ᠲᠤᠮᠳᠠᠳᠤ ᠵᠢᠨ ᠦᠨᠳᠦᠰᠦᠳᠡᠨ᠎ᠦ ᠠᠭᠤᠤ ᠶᠡᠭᠡ ᠰᠡᠷᠭᠦᠨ ᠮᠠᠨᠳᠤᠯᠳᠠ ᠵᠢᠨ ᠰᠦᠷ ᠬᠦᠴᠦᠨ ᠬᠤᠷᠢᠭᠯᠠᠭᠳᠠᠰᠢ ᠦᠭᠡᠢ
2025-09-19 09:32:23
ᠵᠣᠬᠢᠶᠠᠭ᠍ᠴᠢ᠄
ᠷᠸᠨ ᠵᠦᠩ ᠫᠢᠩ
ᠣᠩᠱᠢᠭ᠍ᠰᠠᠨ ᠣᠳᠠᠭ᠎ᠠ᠄
★★★☆☆

(ᠨᠢᠭᠡ)

ᠲᠡᠦᠬᠡ᠎ᠶ᠋ᠢ ᠪᠠᠲᠤ ᠴᠡᠭᠡᠵᠢᠯᠡᠬᠦ᠌ ᠴᠢᠬᠤᠯᠠ ᠡᠳᠦᠷ ᠪᠣᠯ ᠯᠠᠪᠲᠠᠢ ᠲᠡᠦᠬᠡᠨ ᠳ᠋ᠤ ᠪᠠᠲᠤ ᠴᠡᠭᠡᠵᠢᠯᠡᠭᠳᠡᠬᠦ ᠴᠢᠬᠤᠯᠠ ᠴᠠᠭ ᠮᠥᠴᠡ ᠪᠣᠯᠤᠨ᠎ᠠ᠃

2025 ᠣᠨ᠎ᠤ 9 ᠰᠠᠷ᠎ᠠ᠎ᠶ᠋ᠢᠨ 3᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ᠄ 《ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠵᠢᠨ ᠰᠦᠷ ᠬᠦᠴᠤᠨ ᠬᠤᠷᠢᠬᠯᠠᠬᠳᠠᠰᠢ ᠦᠭᠡᠢ! ᠬᠥᠮᠦᠨ ᠲᠥᠷᠥᠯᠬᠢᠲᠡᠨ᠎ᠦ ᠡᠩᠬᠡ ᠲᠠᠢᠪᠤᠩ ᠪᠠ ᠬᠥᠭ᠌ᠵᠢᠯᠲᠡ᠎ᠶ᠋ᠢᠨ ᠡᠷᠬᠢᠮ ᠳᠡᠭᠡᠳᠦ ᠦᠢᠯᠡᠰ ᠯᠠᠪᠲᠠᠢ ᠢᠯᠠᠯᠲᠠ ᠣᠯᠤᠨ᠎ᠠ!》 ᠭᠡᠵᠤ ᠲᠦᠪ ᠴᠢᠨᠭᠭ᠎ᠠ ᠪᠡᠷ ᠲᠤᠨᠭᠬᠠᠬᠯᠠᠪᠠ᠃

ᠦᠵᠡᠯ ᠰᠠᠨᠠᠭ᠎ᠠ ᠭᠠᠯ ᠪᠠᠮᠪᠠᠷ ᠮᠡᠲᠦ᠂ ᠵᠣᠷᠢᠭ ᠰᠠᠨᠠᠭ᠎ᠠ ᠪᠠᠯᠠᠷᠠᠰᠢ ᠦᠭᠡᠢ᠄ ᠨᠢᠭᠡ ᠤᠳᠠᠭ᠎ᠠ ᠵᠢᠨ ᠴᠡᠷᠢᠭ᠎ᠦᠨ ᠵᠢᠭ᠍ᠰᠠᠭᠠᠯ᠎ᠢ ᠱᠢᠯᠭᠠᠨ ᠦᠵᠡᠬᠦ᠌ ᠦᠪᠡᠳᠡᠭ᠌ᠰᠢ ᠶᠡᠬᠡ ᠶᠣᠰᠣᠯᠠᠯ ᠨᠢ ᠳᠤᠮᠳᠠᠳᠤ ᠤᠯᠤᠰ᠎ᠤᠨ ᠡᠳᠦᠷ᠎ᠡᠴᠡ ᠡᠳᠦᠷ ᠱᠢᠨᠡᠳᠦᠨ ᠬᠤᠪᠢᠷᠠᠵᠤ ᠪᠠᠢᠭ᠎ᠠ ᠵᠢᠷᠤᠭ᠍ᠯᠠᠯ ᠪᠣᠯᠬᠤ ᠪᠥᠭᠡᠳ ᠪᠠᠰᠠ ᠴᠤ᠌ ᠴᠣ ᠱᠢᠨ᠎ᠡ ᠢᠷᠡᠭᠡᠳᠦᠢ᠎ᠶ᠋ᠢ ᠡᠬᠦᠳᠦᠨ ᠨᠡᠭᠡᠭᠡᠭ᠌ᠰᠡᠨ ᠲᠤᠩᠬᠠᠭ᠍ᠯᠠᠯ ᠪᠣᠯᠤᠨ᠎ᠠ᠃

ᠱᠢᠨ᠎ᠡ ᠴᠠᠭ ᠦᠶ᠎ᠡ ᠱᠢᠨ᠎ᠡ ᠠᠶᠠᠨ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠰᠦᠷ ᠬᠦᠴᠤᠨ ᠶᠠᠭᠠᠭᠢᠭᠠᠳ ᠬᠤᠷᠢᠬ᠍ᠯᠠᠭ᠍ᠳᠠᠰᠢ ᠦᠭᠡᠢ ᠪᠤᠢ ?

ᠪᠠᠢᠳᠠᠯ᠎ᠢ ᠠᠵᠢᠭ᠍ᠴᠢ ᠮᠡᠷᠭᠡᠨ᠂ ᠪᠠᠢᠳᠠᠯ᠎ᠢ ᠡᠵᠡᠮᠳᠡᠭ᠌ᠴᠢ ᠢᠯᠠᠨ᠎ᠠ᠃

《ᠤᠳᠤᠷᠢᠳᠭᠤ ᠺᠠᠳ᠋ᠷ ᠭᠡᠬᠦᠳᠡᠭ ᠴᠡᠭᠡᠵᠢᠨ᠎ᠳᠡᠭᠡᠨ ᠬᠣᠶᠠᠷ ᠶᠡᠬᠡ ᠲᠠᠯ᠎ᠠ᠎ᠶ᠋ᠢ ᠪᠠᠭ᠍ᠲᠠᠭᠠᠬᠤ ᠭᠡᠷᠡᠭᠳᠠᠢ᠂ ᠨᠢᠭᠡ ᠨᠢ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ᠂ ᠨᠦᠬᠦᠭᠡ ᠨᠢᠬᠡ ᠨᠢ ᠳᠡᠯᠡᠬᠡᠢ ᠳ᠋ᠠᠬᠢᠨ᠎ᠤ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠪᠣᠯᠤᠨ᠎ᠠ᠂ ᠡᠨᠡ ᠪᠣᠯ ᠮᠠᠨ᠎ᠤ ᠠᠵᠢᠯ᠎ᠢᠶᠠᠨ ᠤᠬᠠᠭᠠᠯᠠᠨ ᠲᠦᠯᠦᠪᠯᠡᠬᠦ ᠶ᠋ᠢᠨ ᠦᠨᠳᠦᠰᠦᠨ ᠵᠣᠷᠢᠯᠲᠠ ᠪᠣᠯᠤᠨ᠎ᠠ》᠃

ᠬᠣᠶᠠᠷ ᠶᠡᠬᠡ ᠲᠠᠯ᠎ᠠ᠎ᠡᠴᠡ ᠠᠪᠴᠤ᠌ ᠦᠵᠡᠪᠡᠯ᠂ ᠡᠨᠡ ᠨᠢ ᠲᠡᠦᠬᠡ᠎ᠶ᠋ᠢᠨ ᠵᠢᠮ᠎ᠡ ᠶᠣᠰᠣᠨ᠎ᠤ᠋ ᠢᠯᠡᠷᠡᠬᠦᠯᠤᠯ ᠪᠤᠯᠤᠨ᠎ᠠ —

ᠶᠡᠷᠦᠩᠬᠡᠢ ᠱᠦᠵᠢ ᠰᠢ ᠵᠢᠨ ᠫᠢᠩ᠄《1840 ᠣᠨ᠎ᠤ ᠬᠠᠷ᠎ᠠ ᠲᠠᠮᠠᠬᠢ᠎ᠶ᠋ᠢᠨ ᠲᠠᠢ᠌ᠨ᠎ᠦ ᠲᠠᠷᠠᠭ᠎ᠠ᠂ ᠳᠤᠮᠳᠠᠳᠤ᠎ᠶ᠋ᠢᠨ ᠦᠨᠳᠦᠰᠦᠲᠡᠨ ᠪᠠᠰᠠ ᠬᠡᠳᠦᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠎ᠶ᠋ᠢ ᠥᠩᠭᠡᠷᠡᠭᠦᠯᠵᠦ᠍᠂ ᠲᠡᠭᠦᠨ᠎ᠡᠴᠡ ᠬᠣᠢᠱᠢ ᠮᠠᠨ᠎ᠤ ᠤᠯᠤᠰ᠎ᠤᠨ ᠪᠠᠢᠳᠠᠯ ᠡᠳᠦᠷ᠎ᠡᠴᠡ ᠡᠳᠦᠷ ᠮᠠᠭᠤᠳᠠᠵᠤ ᠂ ᠳᠤᠮᠳᠠᠳᠤ᠎ᠶ᠋ᠢᠨ ᠦᠨᠳᠦᠰᠦᠲᠡᠨ ᠪᠠᠷᠤᠭ ᠤᠯᠤᠰ ᠮᠥᠬᠥᠵᠦ᠍ ᠤᠭ᠍ᠰᠠᠭ᠎ᠠ ᠰᠥᠨᠥᠬᠦ᠌ ᠭᠦᠨ ᠬᠦᠪ᠎ᠲᠦ ᠤᠨᠠᠭ᠍ᠰᠠᠨ ᠪᠠᠢᠨ᠎ᠠ! ᠤᠳᠤ ᠬᠠᠷᠢᠨ ᠪᠦᠷᠢᠮᠦᠰᠦᠨ ᠠᠳᠠᠯᠢ ᠦᠭᠡᠢ ᠪᠣᠯᠵᠠᠢ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠤᠷᠢᠳ ᠡᠮᠦᠨ᠎ᠡ ᠪᠠᠢᠭ᠎ᠠ ᠦᠭᠡᠢ ᠭᠡᠭᠡᠨ ᠰᠠᠷᠠᠭᠤᠯ ᠢᠷᠡᠭᠡᠳᠦᠢ᠎ᠲᠡᠶ ᠪᠣᠯᠵᠠᠢ᠃ ᠡᠷᠲᠡᠨ᠎ᠦ ᠬᠥᠮᠦᠨ᠎ᠦ ᠬᠡᠯᠡᠭ᠌ᠰᠡᠨᠴᠢᠯᠡᠨ᠂ ᠶᠢᠷᠳᠢᠨᠴᠤ ᠵᠢᠨ ᠶᠠᠪᠤᠳᠠᠯ ᠮᠠᠨᠳᠤᠵᠤ ᠪᠠᠭᠤᠷᠠᠬᠤ ᠠᠨᠤ ᠲᠤᠬᠳᠠᠪᠤᠷᠢ ᠦᠭᠡᠢ ᠭᠡᠳᠡᠭ ᠨᠢ ᠦᠨᠡᠨ᠎ᠳᠡᠭᠡᠨ ᠲᠡᠦᠬᠡ᠎ᠶ᠋ᠢᠨ ᠵᠢᠮ᠎ᠡ ᠶᠣᠰᠣ᠎ᠶ᠋ᠢ ᠬᠡᠯᠡᠵᠦ᠍ ᠪᠠᠢᠨ᠎ᠠ》 ᠬᠡᠵᠤ ᠬᠦᠨᠵᠠᠬᠡᠢ ᠵᠢᠭᠠᠵᠤ ᠭᠠᠷᠭᠠᠪᠠ᠃

ᠳᠤᠮᠳᠠᠳᠤ ᠤᠯᠤᠰ᠎ᠤᠨ ᠬᠥᠭ᠌ᠵᠢᠯᠲᠡ ᠳᠡᠯᠡᠬᠡᠢ᠎ᠳ᠋ᠠᠬᠢᠨ ᠡᠴᠡ ᠰᠠᠯᠵᠤ ᠴᠢᠳᠠᠬᠤ ᠦᠭᠡᠢ᠂ ᠳᠡᠯᠡᠬᠡᠢ᠎ᠳ᠋ᠠᠬᠢᠨ ᠤ᠋ ᠬᠥᠭ᠌ᠵᠢᠯᠲᠡ ᠴᠦ᠍ ᠳᠤᠮᠳᠠᠳᠤ ᠤᠯᠤᠰ᠎ᠢ ᠬᠡᠷᠡᠭᠰᠡᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠪᠣᠯ ᠳᠡᠯᠡᠬᠡᠢ ᠳ᠋ᠠᠬᠢᠨ᠎ᠤ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶ᠋ᠢ ᠪᠤᠢ ᠪᠣᠯᠭᠠᠭ᠍ᠰᠠᠨ ᠴᠢᠬᠤᠯᠠ ᠱᠢᠯᠲᠠᠭᠠᠨ ᠪᠣᠯᠤᠨ᠎ᠠ; ᠳᠡᠯᠡᠬᠡᠢ ᠳ᠋ᠠᠬᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠳᠤ ᠲᠤᠯᠭᠠᠷᠠᠬᠰᠠᠨ ᠨᠢ ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠳᠤ ᠴᠢᠬᠤᠯᠠ ᠶᠡᠬᠡ ᠠᠵᠠ ᠲᠣᠬᠢᠶᠠᠯ ᠠᠪᠴᠢᠷᠠᠪᠠ᠃

8  ᠰᠠᠷ᠎ᠠ᠎ᠶ᠋ᠢᠨ 30 ᠤ᠋ ᠡᠳᠦᠷ᠂ ᠲᠡᠷᠢᠭᠦᠯᠡᠭ᠌ᠴᠢ ᠰᠢ ᠵᠢᠨ ᠫᠢᠩ ᠳᠤᠮᠳᠠᠳᠤ ᠤᠯᠤᠰ᠎ᠲᠤ ᠢᠷᠡᠵᠥ᠍ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠲᠢᠶᠠᠨᠵᠢᠨ᠎ᠳᠠᠬᠢ ᠲᠦᠷᠦᠭᠦᠴᠦᠳ᠎ᠦᠨ ᠬᠤᠷᠠᠯ᠎ᠳᠤ ᠣᠷᠣᠯᠴᠠᠬᠤ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠨᠠᠷᠢᠨ ᠪᠢᠴᠢᠭ᠎ᠦᠨ ᠳᠠᠷᠤᠭ᠎ᠠ ᠬᠦᠲ᠋ᠸᠯᠸᠢ᠌ᠰ ᠲᠠᠢ ᠠᠭᠤᠯᠵᠠᠬᠤ᠎ᠳᠠᠭᠠᠨ᠂ 《ᠳᠡᠯᠡᠬᠡᠢ ᠳ᠋ᠠᠬᠢᠨ ᠤ᠋ ᠵᠠᠭᠤᠨ ᠵᠢᠯ᠎ᠳ᠋ᠤ ᠲᠤᠬᠢᠶᠠᠯᠳᠤᠭ᠎ᠠ ᠦᠭᠡᠢ ᠶᠡᠭᠡ ᠬᠤᠪᠢᠰᠤᠯᠳᠠ ᠵᠢᠨ ᠳᠤᠮᠳᠠ᠂ ᠳᠤᠮᠳᠠᠳᠤ ᠤᠯᠤᠰ ᠲᠣᠭ᠍ᠲᠠᠪᠤᠷᠢᠳᠤ ᠴᠢᠨᠠᠷ ᠪᠣᠯᠤᠨ ᠲᠣᠭ᠍ᠲᠠᠭᠠᠯᠳᠤ ᠴᠢᠨᠠᠷ᠎ᠢ ᠬᠠᠩᠭᠠᠪᠠ᠃ ᠪᠢᠳᠡ ᠦᠷᠭᠦᠯᠵᠢᠯᠡᠨ ᠳᠤᠮᠳᠠᠳᠤ ᠤᠯᠤᠰ᠎ᠤᠨ ᠱᠢᠨ᠎ᠡ ᠬᠥᠭ᠌ᠵᠢᠯᠲᠡ᠎ᠪᠡᠷ ᠳᠡᠯᠡᠬᠡᠢ ᠳ᠋ᠠᠬᠢᠨ᠎ᠳᠤ ᠱᠢᠨ᠎ᠡ ᠠᠵᠠ ᠲᠣᠬᠢᠶᠠᠯ ᠬᠠᠩᠭᠠᠨ᠎ᠠ》 ᠭᠡᠵᠤ ᠴᠢᠬᠤᠯᠠᠴᠢᠯᠠᠪᠠ᠃

ᠲᠢᠶᠠᠨ ᠠᠨ ᠮᠧᠨ ᠠᠰᠠᠷ ᠶᠡᠷᠦᠩᠬᠡᠶ ᠱᠦᠵᠢ ᠰᠢ ᠵᠢᠨ ᠫᠢᠩ᠎ᠦᠨ ᠬᠣᠶᠠᠷ ᠤᠳᠠᠭ᠎ᠠ ᠵᠢᠨ ᠴᠢᠬᠤᠯᠠ ᠲᠤᠩᠬᠠᠭ᠍ᠯᠠᠯ᠎ᠢ ᠭᠡᠷᠡᠴᠢᠯᠡᠪᠡ —

ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ 100 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷ᠎ᠡ᠂ 《ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠶᠠᠪᠤᠳᠠᠯ ᠡᠷᠬᠢᠰᠢ ᠦᠭᠡᠢ ᠲᠡᠦᠬᠡᠨ ᠠᠬᠢᠴᠠ᠎ᠳᠤ ᠣᠷᠣᠵᠠᠢ》 ᠭᠡᠵᠦ᠍ ᠵᠢᠭᠠᠵᠤ ᠭᠠᠷᠭᠠᠪᠠ;

ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠳᠡᠭᠡᠷ᠎ᠡ᠂ 《ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠵᠢᠨ ᠰᠦᠷ ᠬᠦᠴᠦᠨ ᠬᠤᠷᠢᠭ᠍ᠯᠠᠭ᠍ᠳᠠᠰᠢ ᠦᠭᠡᠶ》 ᠭᠡᠵᠦ᠍ ᠴᠢᠬᠤᠯᠠᠴᠢᠯᠠᠪᠠ᠃

《ᠡᠷᠬᠢᠰᠢ ᠦᠭᠡᠢ》 ᠡᠴᠡ 《ᠰᠦᠷ ᠬᠦᠴᠤᠨ ᠬᠤᠷᠢᠬᠯᠠᠬᠳᠠᠰᠢ ᠦᠭᠡᠢ》 ᠬᠦᠷᠳᠡᠯ᠎ᠠ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠪᠣᠯ ᠲᠡᠦᠬᠡ᠎ᠶ᠋ᠢᠨ ᠶᠡᠬᠡ ᠬᠠᠨᠳᠤᠰᠢ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠮᠥᠨ᠃

《ᠴᠠᠭ ᠬᠢᠭᠡᠳ ᠬᠠᠨᠳᠤᠰᠢ ᠪᠢᠳᠡᠨ᠎ᠦ ᠲᠠᠯ᠎ᠠ᠎ᠳᠤ ᠪᠤᠢ᠂ ᠡᠨᠡ ᠪᠣᠯ ᠪᠢᠳᠡᠨ᠎ᠦ ᠲᠣᠭ᠍ᠲᠠᠯ ᠬᠦᠴᠦᠨ ᠪᠠ ᠢᠳᠡ ᠬᠦᠴᠦᠨ᠂ ᠮᠥᠨ ᠴᠦ᠍ ᠪᠢᠳᠡᠨ᠎ᠦ ᠡᠷᠴᠢ ᠵᠣᠷᠢᠭ ᠪᠠ ᠢᠲᠡᠭᠡᠯ ᠵᠣᠷᠢᠭ ᠪᠤᠯᠤᠨ᠎ᠠ》᠃

(ᠬᠤᠶᠠᠷ)

 ᠬᠤᠷᠢᠬᠯᠠᠬᠳᠠᠰᠢ ᠦᠭᠡᠢ ᠰᠦᠷ ᠬᠦᠴᠤᠨ ᠨᠢ 《ᠬᠠᠮᠤᠭ ᠤ᠋ᠨ ᠶᠡᠭᠡ ᠲᠠᠪᠠᠭᠤᠯᠢᠭ》 ᠲᠤ᠌ ᠪᠤᠢ — ᠨᠠᠮ᠎ᠤᠨ ᠤᠳᠤᠷᠢᠳᠤᠯᠭ᠎ᠠ ᠪᠣᠯ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠦᠨᠳᠦᠰᠦᠨ ᠪᠠᠲᠤᠯᠠᠭ᠎ᠠ ᠮᠥᠨ᠃

ᠳᠤᠮᠳᠠᠳᠤ ᠤᠯᠤᠰ᠎ᠤᠨ ᠠᠷᠠᠳ ᠲᠦᠮᠡᠨ ᠤᠢ᠍ᠢᠷ᠎ᠠ ᠦᠶ᠎ᠡ᠎ᠡᠴᠡ ᠨᠠᠭᠠᠱᠢᠬᠢ ᠲᠡᠦᠬᠡᠨ ᠬᠤᠪᠢ ᠵᠠᠶᠠᠭ᠎ᠠ᠎ᠪᠠᠨ ᠬᠤᠪᠢᠷᠠᠭᠤᠯᠵᠤ᠂ ᠨᠡᠢᠭᠡᠮ ᠵᠢᠷᠤᠮᠲᠤ ᠳᠤᠮᠳᠠᠳᠤ ᠤᠯᠤᠰ ᠳᠡᠯᠡᠬᠡᠢ᠎ᠶ᠋ᠢᠨ ᠳᠣᠷᠣᠨᠠᠳᠠᠬᠢᠨ᠎ᠳᠤ ᠰᠡᠬᠦᠢᠨ ᠰᠦᠨᠳᠡᠷᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠶᠠᠪᠤᠳᠠᠯ ᠡᠷᠬᠢᠰᠢ ᠦᠬᠡᠢ ᠲᠡᠦᠬᠡᠨ ᠠᠬᠢᠴᠠ᠎ᠳᠤ ᠣᠷᠣᠵᠤ ᠴᠢᠳᠠᠭ᠍ᠰᠠᠨ᠎ᠤ ᠬᠠᠮᠤᠭ᠎ᠤᠨ ᠦᠨᠳᠦᠰᠦᠨ ᠱᠢᠯᠲᠠᠭᠠᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠠᠲᠤ ᠴᠢᠩᠭ᠎ᠠ ᠤᠳᠤᠷᠢᠳᠤᠯᠭ᠎ᠠ ᠳ᠋ᠤ ᠪᠤᠢ᠂ ᠡᠨᠡ ᠪᠣᠯ ᠰᠡᠷᠭᠦᠨ ᠮᠠᠨᠳᠤᠯᠲᠠ᠎ᠶ᠋ᠢᠨ ᠶᠡᠬᠡ ᠬᠠᠨᠳᠤᠰᠢ ᠬᠤᠷᠢᠬ᠍ᠯᠠᠬ᠍ᠳᠠᠰᠢ ᠦᠭᠡᠢ ᠵᠢᠨ ᠦᠨᠳᠦᠰᠦᠨ ᠰᠢᠯᠳᠠᠭᠠᠨ ᠪᠣᠯᠤᠨ᠎ᠠ᠃

ᠨᠠᠮ᠎ᠤᠨ ᠲᠡᠮᠡᠴᠡᠯ᠎ᠦᠨ ᠥᠩᠭᠡᠷᠡᠯᠲᠡ ᠰᠡᠷᠭᠦᠨ ᠮᠠᠨᠳᠤᠯᠲᠠ᠎ᠶ᠋ᠢᠨ ᠶᠡᠬᠡ ᠬᠠᠨᠳᠤᠰᠢ᠎ᠶ᠋ᠢ ᠵᠠᠷᠯᠠᠪᠡ —

ᠳᠤᠮᠳᠠᠳᠤ᠎ᠶ᠋ᠢᠨ ᠦᠨᠳᠦᠰᠦᠲᠡᠨ᠎ᠦ ᠳᠣᠲᠣᠭᠠᠳᠤ᠎ᠶ᠋ᠢᠨ ᠵᠣᠪᠠᠯᠠᠩ ᠭᠠᠳᠠᠭᠠᠳᠤ᠎ᠶ᠋ᠢᠨ ᠠᠶᠤᠯ᠂ ᠨᠡᠢᠭᠡᠮ᠎ᠦᠨ ᠬᠢᠮᠤᠷᠠᠯ ᠤᠷᠢᠳ ᠡᠮᠦᠨ᠎ᠡ ᠪᠠᠢᠭ᠎ᠠ ᠦᠭᠡᠢ ᠬᠦᠨᠳᠦ ᠨᠣᠴᠢᠲᠠᠢ ᠪᠠᠢᠬᠰᠠᠨ ᠠᠬᠤᠢ ᠪᠠᠢᠳᠠᠯ ᠳᠣᠣᠷ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ ᠴᠠᠭ᠎ᠤᠨ ᠡᠷᠬᠡ᠎ᠪᠡᠷ ᠮᠡᠨᠳᠦᠯᠡᠪᠡ᠂ 《ᠡᠭᠦᠨ᠎ᠡᠴᠡ ᠡᠬᠢᠯᠡᠨ᠂ ᠳᠤᠮᠳᠠᠳᠤ ᠤᠯᠤᠰ᠎ᠤᠨ ᠠᠷᠠᠳ ᠲᠦᠮᠡᠨ ᠤᠶᠤᠨ ᠰᠠᠨᠠᠭᠠᠨ᠎ᠤ ᠲᠠᠯ᠎ᠠ᠎ᠪᠠᠷ ᠰᠠᠨᠠᠭᠠᠴᠢᠯᠠᠭ᠎ᠠ ᠦᠭᠡᠢ ᠪᠠᠢᠭ᠍ᠰᠠᠨ᠎ᠡᠴᠡ᠎ᠪᠠᠨ ᠰᠠᠨᠠᠭᠠᠴᠢᠯᠠᠭ᠎ᠠ᠎ᠲᠠᠶ ᠪᠤᠯᠵᠤ᠂ ᠳᠤᠮᠳᠠᠳᠤ᠎ᠶ᠋ᠢᠨ ᠦᠨᠳᠦᠰᠦᠲᠡᠨ ᠬᠦᠴᠢᠷ ᠪᠡᠷᠬᠡᠱᠢᠶᠡᠯ᠎ᠲᠡᠶ ᠪᠣᠯᠪᠠᠴᠤ᠌ ᠡᠷᠬᠢᠰᠢ ᠦᠭᠡᠢ ᠠᠭᠤᠤ ᠶᠡᠬᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠵᠤ ᠡᠬᠢᠯᠡᠪᠡ》᠃

ᠱᠠᠩᠬᠠᠶ᠎ᠶ᠋ᠢᠨ ᠬᠤᠸᠠᠩ ᠫᠦ ᠵᠢᠶᠠᠩ ᠮᠥᠷᠡᠨ᠎ᠦ ᠬᠥᠪᠡᠭᠡᠨ ᠳ᠋ᠤ᠃ 1868 ᠣᠨ᠎ᠳᠤ ᠱᠠᠩᠬᠠᠶ ᠵᠢᠨ ᠬᠠᠮᠤᠭ᠎ᠤᠨ ᠠᠩᠬᠠᠨ᠎ᠤ ᠴᠡᠴᠡᠷᠯᠢᠭ ᠪᠠᠢᠭᠤᠯᠤᠬᠳᠠᠪᠠ᠂ ᠬᠡᠪᠡᠴᠤ ᠴᠡᠴᠡᠷᠯᠢᠭ᠎ᠤᠨ ᠡᠬᠦᠳᠠᠨ ᠳ᠋ᠤᠨᠢ 《ᠳᠤᠮᠳᠠᠳᠤ᠎ᠶ᠋ᠢᠨ ᠬᠥᠮᠦᠨ ᠪᠠ ᠨᠣᠬᠠᠶ ᠣᠷᠣᠵᠤ ᠪᠣᠯᠬᠤ ᠥᠬᠡᠶ》 ᠭᠡᠬᠦ ᠦᠰᠦᠭ ᠲᠠᠢ ᠫᠠᠢᠰᠠ ᠪᠤᠰᠭᠠᠬᠰᠡᠨ ᠪᠠᠢᠵᠠᠢ᠂ ᠲᠡᠷᠡ ᠪᠤᠯ ᠳᠤᠮᠳᠠᠳᠤ᠎ᠶ᠋ᠢᠨ ᠦᠨᠳᠦᠰᠦᠲᠡᠨ᠎ᠦ ᠭᠤᠲᠤᠮᠱᠢᠭ᠍ᠲᠤ ᠲᠡᠦᠬᠡ ᠶᠤᠮ᠃ ᠡᠳᠦᠭᠡ᠂ ᠡᠨᠳᠡᠬᠢ ᠨᠢ ᠠᠯᠢ ᠬᠡᠳᠦᠢᠨ ᠡᠨᠡ ᠬᠦ᠌ ᠠᠷᠠᠳ᠎ᠤᠨ ᠬᠣᠲᠠ ᠵᠢᠨ ᠴᠢᠯᠦᠬᠡᠳᠡᠢ ᠨᠡᠭᠡᠭᠡᠭᠰᠡᠨ ᠲᠠᠯᠠᠪᠤᠷ ᠭᠠᠵᠠᠷ ᠪᠣᠯᠵᠠᠶ᠃ ᠬᠤᠸᠠᠩ ᠫᠦ ᠵᠢᠶᠠᠩ ᠮᠥᠷᠡᠨ᠎ᠦ ᠬᠣᠶᠠᠷ ᠬᠦᠪᠡᠭᠡᠨ ᠤ᠋ ᠨᠢᠭᠡ ᠲᠠᠯ᠎ᠠ ᠳ᠋ᠤᠨᠢ ᠴᠤ᠋ ᠱᠢᠨ᠎ᠡ ᠪᠡᠷ ᠪᠠᠢᠭᠤᠯᠤᠬᠳᠠᠬᠰᠠᠨ ᠵᠠᠭᠤᠨ ᠵᠢᠯ᠎ᠦᠨ ᠸᠠᠢ ᠲᠠᠨ ᠤ᠋ 《ᠣᠯᠠᠨ ᠤᠯᠤᠰ᠎ᠤᠨ ᠪᠠᠷᠢᠯᠭ᠎ᠠ᠎ᠶ᠋ᠢᠨ ᠦᠵᠡᠰᠬᠦᠯᠡᠩ᠎ᠤᠨ  ᠰᠦᠷᠦᠭᠵᠢᠯ》᠂ ᠨᠥᠭᠥᠭᠡ ᠲᠠᠯ᠎ᠠ ᠳ᠋ᠤᠨᠢ ᠥᠨᠳᠥᠷ ᠠᠰᠠᠷ ᠰᠢᠭᠤᠢᠷᠠᠨ ᠰᠦᠨᠳᠡᠷᠯᠡᠭ᠌ᠰᠡᠨ ᠣᠳᠣᠬᠢᠴᠢᠯᠠᠭ᠍ᠰᠠᠨ 《ᠯᠦ᠍ ᠵᠢᠶᠠ ᠽᠦᠶ ᠮᠥᠩᠭᠥᠨ ᠭᠦᠶ᠋ᠯᠭᠡᠭᠡᠨ᠎ᠦ ᠬᠣᠲᠠ》 ᠪᠣᠯᠤᠨ᠎ᠠ ᠁

ᠪᠡᠭᠡᠵᠢᠩ᠎ᠦᠨ ᠳ᠋ᠦᠩ ᠵᠢᠶᠤᠤ ᠮᠢᠨ ᠱᠢᠶᠠᠩ ᠭᠤᠳᠤᠮᠵᠢ ᠳ᠋ᠤ᠃ 1901 ᠣᠨ᠎ᠤ 9 ᠰᠠᠷ᠎ᠠ᠎ᠡᠴᠡ 1949 ᠣᠨ᠎ᠤ 2 ᠰᠠᠷ᠎ᠠ ᠪᠣᠯᠲᠠᠯ᠎ᠠ᠂ ᠡᠨᠳᠡ 《ᠳᠤᠮᠳᠠᠳᠤ ᠤᠯᠤᠰ᠎ᠤᠨ ᠠᠷᠠᠳ ᠢᠷᠭᠡᠳ᠎ᠦᠨ ᠣᠷᠣᠱᠢᠨ ᠰᠠᠭᠤᠬᠤ᠎ᠶ᠋ᠢ ᠴᠠᠭᠠᠵᠠᠯᠠᠬᠤ᠂ ᠳᠤᠮᠳᠠᠳᠤ ᠤᠯᠤᠰ᠎ᠤᠨ ᠴᠡᠷᠢᠭ ᠴᠠᠭ᠍ᠳᠠᠭ᠎ᠠ᠎ᠶ᠋ᠢᠨ ᠨᠠᠭᠠᠰᠢ ᠴᠠᠭᠠᠰᠢ ᠶᠠᠪᠤᠬᠤ ᠵᠢ ᠴᠠᠭᠠᠵᠠᠯᠠᠬᠤ》 ᠪᠠᠢᠬᠰᠠᠨ ᠡᠴᠡ 《ᠬᠤᠳᠠ᠎ᠳᠤ ᠣᠷᠣᠬᠤ ᠴᠡᠷᠢᠭ ᠠᠩᠬᠢ ᠡᠷᠬᠡᠪᠰᠢ ᠥᠩᠭᠡᠷᠡᠬᠦ᠌ ᠭᠠᠵᠠᠷ》 ᠪᠤᠯᠤᠬᠰᠠᠨ ᠬᠦᠷᠲᠡᠯ᠎ᠡ᠂ 《ᠤᠯᠤᠰ ᠤ᠋ᠨ ᠲᠤᠳᠤᠷᠠᠬᠢ ᠤᠯᠤᠰ》 ᠤ᠋ᠨ ᠡᠳᠦᠷ ᠬᠣᠨᠣᠭ ᠪᠤᠴᠠᠰᠢ ᠦᠭᠡᠢ ᠥᠩᠭᠡᠷᠡᠨ ᠤᠳᠤᠬᠰᠡᠨ ᠢ᠋ ᠭᠡᠷᠡᠴᠢᠯᠡᠵᠡᠢ᠃ 1949 ᠣᠨ᠎ᠤ 10 ᠰᠠᠷ᠎ᠠ᠎ᠡᠴᠡ 2025 ᠣᠨ᠎ᠤ 9 ᠰᠠᠷ᠎ᠠ ᠪᠣᠯᠲᠠᠯ᠎ᠠ᠂ ᠡᠨᠳᠡ 《ᠨᠢᠰᠭᠡᠯ ᠬᠣᠶᠠᠷ ᠤᠳᠠᠭ᠎ᠠ ᠨᠢᠰᠦᠭ᠌ᠰᠡᠨ》 ᠡᠴᠡ 《ᠨᠢᠰᠭᠡᠯ ᠨᠢᠰᠦᠭᠡᠳ ᠪᠠᠷᠠᠰᠢ ᠦᠬᠡᠢ》 ᠬᠦᠷᠲᠡᠯ᠎ᠡ᠂ ᠥᠨᠥᠳᠦᠷ ᠤ᠋ᠨ ᠳᠤᠮᠳᠠᠳᠤ ᠤᠯᠤᠰ ᠠᠷᠠᠳ ᠲᠦᠮᠡᠨ᠎ᠦ ᠡᠩᠬᠡ ᠲᠠᠢᠪᠤᠩ ᠠᠮᠢᠳᠤᠷᠠᠯ᠎ᠢ ᠬᠠᠮᠠᠭᠠᠯᠠᠬᠤ ᠬᠦᠴᠦᠷᠬᠡᠭ ᠶᠡᠬᠡ ᠴᠢᠳᠠᠪᠤᠷᠢ᠎ᠲᠠᠶ ᠪᠤᠯᠤᠬᠰᠠᠨ᠎ᠢ ᠭᠡᠷᠡᠴᠢᠯᠡᠪᠡ᠃

ᠪᠦᠬᠦᠢᠯᠠ ᠲᠤᠷᠤᠢᠳᠠᠨ ᠪᠠᠭᠤᠷᠠᠬᠰᠡᠨ ᠪᠠᠢᠳᠠᠯ ᠡᠴᠡ ᠭᠠᠵᠠᠷ ᠪᠤᠯᠭᠠᠨ ᠳ᠋ᠤ ᠴᠡᠴᠡᠭᠯᠡᠨ ᠬᠦᠭᠵᠢᠭᠰᠡᠨ ᠪᠠᠢᠳᠠᠯ ᠬᠦᠷᠳᠡᠯ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ ᠠᠷᠠᠳ ᠲᠦᠮᠡᠨ᠎ᠢ ᠤᠳᠤᠷᠢᠳᠤᠨ ᠱᠢᠨ᠎ᠡ ᠠᠷᠠᠳᠴᠢᠯᠠᠭ᠍ᠰᠠᠨ ᠬᠤᠪᠢᠰᠭᠠᠯ᠂ ᠨᠡᠢᠭᠡᠮ ᠵᠢᠷᠤᠮ᠎ᠤᠨ ᠬᠤᠪᠢᠰᠭᠠᠯ ᠪᠠ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮ᠎ᠤᠨ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶ᠋ᠢᠨ ᠠᠭᠤᠤ ᠶᠡᠬᠡ ᠢᠯᠠᠯᠲᠠ᠎ᠶ᠋ᠢ ᠲᠡᠮᠡᠴᠡᠨ ᠣᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠱᠢᠨ᠎ᠡ ᠴᠠᠭ ᠦᠶ᠎ᠡ᠎ᠶ᠋ᠢ ᠡᠭᠦᠳᠦᠨ ᠨᠡᠭᠡᠭᠡᠵᠦ᠍᠂ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠵᠣᠭ᠍ᠰᠣᠭ᠍ᠰᠠᠨ᠂ ᠪᠠᠶᠠᠵᠢᠭ᠍ᠰᠠᠨ᠎ᠡᠴᠡ᠎ᠪᠠᠨ ᠬᠦᠴᠦᠷᠬᠡᠭ᠌ᠵᠢᠭ᠌ᠰᠡᠨ ᠠᠭᠤᠤ ᠶᠡᠬᠡ ᠦᠰᠦᠷᠦᠯᠲᠡ᠎ᠶ᠋ᠢ ᠤᠭ᠍ᠲᠤᠨ ᠠᠪᠴᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠲᠡᠦᠬᠡᠨ ᠠᠬᠢᠴᠠ  ᠡᠷᠬᠢᠰᠢ  ᠦᠭᠡᠢ ᠶᠤᠮ!

ᠳᠤᠮᠳᠠᠳᠤ᠎ᠶ᠋ᠢᠨ ᠪᠣᠯᠪᠠᠰᠤᠨ᠎ᠤ 5000 ᠭᠠᠷᠤᠢ ᠵᠢᠯ᠎ᠦᠨ ᠲᠡᠦᠬᠡ᠎ᠶ᠋ᠢ ᠪᠠᠷᠠᠯᠠᠬᠤᠶ᠎ᠠ᠂ ᠠᠯᠢ ᠨᠢᠭᠡᠨ ᠤᠯᠤᠰ ᠲᠦᠷᠦ᠍᠎ᠶ᠋ᠢᠨ ᠬᠦᠴᠦᠨ ᠭᠡᠳ ᠳᠤᠮᠳᠠᠳᠤ ᠤᠯᠤᠰ᠎ᠤᠨ ᠡᠪ ᠬᠠᠮᠲᠤ ᠨᠠᠮ ᠱᠢᠭ᠋ ᠳᠤᠮᠳᠠᠳᠤ᠎ᠶ᠋ᠢᠨ ᠦᠨᠳᠦᠰᠦᠲᠡᠨ᠎ᠦ ᠬᠥᠭ᠌ᠵᠢᠯᠲᠡ᠎ᠶ᠋ᠢᠨ ᠠᠬᠢᠴᠠ᠎ᠶ᠋ᠢ ᠡᠢᠨ ᠬᠦ᠌ ᠭᠦᠨᠵᠡᠭᠡᠢ᠂ ᠲᠡᠦᠬᠡᠲᠦ ᠴᠢᠨᠠᠷᠲᠠᠢ᠎ᠪᠠᠷ ᠠᠬᠢᠭᠤᠯᠵᠤ ᠴᠢᠳᠠᠬᠰᠠᠨ ᠦᠭᠡᠢ ᠶᠤᠮ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ᠎ᠤᠨ ᠠᠷᠠᠳ ᠲᠦᠮᠡᠨ ᠪᠠ ᠳᠤᠮᠳᠠᠳᠤ᠎ᠶ᠋ᠢᠨ ᠦᠨᠳᠦᠰᠦᠲᠡᠨ᠎ᠦ ᠦᠮᠦᠭ ᠲᠦᠰᠢᠭ ᠮᠥᠨ᠂ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠤᠳᠤᠷᠢᠳᠭᠤ ᠨᠢᠷᠤᠭᠤ ᠲᠤᠯᠭᠠᠭᠤᠷᠢ ᠮᠥᠨ ᠭᠡᠳᠡᠭ ᠢ᠋ ᠲᠡᠤᠭᠡ ᠮᠠᠷᠭᠤᠰᠢ ᠦᠬᠡᠢ ᠭᠡᠷᠡᠴᠢᠯᠡᠪᠡ᠃

ᠦᠵᠡᠯ  ᠰᠠᠨᠠᠭᠠᠨ᠎ᠤ ᠭᠡᠷᠡᠯ ᠰᠡᠷᠭᠦᠨ ᠮᠠᠨᠳᠤᠯᠲᠠ᠎ᠶ᠋ᠢᠨ ᠵᠠᠮ᠎ᠢ ᠭᠡᠷᠡᠯᠲᠦᠭᠦᠯᠦᠨ᠎ᠠ —

《ᠳᠤᠮᠳᠠᠳᠤ ᠤᠯᠤᠰ᠎ᠤᠨ ᠡᠪ ᠬᠠᠮᠲᠤ ᠨᠠᠮ ᠶᠠᠭᠠᠬᠢᠭᠠᠳ ᠲᠠᠢᠯᠤᠨ᠎ᠠ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ ᠶᠠᠭᠠᠬᠢᠭᠠᠳ ᠰᠠᠢ᠌ᠨ ᠪᠤᠢ ᠭᠡᠪᠡᠯ ᠡᠴᠦᠰ᠎ᠦᠨ ᠡᠴᠦᠰ᠎ᠲᠡᠬᠡᠨ ᠮᠠᠷᠺᠰ᠎ᠤᠨ ᠦᠵᠡᠯ ᠎ᠳᠤ ᠪᠤᠢ᠂ ᠳᠤᠮᠳᠠᠳᠤ ᠤᠯᠤᠰᠴᠢᠯᠠᠬ᠍ᠰᠠᠨ ᠴᠠᠭ ᠦᠶᠡᠴᠢᠯᠡᠭ᠌ᠰᠡᠨ ᠮᠠᠷᠺᠰ᠎ᠤᠨ ᠦᠵᠡᠯ ᠵᠦᠪ ᠪᠤᠯᠬᠤ ᠳ᠋ᠤ ᠪᠤᠢ》᠃

ᠱᠠᠩᠬᠠᠢ᠎ᠶ᠋ᠢᠨ ᠬᠥᠭ᠌ᠵᠢᠯᠲᠡ ᠬᠤᠪᠢᠷᠠᠯᠲᠠ ᠪᠣᠯ ᠨᠢᠭᠡᠨ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃

2007 ᠣᠨ᠎ᠤ 5 ᠰᠠᠷ᠎ᠠ᠎ᠳᠤ᠂ ᠲᠤᠬᠠᠢ ᠵᠢᠨ ᠦᠶ᠎ᠠ ᠳ᠋ᠤ ᠱᠠᠩᠬᠠᠢ ᠬᠤᠳᠠ᠎ᠶ᠋ᠢᠨ ᠨᠠᠮ᠎ᠤᠨ ᠬᠣᠷᠢᠶ᠎ᠠ ᠵᠢᠨ ᠱᠦᠵᠢ᠎ᠶ᠋ᠢᠨ ᠲᠤᠱᠢᠶᠠᠯ᠎ᠢ ᠡᠬᠦᠷᠭᠡᠯᠡᠵᠤ ᠪᠠᠢᠭ᠍ᠰᠠᠨ ᠰᠢ ᠵᠢᠨ ᠫᠢᠩ ᠨᠥᠬᠥᠷ ᠱᠠᠩᠬᠠᠢ ᠬᠤᠳᠠ᠎ᠶ᠋ᠢᠨ ᠶᠢᠰᠦᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠳᠡᠭᠡᠷ᠎ᠡ ᠬᠢᠭ᠌ᠰᠡᠨ ᠢᠯᠡᠳᠬᠡᠯ᠎ᠳᠡᠭᠡᠨ᠂ ᠱᠠᠩᠬᠠᠢ᠎ᠶ᠋ᠢᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢᠨ ᠤᠯᠠᠨ ᠤᠯᠤᠰ᠎ᠤᠨ ᠲᠤᠮᠤ ᠬᠤᠳᠠ᠎ᠶ᠋ᠢ ᠪᠦᠳᠦᠭᠡᠨ ᠪᠠᠢᠭᠤᠯᠬᠤ ᠱᠢᠨ᠎ᠡ ᠲᠦᠷᠰᠦ ᠪᠠᠢᠳᠠᠯ᠎ᠢ ᠡᠭᠦᠳᠦᠨ ᠨᠡᠬᠡᠬᠡᠨ᠎ᠠ  ᠭᠡᠵᠦ᠍ ᠲᠣᠳᠣᠷᠬᠠᠢ ᠳᠤᠷᠠᠳᠴᠠᠢ᠃

2019 ᠣᠨ᠎ᠤ 11 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠱᠠᠩᠬᠠᠢ᠎ᠳᠤ ᠱᠢᠨᠵᠢᠯᠡᠨ ᠪᠠᠢᠴᠠᠭᠠᠬᠤ᠎ᠳᠠᠭᠠᠨ᠂ ᠠᠩᠬ᠎ᠠ ᠤᠳᠠᠭ᠎ᠠ 《ᠠᠷᠠᠳ ᠲᠦᠮᠡᠨ᠎ᠦ ᠬᠤᠳᠠ᠎ᠶ᠋ᠢ ᠠᠷᠠᠳ ᠲᠦᠮᠡᠨ ᠪᠠᠢᠭᠤᠯᠵᠤ᠂ ᠠᠷᠠᠳ ᠲᠦᠮᠡᠨ᠎ᠦ ᠬᠤᠳᠠ ᠠᠷᠠᠳ ᠲᠦᠮᠡᠨ᠎ᠦ ᠲᠥᠯᠥᠭᠡ ᠪᠠᠢᠬᠤ》 ᠴᠢᠬᠤᠯᠠ ᠤᠢ᠍ᠢᠯᠠᠭᠠᠭ᠍ᠳᠠᠬᠤᠨ᠎ᠢ ᠳᠤᠷᠠᠳᠴᠠᠢ᠃

ᠱᠢᠨ᠎ᠡ ᠴᠠᠭ ᠦᠶ᠎ᠡ᠎ᠳ᠋ᠤ ᠤᠷᠤᠬᠰᠡᠨ ᠡᠴᠡ ᠨᠠᠭᠠᠰᠢ᠂ 《ᠲᠠᠪᠤᠨ ᠲᠥᠪ》 ᠢ᠋ ᠪᠦᠲᠦᠭᠡᠨ ᠪᠠᠢᠭᠤᠯᠬᠤ ᠴᠢᠬᠤᠯᠠ ᠡᠭᠦᠷᠭᠡ᠎ᠶ᠋ᠢ ᠵᠣᠷᠢᠭ᠍ᠲᠠᠢ ᠡᠭᠦᠷᠭᠡᠯᠡᠭ᠌ᠰᠡᠨ᠎ᠡᠴᠡ ᠠᠪᠤᠭᠠᠳ 《ᠪᠦᠬᠦ᠌ ᠪᠥᠮᠪᠥᠷᠴᠡᠭ᠎ᠲᠦ ᠨᠥᠯᠥᠭᠡᠯᠡᠬᠦ᠌ ᠬᠦᠴᠦᠨ᠎ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠥᠨᠳᠥᠷᠯᠢᠭ᠎ᠢ ᠲᠦᠷᠭᠡᠳᠬᠡᠨ ᠪᠠᠢᠭᠤᠯᠬᠤ》 ᠬᠦᠷᠲᠡᠯ᠎ᠡ᠂ ᠳᠠᠬᠢᠭᠠᠳ ᠠᠷᠠᠳ ᠲᠦᠮᠡᠨ᠎ᠦ ᠬᠤᠲᠠ᠎ᠶ᠋ᠢᠨ ᠣᠢᠯᠠᠭᠠᠭ᠍ᠳᠠᠬᠤᠨ᠎ᠢ ᠭᠦᠨᠵᠡᠭᠡᠢ ᠦᠢᠯᠡᠳᠦᠯᠭᠡᠵᠢᠭᠦᠯᠦᠭᠰᠡᠨ᠂ ᠪᠦᠬᠦ᠌ ᠶᠠᠪᠤᠴᠠ᠎ᠵᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠦᠭᠰᠡᠨ ᠬᠦᠷᠲᠡᠯ᠎ᠡ ᠁ ᠱᠠᠩᠬᠠᠢ ᠡᠳᠦᠷ ᠢᠷᠡᠬᠦᠶ᠎ᠡ ᠳᠡᠯᠡᠬᠡᠢ ᠳ᠋ᠠᠬᠢᠨ᠎ᠳᠤ ᠨᠥᠯᠥᠭᠡᠯᠡᠬᠦ᠌ ᠬᠦᠴᠦᠨ᠎ᠪᠦᠬᠦᠢ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠠᠨ ᠤᠯᠤᠰ᠎ᠤᠨ ᠲᠤᠮᠤ ᠬᠤᠲᠠ ᠪᠤᠯᠵᠤ᠂ ᠨᠢᠳᠤᠨᠤᠨ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠲᠡᠭ 5 ᠲᠦᠮᠡᠨ ᠳ᠋ᠦᠩᠱᠢᠭᠤᠷ ᠲᠥᠭᠥᠷᠢᠭ᠎ᠢ ᠳᠠᠪᠠᠪᠠ᠃

ᠬᠤᠳᠠ ᠪᠣᠯ ᠣᠳᠣᠬᠢᠴᠢᠯᠠᠯᠲᠠ᠎ᠶ᠋ᠢᠨ ᠴᠢᠬᠤᠯᠠ ᠠᠴᠢᠶᠠᠯᠠᠪᠤᠷᠢ᠂ ᠰᠡᠷᠭᠦᠨ ᠮᠠᠨᠳᠤᠯᠲᠠ᠎ᠶ᠋ᠢᠨ ᠶᠡᠬᠡ ᠬᠠᠨᠳᠤᠰᠢ᠎ᠶ᠋ᠢ ᠠᠵᠢᠭ᠍ᠯᠠᠬᠤ ᠴᠢᠬᠤᠯᠠ ᠴᠤᠩᠬᠤᠪᠴᠢ ᠮᠥᠨ᠃

ᠳᠡᠯᠡᠬᠡᠢ᠎ᠶ᠋ᠢᠨ ᠲᠡᠦᠬᠡᠨ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ᠂ ᠬᠤᠷᠳᠤᠴᠠ᠎ᠪᠠᠷ ᠬᠠᠮᠤᠭ᠎ᠤᠨ ᠲᠦᠷᠭᠡᠨ ᠬᠤᠳᠠ ᠪᠠᠯᠭᠠᠰᠤᠵᠢᠯᠳᠠ ᠵᠢᠨ ᠠᠬᠢᠴᠠ᠎ᠶ᠋ᠢ ᠥᠩᠭᠡᠷᠡᠭᠡᠭᠡᠳ᠂ ᠮᠠᠨ᠎ᠤ ᠤᠯᠤᠰ᠎ᠤᠨ ᠬᠤᠳᠠ᠎ᠶ᠋ᠢᠨ ᠬᠥᠭ᠌ᠵᠢᠯᠲᠡ ᠶᠠᠭ ᠶᠡᠬᠡ ᠬᠡᠪᠴᠢᠶᠡᠨ᠎ᠤ ᠲᠤᠭᠠᠨ᠎ᠤ ᠨᠡᠮᠡᠭᠳᠡᠯ᠎ᠢ ᠥᠷᠭᠡᠳᠬᠡᠬᠦ ᠱᠠᠲᠤᠨ᠎ᠡᠴᠡ ᠬᠠᠳᠠᠭᠠᠯᠠᠬᠳᠠᠴᠠ ᠵᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠪᠡᠷ ᠭᠣᠣᠯ ᠪᠣᠯᠭᠠᠬᠤ ᠱᠠᠲᠤᠨ᠎ᠳᠤ ᠱᠢᠯᠵᠢᠪᠡ᠃ 2024 ᠣᠨ᠎ᠤ ᠡᠴᠦᠰ ᠪᠣᠯᠲᠠᠯ᠎ᠠ᠂ ᠮᠠᠨ᠎ᠤ ᠤᠯᠤᠰ᠎ᠤᠨ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠬᠣᠲᠠ ᠪᠠᠯᠭᠠᠰᠤᠵᠢᠯᠲᠠ᠎ᠶ᠋ᠢᠨ ᠨᠣᠷᠮ᠎ᠠ 67% ᠳ᠋ᠤ ᠬᠦᠷᠴᠡᠶ᠃

2015 ᠣᠨ᠎ᠤ 12 ᠰᠠᠷ᠎ᠠ᠂ 2025 ᠣᠨ᠎ᠤ 7 ᠰᠠᠷ᠎ᠠ᠎ᠳᠤ᠂ ᠨᠠᠮ᠎ᠤᠨ ᠲᠥᠪ ᠬᠣᠷᠢᠶ᠎ᠠ ᠬᠣᠶᠠᠷ ᠤᠳᠠᠭ᠎ᠠ ᠲᠥᠪ᠎ᠦᠨ ᠬᠤᠳᠠ᠎ᠶ᠋ᠢᠨ ᠠᠵᠢᠯ᠎ᠤᠨ ᠬᠤᠷᠠᠯ᠎ᠢ ᠬᠤᠷᠠᠯᠳᠤᠭᠤᠯᠪᠠ᠃

《ᠨᠢᠭᠡ᠎ᠶ᠋ᠢ ᠬᠦᠨᠳᠦᠳᠭᠡᠵᠦ᠍᠂ ᠲᠠᠪᠤ᠎ᠶ᠋ᠢ ᠨᠢᠭᠡᠳᠦᠯᠲᠡᠢ ᠲᠥᠯᠥᠪᠵᠢᠭᠦᠯᠬᠦ᠌》 ᠡᠴᠡ ᠠᠪᠤᠭᠠᠳ 《ᠨᠢᠭᠡ᠎ᠶ᠋ᠢ ᠱᠢᠯᠢᠳᠡᠭ᠌ᠵᠢᠭᠦᠯᠵᠦ᠍᠂ ᠵᠢᠷᠭᠤᠭ᠎ᠠ᠎ᠶ᠋ᠢ ᠪᠦᠳᠦᠭᠡᠨ ᠪᠠᠢᠭᠤᠯᠬᠤ》 ᠬᠦᠷᠲᠡᠯ᠎ᠡ᠂ 《ᠳᠤᠮᠳᠠᠳᠤ ᠤᠯᠤᠰ᠎ᠤᠨ ᠣᠨᠴᠠᠯᠢᠭ᠎ᠪᠦᠬᠦᠢ ᠬᠤᠳᠠ᠎ᠶ᠋ᠢᠨ ᠬᠥᠭ᠌ᠵᠢᠯᠲᠡ᠎ᠶ᠋ᠢᠨ ᠵᠠᠮ᠎ᠢ ᠨᠡᠬᠡᠬᠡᠬᠦ》 ᠡᠴᠡ ᠠᠪᠤᠭᠠᠳ 《ᠳᠤᠮᠳᠠᠳᠤ ᠤᠯᠤᠰ᠎ᠤᠨ ᠣᠨᠴᠠᠯᠢᠭ᠎ᠪᠦᠬᠦᠢ ᠬᠤᠳᠠ᠎ᠶ᠋ᠢᠨ ᠣᠳᠣᠬᠢᠴᠢᠯᠠᠯᠲᠠ᠎ᠶ᠋ᠢᠨ ᠱᠢᠨ᠎ᠡ ᠵᠠᠮ᠎ᠢᠶᠠᠷ ᠵᠠᠮᠨᠠᠬᠤ》 ᠬᠦᠷᠲᠡᠯ᠎ᠡ ᠁ ᠶᠡᠷᠦᠩᠬᠡᠢ ᠱᠦᠵᠢ ᠰᠢ ᠵᠢᠨ ᠫᠢᠩ᠎ᠦᠨ ᠣᠳᠣᠬᠢᠴᠢᠯᠠᠭ᠍ᠰᠠᠨ ᠠᠷᠠᠳ ᠲᠦᠮᠠᠨ᠎ᠤ ᠬᠤᠳᠠ᠎ᠶ᠋ᠢᠨ ᠤᠨᠤᠯ ᠨᠢ ᠮᠠᠨ᠎ᠤ ᠤᠯᠤᠰ᠎ᠤᠨ ᠬᠤᠳᠠ᠎ᠶ᠋ᠢᠨ ᠬᠥᠭ᠌ᠵᠢᠯᠲᠡ᠎ᠶ᠋ᠢᠨ ᠠᠤᠭ᠎ᠠ ᠲᠥᠰᠦᠪ᠎ᠢ ᠵᠢᠷᠤᠭ᠍ᠯᠠᠵᠤ᠂ ᠦᠢᠯᠡᠳᠦᠯᠭᠡ᠎ᠶ᠋ᠢᠨ ᠵᠠᠮ᠎ᠢ ᠲᠣᠳᠣᠷᠬᠠᠢ ᠵᠢᠭᠠᠵᠤ᠂ ᠮᠠᠷᠺᠰ᠎ᠤᠨ ᠦᠵᠡᠯ᠎ᠦᠨ ᠬᠤᠳᠠ᠎ᠶ᠋ᠢᠨ ᠤᠨᠤᠯ᠎ᠤᠨ ᠱᠢᠨ᠎ᠡ ᠴᠠᠭ ᠦᠶ᠎ᠡ᠎ᠳᠡᠬᠢ ᠠᠩᠬᠠᠨ᠎ᠤ ᠡᠭᠦᠳᠦᠯᠲᠡ᠎ᠶ᠋ᠢᠨ ᠴᠢᠨᠠᠷᠲᠠᠢ ᠱᠢᠪᠲᠤᠯᠤᠯᠲᠠ᠎ᠶ᠋ᠢ ᠪᠡᠶᠡᠯᠡᠭᠦᠯᠪᠡ᠃

ᠲᠡᠦᠬᠡ᠎ᠶ᠋ᠢ ᠡᠷᠭᠢᠴᠡᠭᠦᠯᠬᠦᠶ᠎ᠡ᠂ ᠮᠠᠨ᠎ᠤ ᠨᠠᠮ ᠠᠷᠠᠳ ᠲᠦᠮᠡᠨ᠎ᠢ ᠤᠳᠤᠷᠢᠳᠤᠨ ᠳᠤᠮᠳᠠᠳᠤ ᠤᠯᠤᠰ᠎ᠤᠨ ᠪᠤᠰᠤᠳ ᠤᠯᠤᠰ ᠲᠦᠷᠦ᠍᠎ᠶ᠋ᠢᠨ ᠬᠦᠴᠦᠨ᠎ᠦ ᠪᠡᠶᠡᠯᠡᠭᠦᠯᠵᠦ᠍ ᠳᠡᠢᠯᠦᠭᠰᠡᠨ ᠦᠭᠡᠢ ᠪᠡᠷᠬᠡ ᠬᠠᠲᠠᠭᠤᠵᠢᠯᠲᠠᠢ ᠡᠭᠦᠷᠭᠡ᠎ᠶ᠋ᠢ ᠪᠡᠶᠡᠯᠡᠭᠦᠯᠵᠦ᠍ ᠴᠢᠳᠠᠭ᠍ᠰᠠᠨ᠎ᠤ ᠦᠨᠳᠦᠰᠦᠨ ᠱᠢᠯᠲᠠᠭᠠᠨ ᠨᠢ ᠳᠠᠷᠤᠢ ᠮᠠᠷᠺᠰ᠎ᠤᠨ ᠦᠵᠡᠯ᠎ᠦᠨ ᠱᠢᠨᠵᠢᠯᠡᠬᠦ᠌ ᠤᠬᠠᠭᠠᠨᠴᠢ ᠤᠨᠤᠯ᠎ᠢ ᠡᠵᠡᠮᠱᠢᠭ᠌ᠰᠡᠨ ᠪᠥᠭᠡᠳ ᠲᠠᠰᠤᠷᠠᠯᠳᠠ ᠦᠭᠡᠢ ᠱᠢᠨ᠎ᠡ ᠪᠣᠳᠠᠲᠤ ᠪᠠᠢᠳᠠᠯ᠎ᠯᠤᠭ᠎ᠠ ᠤᠶᠠᠯᠳᠤᠭᠤᠯᠤᠨ ᠤᠨᠤᠯ᠎ᠤᠨ ᠱᠢᠨ᠎ᠡ ᠵᠢ ᠡᠭᠦᠳᠬᠦ᠎ᠶ᠋ᠢ ᠠᠬᠢᠭᠤᠯᠵᠤ᠂ ᠨᠠᠮ᠎ᠢ ᠬᠦᠴᠦᠷᠬᠡᠭ ᠶᠡᠬᠡ ᠦᠨᠡᠨ ᠶᠣᠰᠣᠨ᠎ᠤ ᠬᠦᠴᠦᠨ᠎ᠢ ᠡᠵᠡᠮᠱᠢᠭ᠌ᠦᠯᠦᠭᠰᠡᠨ᠎ᠳᠦ ᠪᠠᠢᠨ᠎ᠠ᠃

《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠤᠨᠤᠯ᠎ᠢ ᠬᠤᠷᠢᠶᠠᠩᠭᠤᠢᠯᠠᠨ ᠳᠤᠷᠠᠳᠤᠬᠰᠠᠨ ᠪᠦᠭᠡᠳ ᠭᠦᠨᠵᠡᠭᠡᠢ ᠲᠣᠳᠣᠷᠬᠠᠢᠯᠠᠨ ᠥᠭᠦᠯᠡᠭᠰᠡᠨ ᠪᠣᠯ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠴᠢᠬᠤᠯᠠ ᠶᠡᠬᠡ ᠤᠨᠤᠯ᠎ᠤᠨ ᠱᠢᠨ᠎ᠡ ᠡᠭᠦᠳᠦᠯᠲᠡ ᠮᠥᠨ᠂ ᠱᠢᠨᠵᠢᠯᠡᠬᠦ᠌ ᠤᠬᠠᠭᠠᠨ᠎ᠤ ᠨᠡᠢᠭᠡᠮ ᠵᠢᠷᠤᠮ᠎ᠤᠨ ᠬᠠᠮᠤᠭ᠎ᠤᠨ ᠱᠢᠨ᠎ᠡ ᠴᠢᠬᠤᠯᠠ ᠶᠡᠬᠡ ᠦᠷ᠎ᠡ ᠪᠦᠲᠦᠭᠡᠯ ᠮᠥᠨ》᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠨᠢ ᠳᠤᠮᠳᠠᠳᠤ ᠤᠯᠤᠰ᠎ᠤᠨ ᠠᠰᠠᠭᠤᠯᠲᠠ᠂ ᠳᠡᠯᠡᠬᠡᠢ᠎ᠶ᠋ᠢᠨ ᠠᠰᠠᠭᠤᠯᠲᠠ᠂ ᠠᠷᠠᠳ ᠲᠦᠮᠡᠨ᠎ᠦ ᠠᠰᠠᠭᠤᠯᠲᠠ᠂ ᠴᠠᠭ ᠦᠶ᠎ᠡ᠎ᠶ᠋ᠢᠨ ᠠᠰᠠᠭᠤᠯᠲᠠ᠎ᠳᠤ ᠲᠠᠰᠤᠷᠠᠯᠳᠠ ᠦᠭᠡᠢ ᠬᠠᠷᠢᠭᠤᠯᠲᠠ ᠥᠭ᠌ᠴᠦ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠎ᠳᠦ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠪᠠ ᠠᠵᠢᠯᠯᠠᠭᠠᠨ᠎ᠤ ᠵᠦᠭ᠌ᠯᠡᠭᠦᠷ ᠬᠠᠩᠭᠠᠪᠠ᠃

ᠲᠦᠷᠦ ᠬᠦᠷᠦᠨ ᠬᠥᠭ᠌ᠵᠢᠨ ᠮᠠᠨᠳᠤᠬᠤᠢ ᠳ᠋ᠤᠷ ᠶᠠᠷᠢᠶᠠᠨ ᠦᠬᠡᠢ ᠤᠷᠳᠤ ᠬᠤᠭᠤᠴᠠᠭᠠᠨ᠎ᠤ ᠬᠤᠷᠠᠮᠳᠤᠭᠤᠯᠭ᠎ᠠ ᠪᠡᠷ ᠰᠠᠭᠤᠷᠢ ᠪᠤᠯᠭᠠᠬᠤ ᠭᠡᠷᠡᠭᠳᠡᠢ᠃

ᠱ᠌ᠢ ᠺᠦ᠋ ᠮᠸᠨ ᠡᠴᠡ ᠲᠢᠶᠠᠨ ᠠᠨ ᠮᠸᠨ ᠬᠦᠷᠲᠡᠯ᠎ᠡ᠂ ᠰᠢᠩ ᠶᠸ ᠵᠠᠮ᠎ᠠᠴᠠ ᠹᠦ ᠰᠢᠩ ᠵᠠᠮ ᠬᠦᠷᠲᠡᠯ᠎ᠡ᠂ ᠨᠠᠮ᠎ᠡᠴᠡ ᠠᠷᠠᠳ ᠲᠦᠮᠡᠨ᠎ᠢ ᠤᠳᠤᠷᠢᠳᠤᠨ 《ᠬᠣᠶᠠᠷ᠎ᠢ ᠤᠶᠠᠯᠳᠤᠭᠤᠯᠬᠤ》 ᠵᠢ ᠪᠠᠷᠢᠮᠲᠠᠯᠠᠬᠤ ᠳᠤᠮᠳᠠ᠂ ᠳᠤᠮᠳᠠᠳᠤ᠎ᠶ᠋ᠢᠨ ᠦᠨᠳᠦᠰᠦᠲᠡᠨ᠎ᠦ ᠬᠡᠳᠦᠨ ᠮᠢᠩᠭᠠᠨ ᠵᠢᠯ᠎ᠦᠨ ᠲᠡᠦᠬᠡᠨ ᠳᠡᠭᠡᠷᠡᠬᠢ ᠬᠠᠮᠤᠭ᠎ᠤᠨ ᠠᠤᠭ᠎ᠠ ᠰᠦᠷᠯᠢᠭ ᠲᠤᠤᠯᠢᠰ᠎ᠢ ᠪᠢᠴᠢᠭ᠌ᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠠᠤᠭ᠎ᠠ ᠵᠢᠷᠤᠭ᠎ᠢ ᠵᠢᠷᠤᠭ᠍ᠯᠠᠵᠠᠢ᠃

ᠨᠢᠭᠡᠨ ᠦᠨᠡᠨ ᠶᠤᠰᠤ ᠨᠢᠴᠤᠭᠠᠭᠳᠠᠰᠢ ᠦᠭᠡᠢ ᠪᠠᠳᠤ ᠪᠡᠬᠢ᠄ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠬᠤ ᠦᠭᠡᠢ ᠪᠣᠯ ᠱᠢᠨ᠎ᠡ ᠳᠤᠮᠳᠠᠳᠤ ᠤᠯᠤᠰ ᠪᠠᠢᠵᠤ ᠴᠢᠳᠠᠬᠤ ᠦᠭᠡᠢ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠪᠠᠢᠵᠤ ᠴᠢᠳᠠᠬᠤ ᠦᠭᠡᠢ᠃

ᠨᠢᠭᠡᠨ ᠳ᠋ᠦᠨᠭᠨᠡᠯᠳᠠ ᠤᠨᠴᠠ ᠵᠢᠨ ᠲᠤᠳᠤᠷᠬᠠᠢ᠄ 《ᠬᠣᠶᠠᠷ᠎ᠢ ᠲᠣᠭ᠍ᠲᠠᠭᠠᠬᠰᠡᠨ》 ᠨᠢ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠲᠡᠦᠬᠡᠨ ᠠᠬᠢᠴᠠ᠎ᠶ᠋ᠢ ᠠᠬᠢᠭᠤᠯᠬᠤ᠎ᠳᠤ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠲᠠᠶ ᠶᠤᠮ᠃

ᠬᠠᠨ ᠭᠠᠷᠤᠳᠢ ᠲᠡᠯᠠᠪᠴᠢ ᠪᠡᠨ ᠲᠡᠯᠭᠡᠨ ᠰᠠᠯᠬᠢᠨ ᠤ᠋ ᠬᠦᠴᠤᠨ ᠳ᠋ᠤ ᠦᠨᠳᠤᠷ ᠤᠬᠳᠠᠷᠭᠤᠢ ᠳ᠋ᠤ ᠲᠡᠬᠦᠯᠢᠨ ᠨᠢᠰᠤᠨ᠎ᠠ᠃

(ᠭᠤᠷᠪᠡ) 

ᠬᠤᠷᠢᠬ᠍ᠯᠠᠭ᠍ᠳᠠᠰᠢ ᠦᠭᠡᠢ ᠰᠦᠷ ᠬᠦᠴᠦᠨ ᠨᠢ 《ᠰᠠᠷᠠᠭᠤᠯ ᠳᠠᠷᠳᠠᠩ ᠵᠠᠮ》 ᠳ᠋ᠤ ᠪᠤᠢ — ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠴᠤᠷ᠎ᠤᠨ ᠭᠠᠭ᠍ᠴᠠ ᠵᠥᠪ ᠵᠠᠮ ᠮᠥᠨ᠃

《ᠨᠢᠭᠡ ᠲᠷᠠᠺᠲ᠋ᠣᠷ᠎ᠢ ᠴᠤ᠌ ᠦᠢᠯᠡᠳᠴᠦ᠍ ᠳᠡᠢᠯᠬᠦ᠌ ᠦᠭᠡᠢ》 ᠪᠠᠢᠭ᠍ᠰᠠᠨ᠎ᠡᠴᠡ 《ᠠᠵᠤ ᠦᠢᠯᠡᠳᠪᠦᠷᠢ᠎ᠶ᠋ᠢᠨ ᠲᠦᠷᠦᠯ ᠵᠦᠢᠯ᠎ᠢᠶᠡᠷ ᠬᠠᠮᠤᠭ᠎ᠤᠨ ᠪᠦᠷᠢᠨ ᠤᠯᠤᠰ》 ᠪᠤᠯᠳᠠᠯ᠎ᠠ᠂ 《ᠣᠳᠣᠬᠢᠴᠢᠯᠠᠯᠲᠠ᠎ᠶ᠋ᠢᠨ ᠴᠠᠭ ᠡᠴᠡ ᠬᠤᠵᠢᠮᠳᠠᠭᠰᠠᠨ ᠤᠯᠤᠰ》 ᠪᠠᠢᠭ᠍ᠰᠠᠨ᠎ᠡᠴᠡ 《ᠳᠡᠯᠡᠬᠡᠢ᠎ᠶ᠋ᠢᠨ ᠣᠳᠣᠬᠢᠴᠢᠯᠠᠯᠲᠠ᠎ᠶ᠋ᠢᠨ ᠨᠡᠮᠡᠭ᠌ᠳᠡᠯ᠎ᠦᠨ ᠲᠤᠢᠯ》 ᠪᠤᠯᠳᠠᠯ᠎ᠠ᠂ ᠬᠡᠳᠦᠨ ᠠᠷᠪᠠᠨ ᠵᠢᠯ᠎ᠦᠨ ᠴᠠᠭ᠎ᠢ ᠬᠡᠷᠡᠭ᠌ᠰᠡᠭᠡᠳ ᠥᠷᠥᠨᠡᠳᠠᠬᠢᠨ᠎ᠤ ᠬᠥᠭ᠌ᠵᠢᠭ᠌ᠰᠡᠨ ᠤᠯᠤᠰ᠎ᠤᠳ᠎ᠤᠨ ᠬᠡᠳᠦᠨ ᠵᠠᠭᠤᠨ ᠵᠢᠯ᠎ᠦᠨ ᠶᠠᠪᠤᠵᠤ ᠥᠩᠭᠡᠷᠡᠭ᠌ᠰᠡᠨ ᠠᠵᠤ ᠦᠢᠯᠡᠳᠪᠦᠷᠢᠵᠢᠯᠲᠡ᠎ᠶ᠋ᠢᠨ ᠶᠠᠪᠤᠴᠠ᠎ᠶ᠋ᠢ ᠪᠡᠶᠡᠯᠡᠭᠦᠯᠦᠭ᠌ᠰᠡᠨ ᠪᠠᠢᠨ᠎ᠠ᠂ ᠳᠤᠮᠳᠠᠳᠤ ᠤᠯᠤᠰ ᠶᠠᠭᠠᠬᠢᠭᠠᠳ ᠲᠠᠢᠯᠬᠦ  ᠪᠤᠢ?

ᠶᠡᠷᠦᠩᠬᠡᠢ ᠱᠦᠵᠢ ᠰᠢ ᠵᠢᠨ ᠫᠢᠩ᠂ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠢᠳᠡᠨ᠎ᠦ 〈ᠨᠣᠢᠷᠰᠤᠭ᠍ᠰᠠᠨ ᠠᠷᠰᠯᠠᠨ〉 ᠢ᠋ ᠬᠡᠷᠬᠢᠨ ᠲᠠᠭᠤᠳᠠᠨ ᠰᠡᠷᠢᠭᠡᠬᠦ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠡᠨᠡ ᠬᠦ᠌ ᠴᠢᠬᠤᠯᠠ ᠶᠡᠬᠡ ᠲᠡᠦᠬᠡ᠎ᠶ᠋ᠢᠨ ᠰᠡᠳᠦᠪ᠎ᠲᠦ ᠥᠭ᠌ᠭᠦᠭ᠌ᠰᠡᠨ ᠬᠠᠷᠢᠭᠤᠯᠲᠠ ᠪᠣᠯᠤᠨ᠎ᠠ》 ᠭᠡᠵᠦ᠍ ᠵᠢᠭᠠᠵᠤ ᠭᠠᠷᠭᠠᠪᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠮᠠᠨ᠎ᠤ ᠨᠠᠮ ᠠᠷᠠᠳ ᠲᠦᠮᠡᠨ᠎ᠢ ᠳᠠᠭᠠᠭᠤᠯᠤᠨ 《ᠬᠣᠶᠠᠷ ᠶᠡᠬᠡ ᠭᠠᠢᠬᠠᠮᠱᠢᠭ》 ᠤ᠋ᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠮᠵᠢᠯᠲᠠ᠎ᠲᠠᠶ ᠠᠬᠢᠭᠤᠯᠵᠤ ᠥᠷᠭᠡᠳᠭᠡᠪᠡ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠰᠠᠷᠠᠭᠤᠯ ᠳᠠᠷᠳᠠᠩ ᠵᠠᠮ ᠮᠥᠨ᠂ ᠰᠡᠷᠭᠦᠨ ᠮᠠᠨᠳᠤᠯᠲᠠ᠎ᠶ᠋ᠢᠨ ᠶᠡᠬᠡ ᠬᠠᠨᠳᠤᠰᠢ ᠵᠢᠨ ᠬᠤᠷᠢᠭ᠍ᠯᠠᠭ᠍ᠳᠠᠰᠢ ᠦᠭᠡᠢ ᠪᠠᠲᠤ ᠪᠡᠬᠢ ᠰᠠᠭᠤᠷᠢ ᠮᠥᠨ ᠭᠡᠳᠡᠭ᠎ᠢ ᠲᠡᠦᠬᠡ ᠪᠠ ᠪᠣᠳᠠᠲᠤ ᠠᠬᠤᠢ ᠭᠦᠢᠴᠡᠳ ᠭᠡᠷᠡᠴᠢᠯᠡᠪᠡ᠃

ᠪᠠᠢᠯᠳᠤᠬᠤ ᠪᠣᠳᠣᠯᠭ᠎ᠠ᠎ᠶ᠋ᠢᠨ ᠲᠤᠯᠭᠠᠭᠤᠷᠢᠯᠠᠯ ᠨᠢ ᠪᠠᠢᠯᠳᠤᠬᠤ ᠪᠣᠳᠣᠯᠭ᠎ᠠ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠥᠪ ᠪᠥᠭᠡᠳ ᠤᠷᠤᠭ᠍ᠰᠢᠲᠠᠶ ᠶᠠᠪᠤᠭ᠍ᠳᠠᠪᠠ —

ᠪᠠᠢᠯᠳᠤᠬᠤ ᠪᠤᠳᠤᠯᠭ᠎ᠠ ᠪᠠ ᠠᠷᠭ᠎ᠠ ᠪᠤᠳᠤᠯᠭ᠎ᠠ᠎ᠶ᠋ᠢ ᠵᠥᠪ ᠬᠡᠷᠡᠭ᠌ᠯᠡᠬᠦ᠌ ᠪᠣᠯ ᠮᠠᠨ᠎ᠤ ᠨᠠᠮ  ᠭᠡᠷᠡᠯ ᠰᠠᠴᠤᠷᠠᠩᠭᠤᠢ ᠲᠡᠦᠬᠡ᠎ᠶ᠋ᠢ ᠡᠭᠦᠳᠦᠨ ᠪᠦᠲᠦᠭᠡᠵᠦ᠍᠂ ᠮᠢᠩᠭᠠᠨ ᠣᠨ᠎ᠤ ᠠᠭᠤᠤ ᠦᠢᠯᠡᠰ᠎ᠢ ᠪᠦᠲᠦᠭᠡᠬᠦ᠌᠎ᠶ᠋ᠢᠨ ᠠᠮᠵᠢᠯᠲᠠ ᠤᠯᠬᠤ᠎ᠶ᠋ᠢᠨ ᠨᠢᠭᠤᠴᠠ ᠵᠣᠷ ᠮᠥᠨ᠃ ᠬᠦᠰᠡᠯ ᠵᠡᠭᠦᠳᠦ᠍᠎ᠪᠡᠨ ᠬᠥᠭᠡᠭᠡᠴᠡᠯᠳᠦᠬᠦ᠌ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ ᠰᠡᠷᠭᠦᠨ ᠮᠠᠨᠳᠤᠯᠳᠠ ᠲᠡᠢᠰᠢ ᠤᠷᠤᠭᠰᠢᠯᠠᠬᠤ ᠳ᠋ᠦ ᠡᠷᠬᠡᠪᠰᠢ 《ᠤᠯᠤᠰ᠎ᠤᠨ ᠶᠡᠬᠡ ᠶᠠᠪᠤᠳᠠᠯ》 ᠢ᠋ ᠰᠡᠳᠭᠢᠯ᠎ᠳᠡᠭᠡᠨ ᠪᠠᠭ᠍ᠲᠠᠭᠠᠵᠤ᠂ ᠪᠠᠢᠯᠳᠤᠬᠤ ᠪᠤᠳᠤᠯᠭ᠎ᠠ᠎ᠶ᠋ᠢᠨ ᠰᠡᠳᠭᠢᠬᠦᠢ᠎ᠶ᠋ᠢᠨ ᠴᠢᠳᠠᠪᠤᠷᠢ᠎ᠪᠠᠨ ᠴᠢᠩᠭᠠᠳᠭᠠᠬᠤ ᠬᠡᠷᠡᠭ᠌ᠲᠡᠢ᠃

《ᠬᠣᠶᠠᠷ ᠪᠤᠳᠠᠭᠠᠨ ᠠᠶᠠᠭ᠎ᠠ》᠂ ᠠᠮᠤᠷ ᠲᠦᠪᠱᠢᠨ ᠪᠠᠢᠬᠤ᠎ᠳᠠᠭᠠᠨ ᠠᠶᠤᠯ ᠲᠦᠭ᠌ᠰᠢᠭᠦᠷᠢ᠎ᠶ᠋ᠢ ᠪᠣᠳᠣᠯᠬᠢᠯᠠᠵᠤ᠂ ᠪᠣᠷᠣᠭᠠᠨ᠎ᠡᠴᠡ ᠡᠮᠦᠨ᠎ᠡ ᠪᠡᠯᠡᠳᠭᠡᠯ ᠬᠢᠬᠦ᠌ ᠬᠣᠷᠢᠭ᠎ᠠ ᠱᠤᠭᠤᠮ᠎ᠤᠨ ᠰᠡᠳᠭᠢᠬᠦᠢ᠎ᠶ᠋ᠢ ᠭᠡᠷᠡᠴᠢᠯᠡᠪᠡ᠃

《ᠠᠮᠤ ᠪᠤᠳᠠᠭᠠᠨ᠎ᠤ ᠠᠮᠤᠷ ᠲᠦᠪᠱᠢᠨ᠎ᠦ ᠰᠠᠨᠠᠭᠠᠴᠢᠯᠠᠭᠠᠲᠤ ᠡᠷᠬᠡ᠎ᠶ᠋ᠢ ᠪᠠᠲᠤ ᠡᠵᠡᠮᠳᠡᠪᠡᠯ ᠰᠠᠶᠢ ᠤᠯᠤᠰ᠎ᠢᠶᠠᠨ ᠬᠦᠴᠦᠷᠬᠡᠭ᠌ᠵᠢᠭᠦᠯᠬᠦ᠌ ᠰᠡᠷᠭᠦᠭᠡᠨ ᠮᠠᠨᠳᠤᠭᠤᠯᠬᠤ ᠰᠠᠨᠠᠭᠠᠴᠢᠯᠠᠭᠠᠲᠤ ᠡᠷᠬᠡ᠎ᠶ᠋ᠢ ᠪᠠᠳᠤᠳᠠᠢ ᠡᠵᠡᠮᠳᠡᠵᠤ ᠴᠢᠳᠠᠨ᠎ᠠ》᠃ ᠬᠠᠮ ᠲᠠᠷᠢᠶᠠᠯᠠᠩ᠎ᠤᠨ ᠦᠵᠡᠯᠲᠡ᠂ ᠬᠠᠮ ᠢᠳᠡᠭᠡᠨ᠎ᠦ ᠦᠵᠡᠯᠲᠡ᠎ᠶ᠋ᠢ ᠪᠠᠲᠤ ᠪᠤᠢ ᠪᠣᠯᠭᠠᠵᠤ᠂ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠳᠣᠬᠢᠴᠢᠯᠠᠯᠲᠠ᠎ᠪᠠᠷ ᠲᠤᠯᠭᠠᠭᠤᠷᠢᠯᠠᠯ ᠪᠣᠯᠭᠠᠵᠤ᠂ ᠮᠠᠨ᠎ᠤ ᠤᠯᠤᠰ᠎ᠤᠨ ᠠᠮᠤ ᠪᠤᠳᠠᠭᠠᠨ᠎ᠤ ᠦᠢᠯᠡᠳᠪᠦᠷᠢᠯᠡᠯ 《21 ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ》 ᠵᠢ ᠪᠡᠶᠡᠯᠡᠭᠦᠯᠪᠡ ᠁ ᠱᠢᠨ᠎ᠡ ᠴᠠᠭ ᠦᠶ᠎ᠡ᠎ᠳᠦ ᠳᠤᠮᠳᠠᠳᠤ ᠤᠯᠤᠰ 《ᠳᠤᠮᠳᠠᠳᠤᠴᠤᠳ ᠤ᠋ᠨ ᠪᠤᠳᠠᠭᠠᠨ ᠠᠶᠠᠭᠠᠨ ᠳ᠋ᠤ ᠭᠣᠣᠯᠳᠠᠭᠤ ᠳᠤᠮᠳᠠᠳᠤ ᠤᠯᠤᠰ᠎ᠤᠨ ᠠᠮᠤ ᠪᠤᠳᠠᠭ᠎ᠠ᠎ᠵᠢ ᠬᠢᠬᠦ》 ᠲᠡᠦᠬᠡᠲᠦ ᠴᠢᠨᠠᠷᠲᠠᠢ ᠬᠤᠪᠢᠰᠤᠯᠲᠠ᠎ᠶ᠋ᠢ ᠪᠡᠶᠡᠯᠡᠭᠦᠯᠵᠦ᠍᠂ ᠶᠡᠬᠡ ᠲᠠᠯ᠎ᠠ᠎ᠶ᠋ᠢ ᠲᠣᠭ᠍ᠲᠠᠪᠤᠷᠢᠵᠢᠭᠤᠯᠬᠤ᠂ ᠬᠤᠪᠢᠷᠠᠯᠲᠠ᠎ᠶ᠋ᠢ ᠠᠷᠭᠠᠴᠠᠭᠠᠬᠤ᠂ ᠱᠢᠨ᠎ᠡ ᠪᠠᠢᠳᠠᠯ᠎ᠢ ᠡᠭᠦᠳᠬᠦ᠌ 《ᠲᠤᠬᠳᠠᠪᠤᠷᠢᠵᠢᠭᠤᠯᠤᠬᠴᠢ》 ᠵᠢ ᠪᠡᠬᠢᠵᠢᠭᠦᠯᠵᠡᠢ᠃

《ᠡᠨᠧᠷᠭᠢ᠎ᠶ᠋ᠢᠨ ᠪᠤᠳᠠᠭᠠᠨ ᠠᠶᠠᠭ᠎ᠠ᠎ᠶ᠋ᠢ ᠡᠷᠬᠡᠪᠰᠢ ᠥᠪᠡᠷ᠎ᠦᠨ ᠭᠠᠷ᠎ᠲᠠᠭᠠᠨ ᠠᠳᠬᠤᠬᠤ ᠬᠡᠷᠡᠭ᠌ᠲᠡᠶ》᠃ ᠪᠦᠬᠦ᠌ ᠪᠥᠮᠪᠥᠷᠴᠡᠭ᠎ᠦᠨ ᠬᠠᠮᠤᠭ᠎ᠤᠨ ᠶᠡᠬᠡ᠂ ᠬᠥᠭ᠌ᠵᠢᠯᠲᠡ᠎ᠪᠡᠷ ᠬᠠᠮᠤᠭ᠎ᠤᠨ ᠲᠦᠷᠭᠡᠨ ᠳᠠᠬᠢᠯᠳᠠ ᠡᠨᠧᠷᠭᠢ᠎ᠶ᠋ᠢᠨ ᠱᠢᠰᠲ᠋ᠧᠮ᠎ᠢ ᠪᠠᠢᠭᠤᠯᠵᠤ᠂ ᠪᠦᠬᠦ᠌ ᠪᠥᠮᠪᠥᠷᠴᠡᠭ᠎ᠦᠨ ᠬᠠᠮᠤᠭ᠎ᠤᠨ ᠶᠡᠬᠡ᠂ ᠬᠠᠮᠤᠭ᠎ᠤᠨ ᠪᠦᠷᠢᠨ ᠪᠦᠲᠦᠨ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠬᠡᠯᠬᠢᠶ᠎ᠡ᠎ᠶ᠋ᠢ ᠪᠠᠢᠭᠤᠯᠵᠤ᠂ ᠪᠦᠬᠦ᠌ ᠪᠥᠮᠪᠥᠷᠴᠡᠭ᠎ᠦᠨ ᠡᠨᠧᠷᠭᠢ᠎ᠶ᠋ᠢᠨ ᠬᠣᠷᠣᠭ᠍ᠳᠠᠯ᠎ᠤᠨ ᠡᠷᠴᠢᠮ ᠬᠠᠮᠤᠭ᠎ᠤᠨ ᠲᠦᠷᠭᠡᠨ ᠪᠠᠭᠤᠷᠠᠭ᠍ᠰᠠᠨ ᠤᠯᠤᠰ᠎ᠤᠨ ᠨᠢᠭᠡ ᠪᠣᠯᠪᠠ ᠁ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ 《ᠡᠨᠧᠷᠭᠢ᠎ᠶ᠋ᠢᠨ ᠶᠡᠬᠡ ᠬᠠᠨᠳᠤᠰᠢ᠎ᠳᠤ ᠵᠣᠬᠢᠴᠠᠬᠤ ᠵᠠᠮ》 ᠢ᠋ ᠡᠷᠢᠵᠦ᠍ ᠣᠯᠤᠭᠠᠳ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠬᠦᠴᠦᠲᠡᠢ ᠲᠤᠯᠭᠠᠭᠤᠷᠢᠯᠠᠯ ᠬᠠᠩᠭᠠᠪᠠ᠃

《ᠬᠥᠭ᠌ᠵᠢᠯᠲᠡ᠎ᠶ᠋ᠢᠨ ᠲᠥᠯᠥᠪᠵᠢᠭᠦᠯᠭᠡ》᠂ ᠨᠢᠭᠡᠳᠦᠯᠲᠡᠶ ᠲᠥᠯᠥᠪᠵᠢᠬᠦᠯᠤᠨ ᠨᠡᠢᠲᠡ᠎ᠳᠦᠨᠢ ᠬᠠᠷᠠᠭᠠᠯᠵᠠᠬᠤ᠂ ᠪᠦᠬᠦᠯᠢ ᠴᠣᠭ᠍ᠴᠠ᠎ᠪᠠᠷ᠎ᠨᠢ ᠠᠬᠢᠭᠤᠯᠬᠤ ᠱᠢᠰᠲ᠋ᠧᠮ᠎ᠦᠨ ᠦᠵᠡᠯᠲᠡ᠎ᠶ᠋ᠢ ᠢᠯᠡᠷᠡᠭᠦᠯᠪᠡ᠃ ᠳᠤᠮᠳᠠᠳᠤ ᠤᠯᠤᠰ ᠶᠠᠭ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠵᠢᠯ᠎ᠢ ᠬᠢᠵᠦ᠍᠂ ᠭᠠᠳᠠᠭᠠᠳᠤ᠎ᠶ᠋ᠢᠨ ᠵᠠᠭᠤᠴᠢᠯᠠᠭᠤᠷ 《ᠳᠤᠮᠳᠠᠳᠤ ᠤᠯᠤᠰ 2025᠄ ᠳᠡᠯᠡᠬᠡᠢ᠎ᠳ᠋ᠠᠬᠢᠨ ᠲᠥᠯᠥᠪᠵᠢᠭᠦᠯᠭᠡ᠎ᠶ᠋ᠢᠨ ᠬᠦᠴᠦᠨ ᠢ᠋ ᠭᠡᠷᠡᠴᠢᠯᠡᠪᠡ》 ᠭᠡᠬᠦ᠌ ᠭᠠᠷᠴᠠᠭ᠎ᠲᠠᠶ ᠵᠣᠬᠢᠶᠠᠯ ᠨᠡᠢᠲᠡᠯᠡᠵᠦ᠍᠂ 《ᠳᠡᠯᠡᠬᠡᠢ ᠳ᠋ᠠᠬᠢᠨ ᠶᠠᠭ ᠤᠯᠤᠰ᠎ᠤᠨ ᠲᠥᠯᠥᠪᠵᠢᠭᠦᠯᠭᠡ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ ᠪᠣᠯᠤᠨ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠵᠥᠷᠢᠶ᠎ᠡ᠎ᠶ᠋ᠢ ᠪᠠᠭᠠᠰᠭᠠᠬᠤ᠎ᠶ᠋ᠢ ᠨᠢᠭᠡ ᠴᠤᠬ᠍ᠴᠠᠵᠢᠭᠤᠯᠬᠤ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠥᠷᠨᠢᠯᠲᠡ᠎ᠶ᠋ᠢ ᠭᠡᠷᠡᠴᠢᠯᠡᠵᠦ᠍ ᠪᠠᠢᠨ᠎ᠠ》᠂ 《ᠳᠤᠮᠳᠠᠳᠤ ᠤᠯᠤᠰ᠎ᠤᠨ ᠵᠠᠭ᠍ᠪᠤᠷ ᠶᠠᠭ 21 ᠳ᠋ᠤᠭᠡᠷ ᠵᠠᠭᠤᠨ᠎ᠢ ᠴᠣᠭ᠍ᠴᠠᠯᠠᠵᠤ ᠪᠠᠢᠨ᠎ᠠ》 ᠭᠡᠵᠦ᠍ ᠢᠯᠡᠳᠭᠡᠪᠡ᠃

ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠣᠭ᠍ᠲᠠᠭᠠᠬᠤ ᠪᠠ ᠦᠷᠭᠦᠯᠵᠢᠯᠡᠨ ᠬᠡᠷᠡᠭ᠌ᠵᠢᠭᠦᠯᠬᠦ᠌ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠨᠢᠭᠡᠨ ᠴᠢᠬᠤᠯᠠ ᠤᠯᠤᠰ ᠲᠦᠷᠦ᠍᠎ᠶ᠋ᠢᠨ ᠳᠠᠪᠠᠭᠤᠯᠢᠭ ᠮᠥᠨ᠃ 《ᠠᠩᠬᠠᠳᠤᠭᠠᠷ ᠲᠠᠪᠤᠨ ᠵᠢᠯ》 ᠡᠴᠡ 《ᠠᠷᠪᠠᠨ ᠳᠥᠷᠪᠡᠳᠦᠭᠡᠷ ᠲᠠᠪᠤᠨ ᠵᠢᠯ》 ᠬᠦᠷᠲᠡᠯ᠎ᠡ᠂ ᠮᠠᠨ᠎ᠤ ᠤᠯᠤᠰ᠎ᠢᠶᠠᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠪᠣᠯᠭᠠᠨ ᠪᠦᠳᠦᠭᠡᠨ ᠪᠠᠢᠭᠤᠯᠬᠤ ᠪᠣᠯ ᠢᠮᠠᠭ᠍ᠲᠠ᠎ᠶ᠋ᠢᠨ ᠭᠣᠣᠯ ᠰᠡᠳᠦᠪ ᠪᠣᠯᠤᠨ᠎ᠠ᠃ ᠠᠯᠢ ᠤᠯᠠᠨ ᠲᠠᠪᠤᠨ ᠵᠢᠯ᠎ᠦᠨ ᠲᠥᠯᠥᠪᠵᠢᠭᠦᠯᠭᠡ (ᠲᠥᠯᠥᠪᠯᠡᠭᠡ) ᠨᠢ 《ᠴᠠᠭ ᠬᠤᠭᠤᠴᠠᠭᠠᠨ᠎ᠤ ᠰᠡᠢᠯᠪᠦᠷᠢ》 ᠮᠡᠲᠦ᠍᠎ᠪᠡᠷ ᠶᠠᠳᠠᠭᠤ ᠪᠠᠭᠤᠷᠠᠢ ᠲᠠᠷᠢᠶᠠᠯᠠᠩ᠎ᠤᠨ ᠤᠯᠤᠰ᠎ᠢ ᠳᠡᠯᠡᠬᠡᠢ᠎ᠶ᠋ᠢᠨ ᠬᠣᠶᠠᠳᠤᠭᠠᠷ ᠲᠤᠮᠤ ᠠᠵᠤ ᠠᠬᠤᠢ᠎ᠶ᠋ᠢᠨ ᠴᠣᠭ᠍ᠴᠠ ᠪᠣᠯᠭᠠᠨ ᠰᠡᠢᠯᠪᠦᠷᠢᠯᠡᠭᠰᠡᠨ ᠪᠠᠢᠨ᠎ᠠ᠃

《ᠬᠣᠶᠠᠷ ᠠᠯᠬᠤᠮ᠎ᠬᠤᠪᠢᠶᠠᠵᠦ ᠶᠠᠪᠤᠬᠤ》 ᠪᠠᠢᠯᠳᠤᠬᠤ ᠪᠤᠳᠤᠯᠭ᠎ᠠ ᠶ᠋ᠢᠨ ᠲᠤᠬᠢᠷᠠᠭᠤᠯᠤᠯᠳᠠ᠂ 《ᠲᠠᠪᠤ᠎ᠶ᠋ᠢ ᠨᠢᠭᠡ ᠴᠤᠭ᠍ᠴᠠᠵᠢᠭᠤᠯᠬᠤ》ᠶᠡᠷᠦᠩᠬᠡᠢ ᠪᠠᠢᠷᠢᠱᠢᠭᠤᠯᠤᠯᠲᠠ ᠪᠣᠯᠤᠨ 《ᠲᠦᠷᠪᠡᠨ ᠪᠦᠬᠦ᠌ ᠲᠠᠯ᠎ᠠ》 ᠵᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠂ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠢᠶᠡᠷ ᠤᠯᠤᠰ᠎ᠢᠶᠠᠨ ᠮᠠᠨᠳᠤᠭᠤᠯᠬᠤ ᠪᠠᠢᠯᠳᠤᠬᠤ ᠪᠤᠳᠤᠯᠭ᠎ᠠ᠂ ᠴᠢᠳᠠᠪᠤᠷᠢᠲᠠᠨ᠎ᠢᠶᠠᠷ ᠤᠯᠤᠰ᠎ᠢᠶᠠᠨ ᠬᠦᠴᠦᠷᠬᠡᠭ᠌ᠵᠢᠭᠦᠯᠬᠦ᠌ ᠪᠠᠢᠯᠳᠤᠬᠤ ᠪᠤᠳᠤᠯᠭ᠎ᠠ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭ᠎ᠠ ᠵᠡᠷᠭᠡ ᠠᠯᠢ ᠤᠯᠠᠨ ᠴᠢᠬᠤᠯᠠ ᠶᠡᠬᠡ ᠪᠠᠢᠯᠳᠤᠬᠤ ᠪᠤᠳᠤᠯᠭ᠎ᠠ ᠁ ᠮᠠᠨ᠎ᠤ ᠨᠠᠮ ᠪᠠᠢᠯᠳᠤᠬᠤ ᠪᠤᠳᠤᠯᠭ᠎ᠠ᠎ᠶ᠋ᠢᠨ ᠲᠠᠯ᠎ᠠ᠎ᠪᠠᠷ ᠲᠠᠰᠤᠷᠠᠯᠳᠠ ᠦᠭᠡᠢ ᠲᠡᠭᠦᠯᠳᠡᠷᠵᠢᠭᠦᠯᠵᠦ᠍᠂ ᠪᠠᠢᠯᠳᠤᠬᠤ ᠪᠤᠳᠤᠯᠭ᠎ᠠ᠎ᠶ᠋ᠢᠨ ᠡᠷᠡᠰ ᠪᠠᠲᠤ ᠴᠢᠨᠠᠷ ᠪᠣᠯᠤᠨ ᠠᠷᠭ᠎ᠠ ᠪᠤᠳᠤᠯᠭ᠎ᠠ᠎ᠶ᠋ᠢᠨ ᠠᠮᠢᠳᠤᠯᠢᠭ ᠴᠢᠨᠠᠷ᠎ᠢ ᠤᠶᠠᠯᠳᠤᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠪᠠᠲᠤ ᠴᠢᠩᠭ᠎ᠠ ᠪᠠᠢᠯᠳᠤᠬᠤ ᠪᠤᠳᠤᠯᠭ᠎ᠠ᠎ᠶ᠋ᠢᠨ ᠲᠤᠯᠭᠠᠭᠤᠷᠢᠯᠠᠯ᠎ᠲᠠᠶ ᠶᠤᠮ᠃

ᠲᠡᠦᠬᠡ᠎ᠶ᠋ᠢᠨ ᠲᠡᠰᠪᠦᠷᠢ ᠲᠡᠪᠴᠢᠶᠡᠷᠢ᠎ᠶ᠋ᠢ ᠪᠠᠲᠤᠯᠠᠵᠤ᠂ ᠲᠡᠦᠬᠡ᠎ᠶ᠋ᠢᠨ ᠰᠠᠨᠠᠭᠠᠴᠢᠯᠠᠭᠠᠲᠤ ᠴᠢᠨᠠᠷ᠎ᠢ ᠴᠢᠩᠭᠠᠳᠭᠠᠵᠤ᠂ ᠪᠦᠬᠦ᠌ ᠤᠯᠤᠰ᠎ᠢᠶᠠᠷ᠎ᠢᠶᠠᠨ ᠨᠢᠭᠡ ᠬᠥᠯᠭᠡ ᠱᠢᠲᠠᠷ᠎ᠠ ᠪᠤᠯᠵᠤ᠂ ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠬᠤ᠎ᠶ᠋ᠢ ᠪᠠᠷᠢᠮᠲᠠᠯᠠᠬᠤ ᠬᠡᠷᠡᠭ᠌ᠲᠡᠶ᠃ ᠡᠨᠡ ᠨᠢ ᠶᠠᠭ 《ᠳᠤᠮᠳᠠᠳᠤ ᠤᠯᠤᠰ᠎ᠤᠨ ᠪᠠᠢᠭᠤᠯᠤᠯ》 ᠵᠢᠡᠷ 《ᠳᠤᠮᠳᠠᠳᠤ ᠤᠯᠤᠰ᠎ᠤᠨ ᠵᠠᠰᠠᠯᠲᠠ》 ᠵᠢ ᠠᠬᠢᠭᠤᠯᠬᠤ ᠨᠢᠭᠤᠴᠠ ᠵᠣᠷ ᠪᠣᠯᠤᠨ᠎ᠠ᠃

ᠦᠶ᠋ᠯᠡᠳᠦᠯᠭᠡ᠎ᠶ᠋ᠢᠨ ᠱᠢᠨ᠎ᠡ ᠡᠭᠦᠳᠦᠯᠳᠡ ᠨᠢ ᠬᠥᠭ᠌ᠵᠢᠯᠲᠡ᠎ᠶ᠋ᠢᠨ ᠰᠠᠨᠠᠭᠠᠴᠢᠯᠠᠭᠠᠲᠤ ᠪᠠᠢᠷᠢ᠎ᠶ᠋ᠢ ᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠯᠠᠪᠳᠠᠭᠤᠨ ᠪᠥᠭᠡᠳ ᠰᠠᠢᠨ ᠶᠠᠪᠤᠭ᠍ᠳᠠᠨ᠎ᠠ —

8 ᠵᠢᠯ᠎ᠦᠨ ᠬᠤᠭᠤᠴᠠᠭᠠᠨ᠎ᠳᠤ᠂ ᠬᠥᠳᠡᠭᠡ ᠲᠣᠰᠭᠣᠨ᠎ᠤ 1 ᠳ᠋ᠦᠩᠱᠢᠭᠤᠷ ᠱᠢᠬᠠᠮ ᠶᠠᠳᠠᠭᠤ ᠬᠦᠴᠢᠷᠳᠡᠯᠲᠡᠢ ᠬᠥᠮᠦᠨ ᠠᠮᠠ ᠬᠠᠷᠢᠴᠠᠯᠠᠱᠢᠭᠦᠢ ᠶᠠᠳᠠᠭᠤ ᠬᠦᠴᠢᠷᠳᠡᠯ᠎ᠡᠴᠡ ᠲᠤᠢᠯᠪᠤᠷᠢᠲᠠᠢ ᠠᠩᠭᠢᠵᠢᠷᠠᠵᠤ᠂ 《ᠬᠥᠮᠦᠨ ᠲᠥᠷᠥᠯᠬᠢᠲᠡᠨ᠎ᠦ ᠶᠠᠳᠠᠭᠤ᠎ᠬᠦᠴᠢᠷᠳᠡᠯᠳᠡᠢ ᠬᠦᠮᠦᠨ ᠠᠮᠠ ᠶ᠋ᠢ ᠴᠦᠬᠡᠳᠬᠡᠬᠦ ᠲᠡᠦᠬᠡᠨ ᠭᠠᠢᠬᠠᠮᠱᠢᠭ》 ᠬᠡᠮᠡᠭ᠌ᠳᠡᠵᠦ᠍᠂ 《ᠪᠠᠭ᠎ᠠ ᠪᠠᠭᠤᠷᠠᠢ ᠱᠢᠪᠠᠭᠤ ᠤᠷᠢᠳ᠎ᠢᠶᠠᠷ ᠨᠢᠰᠴᠦ᠍᠂ ᠥᠨᠳᠥᠷ᠎ᠲᠦ ᠨᠢᠰᠴᠦ᠍ ᠪᠣᠯᠤᠨ᠎ᠠ᠃ ᠳᠤᠮᠳᠠᠳᠤ ᠤᠯᠤᠰ ᠠᠮᠵᠢᠯᠲᠠ ᠣᠯᠵᠤ ᠪᠣᠯᠤᠨ᠎ᠠ᠂ ᠪᠤᠰᠤᠳ ᠬᠥᠭ᠌ᠵᠢᠵᠦ᠍ ᠪᠠᠢᠭ᠎ᠠ ᠤᠯᠤᠰ᠎ᠤᠳ ᠴᠤ᠌ ᠠᠮᠵᠢᠯᠲᠠ ᠣᠯᠵᠤ ᠪᠣᠯᠤᠨ᠎ᠠ》 ᠭᠡᠳᠡᠭ᠎ᠢ ᠭᠦᠨᠵᠡᠭᠡᠢ ᠬᠠᠷᠠᠭᠤᠯᠪᠠ᠃

ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠠᠢᠭᠤᠯᠤᠨ ᠪᠦᠳᠦᠭᠡᠬᠦ ᠲᠡᠦᠬᠡᠲᠦ ᠡᠭᠦᠷᠭᠡ᠎ᠶ᠋ᠢ ᠪᠡᠶᠡᠯᠡᠭᠦᠯᠬᠦ᠌ ᠪᠣᠯ ᠳᠤᠮᠳᠠᠳᠤ᠎ᠶ᠋ᠢᠨ ᠦᠨᠳᠦᠰᠦᠲᠡᠨ᠎ᠦ ᠬᠥᠭ᠌ᠵᠢᠯᠲᠡ᠎ᠶ᠋ᠢᠨ ᠲᠡᠦᠬᠡᠨ ᠬᠠᠭᠤᠳᠠᠰᠤ᠎ᠶ᠋ᠢ ᠭᠡᠢᠭᠦᠯᠦᠭ᠌ᠰᠡᠨ ᠲᠡᠦᠬᠡᠲᠦ ᠴᠢᠨᠠᠷᠲᠠᠢ ᠢᠯᠠᠯᠲᠠ ᠮᠥᠨ᠂ ᠳᠡᠯᠡᠬᠡᠢ ᠳ᠋ᠠᠬᠢᠨ᠎ᠳᠤ ᠠᠯᠤᠰ ᠬᠡᠳᠦ᠍᠎ᠶ᠋ᠢᠨ ᠨᠥᠯᠥᠭᠡ᠎ᠲᠡᠶ ᠶᠤᠮ᠃

ᠡᠨᠡ ᠵᠢᠯ᠎ᠦᠨ 8 ᠰᠠᠷ᠎ᠠ᠎ᠳᠤ᠂ 《ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠠᠬᠢᠭᠤᠯᠵᠤ ᠪᠦᠬᠦ᠌ ᠤᠯᠤᠰ᠎ᠤᠨ ᠨᠡᠭᠦᠷᠡᠰᠦᠲᠥ᠋ᠷᠥᠭ᠌ᠴᠢ᠎ᠶ᠋ᠢᠨ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠰᠠᠨᠠᠯ》 ᠢ᠋ ᠨᠡᠢᠲᠡᠯᠡᠪᠡ᠃ ᠪᠦᠬᠦ᠌ ᠤᠯᠤᠰ᠎ᠤᠨ ᠨᠢᠭᠡᠳᠦᠯᠲᠡᠢ ᠨᠡᠭᠦᠷᠡᠰᠦᠲᠥ᠋ᠷᠥᠭ᠌ᠴᠢ᠎ᠶ᠋ᠢᠨ ᠵᠠᠬ᠎ᠠ ᠳᠡᠯᠭᠡᠭᠦᠷ᠎ᠢ ᠲᠦᠷᠭᠡᠪᠴᠢᠯᠡᠨ ᠪᠠᠢᠭᠤᠯᠵᠤ᠂ 《ᠬᠣᠣᠰ ᠨᠡᠭᠦᠷᠡᠰᠦᠲᠥ᠋ᠷᠥᠭ᠌ᠴᠢ》 ᠶ᠋ᠢᠨ ᠬᠠᠷᠠᠯᠲᠠ᠎ᠶ᠋ᠢ ᠪᠡᠶᠡᠯᠡᠭᠦᠯᠬᠦ᠌᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠲᠦᠭᠡᠨ ᠪᠠᠢᠭᠤᠯᠬᠤ᠎ᠳᠤ ᠴᠢᠬᠤᠯᠠ ᠲᠤᠯᠭᠠᠭᠤᠷᠢᠯᠠᠯ ᠬᠠᠩᠭᠠᠨ᠎ᠠ᠃

ᠱᠢᠨ᠎ᠡ ᠴᠠᠭ ᠦᠶ᠎ᠡ᠎ᠶ᠋ᠢᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠠᠮᠵᠢᠯᠲᠠ ᠪᠦᠲᠦᠮᠵᠢ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠵᠤ᠂ ᠭᠣᠣᠯᠳᠠᠯᠭ᠎ᠠ᠎ᠲᠠᠶ ᠴᠡᠭ᠌ᠴᠡᠯᠡᠨ ᠵᠠᠰᠠᠬᠤ᠎ᠡᠴᠡ ᠱᠢᠰᠲ᠋ᠧᠮ᠎ᠲᠡᠶ ᠵᠠᠰᠠᠬᠤ ᠬᠦᠷᠲᠡᠯ᠎ᠡ᠂ ᠰᠠᠨᠠᠭᠠᠴᠢᠯᠠᠭᠠᠲᠤ ᠪᠤᠰᠤ᠎ᠪᠠᠷ ᠠᠷᠭᠠᠴᠠᠭᠠᠵᠤ ᠪᠠᠢᠭ᠍ᠰᠠᠨ᠎ᠡᠴᠡ ᠰᠠᠨᠠᠭᠠᠴᠢᠯᠠᠭ᠎ᠠ᠎ᠲᠠᠶ᠎ᠪᠠᠷ ᠠᠵᠢᠯᠯᠠᠬᠤ ᠬᠦᠷᠲᠡᠯ᠎ᠡ᠂ ᠪᠦᠬᠦ᠌ ᠪᠥᠮᠪᠥᠷᠴᠡᠭ᠎ᠦᠨ ᠣᠷᠴᠢᠨ ᠲᠣᠭᠣᠷᠢᠨ᠎ᠤ ᠵᠠᠰᠠᠯᠲᠠ᠎ᠳᠤ ᠣᠷᠣᠯᠴᠠᠭ᠍ᠴᠢ᠎ᠡᠴᠡ ᠲᠠᠭᠠᠭᠤᠯᠤᠬ᠍ᠴᠢ ᠪᠣᠯᠤᠭ᠍ᠰᠠᠨ ᠬᠦᠷᠲᠡᠯ᠎ᠡ᠂ ᠦᠢᠯᠡᠳᠦᠯᠭᠡ᠎ᠶ᠋ᠢᠨ ᠰᠦᠪᠡᠭ᠌ᠴᠢᠯᠡᠯᠳᠡ᠎ᠡᠴᠡ ᠱᠢᠨᠵᠢᠯᠡᠬᠦ᠌ ᠤᠬᠠᠭᠠᠨᠴᠢ ᠤᠨᠤᠯ᠎ᠤᠨ ᠵᠢᠯᠤᠭᠤᠳᠤᠯᠭ᠎ᠠ ᠪᠣᠯᠤᠭ᠍ᠰᠠᠨ ᠬᠦᠷᠲᠡᠯ᠎ᠡ 《ᠲᠦᠷᠪᠡᠨ ᠴᠢᠬᠤᠯᠠ ᠶᠡᠬᠡ ᠬᠤᠪᠢᠷᠠᠯᠲᠠ》 ᠨᠢ ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠲᠡᠦᠬᠡᠲᠦ ᠴᠢᠨᠠᠷᠲᠠᠢ ᠠᠮᠵᠢᠯᠲᠠ ᠣᠯᠤᠭ᠍ᠰᠠᠨ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭ᠍ᠰᠠᠨ ᠢᠯᠡᠷᠬᠡᠢ ᠪᠡᠯᠭᠡ ᠲᠡᠮᠳᠡᠭ ᠪᠣᠯᠵᠠᠢ᠃

᠁᠁

ᠱᠢᠨ᠎ᠡ ᠴᠠᠭ ᠦᠶ᠎ᠡ᠎ᠶ᠋ᠢᠨ ᠠᠭᠤᠤ ᠶᠡᠬᠡ ᠠᠮᠵᠢᠯᠲᠠ ᠪᠦᠲᠦᠮᠵᠢ ᠪᠣᠯᠤᠨ ᠬᠤᠪᠢᠰᠤᠯᠲᠠ ᠨᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠰᠠᠷᠠᠭᠤᠯ ᠢᠷᠡᠭᠡᠳᠦᠢ᠎ᠶ᠋ᠢ ᠨᠡᠭᠡᠭᠡᠵᠦ᠍᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠦᠳᠦᠭᠡᠬᠦ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠨᠡᠩ ᠪᠠᠲᠤ ᠪᠡᠬᠢ ᠰᠠᠭᠤᠷᠢ᠎ᠶ᠋ᠢ ᠲᠠᠯᠪᠢᠵᠤ ᠥᠭ᠌ᠴᠡᠢ᠃

《ᠮᠠᠨ᠎ᠤ ᠣᠳᠣᠬᠢᠴᠢᠯᠠᠯᠲᠠ ᠪᠣᠯ ᠬᠠᠮᠤᠭ᠎ᠤᠨ ᠬᠦᠴᠢᠷ ᠮᠥᠷᠲᠡᠭᠡᠨ ᠪᠠᠰᠠ ᠬᠠᠮᠤᠭ᠎ᠤᠨ ᠠᠭᠤᠤ ᠶᠡᠬᠡ ᠶᠤᠮ》᠃ ᠬᠦᠴᠢᠷ ᠨᠢ 《ᠬᠠᠮᠤᠭ᠎ᠤᠨ ᠪᠡᠷᠬᠡ ᠬᠠᠮᠤᠭ᠎ᠤᠨ ᠬᠦᠨᠳᠦ ᠡᠭᠦᠷᠭᠡ ᠮᠥᠨ ᠬᠦ᠌ ᠬᠥᠳᠡᠭᠡ ᠲᠣᠰᠭᠣᠨ᠎ᠳᠤ ᠪᠠᠢᠨ᠎ᠠ》; ᠬᠦᠴᠢᠷ ᠨᠢ 14  ᠳ᠋ᠦᠩᠱᠢᠭᠤᠷ ᠭᠠᠷᠤᠢ ᠬᠥᠮᠦᠨ ᠠᠮᠠ᠎ᠶ᠋ᠢ ᠪᠦᠬᠦᠯᠢ ᠴᠣᠭ᠍ᠴᠠ᠎ᠪᠠᠷ ᠨᠢ ᠣᠳᠣᠬᠢᠴᠢᠯᠠᠯᠲᠠ᠎ᠳᠤ ᠣᠷᠣᠭᠤᠯᠬᠤ᠎ᠳᠤ ᠪᠠᠢᠨ᠎ᠠ᠂ ᠲᠡᠭᠦᠨ᠎ᠦ ᠬᠠᠲᠠᠭᠤ ᠪᠡᠷᠬᠡ ᠴᠢᠨᠠᠷ ᠪᠣᠯᠤᠨ ᠨᠠᠷᠢᠨ ᠪᠤᠳᠤᠯᠢᠶᠠᠨᠲᠤ ᠴᠢᠨᠠᠷ ᠨᠢ ᠤᠷᠢᠳ ᠡᠮᠦᠨ᠎ᠡ ᠪᠠᠢᠭ᠎ᠠ ᠦᠭᠡᠢ ᠶᠤᠮ᠃

ᠤᠷᠢᠳ ᠡᠮᠦᠨ᠎ᠡ ᠪᠠᠢᠭ᠎ᠠ ᠦᠭᠡᠢ ᠠᠭᠤᠤ ᠶᠡᠬᠡ ᠦᠢᠯᠡᠰ ᠪᠣᠯ ᠢᠷᠠᠭᠤ ᠠᠯᠳᠠᠷ ᠪᠠ ᠬᠦᠰᠡᠯ ᠵᠡᠭᠦᠳᠦ᠍᠎ᠪᠡᠷ ᠪᠢᠯᠬᠠᠭ᠍ᠰᠠᠨ ᠠᠶᠠᠨ ᠵᠠᠮ ᠮᠥᠨ᠂ ᠨᠡᠩ ᠴᠤ᠌ ᠵᠦᠢᠷᠯᠡᠰᠢ ᠦᠭᠡᠢ ᠥᠷᠭᠡᠨ ᠠᠭᠤᠳᠠᠮ ᠴᠠᠭ ᠦᠶ᠎ᠡ᠎ᠶ᠋ᠢᠨ ᠲᠠᠪᠴᠠᠩ ᠮᠥᠨ᠃

ᠥᠩᠭᠡᠷᠡᠭ᠌ᠰᠡᠨ᠎ᠦ ᠲᠡᠮᠡᠴᠡᠯ᠎ᠦᠨ ᠵᠠᠮ᠎ᠢᠶᠠᠨ ᠡᠷᠭᠢᠴᠡᠭᠦᠯᠬᠦᠶ᠎ᠡ᠂ 《ᠪᠢᠳᠡ ᠨᠢᠭᠡᠨᠲᠡ ᠰᠠᠷᠠᠭᠤᠯ ᠳᠠᠷᠳᠠᠩ ᠵᠠᠮ᠎ᠢᠶᠠᠷ ᠵᠠᠮᠨᠠᠪᠠ》᠃ ᠢᠷᠡᠭᠡᠳᠦᠢ ᠵᠢᠨ ᠡᠷᠡᠮᠡᠬᠡᠢᠯᠡᠨ ᠤᠷᠤᠭᠰᠢᠯᠠᠬᠤ ᠵᠠᠮ᠎ᠢ ᠪᠠᠷᠠᠯᠠᠬᠤᠶ᠎ᠠ᠂ 《ᠨᠡᠩ ᠠᠭᠤᠤ ᠶᠡᠬᠡ ᠢᠯᠠᠯᠲᠠ ᠪᠠ ᠢᠷᠠᠭᠤ ᠠᠯᠳᠠᠷ᠎ᠢ ᠤᠯᠬᠤ ᠨᠢ ᠯᠠᠪᠲᠠᠢ》 ᠶᠤᠮ᠃

(ᠲᠦᠷᠪᠡ)

ᠬᠤᠷᠢᠬ᠍ᠯᠠᠬ᠍ᠳᠠᠰᠢ ᠦᠭᠡᠢ ᠰᠦᠷ ᠬᠦᠴᠦᠨ ᠨᠢ 《ᠠᠤᠭ᠎ᠠ ᠶᠡᠬᠡ ᠬᠦᠴᠦᠨ》 ᠳ᠋ᠤ ᠪᠤᠢ — ᠲᠦᠭ ᠲᠦᠮᠡᠨ ᠠᠷᠠᠳ ᠲᠦᠮᠡᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃

ᠥᠷᠯᠥᠭᠡ᠎ᠶ᠋ᠢᠨ ᠨᠡᠷᠡᠨ ᠮᠡᠲᠦ ᠮᠠᠨᠳᠤᠨ ᠭᠡᠢᠭᠦᠯᠦᠨ᠎ᠡ᠂ ᠲᠤᠯᠬᠢᠨ ᠤᠷᠤᠰᠬᠠᠯ ᠮᠡᠲᠦ ᠳᠣᠯᠭᠢᠶᠠᠯᠠᠨ ᠳᠠᠪᠠᠯᠭᠠᠯᠠᠨ᠎ᠠ᠃

ᠶᠡᠷᠦᠩᠬᠡᠢ ᠱᠦᠵᠢ ᠰᠢ ᠵᠢᠨ ᠫᠢᠩ᠄《ᠳᠤᠮᠳᠠᠳᠤ ᠤᠯᠤᠰ᠎ᠤᠨ ᠠᠷᠠᠳ ᠲᠦᠮᠡᠨ ᠮᠠᠰᠢ ᠤᠯᠠᠨ ᠬᠠᠯᠠ ᠵᠣᠪᠠᠯᠠᠩ᠎ᠢ ᠠᠮᠰᠠᠵᠤ᠂ ᠮᠠᠰᠢ ᠤᠯᠠᠨ ᠦᠷᠡᠭ᠌ᠳᠡᠯ ᠰᠦᠢᠳᠦᠯ ᠭᠠᠷᠭᠠᠵᠤ᠂ ᠮᠠᠰᠢ ᠤᠯᠠᠨ ᠲᠡᠮᠡᠴᠡᠯ᠎ᠢ ᠦᠨᠭᠭᠡᠷᠡᠭᠡᠪᠡ᠃ ᠤᠳᠤ᠂ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡᠨ ᠶᠠᠪᠤᠴᠠ᠎ᠳᠤ ᠬᠤᠷᠠᠮᠳᠤᠭᠤᠯᠤᠭ᠍ᠰᠠᠨ ᠬᠦᠴᠦᠷᠬᠡᠭ ᠶᠡᠬᠡ ᠡᠨᠧᠷᠭᠢ ᠨᠢᠭᠡᠨᠲᠡ ᠭᠦᠢᠴᠡᠳ ᠣᠷᠭᠢᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠬᠤᠷᠢᠭ᠍ᠯᠠᠭ᠍ᠳᠠᠰᠢ ᠦᠭᠡᠢ ᠰᠦᠷ ᠳᠠᠯᠠᠢᠴᠠᠲᠠᠢ ᠬᠦᠴᠦᠨ ᠴᠢᠳᠠᠯ᠎ᠢ ᠬᠠᠩᠭᠠᠪᠠ》 ᠭᠡᠵᠦ ᠭᠦᠨᠵᠡᠭᠡᠢ ᠵᠢᠭᠠᠵᠤ ᠭᠠᠷᠭᠠᠪᠠ᠃

ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ ᠮᠡᠲᠦ ᠳᠣᠲᠣᠨᠣ ᠪᠠᠢᠵᠤ᠂ ᠳᠤᠮᠳᠠᠳᠤ ᠤᠯᠤᠰ᠎ᠤᠨ ᠵᠡᠭᠦᠳᠦ᠍᠎ᠶ᠋ᠢ ᠰᠡᠳᠭᠢᠯ ᠨᠢᠭᠡᠳᠦᠨ ᠬᠠᠮᠲᠤ᠎ᠪᠠᠷ ᠲᠡᠷᠭᠡᠯᠰᠢᠭᠦᠯᠬᠦ ᠪᠣᠯ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠦᠨ ᠬᠠᠮᠲᠤ᠎ᠶ᠋ᠢᠨ ᠬᠦᠰᠡᠯ ᠡᠷᠡᠮᠡᠯᠵᠡᠯ ᠮᠥᠨ᠂ ᠪᠠᠰᠠ ᠴᠤ᠌ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠬᠠᠷᠠᠯᠲᠠ ᠮᠥᠨ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠪᠣᠯ ᠶᠠᠭ ᠪᠢᠳᠡᠨ᠎ᠦ ᠰᠡᠷᠭᠦᠨ ᠮᠠᠨᠳᠤᠯᠲᠠ᠎ᠶ᠋ᠢᠨ ᠶᠡᠬᠡ ᠬᠠᠨᠳᠤᠰᠢ᠎ᠶ᠋ᠢ ᠡᠵᠡᠮᠳᠡᠬᠦ᠌᠎ᠶ᠋ᠢᠨ ᠬᠤᠷᠢᠬ᠍ᠯᠠᠬ᠍ᠳᠠᠰᠢ ᠦᠭᠡᠢ ᠴᠢᠬᠤᠯᠠ ᠬᠡᠮᠵᠢᠯ ᠮᠥᠨ᠃

ᠡᠨᠡ ᠪᠣᠯ 《ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠭ᠎ᠢᠶᠠᠨ ᠬᠠᠮᠲᠤᠳᠭᠠᠬᠤ᠂ ᠦᠬᠦᠵᠦ᠍ ᠰᠡᠬᠡᠬᠦ᠌ ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ》 ᠦᠨᠳᠦᠰᠦᠲᠡᠨ᠎ᠦ ᠨᠢᠭ᠍ᠲᠠᠷᠠᠯ᠎ᠤᠨ ᠬᠦᠴᠦᠨ ᠮᠦᠨ —

《ᠳᠣᠬᠢᠭᠤᠷ ᠲᠤᠯᠤᠭᠠᠨ ᠣᠲᠣ᠎ᠶ᠋ᠢ ᠬᠠᠷᠠᠪᠠᠯ ᠲᠥᠭᠡᠷᠢᠬᠦ᠌ ᠥᠬᠡᠶ᠂ ᠡᠪ ᠬᠠᠮᠲᠤ ᠨᠠᠮ᠎ᠢ ᠳᠠᠭᠠᠪᠠᠯ ᠵᠣᠯ ᠵᠢᠷᠭᠠᠯ᠎ᠡᠳ᠋ᠯᠡᠨ᠎ᠡ》᠃ ᠲᠥᠪᠡᠳ᠎ᠦᠨ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 60 ᠵᠢᠯ᠎ᠦᠨ ᠲᠤᠷᠰᠢ᠂ 《ᠣᠬᠣᠷᠬᠠᠨ ᠬᠡᠳᠦᠨ ᠠᠷᠪᠠᠨ ᠵᠢᠯ᠎ᠳᠦ ᠬᠡᠳᠦᠨ ᠮᠢᠩᠭᠠᠨ ᠤᠨ᠎ᠢ ᠰᠤᠨᠳᠠᠯᠠᠭᠰᠠᠨ》 ᠠᠮᠵᠢᠯᠲᠠ ᠤᠯᠤᠭᠰᠠᠨ ᠬᠥᠮᠦᠨ᠎ᠦ ᠶᠢᠷᠲᠢᠨᠴᠦ᠍᠎ᠶ᠋ᠢᠨ ᠭᠠᠢᠬᠠᠮᠱᠢᠭ᠎ᠢ ᠡᠭᠦᠳᠪᠡ᠃ 62.8 ᠲᠦᠮᠡᠨ ᠳᠠᠩᠰᠠᠯᠠᠵᠤ ᠺᠠᠷᠲᠯᠠᠭ᠍ᠰᠠᠨ ᠶᠠᠳᠠᠭᠤ ᠬᠦᠴᠢᠷᠳᠡᠯᠲᠡᠢ ᠬᠥᠮᠦᠨ ᠠᠮᠠ᠎ᠶ᠋ᠢ ᠪᠦᠬᠦᠨ᠎ᠢ ᠶᠠᠳᠠᠭᠤ᠎ᠡᠴᠡ ᠠᠩᠭᠢᠵᠢᠷᠠᠭᠤᠯᠵᠤ᠂ ᠪᠦᠬᠦ᠌ ᠣᠷᠣᠨ᠎ᠤ ᠬᠥᠮᠦᠨ ᠳᠤᠮᠳᠠᠴᠢ᠎ᠶ᠋ᠢᠨ ᠵᠢᠱ᠌ᠢᠭ᠌ᠰᠡᠨ ᠨᠠᠰᠤᠨ ᠬᠤᠲᠤᠭ 2010 ᠣᠨ᠎ᠳᠤ 68.17 ᠨᠠᠰᠤ ᠪᠠᠢᠭ᠍ᠰᠠᠨ᠎ᠡᠴᠡ᠎ᠪᠠᠨ ᠣᠳᠣᠬᠠᠨ᠎ᠤ 72.5 ᠨᠠᠰᠤ ᠪᠣᠯᠤᠨ ᠳᠡᠭᠡᠭ᠌ᠰᠢᠯᠡᠪᠡ ᠁ ᠱᠢᠨ᠎ᠡ ᠴᠠᠭ ᠦᠶ᠎ᠡᠴᠡ ᠨᠠᠭᠠᠰᠢ᠂ ᠲᠥᠪᠡᠳ ᠬᠥᠭ᠌ᠵᠢᠯᠲᠡ᠎ᠪᠡᠷ ᠬᠠᠮᠤᠭ᠎ᠤᠨ ᠰᠠᠢ᠌ᠨ᠂ ᠬᠤᠪᠢᠷᠠᠯᠲᠠ᠎ᠪᠠᠷ ᠬᠠᠮᠤᠭ᠎ᠤᠨ ᠶᠡᠬᠡ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠬᠠᠮᠤᠭ᠎ᠤᠨ ᠤᠯᠠᠨ ᠠᠱᠢᠭ ᠬᠦᠷᠲᠡᠭᠡᠭ᠌ᠰᠡᠨ ᠲᠡᠦᠬᠡᠨ ᠴᠠᠭ ᠦᠶ᠎ᠡ᠎ᠳᠦ ᠣᠷᠣᠪᠠ᠃

《ᠴᠠᠬᠢᠯᠭᠠᠨ ᠳ᠋ᠧᠩ ᠬᠡᠷᠡᠯᠳᠦᠭᠰᠡᠨ ᠡᠴᠡ ᠰᠡᠳᠭᠢᠯ ᠰᠠᠨᠠᠭ᠎ᠠ ᠪᠠᠰᠠ ᠰᠠᠷᠠᠭᠤᠯᠵᠢᠪᠠ!》 ᠱᠢᠨᠵᠢᠶᠠᠩ᠎ᠤᠨ ᠬᠤᠲ᠋ᠠᠨᠣᠷᠣᠨ᠎ᠤᠢᠦᠶ ᠲᠢᠶᠠᠨ ᠱᠢᠶᠠᠨ᠎ᠤ ᠣᠯᠠᠨ ᠲᠦᠮᠡᠨ ᠲᠣᠭ᠍ᠲᠠᠭᠤᠨ ᠬᠦᠶᠦᠳᠡᠯᠳᠤ ᠴᠠᠬᠢᠯᠭᠠᠨ ᠬᠡᠷᠡᠭ᠌ᠯᠡᠵᠡᠶ᠃ 《ᠳ᠋ᠧᠩ ᠠᠰᠠᠭᠠᠬᠤ᠎ᠳᠤ ᠲᠤᠰᠤ ᠬᠡᠷᠡᠭᠯᠡᠵᠦ ᠪᠠᠢᠭᠰᠠᠨ》 ᠡᠴᠡ 《ᠴᠠᠬᠢᠯᠭᠠᠨ᠎ᠢ ᠰᠠᠭᠠᠳ ᠦᠭᠡᠢ ᠬᠡᠷᠡᠭ᠌ᠯᠡᠬᠦ᠌ ᠪᠤᠯᠤᠭᠰᠠᠨ》 ᠬᠦᠷᠲᠡᠯ᠎ᠡ᠂ 《ᠭᠠᠭ᠍ᠴᠠ ᠴᠠᠬᠢᠯᠭᠠᠨ ᠲᠤᠤᠷ ᠵᠢᠡᠷ ᠠᠵᠢᠯᠯᠠᠭᠤᠯᠵᠤ ᠪᠠᠢᠭᠰᠠᠨ》 ᠡᠴᠡ 《ᠪᠠᠷᠠᠭᠤᠨᠳᠡᠬᠢ ᠴᠠᠬᠢᠯᠭᠠᠨ᠎ᠢ ᠵᠡᠭᠦᠨᠰᠢ ᠬᠦᠷᠭᠡᠬᠦ᠌》 ᠬᠦᠷᠲᠡᠯ᠎ᠡ᠂ ᠲᠦᠮᠡᠨ ᠭᠠᠵᠠᠷ᠎ᠤᠨ ᠴᠠᠬᠢᠯᠭᠠᠨ ᠤᠳᠠᠰᠤ ᠲᠩᠷᠢ ᠠᠭᠤᠯᠠ᠎ᠶ᠋ᠢ ᠳᠠᠪᠠᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠌᠎ᠶ᠋ᠢ ᠭᠡᠷᠡᠴᠢᠯᠡᠵᠦ᠍᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠭᠦᠨ ᠰᠡᠳᠭᠢᠯᠭᠡ᠎ᠶ᠋ᠢ ᠬᠤᠯᠪᠤᠪᠠ᠃

ᠠᠯᠢᠪᠠ ᠪᠦᠬᠦᠨ ᠳ᠋ᠦ ᠠᠷᠠᠳ ᠲᠦᠮᠡᠨ᠎ᠦ ᠲᠦᠯᠦᠭᠡ ᠪᠠᠢᠪᠠᠯ᠂ ᠠᠷᠠᠳ ᠲᠦᠮᠡᠨ᠎ᠤ ᠬᠦᠷᠢᠶᠡᠯᠡᠯ ᠲᠤᠳᠤᠨᠤᠴᠢᠯᠠᠯ᠎ᠢ ᠤᠯᠳᠠᠭ᠃ 《ᠳᠤᠮᠳᠠᠳᠤ ᠤᠯᠤᠰ᠎ᠤᠨ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ ᠪᠣᠯ ᠳᠤᠮᠳᠠᠳᠤ ᠤᠯᠤᠰ᠎ᠤᠨ ᠬᠥᠭ᠌ᠵᠢᠯᠲᠡ᠎ᠶ᠋ᠢᠨ ᠬᠠᠮᠤᠭ᠎ᠤᠨ ᠶᠡᠬᠡ ᠳᠣᠲᠣᠭᠠᠳᠤ ᠬᠥᠳᠡᠯᠭᠡᠬᠦ᠌ ᠬᠦᠴᠦᠨ ᠮᠥᠨ᠂ ᠵᠠᠢᠯᠠᠰᠢ ᠦᠭᠡᠢ ᠲᠡᠦᠬᠡ᠎ᠶ᠋ᠢᠨ ᠬᠠᠨᠳᠤᠰᠢ ᠮᠥᠨ᠂ ᠬᠡᠨ ᠡᠨᠡ ᠬᠦ᠌ ᠲᠡᠦᠬᠡ᠎ᠶ᠋ᠢᠨ ᠬᠠᠨᠳᠤᠰᠢ᠎ᠶ᠋ᠢ ᠬᠣᠷᠢᠭ᠍ᠯᠠᠶ᠎ᠠ ᠭᠡᠪᠡᠯ ᠳᠤᠮᠳᠠᠳᠤ ᠤᠯᠤᠰ᠎ᠤᠨ ᠠᠷᠠᠳ ᠲᠦᠮᠡᠨ ᠵᠥᠪᠱᠢᠶᠡᠷᠡᠬᠦ᠌ ᠦᠭᠡᠢ ᠪᠥᠭᠡᠳ ᠬᠣᠷᠢᠭ᠍ᠯᠠᠵᠤ ᠴᠤ᠌ ᠴᠢᠳᠠᠬᠤ ᠦᠭᠡᠢ ᠶᠤᠮ》᠃

ᠱᠢᠨ᠎ᠡ ᠴᠠᠭ ᠦᠶ᠎ᠡ᠎ᠡᠴᠡ ᠨᠠᠭᠠᠰᠢ᠂ 《ᠨᠢᠭᠡ ᠬᠦᠮᠦᠨ᠎ᠢ ᠴᠦ᠍ ᠣᠷᠬᠢᠭ᠍ᠳᠠᠭᠤᠯᠬᠤ ᠦᠭᠡᠢ》 ᠪᠦᠬᠦ᠌ ᠲᠠᠯ᠎ᠠ᠎ᠪᠡᠷ ᠴᠢᠨᠡᠭᠡᠯᠢᠭ᠌ᠵᠢᠬᠦ ᠡᠴᠡ 《ᠨᠢᠭᠡ᠎ᠬᠦᠮᠦᠨ᠎ᠢ ᠴᠦ᠍ ᠬᠤᠴᠤᠷᠤᠭᠤᠯᠬᠤ ᠦᠭᠡᠢ》 ᠬᠠᠮᠲᠤ᠎ᠪᠡᠷ ᠴᠢᠨᠡᠭᠡᠯᠢᠭ᠌ᠵᠢᠬᠦ ᠬᠦᠷᠲᠡᠯ᠎ᠡ᠂ ᠲᠠᠬᠢᠭᠠᠳ ᠳᠡᠯᠡᠬᠡᠢ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ ᠰᠤᠷᠭᠠᠨ ᠬᠥᠮᠦᠵᠢᠯ᠎ᠦᠨ ᠱᠢᠰᠲ᠋ᠧᠮ᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠂ ᠡᠮᠴᠢᠯᠡᠭᠡ ᠡᠷᠡᠭᠦᠯ ᠬᠠᠮᠠᠭᠠᠯᠠᠯ᠎ᠤᠨ ᠱᠢᠰᠲ᠋ᠧᠮ᠎ᠢ ᠪᠠᠢᠭᠤᠯᠬᠤ ᠬᠦᠷᠲᠡᠯ᠎ᠡ ᠁ ᠠᠷᠠᠳ ᠲᠦᠮᠡᠨ᠎ᠳᠦ ᠵᠣᠯ ᠵᠢᠷᠭᠠᠯ ᠣᠯᠭᠣᠵᠤ᠂ ᠤᠭ ᠰᠠᠨᠠᠭ᠎ᠠ ᠪᠠᠲᠤ ᠴᠢᠩᠭ᠎ᠠ ᠪᠣᠯᠵᠠᠢ; ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠪᠦᠬᠦ᠌ ᠠᠷᠠᠳ ᠲᠦᠮᠡᠨ᠎ᠳᠦ ᠨᠠᠩ ᠣᠯᠠᠨ ᠨᠠᠩ ᠡᠷᠬᠡ ᠲᠡᠭ᠌ᠰᠢ᠎ᠪᠡᠷ ᠬᠦᠷᠲᠡᠭᠡᠬᠦ᠎ᠶᠢ ᠭᠤᠢᠪᠢᠰᠢ ᠦᠭᠡᠢ ᠪᠠᠷᠢᠮᠲᠠᠯᠠᠪᠠ᠃

ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢ ᠬᠠᠮᠲᠤ᠎ᠪᠠᠷ ᠪᠠᠢᠭᠤᠯᠵᠤ᠂ 56 ᠦᠨᠳᠦᠰᠦᠲᠡᠨ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠬᠦᠴᠦ᠍᠎ᠪᠡᠨ ᠬᠠᠮᠲᠤᠳᠭᠠᠨ᠂ ᠡᠷᠡᠯᠬᠡᠭ᠌ᠯᠡᠨ ᠤᠷᠤᠭ᠍ᠰᠢᠯᠠᠬᠤ ᠲᠠᠳᠠᠭᠤᠷᠠᠰᠢ ᠦᠭᠡᠢ ᠬᠥᠳᠡᠯᠭᠡᠬᠦ᠌ ᠬᠦᠴᠦᠨ᠎ᠢ ᠨᠢᠭ᠍ᠲᠠᠷᠠᠭᠤᠯᠪᠠ᠃ ᠡᠨᠡ ᠪᠣᠯ 《ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌》 ᠦᠨᠳᠦᠰᠦᠲᠡᠨ᠎ᠦ ᠲᠥᠪᠯᠡᠩᠭᠦᠢ ᠬᠦᠴᠦᠨ ᠮᠥᠨ —

ᠨᠢᠩᠱᠢᠶᠠ᠎ᠶ᠋ᠢᠨ ᠡᠸ᠋ ᠵᠥᠩ᠎ᠦᠨ ᠬᠣᠩ ᠰᠧ ᠪᠦᠦ ᠲᠣᠭᠣᠷᠢᠭ᠎ᠨᠢ ᠥᠩᠭᠡᠷᠡᠭ᠌ᠰᠡᠨ᠎ᠳᠦ 《ᠳᠡᠯᠡᠬᠡᠶ᠎ᠳᠦ ᠬᠤᠤᠰ ᠥᠬᠡᠶ ᠲᠠᠴᠢᠷ ᠭᠠᠵᠠᠷ》 ᠪᠠᠢᠭ᠍ᠰᠠᠨ ᠰᠢ ᠬᠠᠶ ᠬᠥ᠋ ᠡᠴᠡ ᠣᠲᠣ ᠠᠵᠤ ᠦᠶ᠋ᠯᠡᠰ ᠬᠥᠭ᠌ᠵᠢᠭ᠌ᠰᠡᠨ᠂ ᠠᠮᠢᠳᠤᠷᠠᠯ ᠵᠣᠯ ᠵᠢᠷᠭᠠᠯ᠎ᠲᠠᠶ᠂ ᠣᠷᠴᠢᠨ ᠲᠣᠭᠣᠷᠢᠨ ᠭᠣᠶᠣ ᠰᠠᠢᠬᠠᠨ ᠠᠮᠢ ᠠᠬᠤᠶ᠎ᠶ᠋ᠢᠨ ᠱᠢᠨ᠎ᠡ ᠬᠣᠲᠠ ᠪᠤᠯᠤᠨ ᠬᠤᠪᠢᠷᠠᠵᠤ᠂ ᠴᠦᠯᠯᠡᠷᠬᠡᠭ ᠭᠣᠪᠢ ᠎ᠵᠢᠨ  ᠭᠠᠢᠬᠠᠮᠱᠢᠭ᠎ᠢ ᠡᠭᠦᠳᠦᠭᠰᠡᠨ ᠪᠠᠢᠨ᠎ᠠ᠃

ᠲᠥᠪᠡᠳ᠎ᠦᠨ ᠨᠢᠨᠭ ᠤ᠋ᠤᠢ ᠰᠢᠶᠠᠨ᠎ᠤ ᠭᠠᠯᠠ ᠲᠣᠰᠭᠣᠨ ᠵᠠᠮ ᠬᠠᠷᠢᠯᠴᠠᠭ᠎ᠠ ᠪᠤᠢ᠌ᠳᠠ ᠪᠥᠭ᠌ᠯᠡᠭᠦᠦ᠂ ᠠᠮᠢ ᠠᠬᠤᠢ ᠮᠠᠭᠤᠳᠠᠭ᠍ᠰᠠᠨ᠎ᠡᠴᠡ ᠪᠤᠯᠵᠥ᠍ ᠶᠠᠳᠠᠭᠤ ᠬᠦᠴᠢᠷᠳᠡᠯᠲᠡᠢ ᠪᠠᠢᠳᠠᠯ᠎ᠳᠤ ᠣᠷᠣᠵᠤ ᠥᠩᠭᠡᠷᠡᠵᠡᠢ᠃ ᠭᠤᠸᠠᠩᠳᠦ᠋ᠩ ᠮᠤᠵᠢ᠎ᠶ᠋ᠢᠨ ᠲᠥᠪᠡᠳ᠎ᠢ ᠲᠤᠰᠠᠯᠠᠬᠤ ᠠᠵᠢᠯ᠎ᠤᠨ ᠠᠩᠭᠢ 《ᠦᠵᠡᠮᠵᠢ᠎ᠶ᠋ᠢᠨ ᠣᠷᠣᠨ ᠵᠢᠡᠷ ᠲᠣᠰᠭᠣᠨ᠎ᠢ ᠳᠠᠭᠠᠭᠤᠯᠬᠤ》 ᠵᠠᠭ᠍ᠪᠤᠷ᠎ᠢ ᠣᠷᠣᠭᠤᠯᠤᠨ ᠠᠪᠴᠢᠷᠠᠵᠤ᠂ 《ᠲᠤᠭᠤᠷ᠎ᠤᠨ ᠴᠡᠴᠡᠭᠲᠦ ᠬᠦᠷᠢᠶᠡᠯᠡᠩ》 ᠢ᠋ ᠪᠠᠢᠭᠤᠯᠵᠤ᠂ 《ᠲᠤᠭᠤᠷ᠎ᠤᠨ ᠴᠡᠴᠡᠭᠲᠦ ᠲᠣᠰᠭᠣᠨ》 ᠤ᠋ ᠠᠯᠳᠠᠷ᠎ᠢ ᠲᠠᠭᠤᠷᠢᠰᠤᠭᠤᠯᠪᠠ᠃

ᠠᠷᠠᠳ ᠤᠯᠠᠨ ᠵᠢᠵᠢᠭ ᠲᠦᠯᠬᠢᠬᠦ ᠲᠡᠷᠭᠡ ᠪᠡᠷ ᠪᠠᠳᠤᠯᠠᠭ᠎ᠠ ᠬᠠᠨᠭᠭᠠᠨ ᠬᠤᠸᠠᠢ ᠬᠠᠢ᠎ᠶ᠋ᠢᠨ ᠳᠠᠢᠯᠠᠯᠳᠤᠭᠠᠨ᠎ᠤ ᠢᠯᠠᠯᠲᠠ᠎ᠶ᠋ᠢ ᠣᠯᠤᠭ᠍ᠰᠠᠨ᠎ᠡᠴᠡ᠂ ᠬᠡᠳᠦᠨ ᠲᠦᠮᠡᠨ ᠠᠷᠠᠳ ᠠᠰᠭ᠎ᠠ ᠬᠠᠳᠠ᠎ᠶ᠋ᠢᠨ ᠳᠤᠮᠳᠠ 《ᠵᠣᠬᠢᠶᠠᠮᠠᠯ ᠰᠤᠪᠠᠭ》 ᠪᠤᠯᠬᠤ ᠤᠯᠠᠭᠠᠨ ᠲᠤᠭ ᠰᠤᠪᠠᠭ᠎ᠢ ᠪᠠᠢᠭᠤᠯᠤᠭ᠍ᠰᠠᠨ ᠬᠦᠷᠲᠡᠯ᠎ᠡ᠂ ᠲᠠᠬᠢᠭᠠᠳ ᠱᠢᠶᠤᠤ ᠭᠠᠩ ᠲᠣᠰᠭᠣᠨ᠎ᠤ ᠠᠷᠠᠳ ᠬᠤᠷᠤᠭᠤᠨ ᠤᠷᠤᠮ᠎ᠢᠶᠠᠨ ᠳᠠᠷᠤᠵᠤ ᠬᠥᠳᠡᠭᠡ ᠲᠣᠰᠭᠣᠨ᠎ᠤ ᠥᠭᠡᠷᠡᠴᠢᠯᠡᠯᠲᠡ᠎ᠶ᠋ᠢᠨ ᠬᠥᠱᠢᠭᠡ᠎ᠶ᠋ᠢ ᠨᠡᠭᠡᠭᠡᠭ᠌ᠰᠡᠨ ᠬᠦᠷᠲᠡᠯ᠎ᠡ ᠁ ᠠᠷᠠᠳ ᠲᠦᠮᠡᠨ ᠪᠣᠯ ᠲᠡᠦᠬᠡ᠎ᠶ᠋ᠢᠨ ᠡᠭᠦᠳᠦᠨ ᠪᠦᠲᠦᠭᠡᠭ᠌ᠴᠢ ᠮᠥᠨ᠃ ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠠᠪᠱᠢᠵᠤ᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠪᠣᠯ ᠶᠠᠭ ᠳᠤᠮᠳᠠᠳᠤ᠎ᠶ᠋ᠢᠨ ᠦᠨᠳᠦᠰᠦᠲᠡᠨ᠎ᠦ ᠠᠮᠢ ᠨᠠᠰᠤ᠂ ᠬᠦᠴᠦᠨ ᠴᠢᠳᠠᠯ᠂ ᠬᠦᠰᠡᠯ ᠡᠷᠡᠮᠡᠯᠵᠡᠯ ᠮᠥᠨ᠃

ᠡᠨᠡ ᠬᠦ᠌ ᠥᠷᠭᠡᠨ ᠠᠭᠤᠳᠠᠮ᠂ ᠦᠵᠡᠰᠭᠦᠯᠡᠩᠲᠦ ᠰᠠᠢᠬᠠᠨ᠂ ᠪᠠᠶᠠᠨ ᠲᠠᠩᠰᠤᠭ ᠨᠤᠲᠤᠭ ᠳᠡᠪᠢᠰᠭᠡᠷ ᠳᠡᠭᠡᠷ᠎ᠡ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠴᠥᠮ ᠬᠠᠮᠲᠤ᠎ᠶ᠋ᠢᠨ ᠭᠡᠷ ᠣᠷᠣᠨ᠎ᠲᠠᠶ᠂ ᠡᠨᠡ ᠪᠣᠯ ᠳᠠᠷᠤᠢ ᠳᠤᠮᠳᠠᠳᠤ ᠤᠯᠤᠰ ᠪᠣᠯᠤᠨ᠎ᠠ; ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠪᠣᠯ ᠴᠥᠮ ᠬᠠᠮᠲᠤ᠎ᠶ᠋ᠢᠨ ᠬᠦᠰᠡᠯ ᠵᠡᠭᠦᠳᠦ ᠮᠥᠨ! ᠱᠢᠨ᠎ᠡ ᠠᠶᠠᠨ ᠎ᠳᠤ᠂ ᠬᠥᠮᠦᠨ ᠪᠦᠬᠦᠨ ᠴᠥᠮ ᠭᠣᠣᠯ ᠪᠠᠭᠠᠲᠤᠷ ᠪᠤᠯᠵᠤ᠂ ᠦᠵᠡᠭᠦᠯᠦᠭᠰᠡᠨ ᠬᠤᠪᠢ ᠨᠡᠮᠡᠷᠢ ᠪᠦᠬᠦᠨ ᠴᠥᠮ ᠡᠷᠬᠢᠮ ᠨᠠᠨᠳᠢᠨ ᠪᠠᠢᠵᠤ᠂ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃

ᠡᠨᠡ ᠪᠣᠯ 《ᠰᠠᠯᠬᠢ ᠪᠣᠷᠣᠭᠠᠨ᠎ᠡᠴᠡ ᠠᠶᠤᠬᠤ ᠦᠭᠡᠢ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠥᠷᠢᠰᠥᠯᠳᠦᠭᠡᠨ᠎ᠳᠦ ᠱᠢᠭᠤᠳ ᠬᠠᠨᠳᠤᠵᠤ᠂ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠬᠤ》 ᠦᠨᠳᠦᠰᠦᠲᠡᠨ᠎ᠦ ᠪᠦᠲᠦᠭᠡᠯᠴᠢ ᠴᠢᠳᠠᠪᠤᠷᠢ ᠪᠣᠯᠤᠨ᠎ᠠ —

ᠲᠣᠮᠣ ᠤᠯᠤᠰ᠎ᠤᠨ ᠲᠤᠨᠤᠭᠯᠠᠯ᠂ ᠤᠯᠤᠰ ᠭᠦᠷᠦᠨ᠎ᠤ ᠲᠤᠭᠳᠠᠭᠤᠨ᠎ᠢ ᠪᠠᠳᠤᠯᠠᠨ᠎ᠠ᠃ ᠢᠯᠠᠯᠲᠠ ᠵᠢᠨ ᠡᠳᠦᠷ᠎ᠦᠨ ᠴᠡᠷᠢᠭ᠎ᠦᠨ ᠵᠢᠭ᠍ᠰᠠᠭᠠᠯ ᠱᠢᠯᠭᠠᠨ ᠦᠵᠡᠬᠦ᠌ ᠶᠣᠰᠣᠯᠠᠯ᠎ᠳᠤ᠂ ᠰᠢᠯᠭᠠᠯᠲᠠ ᠬᠦᠯᠢᠶᠡᠬᠦ ᠵᠡᠪᠰᠡᠭ ᠲᠣᠨᠣᠭ᠍ᠯᠠᠯ ᠨᠢ ᠴᠥᠮ ᠤᠯᠤᠰ᠎ᠲᠠᠭᠠᠨ ᠦᠢᠯᠡᠳᠪᠦᠷᠢᠯᠡᠭ᠌ᠰᠡᠨ ᠭᠣᠣᠯ ᠪᠠᠢᠯᠳᠤᠭᠠᠨ᠎ᠤ ᠵᠡᠪᠰᠡᠭ ᠲᠣᠨᠣᠭ᠍ᠯᠠᠯ ᠪᠣᠯᠤᠨ᠎ᠠ᠃ ᠤᠯᠠᠨ ᠤᠯᠤᠰ᠎ᠤᠨ ᠵᠠᠷᠢᠮ ᠬᠥᠮᠦᠰ 《ᠲᠤᠬᠠᠢ ᠵᠢᠨ ᠲᠠᠯᠠᠪᠠᠢ ᠵᠢᠨ ᠪᠠᠢᠳᠠᠯ ᠨᠢ ᠶᠠᠭ ᠯᠡ ᠴᠠᠭ ᠦᠶ᠎ᠡ ᠵᠢᠨ ᠠᠯᠬᠤᠭ᠎ᠠ ᠵᠢ ᠬᠦᠳᠦᠯᠦᠨ ᠲᠠᠭᠠᠭᠤᠯᠵᠤ ᠪᠠᠢᠭ᠎ᠠ ᠶᠤᠮ ᠱᠢᠭ᠋》 ᠬᠡᠮᠡᠨ ᠰᠡᠳᠭᠢᠯ ᠳᠣᠭ᠍ᠳᠣᠯᠵᠤ᠂ ᠭᠠᠳᠠᠭᠠᠳᠤ᠎ᠶ᠋ᠢᠨ ᠵᠠᠭᠤᠴᠢᠯᠠᠭᠤᠷ᠎ᠤᠨ ᠬᠢᠨ ᠳᠤᠮᠳᠠᠳᠤ ᠤᠯᠤᠰ᠎ᠤᠨ ᠪᠣᠳᠠᠲᠤ ᠬᠦᠴᠦᠨ᠎ᠢ ᠬᠥᠮᠦᠰ᠎ᠲᠦ 《ᠭᠦᠨ ᠰᠠᠭᠤᠭ᠍ᠳᠠᠯ ᠦᠯᠡᠳᠡᠭᠡᠵᠡᠢ》 ᠭᠡᠵᠦ᠍ ᠦᠨᠡᠯᠡᠵᠦ ᠪᠠᠢᠯ᠎ᠠ᠃

ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢ ᠬᠥᠲᠥᠯᠥᠨ ᠳᠠᠭᠠᠭᠤᠯᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠢᠷᠡᠭᠡᠳᠦᠶ᠎ᠶ᠋ᠢ ᠴᠣᠭ᠍ᠴᠠᠯᠠᠨ᠎ᠠ᠃

ᠣᠷᠴᠢᠨ ᠦᠶ᠎ᠡ᠎ᠶ᠋ᠢᠨ ᠲᠡᠦᠬᠡᠨ ᠳᠡᠭᠡᠷ᠎ᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠬᠣᠴᠣᠷᠤᠩᠭᠤᠢ ᠪᠠᠢᠭ᠍ᠰᠠᠨ ᠶᠠᠪᠤᠳᠠᠯ ᠪᠣᠯ ᠮᠠᠨ᠎ᠤ ᠤᠯᠤᠰ᠎ᠤᠨ ᠬᠣᠴᠣᠷᠤᠩᠭᠤᠢ ᠪᠠᠢᠭ᠍ᠰᠠᠨ᠎ᠤ ᠦᠨᠳᠦᠰᠦ ᠰᠤᠷᠪᠤᠯᠵᠢ ᠮᠥᠨ᠃ ᠡᠨᠡ ᠡᠳᠦᠷ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢᠶᠡᠷ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠲᠡᠶ ᠲᠤᠯᠭᠠᠭᠤᠷᠢᠯᠠᠵᠤ᠂ ᠥᠨᠳᠥᠷ ᠲᠦᠪᠱᠢᠨ ᠪᠥᠬᠥᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠨ ᠪᠡᠶᠡᠯᠡᠭᠦᠯᠵᠦ᠍᠂ ᠳᠤᠮᠳᠠᠳᠤ ᠤᠯᠤᠰ᠎ᠤᠨ ᠠᠷᠠᠳ ᠲᠦᠮᠡᠨ ᠤᠯᠤᠰ᠎ᠤᠨ ᠬᠥᠭ᠌ᠵᠢᠯᠲᠡ ᠳᠠᠪᠱᠢᠯᠲᠠ᠎ᠶ᠋ᠢᠨ ᠬᠤᠪᠢ ᠵᠠᠶᠠᠭ᠎ᠠ᠎ᠶ᠋ᠢ ᠥᠪᠡᠷ᠎ᠦᠨ ᠭᠠᠷ᠎ᠲᠠᠭᠠᠨ ᠪᠠᠲᠤ ᠡᠵᠡᠮᠳᠡᠪᠡ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠮᠠᠨ᠎ᠤ ᠤᠯᠤᠰ᠎ᠤᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ ᠵᠠᠯᠭᠠᠭ᠎ᠠ᠎ᠪᠠᠷ 110 ᠲᠦᠮᠡᠨ ᠳ᠋ᠦᠩᠱᠢᠭᠤᠷ ᠲᠥᠭᠥᠷᠢᠭ᠂ 120 ᠲᠦᠮᠡᠨ ᠳ᠋ᠦᠩᠱᠢᠭᠤᠷ ᠲᠥᠭᠥᠷᠢᠭ᠂ 130 ᠲᠦᠮᠡᠨ ᠳ᠋ᠦᠩᠱᠢᠭᠤᠷ ᠲᠥᠭᠥᠷᠢᠭ ᠵᠡᠷᠭᠡ ᠭᠤᠷᠪᠠᠨ ᠶᠡᠬᠡ ᠳᠡᠭ᠌ᠲᠡᠷ᠎ᠢ ᠲᠠᠪᠠᠵᠤ᠂ ᠤᠯᠤᠰ᠎ᠤᠨ ᠶᠡᠷᠦᠩᠬᠡᠶ ᠬᠦᠴᠦᠨ ᠢᠯᠡᠳᠲᠡ ᠴᠢᠩᠭᠠᠷᠠᠪᠠ᠃

ᠡᠨᠡ ᠬᠦ᠌ ᠠᠮᠵᠢᠯᠲᠠ᠎ᠶ᠋ᠢᠨ ᠲᠤᠬᠠᠢ ᠢᠰᠫᠠᠨᠢ᠎ᠶ᠋ᠢᠨ 《ᠤᠯᠠᠨ ᠨᠡᠢ᠌ᠳᠡ》 ᠡᠳᠦᠷ᠎ᠦᠨ ᠰᠣᠨᠢᠨ᠎ᠤ ᠰᠦᠯᠵᠢᠶᠡᠨ ᠵᠣᠬᠢᠶᠠᠯ᠎ᠤᠨ ᠱᠢᠭᠦᠮᠵᠢ ᠳ᠋ᠦ᠄《ᠬᠥᠮᠦᠰ᠎ᠦᠨ ᠠᠩᠬᠠᠷᠤᠯ᠎ᠢ ᠬᠠᠮᠤᠭ᠎ᠤᠨ ᠢᠯᠡᠭᠦᠦ ᠲᠠᠲᠠᠵᠤ ᠪᠠᠢᠭ᠎ᠠ ᠨᠢ ᠠᠵᠤ ᠠᠬᠤᠢ᠎ᠶ᠋ᠢᠨ ᠳ᠋ᠠᠢᠲ᠋ᠠ ᠪᠣᠯᠬᠤ᠎ᠪᠠᠷ ᠪᠠᠷᠠᠬᠤ ᠦᠬᠡᠢ ᠨᠡᠩ ᠴᠤ᠌ ᠳᠤᠮᠳᠠᠳᠤ ᠤᠯᠤᠰ ᠣᠬᠣᠷᠬᠠᠨ ᠬᠤᠭᠤᠴᠠᠭᠠᠨ᠎ᠳᠤ ᠠᠷᠠᠳ ᠲᠦᠮᠡᠨ᠎ᠢᠶᠡᠷ ᠭᠣᠣᠯ ᠪᠣᠯᠭᠠᠭ᠍ᠰᠠᠨ ᠨᠡᠢᠭᠡᠮ ᠵᠢᠷᠤᠮ᠎ᠤᠨ ᠵᠠᠭ᠍ᠪᠤᠷ᠎ᠢᠶᠠᠷ ᠳᠠᠮᠵᠢᠨ ᠡᠳᠡᠬᠡᠷ ᠠᠮᠵᠢᠯᠲᠠ ᠪᠦᠲᠦᠮᠵᠢ᠎ᠶ᠋ᠢ ᠣᠯᠵᠤ᠂ 〈ᠭᠠᠭ᠍ᠴᠠ ᠬᠦ᠌ ᠬᠥᠷᠥᠩᠭᠡᠲᠦ ᠶᠣᠰᠣ ᠰᠠᠶᠢ ᠲᠠᠪᠱᠢᠯᠳᠠ᠎ᠶ᠋ᠢ ᠬᠦᠳᠦᠯᠥᠨ ᠳᠠᠭᠠᠭᠤᠯᠵᠤ ᠴᠢᠳᠠᠨ᠎ᠠ〉 ᠭᠡᠬᠦ᠌ ᠲᠥᠭᠡᠷᠢᠭ᠌ᠳᠡᠯ᠎ᠢ ᠠᠷᠢᠯᠭᠠᠵᠠᠢ᠃ ᠳᠤᠮᠳᠠᠳᠤ ᠤᠯᠤᠰ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢᠶᠡᠷ ᠬᠥᠳᠡᠯᠮᠦᠷᠢᠴᠢᠳ ᠲᠦ᠍ ᠦᠷᠭᠦᠯᠵᠢᠯᠡᠨ ᠠᠰᠢᠭ ᠬᠦᠷᠳᠡᠭᠡᠵᠦ᠂ ᠡᠢᠮᠦᠷᠬᠦᠤ ᠠᠰᠢᠭ ᠬᠦᠷᠳᠡᠭᠡᠯᠳᠡ ᠨᠢ ᠪᠠᠰᠠ ᠨᠡᠢᠭᠡᠮ᠎ᠦᠨ ᠲᠠᠰᠤᠷᠠᠯᠲᠠ ᠥᠬᠡᠶ ᠬᠥᠭ᠌ᠵᠢᠬᠦ᠌᠂ ᠬᠥᠳᠡᠯᠮᠦᠷᠢᠴᠢᠳ᠎ᠦᠨ ᠬᠡᠪ ᠴᠢᠨᠠᠷ᠎ᠤᠨ ᠦᠷᠭᠦᠯᠵᠢᠯᠡᠨ ᠳᠡᠭᠡᠭ᠌ᠰᠢᠯᠡᠬᠦ᠌᠎ᠶ᠋ᠢ ᠠᠬᠢᠭᠤᠯᠵᠤ᠂ ᠡᠭᠦᠨ᠎ᠦ ᠤᠯᠠᠮ᠎ᠡᠴᠡ ᠨᠠᠩ ᠬᠦᠴᠦᠷᠬᠡᠭ ᠠᠵᠤ ᠠᠬᠤᠶ᠎ᠶ᠋ᠢᠨ ᠬᠥᠳᠡᠯᠭᠡᠬᠦ᠌ ᠬᠦᠴᠦᠨ᠎ᠢ ᠪᠦᠷᠢᠯᠳᠦᠭᠦᠯᠦᠭ᠌ᠰᠡᠨ ᠪᠠᠢᠨ᠎ᠠ》 ᠭᠡᠪᠡ᠃

ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ ᠨᠢ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ ᠭᠸᠨ᠎ᠢ ᠤᠮᠳᠠᠯᠠᠵᠤ᠂ ᠬᠦᠴᠢᠷ᠎ᠢ ᠰᠦᠷᠦᠨ ᠤᠷᠤᠭ᠍ᠰᠢᠯᠠᠬᠤ ᠵᠠᠩ ᠴᠢᠨᠠᠷ᠎ᠢ ᠨᠢᠭ᠍ᠲᠠᠷᠠᠭᠤᠯᠵᠤ᠂ 《ᠳᠡᠯᠡᠬᠡᠢ ᠳ᠋ᠠᠬᠢᠨ᠎ᠲᠠᠢ ᠮᠦᠷᠦ ᠵᠡᠷᠭᠡᠴᠡᠬᠦ》 ᠢᠲᠡᠭᠡᠯ᠎ᠢ ᠨᠡᠮᠡᠭᠳᠡᠭᠦᠯᠪᠡ ᠁ ᠳᠤᠮᠳᠠᠳᠤ᠎ᠶ᠋ᠢᠨ ᠡᠬᠡ ᠭᠠᠵᠠᠷ᠎ᠲᠤ᠂ ᠦᠨᠳᠦᠰᠦᠲᠡᠨ᠎ᠦ ᠵᠣᠷᠢᠭ ᠰᠠᠨᠠᠭᠠᠨ᠎ᠤ ᠲᠤᠮᠤ ᠠᠰᠠᠷ ᠰᠡᠬᠦᠢᠨ ᠰᠦᠨᠳᠡᠷᠯᠡᠵᠦ᠍᠂ ᠳᠤᠮᠳᠠᠳᠤᠴᠤᠳ᠎ᠤᠨ ᠡᠷᠴᠢ ᠵᠣᠷᠢᠭ᠂ ᠰᠥᠰᠥ᠍ ᠵᠣᠷᠢᠭ᠂ ᠢᠲᠡᠭᠡᠯ ᠵᠣᠷᠢᠭ ᠤᠷᠢᠳᠤ ᠡᠮᠦᠨ᠎ᠡ ᠪᠠᠢᠭ᠎ᠠ ᠦᠭᠡᠢ ᠴᠢᠩᠭᠠᠷᠠᠵᠤ᠂ ᠪᠦᠬᠦ᠌ ᠦᠨᠳᠦᠰᠦᠲᠡᠨ᠎ᠦ ᠱᠢᠨ᠎ᠡ᠎ᠶ᠋ᠢ ᠡᠭᠦᠳᠬᠦ᠌ ᠡᠭᠦᠳᠦᠨ ᠪᠦᠲᠦᠭᠡᠬᠦ᠌ ᠠᠮᠢᠵᠢᠷᠠᠯ᠎ᠤᠨ ᠬᠦᠴᠦᠨ ᠭᠦᠢᠴᠡᠳ ᠤᠷᠬᠢᠯᠤᠨ ᠪᠠᠳᠠᠷᠠᠪᠠ᠃

《ᠦᠨᠳᠦᠰᠦᠲᠡᠨ᠎ᠨᠦᠭᠦᠳ ᠶᠡᠬᠡ᠎ᠪᠡᠷ ᠪᠦᠯᠬᠦᠮᠳᠡᠭ᠌ᠰᠡᠨ ᠳᠤᠮᠳᠠᠳᠤ ᠤᠯᠤᠰ ᠯᠠᠪᠲᠠᠢ ᠬᠠᠨᠳᠤᠭ᠍ᠰᠠᠨ ᠵᠦᠭ᠎ᠲᠦ ᠢᠯᠠᠭ᠍ᠳᠠᠰᠢ ᠦᠭᠡᠢ ᠶᠤᠮ᠂ ᠯᠠᠪᠲᠠᠢ ᠭᠡᠭᠡᠨ ᠰᠠᠷᠠᠭᠤᠯ ᠢᠷᠡᠭᠡᠳᠦᠢ᠎ᠲᠡᠶ ᠶᠤᠮ᠂ ᠪᠢᠳᠡᠨ᠎ᠦ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠯᠠᠪᠲᠠᠢ ᠢᠯᠠᠯᠲᠠ᠎ᠲᠠᠶ᠎ᠪᠠᠷ ᠪᠡᠶᠡᠯᠡᠭ᠌ᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠯᠠᠪᠲᠠᠢ ᠬᠦᠷᠴᠦ᠍ ᠢᠷᠡᠬᠦ᠌ ᠶᠤᠮ》᠃ ᠡᠨᠡ ᠪᠣᠯ ᠲᠡᠦᠬᠡ᠎ᠶ᠋ᠢᠨ ᠳ᠋ᠦᠩᠨᠡᠯᠲᠡ᠂ ᠮᠥᠨ ᠴᠦ᠍ ᠢᠷᠡᠭᠡᠳᠦᠢ᠎ᠶ᠋ᠢᠨ ᠢᠯᠡᠷᠬᠡᠢᠯᠡᠯ ᠪᠣᠯᠤᠨ᠎ᠠ᠃

(ᠲᠠᠪᠤ)

ᠬᠤᠷᠢᠬ᠍ᠯᠠᠬ᠍ᠳᠠᠰᠢ ᠦᠭᠡᠢ ᠰᠦᠷ ᠬᠦᠴᠦᠨ ᠨᠢ 《ᠳᠡᠯᠡᠬᠡᠢ᠎ᠶ᠋ᠢᠨ ᠤᠷᠤᠰᠭᠠᠯ》 ᠳ᠋ᠦ᠍ ᠪᠤᠢ — ᠲᠡᠦᠬᠡ᠎ᠶ᠋ᠢᠨ ᠵᠥᠪ ᠲᠠᠯ᠎ᠠ᠎ᠳᠤ ᠵᠣᠭ᠍ᠰᠣᠵᠤ᠂ ᠭᠠᠷ ᠬᠣᠯᠪᠣᠯᠴᠠᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ ᠲᠡᠢᠰᠢ ᠤᠷᠤᠭ᠍ᠰᠢᠯᠠᠪᠠ᠃

9 ᠰᠠᠷ᠎ᠠ᠎ᠶ᠋ᠢᠨ 1᠎ᠤ᠋ ᠡᠳᠦᠷ᠂ ᠲᠡᠷᠢᠭᠦᠯᠡᠭ᠌ᠴᠢ ᠰᠢ ᠵᠢᠨ ᠫᠢᠩ 《ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ +》 ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ᠎ᠲᠠᠶ ᠬᠠᠮᠲᠤ᠎ᠪᠠᠷ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠵᠤ᠂ ᠭᠠᠷ ᠬᠣᠯᠪᠣᠯᠴᠠᠨ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ ᠲᠡᠢᠰᠢ ᠤᠷᠤᠭ᠍ᠰᠢᠯᠠᠨ᠎ᠠ ᠭᠡᠵᠦ᠍ ᠴᠢᠬᠤᠯᠠᠴᠢᠯᠠᠪᠠ᠃

ᠳᠡᠯᠡᠬᠡᠢ ᠳ᠋ᠠᠬᠢᠨ ᠱᠢᠨ᠎ᠡ ᠣᠷᠣᠭ᠎ᠠ ᠪᠤᠰᠭᠠᠭ᠎ᠠ ᠬᠤᠪᠢᠰᠤᠯᠲᠠ᠎ᠶ᠋ᠢᠨ ᠬᠤᠭᠤᠴᠠᠭᠠᠨ᠎ᠳᠤ ᠣᠷᠣᠵᠤ᠂ 《ᠳᠤᠮᠳᠠᠳᠤ ᠤᠯᠤᠰ᠎ᠤᠨ ᠵᠠᠰᠠᠯᠲᠠ ᠪᠤᠯᠤᠨ ᠦᠷᠦᠨᠡᠳᠠᠬᠢᠨ᠎ᠤ ᠰᠠᠮᠠᠭᠤᠷᠠᠯ》 ᠤ᠋ᠨ ᠬᠠᠷᠢᠴᠠᠭᠤᠯᠤᠯ ᠨᠢ ᠢᠯᠡ ᠲᠣᠳᠣ ᠪᠣᠯᠵᠠᠢ᠃ ᠲᠡᠷᠢᠭᠦᠯᠡᠭ᠌ᠴᠢ ᠰᠢ ᠵᠢᠨ ᠫᠢᠩ᠄《〈ᠪᠦᠬᠦ᠌ ᠪᠥᠮᠪᠥᠷᠴᠡᠭ᠎ᠦᠨ ᠬᠦᠭᠵᠢᠵᠦ ᠪᠠᠢᠭ᠎ᠠ ᠤᠯᠤᠰ᠎ᠤᠳ〉 ᠤ᠋ᠨ ᠪᠦᠯᠦᠭᠵᠢᠯ᠎ᠤᠨ ᠴᠢᠨᠠᠷᠲᠠᠢ ᠰᠡᠷᠭᠦᠨ ᠮᠠᠨᠳᠤᠯᠲᠠ ᠪᠣᠯ ᠳᠡᠯᠡᠬᠡᠢ᠎ᠶ᠋ᠢᠨ ᠶᠡᠬᠡ ᠬᠤᠪᠢᠰᠤᠯᠲᠠ᠎ᠶ᠋ᠢᠨ ᠢᠯᠡ ᠲᠣᠳᠣ ᠪᠡᠯᠭᠡ ᠲᠡᠮᠳᠡᠭ ᠮᠥᠨ》 ᠭᠡᠵᠦ ᠵᠢᠭᠠᠵᠤ ᠭᠠᠷᠭᠠᠪᠠ᠃

ᠬᠥᠮᠦᠨ ᠲᠥᠷᠥᠯᠬᠢᠲᠡᠨ ᠨᠢᠭᠡ ᠪᠥᠮᠪᠥᠷᠴᠡᠭ ᠳᠡᠭᠡᠷ᠎ᠡ ᠬᠠᠮᠳᠤ ᠠᠮᠢᠳᠤᠷᠠᠵᠤ ᠪᠠᠢᠨ᠎ᠠ᠂ ᠬᠦᠴᠢᠷ ᠪᠡᠷᠬᠡᠱᠢᠶᠡᠯ᠎ᠢ ᠬᠠᠮᠲᠤ᠎ᠪᠠᠷ ᠲᠤᠭᠤᠯᠵᠤ᠂ ᠡᠶ᠎ᠡ ᠨᠠᠢᠷᠠᠮᠳᠠᠭᠤ ᠬᠠᠮᠳᠤ ᠤᠷᠤᠰᠢᠬᠤ ᠬᠡᠷᠡᠭ᠌ᠲᠡᠶ᠃ ᠡᠩᠬᠡ ᠲᠠᠢᠪᠤᠩ᠂ ᠬᠥᠭ᠌ᠵᠢᠯᠲᠡ᠂ ᠬᠠᠮᠲᠤᠷᠠᠯᠴᠠᠭ᠎ᠠ᠂ ᠬᠠᠮᠲᠤ᠎ᠪᠠᠷ ᠠᠱᠢᠭ ᠬᠦᠷᠲᠡᠬᠦ᠌ ᠴᠠᠭ ᠦᠶ᠎ᠡ᠎ᠶ᠋ᠢᠨ ᠤᠷᠤᠰᠭᠠᠯ᠎ᠢ ᠬᠥᠲᠥᠯᠥᠨ ᠳᠠᠭᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠬᠥᠮᠦᠨ ᠲᠥᠷᠥᠯᠬᠢᠲᠡᠨ᠎ᠦ ᠣᠳᠣᠬᠢᠴᠢᠯᠠᠯᠲᠠ ᠲᠡᠢᠰᠢ ᠤᠷᠤᠭ᠍ᠰᠢᠯᠠᠬᠤ ᠱᠢᠨ᠎ᠡ ᠵᠠᠮ᠎ᠢ ᠨᠡᠭᠡᠭᠡᠵᠦ᠍᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠱᠢᠨ᠎ᠡ ᠬᠡᠯᠪᠡᠷᠢ᠎ᠶ᠋ᠢ ᠡᠭᠦᠳᠦᠭ᠌ᠰᠡᠨ ᠶᠤᠮ᠂ ᠡᠨᠡ ᠪᠣᠯ ᠰᠡᠷᠭᠦᠨ ᠮᠠᠨᠳᠤᠯᠲᠠ᠎ᠶ᠋ᠢᠨ ᠶᠡᠬᠡ ᠬᠠᠨᠳᠤᠰᠢ ᠬᠤᠷᠢᠭ᠍ᠯᠠᠭ᠍ᠳᠠᠰᠢ ᠦᠭᠡᠢ ᠵᠢᠨ ᠵᠠᠩᠭᠢᠯᠠᠭ᠎ᠠ ᠪᠣᠯᠤᠨ᠎ᠠ᠃

《ᠨᠠᠢᠷᠠᠮᠳᠠᠯ᠎ᠢᠶᠠᠷ ᠵᠡᠷᠭᠡᠴᠡᠨ ᠣᠷᠣᠱᠢᠬᠤ ᠲᠠᠪᠤᠨ ᠵᠠᠷᠴᠢᠮ᠎ᠤᠨ ᠲᠡᠦᠬᠡᠨ ᠬᠠᠷᠢᠭᠤᠯᠲᠠ》 ᠡᠴᠡ 《ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠡᠨᠡ ᠬᠦ᠌ ᠴᠠᠭ ᠦᠶ᠎ᠡ᠎ᠶ᠋ᠢᠨ ᠬᠠᠷᠢᠭᠤᠯᠲᠠ》 ᠬᠦᠷᠲᠡᠯ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠭᠡᠬᠦᠳᠡᠭ ᠴᠡᠭᠡᠵᠢᠨ᠎ᠳᠡᠭᠡᠨ ᠳᠡᠯᠡᠬᠡᠢ ᠳ᠋ᠠᠬᠢᠨ᠎ᠢ ᠪᠠᠭ᠍ᠲᠠᠭᠠᠵᠤ᠂ ᠬᠥᠮᠦᠨ ᠲᠥᠷᠥᠯᠬᠢᠲᠡᠨ᠎ᠳᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌᠎ᠶ᠋ᠢ ᠥᠪᠡᠷ᠎ᠦᠨ ᠡᠭᠦᠷᠭᠡ᠎ᠪᠡᠨ ᠪᠣᠯᠭᠠᠪᠠ᠃ 《ᠠᠷᠠᠳ ᠲᠦᠮᠡᠨ᠎ᠤ ᠪᠤᠳᠤᠯ ᠰᠡᠳᠭᠢᠯ᠎ᠢ ᠦᠪᠡᠷ᠎ᠤᠨ ᠵᠢᠡᠨ ᠪᠤᠳᠤᠯ ᠰᠡᠳᠭᠢᠯ ᠪᠤᠯᠭᠠᠵᠤ᠂ ᠲᠡᠯᠡᠬᠡᠢ ᠳ᠋ᠠᠬᠢᠨ᠎ᠤ ᠠᠰᠢᠭ ᠲᠤᠰᠠ ᠵᠢ ᠦᠪᠡᠷ᠎ᠤᠨ ᠵᠢᠡᠨ ᠠᠰᠢᠭ ᠲᠤᠰᠠ ᠪᠤᠯᠭᠠᠨ᠎ᠠ》᠂ ᠡᠨᠡ ᠬᠦ᠌ ᠴᠢᠬᠤᠯᠠ ᠨᠤᠲᠠᠯᠠᠯᠲᠠ ᠪᠣᠯ ᠳᠤᠮᠳᠠᠳᠤ ᠤᠯᠤᠰ᠎ᠤᠨ ᠳᠡᠯᠡᠬᠡᠶ᠎ᠶ᠋ᠢᠨ ᠤᠷᠤᠰᠭᠠᠯ᠎ᠢ ᠬᠥᠲᠥᠯᠥᠨ ᠳᠠᠭᠠᠭᠤᠯᠬᠤ ᠥᠷᠲᠡᠭ᠎ᠦᠨ ᠴᠥᠮ᠎ᠡ ᠮᠥᠨ᠃ ᠳᠤᠮᠳᠠᠳᠤ ᠤᠯᠤᠰ᠎ᠤᠨ ᠣᠶᠤᠨ ᠤᠬᠠᠭᠠᠨ᠎ᠢᠶᠠᠷ ᠠᠶᠠᠯᠠᠯ᠎ᠤᠨ ᠴᠢᠭ᠌ᠯᠡᠯ᠎ᠢᠶᠡᠨ ᠣᠨᠣᠪᠴᠢᠲᠠᠶ ᠡᠵᠡᠮᠳᠡᠪᠡ —

ᠳᠡᠯᠡᠬᠡᠢ ᠶᠢᠷᠲᠢᠨᠴᠦ᠍ ᠶᠠᠭᠠᠬᠢᠭ᠎ᠠ ᠪᠤᠢ᠂ ᠬᠥᠮᠦᠨ ᠲᠥᠷᠥᠯᠬᠢᠲᠡᠨ ᠬᠠᠮᠢᠭᠠᠰᠢ᠎ᠪᠠᠨ ᠶᠠᠪᠤᠬᠤ ᠪᠢᠯᠡ? ᠶᠡᠬᠡ ᠴᠠᠭ ᠦᠶ᠎ᠡ ᠨᠢ ᠶᠡᠬᠡ ᠤᠶᠤᠨ ᠤᠬᠠᠭᠠᠨ᠂ ᠶᠡᠬᠡ ᠪᠠᠢᠷᠢᠱᠢᠯ᠂ ᠶᠡᠬᠡ ᠡᠭᠦᠷᠭᠡᠯᠡᠯ᠎ᠢ ᠤᠷᠢᠶᠠᠯᠠᠵᠤ ᠪᠠᠢᠨ᠎ᠠ᠃

2013 ᠣᠨ᠎ᠤ 3 ᠰᠠᠷ᠎ᠠ᠎ᠳᠤ ᠮᠣᠰᠺᠸᠠ᠎ᠶ᠋ᠢᠨ ᠣᠯᠠᠨ ᠤᠯᠤᠰ᠎ᠤᠨ ᠬᠠᠷᠢᠯᠴᠠᠭᠠᠨ᠎ᠤ ᠳᠡᠭᠡᠳᠦ ᠰᠤᠷᠭᠠᠭᠤᠯᠢ ᠳ᠋ᠦ ᠳᠡᠯᠡᠬᠡᠶ ᠳ᠋ᠠᠬᠢᠨ᠎ᠳᠤ ᠬᠠᠨᠳᠤᠨ 《ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ》 ᠵᠢᠨ ᠣᠢᠯᠠᠭᠠᠭ᠍ᠳᠠᠬᠤᠨ᠎ᠢ ᠳᠤᠷᠠᠳᠤᠨ ᠭᠠᠷᠭᠠᠵᠤ᠂ 2015 ᠣᠨ᠎ᠤ 9 ᠰᠠᠷ᠎ᠠ᠎ᠳᠤ ᠨᠢᠦ᠋ ᠶᠣᠷᠺ᠎ᠲᠠᠬᠢ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠶᠡᠷᠦᠩᠬᠡᠶ ᠵᠠᠬᠢᠷᠭ᠎ᠠ᠎ᠳᠤ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ 《ᠲᠠᠪᠤ᠎ᠶ᠋ᠢ ᠨᠢᠭᠡ ᠴᠤᠭ᠍ᠴᠠᠵᠢᠭᠤᠯᠬᠤ》 ᠶᠡᠷᠦᠩᠬᠡᠶ ᠠᠷᠭ᠎ᠠ ᠵᠠᠮ᠎ᠢ ᠱᠢᠰᠲ᠋ᠧᠮ᠎ᠲᠡᠶ ᠲᠣᠳᠣᠷᠬᠠᠢᠯᠠᠨ ᠥᠭᠦᠯᠡᠵᠦ᠍᠂ 2017 ᠣᠨ᠎ᠤ 1 ᠰᠠᠷ᠎ᠠ᠎ᠳᠤ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠵᠧᠨᠧᠸᠠ᠎ᠳᠠᠬᠢ ᠶᠡᠷᠦᠩᠬᠡᠶ ᠵᠠᠬᠢᠷᠭ᠎ᠠ᠎ᠳᠤ 《ᠲᠠᠪᠤᠨ ᠶᠢᠷᠲᠢᠨᠴᠦ᠍》 ᠵᠢ ᠪᠥᠲᠥᠭᠡᠨ ᠪᠠᠢᠭᠤᠯᠬᠤ ᠶᠡᠷᠦᠩᠬᠡᠶ ᠪᠠᠢᠷᠢᠰᠢᠭᠤᠯᠤᠯᠲᠠ᠎ᠶ᠋ᠢ ᠳᠤᠷᠠᠳᠤᠨ ᠭᠠᠷᠭᠠᠪᠠ ᠁

ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ ᠨᠢ 《ᠶᠠᠮᠠᠷ ᠶᠠᠩᠵᠤ᠎ᠶ᠋ᠢᠨ ᠳᠡᠯᠡᠬᠡᠢ ᠶᠢᠷᠲᠢᠨᠴᠦ᠍᠎ᠶ᠋ᠢ ᠪᠠᠢᠭᠤᠯᠬᠤ᠂ ᠡᠨᠡ ᠬᠦ᠌ ᠳᠡᠯᠡᠬᠡᠢ ᠶᠢᠷᠲᠢᠨᠴᠦ᠍᠎ᠶ᠋ᠢ ᠬᠡᠷᠬᠢᠨ ᠪᠠᠢᠭᠤᠯᠬᠤ》 ᠴᠢᠬᠤᠯᠠ ᠶᠡᠬᠡ ᠰᠡᠳᠦᠪ᠎ᠲᠦ ᠭᠦᠨᠵᠡᠭᠡᠢ ᠬᠠᠷᠢᠭᠤᠯᠲᠠ ᠥᠭ᠌ᠴᠦ᠂ ᠲᠡᠦᠬᠡ᠎ᠶ᠋ᠢᠨ ᠵᠠᠩᠭᠢᠯᠠᠭ᠎ᠠ᠎ᠶ᠋ᠢᠨ ᠦᠶ᠎ᠡ᠎ᠳᠦ ᠳᠡᠯᠡᠬᠡᠢ᠎ᠶ᠋ᠢᠨ ᠬᠥᠭ᠌ᠵᠢᠯᠲᠡ᠎ᠶ᠋ᠢᠨ ᠶᠡᠬᠡ ᠬᠠᠨᠳᠤᠰᠢ᠎ᠶ᠋ᠢ ᠡᠵᠡᠮᠳᠡᠵᠦ᠍᠂ ᠳᠡᠯᠡᠬᠡᠢ ᠨᠡᠢᠲᠡ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠪᠠ᠃

ᠡᠯ᠎ᠡ ᠤᠯᠤᠰ᠎ᠤᠨ ᠠᠷᠠᠳ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠲᠥᠯᠥᠭᠡ᠂ ᠪᠦᠬᠦ᠌ ᠪᠥᠮᠪᠥᠷᠴᠡᠭ᠎ᠦᠨ ᠬᠥᠭ᠌ᠵᠢᠯᠲᠡ᠎ᠶ᠋ᠢᠨ ᠰᠠᠨᠠᠭᠠᠴᠢᠯᠠᠭ᠎ᠠ᠎ᠶ᠋ᠢ ᠳᠤᠷᠠᠳᠴᠤ᠌᠂ ᠬᠥᠭ᠌ᠵᠢᠯᠲᠡ᠎ᠶ᠋ᠢᠨ ᠲᠡᠩᠴᠡᠭᠦᠷᠢ ᠦᠭᠡᠢ ᠠᠰᠠᠭᠤᠳᠠᠯ᠎ᠢ ᠱᠢᠢᠳᠪᠦᠷᠢᠯᠡᠬᠦ᠌᠎ᠪᠡᠷ ᠭᠣᠣᠯᠳᠠᠭᠤᠯᠵᠤ᠂ ᠳᠡᠯᠡᠬᠡᠢ ᠨᠡᠢᠭᠡᠮ᠎ᠦᠨ ᠬᠠᠮᠲᠤ᠎ᠶ᠋ᠢᠨ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠎ᠶ᠋ᠢ ᠠᠬᠢᠭᠤᠯᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ 2030 ᠣᠨ᠎ᠤ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠥᠪᠯᠡᠬᠦ᠌ ᠵᠦᠢᠯ᠎ᠢ ᠲᠠᠬᠢᠨ ᠰᠡᠷᠭᠦᠭᠡᠪᠡ᠃

ᠳᠡᠯᠡᠬᠡᠢ᠎ᠶ᠋ᠢᠨ ᠠᠮᠤᠷ ᠲᠦᠪᠱᠢᠨ ᠠᠶᠤᠯ ᠲᠦᠭ᠌ᠰᠢᠭᠦᠷᠢ ᠪᠠᠨ ᠬᠠᠮᠲᠤᠳᠬᠠᠬᠤ᠎ᠶ᠋ᠢ ᠠᠬᠢᠭᠤᠯᠬᠤ᠎ᠶ᠋ᠢᠨ ᠲᠥᠯᠥᠭᠡ᠂ ᠪᠦᠬᠦ᠌ ᠪᠥᠮᠪᠥᠷᠴᠡᠭ᠎ᠦᠨ ᠠᠮᠤᠷ ᠲᠦᠪᠱᠢᠨ᠎ᠦ ᠰᠠᠨᠠᠭᠠᠴᠢᠯᠠᠭ᠎ᠠ᠎ᠶ᠋ᠢ ᠳᠤᠷᠠᠳᠴᠤ᠌᠂ ᠬᠠᠮᠲᠤ᠎ᠶ᠋ᠢᠨ᠂ ᠶᠡᠷᠦᠩᠬᠡᠢᠯᠡᠭ᠌ᠰᠡᠨ᠂ ᠬᠠᠮᠲᠤᠷᠠᠯᠴᠠᠭ᠍ᠰᠠᠨ᠂ ᠦᠷᠭᠦᠯᠵᠢᠯᠡᠬᠦ᠌ ᠠᠮᠤᠷ ᠲᠦᠪᠱᠢᠨ᠎ᠦ ᠦᠵᠡᠯᠲᠡ᠎ᠶ᠋ᠢ ᠰᠠᠨᠠᠭᠠᠴᠢᠯᠠᠨ ᠦᠢᠯᠡᠳᠦᠯᠭᠡᠵᠢᠭᠦᠯᠵᠦ᠍᠂ ᠶᠠᠷᠢᠯᠴᠠᠭ᠎ᠠ ᠬᠢᠬᠦ᠌᠎ᠡᠴᠡ ᠪᠢᠰᠢ ᠡᠰᠡᠷᠭᠦᠴᠡᠯᠳᠦᠬᠦ᠌ ᠦᠭᠡᠢ᠂ ᠬᠠᠨᠢᠲᠠᠨ ᠪᠣᠯᠬᠤ᠎ᠡᠴᠡ ᠪᠢᠰᠢ ᠬᠣᠯᠪᠣᠭ᠎ᠠ ᠪᠠᠢᠭᠤᠯᠬᠤ ᠦᠭᠡᠢ᠂ ᠬᠠᠮᠲᠤ᠎ᠪᠠᠷ ᠠᠱᠢᠭ ᠬᠦᠷᠳᠡᠬᠦ᠌᠎ᠡᠴᠡ ᠪᠢᠰᠢ ᠦᠯᠦ ᠡᠪᠰᠡᠬᠦ᠌ ᠪᠤᠰᠤ ᠱᠢᠨ᠎ᠡ ᠬᠡᠯᠪᠡᠷᠢ᠎ᠶ᠋ᠢᠨ ᠠᠮᠤᠷ ᠲᠦᠪᠱᠢᠨ᠎ᠦ ᠵᠠᠮ᠎ᠢᠶᠠᠷ ᠵᠠᠮᠨᠠᠬᠤ᠎ᠶ᠋ᠢ ᠠᠬᠢᠭᠤᠯᠪᠠ᠃

ᠠᠳᠠᠯᠢ ᠪᠤᠰᠤ ᠪᠣᠯᠪᠠᠰᠤᠨ᠎ᠤ ᠡᠶ᠎ᠡ ᠨᠠᠢᠷᠠᠮᠳᠠᠭᠤ ᠬᠠᠮᠳᠤ ᠤᠷᠤᠰᠢᠬᠤ ᠶ᠋ᠢᠨ ᠲᠥᠯᠥᠭᠡ᠂ ᠪᠦᠬᠦ᠌ ᠪᠥᠮᠪᠥᠷᠴᠡᠭ᠎ᠦᠨ ᠪᠣᠯᠪᠠᠰᠤᠨ᠎ᠤ ᠰᠠᠨᠠᠭᠠᠴᠢᠯᠠᠭ᠎ᠠ᠎ᠶ᠋ᠢ ᠳᠤᠷᠠᠳᠴᠤ᠌᠂ ᠡᠯ᠎ᠡ ᠤᠯᠤᠰ᠎ᠤᠨ ᠠᠷᠠᠳ ᠲᠦᠮᠡᠨ᠎ᠦ ᠬᠠᠷᠢᠯᠴᠠᠨ ᠣᠢᠯᠠᠭᠠᠯᠴᠠᠵᠤ ᠬᠠᠷᠢᠯᠴᠠᠨ ᠳᠣᠲᠣᠨᠣᠴᠢᠯᠠᠬᠤ᠂ ᠡᠯ᠎ᠡ ᠵᠦᠢᠯ᠎ᠦᠨ ᠪᠣᠯᠪᠠᠰᠤᠨ ᠬᠠᠷᠢᠯᠴᠠᠨ ᠪᠠᠭ᠍ᠲᠠᠭᠠᠵᠤ ᠬᠠᠷᠢᠯᠴᠠᠨ ᠲᠤᠯᠢ ᠪᠤᠯᠭᠠᠬᠤ᠎ᠶ᠋ᠢ ᠠᠬᠢᠭᠤᠯᠵᠤ᠂ ᠭᠤᠸ᠎ᠠ ᠰᠠᠢᠬᠠᠨ᠎ᠢ ᠬᠠᠮᠲᠤ ᠪᠠᠷ ᠡᠳ᠋ᠯᠡᠬᠦ ᠳᠡᠯᠡᠬᠡᠢ᠎ᠶ᠋ᠢᠨ ᠪᠣᠯᠪᠠᠰᠤᠨ᠎ᠤ ᠥᠨᠢᠷ ᠴᠡᠴᠡᠭ᠎ᠤᠨ ᠬᠦᠷᠢᠶᠡᠯᠡᠩ᠎ᠢ ᠪᠦᠳᠦᠭᠡᠨ ᠪᠠᠢᠭᠤᠯᠬᠤ᠎ᠶ᠋ᠢ ᠠᠬᠢᠭᠤᠯᠪᠠ᠃

ᠣᠳᠣᠬᠠᠨ᠎ᠳᠤ᠂ ᠳᠡᠯᠡᠬᠡᠢ᠎ᠳ᠋ᠠᠬᠢᠨ᠎ᠤ ᠵᠠᠭᠤᠨ ᠵᠢᠯ᠎ᠳᠦ ᠲᠤᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠰᠦᠨ ᠤᠯᠠᠷᠢᠵᠤ᠂ ᠬᠥᠮᠦᠨ ᠲᠥᠷᠥᠯᠬᠢᠲᠡᠨ ᠪᠠᠰᠠ ᠨᠢᠭᠡ ᠤᠳᠠᠭ᠎ᠠ ᠲᠣᠨᠣᠯᠵᠢᠨ ᠵᠠᠮ᠎ᠳᠤ ᠵᠣᠭ᠍ᠰᠣᠵᠤ᠂ ᠡᠩᠬᠡ ᠲᠠᠢᠪᠤᠩ᠎ᠪᠠᠢᠬᠤ ᠤᠤ ᠡᠰᠡᠬᠦᠯ᠎ᠡ ᠳᠠᠢ᠌ᠨ ᠲᠠᠵᠢᠨ ᠬᠢᠬᠦ ᠦᠦ᠂ ᠶᠠᠷᠢᠯᠴᠠᠭ᠎ᠠ  ᠬᠢᠬᠦ ᠦᠦ ᠡᠰᠡᠬᠦᠯ᠎ᠡ ᠡᠰᠡᠷᠭᠦᠴᠡᠯᠳᠦᠬᠦ ᠦᠦ᠂ ᠬᠠᠮᠲᠤ᠎ᠪᠠᠷ ᠠᠱᠢᠭ ᠬᠦᠷᠳᠡᠬᠦ᠌ ᠦᠦ ᠡᠰᠡᠬᠦᠯ᠎ᠡ ᠦᠯᠦ ᠡᠪᠰᠡᠬᠦ ᠦᠦ ᠭᠡᠬᠦ ᠰᠣᠩᠭᠣᠯᠲᠠ᠎ᠳᠤ ᠲᠤᠯᠭᠠᠷᠠᠵᠤ ᠪᠠᠢᠨ᠎ᠠ᠃ ᠲᠡᠷᠢᠭᠦᠯᠡᠭ᠌ᠴᠢ ᠰᠢ ᠵᠢᠨ ᠫᠢᠩ ᠱᠠᠩᠬᠠᠢ᠎ᠶ᠋ᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶ᠋ᠢᠨ ᠲᠢᠶᠠᠨᠵᠢᠨ᠎ᠳᠠᠬᠢ ᠲᠦᠷᠦᠭᠦᠴᠦᠳ᠎ᠦᠨ ᠬᠤᠷᠠᠯ ᠳᠡᠭᠡᠷ᠎ᠡ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠰᠠᠨᠠᠭᠠᠴᠢᠯᠠᠭ᠎ᠠ᠎ᠶ᠋ᠢ ᠲᠥᠪ ᠴᠢᠩᠭ᠎ᠠ᠎ᠪᠠᠷ ᠲᠤᠷᠠᠳᠴᠠᠢ᠂ ᠳᠠᠷᠤᠢ 《ᠪᠤᠢ ᠪᠦᠬᠦᠢ ᠵᠣᠷᠢᠭ ᠨᠢᠭᠡ ᠵᠤᠷᠢᠯᠲᠠ ᠠᠳᠠᠯᠢ ᠤᠯᠤᠰ᠎ᠲᠠᠶ ᠬᠠᠮᠲᠤᠷᠠᠯᠴᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠦᠨᠳᠦᠰᠦᠨ ᠳᠦᠷᠢᠮ᠎ᠦᠨ ᠵᠣᠷᠢᠯᠲᠠ ᠪᠠ ᠵᠠᠷᠴᠢᠮ᠎ᠢ ᠡᠷᠡᠰ ᠬᠠᠮᠠᠭᠠᠯᠠᠵᠤ᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠬᠤ ᠬᠡᠷᠡᠭ᠌ᠲᠡᠢ》 ᠪᠤᠯᠤᠨ᠎ᠠ᠃

ᠳᠥᠷᠪᠡᠨ ᠶᠡᠬᠡ ᠪᠥᠬᠥ᠌ ᠪᠥᠮᠪᠥᠷᠴᠡᠭ᠎ᠦᠨ ᠰᠠᠨᠠᠭᠠᠴᠢᠯᠠᠭ᠎ᠠ᠎ᠶ᠋ᠢ ᠨᠠᠢᠳᠠᠪᠤᠷᠢᠵᠢᠭᠤᠯᠬᠤ᠎ᠪᠠᠷ ᠪᠠᠢᠯᠳᠤᠬᠤ ᠪᠣᠳᠣᠯᠭ᠎ᠠ᠎ᠶ᠋ᠢᠨ ᠵᠢᠯᠣᠭᠣᠳᠤᠮᠵᠢ ᠪᠣᠯᠭᠠᠵᠤ᠂ 《ᠨᠢᠭᠡ ᠪᠦᠰᠡ ᠨᠢᠭᠡ ᠵᠠᠮ》᠎ᠢ᠋ ᠴᠢᠨᠠᠷ ᠰᠠᠢᠲᠠᠶ ᠬᠠᠮᠲᠤ᠎ᠪᠠᠷ ᠪᠥᠲᠥᠭᠡᠨ ᠪᠠᠢᠭᠤᠯᠬᠤ᠎ᠪᠠᠷ ᠦᠶ᠋ᠯᠡᠳᠦᠯᠭᠡ᠎ᠶ᠋ᠢᠨ ᠲᠠᠪᠴᠠᠩ ᠪᠣᠯᠭᠠᠪᠠ ᠁ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠨᠢ ᠴᠠᠭ ᠦᠶ᠎ᠡ᠎ᠶ᠋ᠢᠨ ᠤᠷᠤᠭ᠍ᠰᠢᠯᠠᠯᠲᠠ᠎ᠶ᠋ᠢ ᠬᠥᠲᠥᠯᠥᠨ ᠳᠠᠭᠠᠭᠤᠯᠬᠤ ᠬᠡᠷᠡᠯ ᠰᠠᠴᠤᠷᠠᠩᠭᠤᠶ ᠲᠣᠭ ᠪᠣᠯᠵᠣ᠂ ᠳᠡᠯᠡᠬᠡᠶ ᠳ᠋ᠠᠬᠢᠨ᠎ᠤ ᠡᠩᠬᠡ ᠲᠠᠢᠪᠤᠩ᠂ ᠠᠮᠤᠷ ᠲᠦᠪᠱᠢᠨ᠂ ᠬᠥᠭ᠌ᠵᠢᠯ ᠴᠡᠴᠡᠭ᠌ᠯᠡᠯ᠂ ᠳᠠᠪᠱᠢᠯᠲᠠ᠎ᠶ᠋ᠢᠨ ᠬᠡᠭᠡᠨ ᠰᠠᠷᠠᠭᠤᠯ ᠢᠷᠡᠭᠡᠳᠦᠶ ᠲᠡᠢᠰᠢ ᠤᠷᠤᠭᠰᠢᠯᠠᠬᠤ᠎ᠶ᠋ᠢ ᠬᠦᠴᠦᠲᠡᠶ ᠠᠬᠢᠭᠤᠯᠪᠠ᠃

ᠳᠤᠮᠳᠠᠳᠤ ᠤᠯᠤᠰ᠎ᠤᠨ ᠠᠵᠢᠯᠯᠠᠭ᠎ᠠ᠎ᠪᠠᠷ ᠬᠠᠮᠲᠤᠷᠠᠯ ᠬᠦᠴᠦᠨ᠎ᠢ ᠨᠢᠭ᠍ᠲᠠᠷᠠᠭᠤᠯᠪᠠ —

ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠬᠤ᠎ᠳᠤ᠂ ᠳᠤᠮᠳᠠᠳᠤ ᠤᠯᠤᠰ ᠰᠠᠨᠠᠭᠠᠴᠢᠯᠠᠭ᠍ᠴᠢ ᠮᠥᠷᠲᠡᠭᠡᠨ ᠪᠠᠰᠠ ᠠᠵᠢᠯᠯᠠᠭᠠᠳᠠᠨ ᠪᠣᠯᠤᠨ᠎ᠠ᠃

ᠡᠨᠡ ᠵᠢᠯ᠎ᠦᠨ 5 ᠰᠠᠷ᠎ᠠ᠎ᠳᠤ᠂ ᠤᠯᠠᠨ ᠤᠯᠤᠰ᠎ᠤᠨ ᠡᠶᠡᠳᠡᠭᠦᠯᠬᠦ᠌ ᠬᠣᠷᠢᠢ᠎ᠠ ᠳᠤᠮᠳᠠᠳᠤ ᠤᠯᠤᠰ᠎ᠤᠨ ᠱᠢᠶᠠᠩᠭᠠᠩ᠎ᠳᠤ ᠨᠤᠲᠤᠭ᠍ᠰᠢᠵᠤ᠂ ᠤᠯᠠᠨ ᠤᠯᠤᠰ᠎ᠤᠨ ᠮᠠᠷᠭᠤᠯᠳᠤᠭᠠᠨ᠎ᠢ ᠨᠠᠢᠷᠠᠮᠳᠠᠯ᠎ᠢᠶᠠᠷ ᠱᠢᠢᠳᠪᠦᠷᠢᠯᠡᠬᠦ᠌᠎ᠳᠦ ᠱᠢᠨ᠎ᠡ ᠲᠠᠪᠴᠠᠩ ᠬᠠᠩᠭᠠᠪᠠ᠃ 33 ᠤᠯᠤᠰ ᠲᠤᠬᠠᠢ᠎ᠶ᠋ᠢᠨ ᠲᠠᠯᠠᠪᠠᠢ᠎ᠳᠤ ᠨᠡᠢᠲᠡ᠎ᠶ᠋ᠢᠨ ᠭᠡᠷ᠎ᠡ᠎ᠳᠦ ᠭᠠᠷ᠎ᠤᠨ ᠦᠰᠦᠭ ᠵᠢᠷᠤᠵᠤ᠂ ᠡᠭᠦᠰᠭᠡᠨ ᠪᠠᠢᠭᠤᠯᠤᠭ᠍ᠴᠢ ᠪᠦᠷᠢᠯᠳᠦᠬᠦᠨ ᠤᠯᠤᠰ ᠪᠣᠯᠪᠠ᠃

ᠳᠤᠮᠳᠠᠳᠤ ᠯᠠᠤᠰ᠎ᠤᠨ ᠲᠡᠮᠦᠷ ᠵᠠᠮ ᠨᠢ ᠯᠠᠤᠰ ᠎ᠢ 《ᠡᠬᠡ ᠬᠠᠭᠤᠷᠠᠢ᠎ᠶ᠋ᠢᠨ ᠲᠦᠭᠵᠢᠮᠡᠯ ᠤᠯᠤᠰ》 ᠪᠠᠢᠭ᠍ᠰᠠᠨ᠎ᠡᠴᠡ 《ᠡᠬᠡ ᠬᠠᠭᠤᠷᠠᠢ ᠲᠠᠢ ᠵᠠᠯᠭᠠᠯᠳᠤᠭᠰᠠᠨ ᠤᠯᠤᠰ 》 ᠪᠣᠯᠭᠠᠨ ᠬᠤᠪᠢᠷᠠᠭᠤᠯᠪᠠ; ᠫᠸᠷᠦ᠋ ᠵᠢᠨ ᠴᠢᠶᠠᠨᠺᠠᠢ ᠭᠠᠷᠠᠮ ᠨᠢ 《ᠱᠢᠨ᠎ᠡ ᠴᠠᠭ ᠦᠶ᠎ᠡ᠎ᠶ᠋ᠢᠨ ᠢᠨᠺᠠ ᠵᠢᠨ ᠡᠷᠲᠡᠨ᠎ᠦ ᠵᠠᠮ》 ᠤ᠋ᠨ ᠱᠢᠨ᠎ᠡ ᠭᠠᠷᠤᠭ᠎ᠠ ᠪᠣᠯᠪᠠ ᠁ 《ᠨᠢᠭᠡ ᠪᠦᠰᠡ ᠨᠢᠭᠡ ᠵᠠᠮ》 ᠢ᠋ ᠴᠢᠨᠠᠷ ᠰᠠᠢᠲᠠᠢ ᠬᠠᠮᠲᠤ᠎ᠪᠠᠷ ᠪᠦᠲᠦᠭᠡᠨ ᠪᠠᠢᠭᠤᠯᠵᠤ᠂ ᠬᠠᠮᠲᠤ᠎ᠪᠠᠷ ᠬᠥᠭ᠌ᠵᠢᠬᠦ᠌ ᠠᠵᠠ ᠲᠣᠬᠢᠶᠠᠯ᠎ᠤᠨ ᠵᠠᠮ᠂ ᠬᠥᠭ᠌ᠵᠢᠨ ᠴᠡᠴᠡᠭ᠌ᠯᠡᠬᠦ᠌ ᠵᠠᠮ᠎ᠢ ᠴᠣᠭ᠍ᠴᠠᠯᠠᠪᠠ᠃

ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠤ ᠪᠠᠭ᠍ᠲᠠᠭᠠᠮᠵᠢ᠎ᠶ᠋ᠢ ᠥᠷᠭᠡᠳᠭᠡᠭ᠌ᠰᠡᠨ᠎ᠡᠴᠡ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ ᠳᠠᠷᠪᠠᠭᠤᠯ ᠬᠡᠢᠰᠭᠡᠨ ᠠᠵᠢᠯᠯᠠᠭᠰᠠᠨ ᠬᠦᠷᠲᠡᠯ᠎ᠡ᠂ ᠭᠠᠳᠠᠭᠠᠳᠤ ᠪᠡᠯᠡ᠎ᠶ᠋ᠢᠨ ᠣᠷᠣᠬᠤ᠎ᠶ᠋ᠢ ᠵᠥᠪᠱᠢᠶᠡᠷᠡᠬᠦ᠌ ᠨᠠᠵᠠᠭᠠᠢ ᠲᠠᠯ᠎ᠠ᠎ᠶ᠋ᠢᠨ ᠨᠠᠷᠢᠨ ᠲᠠᠩᠰᠠ᠎ᠶ᠋ᠢ ᠲᠠᠰᠤᠷᠠᠯᠳᠠ ᠦᠭᠡᠢ ᠪᠠᠭᠠᠰᠭᠠᠭ᠍ᠰᠠᠨ᠎ᠡᠴᠡ ᠭᠠᠳᠠᠭᠠᠳᠤ ᠣᠷᠣᠭᠤᠯᠤᠯᠲᠠ᠎ᠶ᠋ᠢᠨ ᠦᠵᠡᠰᠭᠦᠯᠡᠩ᠎ᠦᠨ ᠴᠤᠭ᠍ᠯᠠᠭᠠᠨ᠂ ᠦᠢᠯᠡᠴᠢᠯᠡᠭᠡᠨ᠎ᠦ ᠠᠷᠠᠯᠵᠢᠶᠠᠨ᠎ᠤ ᠴᠤᠭ᠍ᠯᠠᠭᠠᠨ᠂ ᠭᠤᠸᠠᠩᠵᠧᠦ᠍᠎ᠶ᠋ᠢᠨ ᠠᠷᠠᠯᠵᠢᠶᠠᠨ᠎ᠤ ᠴᠤᠭ᠍ᠯᠠᠭᠠᠨ᠂ ᠬᠡᠷᠡᠭ᠌ᠯᠡᠭ᠌ᠴᠢᠳ᠎ᠦᠨ ᠦᠵᠡᠰᠭᠦᠯᠡᠩ᠎ᠦᠨ ᠴᠤᠭ᠍ᠯᠠᠭᠠᠨ᠎ᠳᠤ ᠨᠠᠢ᠍ᠮᠠᠨ ᠵᠤᠪᠬᠢᠰ᠎ᠡᠴᠡ ᠢᠷᠡᠭ᠌ᠰᠡᠨ ᠵᠣᠴᠢᠨ᠎ᠢ ᠤᠭ᠍ᠲᠤᠬᠤ ᠬᠦᠷᠲᠡᠯ᠎ᠡ ᠁ ᠳᠤᠮᠳᠠᠳᠤ ᠤᠯᠤᠰ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠳᠡᠬᠦ᠌ ᠨᠡᠭᠡᠭᠡᠯᠲᠡᠲᠦ ᠪᠠᠢᠯᠳᠤᠬᠤ ᠪᠤᠳᠤᠯᠭ᠎ᠠ᠎ᠶ᠋ᠢ ᠡᠷᠡᠰ ᠬᠡᠷᠡᠭ᠌ᠵᠢᠭᠦᠯᠵᠦ᠍᠂ ᠪᠦᠬᠦ᠌ ᠪᠥᠮᠪᠥᠷᠴᠡᠭ᠎ᠦᠨ ᠬᠣᠯᠪᠣᠯᠳᠤᠨ ᠨᠡᠪᠲᠡᠷᠡᠯᠴᠡᠬᠦ᠌᠎ᠶ᠋ᠢ ᠠᠬᠢᠭᠤᠯᠬᠤ᠂ ᠨᠡᠭᠡᠭᠡᠯᠲᠡᠲᠦ ᠮᠠᠶᠢᠭ᠎ᠤᠨ ᠳᠡᠯᠡᠬᠡᠢ᠎ᠶ᠋ᠢᠨ ᠠᠵᠤ ᠠᠬᠤᠢ᠎ᠶ᠋ᠢ ᠪᠠᠢᠭᠤᠯᠬᠤ᠎ᠳᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠪᠡ᠃

ᠳᠡᠯᠡᠬᠡᠢ ᠳ᠋ᠠᠬᠢᠨ᠎ᠲᠠᠶ ᠠᠱᠢᠭ ᠲᠤᠰᠠ ᠨᠢᠭᠡᠳᠡᠢ ᠪᠤᠯ ᠳᠡᠯᠡᠬᠡᠢ ᠳ᠋ᠠᠬᠢᠨ ᠤ᠋ ᠬᠦᠷᠢᠶᠡᠯᠡᠯ᠎ᠢ ᠤᠯᠤᠮᠤᠢ᠃

《ᠥᠷᠭᠡᠳᠭᠡᠬᠦ᠌ ᠮᠠᠶᠢᠭ᠎ᠤᠨ》᠂ 《ᠬᠤᠷᠢᠶᠠᠬᠤ ᠮᠠᠶᠢᠭ᠎ᠤᠨ》 ᠤᠯᠤᠰ᠎ᠤᠳ᠎ᠲᠠᠶ ᠠᠳᠠᠯᠢ ᠦᠭᠡᠢ ᠨᠢ ᠭᠡᠪᠡᠯ᠂ ᠳᠤᠮᠳᠠᠳᠤ ᠤᠯᠤᠰ ᠥᠪᠡᠷ᠎ᠢ᠎ᠪᠡᠨ ᠬᠥᠭ᠌ᠵᠢᠭᠦᠯᠬᠦ᠌ ᠮᠥᠷᠲᠡᠭᠡᠨ ᠪᠠᠰᠠ ᠳᠡᠯᠡᠬᠡᠢ ᠳ᠋ᠠᠬᠢᠨ᠎ᠳᠤ ᠪᠤᠶᠠᠨ ᠦᠢᠯᠡᠳᠴᠦ᠍᠂ 《ᠬᠦᠴᠦᠨ ᠴᠢᠳᠠᠯ ᠣᠯᠭᠣᠬᠤ ᠮᠠᠶᠢᠭ᠎ᠤᠨ ᠲᠤᠮᠤ ᠤᠯᠤᠰ》 ᠬᠡᠮᠡᠭ᠌ᠳᠡᠵᠡᠢ᠃

ᠦᠽᠪᠸᠺᠰᠲ᠋ᠠᠨ᠎ᠤ ᠶᠡᠷᠦᠩᠬᠡᠢᠯᠡᠭ᠌ᠴᠢ ᠮᠢᠷᠵᠢᠶᠤᠤᠶ᠍ᠸᠹ ᠦᠽᠪᠸᠺᠰᠲ᠋ᠠᠨ ᠬᠡᠯᠡᠨ᠎ᠤ ᠬᠡᠪᠯᠡᠯ᠎ᠦᠨ 《ᠶᠠᠳᠠᠭᠤ᠎ᠡᠴᠡ ᠠᠩᠭᠢᠵᠢᠷᠠᠶ᠎ᠠ》 ᠭᠡᠬᠦ᠌ ᠨᠣᠮ᠎ᠤᠨ ᠣᠷᠣᠱᠢᠯ᠎ᠳᠠᠭᠠᠨ᠂ ᠲᠤᠰ ᠨᠣᠮ 《30 ᠭᠠᠷᠤᠢ ᠵᠢᠯ᠎ᠦᠨ ᠲᠠᠷᠠᠭ᠎ᠠ ᠴᠤ᠌ ᠬᠡᠰᠡᠨ ᠤᠯᠤᠰ᠎ᠤᠨ ᠨᠡᠢᠭᠡᠮ᠎ᠦᠨ ᠵᠠᠰᠠᠯᠲᠠ᠎ᠳᠤ ᠴᠢᠬᠤᠯᠠ ᠵᠢᠯᠣᠭᠣᠳᠭᠤ ᠠᠴᠢ ᠬᠣᠯᠪᠣᠭ᠍ᠳᠠᠯ᠎ᠲᠠᠶ》 ᠭᠡᠵᠦ᠍ ᠰᠡᠳᠭᠢᠯ ᠳᠣᠭ᠍ᠳᠣᠯᠤᠨ ᠬᠡᠯᠡᠪᠡ; ᠴᠢᠯᠢ᠎ᠶ᠋ᠢᠨ ᠶᠡᠷᠦᠩᠬᠡᠢᠯᠡᠭ᠌ᠴᠢ ᠪᠥᠸᠸᠯᠢᠴᠢ ᠢᠰᠫᠠᠨᠢ ᠬᠡᠯᠡᠨ᠎ᠦ ᠬᠡᠪᠯᠡᠯ᠎ᠦᠨ 《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠳᠥᠷᠪᠡᠳᠦᠭᠡᠷ ᠪᠤᠳᠢ᠎ᠶ᠋ᠢ ᠪᠡᠶ᠎ᠡ᠎ᠳᠡᠭᠡᠨ ᠠᠪᠴᠤ᠌᠂ ᠲᠡᠷᠢᠭᠦᠯᠡᠭ᠌ᠴᠢ ᠰᠢ ᠵᠢᠨ ᠫᠢᠩ᠎ᠢ ᠤᠷᠢᠵᠤ ᠭᠠᠷ᠎ᠤᠨ ᠦᠰᠦᠭ ᠵᠢᠷᠤᠭᠤᠯᠪᠠ ᠁ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠵᠠᠮ ᠨᠢ ᠬᠥᠭ᠌ᠵᠢᠵᠦ᠍ ᠪᠠᠢᠭ᠎ᠠ ᠤᠯᠤᠰ᠎ᠤᠨ ᠣᠳᠣᠬᠢᠴᠢᠯᠠᠯᠲᠠ ᠲᠡᠢᠰᠢ ᠤᠷᠤᠭ᠍ᠰᠢᠯᠠᠬᠤ ᠠᠷᠭ᠎ᠠ ᠵᠠᠮ᠎ᠢ ᠥᠷᠭᠡᠳᠭᠡᠵᠦ᠍᠂ ᠬᠥᠮᠦᠨ ᠲᠥᠷᠥᠯᠬᠢᠲᠡᠨ᠎ᠦ ᠨᠡᠩ ᠰᠠᠢ᠌ᠨ ᠰᠠᠢᠬᠠᠨ ᠨᠡᠢᠭᠡᠮ᠎ᠦᠨ ᠪᠠᠢᠭᠤᠯᠤᠯ᠎ᠤᠨ ᠲᠤᠬᠠᠢ ᠰᠦᠪᠡᠭ᠌ᠴᠢᠯᠡᠯᠳᠡ᠎ᠳᠦ ᠳᠤᠮᠳᠠᠳᠤ ᠤᠯᠤᠰ᠎ᠤᠨ ᠲᠥᠰᠦᠯ᠎ᠢ ᠬᠠᠩᠭᠠᠪᠠ᠃

ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠨᠠᠷᠢᠨ ᠪᠢᠴᠢᠭ᠎ᠦᠨ ᠳᠠᠷᠤᠭ᠎ᠠ ᠬᠦᠲ᠋ᠸᠯᠸᠢ᠌ᠰ᠄ 《ᠳᠤᠮᠳᠠᠳᠤ ᠤᠯᠤᠰ᠎ᠤᠨ ᠡᠩᠬᠡ ᠲᠠᠢᠪᠤᠩ ᠬᠥᠭ᠌ᠵᠢᠯᠲᠡ ᠪᠣᠯ ᠬᠥᠮᠦᠨ ᠲᠥᠷᠥᠯᠬᠢᠲᠡᠨ᠎ᠦ ᠲᠡᠦᠬᠡᠨ ᠳᠡᠭᠡᠷᠡᠬᠢ ᠡᠷᠬᠢᠮ ᠳᠡᠭᠡᠳᠦ ᠦᠢᠯᠡᠰ ᠮᠥᠨ᠂ ᠪᠦᠬᠦ᠌ ᠬᠥᠮᠦᠨ ᠲᠥᠷᠥᠯᠬᠢᠲᠡᠨ᠎ᠦ ᠡᠩᠬᠡ ᠲᠠᠢᠪᠤᠩ ᠪᠣᠯᠤᠨ ᠳᠠᠪᠱᠢᠯᠳᠠ᠎ᠳᠤ ᠠᠱᠢᠭ᠍ᠲᠠᠢ ᠶᠤᠮ》 ᠭᠡᠵᠦ ᠦᠵᠡᠪᠡ᠃

ᠦᠨᠢ ᠤᠳᠠᠭᠠᠨ᠎ᠤ ᠢᠯᠠᠵᠤ ᠢᠯᠠᠭ᠍ᠳᠠᠬᠤ ᠨᠢ ᠶᠣᠰᠣᠨ᠎ᠳᠤ ᠪᠠᠢᠨ᠎ᠠ᠃ ᠦᠪᠡᠷ ᠪᠡᠶ᠎ᠡ ᠪᠠ ᠦᠭᠡᠷ᠎ᠡ ᠪᠤᠰᠤᠳ᠎ᠤᠨ ᠬᠠᠮᠳᠤ ᠵᠢᠨ ᠬᠦᠭᠵᠢᠯᠳᠡ᠎ᠶᠢ ᠪᠡᠶᠡᠯᠡᠭᠦᠯᠪᠡᠯ᠂ ᠳᠡᠯᠡᠬᠡᠢ ᠳᠠᠬᠢᠨ᠎ᠤ ᠬᠦᠷᠢᠶᠡᠯᠡᠯ᠎ᠢ ᠤᠯᠤᠨ᠎ᠠ᠃

(ᠵᠢᠷᠭᠤᠭ᠎ᠠ)

ᠲᠡᠦᠬᠡ᠎ᠶ᠋ᠢᠨ ᠬᠦᠷᠳᠦ ᠪᠦᠮᠪᠦᠷᠢᠨ ᠤᠷᠤᠭ᠍ᠰᠢᠯᠠᠭ᠍ᠰᠠᠭᠠᠷ ᠪᠠᠢᠨ᠎ᠠ᠃ ᠪᠠᠢᠳᠠᠯ᠎ᠢ ᠠᠰᠢᠠᠠᠯᠠᠬᠤ ᠬᠡᠷᠡᠭᠲᠡᠢ᠂ ᠴᠠᠭ ᠲᠤᠬᠢᠶᠠᠯ᠎ᠢ ᠠᠯᠳᠠᠬᠤ ᠦᠭᠡᠢ ᠪᠠᠢᠬᠤ ᠬᠡᠷᠡᠭᠳᠡᠢ᠃

《 ᠪᠢᠳᠡᠨ᠎ᠦ ᠴᠠᠭ᠎ᠤᠨ ᠲᠤᠬᠠᠢ ᠣᠢᠯᠠᠭᠠᠯᠲᠠ ᠪᠣᠯ ᠵᠠᠭᠤᠨ ᠵᠢᠯ᠂ ᠮᠢᠩᠭᠠᠨ ᠵᠢᠯ᠎ᠢᠶᠡᠷ ᠠᠷᠭ᠎ᠠ ᠪᠤᠳᠤᠯᠭ᠎ᠠ ᠪᠣᠯᠭᠠᠨ᠎ᠠ》᠂ 《ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ᠎ᠶ᠋ᠢᠨ ᠦᠨᠳᠦᠰᠦᠲᠡᠨ᠎ᠦ ᠮᠢᠩᠭᠠᠨ ᠣᠨ᠎ᠤ ᠠᠤᠭ᠎ᠠ ᠦᠢᠯᠡᠰ᠎ᠢ ᠪᠦᠲᠦᠭᠡᠬᠦ᠌᠎ᠪᠡᠷ ᠵᠣᠷᠢᠭ ᠱᠢᠭᠤᠳᠴᠠᠢ》 ᠁ ᠴᠠᠭ ᠦᠶ᠎ᠡ᠎ᠶ᠋ᠢᠨ ᠲᠤᠬᠠᠢ ᠢᠲᠡᠭᠡᠯ ᠪᠢᠱᠢᠷᠡᠯ ᠳᠤᠮᠳᠠ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠲᠡᠦᠬᠡ᠎ᠶ᠋ᠢᠨ ᠤᠬᠠᠮᠰᠠᠷ ᠪᠣᠯᠤᠨ ᠲᠡᠦᠬᠡ᠎ᠶ᠋ᠢᠨ ᠡᠭᠦᠷᠭᠡᠯᠡᠯ᠎ᠢ ᠰᠡᠢᠯᠵᠦ᠍ ᠪᠠᠢᠨ᠎ᠠ᠃

2035 ᠣᠨ ᠪᠣᠯᠬᠤ᠎ᠳᠤ᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠦᠨ᠎ᠡ; ᠲᠤᠰ ᠵᠠᠭᠤᠨ᠎ᠤ ᠳᠤᠮᠳᠠᠴᠢ ᠦᠶ᠎ᠡ ᠪᠣᠯᠬᠤ᠎ᠳᠤ ᠮᠠᠨ᠎ᠤ ᠤᠯᠤᠰ᠎ᠢᠶᠠᠨ ᠤᠯᠤᠰ᠎ᠤᠨ ᠶᠡᠷᠦᠩᠬᠡᠢ ᠬᠦᠴᠦᠨ ᠪᠠ ᠳᠡᠯᠡᠬᠡᠢ ᠳᠡᠭᠡᠷᠡᠬᠢ ᠨᠥᠯᠥᠭᠡᠯᠡᠬᠦ᠌ ᠬᠦᠴᠦᠨ᠎ᠢᠶᠡᠷ ᠲᠡᠷᠢᠭᠦᠯᠡᠭ᠌ᠰᠡᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ ᠪᠣᠯᠭᠠᠨ ᠪᠦᠳᠦᠭᠡᠨ ᠪᠠᠢᠭᠤᠯᠤᠨ᠎ᠠ᠃ ᠥᠨᠥᠳᠦᠷ᠂ ᠤᠯᠤᠰ᠎ᠢᠶᠠᠨ ᠬᠦᠴᠦᠷᠬᠡᠭ᠌ᠵᠢᠭᠦᠯᠬᠦ᠌ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ ᠨᠢᠭᠡᠨᠲᠡ ᠰᠦᠷ ᠵᠢᠪᠬᠤᠯᠠᠩᠲᠤ ᠬᠠᠭᠤᠳᠠᠰᠤ᠎ᠶ᠋ᠢ ᠳᠡᠯᠭᠡᠭ᠌ᠰᠡᠨ ᠪᠥᠭᠡᠳ ᠬᠢᠵᠠᠭᠠᠯᠠᠰᠢ ᠦᠭᠡᠢ ᠭᠡᠭᠡᠨ ᠰᠠᠷᠠᠭᠤᠯ ᠢᠷᠡᠭᠡᠳᠦᠢ᠎ᠲᠡᠶ ᠪᠣᠯᠵᠠᠢ᠂ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠬᠠᠷᠠᠯᠲᠠ᠎ᠳᠤ ᠲᠡᠦᠬᠡ᠎ᠶ᠋ᠢᠨ ᠠᠯᠢ ᠴᠤ᠌ ᠦᠶ᠎ᠡ᠎ᠡᠴᠡ ᠢᠯᠡᠭᠦᠦ ᠣᠢᠷᠠᠳᠴᠤ᠌᠂ ᠡᠨᠡ ᠬᠦ᠌ ᠬᠠᠷᠠᠯᠲᠠ᠎ᠶ᠋ᠢ ᠪᠡᠶᠡᠯᠡᠭᠦᠯᠬᠦ᠌ ᠢᠲᠡᠭᠡᠯ ᠪᠠ ᠴᠢᠳᠠᠪᠤᠷᠢ ᠲᠡᠦᠬᠡ᠎ᠶ᠋ᠢᠨ ᠠᠯᠢ ᠴᠤ᠌ ᠦᠶ᠎ᠡ᠎ᠡᠴᠡ ᠢᠯᠡᠭᠦᠦ ᠴᠢᠩᠭᠠᠷᠠᠵᠠᠢ᠃

ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠪᠤᠢ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠪᠤᠢ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠢᠯᠡᠳᠲᠡ ᠳᠠᠪᠠᠭᠤᠯᠢᠭ ᠪᠤᠢ᠂ ᠲᠦᠭ ᠲᠦᠮᠡᠨ ᠳᠤᠮᠳᠠᠳᠤ ᠤᠯᠤᠰ᠎ᠤᠨ ᠠᠷᠠᠳ ᠲᠦᠮᠡᠨ ᠪᠦᠯᠬᠦᠮᠳᠡᠨ ᠲᠡᠮᠡᠴᠡᠵᠦ ᠪᠤᠢ — ᠤᠷᠤᠭᠰᠢ ᠪᠠᠨ᠂ ᠪᠢᠳᠡ ᠢᠲᠡᠭᠡᠯ ᠲᠡᠭᠦᠯᠳᠡᠷ᠂ ᠵᠤᠷᠢᠭ ᠲᠡᠭᠦᠯᠳᠡᠷ᠂ ᠬᠦᠴᠦᠨ ᠲᠡᠭᠦᠯᠳᠡᠷ ᠪᠠᠢᠨ᠎ᠠ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠰᠠᠭᠤᠷᠢ᠎ᠶ᠋ᠢ ᠪᠡᠬᠢᠵᠢᠭᠦᠯᠬᠦ᠌᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠷᠴᠢᠨ ᠭᠦᠨᠵᠡᠭᠡᠢ ᠪᠤᠳᠤᠯᠢᠶᠠᠨᠲᠠᠢ ᠬᠤᠪᠢᠷᠠᠯᠲᠠ᠎ᠳᠤ ᠲᠤᠯᠭᠠᠷᠠᠵᠤ᠂ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ ᠪᠣᠯᠤᠨ ᠠᠶᠤᠯ ᠲᠦᠭ᠌ᠰᠢᠭᠦᠷᠢ ᠥᠷᠢᠰᠥᠯᠳᠦᠭᠡᠨ ᠵᠡᠷᠭᠡᠪᠡᠷ ᠣᠷᠣᠱᠢᠵᠤ᠂ ᠲᠣᠭ᠍ᠲᠠᠭᠠᠯᠲᠤ ᠪᠤᠰᠤ ᠲᠥᠰᠦᠭᠡᠯᠡᠬᠦᠶ᠎ᠡ ᠪᠡᠷᠬᠡ ᠡᠯᠧᠮᠧᠨ᠋ᠲ ᠨᠡᠮᠡᠭ᠌ᠳᠡᠵᠦ᠍ ᠪᠠᠢᠨ᠎ᠠ — ᠤᠷᠤᠭ᠍ᠰᠢ ᠪᠠᠨ᠂ ᠪᠢᠳᠡ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠵᠠᠪᠠᠯ ᠢᠯᠠᠬᠤ ᠢᠲᠡᠭᠡᠯ᠎ᠢᠶᠡᠨ ᠴᠢᠩᠭᠠᠳᠭᠠᠬᠤ ᠬᠡᠷᠡᠭ᠌ᠲᠡᠢ᠃

ᠡᠨᠡ ᠴᠠᠭ ᠮᠥᠴᠡ ᠲᠡᠤᠬᠡᠨ᠎ᠳᠤ ᠪᠠᠲᠤ ᠴᠡᠭᠡᠵᠢᠯᠡᠭᠳᠡᠪᠡ᠄

2022 ᠣᠨ᠎ᠤ 10 ᠰᠠᠷ᠎ᠠ᠎ᠳᠤ᠂ ᠨᠠᠮ᠎ᠤᠨ ᠬᠣᠷᠢᠳᠤᠭᠠᠷ ᠶᠡᠬᠡ ᠬᠤᠷᠠᠯ ᠲᠡᠭᠦᠰᠦᠭᠡᠳ ᠨᠢᠭᠡ ᠭᠠᠷᠠᠭ ᠪᠣᠯᠤᠭ᠎ᠠ ᠥᠬᠡᠶ᠎ᠪᠡᠷ᠂ ᠶᠡᠷᠦᠩᠬᠡᠶ ᠱᠦᠵᠢ ᠰᠢ ᠵᠢᠨ ᠫᠢᠩ ᠬᠣᠷᠢᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠥᠷᠥ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠳ᠎ᠢ ᠳᠠᠭᠠᠭᠤᠯᠤᠨ ᠲᠤᠰᠭᠠᠢᠯᠠᠨ ᠶᠠᠨ ᠠᠨ᠎ᠳᠤ ᠬᠦᠷᠴᠦ᠍᠂ ᠱᠢᠨ᠎ᠡ ᠨᠢᠭᠡ ᠬᠤᠭᠤᠴᠠᠭᠠᠨ᠎ᠤ ᠲᠥᠪ ᠬᠣᠷᠢᠶ᠎ᠠ᠎ᠵᠢᠨ ᠤᠳᠤᠷᠢᠳᠭᠤ ᠬᠠᠮᠲᠤ᠎ᠶ᠋ᠢᠨ ᠬᠤᠪᠢᠰᠭᠠᠯ᠎ᠤᠨ ᠤᠳᠤᠮᠱᠢᠯ᠎ᠢᠶᠠᠨ ᠵᠠᠯᠭᠠᠮᠵᠢᠯᠠᠵᠤ᠂ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠵᠤ᠂ ᠱᠢᠯᠭᠠᠯᠲᠠ᠎ᠳᠤ ᠣᠷᠣᠯᠴᠠᠬᠤ ᠱᠢᠨ᠎ᠡ ᠵᠠᠮ ᠳᠡᠭᠡᠷ᠎ᠡ ᠲᠡᠦᠬᠡ ᠪᠠ ᠠᠷᠠᠳ ᠲᠦᠮᠡᠨ᠎ᠳᠦ ᠱᠢᠨ᠎ᠡ ᠱᠢᠯᠢᠳᠡᠭ ᠬᠠᠷᠢᠭᠤᠯᠲᠠ᠎ᠶ᠋ᠢᠨ ᠬᠠᠭᠤᠳᠠᠰᠤ ᠲᠤᠱᠢᠶᠠᠬᠤ ᠡᠷᠡᠰ ᠪᠠᠲᠤ ᠢᠲᠡᠭᠡᠯ ᠵᠣᠷᠢᠭ᠎ᠢᠶᠠᠨ ᠢᠯᠡᠷᠬᠡᠢᠯᠡᠪᠡ᠃

ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠦᠳᠦᠭᠡᠬᠦ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠭᠣᠣᠯ ᠡᠭᠦᠷᠭᠡ᠎ᠶ᠋ᠢ ᠲᠣᠭ᠍ᠲᠠᠭᠠᠪᠠ᠃ 14 ᠳ᠋ᠦᠩᠱᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ ᠱᠢᠨ᠎ᠡ ᠠᠶᠠᠨ᠎ᠳᠠᠭᠠᠨ ᠮᠣᠷᠳᠠᠵᠤ᠂ ᠱᠢᠨ᠎ᠡ ᠲᠡᠮᠡᠴᠡᠯ᠎ᠦᠨ ᠬᠠᠷᠠᠯᠲᠠ ᠲᠡᠢᠰᠢ ᠮᠣᠷᠳᠠᠪᠠ! ᠤᠷᠤᠭ᠍ᠰᠢ ᠪᠠᠨ!

ᠡᠨᠡ ᠴᠠᠭ ᠮᠥᠴᠡ ᠯᠠᠪᠲᠠᠢ ᠲᠡᠦᠬᠡ᠎ᠶ᠋ᠢᠨ ᠬᠠᠭᠤᠳᠠᠰᠤᠨ᠎ᠠ ᠲᠡᠮᠳᠡᠭ᠌ᠯᠡᠭ᠌ᠳᠡᠬᠦ᠌ ᠶᠤᠮ᠄

2025 ᠣᠨ᠎ᠤ 9 ᠰᠠᠷ᠎ᠠ᠎ᠶ᠋ᠢᠨ 3᠎ᠤ᠋ ᠡᠳᠦᠷ᠂ ᠠᠭᠠᠷ ᠳᠡᠭᠡᠷ᠎ᠡ᠎ᠡᠴᠡ ᠲᠢᠶᠠᠨ ᠠᠨ ᠮᠸᠨ ᠠᠭᠤᠳᠠᠮ ᠲᠠᠯᠠᠪᠠᠶ᠎ᠵᠢ ᠥᠩᠭᠡᠢᠨ ᠬᠠᠷᠠᠬᠤ᠎ᠳᠤ᠂ 《众》 ᠥᠰᠥᠭ᠎ᠦᠨ ᠳᠦᠷᠰᠦ ᠪᠦᠲᠦᠭᠡᠯᠲᠡ᠎ᠶ᠋ᠢᠨ ᠶᠣᠰᠣᠯᠠᠯ᠎ᠤᠨ ᠲᠠᠢᠰᠠ ᠰᠦᠷᠯᠢᠭ ᠦᠵᠡᠮᠵᠢᠲᠡᠶ ᠬᠠᠷᠠᠭ᠍ᠳᠠᠨ᠎ᠠ᠂ ᠡᠨᠡ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠤᠤᠷ᠎ᠠ ᠳᠤᠮᠳᠠᠳᠤ ᠤᠯᠤᠰ᠎ᠤᠨ ᠠᠷᠠᠳ ᠲᠦᠮᠡᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠰᠠᠯᠬᠢ ᠪᠣᠷᠣᠭᠠᠨ᠎ᠢ ᠬᠠᠢᠬᠤᠷᠤᠯ ᠥᠬᠡᠶ ᠤᠷᠤᠭ᠍ᠰᠢᠯᠠᠨ ᠳᠡᠪᠱᠢᠵᠦ᠍ ᠪᠠᠢᠭ᠎ᠠ᠎ᠶ᠋ᠢ ᠪᠡᠯᠭᠡᠳᠡᠵᠦ᠍ ᠪᠠᠢᠨ᠎ᠠ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠱᠢᠭᠤᠴᠢ ᠯᠢ ᠳ᠋ᠡ ᠵᠤᠤ᠄ 《ᠱᠢᠵᠢᠷ ᠠᠯᠳᠠᠨ ᠴᠠᠭ ᠦᠶ᠎ᠡ ᠪᠢᠳᠡᠨ᠎ᠦ ᠠᠷᠤ᠎ᠳᠤ ᠪᠠᠢᠬᠤ ᠪᠢᠰᠢ᠂ ᠬᠠᠷᠢᠨ ᠪᠢᠳᠡᠨ᠎ᠦ ᠡᠮᠦᠨ᠎ᠡ ᠪᠠᠢᠨ᠎ᠠ; ᠥᠩᠭᠡᠷᠡᠭᠰᠡᠨ᠎ᠳᠦ ᠪᠠᠢᠬᠤ ᠪᠢᠰᠢ᠂ ᠬᠠᠷᠢᠨ ᠢᠷᠡᠭᠡᠳᠦᠢ᠎ᠳᠦ ᠪᠠᠢᠨ᠎ᠠ》 ᠭᠡᠵᠦ ᠵᠢᠭᠠᠵᠤ ᠭᠠᠷᠭᠠᠪᠠ᠃

ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠭᠡᠷᠡᠯ ᠰᠠᠴᠤᠷᠠᠩᠭᠤᠢ ᠲᠡᠷᠲᠡᠭᠡ ᠡᠷᠭᠢ ᠲᠡᠢᠰᠢ ᠡᠷᠡᠯᠬᠡᠭ᠌ᠯᠡᠨ ᠤᠷᠤᠭ᠍ᠰᠢᠯᠠᠬᠤᠶ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠦᠭᠡ ᠶᠠᠷᠢᠶ᠎ᠠ ᠢᠳᠡ ᠬᠦᠴᠦᠲᠡᠢ —

《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠡᠩᠬᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ ᠣᠳᠣᠬᠢᠴᠢᠯᠠᠯᠲᠠ ᠮᠥᠨ᠂ ᠳᠤᠮᠳᠠᠳᠤ ᠤᠯᠤᠰ ᠪᠣᠯ ᠥᠨᠢ ᠡᠭᠦᠷᠢᠳᠡ ᠳᠡᠯᠡᠬᠡᠢ᠎ᠶ᠋ᠢᠨ ᠡᠩᠬᠡ ᠲᠠᠢᠪᠤᠩ᠎ᠤᠨ ᠬᠦᠴᠦᠨ᠂ ᠲᠣᠭ᠍ᠲᠠᠭᠤᠨ ᠬᠦᠴᠦᠨ᠂ ᠲᠠᠪᠱᠢᠯᠳᠠ᠎ᠶ᠋ᠢᠨ ᠬᠦᠴᠦᠨ ᠮᠥᠨ》᠃

《ᠲᠠᠪᠤᠨ ᠮᠢᠩᠭ᠎ᠠ ᠭᠠᠷᠤᠢ ᠵᠢᠯ᠎ᠦᠨ ᠭᠡᠷᠡᠯ ᠰᠠᠴᠤᠷᠠᠩᠭᠤᠢ ᠪᠣᠯᠪᠠᠰᠤᠨ᠎ᠢ ᠡᠭᠦᠳᠦᠭ᠌ᠰᠡᠨ ᠳᠤᠮᠳᠠᠳᠤ᠎ᠶ᠋ᠢᠨ ᠦᠨᠳᠦᠰᠦᠲᠡᠨ ᠯᠠᠪᠲᠠᠢ ᠱᠢᠨ᠎ᠡ ᠴᠠᠭ ᠦᠶ᠎ᠡ ᠱᠢᠨ᠎ᠡ ᠠᠶᠠᠨ᠎ᠳᠤ ᠨᠡᠩ ᠶᠡᠬᠡ ᠱᠢᠨ᠎ᠡ ᠭᠡᠷᠡᠯ ᠰᠠᠴᠤᠷᠠᠩᠭᠤᠢ ᠠᠮᠵᠢᠯᠲᠠ᠎ᠶ᠋ᠢ ᠡᠭᠦᠳᠴᠦ᠍᠂ ᠬᠥᠮᠦᠨ ᠲᠥᠷᠥᠯᠬᠢᠲᠡᠨ᠎ᠦ ᠡᠩᠬᠡ ᠲᠠᠢᠪᠤᠩ ᠪᠠ ᠬᠥᠭ᠌ᠵᠢᠯᠲᠡ᠎ᠶ᠋ᠢᠨ ᠡᠷᠬᠢᠮ ᠳᠡᠭᠡᠳᠦ ᠦᠢᠯᠡᠰ᠎ᠲᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ ᠪᠣᠯᠤᠨ᠎ᠠ》!

 (ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 9 ᠰᠠᠷ᠎ᠠ ᠵᠢᠨ 17 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号