠨ ᠬᠠᠮᠠᠭᠠᠯᠠᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ 2023 ᠣᠨ᠎ᠳᠤ ᠠᠭᠤᠯᠠ ᠱᠢᠭᠤᠶ᠂ ᠭᠤᠤᠯ ᠮᠥᠷᠡᠨ ᠨᠠᠭᠤᠷ ᠴᠥᠭᠥᠷᠥᠮ᠂ ᠨᠤᠲᠤᠭ ᠪᠡᠯᠴᠢᠭᠡᠷ᠎ᠦᠨ 《ᠠᠮᠢ ᠠᠬᠤᠶ᠎ᠶ᠋ᠢᠨ ᠪᠠᠢᠴᠠᠭᠠᠯᠳᠠ ᠵᠢᠨ ᠭᠤᠷᠪᠠᠨ ᠶᠡᠬᠡ ᠬᠠᠮᠵᠢᠯᠴᠠᠭᠠᠨ᠎ᠤ ᠨᠢᠭᠡᠳᠦᠯᠲᠡᠶ ᠠᠵᠢᠯᠯᠠᠭ᠎ᠠ》 ᠶ᠋ᠢ ᠪᠠᠢᠷᠢᠯᠠᠭᠤᠯᠤᠨ ᠥᠷᠨᠢᠭᠦᠯᠦᠭ᠌ᠰᠡᠨ᠎ᠡᠴᠡ ᠨᠠᠭᠠᠰᠢ᠂ ᠪᠥᠬᠥ᠌ ᠣᠷᠣᠨ ᠵᠢᠡᠷ ᠵᠢᠡᠨ ᠠᠮᠢ ᠠᠬᠤᠶ ᠣᠷᠴᠢᠨ ᠲᠣᠭᠣᠷᠢᠨ᠎ᠤ ᠪᠠᠢᠴᠠᠭᠠᠬᠤ ᠬᠡᠷᠡᠭ᠎ᠢ ᠨᠡᠢᠲᠡ 16313 ᠬᠤᠪᠢ ᠱᠢᠶ᠋ᠳᠪᠦᠷᠢᠯᠡᠵᠦ᠍᠂ ᠡᠨᠡ ᠨᠢ ᠨᠢᠭᠡᠳᠦᠯᠲᠡᠶ ᠠᠵᠢᠯᠯᠠᠭ᠎ᠠ ᠵᠢ ᠦᠷᠨᠢᠬᠦᠯᠬᠦ᠎ᠠᠴᠠ ᠡᠮᠦᠨᠡᠬᠢ 3 ᠵᠢᠯ᠎ᠦᠨ᠎ᠬᠢ ᠲᠠᠢ ᠬᠠᠷᠢᠴᠠᠭᠤᠯᠪᠠᠯ 23.9 %᠎ᠪᠡᠷ ᠨᠡᠮᠡᠭ᠌ᠳᠡᠵᠠᠢ ᠬᠡᠵᠤ ᠵᠢᠭᠠᠵᠤ ᠭᠠᠷᠭᠠᠪᠠ᠃

ᠬᠤᠷᠠᠯ᠎ᠠᠴᠠ᠂ ᠠᠮᠢ ᠠᠬᠤᠶ᠎ᠶ᠋ᠢᠨ ᠬᠠᠮᠠᠭᠠᠯᠠᠯᠲᠠ ᠶ᠋ᠢᠨ ᠤᠯᠤᠰ ᠲᠥᠷᠥ ᠶ᠋ᠢᠨ ᠬᠠᠷᠢᠭᠤᠴᠠᠯᠭ᠎ᠠ᠎ᠶ᠋ᠢ ᠪᠠᠲᠤ ᠡᠭᠦᠷᠭᠡᠯᠡᠵᠦ᠍᠂ 《ᠳᠥᠷᠪᠡᠨ ᠶᠡᠬᠡ ᠪᠠᠢᠴᠠᠭᠠᠬᠤ ᠠᠵᠢᠯ》ᠤ᠋ᠨ ᠦᠶ᠋ᠯᠡᠳᠦᠯ᠎ᠢ ᠪᠠᠳᠠᠷᠠᠭᠤᠯᠵᠤ᠂ ᠴᠢᠨᠠᠷ ᠰᠠᠢᠲᠠᠶ ᠥᠨᠳᠥᠷ ᠪᠦᠲᠦᠮᠵᠢᠲᠡᠶ ᠪᠡᠷ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠨᠠᠩ ᠪᠣᠳᠠᠲᠠᠶ ᠨᠠᠩ ᠬᠦᠴᠦᠷᠬᠡᠭ ᠬᠠᠮᠠᠭᠠᠯᠠᠯᠲᠠ᠎ᠶ᠋ᠢᠨ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ ᠎ᠤᠨ ᠪᠥᠲᠥᠭᠡᠨ ᠪᠠᠢᠭᠤᠯᠤᠯᠲᠠ᠎ᠶ᠋ᠢ ᠭᠠᠷ ᠬᠣᠯᠪᠣᠨ ᠠᠬᠢᠭᠤᠯᠬᠤ ᠬᠡᠷᠡᠭ᠌ᠲᠡᠶ ᠬᠡᠵᠤ ᠱᠠᠭᠠᠷᠳᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号