— ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢ᠌ᠨ ᠵᠢᠴᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢ᠌ᠨ᠎ᠦ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠳᠤᠷᠠᠰᠭᠠᠶᠠ
1931—1945᠂ 14 ᠵᠢᠯ ᠴᠢᠰᠤᠨ ᠪᠠᠢᠯᠳᠤᠭᠠᠨ ᠬᠢᠵᠦ᠍᠂ 14 ᠵᠢᠯ ᠱᠢᠷᠭᠠᠭᠤ ᠬᠠᠲᠠᠭᠤᠵᠢᠯᠲᠠᠶ ᠲᠡᠮᠡᠴᠡᠵᠦ᠍᠂ ᠳᠥᠷᠪᠡᠨ ᠳ᠋ᠦᠩᠱᠢᠭᠤᠷ ᠬᠥᠮᠦᠨ ᠨᠤᠭᠤᠷᠠᠰᠢ ᠦᠭᠡᠶ ᠲᠡᠮᠡᠴᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡᠨ ᠬᠠᠭᠤᠳᠠᠰᠤ ᠪᠠ ᠬᠥᠮᠦᠨ ᠲᠥᠷᠥᠯᠬᠢᠲᠡᠨ᠎ᠦ ᠡᠩᠬᠡ ᠲᠠᠢᠪᠤᠩ᠎ᠤᠨ ᠲᠡᠦᠬᠡᠨ ᠬᠠᠭᠤᠳᠠᠰᠤ᠎ᠶ᠋ᠢ ᠭᠡᠷᠡᠯᠲᠦᠭᠦᠯᠦᠭ᠌ᠰᠡᠨ ᠠᠭᠤᠤ ᠶᠡᠬᠡ ᠢᠯᠠᠯᠲᠠ᠎ᠶ᠋ᠢ ᠣᠯᠪᠠ᠃
1945 —2025 ᠣᠨ᠂ ᠠᠭᠤᠯᠠ ᠤᠰᠤ ᠰᠢᠨᠡᠳᠦᠨ ᠬᠤᠪᠢᠷᠠᠬᠤ ᠠᠨ᠎ᠤ ᠤᠷᠴᠢᠯᠠᠩ᠎ᠤᠨ ᠭᠤᠤᠯ ᠶᠤᠰᠤᠨ ᠪᠤᠯᠠᠢ᠃ 80 ᠵᠢᠯᠦᠩᠭᠡᠷᠡᠵᠦ᠂ ᠨᠢᠭᠡᠨ ᠴᠡᠴᠡᠭ᠌ᠯᠡᠨ ᠬᠥᠭ᠌ᠵᠢᠭ᠌ᠰᠡᠨ ᠪᠠᠶᠠᠨ ᠬᠦᠴᠦᠷᠬᠡᠭ ᠱᠢᠨ᠎ᠡ ᠳᠤᠮᠳᠠᠳᠤ ᠤᠯᠤᠰ ᠳᠡᠯᠡᠬᠡᠶ᠎ᠶ᠋ᠢᠨ ᠳᠣᠷᠣᠨᠠᠳᠠᠬᠢᠨ᠎ᠳᠤ ᠰᠡᠬᠦᠢᠨ ᠰᠦᠨᠳᠡᠷᠯᠡᠵᠦ᠍᠂ ᠳᠤᠮᠳᠠᠳᠤ ᠤᠯᠤᠰ᠎ᠤᠨ ᠠᠷᠠᠳ ᠲᠦᠮᠡᠨ ᠶᠡᠷᠦ᠍᠎ᠡᠴᠡ ᠥᠨᠥᠳᠦᠷ᠎ᠦᠨ ᠱᠢᠭ ᠡᠢᠮᠦ᠍ ᠵᠣᠯ ᠵᠢᠷᠭᠠᠯ᠎ᠲᠠᠶ ᠠᠮᠤᠷ ᠠᠮᠤᠭᠤᠯᠠᠩ᠂ ᠴᠣᠭ ᠵᠢᠪᠬᠤᠭ᠎ᠠ ᠪᠠᠳᠠᠷᠠᠩᠭᠤᠶ ᠪᠠᠢᠵᠤ ᠥᠩᠭᠡᠷᠡᠭ᠌ᠰᠡᠨ ᠥᠬᠡᠶ ᠶᠤᠮ᠃
ᠳᠠᠷᠢ᠎ᠶ᠋ᠢᠨ ᠤᠳᠤᠭ᠎ᠠ ᠬᠡᠳᠦᠢᠪᠡᠷ ᠬᠣᠯᠠᠳᠠᠭ᠍ᠰᠠᠨ ᠪᠣᠯᠪᠠᠴᠤ᠌ ᠢᠯᠠᠯᠲᠠ᠎ᠶ᠋ᠢᠨ ᠪᠦᠷᠢᠶ᠎ᠡ ᠬᠠᠩᠭᠢᠨᠠᠬᠰᠠᠭᠠᠷ᠂ ᠲᠡᠮᠡᠴᠡᠯ᠎ᠦᠨ ᠠᠶᠠᠨ ᠦᠷᠬᠦᠯᠵᠢᠯᠡᠭᠰᠡᠭᠡᠷ᠃ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠶᠡᠬᠡ ᠬᠦᠰᠡᠯ ᠵᠡᠭᠦᠳᠦ ᠨᠢ ᠪᠢᠳᠡᠨ᠎ᠦ ᠲᠡᠦᠬᠡ᠎ᠶ᠋ᠢᠨ ᠳᠤᠮᠳᠠ᠎ᠡᠴᠡ ᠤᠷᠤᠭ᠍ᠰᠢᠯᠠᠬᠤ ᠤᠶᠤᠨ ᠤᠬᠠᠭᠠᠨ ᠪᠠ ᠬᠦᠴᠦᠨ ᠴᠢᠳᠠᠯ᠎ᠢ ᠱᠢᠩᠭᠡᠭᠡᠨ ᠠᠪᠴᠤ᠌᠂ ᠱᠢᠨ᠎ᠡ ᠠᠶᠠᠨ᠎ᠳᠠᠭᠠᠨ ᠶᠠᠫᠣᠨ᠎ᠢ ᠡᠰᠡᠷᠭᠦᠴᠡᠬᠦ᠌ ᠠᠭᠤᠤ ᠶᠡᠬᠡ ᠲᠠᠢ᠌ᠨ᠎ᠦ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠢᠯᠠᠯᠲᠠ᠎ᠡᠴᠡ ᠱᠢᠨ᠎ᠡ ᠢᠯᠠᠯᠲᠠ ᠲᠡᠢᠰᠢ ᠲᠠᠰᠤᠷᠠᠯᠳᠠ ᠦᠭᠡᠢ ᠤᠷᠤᠭ᠍ᠰᠢᠯᠠᠬᠤ᠎ᠶ᠋ᠢ ᠤᠷᠢᠶᠠᠯᠠᠵᠤ ᠪᠠᠢᠨ᠎ᠠ!
(ᠨᠢᠭᠡ)
ᠣᠨ ᠵᠢᠯ ᠦᠩᠭᠡᠷᠡᠨ ᠤᠳᠤᠬᠰᠠᠨ ᠴᠦ᠍ ᠲᠡᠦᠬᠡ᠎ᠶ᠋ᠢᠨ ᠳᠤᠷᠠᠳᠭᠠᠯ ᠡᠭᠦᠷᠢᠳᠡ ᠦᠡᠭ᠌ᠭᠡ ᠬᠤᠪᠢᠷᠠᠬᠤ ᠦᠭᠡᠢ᠂ ᠳᠤᠮᠳᠠᠳᠤ᠎ᠶ᠋ᠢᠨ ᠬᠥᠪᠡᠭᠦᠳ ᠥᠬᠢᠳ᠎ᠦᠨ ᠰᠡᠳᠭᠢᠯ᠎ᠳᠦ ᠡᠭᠦᠷᠢᠳᠡ ᠬᠠᠳᠠᠩᠱᠢᠨᠠ᠃
《ᠶᠠᠫᠣᠨ ᠪᠠᠭᠤᠵᠤ ᠥᠭ᠌ᠪᠡ!》 1945 ᠣᠨ᠎ᠤ 8 ᠰᠠᠷ᠎ᠠ᠎ᠶ᠋ᠢᠨ 15 ᠤ᠋ ᠡᠳᠦᠷ᠎ᠦᠨ 《ᠳ᠋ᠠᠭᠦ᠋ᠩ ᠰᠤᠨᠢᠨ》 ᠤ᠋ ᠲᠡᠷᠢᠭᠦᠨ ᠨᠢᠭᠤᠷᠲᠡᠬᠢ ᠲᠠᠪᠤᠨ ᠲᠣᠮᠣ ᠥᠰᠥᠭ ᠤᠨᠴᠠ ᠵᠢᠨ ᠢᠯᠡ ᠬᠠᠷᠠᠭᠳᠠᠨ᠎ᠠ᠃ 9 ᠰᠠᠷ᠎ᠠ᠎ᠶ᠋ᠢᠨ 2 ᠤ᠋ᠨ ᠡᠳᠦᠷ᠂ ᠲᠤᠤᠺᠢᠤ᠋ ᠪᠤᠯᠤᠩ ᠳ᠋ᠦ ᠪᠠᠢᠭ᠎ᠠ 《ᠮᠢᠰᠰᠦ᠋ᠷᠢ》 ᠨᠡᠷᠡᠮᠵᠢᠲᠦ ᠴᠡᠷᠢᠭ᠎ᠦᠨ ᠬᠥᠯᠭᠡ ᠣᠩᠭᠣᠴᠠᠨ ᠳᠡᠭᠡᠷ᠎ᠡ᠂ ᠬᠣᠯᠪᠣᠭᠠᠲᠠᠨ ᠤᠯᠤᠰ ᠡᠴᠡ ᠶᠠᠫᠣᠨ ᠵᠢᠩᠬᠢᠨᠢ᠎ᠪᠡᠷ ᠪᠠᠭᠤᠵᠤ ᠥᠭ᠌ᠬᠦ ᠭᠠᠷᠤᠨ ᠦᠰᠦᠭ ᠵᠢᠷᠤᠬᠤ ᠶᠣᠰᠣᠯᠠᠯ ᠶᠠᠪᠤᠭᠳᠠᠭᠤᠯᠪᠠ᠃ ᠢᠯᠠᠯᠲᠠ᠎ᠶ᠋ᠢᠨ ᠴᠢᠮᠡᠭᠡ ᠤᠯᠠᠮᠵᠢᠯᠠᠭ᠍ᠳᠠᠨ ᠢᠷᠡᠮᠡᠭᠴᠡ᠂ ᠳᠤᠮᠳᠠᠳᠤ ᠤᠯᠤᠰ᠎ᠤᠨ ᠥᠷᠭᠡᠨ ᠠᠭᠤᠳᠠᠮ ᠨᠤᠲᠤᠭ ᠳᠡᠪᠢᠰᠭᠡᠷ ᠬᠦᠷ ᠬᠥᠭ᠌ᠵᠢᠶᠡᠨ᠎ᠢᠶᠡᠷ ᠪᠢᠯᠬᠠᠵᠤ᠂ ᠳᠤᠮᠳᠠᠳᠤ ᠤᠯᠤᠰ᠎ᠤᠨ ᠠᠷᠠᠳ ᠲᠦᠮᠡᠨ ᠬᠢᠵᠠᠭᠠᠯᠠᠰᠢ ᠦᠭᠡᠢ ᠪᠠᠶᠠᠷ ᠪᠠᠬᠠᠳᠤᠯ᠎ᠤᠨ ᠳᠤᠮᠳᠠ ᠰᠣᠭ᠍ᠲᠣᠭᠤᠷᠠᠪᠠ᠃ 9 ᠰᠠᠷ᠎ᠠ᠎ᠶ᠋ᠢᠨ 3 ᠤ᠋ ᠡᠳᠦᠷ᠂ ᠮᠠᠤ ᠽᠸ ᠳ᠋ᠦᠩ ᠨᠥᠬᠥᠷ 《ᠱᠢᠨᠬᠤᠸᠠ ᠡᠳᠦᠷ᠎ᠦᠨ ᠰᠣᠨᠢᠨ》 ᠤ᠋ ᠳᠤᠷᠠᠢᠮ᠎ᠠ ᠪᠠᠢᠷᠢᠨ᠎ᠳᠤ᠄《ᠶᠠᠫᠣᠨ᠎ᠢ ᠡᠰᠡᠷᠭᠦᠴᠡᠬᠦ᠌ ᠳᠠᠢ᠌ᠨ᠎ᠦ ᠢᠯᠠᠯᠲᠠ᠎ᠶ᠋ᠢ ᠪᠡᠯᠭᠡᠯᠡᠶ᠎ᠡ᠂ ᠳᠤᠮᠳᠠᠳᠤ᠎ᠶ᠋ᠢᠨ ᠦᠨᠳᠦᠰᠦᠲᠡᠨ᠎ᠦ ᠴᠢᠯᠥᠭᠡᠯᠡᠯᠲᠡ ᠮᠠᠨᠳᠤᠲᠤᠭᠠᠢ!》 ᠭᠡᠰᠡᠨ ᠪᠢᠴᠢᠭᠡᠰᠦ ᠨᠡᠢᠳᠡᠯᠡᠪᠡ᠃
《ᠡᠳᠦᠭᠡ ᠳᠡᠯᠡᠬᠡᠶ ᠳ᠋ᠠᠬᠢᠨ᠎ᠢᠶᠠᠷ᠎ᠢᠶᠠᠨ ᠬᠠᠮᠲᠤ᠎ᠪᠠᠷ ᠶᠠᠫᠣᠨ᠎ᠢ ᠡᠰᠡᠷᠭᠦᠴᠡᠬᠦ᠌ ᠲᠡᠢᠨᠠᠮᠵᠢᠯᠲᠠ ᠤᠯᠤᠭᠰᠠᠨ ᠢ᠋ ᠪᠠᠶᠠᠷᠯᠠᠨ ᠪᠡᠯᠭᠡᠳᠡᠵᠦ ᠪᠠᠢᠨ᠎ᠠ》᠃ ᠶᠠᠨ ᠠᠨ᠎ᠳᠤ᠂ ᠬᠥᠮᠦᠰ ᠬᠤᠷᠠᠨ ᠴᠤᠭᠯᠠᠷᠠᠨ ᠪᠠᠶᠠᠷᠯᠠᠨ ᠬᠥᠭᠡᠷᠦᠯᠳᠦᠵᠦ᠍᠂ ᠲᠣᠭ᠎ᠠ ᠲᠣᠮᠰᠢ ᠦᠭᠡᠢ ᠭᠠᠯ ᠪᠠᠮᠪᠠᠷ ᠪᠦᠦ ᠲᠠ ᠱᠠᠨ ᠠᠭᠤᠯᠠ᠎ᠶ᠋ᠢ ᠭᠡᠷᠡᠯᠳᠦᠬᠦᠯᠵᠦ᠍᠂ ᠶᠠᠨ ᠾᠧ ᠭᠣᠣᠯ᠎ᠤᠨ ᠤᠰᠤ᠎ᠶ᠋ᠢ ᠭᠢᠯᠠᠯᠵᠠᠭᠤᠯᠪᠠ᠃ ᠴᠦᠩᠴᠢᠩ᠎ᠳᠦ᠂ ᠬᠥᠮᠦᠰ ᠵᠡᠭᠡᠯᠢ᠎ᠳᠦ ᠭᠠᠷᠴᠤ᠌ ᠯᠤᠤ ᠲᠤᠭᠯᠠᠬᠤ ᠪᠦᠵᠢᠭ ᠪᠦᠵᠢᠭᠯᠡᠵᠦ᠂ ᠫᠤᠤᠵᠢᠩ᠎ᠤᠨ ᠳᠠᠭᠤᠨ᠂ ᠬᠠᠷᠠᠩᠭ᠎ᠠ ᠬᠡᠩᠭᠡᠷᠭᠡ᠎ᠶ᠋ᠢᠨ ᠳᠠᠭᠤᠨ᠂ ᠤᠷᠠᠢᠯᠠᠬᠤ ᠳᠠᠭᠤᠨ ᠬᠠᠶᠠ ᠦᠭᠡᠢ ᠰᠤᠨᠤᠰᠳᠠᠨ᠎ᠠ᠃ ᠵᠡᠭᠦᠨ ᠬᠣᠢᠲᠤ ᠣᠷᠣᠨ᠎ᠳᠤ᠂ ᠬᠥᠮᠦᠰ ᠲᠤᠢᠯ᠎ᠢᠶᠠᠷ ᠪᠠᠶᠠᠷᠯᠠᠨ᠂ ᠭᠠᠵᠠᠷ ᠪᠣᠯᠭᠠᠨ᠎ᠳᠤ᠄ 《ᠥᠷ ᠴᠠᠢᠯ᠎ᠠ! 》᠂ 《ᠰᠡᠷᠭᠦᠯ᠎ᠡ!》 ᠭᠡᠵᠦ ᠤᠤᠬᠠᠢᠯᠠᠵᠠᠭᠠᠨᠠ᠃ ᠲᠠᠢᠸᠠᠨ᠎ᠳᠤ᠂ ᠠᠬ᠎ᠠ ᠳᠡᠭᠦᠦ᠍᠎ᠨᠡᠷ ᠥᠩᠭᠡᠲᠦ ᠳ᠋ᠧᠩ ᠠᠰᠠᠭᠠᠨ᠂ ᠡᠪᠦᠭᠡ ᠳᠡᠭᠡᠳᠦᠰᠲᠡᠬᠡᠨ ᠳᠠᠭᠠᠳᠭᠠᠨ᠂ ᠠᠯᠪᠠᠳᠠᠯᠭ᠎ᠠ᠎ᠪᠠᠷ ᠲᠠᠬᠢᠵᠤ ᠪᠠᠢᠭ᠍ᠰᠠᠨ 《ᠲᠢᠶᠠᠨ ᠵᠤᠤ ᠰᠠᠬᠢᠭᠤᠯᠰᠤᠨ》 ᠬᠡᠮᠡᠬᠦ᠌ ᠫᠠᠢᠰᠠ᠎ᠪᠠᠨ ᠬᠣᠢᠨ᠎ᠠ ᠬᠣᠢᠨ᠎ᠠ᠎ᠡᠴᠡ᠎ᠪᠠᠨ ᠬᠠᠶᠠᠵᠤ᠂ ᠰᠡᠳᠭᠢᠯ᠎ᠳ᠋ᠤ ᠨᠢ ᠳᠠᠷᠤᠭᠳᠠᠵᠤ ᠪᠠᠢᠭ᠍ᠰᠠᠨ ᠲᠤᠷᠤᠮᠵᠢᠯᠠᠯ ᠨᠢ ᠬᠣᠭ ᠦᠭᠡᠢ ᠠᠷᠢᠯᠭᠠᠪᠠ ᠁
ᠤᠷᠲᠤ ᠤᠳᠠᠭᠠᠨ ᠲᠦᠨᠡᠷ ᠬᠠᠷᠠᠩᠭᠤᠶ᠎ᠶ᠋ᠢ ᠦᠩᠭᠡᠷᠡᠭᠰᠡᠨ ᠲᠤᠯᠠ ᠭᠡᠷᠡᠯ ᠭᠡᠭᠡ ᠵᠢᠨ ᠡᠷᠬᠢᠮ ᠨᠠᠨᠳᠢᠨ᠎ᠢ ᠨᠠᠩ ᠣᠢᠯᠠᠭᠠᠨ᠎ᠠ᠃ ᠶᠠᠫᠣᠨ᠎ᠤ ᠲᠦᠷᠢᠮᠡᠬᠡᠢᠯᠡᠭ᠌ᠴᠢᠳ᠎ᠦᠨ ᠶᠠᠯᠠᠲᠤ ᠠᠵᠢᠯᠯᠠᠭ᠎ᠠ ᠨᠢ ᠲᠤᠢᠯ᠎ᠤᠨ ᠬᠠᠷᠬᠢᠰ ᠭᠡᠷᠴᠡᠭᠡᠢ᠂ ᠳᠤᠮᠳᠠᠳᠤ ᠤᠯᠤᠰ᠎ᠤᠨ ᠠᠷᠠᠳ ᠲᠦᠮᠡᠨ᠎ᠳᠦ ᠬᠦᠨᠳᠦ ᠨᠣᠴᠢᠲᠠᠢ ᠭᠠᠢ ᠭᠠᠮᠱᠢᠭ᠎ᠢ ᠠᠪᠴᠢᠷᠠᠵᠤ ᠥᠭ᠌ᠭᠦᠭ᠌ᠰᠡᠨ ᠢ᠋ ᠬᠦᠮᠦᠰ ᠡᠭᠦᠷᠢᠳᠡ ᠮᠠᠷᠳᠠᠬᠤ ᠦᠭᠡᠢ ᠶᠤᠮ᠄ ᠬᠥᠮᠦᠨ᠎ᠦ ᠣᠷᠴᠢᠯᠠᠩ᠎ᠳᠤ ᠦᠭᠡᠢ ᠬᠠᠷᠠᠰᠠᠯᠲᠠᠢ ᠨᠠᠨᠵᠢᠩ᠎ᠤᠨ ᠶᠡᠬᠡ ᠬᠢᠳᠤᠯᠭ᠎ᠠ᠂ ᠬᠠᠷᠭᠢᠰ ᠬᠡᠷᠴᠡᠭᠡᠢ 《ᠭᠤᠷᠪᠠ ᠵᠢ ᠬᠣᠭᠣᠰᠣᠷᠠᠭᠤᠯᠬᠤ》ᠲᠦᠷᠦ᠍᠎ᠶ᠋ᠢᠨ ᠪᠤᠳᠤᠯᠭ᠎ᠠ᠂ ᠤᠯᠠᠨ ᠤᠯᠤᠰ᠎ᠤᠨ ᠨᠡᠢᠲᠡ᠎ᠶ᠋ᠢᠨ ᠬᠠᠤᠯᠢ᠎ᠵᠢ ᠢᠯᠡ᠎ᠪᠡᠷ ᠵᠥᠷᠢᠴᠡᠭ᠌ᠰᠡᠨ ᠪᠠᠺᠲ᠋ᠧᠷᠢ᠎ᠶ᠋ᠢᠨ ᠲᠠᠢ᠌ᠨ ᠪᠠ ᠬᠢᠮᠢ᠎ᠶ᠋ᠢᠨ ᠲᠠᠢ᠌ᠨ᠂ ᠬᠥᠮᠦᠨ᠎ᠢ ᠰᠣᠴᠢᠭᠠᠮ᠎ᠠ ᠬᠢᠳᠤᠯᠭ᠎ᠠ᠂ ᠬᠣᠣᠷᠯᠠᠯ᠂ ᠳᠡᠭᠡᠷᠡᠮᠳᠡᠯ᠂ ᠪᠣᠭᠣᠯᠴᠢᠯᠠᠯ ᠵᠡᠷᠭᠡ ᠨᠢ ᠲᠣᠭ᠎ᠠ ᠲᠣᠮᠰᠢ ᠦᠭᠡᠢ ᠤᠯᠠᠨ ᠭᠡᠷ ᠪᠦᠯᠢ᠎ᠶ᠋ᠢ ᠰᠠᠯᠭᠠᠵᠤ ᠪᠤᠳᠠᠷᠠᠭᠤᠯᠤᠨ᠂ ᠠᠷᠠᠳ ᠤᠯᠠᠨ᠎ᠤ ᠠᠮᠢ ᠨᠠᠰᠤ ᠵᠢ ᠬᠦᠨᠦᠭᠡᠵᠦ᠂ ᠭᠡᠷ ᠣᠷᠣᠨ᠎ᠨᠢ 《ᠲᠤᠰᠬᠤᠨ ᠪᠤᠯᠭᠠᠨ ᠳ᠋ᠦ ᠪᠡᠯᠪᠡᠰᠦᠷᠡᠯ ᠲᠠᠢ᠂ ᠭᠠᠵᠠᠷ ᠪᠣᠯᠭᠠᠨ ᠲᠠᠷᠢ ᠵᠢᠨ ᠤᠲᠤᠭ᠎ᠠ ᠲᠠᠢ》 ᠬᠥᠮᠦᠨ᠎ᠦ ᠣᠷᠴᠢᠯᠠᠩ᠎ᠤᠨ ᠲᠠᠮᠤ ᠵᠢᠨ ᠤᠷᠤᠨ ᠪᠤᠯᠤᠭᠰᠠᠨ ᠪᠠᠢᠨ᠎ᠠ ᠁
ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢᠨ᠎ᠦ ᠳᠤᠷᠠᠰᠭᠠᠯ᠎ᠤᠨ ᠣᠷᠳᠣᠨ᠎ᠤ 《ᠦᠨᠳᠦᠰᠦᠲᠡᠨ᠎ᠦ ᠴᠢᠯᠥᠭᠡᠯᠡᠯᠲᠡ ᠪᠣᠯᠤᠨ ᠳᠡᠯᠡᠬᠡᠶ᠎ᠶ᠋ᠢᠨ ᠡᠩᠬᠡ ᠲᠠᠢᠪᠤᠩ᠎ᠤᠨ ᠲᠥᠯᠥᠭᠡ》 ᠭᠡᠬᠦ᠌ ᠭᠣᠣᠯ ᠰᠡᠳᠦᠪᠲᠦ ᠦᠵᠡᠰᠭᠦᠯᠡᠩᠳᠦ᠂ 5098 ᠬᠠᠭᠤᠴᠢᠨ ᠭᠡᠷᠡᠯ ᠵᠢᠷᠤᠭ᠎ᠢᠶᠠᠷ ᠪᠦᠷᠢᠯᠳᠦᠭ᠌ᠰᠡᠨ ᠲᠣᠮᠣ ᠬᠡᠯᠪᠡᠷᠢ᠎ᠶ᠋ᠢᠨ ᠭᠡᠷᠡᠯ ᠵᠢᠷᠤᠭ᠎ᠤᠨ ᠬᠡᠷᠡᠮ ᠨᠢ ᠳᠤᠮᠳᠠᠳᠤ ᠤᠯᠤᠰ᠎ᠤᠨ ᠠᠷᠠᠳ ᠲᠦᠮᠡᠨ᠎ᠦ ᠲᠡᠰᠪᠦᠷᠢ ᠬᠠᠲᠠᠭᠤᠵᠢᠯᠲᠠᠶ᠎ᠪᠠᠷ ᠶᠠᠫᠣᠨ᠎ᠢ ᠡᠰᠡᠷᠭᠦᠴᠡᠭ᠌ᠰᠡᠨ ᠡᠳᠦᠷ ᠬᠣᠨᠣᠭ᠎ᠢ ᠲᠡᠯᠭᠡᠵᠦ᠂ ᠪᠠᠰᠠ ᠨᠢᠭᠡᠨ ᠠᠭᠤᠤ ᠶᠡᠬᠡ ᠦᠨᠳᠦᠰᠦᠲᠡᠨ᠎ᠦ ᠱᠢᠨ᠎ᠡ ᠪᠡᠷ ᠠᠮᠢᠯᠠᠭᠰᠠᠨ ᠢ᠋ ᠪᠡᠯᠭᠡᠳᠡᠭ᠌ᠰᠡᠨ ᠪᠠᠢᠨ᠎ᠠ᠃ ᠠᠭᠤᠯᠠ ᠤᠰᠤ ᠳᠠᠬᠢᠨ ᠰᠡᠷᠭᠦᠵᠦ᠍᠂ ᠨᠠᠷᠠ ᠰᠠᠷ᠎ᠠ ᠳᠠᠬᠢᠨ ᠭᠡᠷᠡᠯᠲᠦᠨ᠎ᠡ᠃ ᠢᠯᠠᠯᠲᠠ᠎ᠶ᠋ᠢᠨ ᠤᠴᠢ ᠰᠥᠨᠢ ᠵᠢᠨ ᠬᠠᠷᠠᠩᠭᠤᠢ᠎ᠶ᠋ᠢ ᠵᠦᠰᠦᠵᠦ᠍᠂ ᠦᠨᠢ ᠤᠳᠠᠭᠠᠨ ᠲᠡᠤᠭᠡ ᠲᠠᠢ ᠳᠤᠮᠳᠠᠳᠤ ᠤᠯᠤᠰ ᠭᠠᠷᠤᠳᠢ ᠭᠠᠯᠪᠢᠩᠭ᠎ᠠ ᠲᠠᠬᠢᠨ ᠠᠮᠢᠯᠠᠭ᠍ᠰᠠᠨ ᠮᠡᠲᠦ ᠲᠡᠦᠬᠡ᠎ᠶ᠋ᠢᠨ ᠱᠢᠨ᠎ᠡ ᠠᠶᠠᠨ ᠵᠢᠡᠨ ᠡᠭᠦᠨ᠎ᠡᠴᠡ ᠡᠬᠢᠯᠡᠭᠦᠯᠪᠡ᠃ ᠱᠢᠳᠤᠷᠭᠤ ᠶᠣᠰᠣ ᠯᠠᠪᠲᠠᠢ ᠢᠯᠠᠨ᠎ᠠ᠂ ᠡᠩᠬᠡ ᠲᠠᠢᠪᠤᠩ ᠯᠠᠪᠲᠠᠢ ᠢᠯᠠᠨ᠎ᠠ᠂ ᠠᠷᠠᠳ ᠲᠦᠮᠡᠨ ᠯᠠᠪᠲᠠᠢ ᠢᠯᠠᠨ᠎ᠠ — ᠲᠡᠦᠬᠡ᠎ᠡᠴᠡ ᠰᠡᠩᠬᠡᠷᠡᠭᠦᠯᠦᠭ᠌ᠰᠡᠨ ᠠᠭᠤᠤ ᠶᠡᠬᠡ ᠦᠨᠡᠨ ᠶᠣᠰᠣ ᠥᠷᠭᠡᠨ ᠠᠭᠤᠳᠠᠮ ᠴᠠᠭ ᠤᠷᠤᠨ ᠵᠠᠢ᠎ᠳᠤ ᠭᠡᠷᠡᠯ ᠬᠢᠯᠪᠠᠭ᠎ᠠ ᠪᠡᠨ ᠰᠠᠴᠤᠷᠠᠭᠤᠯᠤᠯ᠎ᠠ᠃
ᠡᠨᠡ ᠪᠣᠯ ᠰᠡᠷᠭᠦᠨ ᠮᠠᠨᠳᠤᠯᠲᠠᠲᠡᠢᠰᠢ ᠤᠷᠤᠭᠰᠢᠯᠠᠬᠤ ᠠᠭᠤᠤ ᠶᠡᠬᠡ ᠢᠯᠠᠯᠲᠠ ᠮᠥᠨ᠃ 1840 ᠣᠨ᠎ᠤ ᠬᠠᠷ᠎ᠠ ᠲᠠᠮᠠᠬᠢ᠎ᠶ᠋ᠢᠨ ᠲᠠᠢ᠌ᠨ᠎ᠦ ᠲᠠᠷᠠᠭ᠎ᠠ᠂ ᠤᠯᠤᠰ ᠣᠷᠣᠨ ᠭᠤᠲᠤᠭᠠᠯ ᠲᠤᠷᠤᠮᠵᠢᠯᠠᠯ᠎ᠳᠤ ᠤᠴᠠᠷᠠᠵᠤ᠂ ᠠᠷᠠᠳ ᠲᠦᠮᠡᠨ ᠭᠠᠢ ᠵᠣᠪᠠᠯᠠᠩ ᠠᠮᠰᠠᠵᠤ᠂ ᠪᠣᠯᠪᠠᠰᠤᠨ ᠴᠤ᠌ ᠲᠣᠭᠣᠰᠣᠨ᠎ᠳᠤ ᠳᠠᠷᠤᠭ᠍ᠳᠠᠵᠤ᠂ ᠳᠤᠮᠳᠠᠳᠤ᠎ᠶ᠋ᠢᠨ ᠦᠨᠳᠦᠰᠦᠲᠡᠨ ᠤᠷᠢᠳ ᠡᠮᠦᠨ᠎ᠡ ᠭᠠᠷᠤᠭ᠎ᠠ ᠦᠭᠡᠢ ᠭᠠᠢ ᠵᠣᠪᠠᠯᠠᠩ᠎ᠳᠤ ᠤᠨᠠᠪᠠ᠃ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ᠎ᠦ ᠠᠭᠤᠤ ᠶᠡᠬᠡ ᠢᠯᠠᠯᠲᠠ ᠨᠢ ᠶᠠᠫᠣᠨ᠎ᠤ ᠴᠡᠷᠢᠭ᠌ᠯᠡᠬᠦ᠌ ᠦᠵᠡᠯ᠎ᠦᠨ ᠳᠤᠮᠳᠠᠳᠤ ᠤᠯᠤᠰ᠎ᠢ ᠺᠣᠯᠣᠨᠢᠴᠢᠯᠠᠨ ᠪᠣᠭᠣᠯᠴᠢᠯᠠᠬᠤ ᠭᠡᠰᠡᠨ ᠭᠣᠷᠢᠳᠠᠯᠭ᠎ᠠ᠎ᠶ᠋ᠢ ᠲᠤᠢᠯᠪᠤᠷᠢᠲᠠᠢ ᠪᠤᠳᠠ ᠨᠢᠷᠭᠡᠵᠦ᠍᠂ ᠤᠷᠴᠢᠨ ᠦᠶ᠎ᠡ᠎ᠡᠴᠡ ᠨᠠᠭᠠᠱᠢᠬᠢ ᠭᠠᠳᠠᠭᠠᠳᠤ᠎ᠶ᠋ᠢᠨ ᠳᠠᠢᠰᠤᠨ᠎ᠤ ᠲᠦᠷᠢᠮᠡᠬᠡᠢᠯᠡᠯ᠎ᠢ ᠡᠰᠡᠷᠭᠦᠴᠡᠭ᠌ᠰᠡᠨ ᠠᠩᠬᠠᠳᠤᠭᠠᠷ ᠤᠳᠠᠭᠠᠨ᠎ᠤ ᠪᠦᠷᠢᠨ ᠢᠯᠠᠯᠲᠠ᠎ᠶ᠋ᠢ ᠣᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠤᠷᠴᠢᠨ ᠦᠶ᠎ᠡ᠎ᠡᠴᠡ ᠨᠠᠭᠠᠱᠢᠬᠢ ᠬᠦᠨᠳᠦ ᠬᠡᠴᠡᠭᠦᠦ ᠬᠢᠮᠤᠷᠠᠯ᠎ᠡᠴᠡ ᠠᠭᠤᠤ ᠶᠡᠬᠡ ᠰᠡᠷᠭᠦᠨ ᠮᠠᠨᠳᠤᠯᠲᠠ ᠲᠡᠢᠰᠢ ᠵᠠᠮᠨᠠᠬᠤ᠎ᠳᠤ ᠲᠡᠦᠬᠡ᠎ᠶ᠋ᠢᠨ ᠡᠷᠭᠢᠯᠲᠡ᠎ᠶ᠋ᠢᠨ ᠴᠡᠭ ᠲᠣᠭ᠍ᠲᠠᠭᠠᠵᠤ ᠥᠭ᠌ᠴᠡᠢ᠃ ᠶᠠᠫᠣᠨ᠎ᠢ ᠡᠰᠡᠷᠭᠦᠴᠡᠬᠦ᠌ ᠳᠠᠢᠨ ᠢᠯᠠᠯᠲᠠ ᠣᠯᠤᠭ᠍ᠰᠠᠨ ᠰᠠᠭᠤᠷᠢᠨ ᠳᠡᠭᠡᠷ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠪᠦᠬᠦ᠌ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠦᠷᠭᠦᠯᠵᠢᠯᠡᠨ ᠲᠡᠮᠡᠴᠡᠵᠦ᠍᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠢ ᠪᠠᠢᠭᠤᠯᠤᠨ᠂ ᠨᠡᠢᠭᠡᠮ ᠵᠢᠷᠤᠮᠲᠤ ᠪᠠᠢᠭᠤᠯᠤᠯ᠎ᠢ ᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠭᠡᠭᠡᠨ ᠰᠠᠷᠠᠭᠤᠯ ᠢᠷᠡᠭᠡᠳᠦᠶ᠎ᠶ᠋ᠢ ᠨᠡᠭᠡᠭᠡᠭ᠌ᠰᠡᠨ ᠪᠠᠢᠨ᠎ᠠ᠃
ᠡᠨᠡ ᠪᠣᠯ ᠳᠡᠯᠡᠬᠡᠢ᠎ᠶ᠋ᠢ ᠨᠥᠯᠥᠭᠡᠯᠡᠭᠰᠡᠨ ᠠᠭᠤᠤ ᠶᠡᠬᠡ ᠢᠯᠠᠯᠲᠠ ᠮᠥᠨ᠃ ᠳᠤᠮᠳᠠᠳᠤ ᠤᠯᠤᠰ᠎ᠤᠨ ᠠᠷᠠᠳ ᠲᠦᠮᠡᠨ ᠯᠤᠲᠤ ᠶᠡᠬᠡ ᠦᠨᠳᠦᠰᠦᠲᠡᠨ᠎ᠦ ᠦᠷᠡᠭ᠌ᠳᠡᠯ᠎ᠢᠶᠡᠷ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ᠎ᠦ ᠳᠣᠷᠣᠨᠠᠳᠠᠬᠢᠨ᠎ᠤ ᠭᠣᠣᠯ ᠲᠠᠢ᠌ᠨ᠎ᠦ ᠲᠠᠯᠠᠪᠤᠷ᠎ᠢ ᠲᠤᠯᠭᠠᠭᠤᠷᠢᠯᠠᠵᠤ᠂ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠲᠠᠢ᠌ᠨ᠎ᠦ ᠢᠯᠠᠯᠲᠠ ᠤᠯᠬᠤ᠂ ᠳᠡᠯᠡᠬᠡᠢ᠎ᠶ᠋ᠢᠨ ᠡᠩᠬᠡ ᠲᠠᠢᠪᠤᠩ᠎ᠢ ᠬᠠᠮᠠᠭᠠᠯᠠᠬᠤ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠪᠡ᠃ ᠡᠨᠡ ᠬᠦ᠌ ᠠᠭᠤᠤ ᠶᠡᠬᠡ ᠢᠯᠠᠯᠲᠠ ᠨᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢ᠌ᠨ᠎ᠦ ᠪᠦᠷᠢᠨ ᠢᠯᠠᠯᠲᠠ᠎ᠶ᠋ᠢ ᠲᠤᠩᠬᠠᠭ᠍ᠯᠠᠵᠤ᠂ ᠳᠤᠮᠳᠠᠳᠤ ᠤᠯᠤᠰ᠎ᠤᠨ ᠳᠡᠯᠡᠬᠡᠢ ᠳᠡᠭᠡᠷᠡᠬᠢ ᠲᠤᠮᠤ ᠤᠯᠤᠰ᠎ᠤᠨ ᠪᠠᠢᠷᠢ ᠰᠠᠭᠤᠷᠢ᠎ᠶ᠋ᠢ ᠳᠠᠬᠢᠨ ᠱᠢᠨ᠎ᠡ᠎ᠪᠡᠷ ᠲᠣᠭ᠍ᠲᠠᠭᠠᠵᠤ᠂ ᠳᠤᠮᠳᠠᠳᠤ᠎ᠶ᠋ᠢᠨ ᠦᠨᠳᠦᠰᠦᠲᠡᠨ ᠡᠷᠬᠢᠮ ᠳᠡᠭᠡᠳᠦ ᠦᠨᠳᠦᠰᠦᠲᠡᠨ᠎ᠦ ᠨᠡᠷ᠎ᠡ ᠬᠦᠨᠳᠦ᠍᠎ᠶ᠋ᠢ ᠣᠯᠤᠭ᠍ᠰᠠᠨ ᠪᠠᠢᠨ᠎ᠠ᠃
ᠶᠠᠪᠤᠵᠤ ᠥᠩᠭᠡᠷᠡᠭ᠌ᠰᠡᠨ ᠵᠠᠮ᠎ᠢᠶᠠᠨ ᠡᠷᠭᠢᠴᠡᠭᠦᠯᠦᠨ᠂ ᠬᠦᠯ ᠳᠣᠣᠷᠠᠬᠢ ᠵᠠᠮ᠎ᠢᠶᠠᠨ ᠠᠵᠢᠨ᠂ ᠤᠷᠤᠭ᠍ᠰᠢᠯᠠᠬᠤ ᠵᠠᠮ᠎ᠢᠶᠠᠨ ᠪᠠᠷᠠᠯᠠᠬᠤᠶ᠎ᠠ᠂ ᠬᠥᠮᠦᠰ᠎ᠦᠨ ᠰᠡᠳᠭᠢᠯ᠎ᠢ ᠶᠡᠬᠡᠳᠡ ᠳᠣᠭ᠍ᠳᠣᠯᠤᠭᠤᠯᠤᠨ᠎ᠠ᠃ ᠶᠠᠫᠣᠨ᠎ᠢ ᠡᠰᠡᠷᠭᠦᠴᠡᠬᠦ᠌ ᠳᠠᠢ᠌ᠨ᠎ᠢ ᠭᠡᠷᠡᠴᠢᠯᠡᠭ᠌ᠰᠡᠨ ᠯᠦ᠍ ᠭᠸᠤ ᠴᠢᠶᠣᠤ ᠬᠥᠭᠥᠷᠭᠡ᠎ᠶ᠋ᠢᠨ ᠳᠡᠷᠭᠡᠳᠡ᠂ 《ᠰᠡᠷᠭᠦᠨ ᠮᠠᠨᠳᠤᠯᠲᠠ ᠨᠡᠷᠡᠮᠵᠢᠲᠦ》 ᠭᠠᠯᠲᠤ ᠲᠡᠷᠭᠡ ᠬᠦᠷᠴᠢᠭᠢᠨᠡᠨ ᠤᠷᠤᠭ᠍ᠰᠢᠯᠠᠨ᠎ᠠ; ᠲᠤᠬᠠᠢ᠎ᠶ᠋ᠢᠨ ᠵᠢᠯ᠎ᠦᠨ ᠶᠠᠨ ᠯᠢᠩ ᠠᠩᠭᠢ᠎ᠶ᠋ᠢᠨ ᠶᠠᠫᠣᠨ᠎ᠢ ᠡᠰᠡᠷᠭᠦᠴᠡᠵᠦ᠍ ᠳᠠᠢᠰᠤᠨ᠎ᠢ ᠠᠯᠠᠭ᠍ᠰᠠᠨ ᠪᠠᠢ ᠶᠠᠩ ᠳ᠋ᠢᠶᠠᠨ᠎ᠤ ᠬᠥᠪᠡᠭᠡᠨ᠎ᠳᠦ᠂《ᠢᠷᠡᠭᠡᠳᠦᠢ᠎ᠶ᠋ᠢᠨ ᠬᠤᠲᠠ》 ᠱᠢᠶᠦ᠋ᠩ ᠠᠨ ᠰᠡᠭᠦᠢᠨ ᠪᠤᠰᠪᠠ; ᠴᠢᠰᠤ ᠪᠠ ᠭᠠᠯᠳᠤ ᠬᠠᠳᠠᠭᠤᠵᠢᠭᠰᠠᠨ ᠨᠠᠨᠵᠢᠩ᠎ᠤᠨ ᠵᠦᠩ ᠬᠤᠸᠠ ᠡᠭᠦᠳᠡ ᠵᠢᠨ ᠣᠷᠴᠢᠮ ᠳ᠋ᠤ᠂ ᠭᠡᠷᠡᠯ ᠭᠢᠯᠪᠠᠭ᠎ᠠ ᠰᠠᠴᠤᠷᠠᠭ᠍ᠰᠠᠨ ᠬᠥᠷ ᠬᠥᠭ᠌ᠵᠢᠶᠡᠨᠲᠦ ᠪᠠᠢᠳᠠᠯ ᠨᠢ ᠵᠢᠭᠤᠯᠴᠢᠯᠠᠭᠰᠠᠳ᠎ᠢ ᠪᠠᠬᠠᠳᠤᠭᠤᠯᠤᠨ ᠰᠤᠭᠳᠤᠭᠤᠷᠠᠭᠤᠯᠤᠨ᠎ᠠ ᠁
《ᠡᠨᠡ ᠪᠠᠳᠠᠷᠠᠯᠲᠤ ᠴᠠᠭ ᠦᠶ᠎ᠡ ᠲᠠᠨ᠎ᠤ ᠬᠦᠰᠡᠯ ᠶᠤᠰᠤᠭᠠᠷ ᠪᠡᠶᠡᠯᠡᠭᠳᠡᠯ᠎ᠡ!》᠃ ᠬᠤᠪᠢᠯᠭᠠᠨ ᠣᠷᠣᠨ᠎ᠤ ᠡᠬᠡ ᠭᠠᠵᠠᠷ ᠠᠯᠢ ᠡᠷᠲᠡ ᠤᠯᠠᠷᠢᠨ ᠬᠤᠪᠢᠷᠠᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠬᠥᠭ᠌ᠵᠢᠯᠲᠡ ᠲᠠᠪᠱᠢᠯᠳᠠ᠎ᠶ᠋ᠢᠨ ᠥᠷᠨᠢᠭᠦᠨ ᠪᠠᠳᠠᠷᠠᠩᠭᠤᠢ ᠪᠠᠢᠳᠠᠯ ᠨᠢ ᠦᠷᠡᠭ᠌ᠳᠡᠭ᠌ᠰᠡᠨ ᠪᠠᠭᠠᠲᠤᠷᠴᠤᠳ᠎ᠢ ᠲᠠᠢᠳᠭᠤᠷᠠᠭᠤᠯᠵᠤ᠂ ᠬᠥᠮᠦᠰ᠎ᠦᠨ ᠰᠡᠳᠭᠢᠯ᠎ᠢ ᠨᠡᠩ ᠬᠥᠭ᠌ᠵᠢᠭᠡᠵᠡᠢ᠃ ᠭᠠᠰᠠᠯᠠᠩ ᠵᠣᠪᠠᠯᠠᠩ᠎ᠡᠴᠡ ᠭᠡᠷᠡᠯ ᠰᠠᠴᠤᠷᠠᠩᠭᠤᠢ ᠦᠢᠯᠡᠰ ᠲᠡᠢᠰᠢ ᠤᠷᠤᠭ᠍ᠰᠢᠯᠠᠵᠤ᠂ ᠤᠷᠤᠭᠤᠳᠠᠨ ᠳᠤᠷᠤᠢ᠌ᠲᠠᠵᠤ ᠪᠠᠢᠭ᠍ᠰᠠᠨ᠎ᠡᠴᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠵᠤ᠂ ᠤᠷᠲᠤ ᠬᠤᠭᠤᠴᠠᠭᠠᠨ᠎ᠤ ᠲᠡᠮᠡᠴᠡᠯ᠎ᠢᠶᠡᠷ ᠳᠠᠮᠵᠢᠨ᠂ ᠳᠤᠮᠳᠠᠳᠤ᠎ᠶ᠋ᠢᠨ ᠦᠨᠳᠦᠰᠦᠲᠡᠨ ᠪᠣᠰᠴᠤ᠌ ᠵᠣᠭ᠍ᠰᠣᠭ᠍ᠰᠠᠨ᠂ ᠪᠠᠶᠠᠵᠢᠭ᠍ᠰᠠᠨ᠎ᠡᠴᠡ᠎ᠪᠠᠨ ᠬᠦᠴᠦᠷᠬᠡᠭ᠌ᠵᠢᠭ᠌ᠰᠡᠨ ᠠᠭᠤᠤ ᠶᠡᠬᠡ ᠦᠰᠦᠷᠦᠯᠲᠡ᠎ᠶ᠋ᠢ ᠤᠭ᠍ᠲᠤᠨ ᠠᠪᠴᠤ᠂ 14 ᠳ᠋ᠦᠩᠱᠢᠭᠤᠷ ᠭᠠᠷᠤᠢ ᠳᠤᠮᠳᠠᠳᠤ ᠤᠯᠤᠰ᠎ᠤᠨ ᠠᠷᠠᠳ ᠲᠦᠮᠡᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠣᠳᠣᠬᠢᠴᠢᠯᠠᠯᠲᠠ᠎ᠶ᠋ᠢ ᠠᠬᠢᠭᠤᠯᠬᠤ ᠱᠢᠨ᠎ᠡ ᠠᠶᠠᠨ᠎ᠳᠠᠭᠠᠨ ᠢᠳᠡᠷᠡᠭᠦᠨ ᠠᠯᠬᠤᠭ᠎ᠠ᠎ᠪᠠᠷ ᠤᠷᠤᠭ᠍ᠰᠢᠯᠠᠵᠤ ᠪᠠᠢᠨ᠎ᠠ᠃
(ᠬᠣᠶᠠᠷ)
ᠱᠠᠨ ᠰᠢ ᠮᠤᠵᠢ᠎ᠶ᠋ᠢᠨ ᠶᠠᠩᠴᠢᠤᠸᠠᠨ ᠬᠣᠲᠠ᠎ᠶ᠋ᠢᠨ ᠱ᠌ᠢ ᠨᠤᠤ ᠱᠠᠨ ᠠᠭᠤᠯᠠ᠎ᠶ᠋ᠢᠨ ᠭᠤᠤᠯ ᠣᠷᠭᠢᠯ ᠳᠡᠭᠡᠷ᠎ᠡ᠂ ᠵᠠᠭᠤᠨ ᠬᠣᠷᠢᠶ᠎ᠠ ᠴᠡᠷᠢᠭ᠎ᠦᠨ ᠲᠠᠢᠯᠠᠯᠳᠤᠭᠠᠨ᠎ᠦ ᠳᠤᠷᠠᠰᠭᠠᠯ᠎ᠤᠨ ᠬᠥᠱᠢᠶ᠎ᠡ ᠨᠢ ᠶᠠᠭ ᠯᠠ ᠬᠤᠷᠴᠠ ᠬᠢᠲᠤᠭ᠎ᠠ᠎ᠪᠠᠷ ᠡᠭᠦᠯᠡ ᠵᠢ ᠵᠢᠭᠠᠭᠰᠠᠨ ᠮᠡᠲᠦ ᠬᠠᠷᠠᠭ᠍ᠳᠠᠨ᠎ᠠ᠃ 7 ᠰᠠᠷ᠎ᠠ᠎ᠶ᠋ᠢᠨ 7 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠡᠨᠳᠡ ᠢᠷᠡᠵᠦ᠍᠂ ᠨᠠᠢ᠍ᠮᠠᠳᠤᠭᠠᠷ ᠵᠠᠮ᠎ᠤᠨ ᠴᠡᠷᠢᠭ᠎ᠦᠨ ᠦᠷᠡᠭ᠌ᠳᠡᠭ᠌ᠰᠡᠨ ᠪᠠᠭᠠᠲᠤᠷᠴᠤᠳ᠎ᠲᠤ ᠴᠡᠴᠡᠭ᠌ᠲᠦ ᠰᠠᠭ᠍ᠰᠤ ᠬᠦᠷᠭᠡᠭ᠌ᠰᠡᠨ ᠪᠥᠭᠡᠳ ᠵᠠᠭᠤᠨ ᠬᠣᠷᠢᠶ᠎ᠠ ᠴᠡᠷᠢᠭ᠎ᠦᠨ ᠳᠠᠢᠯᠠᠯᠳᠤᠭᠠᠨ᠎ᠤ ᠳᠤᠷᠠᠰᠭᠠᠯ᠎ᠤᠨ ᠣᠷᠳᠣᠨ᠎ᠤ ᠳᠡᠯᠭᠡᠨ ᠦᠵᠡᠭᠦᠯᠭᠡ᠎ᠶ᠋ᠢ ᠲᠣᠭᠣᠷᠢᠨ ᠦᠵᠡᠪᠡ᠃《ᠳᠤᠮᠳᠠᠳᠤᠴᠤᠳ᠎ᠤᠨ ᠰᠥᠰᠥ᠍ ᠵᠣᠷᠢᠭ᠎ᠢ ᠬᠠᠷᠠᠭᠤᠯᠤᠯ᠎ᠠ!》 ᠶᠠᠫᠣᠨ᠎ᠢ ᠡᠰᠡᠷᠭᠦᠴᠡᠬᠦ᠌ ᠪᠠᠢᠳᠠᠯ ᠨᠡᠯᠢᠶᠡᠳ ᠠᠨᠠᠢ ᠪᠠᠢᠬᠰᠠᠨ ᠵᠠᠩᠭᠢᠯᠠᠭ᠎ᠠ᠎ᠶ᠋ᠢᠨ ᠦᠶ᠎ᠡ᠎ᠳᠦ᠂ ᠵᠠᠭᠤᠨ ᠬᠣᠷᠢᠶ᠎ᠠ ᠴᠡᠷᠢᠭ᠎ᠦᠨ ᠲᠠᠢᠯᠠᠯᠳᠤᠭᠠᠨ ᠨᠢ ᠶᠠᠭ ᠯᠠ《ᠳᠣᠭ᠍ᠰᠢᠨ ᠠᠶᠤᠩᠭ᠎ᠠ》 ᠮᠡᠲᠦ᠍᠎ᠪᠡᠷ ᠶᠠᠫᠣᠨ ᠳᠡᠭᠡᠷᠡᠮᠴᠢᠳ᠎ᠦᠨ ᠭᠠᠯᠵᠠᠭᠤ ᠣᠮᠣᠭᠲᠤ ᠬᠦᠨᠳᠦ ᠴᠣᠬᠢᠯᠲᠠ ᠥᠭ᠌ᠴᠦ᠂ ᠠᠷᠠᠳ᠎ᠤᠨ ᠰᠡᠳᠭᠢᠯ ᠴᠡᠷᠢᠭ᠎ᠤᠨ ᠰᠦᠷ᠎ᠢ ᠲᠤᠢᠯ᠎ᠤᠨ ᠶᠡᠬᠡᠪᠡᠷ ᠬᠥᠭ᠌ᠵᠢᠭᠡᠵᠡᠶ᠃ ᠡᠨᠡ ᠬᠦ᠌ ᠲᠡᠦᠬᠡ᠎ᠶ᠋ᠢᠨ ᠠᠤᠭ᠎ᠠ ᠠᠵᠢᠯᠯᠠᠭ᠎ᠠ ᠨᠢ ᠮᠠᠨ᠎ᠤ ᠨᠠᠮ᠎ᠤᠨ ᠪᠦᠬᠦ᠌ ᠦᠨᠳᠦᠰᠦᠲᠡᠨ᠎ᠦ ᠶᠠᠫᠣᠨ᠎ᠢ ᠡᠰᠡᠷᠭᠦᠴᠡᠬᠦ᠌ ᠳᠠᠢᠨ ᠳ᠋ᠦ ᠦᠵᠡᠬᠦᠯᠦᠭᠰᠡᠨ ᠤᠷᠤᠰᠬᠠᠯ ᠳᠤᠮᠳᠠᠬᠢ ᠤᠷᠭᠤᠭ᠎ᠠ ᠬᠠᠳᠠ ᠵᠢᠨ ᠦᠢᠯᠡᠳᠦᠯ᠎ᠢ ᠭᠦᠢᠴᠡᠳ ᠢᠯᠡᠷᠡᠭᠦᠯᠵᠦ᠍᠂ ᠨᠠᠮ᠎ᠤᠨ ᠤᠳᠤᠷᠢᠳᠤᠭ᠍ᠰᠠᠨ ᠠᠷᠠᠳ᠎ᠤᠨ ᠳᠠᠢᠨ᠎ᠦ ᠰᠦᠷ ᠳᠠᠯᠠᠢᠴᠠᠲᠠᠢ ᠬᠦᠴᠦᠨ᠎ᠢ ᠭᠦᠢᠴᠡᠳ ᠢᠯᠡᠷᠡᠭᠦᠯᠦᠭ᠌ᠰᠡᠨ ᠪᠠᠢᠨ᠎ᠠ᠃
《ᠲᠩᠷᠢ ᠤᠨᠠᠬᠤᠳᠤᠷ ᠲᠤᠯᠬᠤ ᠲᠤᠯᠭᠠᠭᠤᠷᠢ ᠪᠤᠢ》᠃ ᠲᠡᠭᠡᠪᠡᠯ ᠬᠡᠨ ᠲᠩᠷᠢ᠎ᠵᠢ ᠲᠤᠯᠬᠤ ᠲᠤᠯᠭᠠᠭᠤᠷᠢ ᠪᠤᠯᠪᠠ᠂ ᠬᠡᠨ ᠲᠦᠭᠰᠢᠭᠦᠷᠢ᠎ᠳᠤ ᠪᠠᠢᠳᠠᠯ ᠡᠴᠡ ᠬᠦᠴᠦᠯᠡᠨ ᠮᠤᠯᠳᠤᠷᠠᠭᠤᠯᠬᠤ ᠪᠤᠢ?ᠬᠠᠷᠢᠭᠤᠯᠲᠠ ᠵᠢ ᠨᠢ 《ᠲᠦᠷᠢᠮᠡᠬᠡᠢᠯᠡᠭ᠌ᠴᠢᠳ᠎ᠲᠦ ᠶᠠᠭᠠᠬᠢᠭ᠍ᠰᠠᠨ ᠴᠤ᠌ ᠪᠠᠭᠤᠵᠤ ᠥᠭ᠌ᠬᠦ ᠦᠭᠡᠢ》 ᠭᠡᠬᠦ᠌ ᠡᠷᠡᠰ ᠬᠠᠲᠠᠭᠤ ᠲᠡᠮᠡᠴᠡᠯ᠎ᠦᠨ ᠳᠤᠮᠳᠠ ᠪᠤᠢ᠂ 《ᠠᠬ᠎ᠠ ᠳᠡᠭᠦᠦ ᠬᠣᠭᠣᠷᠣᠨᠳᠣ᠎ᠪᠠᠨ ᠬᠡᠷᠡᠭᠦᠯ ᠬᠢᠳᠡᠭ ᠴᠤ᠌ ᠬᠠᠷᠢ᠎ᠶ᠋ᠢᠨ ᠳᠠᠷᠤᠯᠠᠯ ᠳ᠋ᠤ ᠤᠴᠠᠷᠠᠪᠠᠯ ᠬᠠᠮᠳᠤ ᠪᠡᠷ ᠡᠰᠡᠷᠭᠦᠴᠡᠬᠦ᠌》 ᠦᠨᠳᠦᠰᠦᠲᠡᠨ᠎ᠦ ᠶᠡᠬᠡ ᠵᠢᠷᠤᠮ᠎ᠤᠨ ᠳᠤᠮᠳᠠ ᠪᠤᠢ᠂ 《ᠡᠴᠦᠰ᠎ᠦᠨ ᠢᠯᠠᠯᠲᠠ ᠪᠣᠯ ᠳᠤᠮᠳᠠᠳᠤ ᠤᠯᠤᠰ᠎ᠤᠨ ᠬᠢ》 ᠭᠡᠬᠦ᠌ ᠡᠷᠡᠰ ᠪᠠᠲᠤ ᠢᠲᠡᠭᠡᠯ ᠵᠣᠷᠢᠭ ᠲᠤ᠌ ᠪᠤᠢ᠂ 《ᠴᠡᠷᠢᠭ ᠠᠷᠠᠳ ᠪᠣᠯ ᠢᠯᠠᠯᠲᠠ᠎ᠶ᠋ᠢᠨ ᠦᠨᠳᠦᠰᠦ ᠮᠥᠨ》 ᠭᠡᠬᠦ᠌ ᠭᠦᠨ ᠭᠦᠨᠵᠡᠭᠡᠢ ᠤᠶᠤᠨ ᠤᠬᠠᠭᠠᠠ ᠳ᠋ᠤ ᠪᠤᠢ᠃
ᠶᠢᠰᠦᠨ ᠰᠠᠷ᠎ᠠ᠎ᠶ᠋ᠢᠨ ᠠᠷᠪᠠᠨ ᠨᠠᠢ᠍ᠮᠠᠨ᠎ᠤ ᠬᠡᠷᠡᠭ ᠬᠤᠪᠢᠰᠤᠯ᠎ᠤᠨ ᠬᠣᠶᠠᠳᠤᠭᠠᠷ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠮᠠᠨᠵᠤ ᠮᠤᠵᠢ᠎ᠶ᠋ᠢᠨ ᠬᠣᠷᠢᠶ᠎ᠠ᠎ᠡᠴᠡ ᠨᠡᠢᠲᠡᠯᠡᠭ᠌ᠰᠡᠨ《ᠶᠠᠫᠣᠨ᠎ᠤ ᠡᠵᠡᠷᠬᠡᠭ ᠲᠦᠷᠢᠮᠡᠭᠡᠢᠳ᠋ᠡᠨᠦ ᠵᠡᠪᠰᠡᠭ᠌ᠲᠦ ᠬᠦᠴᠦᠨ ᠮᠠᠨᠵᠤ᠎ᠶ᠋ᠢ ᠡᠵᠡᠯᠡᠭᠰᠡᠨ ᠲᠤᠬᠠᠢ ᠲᠤᠩᠬᠠᠭ》 ᠢ᠋ ᠮᠦᠭᠳᠡᠨ᠎ᠤ ᠵᠡᠭᠡᠯᠢ ᠭᠤᠳᠤᠮᠵᠢ᠎ᠳᠤ ᠨᠠᠭᠠᠪᠠ᠃ ᠳᠠᠷᠠᠭ᠎ᠠ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ 《ᠳᠤᠮᠳᠠᠳᠤ ᠤᠯᠤᠰ᠎ᠤᠨ ᠡᠪ ᠬᠠᠮᠲᠤ ᠨᠠᠮ᠎ᠤ᠋ᠨ ᠶᠠᠫᠣᠨ᠎ᠤ ᠡᠵᠡᠷᠬᠡᠭ ᠲᠦᠷᠢᠮᠡᠬᠡᠢᠲᠡᠨᠦ ᠵᠡᠭᠦᠨ ᠬᠤᠢᠳᠤ ᠤᠷᠤᠨ ᠤ᠋ ᠭᠤᠷᠪᠠᠨ ᠮᠤᠵᠢ᠎ᠶ᠋ᠢ ᠬᠦᠴᠦᠷᠬᠡᠭ᠌ᠯᠡᠨ ᠡᠵᠡᠯᠡᠭ᠌ᠰᠡᠨ ᠬᠡᠷᠡᠭ᠎ᠦᠨ ᠲᠤᠬᠠᠢ ᠲᠤᠩᠬᠠᠭ》 ᠵᠡᠷᠭᠡ ᠠᠯᠢ ᠣᠯᠠᠨ ᠲᠤᠩᠬᠠᠭ ᠪᠠ ᠱᠢᠶ᠋ᠳᠪᠦᠷᠢ᠎ᠶ᠋ᠢ ᠨᠡᠢᠲᠡᠯᠡᠵᠦ᠍᠂ ᠪᠦᠬᠦ᠌ ᠤᠯᠤᠰ᠎ᠤᠨ ᠠᠷᠠᠳ ᠲᠦᠮᠡᠨ᠎ᠢ ᠡᠷᠡᠯᠬᠡᠭ᠌ᠯᠡᠨ ᠪᠣᠰᠴᠤ᠌ ᠶᠠᠫᠣᠨ᠎ᠢ ᠡᠰᠡᠷᠭᠦᠴᠡᠳᠦᠭᠡᠢ ᠭᠡᠵᠦ᠍ ᠤᠷᠢᠶᠠᠯᠠᠪᠠ᠃ ᠭᠣᠮᠢᠨᠳᠠᠩ ᠤ᠋ᠨ ᠬᠢᠨ 《ᠶᠠᠫᠣᠨ᠎ᠢ ᠡᠰᠡᠷᠭᠦᠴᠡᠨ᠎ᠡ ᠭᠡᠮᠡᠨ ᠶᠠᠷᠢᠬᠰᠠᠳᠢ ᠠᠭᠤᠴᠢᠯᠠᠬᠤ ᠦᠭᠡᠢ ᠠᠯᠠᠨ᠎ᠠ》 ᠭᠡᠵᠦ᠍ ᠰᠦᠷᠳᠡᠭᠦᠯᠵᠦ᠍ ᠪᠠᠢᠭ᠍ᠰᠠᠨ ᠦᠶ᠎ᠡ᠎ᠳᠦ᠂ ᠯᠦᠸᠸ ᠳ᠋ᠧᠩ ᠱᠢᠶᠠᠨ᠂ ᠶᠠᠩ ᠵᠢᠩ ᠢᠦᠢ᠂ ᠵᠤᠤ ᠱᠠᠩ ᡁᠢ᠂ ᠵᠧᠦ ᠪᠦᠦ ᠵᠦᠡᠭ᠌᠂ ᠵᠤᠤ ᠢ ᠮᠠᠨ ᠵᠡᠷᠭᠡ ᠡᠪ ᠬᠠᠮᠲᠤᠴᠤᠳ ᠨᠢᠭᠡᠨᠲᠡ ᠵᠡᠭᠦᠨ ᠬᠣᠢᠲᠤ ᠣᠷᠣᠨ᠎ᠳᠤ ᠬᠦᠷᠴᠦ᠍ ᠶᠠᠫᠣᠨ᠎ᠢ ᠡᠰᠡᠷᠭᠦᠴᠡᠬᠦ᠌ ᠲᠡᠮᠡᠴᠡᠯ᠎ᠢ ᠵᠣᠬᠢᠶᠠᠨ ᠪᠠᠢᠭᠤᠯᠵᠤ ᠡᠬᠢᠯᠡᠪᠡ᠃
ᠦᠨᠳᠦᠰᠦᠲᠡᠨ ᠮᠥᠬᠥᠯ᠎ᠦᠨ ᠠᠶᠤᠯ᠎ᠳᠤ ᠲᠤᠯᠭᠠᠷᠠᠭ᠍ᠰᠠᠨ ᠲᠡᠦᠬᠡ᠎ᠶ᠋ᠢᠨ ᠵᠠᠩᠭᠢᠯᠠᠭ᠎ᠠ᠎ᠶ᠋ᠢᠨ ᠦᠶ᠎ᠡ᠎ᠳᠦ᠂ ᠳᠤᠮᠳᠠᠳᠤ ᠤᠯᠤᠰ᠎ᠤᠨ ᠡᠪ ᠬᠠᠮᠲᠤ ᠨᠠᠮ ᠬᠡᠭᠦᠳᠡᠭ ᠳᠦᠭᠦᠷᠡᠩ ᠬᠠᠷᠢᠭᠤᠴᠠᠯᠭ᠎ᠠ ᠡᠬᠦᠷᠭᠡᠯᠡᠯ ᠵᠢᠡᠷ ᠪᠦᠬᠦ᠌ ᠦᠨᠳᠦᠰᠦᠲᠡᠨ ᠵᠢᠡᠷ ᠵᠢᠡᠨ ᠪᠦᠯᠬᠦᠮᠳᠡᠵᠦ ᠶᠠᠫᠣᠨ᠎ᠢ ᠡᠰᠡᠷᠭᠦᠴᠡᠬᠦ᠌ ᠳᠠᠢ᠌ᠨ᠎ᠦ ᠭᠣᠣᠯᠯᠠᠭ᠍ᠴᠢ ᠪᠣᠯᠪᠠ — ᠶᠠᠫᠣᠨ᠎ᠢ ᠡᠰᠡᠷᠭᠦᠴᠡᠬᠦ᠌ ᠦᠨᠳᠦᠰᠦᠲᠡᠨ᠎ᠦ ᠨᠢᠭᠡᠳᠦᠮᠡᠯ ᠹᠷᠣᠨᠲ᠎ᠢ ᠡᠩ ᠲᠡᠷᠢᠭᠦᠨ᠎ᠳᠦ ᠰᠠᠨᠠᠭᠠᠴᠢᠯᠠᠨ ᠪᠠᠢᠭᠤᠯᠤᠭᠰᠠᠨ ᠪᠥᠭᠡᠳ ᠢᠮᠠᠭ᠍ᠲᠠ ᠪᠠᠷᠢᠮᠲᠠᠯᠠᠵᠤ᠂ ᠶᠠᠫᠣᠨ᠎ᠢ ᠡᠰᠡᠷᠭᠦᠴᠡᠬᠦ᠌ ᠵᠢ ᠢᠮᠠᠭ᠍ᠲᠠ ᠪᠠᠷᠢᠮᠲᠠᠯᠠᠵᠤ᠂ ᠪᠠᠭᠤᠵᠤ ᠥᠭ᠌ᠬᠦ᠎ᠶ᠋ᠢ ᠡᠰᠡᠷᠭᠦᠴᠡᠵᠦ᠍᠂ ᠪᠦᠯᠬᠦᠮᠳᠡᠬᠦ᠌᠎ᠶ᠋ᠢ ᠪᠠᠷᠢᠮᠲᠠᠯᠠᠵᠤ᠂ ᠬᠠᠭᠠᠴᠠᠬᠤ᠎ᠶ᠋ᠢ ᠡᠰᠡᠷᠭᠦᠴᠡᠵᠦ᠍᠂ ᠳᠠᠪᠱᠢᠬᠤ᠎ᠶ᠋ᠢ ᠪᠠᠷᠢᠮᠲᠠᠯᠠᠵᠤ᠂ ᠤᠬᠤᠷᠢᠬᠤ᠎ᠶ᠋ᠢ ᠡᠰᠡᠷᠭᠦᠴᠡᠵᠦ᠍᠂ ᠤᠯᠤᠰ᠎ᠢᠶᠠᠨ ᠬᠠᠢᠷᠠᠯᠠᠬᠤ ᠡᠯ᠎ᠡ ᠨᠠᠮ ᠪᠦᠯᠦᠭ ᠪᠦᠯᠬᠦᠮ ᠪᠣᠯᠤᠨ ᠥᠷᠭᠡᠨ ᠤᠯᠠᠨ ᠠᠷᠠᠳ ᠲᠦᠮᠡᠨ ᠯᠤᠭᠡ ᠪᠦᠯᠬᠦᠮᠳᠡᠨ ᠶᠠᠫᠣᠨ᠎ᠢ ᠡᠰᠡᠷᠭᠦᠴᠡᠬᠦ᠌ ᠳᠠᠢ᠌ᠨ᠎ᠦ ᠶᠡᠬᠡ ᠲᠠᠯ᠎ᠠ᠎ᠶ᠋ᠢ ᠬᠠᠮᠲᠤ᠎ᠪᠠᠷ ᠬᠠᠮᠠᠭᠠᠯᠠᠪᠠ᠃ ᠬᠦᠴᠦᠷᠬᠡᠭ ᠳᠠᠢᠰᠤᠨ ᠬᠡᠷᠴᠡᠭᠡᠢ ᠳᠡᠭᠡᠷᠡᠮ᠎ᠦᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠶᠠᠫᠣᠨ᠎ᠢ ᠡᠰᠡᠷᠭᠦᠴᠡᠬᠦ᠌ ᠵᠢ ᠪᠠᠷᠢᠮᠲᠠᠯᠠᠬᠰᠠᠨ ᠭᠣᠣᠯ ᠬᠦᠴᠦᠨ ᠮᠥᠨ — ᠪᠦᠬᠦ᠌ ᠲᠠᠯ᠎ᠠ᠎ᠪᠠᠷ ᠶᠠᠫᠣᠨ᠎ᠢ ᠡᠰᠡᠷᠭᠦᠴᠡᠬᠦ᠌ ᠱᠤᠭᠤᠮ᠎ᠢ ᠪᠠᠷᠢᠮᠲᠠᠯᠠᠵᠤ᠂ ᠵᠥᠪ ᠪᠠᠢᠯᠳᠤᠬᠤ ᠪᠤᠳᠤᠯᠭ᠎ᠠ᠎ᠶ᠋ᠢᠨ ᠠᠷᠭ᠎ᠠ ᠪᠤᠳᠤᠯᠭ᠎ᠠ᠎ᠶ᠋ᠢ ᠲᠣᠭ᠍ᠲᠠᠭᠠᠵᠤ᠂ ᠥᠷᠭᠡᠨ ᠳᠡᠯᠭᠡᠷ ᠳᠠᠢᠰᠤᠨ᠎ᠤ ᠠᠷᠤ ᠲᠠᠯ᠎ᠠ᠎ᠶ᠋ᠢᠨ ᠳᠠᠢ᠌ᠨ᠎ᠦ ᠲᠠᠯᠠᠪᠤᠷ᠎ᠢ ᠨᠡᠭᠡᠭᠡᠵᠦ᠍᠂ ᠤᠳᠠᠭᠠᠨ ᠳᠠᠭᠠᠭᠠᠮᠠᠭᠠᠢ ᠳᠠᠢ᠌ᠨ ᠬᠢᠬᠦ᠌ ᠪᠠᠢᠯᠳᠤᠬᠤ ᠪᠤᠳᠤᠯᠭ᠎ᠠ᠎ᠶ᠋ᠢᠨ ᠶᠡᠷᠦᠩᠬᠡᠢ ᠴᠢᠭ᠌ᠯᠡᠯᠲᠡ ᠪᠠ ᠠᠷᠠᠳ᠎ᠤᠨ ᠳᠠᠢ᠌ᠨ᠎ᠦ ᠢᠵᠢ ᠪᠦᠷᠢᠨ ᠪᠠᠢᠯᠳᠤᠬᠤ ᠪᠤᠳᠤᠯᠭ᠎ᠠ ᠪᠠᠢᠯᠳᠤᠬᠤ ᠠᠷᠭ᠎ᠠ᠎ᠶ᠋ᠢ ᠳᠤᠷᠠᠳᠤᠨ ᠭᠠᠷᠭᠠᠵᠤ᠂ ᠪᠦᠬᠦ᠌ ᠦᠨᠳᠦᠰᠦᠲᠡᠨ᠎ᠦ ᠶᠠᠫᠣᠨ᠎ᠢ ᠡᠰᠡᠷᠭᠦᠴᠡᠬᠦ᠌ ᠳᠠᠢ᠌ᠨ᠎ᠢ ᠵᠢᠯᠣᠭᠣᠳᠤᠨ ᠠᠯᠬᠤᠮ ᠠᠯᠬᠤᠮ᠎ᠢᠶᠠᠷ ᠢᠯᠠᠯᠲᠠ ᠵᠦᠭ ᠤᠷᠤᠭ᠍ᠰᠢᠯᠠᠭᠤᠯᠤᠭ᠍ᠰᠠᠨ ᠶᠤᠮ᠃ ᠳᠤᠮᠳᠠᠳᠤ ᠤᠯᠤᠰ᠎ᠤᠨ ᠡᠪ ᠬᠠᠮᠲᠤᠴᠤᠳ ᠥᠪᠡᠷ᠎ᠦᠨ ᠤᠯᠤᠰ ᠲᠦᠷᠦ᠍᠎ᠶ᠋ᠢᠨ ᠵᠣᠷᠢᠯᠲᠠ᠂ ᠡᠷᠡᠰ ᠪᠠᠲᠤ ᠵᠣᠷᠢᠭ ᠰᠠᠨᠠᠭ᠎ᠠ᠂ ᠵᠢᠱ᠌ᠢᠶᠡᠴᠢ ᠠᠵᠢᠯᠯᠠᠭ᠎ᠠ᠎ᠪᠠᠷ᠎ᠢᠶᠠᠨ ᠪᠦᠬᠦ᠌ ᠦᠨᠳᠦᠰᠦᠲᠡᠨ᠎ᠦ ᠮᠥᠬᠥᠯ᠎ᠡᠴᠡ ᠠᠪᠤᠷᠠᠨ ᠣᠷᠣᠱᠢᠨ ᠲᠣᠭ᠍ᠲᠠᠨᠢᠬᠤ ᠬᠦᠰᠡᠯ ᠡᠷᠡᠮᠡᠯᠵᠡᠯ᠎ᠢ ᠲᠤᠯᠭᠠᠭᠤᠷᠢᠯᠠᠵᠤ᠂ ᠳᠠᠢ᠌ᠨ᠎ᠦ ᠢᠯᠠᠯᠲᠠ᠎ᠶ᠋ᠢ ᠲᠡᠮᠡᠴᠡᠨ ᠤᠯᠬᠤ ᠵᠥᠪ ᠴᠢᠭ᠌ᠯᠡᠯ᠎ᠢ ᠬᠦᠲᠦᠯᠦᠨ ᠳᠠᠭᠠᠭᠤᠯᠵᠤ᠂ ᠳᠠᠢ᠌ᠨ᠎ᠦ ᠢᠯᠠᠯᠲᠠ᠎ᠶ᠋ᠢ ᠲᠡᠮᠡᠴᠡᠨ ᠤᠯᠬᠤ ᠦᠨᠳᠦᠰᠦᠲᠡᠨ᠎ᠦ ᠬᠣᠱᠢᠭᠤᠴᠢ ᠪᠤᠯᠵᠤ᠂ ᠨᠠᠮ᠎ᠤᠨ ᠭᠣᠣᠯ ᠲᠤᠯᠭᠠᠭᠤᠷᠢ᠎ᠶ᠋ᠢᠨ ᠦᠢᠯᠡᠳᠦᠯ ᠨᠢ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢ᠌ᠨ᠎ᠦ ᠢᠯᠠᠯᠲᠠ ᠵᠢ ᠤᠯᠤᠭᠰᠠᠨ ᠤ᠋ ᠵᠠᠩᠭᠢᠯᠠᠭ᠎ᠠ ᠪᠤᠯᠤᠭᠰᠠᠨ ᠠᠵᠢ᠃
ᠵᠡᠭᠦᠨ ᠬᠤᠢᠲᠤ ᠤᠷᠤᠨ᠂ ᠲᠠᠢ ᠬᠠᠩ ᠱᠠᠨ ᠠᠭᠤᠯᠨ᠂ ᠤᠷᠲᠤ ᠴᠠᠭᠠᠨ ᠬᠡᠷᠡᠮ᠎ᠤᠨ ᠳᠤᠲᠤᠨ᠎ᠠ ᠭᠠᠳᠠᠨ᠎ᠠ᠂ ᠶᠡᠬᠡ ᠮᠦᠷᠡᠨ᠎ᠤ ᠡᠮᠦᠨ᠎ᠡ ᠤᠮᠠᠷ᠎ᠠ ᠁ ᠶᠠᠫᠣᠨ᠎ᠢ ᠡᠰᠡᠷᠭᠦᠴᠡᠬᠦ᠌ ᠳᠠᠢᠨ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭ᠍ᠰᠠᠨ ᠨᠠᠢ᠍ᠮᠠᠳᠤᠭᠠᠷ ᠵᠠᠮ᠎ᠤᠨ ᠴᠡᠷᠢᠭ᠂ ᠱᠢᠨ᠎ᠡ ᠳᠥᠷᠪᠡᠳᠦᠭᠡᠷ ᠠᠷᠮᠢ ᠪᠣᠯᠤᠨ ᠡᠮᠦᠨᠡᠲᠦ ᠣᠷᠣᠨ᠎ᠤ ᠠᠷᠠᠳ᠎ᠤᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠠᠩᠭᠢ 12.5 ᠲᠦᠮᠡ ᠭᠠᠷᠤᠶ ᠤᠳᠠᠭ᠎ᠠ ᠳᠠᠢᠰᠤᠨ᠎ᠲᠠᠶ ᠪᠠᠢᠯᠳᠤᠵᠤ᠂ 171.4 ᠲᠦᠮᠡ ᠭᠠᠷᠤᠶ ᠶᠠᠫᠣᠨ ᠴᠡᠷᠢᠭ᠂ ᠬᠠᠭᠤᠷᠮᠠᠭ ᠮᠠᠨᠵᠤ ᠵᠢᠨ ᠴᠡᠷᠢᠭ᠎ᠢ ᠤᠰᠠᠳᠭᠠᠵᠠᠶ᠃ ᠵᠡᠭᠦᠨ ᠬᠣᠢᠲᠤ᠎ᠶ᠋ᠢᠨ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ ᠵᠡᠷᠭᠡ ᠴᠡᠷᠢᠭ ᠠᠩᠬᠢ 14 ᠵᠢᠯ ᠲᠤᠰᠠᠭᠠᠷ ᠪᠠᠢᠯᠳᠤᠵᠤ᠂ ᠶᠠᠫᠣᠨ ᠴᠡᠷᠢᠭ᠂ ᠬᠠᠭᠤᠷᠮᠠᠭ ᠮᠠᠨᠵᠤ ᠵᠢᠨ ᠴᠡᠷᠢᠭ᠎ᠢ 20 ᠭᠠᠷᠤᠢ ᠲᠦᠮᠡ ᠰᠥᠨᠥᠭᠡᠪᠡ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠡᠶ᠎ᠡ ᠳᠡᠭᠡᠷ᠎ᠡ᠎ᠡᠴᠡ ᠬᠥᠮᠦᠰ ᠶᠠᠫᠣᠨ᠎ᠢ ᠡᠰᠡᠷᠭᠦᠴᠡᠬᠦ᠌ ᠳᠠᠢ᠌ᠨ ᠢᠯᠠᠯᠲᠠ ᠤᠯᠬᠤ ᠢᠲᠡᠭᠡᠯ ᠵᠣᠷᠢᠭ᠎ᠢᠶᠠᠨ ᠪᠠᠲᠤᠳᠭᠠᠭ᠍ᠰᠠᠨ᠎ᠢᠶᠠᠷ ᠪᠠᠷᠠᠬᠤ ᠦᠭᠡᠢ᠂ ᠨᠡᠩ ᠴᠤ᠌ ᠳᠤᠮᠳᠠᠳᠤ ᠤᠯᠤᠰ᠎ᠤᠨ ᠢᠷᠡᠭᠡᠳᠦᠢ᠎ᠶ᠋ᠢᠨ ᠬᠦᠰᠡᠯ ᠡᠷᠡᠮᠡᠯᠵᠡᠯ᠎ᠢ ᠣᠯᠵᠤ ᠬᠠᠷᠠᠪᠠ᠃ ᠭᠣᠮᠢᠨᠳᠠᠩ᠎ᠤᠨ ᠵᠠᠰᠠᠭ᠎ᠤᠨ ᠣᠷᠳᠣᠨ᠎ᠤ ᠤᠯᠠᠨ ᠲᠦᠮᠡᠨ᠎ᠡᠴᠡ ᠬᠥᠨᠳᠡᠢᠷᠡᠵᠦ᠍᠂ ᠠᠷᠠᠳ ᠲᠦᠮᠡᠨ᠎ᠢ ᠮᠥᠯᠵᠢᠵᠦ᠍᠂ ᠱᠠᠮᠱᠢᠨ ᠢᠯᠵᠠᠷᠠᠵᠤ ᠪᠠᠢᠭ᠎ᠠ᠎ᠲᠠᠶ ᠢᠯᠡ ᠲᠣᠳᠣ ᠬᠠᠷᠢᠴᠠᠭᠤᠯᠤᠯ ᠪᠤᠯᠤᠭᠰᠠᠨ ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷᠠᠬᠢ ᠱᠠᠨᠰᠢ ᠭᠠᠨᠰᠦ ᠨᠢᠩᠱᠢᠶᠠ᠎ᠶ᠋ᠢᠨ ᠬᠢᠵᠠᠭᠠᠷ ᠣᠷᠣᠨ᠎ᠳᠤ 《ᠠᠯᠪᠠᠨ ᠵᠠᠷᠤᠴᠠ ᠪᠠᠢᠬᠤ ᠡᠴᠡ ᠪᠢᠰᠢ ᠨᠣᠶᠠᠨ ᠵᠡᠷᠭᠡ ᠪᠠᠢᠬᠤ ᠦᠭᠡᠢ》᠂ ᠴᠤᠭ ᠪᠠᠳᠠᠷᠠᠩᠭᠤᠢ᠂ ᠴᠡᠴᠡᠭ᠌ᠯᠡᠨ ᠬᠥᠭ᠌ᠵᠢᠭ᠌ᠰᠡᠨ ᠪᠠᠢᠳᠠᠯ ᠪᠤᠯᠤᠨ᠎ᠠ᠃ ᠶᠠᠨ ᠠᠨ᠎ᠳᠤ ᠠᠢᠯᠴᠢᠯᠠᠭ᠍ᠰᠠᠨ ᠠᠮᠧᠷᠢᠺᠠ᠎ᠶ᠋ᠢᠨ 《ᠴᠠᠭ ᠦᠶ᠎ᠡ》ᠭᠠᠷᠠᠭ᠎ᠤᠨ ᠰᠡᠳᠬᠦᠯ᠎ᠦᠨ ᠰᠤᠷᠪᠤᠯᠵᠢᠯᠠᠭ᠍ᠴᠢ ᠪᠠᠶ ᠱᠢᠤ ᠳ᠋ᠸ 《ᠭᠣᠮᠢᠨᠳᠠᠩ᠎ᠲᠠᠶ ᠠᠳᠠᠯᠢᠳᠭᠠᠪᠠᠯ᠂ ᠡᠪ ᠬᠠᠮᠲᠤ ᠨᠠᠮ ᠭᠡᠷᠡᠯ ᠭᠢᠯᠪᠠᠭ᠎ᠠ ᠰᠠᠴᠤᠷᠠᠵᠤ ᠪᠠᠢᠨ᠎ᠠ》 ᠭᠡᠵᠦ ᠬᠡᠯᠡᠭᠰᠡᠨ ᠶᠤᠮ᠃
ᠲᠦᠮᠡᠨ ᠣᠯᠠᠨ᠎ᠤ ᠠᠩᠬᠠᠷᠤᠯ᠎ᠢ ᠲᠠᠲᠠᠭ᠍ᠰᠠᠨ ᠴᠢᠩ ᠯᠢᠶᠠᠩ ᠱᠠᠨ ᠠᠭᠤᠯᠠ᠂ ᠲᠦᠮᠡᠨ ᠤᠯᠠᠨ᠎ᠤ ᠰᠡᠳᠬᠢᠯ᠎ᠢ ᠨᠢᠬᠳᠠᠷᠠᠭᠤᠯᠤᠭᠰᠠᠨ ᠶᠠᠨ ᠠᠨ᠃ 《ᠠᠮᠢᠰᠭᠤᠭ᠎ᠠ᠎ᠲᠠᠶ ᠯᠠ ᠶᠤᠮ ᠪᠣᠯ ᠶᠠᠨ ᠠᠨ ᠬᠤᠳᠠ᠎ᠳᠤ ᠬᠦᠷᠴᠦ᠍ ᠤᠴᠢᠨ᠎ᠠ》 ᠭᠡᠳᠡᠭ ᠨᠢ ᠳᠠᠪᠱᠢᠩᠭᠤᠢ ᠵᠠᠯᠠᠭᠤᠴᠤᠳ᠎ᠤᠨ ᠡᠷᠡᠰ ᠪᠠᠲᠤ ᠢᠲᠡᠭᠡᠯ ᠪᠢᠱᠢᠷᠡᠯ ᠪᠣᠯᠵᠠᠢ; ᠡᠭᠡ ᠣᠷᠣᠨᠴᠢ ᠠᠷᠠᠳᠴᠢᠯᠠᠭ᠍ᠰᠠᠨ ᠬᠥᠮᠦᠰ ᠯᠢ ᠳ᠋ᠢᠩ ᠮᠢᠩ ᠪᠣᠳᠠᠲᠤ ᠬᠡᠷᠡᠭ ᠪᠠ ᠥᠪᠡᠷ᠎ᠦᠨ ᠲᠦᠷᠦᠭ᠌ᠳᠡᠯ᠎ᠢᠶᠡᠨ ᠦᠨᠳᠦᠰᠦᠯᠡᠵᠦ᠍᠂ 《ᠡᠪ ᠬᠠᠮᠲᠤ ᠨᠠᠮ᠎ᠲᠠᠶ ᠵᠢᠷᠭᠠᠯ ᠵᠣᠪᠠᠯᠠᠩ᠎ᠢᠶᠠᠨ ᠬᠠᠮᠲᠤᠳᠭᠠᠬᠤ᠎ᠪᠠᠷ ᠵᠣᠷᠢᠭ ᠱᠢᠭᠤᠳᠪᠠ》;ᠤᠯᠤᠰ᠎ᠢᠶᠠᠨ ᠬᠠᠢᠷᠠᠯᠠᠬᠤ ᠬᠠᠷᠢᠶᠠᠲᠤ᠎ᠨᠠᠷ᠎ᠤᠨ ᠳᠠᠭᠠᠭᠤᠯᠤᠭ᠍ᠴᠢ ᠴᠧᠨ ᠵᠢᠶᠠ ᠭᠧᠩ 《ᠳᠤᠮᠳᠠᠳᠤ ᠤᠯᠤᠰ᠎ᠤᠨ ᠬᠦᠰᠡᠯ ᠡᠷᠡᠮᠡᠯᠵᠡᠯ ᠶᠠᠨ ᠠᠨ᠎ᠳᠤ ᠪᠠᠢᠨ᠎ᠠ》 ᠭᠡᠵᠦ᠍ ᠨᠤᠲᠠᠯᠠᠪᠠ; ᠱᠠᠨᠪᠸᠢ ᠵᠢᠨ ᠠᠷᠠᠳ ᠲᠦᠮᠡᠨ ᠱᠢᠨ ᠲᠢᠶᠠᠨ ᠶᠢᠤ ᠳᠠᠭᠤᠨ ᠳ᠋ᠠᠭᠠᠨ᠄ 《ᠭᠤᠸᠠᠵᠡᠯᠡ ᠲᠠᠢ ᠵᠠᠯᠭᠠᠯᠳᠤᠵᠤ᠂ ᠵᠡᠯ᠎ᠡ ᠦᠨᠳᠦᠰᠦ ᠲᠠᠢ ᠵᠠᠯᠭᠠᠯᠳᠤᠨ᠎ᠠ᠃ ᠠᠷᠠᠳ ᠲᠦᠮᠡᠨ ᠡᠪ ᠬᠠᠮᠲᠤ ᠨᠠᠮ ᠲᠠᠢ ᠬᠤᠯᠪᠤᠯᠳᠤᠨ᠎ᠠ᠂ ᠡᠪ ᠬᠠᠮᠲᠤ ᠨᠠᠮ ᠠᠷᠠᠳ ᠲᠦᠮᠡᠨ ᠲᠠᠢ ᠬᠤᠯᠪᠤᠯᠳᠤᠨ᠎ᠠ》 ᠭᠡᠵᠦ ᠳᠠᠭᠤᠯᠠᠬᠰᠠᠨ ᠪᠠᠢᠳᠠᠭ ᠁
ᠠᠷᠠᠳ᠎ᠤᠨ ᠰᠡᠳᠭᠢᠯ᠎ᠦᠨ ᠬᠠᠨᠳᠤᠰᠢ ᠨᠢ ᠲᠡᠦᠬᠡ᠎ᠶ᠋ᠢᠨ ᠰᠣᠩᠭᠣᠯᠲᠠ᠎ᠶ᠋ᠢ ᠲᠣᠭ᠍ᠲᠠᠭᠠᠵᠤ ᠪᠠᠢᠳᠠᠭ᠃ ᠠᠷᠠᠳ ᠤᠯᠠᠨ ᠡᠪ ᠬᠠᠮᠲᠤ ᠨᠠᠮ᠎ᠢ ᠲᠠᠭᠠᠵᠤ ᠪᠠᠢᠬᠤ ᠨᠢ ᠮᠠᠨ᠎ᠤ ᠨᠠᠮ ᠦᠨᠳᠦᠰᠦᠲᠡᠨ᠎ᠦ ᠲᠤᠰᠠᠭᠠᠷ ᠲᠣᠭ᠍ᠲᠠᠨᠢᠯ᠎ᠢᠶᠠᠨ ᠬᠠᠮᠠᠭᠠᠯᠠᠬᠤ᠎ᠳᠠᠭᠠᠨ ᠬᠠᠮᠤᠭ᠎ᠤᠨ ᠡᠷᠡᠰ ᠪᠠᠲᠤ᠂ ᠦᠨᠳᠦᠰᠦᠲᠡᠨ᠎ᠦ ᠠᠱᠢᠭ ᠲᠤᠰᠠ᠎ᠪᠠᠨ ᠬᠠᠮᠠᠭᠠᠯᠠᠬᠤ᠎ᠳᠠᠭᠠᠨ ᠬᠠᠮᠤᠭ᠎ᠤᠨ ᠡᠷᠡᠰ ᠱᠢᠭᠤᠷᠬᠠᠢ᠂ ᠭᠠᠳᠠᠭᠠᠳᠤ᠎ᠶ᠋ᠢᠨ ᠲᠦᠷᠢᠮᠡᠬᠡᠢᠯᠡᠯ᠎ᠢ ᠡᠰᠡᠷᠭᠦᠴᠡᠬᠦ᠌᠎ᠳᠡᠭᠡᠨ ᠬᠠᠮᠤᠭ᠎ᠤᠨ ᠡᠷᠡᠯᠬᠡᠭ ᠪᠠᠭᠠᠲᠤᠷᠯᠢᠭ ᠪᠠᠢᠬᠰᠠᠨ᠎ᠡᠴᠡ ᠪᠣᠯᠤᠭ᠍ᠰᠠᠨ ᠶᠤᠮ; ᠮᠠᠨ᠎ᠤ ᠨᠠᠮ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠵᠦ᠍᠂ ᠢᠮᠠᠭ᠍ᠲᠠ ᠠᠷᠠᠳ ᠲᠦᠮᠡᠨ᠎ᠲᠡᠶ ᠠᠮᠢᠰᠭᠤᠭ᠎ᠠ᠎ᠪᠠᠨ ᠨᠢᠭᠡᠳᠭᠡᠵᠦ᠍᠂ ᠬᠤᠪᠢ ᠵᠠᠶᠠᠭ᠎ᠠ᠎ᠪᠠᠨ ᠬᠠᠮᠲᠤᠳᠭᠠᠨ᠂ ᠰᠡᠳᠭᠢᠯ ᠵᠢᠷᠦᠬᠡ᠎ᠪᠡᠨ ᠬᠣᠯᠪᠣᠭ᠍ᠰᠠᠨ᠎ᠡᠴᠡ ᠪᠣᠯᠤᠭ᠍ᠰᠠᠨ ᠶᠤᠮ᠃
1945 ᠣᠨ᠎ᠳᠤ᠂ ᠨᠠᠮ᠎ᠤᠨ ᠳᠣᠯᠣᠳᠤᠭᠠᠷ ᠶᠡᠬᠡ ᠬᠤᠷᠠᠯ ᠳᠡᠭᠡᠷ᠎ᠡ᠂ ᠮᠠᠤ ᠽᠸ ᠳ᠋ᠦᠩ ᠨᠥᠬᠥᠷ᠄ 《ᠳᠤᠮᠳᠠᠳᠤ ᠤᠯᠤᠰ᠎ᠤᠨ ᠡᠪ ᠬᠠᠮᠲᠤᠴᠤᠳ ᠳᠤᠮᠳᠠᠳᠤ ᠤᠯᠤᠰ᠎ᠤᠨ ᠠᠷᠠᠳ ᠲᠦᠮᠡᠨ᠎ᠦ ᠭᠣᠣᠯ ᠲᠤᠯᠭᠠᠭᠤᠷᠢ ᠪᠣᠯᠤᠭᠰᠠᠨ ᠦᠭᠡᠢ ᠪᠣᠯ ᠳᠤᠮᠳᠠᠳᠤ ᠤᠯᠤᠰ᠎ᠤᠨ ᠲᠤᠰᠠᠭᠠᠷ ᠲᠣᠭ᠍ᠲᠠᠨᠢᠯ ᠪᠠ ᠴᠢᠯᠥᠭᠡᠯᠡᠯᠲᠡ ᠪᠡᠶᠡᠯᠡᠭ᠌ᠳᠡᠵᠦ᠍ ᠴᠢᠳᠠᠬᠤ ᠦᠭᠡᠢ᠂ ᠳᠤᠮᠳᠠᠳᠤ ᠤᠯᠤᠰ᠎ᠤᠨ ᠠᠵᠤ ᠦᠢᠯᠡᠳᠪᠦᠷᠢᠵᠢᠯᠲᠡ ᠪᠠ ᠲᠠᠷᠢᠶᠠᠯᠠᠩ᠎ᠤᠨ ᠣᠳᠣᠬᠢᠴᠢᠯᠠᠯᠲᠠ ᠴᠤ᠌ ᠪᠡᠶᠡᠯᠡᠭ᠌ᠳᠡᠵᠦ᠍ ᠴᠢᠳᠠᠬᠤ ᠦᠭᠡᠢ ᠶᠤᠮ》 ᠭᠡᠵᠦ᠍ ᠵᠢᠭᠠᠵᠤ ᠭᠠᠷᠭᠠᠪᠠ᠃ ᠲᠦᠮᠡᠨ ᠭᠠᠵᠠᠷ᠎ᠤᠨ ᠠᠶᠠᠨ᠎ᠳᠤ ᠵᠠᠮᠴᠢ ᠪᠠᠢᠬᠤ ᠬᠡᠷᠡᠭ᠌ᠲᠡᠢ᠃ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠪᠦᠬᠦ᠌ ᠦᠨᠳᠦᠰᠦᠲᠡᠨ᠎ᠦ ᠶᠠᠫᠣᠨ᠎ᠢ ᠡᠰᠡᠷᠭᠦᠴᠡᠬᠦ᠌ ᠳᠠᠢ᠌ᠨ᠎ᠦ ᠭᠣᠣᠯ ᠲᠤᠯᠭᠠᠭᠤᠷᠢ ᠮᠥᠨ᠂ ᠪᠠᠰᠠ ᠴᠤ᠌ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠪᠠᠲᠤ ᠴᠢᠩᠭ᠎ᠠ ᠤᠳᠤᠷᠢᠳᠭᠤ ᠭᠣᠣᠯᠯᠠᠭ᠍ᠴᠢ ᠮᠥᠨ᠃
ᠣᠢᠷ᠎ᠠ᠎ᠳᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠵᠢ ᠴᠢᠨᠠᠷ ᠰᠠᠢᠲᠠᠢ ᠪᠡᠶᠡᠯᠡᠭᠦᠯᠬᠦ ᠱᠢᠷᠢᠰ ᠭᠤᠤᠯ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ ᠳᠡᠭᠡᠷ᠎ᠡ ᠢᠯᠠᠯᠲᠠ᠎ᠵᠢᠨ ᠮᠡᠳᠡᠭᠡ ᠵᠠᠯᠭᠠᠭ᠎ᠠ ᠪᠡᠷ ᠰᠤᠨᠤᠰᠳᠠᠨ᠎ᠠ᠄ ᠮᠠᠨ᠎ᠤ ᠤᠯᠤᠰ᠎ᠤᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ ᠵᠠᠯᠭᠠᠭ᠎ᠠ᠎ᠪᠠᠷ ᠳᠠᠪᠠᠯᠲᠠ᠎ᠶ᠋ᠢ ᠪᠡᠶᠡᠯᠡᠭᠦᠯᠵᠦ᠍᠂ ᠵᠢᠱ᠌ᠢᠯᠲᠡ᠎ᠪᠡᠷ ᠡᠨᠡ ᠵᠢᠯ 140 ᠲᠦᠮᠡᠨ ᠳ᠋ᠦᠩᠱᠢᠭᠤᠷ ᠲᠥᠭᠥᠷᠢᠭ ᠣᠷᠴᠢᠮ ᠬᠥᠷᠬᠥ᠌ ᠪᠣᠯᠤᠨ᠎ᠠ;ᠮᠠᠨ᠎ᠤ ᠤᠯᠤᠰ᠎ᠤᠨ ᠪᠥᠬᠥ᠌ ᠪᠥᠮᠪᠥᠷᠴᠡᠭ᠎ᠦᠨ ᠱᠢᠨ᠎ᠡ᠎ᠶ᠋ᠢ ᠡᠭᠦᠳᠬᠦ᠌ ᠵᠢᠭᠠᠯᠲᠠ ᠲᠣᠭ᠎ᠠ᠎ᠶ᠋ᠢᠨ ᠨᠡᠷᠡᠰ᠎ᠦᠨ ᠵᠢᠭ᠍ᠰᠠᠭᠠᠯᠲᠠ ᠳᠡᠭᠡᠭᠰᠢᠯᠡᠭᠡᠳ 11 ᠳ᠋ᠤᠭᠡᠷ᠎ᠲᠦ ᠣᠷᠣᠪᠠ; ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠪᠡᠬᠢᠵᠢᠭᠦᠯᠦᠭ᠌ᠰᠡᠨ ᠨᠣᠷᠮ᠎ᠠ ᠪᠠ ᠦᠨᠳᠦᠰᠦᠨ ᠨᠠᠰᠤᠵᠢᠯ᠎ᠤᠨ ᠳᠠᠭᠠᠳᠭᠠᠯ᠂ ᠦᠨᠳᠦᠰᠦᠨ ᠡᠮ ᠡᠮᠨᠡᠯᠭᠡ᠎ᠶ᠋ᠢᠨ ᠳᠠᠭᠠᠳᠭᠠᠯ᠎ᠳᠤ ᠣᠷᠣᠯᠴᠠᠭ᠍ᠰᠠᠨ ᠨᠣᠷᠮ᠎ᠠ ᠴᠥᠮ 95% ᠡᠴᠡ ᠳᠡᠭᠡᠭ᠌ᠰᠢ ᠪᠣᠯᠪᠠ;ᠮᠠᠨ᠎ᠤ ᠤᠯᠤᠰ ᠨᠢᠭᠡᠨᠲᠡ ᠪᠦᠬᠦ᠌ ᠪᠥᠮᠪᠥᠷᠴᠡᠭ᠎ᠦᠨ ᠬᠠᠮᠤᠭ᠎ᠤᠨ ᠶᠡᠬᠡ᠂ ᠬᠦᠭᠵᠢᠯᠲᠡ ᠪᠡᠷ ᠬᠠᠮᠤᠭ ᠲᠦᠷᠭᠡᠨ ᠳᠠᠬᠢᠯᠲᠠ ᠡᠨᠧᠷᠭᠢ᠎ᠶ᠋ᠢᠨ ᠱᠢᠰᠲ᠋ᠧᠮ᠎ᠢ ᠪᠠᠢᠭᠤᠯᠪᠠ ᠁ ᠲᠠᠪᠤᠨ ᠵᠢᠯ᠎ᠦᠨ ᠭᠡᠷᠡᠯ ᠰᠠᠴᠤᠷᠠᠩᠭᠤᠢ ᠠᠮᠵᠢᠯᠲᠠ᠎ᠶ᠋ᠢ ᠡᠷᠭᠢᠴᠡᠭᠦᠯᠵᠦ᠍᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠱᠢᠬᠢ ᠪᠢᠳᠡᠨ᠎ᠦ ᠶᠠᠪᠤᠵᠤ ᠥᠩᠭᠡᠷᠡᠭ᠌ᠰᠡᠨ ᠲᠤᠢᠯ᠎ᠤᠨ ᠶᠡᠷᠦ᠍ ᠪᠤᠰᠤ᠎ᠶ᠋ᠢᠨ ᠥᠩᠭᠡᠷᠡᠯᠲᠡ᠎ᠶ᠋ᠢ ᠡᠷᠭᠢᠴᠡᠭᠦᠯᠪᠡᠯ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠪᠦᠬᠦ᠌ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠡᠷᠡᠯᠬᠡᠭ᠌ᠯᠡᠨ ᠲᠡᠮᠡᠴᠡᠵᠦ᠍᠂ ᠬᠥᠮᠦᠰ᠎ᠢ ᠭᠠᠢᠬᠠᠭᠤᠯᠤᠮ᠎ᠠ ᠶᠢᠷᠲᠢᠨᠴᠦ᠍᠎ᠶ᠋ᠢᠨ ᠭᠠᠢᠬᠠᠮᠱᠢᠭ᠎ᠢ ᠡᠭᠦᠳᠴᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠮᠵᠢᠯᠲᠠ᠎ᠲᠠᠶ ᠠᠬᠢᠭᠤᠯᠵᠤ ᠥᠷᠭᠡᠳᠭᠡᠪᠡ᠃ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠡᠷᠬᠡᠪᠰᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ ᠬᠡᠷᠡᠭ᠌ᠲᠡᠢ ᠭᠡᠳᠡᠭ᠎ᠢ ᠲᠡᠤᠬᠡ ᠪᠠ ᠦᠢᠯᠡᠳᠦᠯᠭᠡ ᠭᠦᠨᠵᠡᠭᠡᠢ ᠭᠡᠷᠡᠴᠢᠯᠡᠯᠠ᠃
《ᠵᠠᠯᠠᠭᠤ ᠢᠳᠡᠷ ᠳᠤᠮᠳᠠᠳᠤ ᠤᠯᠤᠰ᠎ᠤᠨ ᠡᠪ ᠬᠠᠮᠲᠤ ᠨᠠᠮ ᠡ᠂ ᠲᠠ ᠪᠤᠯ ᠭᠣᠣᠯᠯᠠᠭ᠍ᠴᠢ᠂ ᠲᠠ ᠪᠤᠯ ᠴᠢᠭ᠌ᠯᠡᠯ ᠮᠥᠨ》᠃ 1940 ᠣᠨ᠎ᠳᠤ᠂ 《ᠡᠪ ᠬᠠᠮᠲᠤ ᠨᠠᠮ᠎ᠵᠢᠡᠨ ᠳᠠᠭᠠᠶ᠎ᠠ》ᠭᠡᠬᠦ᠌ ᠳᠠᠭᠤᠤ ᠢ ᠮᠸᠩ ᠱᠠᠨ ᠣᠷᠣᠨ᠎ᠳᠤ ᠬᠠᠩᠭᠢᠨᠠᠵᠤ᠂ ᠮᠠᠰᠢ ᠲᠦᠷᠭᠡᠨ᠎ᠢᠶᠡᠷ ᠤᠯᠠᠮᠵᠢᠯᠠᠭ᠍ᠳᠠᠨ ᠳᠡᠯᠭᠡᠷᠡᠪᠡ᠃ ᠡᠨᠡ ᠪᠣᠯ ᠠᠷᠠᠳ ᠲᠦᠮᠡᠨ᠎ᠦ ᠰᠡᠳᠭᠢᠯ᠎ᠦᠨ ᠳᠠᠭᠤᠨ ᠮᠥᠨ᠂ ᠪᠠᠰᠠ ᠴᠤ᠌ ᠢᠷᠡᠭᠡᠳᠦᠢ᠎ᠶ᠋ᠢ ᠨᠡᠭᠡᠭᠡᠬᠦ᠌᠎ᠶ᠋ᠢᠨ ᠦᠨᠳᠦᠰᠦᠨ ᠪᠠᠲᠤᠯᠠᠭ᠎ᠠ ᠮᠥᠨ᠃ ᠱᠢᠨ᠎ᠡ ᠠᠶᠠᠨ᠎ᠳᠤ᠂ ᠶᠡᠷᠦᠩᠬᠡᠢ ᠱᠦᠵᠢ ᠰᠢ ᠵᠢᠨ ᠫᠢᠩ ᠠᠶᠠᠯᠠᠯ᠎ᠢ ᠵᠢᠯᠣᠭᠣᠳᠤᠨ ᠵᠠᠯᠠᠭᠤᠷ᠎ᠢ ᠡᠵᠡᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠪᠠᠷ᠂ ᠪᠢᠳᠡ ᠪᠦᠯᠬᠦᠮᠳᠡᠨ ᠲᠡᠮᠡᠴᠡᠬᠦ᠌ ᠲᠦᠱᠢᠭ ᠲᠤᠯᠭᠠᠭᠤᠷᠢ᠎ᠲᠠᠶ᠂ ᠲᠤᠬᠰᠢᠨ ᠰᠠᠯᠬᠢ ᠰᠢᠷᠤᠬᠦᠨ ᠳᠠᠪᠠᠯᠭᠠᠨ᠎ᠢ ᠳᠠᠭᠠᠭᠠᠬᠤ ᠲᠤᠭᠳᠠᠪᠤᠷᠢᠵᠢᠭᠤᠯᠤᠬᠴᠢ ᠲᠠᠢ᠂ᠲᠠᠪᠠᠯᠭᠠᠨ ᠵᠦᠰᠦᠨ ᠤᠷᠤᠭ᠍ᠰᠢᠯᠠᠬᠤ ᠵᠠᠮᠴᠢ᠎ᠲᠠᠶ ᠪᠤᠯᠵᠤ᠂ ᠯᠠᠪᠲᠠᠢ ᠳᠤᠮᠳᠠᠳᠤ ᠤᠯᠤᠰ ᠨᠡᠷᠡᠮᠵᠢᠲᠦ ᠲᠤᠮᠤ ᠬᠥᠯᠭᠡ ᠣᠩᠭᠣᠴᠠ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠭᠡᠷᠡᠯ ᠰᠠᠴᠤᠷᠠᠩᠭᠤᠢ ᠲᠡᠷᠲᠡᠭᠡ ᠡᠷᠭᠢ ᠲᠡᠢᠰᠢ ᠢᠯᠠᠯᠲᠠ᠎ᠲᠠᠶ᠎ᠪᠠᠷ ᠤᠷᠤᠭ᠍ᠰᠢᠯᠠᠬᠤ᠎ᠶ᠋ᠢ ᠠᠬᠢᠭᠤᠯᠵᠤ ᠴᠢᠳᠠᠨ᠎ᠠ᠃
( ᠭᠤᠷᠪᠠ)
《ᠤᠯᠠᠨ ᠵᠢᠯ᠎ᠦᠨ ᠲᠤᠷᠰᠢ ᠮᠠᠨ᠎ᠤ ᠡᠷᠡᠯᠬᠡᠭ ᠪᠠᠭᠠᠲᠤᠷᠯᠢᠭ ᠳᠤᠮᠳᠠᠳᠤ ᠤᠯᠤᠰ᠎ᠤᠨ ᠨᠥᠬᠥᠳ᠎ᠦᠨ ᠬᠠᠯᠠᠱᠢᠷᠠᠯ ᠦᠭᠡᠢ ᠤᠷᠢᠶᠠᠯᠠᠭ᠍ᠰᠠᠭᠠᠷ ᠢᠷᠡᠭ᠌ᠰᠡᠨ ᠦᠨᠳᠦᠰᠦᠲᠡᠨ᠎ᠦ ᠵᠣᠷᠢᠭ ᠰᠠᠨᠠᠭ᠎ᠠ᠂ ᠨᠢᠭᠡᠳᠦᠯ᠎ᠤᠨ ᠵᠣᠷᠢᠭ ᠰᠠᠨᠠᠭ᠎ᠠ᠂ ᠡᠨᠡ ᠬᠦ᠌ ᠲᠥᠭᠡᠷᠢᠯ᠎ᠳᠦ ᠤᠴᠠᠷᠠᠭ᠍ᠰᠠᠨ ᠲᠦᠷᠢᠮᠡᠬᠡᠢᠯᠡᠭ᠌ᠴᠢᠳ᠎ᠦᠨ ᠡᠮᠦᠨ᠎ᠡ᠂ ᠤᠳᠤ ᠦᠶ᠎ᠡ᠎ᠶ᠋ᠢᠨ ᠱᠢᠨ᠎ᠡ ᠲᠦᠮᠡᠨ ᠭᠠᠵᠠᠷ᠎ᠤᠨ ᠤᠷᠳᠤ ᠴᠠᠭᠠᠨ ᠬᠡᠷᠡᠮ ᠮᠡᠲᠦ ᠭᠡᠨᠡᠳᠲᠡ ᠰᠦᠨᠳᠡᠷᠯᠡᠨ ᠪᠣᠰᠪᠠ》᠃ 1937 ᠣᠨ᠎ᠳᠤ᠂ ᠹᠷᠠᠨᠼᠢ᠎ᠶ᠋ᠢᠨ《ᠬᠥᠮᠦᠯᠢᠭ ᠰᠣᠨᠢᠨ》 ᠤ᠋ ᠵᠤᠬᠢᠶᠠᠬᠴᠢ ᠬᠦᠶᠦᠷᠢ ᠳᠤᠮᠳᠠᠳᠤ ᠤᠯᠤᠰ᠎ᠤᠨ ᠴᠡᠷᠢᠭ ᠠᠷᠠᠳ᠎ᠤᠨ ᠶᠠᠫᠣᠨ ᠳᠡᠭᠡᠷᠡᠮ᠎ᠢ ᠡᠰᠡᠷᠭᠦᠴᠡᠭ᠌ᠰᠡᠨ ᠠᠤᠭ᠎ᠠ ᠠᠵᠢᠯᠯᠠᠭ᠎ᠠ᠎ᠳᠤ ᠶᠡᠬᠡᠳᠡ ᠰᠡᠳᠬᠢᠯ ᠲᠤᠭᠳᠤᠯᠵᠤ᠂ ᠡᠢᠨ ᠬᠦ᠌ ᠭᠠᠢᠬᠠᠰᠢ ᠠᠯᠳᠠᠭᠰᠠᠨ ᠪᠠᠢᠨ᠎ᠠ᠃
ᠢᠯᠠᠵᠤ ᠢᠯᠠᠭᠳᠠᠬᠤ ᠵᠠᠢ ᠳ᠋ᠦ᠂ ᠵᠣᠷᠢᠭ ᠰᠠᠨᠠᠭ᠎ᠠ᠎ᠶ᠋ᠢ ᠤᠷᠢᠳ᠎ᠵᠢᠡᠷ ᠬᠠᠷᠠᠨ᠎ᠠ᠃ ᠳᠠᠢ᠌ᠨ ᠪᠣᠯ ᠪᠣᠳᠠᠰ᠎ᠤᠨ ᠪᠠᠷᠢᠯᠳᠤᠭᠠᠨ ᠮᠥᠨ᠂ ᠨᠡᠩ ᠴᠤ᠌ ᠤᠶᠤᠨ ᠰᠠᠨᠠᠭᠠᠨ᠎ᠤ ᠡᠰᠡᠷᠭᠦᠴᠡᠯᠳᠦᠭᠡᠨ ᠮᠥᠨ᠃ ᠦᠨᠳᠦᠰᠦᠲᠡᠨ᠎ᠦ ᠮᠠᠨᠳᠤᠵᠤ ᠮᠥᠬᠥᠬᠦ᠌᠎ᠶ᠋ᠢᠨ ᠬᠠᠮᠤᠭ᠎ᠤᠨ ᠲᠦᠭ᠌ᠰᠢᠭᠦᠷᠢᠲᠡᠢ ᠵᠠᠩᠭᠢᠯᠠᠭ᠎ᠠ᠎ᠶ᠋ᠢᠨ ᠦᠶ᠎ᠡ᠎ᠳᠦ᠂ ᠳᠤᠮᠳᠠᠳᠤ ᠤᠯᠤᠰ᠎ᠤᠨ ᠠᠷᠠᠳ ᠲᠦᠮᠡᠨ᠎ᠦ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠭᠢᠯᠭᠡ ᠭᠠᠯᠲᠤ ᠠᠭᠤᠯᠠ ᠮᠡᠲᠦ᠍᠎ᠪᠡᠷ ᠣᠷᠭᠢᠯᠵᠤ᠂ ᠲᠩᠷᠢ ᠭᠠᠵᠠᠷ᠎ᠢ ᠳᠣᠩᠰᠣᠯᠭᠠᠵᠤ ᠴᠢᠳᠬᠥᠷ ᠰᠠᠬᠢᠭᠤᠯᠰᠤᠨ᠎ᠢ ᠤᠶᠠᠷᠠᠭᠤᠯᠤᠮ᠎ᠠ ᠪᠠᠭᠠᠲᠤᠷᠯᠢᠭ ᠲᠤᠤᠯᠢᠰ᠎ᠢ ᠪᠢᠴᠢᠭ᠌ᠯᠡᠵᠦ᠍᠂ ᠡᠪᠳᠡᠷᠡᠰᠢ ᠦᠭᠡᠢ ᠪᠠᠲᠤ ᠪᠡᠬᠢ ᠤᠶᠤᠨ ᠰᠠᠨᠠᠭᠠᠨ᠎ᠤ ᠤᠷᠳᠤ ᠴᠠᠭᠠᠨ ᠬᠡᠷᠡᠮ᠎ᠢ ᠴᠣᠭ᠍ᠴᠠᠯᠠᠪᠠ᠃
ᠳᠠᠷᠢ᠎ᠶ᠋ᠢᠨ ᠤᠳᠤᠭ᠎ᠠ ᠰᠠᠷᠨᠢᠭᠰᠠᠨ ᠴᠤ᠌᠂ ᠲᠩᠷᠢ ᠭᠠᠵᠠᠷ᠎ᠤᠨ ᠳᠤᠮᠳᠠ ᠪᠠᠢᠯᠳᠤᠭᠠᠨ᠎ᠤ ᠲᠠᠩᠭᠠᠷᠢᠭ ᠳᠠᠭᠤᠷᠢᠰᠤᠬᠰᠠᠭᠠᠷ᠃ ᠲᠡᠷᠡ ᠪᠣᠯ 《ᠶᠠᠭᠤ ᠪᠦᠬᠦᠨ ᠡᠴᠡ ᠦᠯᠦ ᠰᠦᠷᠳᠡᠨ᠂ ᠳᠤᠷᠠᠲᠠᠶ᠎ᠠ ᠲᠡᠷᠢᠭᠦᠨ ᠡᠷᠭᠦᠵᠦ᠍ ᠳᠤᠮᠳᠠᠳᠤ᠎ᠪᠠᠨ ᠬᠠᠮᠠᠭᠠᠯᠠᠬᠤ》 ᠱᠢᠳᠤᠷᠭᠤ ᠵᠤᠷᠢᠬ᠂《ᠲᠠᠢ᠌ᠨ᠎ᠳᠦ ᠦᠬᠦᠭ᠌ᠰᠡᠨ ᠴᠢᠳᠬᠥᠷ ᠪᠣᠯᠬᠤ᠎ᠡᠴᠡ ᠪᠢᠰᠢ᠂ ᠬᠠᠷᠢ᠎ᠶ᠋ᠢᠨ ᠲᠠᠢᠰᠤᠨ᠎ᠤ ᠠᠮᠢᠳᠤ ᠪᠤᠭᠤᠯ ᠪᠣᠯᠬᠤ ᠦᠭᠡᠢ》 ᠡᠷᠡᠰ ᠵᠣᠷᠢᠭ᠂ 《ᠡᠴᠦᠰ᠎ᠲᠦᠨᠢ ᠲᠤᠯᠲᠠᠯ᠎ᠠ ᠲᠡᠮᠡᠴᠡᠵᠦ ᠪᠡᠶ᠎ᠡ ᠦᠷᠡᠭ᠌ᠳᠡᠬᠦ᠌ ᠡᠴᠡ ᠪᠢᠰᠢ ᠵᠤᠷᠢᠬ ᠨᠤᠭᠤᠷᠠᠰᠢ ᠦᠭᠡᠢ》 ᠬᠠᠳᠠᠨ ᠵᠣᠷᠢᠭ᠂ 《ᠳᠤᠷᠠᠲᠠᠶ᠎ᠠ ᠪᠠᠢᠯᠳᠤᠵᠤ ᠴᠢᠰᠤ᠎ᠪᠠᠨ ᠤᠷᠤᠰᠭᠠᠵᠤ᠂ ᠶᠠᠫᠣᠨ ᠳᠡᠭᠡᠷᠡᠮᠴᠢᠳᠢ ᠤᠰᠠᠳᠬᠠᠬᠤ 》 ᠰᠦᠰᠦ ᠵᠣᠷᠢᠭ ᠁
ᠴᠠᠭ᠎ᠤᠨ ᠬᠦᠷᠳᠦ ᠡᠷᠭᠢᠯᠳᠦᠵᠦ᠍᠂ ᠬᠥᠮᠦᠰ᠎ᠦᠨ ᠰᠡᠳᠭᠢᠯ᠎ᠳᠦ ᠮᠥᠩᠬᠡ᠎ᠶ᠋ᠢᠨ ᠬᠥᠱᠢᠢ᠎ᠡ ᠰᠦᠨᠳᠡᠷᠯᠡᠨ᠎ᠡ᠃ ᠶᠠᠩ ᠵᠢᠩ ᠢᠦᠢ ᠴᠠᠰᠤ ᠮᠥᠰᠥᠨ᠎ᠳᠦ ᠬᠤᠴᠢᠭ᠍ᠳᠠᠨ ᠠᠮᠤ ᠬᠦᠨᠡᠰᠦ ᠲᠠᠰᠤᠷᠠᠭᠠᠳ ᠤᠯᠠᠨ ᠡᠳᠦᠷ ᠪᠣᠯᠤᠭ᠍ᠰᠠᠨ ᠴᠤ᠌ ᠡᠴᠦᠰ᠎ᠦᠨ ᠮᠥᠴᠡ ᠬᠦᠷᠲᠡᠯ᠎ᠡ ᠪᠠᠢᠯᠳᠤᠭ᠍ᠰᠠᠭᠠᠷ ᠪᠠᠢᠪᠠ᠂ ᠡᠨᠡ ᠨᠢ ᠳᠠᠢᠰᠤᠨ᠎ᠢ 《ᠳᠤᠮᠳᠠᠳᠤ ᠤᠯᠤᠰ᠎ᠲᠤ ᠲᠡᠭᠦᠨ ᠱᠢᠭ ᠬᠠᠳᠠᠨ ᠵᠣᠷᠢᠭ᠍ᠲᠤ ᠴᠡᠷᠢᠭ ᠪᠠᠢᠨ᠎ᠠ᠂ ᠯᠠᠪᠲᠠᠢ ᠤᠯᠤᠰ ᠮᠥᠬᠥᠬᠦ᠌ ᠦᠭᠡᠢ》 ᠭᠡᠳᠡᠭ᠎ᠢ ᠮᠡᠳᠡᠭᠦᠯᠪᠡ;ᠽᠦᠸᠧ ᠴᠢᠤᠸᠠᠨ ᠬᠤᠪᠢ ᠬᠥᠮᠦᠨ᠎ᠦ ᠠᠶᠤᠯ ᠲᠦᠭ᠌ᠰᠢᠭᠦᠷᠢ᠎ᠶ᠋ᠢ ᠬᠠᠢᠬᠤᠷᠤᠯ ᠦᠭᠡᠢ᠎ᠪᠡᠷ ᠠᠷᠤ ᠲᠠᠯ᠎ᠠ᠎ᠶ᠋ᠢᠨ ᠳᠠᠢᠰᠤᠨ᠎ᠢ ᠬᠣᠷᠢᠭ᠍ᠯᠠᠵᠤ᠂ ᠪᠡᠶ᠎ᠡ ᠦᠷᠡᠭ᠌ᠳᠡᠬᠦ᠌ᠡᠴᠡ ᠡᠮᠦᠨᠡᠬᠢ ᠬᠠᠮᠤᠭ ᠰᠡᠭᠦᠯᠴᠢ᠎ᠶ᠋ᠢᠨ ᠨᠢᠭᠡ ᠮᠥᠴᠡ᠎ᠳᠦ ᠮᠥᠨ ᠬᠦ᠌ ᠪᠠᠢᠯᠳᠤᠭᠠᠨ᠎ᠢ ᠵᠢᠯᠣᠭᠣᠳᠴᠤ᠌ ᠪᠠᠢᠪᠠ;ᠲᠦᠩ ᠯᠢᠨ ᠭᠸ᠂ ᠵᠣᠣ ᠳ᠋ᠧᠩ ᠢᠦᠶ ᠬᠦᠨᠳᠦ ᠱᠢᠷᠬᠠᠲᠤᠭ᠍ᠰᠠᠨ ᠪᠣᠯᠪᠠᠴᠤ᠌ ᠳᠠᠢᠨ᠎ᠤ ᠹᠷᠣᠨᠲ᠎ᠡᠴᠡ ᠪᠤᠴᠠᠭᠰᠠᠨ ᠦᠭᠡᠶ᠂ ᠳᠠᠢᠨ᠎ᠦ ᠲᠠᠯᠠᠪᠤᠷ᠎ᠲᠤ ᠪᠡᠶ᠎ᠡ ᠦᠷᠡᠭᠳᠡᠵᠦ《ᠴᠡᠷᠢᠭ᠎ᠦᠨ ᠬᠥᠮᠦᠨ᠎ᠦ ᠡᠭᠦᠷᠭᠡ᠎ᠪᠡᠨ ᠪᠡᠶᠡᠯᠡᠭᠦᠯᠦᠭ᠌ᠰᠡᠨ》 ᠶᠤᠮ; ᠱᠢᠨ᠎ᠡ ᠳᠥᠷᠪᠡᠳᠦᠭᠡᠷ ᠠᠷᠮᠢ᠎ᠶ᠋ᠢᠨ 《 ᠯᠢᠦ ᠯᠣᠣ ᠵᠤᠸᠠᠩ ᠰᠤᠮᠤ》ᠶᠡᠬᠡ ᠬᠡᠮᠵᠢᠶᠡᠨ᠎ᠦ ᠳᠠᠢᠰᠤᠨ᠎ᠲᠠᠶ ᠦᠬᠦᠵᠦ᠍ ᠰᠡᠬᠡᠬᠦ᠌᠎ᠶ᠋ᠢᠨ ᠲᠡᠮᠡᠴᠡᠯ ᠬᠢᠵᠦ᠍᠂ ᠡᠴᠦᠰ᠎ᠲᠡᠬᠡᠨ《ᠨᠢᠭᠡ ᠴᠦ᠍ ᠪᠠᠭᠤᠵᠤ ᠥᠭ᠌ᠭᠦᠭ᠌ᠴᠢ ᠦᠭᠡᠢ᠂ ᠨᠢᠭᠡ ᠴᠦ᠍ ᠠᠮᠢ ᠵᠢᠭᠤᠳᠠᠭᠴᠢ ᠦᠭᠡᠢ》 ᠪᠠᠢᠪᠠ; ᠲᠠᠢ ᠡᠯ ᠵᠤᠸᠠᠩ᠎ᠤᠨ ᠶᠡᠬᠡ ᠢᠯᠠᠯᠲᠠ᠎ᠶ᠋ᠢᠨ ᠠᠷᠤ᠎ᠳᠤ 《ᠬᠡᠷᠡᠮ ᠪᠤᠯᠭᠠᠨ ᠳ᠋ᠦ ᠰᠤᠮᠤᠨ ᠨᠦᠬᠡ ᠲᠠᠢ᠂ ᠭᠠᠵᠠᠷ ᠪᠤᠯᠭᠠᠨ᠎ᠳᠤ ᠴᠢᠰᠤ ᠨᠦᠵᠢ ᠲᠠᠢ》 ᠤᠶᠠᠷᠠᠭᠤᠨ ᠵᠢᠪᠬᠤᠯᠠᠩ ᠪᠠᠢᠳᠠᠯᠪᠤᠢ ᠁ ᠮᠦ ᠴᠢᠩ᠄ 《ᠳᠤᠮᠳᠠᠳᠤ ᠤᠯᠤᠰ᠎ᠤᠨ ᠠᠷᠠᠳ ᠲᠦᠮᠡᠨ ᠶᠠᠭ ᠡᠳᠡᠭᠡᠷ ᠠᠭᠤᠤ ᠶᠡᠬᠡ ᠦᠨᠳᠦᠰᠦᠲᠡᠨ᠎ᠦ ᠨᠢᠷᠤᠭᠤ ᠲᠤᠯᠭᠠᠭᠤᠷᠢᠳᠤ ᠲᠦᠱᠢᠭ᠌ᠯᠡᠵᠦ᠍᠂ ᠲᠡᠳᠡᠨ᠎ᠦ ᠲᠡᠮᠡᠴᠡᠯ᠎ᠦᠨ ᠵᠣᠷᠢᠭ ᠰᠠᠨᠠᠭ᠎ᠠ᠎ᠳᠤ ᠲᠦᠱᠢᠭ᠌ᠯᠡᠭᠡᠳ ᠰᠠᠶᠢ ᠮᠥᠬᠥᠯ᠎ᠡᠴᠡ ᠮᠤᠯᠲᠤᠷᠠᠭ᠍ᠰᠠᠨ ᠶᠤᠮ》 ᠭᠡᠵᠦ ᠰᠡᠳᠬᠢᠯ ᠬᠦᠳᠡᠯᠦᠨ ᠬᠡᠯᠡᠵᠦ ᠦᠨᠭᠭᠡᠷᠡᠪᠡ᠃
ᠦᠨᠡᠰᠦᠨ ᠳᠤᠪᠷᠠᠭᠳᠡᠭᠡᠷᠡ ᠡᠷᠡᠰ ᠪᠠᠳᠤ ᠦᠷ᠎ᠡ ᠤᠷᠭᠤᠨ᠎ᠠ; ᠨᠤᠷᠠᠩᠬᠠᠶ ᠬᠡᠷᠡᠮ ᠳᠡᠭᠡᠷ᠎ᠡ ᠨᠤᠭᠤᠷᠠᠰᠢ ᠦᠭᠡᠢ ᠨᠢᠷᠤᠭᠤ ᠰᠦᠨᠳᠡᠷᠯᠡᠨ᠎ᠡ᠃ ᠤᠶᠤᠨ ᠰᠠᠨᠠᠭᠠᠨ᠎ᠤ ᠲᠠᠯ᠎ᠠ᠎ᠪᠠᠷ ᠪᠣᠰᠴᠤ᠌ ᠵᠣᠭ᠍ᠰᠣᠭ᠍ᠰᠠᠨ᠂ ᠬᠦᠴᠦᠷᠬᠡᠭ᠌ᠵᠢᠭ᠌ᠰᠡᠨ ᠦᠨᠳᠦᠰᠦᠲᠡᠨ ᠪᠣᠯ ᠢᠯᠠᠭ᠍ᠳᠠᠰᠢ ᠦᠭᠡᠢ ᠭᠡᠳᠡᠭ᠎ᠢ ᠲᠡᠳᠡᠭᠡᠷ ᠪᠠᠭᠠᠲᠤᠷᠯᠢᠭ ᠳᠠᠭᠤᠯᠠᠯ᠎ᠤᠳ ᠳᠡᠯᠡᠬᠡᠢ ᠳ᠋ᠡᠬᠢᠨ᠎ᠳᠤ ᠲᠤᠨᠭᠬᠠᠭᠯᠠᠪᠠ᠃ ᠶᠠᠫᠣᠨ᠎ᠢ ᠡᠰᠡᠷᠭᠦᠴᠡᠬᠦ᠌ ᠳᠠᠢ᠌ᠨ᠎ᠦ ᠰᠦᠷ ᠳᠠᠯᠠᠢᠴᠠᠲᠠᠢ ᠠᠬᠢᠴᠠ ᠳᠤᠮᠳᠠ᠂ ᠳᠤᠮᠳᠠᠳᠤ ᠤᠯᠤᠰ᠎ᠤᠨ ᠠᠷᠠᠳ ᠲᠦᠮᠡᠨ ᠶᠠᠫᠣᠨ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠪᠤᠢ ᠪᠣᠯᠭᠠᠵᠤ᠂ ᠳᠡᠯᠡᠬᠡᠢ ᠳ᠋ᠠᠬᠢᠨ᠎ᠳᠤ ᠤᠯᠤᠰ ᠬᠦᠷᠦᠨ ᠮᠠᠨᠳᠤᠵᠤ ᠮᠥᠬᠥᠬᠦ᠌᠎ᠳᠦ᠂ ᠬᠥᠮᠦᠨ ᠪᠦᠬᠦᠨ ᠬᠠᠷᠢᠭᠤᠴᠠᠯᠭ᠎ᠠ᠎ᠲᠠᠶ ᠪᠠᠢᠬᠤ ᠤᠯᠤᠰ᠎ᠢᠶᠠᠨ ᠬᠠᠢᠷᠠᠯᠠᠬᠤ ᠰᠡᠳᠭᠢᠯᠭᠡ᠂ ᠦᠬᠦᠬᠦ᠌᠎ᠶ᠋ᠢ ᠤᠨᠲᠠᠬᠤ᠎ᠶ᠋ᠢᠨ ᠲᠡᠳᠦᠢ᠎ᠪᠡᠷ ᠦᠵᠡᠬᠦ᠌᠂ ᠦᠬᠦᠬᠦ᠌᠎ᠡᠴᠡ ᠪᠢᠰᠢ ᠨᠤᠭᠤᠷᠠᠬᠤ ᠦᠭᠡᠢ ᠦᠨᠳᠦᠰᠦᠲᠡᠨ᠎ᠦ ᠴᠢᠩ ᠵᠣᠷᠢᠭ᠂ ᠬᠦᠴᠦᠷᠬᠡᠭ᠌ᠯᠡᠯ᠎ᠡᠴᠡ ᠠᠶᠤᠬᠤ ᠦᠭᠡᠢ᠂ ᠡᠴᠦᠰ᠎ᠲᠦᠨᠢ ᠲᠤᠯᠲᠠᠯ᠎ᠠ ᠴᠢᠰᠤᠨ ᠪᠠᠢᠯᠳᠤᠭᠠᠨ ᠬᠢᠬᠦ᠌ ᠪᠠᠭᠠᠲᠤᠷᠯᠢᠭ ᠰᠥᠰᠥ᠍ ᠵᠣᠷᠢᠭ᠂ ᠨᠤᠭᠤᠷᠠᠰᠢ ᠦᠭᠡᠢ ᠲᠡᠮᠡᠴᠡᠬᠦ᠌᠂ ᠱᠢᠨᠲᠠᠷᠠᠰᠢ ᠦᠭᠡᠢ ᠲᠡᠮᠡᠴᠡᠬᠦ᠌ ᠵᠠᠪᠠᠯ ᠢᠯᠠᠬᠤ ᠢᠲᠡᠭᠡᠯ ᠵᠣᠷᠢᠭ᠎ᠢ ᠬᠠᠷᠠᠭᠤᠯᠪᠠ᠃
《 ᠣᠮᠣᠭ ᠰᠦᠷ ᠪᠠᠳᠠᠷᠠᠵᠤ᠂ ᠥᠨᠢ ᠮᠥᠩᠬᠡ ᠣᠷᠣᠱᠢᠨ᠎ᠠ》᠃ ᠶᠠᠫᠣᠨ᠎ᠢ ᠡᠰᠡᠷᠭᠦᠴᠡᠬᠦ᠌ ᠠᠭᠤᠤ ᠶᠡᠬᠡ ᠲᠠᠢ᠌ᠨ᠎ᠦ ᠵᠣᠷᠢᠭ ᠰᠠᠨᠠᠭ᠎ᠠ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠡᠷᠬᠢᠮ ᠨᠠᠨᠳᠢᠨ ᠤᠶᠤᠨ ᠰᠠᠨᠠᠭᠠᠨ᠎ᠤ ᠥᠪ ᠬᠦᠷᠦᠨᠭ᠌ᠭᠡ ᠮᠥᠨ᠂ ᠳᠤᠮᠳᠠᠳᠤ ᠤᠯᠤᠰ᠎ᠤᠨ ᠠᠷᠠᠳ ᠲᠦᠮᠡᠨ᠎ᠦ ᠠᠯᠢᠪᠠ ᠬᠦᠴᠢᠷ ᠪᠡᠷᠬᠡᠱᠢᠶᠡᠯ ᠬᠠᠷᠰᠢ ᠰᠠᠭᠠᠳ᠎ᠢ ᠢᠯᠠᠨ ᠳᠠᠪᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠲᠡᠮᠡᠴᠡᠬᠦ᠌᠎ᠶ᠋ᠢ ᠡᠭᠦᠷᠢᠳᠡ ᠵᠣᠷᠢᠭ᠍ᠵᠢᠭᠤᠯᠬᠤ ᠪᠣᠯᠤᠨ᠎ᠠ᠃ ᠠᠭᠤᠯᠠ ᠤᠰᠤ᠎ᠪᠠᠷ ᠭᠡᠷᠡᠴᠢ ᠪᠣᠯᠭᠠᠵᠤ᠂ ᠵᠣᠷᠢᠭ ᠰᠠᠨᠠᠭ᠎ᠠ ᠪᠠᠯᠠᠷᠠᠰᠢ ᠦᠭᠡᠢ᠃ ᠣᠳᠣᠬᠠᠨ᠎ᠳᠤ᠂ ᠪᠢᠳᠡ ᠶᠠᠭ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠵᠠᠩᠭᠢᠯᠠᠭ᠎ᠠ᠎ᠶ᠋ᠢᠨ ᠴᠠᠭ ᠦᠶ᠎ᠡ᠎ᠳᠦ ᠣᠷᠣᠱᠢᠵᠤ ᠪᠠᠢᠨ᠎ᠠ᠃ ᠱᠢᠨ᠎ᠡ ᠠᠶᠠᠨ᠎ᠳᠤ ᠶᠠᠫᠣᠨ᠎ᠢ ᠡᠰᠡᠷᠭᠦᠴᠡᠬᠦ᠌ ᠲᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠪᠦᠯᠬᠦᠮᠳᠡᠨ ᠨᠢᠭᠡᠳᠬᠦ ᠤᠶᠤᠨ ᠰᠠᠨᠠᠭᠠᠨ᠎ᠤ ᠬᠣᠯᠪᠣᠭᠠᠰᠤ᠂ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ ᠤᠶᠤᠨ ᠰᠠᠨᠠᠭᠠᠨ᠎ᠤ ᠬᠥᠳᠡᠯᠭᠡᠬᠦ᠌ ᠬᠦᠴᠦᠨ᠎ᠢ ᠲᠠᠰᠤᠷᠠᠯᠳᠠ ᠦᠭᠡᠢ ᠴᠢᠩᠭᠠᠳᠭᠠᠬᠤ ᠪᠣᠯ ᠪᠢᠳᠡᠨ᠎ᠦ ᠱᠢᠨ᠎ᠡ ᠢᠯᠠᠯᠲᠠ᠎ᠶ᠋ᠢ ᠲᠠᠰᠤᠷᠠᠯᠳᠠ ᠦᠭᠡᠢ ᠲᠡᠮᠡᠴᠡᠨ ᠤᠯᠬᠤ᠎ᠶ᠋ᠢᠨ ᠴᠢᠬᠤᠯᠠ ᠡᠷᠳᠡᠨᠢ ᠮᠥᠨ᠃
ᠱᠢᠨ᠎ᠡ ᠠᠶᠠᠨ᠎ᠳᠤ᠂ ᠪᠢᠳᠡ ᠤᠯᠤᠰ᠎ᠢᠶᠠᠨ ᠬᠠᠢᠷᠠᠯᠠᠬᠤ ᠲᠤᠭ᠎ᠢ ᠥᠨᠳᠥᠷ ᠮᠠᠨᠳᠤᠭᠤᠯᠬᠤ ᠬᠡᠷᠡᠭ᠌ᠲᠡᠢ᠃ ᠤᠯᠤᠰ᠎ᠢᠶᠠᠨ ᠬᠠᠢᠷᠠᠯᠠᠬᠤ ᠦᠵᠡᠯ ᠡᠷᠲᠡᠨ᠎ᠡᠴᠡ ᠠᠪᠤᠭᠠᠳ ᠳᠤᠮᠳᠠᠳᠤ᠎ᠶ᠋ᠢᠨ ᠦᠨᠳᠦᠰᠦᠲᠡᠨ᠎ᠦ ᠠᠮᠢᠨ ᠰᠤᠳᠠᠰᠤᠨ᠎ᠳᠤ ᠤᠷᠤᠰᠴᠤ᠌ ᠪᠠᠢᠳᠠᠭ᠂ ᠢᠮᠠᠭ᠍ᠲᠠ ᠳᠤᠮᠳᠠᠳᠤ᠎ᠶ᠋ᠢᠨ ᠦᠨᠳᠦᠰᠦᠲᠡᠨ᠎ᠢ ᠪᠠᠲᠤ ᠪᠦᠯᠬᠦᠮᠳᠡᠭᠦᠯᠬᠦ᠌ ᠤᠶᠤᠨ ᠰᠠᠨᠠᠭᠠᠨ᠎ᠤ ᠬᠦᠴᠦᠨ ᠮᠥᠨ᠃ ᠤᠯᠤᠰ ᠣᠷᠣᠨ᠎ᠤ ᠠᠶᠤᠯ ᠲᠦᠭ᠌ᠰᠢᠭᠦᠷᠢ᠎ᠶ᠋ᠢᠨ ᠡᠮᠦᠨ᠎ᠡ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠬᠠᠯᠠᠭᠤᠨ ᠠᠮᠢ ᠪᠦᠯᠢᠶᠡᠨ ᠴᠢᠰᠤ᠎ᠪᠠᠷ᠎ᠢᠶᠠᠨ ᠪᠤᠯᠤᠳ ᠬᠡᠷᠡᠮ᠎ᠢ ᠴᠣᠭ᠍ᠴᠠᠯᠠᠪᠠ᠂ ᠤᠯᠤᠰ᠎ᠢᠶᠠᠨ ᠬᠠᠢᠷᠠᠯᠠᠬᠤ ᠦᠵᠡᠯ᠎ᠢᠶᠡᠷ ᠭᠣᠣᠯᠯᠠᠭᠤᠯᠤᠭ᠍ᠰᠠᠨ ᠠᠭᠤᠤ ᠶᠡᠬᠡ ᠦᠨᠳᠦᠰᠦᠲᠡᠨ᠎ᠦ ᠵᠣᠷᠢᠭ ᠰᠠᠨᠠᠭ᠎ᠠ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠠᠢ᠌ᠨ᠎ᠦ ᠢᠯᠠᠯᠲᠠ ᠤᠯᠬᠤ᠎ᠶ᠋ᠢᠨ ᠱᠢᠢᠳᠪᠦᠷᠢᠯᠡᠭ᠌ᠴᠢ ᠬᠦᠴᠦᠨ ᠵᠦᠢᠯ ᠮᠥᠨ᠃ ᠥᠨᠥᠳᠦᠷ᠂ ᠤᠯᠤᠰ᠎ᠢᠶᠠᠨ ᠬᠠᠢᠷᠠᠯᠠᠬᠤ ᠦᠵᠡᠯ᠎ᠦᠨ ᠲᠤᠭ᠎ᠤᠨ ᠳᠣᠣᠷ᠎ᠠ ᠪᠦᠯᠬᠦᠮᠳᠡᠵᠦ᠍᠂ ᠤᠯᠤᠰ᠎ᠢᠶᠠᠨ ᠬᠦᠴᠦᠷᠬᠡᠭ᠌ᠵᠢᠭᠦᠯᠬᠦ᠌ ᠵᠣᠷᠢᠭ ᠰᠠᠨᠠᠭ᠎ᠠ᠎ᠶ᠋ᠢ ᠡᠬᠡ ᠤᠯᠤᠰ᠎ᠤᠨ᠎ᠢᠶᠠᠨ ᠲᠥᠯᠥᠭᠡ ᠵᠢᠳᠬᠦᠬᠦ᠌ ᠠᠵᠢᠯᠯᠠᠭ᠎ᠠ ᠪᠣᠯᠭᠠᠨ ᠬᠤᠪᠢᠷᠠᠭᠤᠯᠵᠤ᠂ ᠲᠤᠰᠤᠯ᠎ᠤᠨ ᠳᠡᠳᠦᠢ ᠬᠦᠴᠦᠨ ᠴᠢᠳᠠᠯ᠎ᠢ ᠨᠢᠭ᠍ᠲᠠᠷᠠᠭᠤᠯᠵᠤ ᠪᠠᠢᠭᠠᠳ ᠶᠡᠬᠡ ᠬᠥᠭ᠌ᠵᠢᠯ ᠪᠠᠳᠠᠷᠠᠯ᠎ᠢ ᠪᠡᠶᠡᠯᠡᠭᠦᠯᠪᠡᠯ ᠲᠤᠭᠤᠯᠵᠤ ᠳᠡᠢᠯᠬᠦ᠌ ᠦᠭᠡᠢ ᠳᠠᠪᠠᠭ᠎ᠠ ᠭᠡᠵᠦ᠍ ᠦᠭᠡᠢ᠂ ᠪᠦᠲᠦᠭᠡᠵᠦ᠍ ᠳᠡᠢᠯᠬᠦ᠌ ᠦᠭᠡᠢ ᠶᠠᠪᠤᠳᠠᠯ ᠭᠡᠵᠦ᠍ ᠦᠭᠡᠢ ᠶᠤᠮ᠃
ᠱᠢᠨ᠎ᠡ ᠠᠶᠠᠨ᠎ᠳᠤ᠂ ᠪᠢᠳᠡ ᠵᠠᠪᠠᠯ ᠢᠯᠠᠬᠤ ᠢᠲᠡᠭᠡᠯ᠎ᠢᠶᠡᠨ ᠪᠠᠲᠤᠳᠭᠠᠬᠤ ᠬᠡᠷᠡᠭ᠌ᠲᠡᠢ᠃ ᠶᠠᠫᠣᠨ᠎ᠢ ᠡᠰᠡᠷᠭᠦᠴᠡᠬᠦ᠌ ᠲᠠᠢ᠌ᠨ᠎ᠦ ᠦᠶ᠎ᠡ᠎ᠳᠦ᠂ ᠳᠠᠢᠰᠤᠨ ᠮᠠᠨ᠎ᠤ ᠬᠣᠭᠣᠷᠣᠨᠳᠣᠬᠢ ᠬᠦᠴᠦᠨ᠎ᠦ ᠬᠠᠷᠢᠴᠠᠯ ᠬᠡᠴᠢᠨᠡᠨ ᠶᠡᠬᠡ ᠵᠥᠷᠢᠢ᠎ᠡ᠎ᠲᠡᠶ ᠪᠠᠢᠭ᠍ᠰᠠᠨ ᠴᠤ᠌᠂ ᠲᠠᠢ᠌ᠨ ᠬᠡᠴᠢᠨᠡᠨ ᠬᠠᠲᠠᠭᠤ ᠱᠢᠷᠦᠭᠦᠨ ᠪᠠᠢᠭ᠍ᠰᠠᠨ ᠴᠤ᠌᠂ ᠳᠤᠮᠳᠠᠳᠤ ᠤᠯᠤᠰ᠎ᠤᠨ ᠠᠷᠠᠳ ᠲᠦᠮᠡᠨ ᠨᠤᠲᠤᠭ ᠳᠡᠪᠢᠰᠭᠡᠷ᠎ᠢᠶᠡᠨ ᠡᠭᠡᠭᠦᠯᠦᠨ ᠠᠪᠬᠤ ᠡᠷᠡᠰ ᠵᠣᠷᠢᠭ ᠵᠢᠡᠨ ᠶᠡᠷᠦ᠍᠎ᠡᠴᠡ ᠭᠤᠢᠪᠢᠯᠵᠠᠭᠤᠯᠤᠭᠰᠠᠨ ᠥᠬᠡᠢ᠂ ᠶᠠᠫᠣᠨ᠎ᠢ ᠡᠰᠡᠷᠭᠦᠴᠡᠬᠦ᠌ ᠲᠠᠢ᠌ᠨ᠎ᠢ ᠡᠴᠦᠰ᠎ᠲᠦᠨᠢ ᠲᠤᠯᠲᠠᠯ᠎ᠠ ᠬᠢᠬᠦ᠌ ᠢᠲᠡᠭᠡᠯ ᠵᠣᠷᠢᠭ᠎ᠢ ᠡᠪᠦᠷᠯᠡᠭ᠌ᠰᠡᠭᠡᠷ ᠢᠷᠡᠵᠡᠢ᠃ ᠥᠨᠥᠳᠦᠷ᠂ ᠪᠢᠳᠡ ᠨᠡᠩ ᠴᠤ᠌《ᠰᠠᠯᠬᠢ ᠬᠥᠯᠭ᠌ᠡᠯᠡᠨ ᠳᠠᠪᠠᠯᠭᠠᠨ᠎ᠢ ᠵᠦᠰᠦᠬᠦ᠌》ᠢᠲᠡᠭᠡᠯ ᠵᠣᠷᠢᠭ᠎ᠢᠶᠠᠨ ᠪᠠᠲᠤᠳᠭᠠᠵᠤ᠂ 《ᠪᠠᠷᠠᠭᠠᠨ ᠡᠭᠦᠯᠡᠰ ᠬᠤᠢᠯᠠᠷᠠᠨ ᠥᠩᠭᠡᠷᠡᠪᠡᠴᠦ᠍ ᠲᠤᠬᠳᠠᠭᠤᠨ ᠲᠠᠢᠪᠤᠭᠤ ᠬᠡᠪᠵᠢᠡᠷ ᠪᠠᠢᠬᠤ》ᠲᠣᠭ᠍ᠲᠠᠯ ᠬᠦᠴᠦᠨ᠎ᠢᠶᠡᠨ ᠪᠠᠲᠤᠯᠠᠵᠤ᠂ 《ᠳᠦᠷᠢᠮᠡᠬᠡᠢᠯᠡᠭᠴᠢᠳᠢ ᠢᠯᠠᠬᠤ ᠦᠭᠡᠢ ᠪᠣᠯ ᠶᠠᠭᠠᠬᠢᠭᠰᠠᠨ ᠴᠦ᠍ ᠪᠤᠴᠠᠬᠤ ᠦᠭᠡᠢ》 ᠡᠷᠡᠰ ᠵᠣᠷᠢᠭᠵᠢᠡᠷ᠂ ᠲᠣᠭ᠍ᠲᠠᠭ᠍ᠰᠠᠨ ᠬᠠᠷᠠᠯᠲᠠᠲᠡᠢᠰᠢ ᠪᠠᠨ ᠡᠷᠡᠯᠬᠡᠭ᠌ᠯᠡᠨ ᠤᠷᠤᠭ᠍ᠰᠢᠯᠠᠬᠤ ᠬᠡᠷᠡᠭ᠌ᠲᠡᠢ᠃
ᠱᠢᠨ᠎ᠡ ᠠᠶᠠᠨ᠎ᠳᠤ᠂ ᠪᠢᠳᠡ ᠡᠷᠡᠰ ᠬᠠᠲᠠᠭᠤ ᠲᠡᠮᠡᠴᠡᠯ᠎ᠦᠨ ᠡᠷᠴᠢ ᠵᠣᠷᠢᠭ᠎ᠢ ᠬᠥᠭ᠌ᠵᠢᠬᠡᠨ ᠪᠠᠳᠠᠷᠠᠭᠤᠯᠬᠤ ᠬᠡᠷᠡᠭ᠌ᠲᠡᠢ᠃ ᠳᠤᠮᠳᠠᠳᠤ ᠤᠯᠤᠰ᠎ᠤᠨ ᠠᠷᠠᠳ ᠲᠦᠮᠡᠨ ᠬᠦᠴᠦᠷᠬᠡᠭ ᠳᠠᠢᠰᠤᠨ᠎ᠡᠴᠡ ᠰᠦᠷᠳᠡᠬᠦ᠌ ᠦᠭᠡᠢ᠂ ᠦᠷᠡᠭ᠌ᠳᠡᠯ ᠰᠦᠢᠳᠦᠯ᠎ᠡᠴᠡ ᠠᠶᠤᠬᠤ ᠦᠭᠡᠢ᠂ ᠦᠨᠳᠦᠰᠦᠲᠡᠨ᠎ᠦ ᠲᠤᠰᠠᠭᠠᠷ ᠲᠣᠭ᠍ᠲᠠᠨᠢᠯ ᠪᠠ ᠨᠡᠷ᠎ᠡ ᠬᠦᠨᠳᠦ᠍᠎ᠶ᠋ᠢ ᠡᠷᠡᠰ ᠬᠠᠮᠠᠭᠠᠯᠠᠵᠤ᠂ ᠡᠷᠡᠰ ᠪᠠᠲᠤ ᠬᠠᠳᠠᠨ ᠵᠣᠷᠢᠭ ᠪᠠ ᠲᠥᠪ ᠴᠢᠬᠡᠴᠢ ᠵᠤᠷᠢᠭ ᠰᠠᠨᠠᠭ᠎ᠠ᠎ᠶ᠋ᠢ ᠢᠯᠡᠷᠡᠭᠦᠯᠪᠡ᠃ ᠥᠨᠥᠳᠦᠷ᠂ ᠲᠤᠬ᠍ᠰᠢᠨ ᠰᠠᠯᠬᠢ ᠱᠢᠷᠦᠭᠦᠨ ᠪᠣᠷᠣᠭᠠᠨ᠂ ᠠᠶᠤᠯ ᠲᠦᠭᠰᠢᠬᠦᠷᠢ ᠵᠢᠨ ᠡᠮᠦᠨ᠎ᠡ᠂ ᠪᠢᠳᠡ ᠭᠠᠵᠢᠭᠤ᠎ᠶ᠋ᠢ ᠢᠲᠡᠭᠡᠬᠦ᠌ ᠦᠭᠡᠢ᠂ ᠴᠢᠳᠬᠥᠷ᠎ᠡᠴᠡ ᠠᠶᠤᠬᠤ ᠦᠭᠡᠢ᠂ ᠳᠠᠷᠤᠯᠲᠠ᠎ᠡᠴᠡ ᠠᠶᠤᠬᠤ ᠦᠭᠡᠢ᠂ ᠵᠣᠷᠢᠭ᠍ᠲᠠᠢ ᠲᠡᠮᠡᠴᠡᠬᠦ᠌᠂ ᠴᠢᠳᠠᠮᠠᠭᠠᠢ ᠲᠡᠮᠡᠴᠡᠬᠦ ᠡᠷᠡᠰ ᠴᠢᠩᠭ᠎ᠠ ᠵᠤᠷᠢᠭ ᠰᠦᠰᠦ᠂ ᠲᠡᠮᠤᠷ ᠮᠡᠳᠦ ᠬᠠᠳᠠᠭᠤ ᠡᠷᠳᠡᠮ ᠴᠢᠳᠡᠪᠦᠷᠢ ᠵᠢ ᠲᠠᠪᠳᠠᠨ ᠪᠤᠯᠪᠠᠰᠤᠷᠠᠭᠤᠯᠳᠠᠭ ᠯᠡ ᠶᠤᠮ ᠪᠤᠯ ᠯᠠᠪᠲᠠᠢ ᠡᠷᠡᠰ ᠬᠠᠲᠠᠭᠤ ᠲᠡᠮᠡᠴᠡᠯ ᠵᠢᠡᠷ ᠳᠠᠮᠵᠢᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠣᠷᠣᠨ ᠵᠠᠢ᠎ᠶ᠋ᠢ ᠨᠡᠭᠡᠭᠡᠵᠦ᠍ ᠴᠢᠳᠠᠨ᠎ᠠ᠃
ᠱᠢᠨ᠎ᠡ ᠠᠶᠠᠨ᠎ᠳᠤ᠂ ᠪᠢᠳᠡ ᠪᠣᠳᠠᠲᠠᠢ ᠠᠵᠢᠯᠯᠠᠬᠤ ᠵᠣᠷᠢᠭ ᠰᠠᠨᠠᠭ᠎ᠠ᠎ᠶ᠋ᠢ ᠪᠠᠳᠠᠷᠠᠭᠤᠯᠬᠤ ᠬᠡᠷᠡᠭ᠌ᠲᠡᠢ᠃ ᠶᠠᠫᠣᠨ᠎ᠢ ᠡᠰᠡᠷᠭᠦᠴᠡᠬᠦ᠌ ᠳᠠᠢᠨ ᠤ᠋ ᠣᠨ ᠵᠢᠯ ᠳ᠋ᠤ 《ᠨᠢᠭᠡ ᠵᠡᠭᠡᠲᠦᠦ ᠨᠢᠭᠡ ᠫᠤᠤ》 ᠪᠡᠷ《ᠱᠠᠨᠰᠢ᠎ᠶ᠋ᠢᠨ ᠬᠣᠢᠲᠤ ᠬᠡᠰᠡᠭ ᠤ᠋ᠨ ᠵᠢᠶᠠᠩᠨᠠᠨ》᠎ᠢ᠋ ᠬᠠᠭᠠᠯᠪᠤᠷᠢᠯᠠᠵᠤ ᠭᠠᠷᠭᠠᠨ᠂ ᠥᠭᠡᠷᠡᠴᠢᠯᠡᠯᠲᠡ ᠨᠡᠭᠡᠭᠡᠯᠳᠠ᠎ᠶ᠋ᠢᠨ ᠬᠤᠭᠤᠴᠠᠭᠠᠨ᠎ᠳᠤ 《 ᠭᠤᠷᠪᠠᠨ ᠡᠳᠦᠷ ᠲᠤ᠌ ᠨᠢᠭᠡ ᠳᠠᠪᠬᠤᠷ ᠠᠰᠠᠷ》 ᠪᠠᠷᠢᠵᠤ 《ᠱᠧᠨᠵᠧᠨ᠎ᠦ ᠬᠤᠷᠳᠤᠴᠠ》 ᠵᠢ ᠢᠯᠡᠷᠡᠭᠦᠯᠵᠦ᠍᠂ ᠱᠢᠨ᠎ᠡ ᠴᠠᠭ ᠦᠶ᠎ᠡ᠎ᠳᠦ《ᠪᠦᠬᠦ᠌ ᠲᠠᠯ᠎ᠠ᠎ᠶ᠋ᠢᠨ ᠢᠯᠠᠯᠲᠠ ᠵᠢ ᠲᠡᠮᠡᠴᠡᠨ ᠤᠯᠬᠤ ᠡᠴᠡ ᠨᠠᠭᠠᠰᠢ ᠶᠠᠭᠠᠬᠢᠭ᠍ᠰᠠᠨ ᠴᠤ᠌ ᠴᠡᠷᠢᠭ᠎ᠢᠶᠡᠨ ᠲᠠᠲᠠᠬᠤ ᠦᠭᠡᠢ》ᠵᠤᠷᠢᠭ ᠰᠠᠨᠠᠭ᠎ᠠ ᠪᠡᠷ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠲᠡᠮᠡᠴᠡᠨ ᠤᠯᠪᠠ᠂ ᠠᠯᠢᠪᠠ ᠠᠮᠵᠢᠯᠲᠠ᠎ᠶ᠋ᠢ ᠴᠥᠮ ᠲᠡᠮᠡᠴᠡᠵᠦ᠍ ᠪᠠᠢᠭᠠᠳ ᠣᠯᠤᠭ᠍ᠰᠠᠨ ᠶᠤᠮ᠂ ᠬᠢᠵᠤ ᠪᠠᠢᠭᠠᠳ ᠤᠯᠤᠭᠰᠠᠨ ᠶᠤᠮ᠃ ᠨᠢᠭᠡ ᠨᠢᠭᠡ ᠠᠯᠬᠤᠮ᠎ᠢᠶᠠᠷ ᠶᠠᠪᠤᠵᠤ᠂ ᠨᠢᠭᠡ ᠨᠢᠭᠡ ᠠᠵᠢᠯ ᠵᠢᠡᠷ ᠬᠢᠵᠤ᠂ ᠦᠨᠡᠨ ᠪᠣᠳᠠᠲᠠᠶ ᠠᠵᠢᠯᠯᠠᠪᠠᠯ ᠪᠢᠳᠡ ᠳᠠᠷᠤᠶ ᠦᠨᠡᠨ ᠪᠣᠳᠠᠲᠠᠶ ᠱᠢᠨ᠎ᠡ ᠠᠮᠵᠢᠯᠲᠠ ᠪᠦᠲᠦᠮᠵᠢ ᠭᠠᠷᠭᠠᠵᠤ᠂ ᠰᠠᠢᠨ ᠰᠠᠢᠬᠠᠨ ᠵᠢᠷᠤᠭ ᠲᠥᠰᠦᠪ᠎ᠢ ᠪᠣᠳᠠᠲᠤ ᠠᠬᠤᠶ ᠪᠣᠯᠭᠠᠨ ᠬᠤᠪᠢᠷᠠᠭᠤᠯᠵᠤ ᠴᠢᠳᠠᠨ᠎ᠠ᠃
《ᠶᠠᠫᠣᠨ᠎ᠢ ᠡᠰᠡᠷᠭᠦᠴᠡᠬᠦ᠌ ᠲᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠦᠶ᠎ᠡ᠎ᠶ᠋ᠢᠨ ᠦᠶ᠎ᠡ᠎ᠳᠦ ᠤᠯᠠᠮᠵᠢᠯᠠᠬᠤ ᠬᠡᠷᠡᠭ᠌ᠲᠡᠢ》᠂ ᠶᠡᠷᠦᠩᠬᠡᠢ ᠱᠦᠵᠢ ᠰᠢ ᠵᠢᠨ ᠫᠢᠩ᠎ᠦᠨ ᠤᠷᠢᠶᠠᠯᠠᠭ᠎ᠠ ᠨᠢ ᠥᠩᠭᠡᠷᠡᠭ᠌ᠰᠡᠨ᠎ᠢᠶᠡᠷ ᠲᠤᠯᠢ ᠪᠣᠯᠭᠠᠵᠤ ᠢᠷᠡᠭᠡᠳᠦᠢ᠎ᠶ᠋ᠢ ᠵᠢᠭᠠᠵᠤ᠂ ᠬᠥᠮᠦᠰ᠎ᠢ ᠵᠣᠷᠢᠭ᠍ᠵᠢᠭᠤᠯᠤᠨ ᠤᠷᠤᠭ᠍ᠰᠢᠯᠠᠭᠤᠯᠤᠨ᠎ᠠ᠃ ᠤᠨᠲᠠᠷᠠᠰᠢ ᠦᠭᠡᠢ ᠭᠠᠯ ᠪᠠᠮᠪᠠᠷ᠂ ᠥᠨᠳᠥᠷ ᠮᠠᠨᠳᠤᠭᠰᠠᠨ ᠤᠯᠠᠭᠠᠨ ᠲᠤᠭ ᠰᠢᠭ᠋᠂ ᠶᠠᠫᠣᠨ᠎ᠢ ᠡᠰᠡᠷᠭᠦᠴᠡᠬᠦ᠌ ᠳᠠᠢ᠌ᠨ᠎ᠦ ᠠᠭᠤᠤ ᠶᠡᠬᠡ ᠵᠣᠷᠢᠭ ᠰᠠᠨᠠᠭ᠎ᠠ ᠨᠢ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠤᠷᠳᠤ ᠠᠶᠠᠨ᠎ᠢ ᠬᠡᠷᠡᠯᠳᠦᠬᠦᠯᠦᠨ ᠭᠡᠢᠭᠦᠯᠵᠦ᠍᠂ ᠢᠮᠠᠭ᠍ᠲᠠ ᠪᠢᠳᠡᠨ᠎ᠦ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠬᠤ᠂ ᠵᠠᠮ ᠨᠡᠭᠡᠭᠡᠨ ᠤᠷᠤᠭ᠍ᠰᠢᠯᠠᠬᠤ ᠬᠦᠴᠦᠨ ᠴᠢᠳᠠᠯ᠎ᠤᠨ ᠡᠬᠢ ᠪᠤᠯᠠᠭ ᠪᠣᠯᠬᠤ ᠶᠤᠮ᠃
(ᠲᠦᠷᠪᠡ)
ᠬᠥᠮᠦᠨ ᠲᠥᠷᠥᠯᠬᠢᠲᠡᠨ᠎ᠦ ᠲᠠᠢ᠌ᠨ᠎ᠦ ᠲᠡᠦᠬᠡᠨ ᠳᠡᠭᠡᠷ᠎ᠡ ᠡᠢᠮᠦ᠍ ᠰᠦᠷ ᠳᠠᠯᠠᠢᠴᠠᠲᠠᠢ ᠬᠠᠭᠤᠳᠠᠰᠤ ᠢᠯᠡᠷᠡᠵᠤ ᠦᠩᠬᠡᠷᠡᠭᠰᠡᠨ ᠦᠦ? ᠡᠮᠦᠨ᠎ᠡ ᠹᠷᠣᠨᠲ ᠲᠤ᠌ ᠳᠠᠷᠤᠭ᠎ᠠ ᠪᠠᠢᠯᠳᠤᠭ᠍ᠴᠢᠳ ᠡᠷᠡᠯᠬᠡᠭ᠌ᠯᠡᠨ ᠪᠠᠢᠯᠳᠤᠵᠤ᠂ ᠨᠤᠲᠤᠭ ᠳᠡᠪᠢᠰᠭᠡᠷ᠎ᠢᠶᠡᠨ ᠬᠠᠮᠠᠭᠠᠯᠠᠬᠤ᠎ᠶ᠋ᠢᠨ ᠲᠥᠯᠥᠭᠡ ᠲᠠᠢ᠌ᠨ᠎ᠦ ᠲᠠᠯᠠᠪᠤᠷ᠎ᠲᠤ ᠴᠢᠰᠤ ᠤᠷᠤᠰᠬᠠᠪᠠ; ᠠᠷᠠᠳ ᠲᠦᠮᠡᠨ ᠢᠳᠡᠪᠬᠢᠲᠡᠢ᠎ᠪᠡᠷ ᠡᠮᠦᠨ᠎ᠡ ᠹᠷᠣᠨᠲ ᠢ᠋ ᠲᠤᠰᠠᠯᠠᠵᠤ᠂ ᠶᠠᠫᠣᠨ ᠳᠡᠭᠡᠷᠡᠮᠴᠢᠳ ᠲᠠᠢ ᠲᠡᠮᠡᠴᠡᠬᠦ ᠪᠡᠷ ᠡᠵᠢ ᠨᠢ ᠬᠦᠦ ᠪᠠᠨ ᠲᠠᠢᠨ ᠳ᠋ᠤ ᠮᠤᠷᠳᠠᠭᠤᠯᠵᠤ᠂ ᠡᠬᠡᠨᠡᠷ ᠨᠢ ᠡᠷ᠎ᠡ ᠨᠦᠬᠦᠷ᠎ᠢᠶᠡᠨ ᠳᠠᠢᠨ᠎ᠤ ᠲᠠᠯᠠᠪᠤᠷ᠎ᠲᠤ ᠬᠦᠷᠭᠡᠵᠦ᠍᠂ ᠡᠷᠡᠭ᠌ᠲᠡᠶ ᠡᠮᠡᠭ᠌ᠲᠡᠶ ᠬᠥᠭ᠌ᠰᠢᠨ ᠵᠠᠯᠠᠭᠤ ᠪᠦᠬᠦᠳᠡᠬᠡᠷ ᠬᠦᠳᠡᠯᠦᠯᠴᠡᠪᠡ; ᠰᠣᠨᠢᠨ ᠮᠡᠳᠡᠭᠡᠨ᠎ᠦ ᠵᠠᠭᠤᠴᠢᠯᠠᠭᠤᠷ᠎ᠤᠨ ᠬᠢᠨ ᠪᠢᠷ᠎ᠢᠶᠡᠷ ᠵᠡᠪᠰᠡᠭ ᠪᠣᠯᠭᠠᠵᠤ᠂ ᠪᠡᠬᠡᠰ᠎ᠢᠶᠡᠷ ᠰᠤᠮᠤ ᠪᠣᠯᠭᠠᠵᠤ᠂ 《ᠶᠠᠷᠢᠶ᠎ᠠ ᠬᠡᠯᠡᠯᠴᠡᠭᠡᠨ᠎ᠦ ᠤᠷᠳᠤ ᠴᠠᠭᠠᠨ ᠬᠡᠷᠡᠮ 》 ᠢ᠋ ᠴᠣᠭ᠍ᠴᠠᠯᠠᠪᠠ; ᠪᠠᠷᠠᠭᠤᠨ ᠡᠮᠦᠨᠡᠲᠦ᠍᠎ᠶ᠋ᠢᠨ ᠬᠣᠯᠪᠣᠭᠠᠲᠤ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ ᠳᠠᠢᠰᠤᠨ᠎ᠤ ᠨᠢᠰᠭᠡᠯ᠎ᠦᠨ ᠳᠡᠯᠪᠡᠴᠢᠯᠲᠡ ᠳᠤᠮᠳᠠ ᠱᠢᠨᠵᠢᠯᠡᠬᠦ᠌ ᠤᠬᠠᠭᠠᠨ ᠰᠣᠶᠣᠯ᠎ᠢ ᠤᠯᠠᠮᠵᠢᠯᠠᠵᠤ᠂ ᠦᠨᠳᠦᠰᠦᠲᠡᠨ᠎ᠦ ᠰᠣᠶᠣᠯ᠎ᠤᠨ ᠰᠤᠳᠠᠰᠤ᠎ᠶ᠋ᠢ ᠬᠠᠮᠠᠭᠠᠯᠠᠪᠠ; ᠭᠠᠳᠠᠭᠠᠳᠤ᠎ᠳᠤ ᠰᠠᠭᠤᠭ᠎ᠠ ᠳᠤᠮᠳᠠᠳᠤ᠎ᠶ᠋ᠢᠨ ᠬᠠᠷᠢᠶᠠᠲᠤ ᠠᠬ᠎ᠠ ᠳᠡᠭᠦᠦ᠍᠎ᠨᠡᠷ ᠬᠣᠢᠨ᠎ᠠ ᠬᠣᠢᠨ᠎ᠠ᠎ᠡᠴᠡ᠎ᠪᠠᠨ ᠵᠣᠭᠣᠰ ᠮᠥᠩᠭᠥ᠌ ᠡᠳ᠋ ᠪᠣᠳᠠᠰ ᠬᠠᠨᠳᠢᠪᠯᠠᠵᠤ᠂ ᠡᠮᠦᠨᠡᠲᠦ ᠳᠠᠯᠠᠢ᠎ᠶ᠋ᠢᠨ ᠮᠠᠱᠢᠨ᠎ᠤ ᠠᠵᠢᠯᠴᠢᠳ ᠲᠠᠢᠨ᠎ᠤ ᠭᠠᠯ᠎ᠢ ᠰᠢᠪᠳᠤᠯᠵᠤ᠌ ᠠᠮᠢ ᠨᠠᠰᠤ᠎ᠪᠠᠷ᠎ᠢᠶᠠᠨ ᠡᠳ᠋ ᠪᠣᠳᠠᠰ ᠬᠦᠷᠭᠡᠪᠡ ᠁ ᠬᠦᠴᠦᠷᠬᠡᠭ ᠳᠠᠢᠰᠤᠨ ᠢᠷᠡᠭᠰᠡᠨ᠎ᠳᠤ᠂ ᠳᠤᠮᠳᠠᠳᠤ᠎ᠶ᠋ᠢᠨ ᠪᠦᠬᠦ ᠬᠥᠪᠡᠭᠦᠳ ᠥᠬᠢᠳ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠭᠠᠳᠠᠭᠠᠳᠤ᠎ᠶ᠋ᠢᠨ ᠳᠠᠷᠤᠯᠠᠯ᠎ᠢ ᠬᠠᠮᠲᠤ᠎ᠪᠠᠷ ᠡᠰᠡᠷᠭᠦᠴᠡᠵᠦ᠍᠂ ᠪᠦᠬᠦ᠌ ᠦᠨᠳᠦᠰᠦᠲᠡᠨ᠎ᠦ ᠶᠠᠫᠣᠨ᠎ᠢ ᠡᠰᠡᠷᠭᠦᠴᠡᠬᠦ᠌ ᠳᠠᠢ᠌ᠨ᠎ᠦ ᠬᠦᠴᠦᠲᠦ ᠤᠷᠤᠰᠭᠠᠯ᠎ᠢ ᠪᠤᠢ ᠪᠣᠯᠭᠠᠪᠠ᠃
《 ᠥᠩᠭᠡᠷᠡᠭ᠌ᠰᠡᠨ᠎ᠳᠦ ᠵᠥᠪᠬᠡᠨ ᠨᠢᠭᠡ ᠬᠡᠰᠡᠭ ᠥᠩ ᠱᠢᠮᠡᠯᠢᠭ ᠬᠥᠷᠥᠰᠥ᠍ ᠱᠢᠷᠣᠢ᠂ ᠡᠷᠴᠢᠮ ᠦᠬᠡᠢ ᠲᠡᠬᠡᠰᠦ ᠰᠢᠭ ᠪᠤᠳᠠᠷᠠᠮᠠᠯ ᠡᠯᠡᠰᠦ ᠬᠡᠮᠡᠷ ᠮᠥᠬᠥᠭ᠌ᠰᠡᠨ ᠳᠤᠮᠳᠠᠳᠤ ᠤᠯᠤᠰ ᠪᠠᠢᠵᠠᠢ᠂ ᠤᠳᠤ ᠴᠢᠰᠤ ᠮᠢᠬ᠎ᠠ᠎ᠲᠠᠶ ᠠᠮᠢᠳᠤ ᠳᠤᠮᠳᠠᠳᠤ ᠤᠯᠤᠰ ᠪᠣᠯᠵᠠᠢ》 ᠭᠡᠵᠤ 《 7·7 》 ᠤ᠋ ᠬᠡᠷᠡᠭ ᠬᠤᠪᠢᠰᠤᠯ᠎ᠤᠨ ᠬᠣᠶᠠᠷ ᠵᠢᠯ᠎ᠦᠨ ᠤᠢ᠎ᠶ᠋ᠢ ᠳᠤᠷᠠᠰᠭᠠᠬᠤ ᠲᠡᠷᠡ ᠡᠳᠦᠷ ᠵᠦ᠍ ᠽᠢ ᠴᠢᠩ ᠭᠦᠨ ᠲᠦᠷᠦᠭ᠌ᠳᠡᠯ᠎ᠲᠡᠶ ᠪᠡᠷ ᠡᠢᠨ ᠬᠦ᠌ ᠪᠢᠴᠢᠵᠤ ᠪᠢᠯᠡ᠃ ᠦᠨᠳᠦᠰᠦᠲᠡᠨ ᠮᠥᠬᠥᠵᠦ᠍ ᠰᠥᠨᠥᠬᠦ᠌ ᠵᠢᠨ ᠵᠠᠩᠭᠢᠯᠠᠭ᠎ᠠ᠎ᠶ᠋ᠢᠨ ᠦᠶ᠎ᠡ᠎ᠳᠦ᠂ ᠳᠤᠮᠳᠠᠳᠤ ᠤᠯᠤᠰ᠎ᠤᠨ ᠠᠷᠠᠳ ᠲᠦᠮᠡᠨ ᠤᠷᠢᠳ ᠡᠮᠦᠨ᠎ᠡ ᠪᠠᠢᠭ᠎ᠠ ᠦᠭᠡᠢ ᠰᠡᠬᠡᠭᠡᠷᠡᠵᠦ᠍᠂ ᠦᠨᠳᠦᠰᠦᠲᠡᠨ᠎ᠦ ᠬᠦᠴᠦᠨ ᠤᠷᠢᠳ ᠡᠮᠦᠨ᠎ᠡ ᠪᠠᠢᠭ᠎ᠠ ᠦᠭᠡᠢ ᠨᠢᠭ᠍ᠲᠠᠷᠠᠵᠤ᠂ ᠬᠠᠯᠠ ᠵᠣᠪᠠᠯᠠᠩ᠎ᠢ ᠬᠠᠱᠢᠷᠠᠲᠠᠯ᠎ᠠ ᠠᠮᠰᠠᠭ᠍ᠰᠠᠨ ᠡᠷᠲᠡᠨ᠎ᠦ ᠦᠨᠳᠦᠰᠦᠲᠡᠨ ᠬᠦᠴᠦᠷᠬᠡᠭ ᠶᠡᠬᠡ ᠠᠮᠢᠵᠢᠷᠠᠯ᠎ᠤᠨ ᠬᠦᠴᠦᠨ ᠢ᠋ ᠪᠠᠳᠠᠷᠠᠭᠤᠯᠪᠠ᠃ ᠶᠠᠭ ᠮᠠᠤ ᠽᠸ ᠳ᠋ᠦᠩ ᠨᠥᠬᠥᠷ᠎ᠦᠨ ᠬᠡᠯᠡᠭ᠌ᠰᠡᠨᠴᠢᠯᠡᠨ᠄ 《ᠡᠨᠡ ᠬᠦ᠌ ᠲᠠᠢ᠌ᠨ ᠤ᠋ ᠳᠤᠮᠳᠠᠳᠤ ᠤᠯᠤᠰ᠎ᠤᠨ ᠠᠷᠠᠳ ᠲᠦᠮᠡᠨ᠎ᠦ ᠤᠬᠠᠮᠰᠠᠷ ᠪᠠ ᠪᠦᠯᠬᠦᠮᠳᠡᠯ᠎ᠢ ᠠᠬᠢᠭᠤᠯᠤᠭ᠍ᠰᠠᠨ ᠬᠡᠮᠵᠢᠶ᠎ᠠ ᠨᠢ ᠤᠢ᠍ᠢᠷ᠎ᠠ᠎ᠶ᠋ᠢᠨ ᠵᠠᠭᠤᠭᠠᠳ ᠵᠢᠯ᠎ᠦᠨ ᠲᠤᠷᠱᠢᠬᠢ ᠳᠤᠮᠳᠠᠳᠤ ᠤᠯᠤᠰ᠎ᠤᠨ ᠠᠷᠠᠳ ᠲᠦᠮᠡᠨ᠎ᠦ ᠠᠯᠢ ᠨᠢᠭᠡ ᠤᠳᠠᠭ᠎ᠠ ᠵᠢᠨ ᠠᠭᠤᠤ ᠶᠡᠬᠡ ᠲᠡᠮᠡᠴᠡᠯ ᠴᠦ᠍ ᠳᠠᠪᠠᠵᠤ ᠳᠡᠢᠯᠬᠦ ᠦᠭᠡᠢ》᠃
ᠳᠤᠮᠳᠠᠳᠤ᠎ᠶ᠋ᠢᠨ ᠦᠨᠳᠦᠰᠦᠲᠡᠨ ᠬᠠᠮᠤᠭ᠎ᠤᠨ ᠲᠦᠭᠰᠢᠬᠦᠷᠢᠳᠤ ᠦᠶ᠎ᠡ᠎ᠳᠦ᠂ ᠤᠯᠠᠨ ᠵᠢᠯ ᠨᠣᠢᠷᠰᠤᠭ᠍ᠰᠠᠨ ᠳᠣᠷᠣᠨᠠᠳᠠᠬᠢᠨ᠎ᠤ 《ᠠᠷᠰᠯᠠᠨ》 ᠡᠴᠦᠰ᠎ᠲᠡᠬᠡᠨ ᠠᠶᠤᠩᠭ᠎ᠠ ᠨᠢᠵᠢᠭᠢᠨᠡᠭ᠌ᠰᠡᠨ ᠮᠡᠲᠦ ᠬᠢᠯᠢᠩᠨᠡᠨ ᠠᠷᠬᠢᠷᠠᠵᠤ ᠪᠤᠰᠪᠠ᠃ ᠲᠢᠶᠠᠨ ᠬᠠᠨ ᠦᠭᠡ ᠵᠢ ᠪᠢᠴᠢᠵᠤ᠂ ᠨᠢᠶᠸ ᠡᠯ ᠠᠶ᠎ᠠ ᠵᠢ ᠨᠢ ᠵᠣᠬᠢᠶᠠᠭ᠍ᠰᠠᠨ《ᠵᠢᠷᠤᠮ᠎ᠤᠨ ᠴᠡᠷᠢᠭ᠎ᠦᠨ ᠤᠷᠤᠭ᠍ᠰᠢᠯᠠᠯᠲᠠ᠎ᠶ᠋ᠢᠨ ᠳᠠᠭᠤᠤ》 ᠪᠠᠢᠯᠳᠤᠭᠠᠨ᠎ᠤ ᠤᠷᠢᠶ᠎ᠠ ᠵᠢ ᠬᠠᠩᠭᠢᠨᠠᠭᠤᠯᠪᠠ᠄
《 ᠪᠣᠰᠴᠠᠭ᠎ᠠ! ᠪᠣᠭᠣᠯ ᠪᠣᠯᠬᠤ ᠳᠤᠷ᠎ᠠ ᠦᠭᠡᠢ ᠬᠥᠮᠦᠰ ᠡ!》᠂ ᠠᠢ ᠴᠢᠩ 《ᠲᠡᠷᠡ ᠪᠤᠰᠴᠤ ᠵᠤᠬᠰᠤᠯ᠎ᠠ》 ᠭᠡᠬᠦ᠌ ᠱᠢᠯᠦᠭᠲᠡᠬᠡᠨ᠄ 《ᠡᠷᠬᠡᠪᠰᠢ ᠳᠠᠢᠰᠤᠨ᠎ᠤ ᠦᠬᠦᠯ᠎ᠢᠶᠡᠷ ᠪᠢᠳᠡᠨ ᠤ᠋ ᠤᠷᠤᠰᠢᠨ ᠲᠤᠬᠳᠠᠨᠢᠯ᠎ᠢᠶᠡᠨ ᠪᠤᠯᠢᠶᠠᠵᠤ ᠠᠪᠴᠢᠷᠠᠬᠤ ᠬᠡᠷᠡᠭ᠌ᠲᠡᠢ》 ᠭᠡᠪᠡ᠂ ᠮᠤ᠌ ᠳ᠋ᠠᠨ ᠳᠤᠮᠳᠠᠳᠤ ᠤᠯᠤᠰ᠎ᠤᠨ ᠠᠷᠠᠳ ᠲᠦᠮᠡᠨ᠎ᠳᠦ ᠭᠦᠨ ᠰᠡᠳᠭᠢᠯᠭᠡ ᠲᠠᠢ ᠮᠠᠭᠳᠠᠭᠠᠯ ᠪᠢᠴᠢᠵᠤ ᠦᠭᠴᠠᠢ᠄ 《ᠪᠢ ᠴᠢᠰᠤ᠎ᠲᠠᠶ ᠭᠠᠷᠢᠶᠡᠷᠢᠶᠠᠨ ᠨᠢᠬᠡ ᠨᠢᠬᠡ ᠪᠡᠷ ᠲᠠᠨᠤᠰ᠎ᠲᠠᠶ ᠲᠡᠪᠡᠷᠢᠯᠴᠡᠨᠡ᠂ ᠤᠴᠢᠷ ᠨᠢ ᠨᠢᠭᠡ ᠦᠨᠳᠦᠰᠦᠲᠡᠨ ᠨᠢᠭᠡᠨᠲᠡ ᠪᠣᠰᠴᠤ ᠵᠤᠭᠰᠤᠪᠠ》᠂ ᠶᠠᠭᠤ᠎ᠶ᠋ᠢ ᠲᠩᠷᠢ ᠭᠠᠵᠠᠷ᠎ᠢ ᠳᠣᠩᠰᠣᠯᠭᠠᠬᠤ ᠭᠡᠬᠦ᠌ ᠪᠤᠢ᠂ ᠨᠢᠭᠡ ᠦᠨᠳᠦᠰᠦᠲᠡᠨ᠎ᠦ ᠤᠬᠠᠭᠠᠷᠠᠯ ᠰᠡᠬᠡᠭᠡᠷᠡᠯᠲᠡ ᠪᠣᠯ ᠳᠠᠷᠤᠶ ᠳᠡᠯᠡᠬᠡᠶ ᠳ᠋ᠠᠬᠢᠨ᠎ᠢ ᠳᠣᠩᠰᠣᠯᠭᠠᠬᠤ ᠠᠶᠤᠩᠭ᠎ᠠ; ᠶᠠᠭᠤ᠎ᠶ᠋ᠢ ᠠᠭᠤᠯᠠ᠎ᠶ᠋ᠢ ᠨᠤᠷᠠᠭᠠᠵᠤ ᠲᠠᠯᠠᠢ᠎ᠶ᠋ᠢ ᠶᠡᠭᠦᠯᠡᠬᠦ᠌ ᠭᠡᠬᠦ᠌ ᠪᠤᠢ᠂ ᠨᠢᠭᠡ ᠦᠨᠳᠦᠰᠦᠲᠡᠨ᠎ᠦ ᠲᠡᠮᠡᠴᠡᠯ ᠪᠣᠯ ᠳᠠᠷᠤᠢ ᠦᠦᠭᠰᠡᠨ ᠮᠤᠳᠤ ᠵᠢ ᠤᠨᠠᠭᠠᠵᠤ ᠦᠵᠢᠷᠡᠭᠰᠡᠨ ᠡᠪᠡᠰᠦ ᠵᠢ ᠬᠠᠮᠤᠬᠤ ᠬᠦᠴᠦᠨ ᠮᠥᠨ᠃
ᠱᠠᠨᠳᠦ᠋ᠩ᠎ᠦᠨ ᠬᠠᠢ ᠶᠠᠩ᠎ᠤᠨ ᠮᠢᠨ᠎ᠠ᠎ᠶ᠋ᠢᠨ ᠲᠠᠢ᠌ᠨ᠎ᠦ ᠳᠤᠷᠠᠰᠭᠠᠯ᠎ᠤᠨ ᠣᠷᠳᠣᠨ᠎ᠳᠤ᠂ ᠶᠠᠫᠣᠨ᠎ᠢ ᠡᠰᠡᠷᠭᠦᠴᠡᠬᠦ᠌ ᠲᠠᠢ᠌ᠨᠳ᠋ᠤ ᠤᠷᠤᠯᠴᠠᠬᠰᠠᠨ ᠨᠢᠭᠡᠨ ᠠᠬᠠᠮᠠᠳ ᠴᠡᠷᠢᠭ᠎ᠦᠨ ᠦᠯᠡᠳᠡᠭᠡᠭ᠌ᠰᠡᠨ ᠦᠭᠡ ᠬᠦᠮᠦᠰ ᠢ᠋ ᠪᠤᠳᠤᠯᠭᠠᠰᠢᠷᠠᠭᠤᠯᠤᠨᠠ ᠄《ᠮᠢᠨ᠎ᠠ ᠵᠢᠪᠡᠷᠡᠨᠠ᠂ ᠭᠡᠪᠡᠴᠤ ᠨᠢᠭᠡ ᠦᠨᠳᠦᠰᠦᠲᠡᠨ᠎ᠦ ᠮᠤᠬᠤᠷᠳᠠᠯ᠎ᠤᠨ ᠳᠤᠮᠳᠠ ᠣᠷᠭᠢᠯᠣᠨ ᠪᠠᠳᠠᠷᠠᠭᠰᠠᠨ ᠪᠦᠲᠦᠭᠡᠯᠴᠢ ᠬᠦᠴᠦᠨ ᠡᠬᠦᠷᠢᠳᠡ ᠵᠢᠪᠡᠷᠡᠰᠢ ᠦᠭᠡᠢ》᠂ ᠬᠣᠲᠠ᠎ᠡᠴᠡ ᠬᠦᠳᠡᠭᠡ ᠲᠣᠰᠭᠣᠨ ᠬᠦᠷᠲᠡᠯ᠎ᠡ᠂ ᠲᠠᠷᠢᠶᠠᠨ ᠦᠵᠦᠬᠦᠷ᠎ᠡᠴᠡ ᠬᠤᠯᠤᠰᠤᠨ ᠲᠠᠩ ᠬᠦᠷᠲᠡᠯ᠎ᠡ᠂ ᠲᠡᠮᠦᠷ ᠵᠠᠮ᠎ᠡᠴᠡ ᠬᠡᠭᠡᠷ᠎ᠡ ᠭᠠᠳᠠᠨ᠎ᠠ ᠬᠦᠷᠲᠡᠯ᠎ᠡ᠂ ᠭᠠᠵᠠᠷ ᠪᠣᠯᠭᠠᠨ᠎ᠳᠤ ᠴᠥᠮ ᠳᠠᠢᠨ᠎ᠦ ᠲᠠᠯᠠᠪᠤᠷ ᠪᠠᠢᠬᠰᠠᠨ᠃ ᠶᠠᠫᠣᠨ᠎ᠢ ᠡᠰᠡᠷᠭᠦᠴᠡᠬᠦ᠌ ᠳᠠᠢᠨ ᠤ᠋ ᠴᠡᠷᠢᠭ ᠠᠷᠠᠳ ᠨᠦᠬᠡᠨ ᠵᠠᠮ᠎ᠤᠨ ᠳᠠᠢ᠌ᠨ᠂ ᠮᠢᠨ᠎ᠠ᠎ᠶ᠋ᠢᠨ ᠳᠠᠢ᠌ᠨ᠂ ᠪᠢᠯᠵᠤᠤᠬᠠᠢ᠎ᠶ᠋ᠢᠨ ᠳᠠᠢ᠌ᠨ᠂ ᠡᠪᠳᠡᠨ ᠲᠠᠭᠠᠷᠢᠬᠤ ᠳᠠᠢ᠌ᠨ᠂ ᠪᠦᠰᠡᠯᠡᠯᠳᠡ ᠵᠢᠨ ᠳᠠᠢ᠌ᠨ᠂ ᠤᠰᠤᠨ ᠳᠡᠭᠡᠷᠡᠬᠢ ᠫᠠᠷᠲ᠋ᠢᠽᠠᠨ ᠳᠠᠢ᠌ᠨ ᠵᠡᠷᠭᠡ ᠪᠠᠢᠯᠳᠤᠬᠤ ᠠᠷᠭ᠎ᠠ᠎ᠶ᠋ᠢ ᠡᠭᠦᠳᠴᠦ᠍᠂ ᠦᠬᠦᠬᠦᠸᠠᠷ ᠲᠡᠮᠡᠴᠡᠬᠦ ᠠᠩᠭᠢ᠂ ᠠᠮᠢ ᠴᠦᠯᠡᠬᠦ᠌ ᠠᠩᠭᠢ᠂ ᠤᠯᠤᠰ᠎ᠢᠶᠠᠨ ᠠᠪᠤᠷᠠᠬᠤ ᠡᠪᠯᠡᠯ᠂ ᠡᠮᠡᠭ᠌ᠲᠡᠢᠴᠦᠳ᠎ᠦᠨ ᠤᠯᠤᠰ᠎ᠢᠶᠠᠨ ᠠᠪᠤᠷᠠᠬᠤ ᠡᠪᠯᠡᠯ᠂ ᠬᠡᠦᠬᠡᠳ᠎ᠦᠨ ᠪᠦᠯᠬᠦᠮ ᠵᠡᠷᠭᠡ ᠶᠠᠫᠣᠨ᠎ᠢ ᠡᠰᠡᠷᠭᠦᠴᠡᠬᠦ᠌ ᠵᠣᠬᠢᠶᠠᠨ ᠪᠠᠢᠭᠤᠯᠤᠯᠲᠠ᠎ᠶ᠋ᠢ ᠵᠣᠬᠢᠶᠠᠨ ᠪᠠᠢᠭᠤᠯᠤᠭᠠᠳ᠂ ᠲᠦᠷᠢᠮᠡᠬᠡᠢᠯᠡᠭ᠌ᠴᠢᠳ᠎ᠢ 《ᠭᠠᠵᠠᠷ ᠪᠤᠯᠭᠠᠨ ᠳ᠋ᠤ ᠫᠤᠤ᠎ᠶ᠋ᠢᠨ ᠳᠠᠭᠤᠨ ᠨᠢᠵᠢᠬᠢᠨᠡᠭᠰᠡᠨ᠂ ᠲᠣᠰᠭᠣᠨ ᠪᠤᠯᠭᠠᠨ ᠶᠠᠫᠣᠨ ᠴᠡᠷᠢᠭ᠎ᠢ ᠴᠣᠬᠢᠬᠰᠠᠨ》ᠠᠷᠠᠳ᠎ᠤᠨ ᠳᠠᠢ᠌ᠨ᠎ᠦ ᠨᠡᠯᠦᠭᠡᠷ ᠶᠡᠬᠡ ᠳᠠᠯᠠᠢ᠎ᠳᠦ ᠴᠢᠷᠦᠨ ᠣᠷᠣᠭᠤᠯᠪᠠ᠃
ᠶᠠᠫᠣᠨ᠎ᠤ ᠲᠡᠦᠬᠡᠴᠢᠨ ᠺᠢᠶᠤᠱ᠌ᠢᠨᠣ᠋ ᠵᠢᠨ ᠦᠵᠡᠬᠦ ᠪᠡᠷ᠄《ᠶᠠᠫᠣᠨ ᠳᠡᠯᠡᠬᠡᠶ᠎ᠶ᠋ᠢᠨ ᠬᠣᠶᠠᠳᠤᠭᠠᠷ ᠶᠡᠬᠡ ᠳᠠᠢᠨ᠎ᠦ ᠳᠤᠮᠳᠠ ᠠᠮᠧᠷᠢᠺᠠ᠎ᠳᠤ ᠢᠯᠠᠭ᠍ᠳᠠᠭ᠍ᠰᠠᠨ᠎ᠢᠶᠠᠷ ᠪᠠᠷᠠᠬᠤ ᠦᠭᠡᠶ᠂ ᠳᠤᠮᠳᠠᠳᠤ ᠤᠯᠤᠰ᠎ᠲᠤ ᠨᠡᠩ ᠬᠠᠷᠠᠰᠠᠯᠲᠠᠶ᠎ᠪᠠᠷ ᠢᠯᠠᠭ᠍ᠳᠠᠵᠠᠶ᠃ ᠲᠤᠳᠤᠷᠬᠠᠢ ᠬᠡᠯᠡᠪᠡᠯ᠂ ᠳᠤᠮᠳᠠᠳᠤ ᠤᠯᠤᠰ᠎ᠤᠨ ᠠᠷᠠᠳ ᠲᠦᠮᠡᠨ᠎ᠳᠦ ᠢᠯᠠᠭ᠍ᠳᠠᠵᠠᠢ》᠂ ᠮᠥᠷᠥ᠍ ᠵᠡᠷᠭᠡᠴᠡᠨ ᠤᠷᠤᠬᠰᠢᠯᠠᠪᠠᠯ ᠤᠷᠳᠤ ᠴᠠᠭᠠᠨ ᠬᠡᠷᠡᠮ᠂ ᠰᠡᠳᠭᠢᠯ ᠵᠢᠷᠦᠬᠡ᠎ᠪᠡᠨ ᠬᠣᠯᠪᠣᠪᠠᠯ ᠪᠤᠯᠤᠳ ᠲᠡᠮᠦᠷ ᠪᠤᠯᠠᠢ᠃ ᠠᠷᠠᠳ᠎ᠤᠨ ᠴᠡᠷᠢᠭ ᠠᠩᠬᠢ ᠬᠠᠨᠳᠤᠭ᠍ᠰᠠᠨ ᠵᠦᠭ᠎ᠲᠦ ᠳᠠᠢᠰᠤᠨ ᠦᠭᠡᠢ; ᠠᠷᠠᠳ ᠲᠦᠮᠡᠨ ᠤ᠋ ᠬᠦᠴᠦ ᠬᠡᠵᠤ ᠮᠦᠷᠡᠨ ᠳᠠᠯᠠᠢ ᠵᠢᠨ ᠤᠰᠤ ᠬᠡᠮᠡᠷ ᠰᠢᠷᠭᠢᠰᠢ ᠦᠭᠡᠢ᠃
1932 ᠣᠨ᠎ᠳᠤ᠂ ᠱᠠᠩᠬᠠᠢ᠎ᠶ᠋ᠢᠨ 《ᠳᠣᠷᠣᠨᠠᠳᠠᠬᠢᠨ ᠰᠡᠳᠬᠦᠯ》 ᠨᠢ《ᠱᠢᠨ᠎ᠡ ᠵᠢᠯ᠎ᠦᠨ ᠬᠦᠰᠡᠯ》 ᠭᠡᠬᠦ ᠡᠭᠡ ᠪᠢᠴᠢᠭ ᠡᠯᠰᠡᠬᠦ᠌ ᠠᠵᠢᠯᠯᠠᠭ᠎ᠠ ᠥᠷᠨᠢᠭᠦᠯᠪᠡ᠃ ᠲᠦᠨᠡᠷ ᠬᠠᠷᠠᠩᠭᠤᠢ ᠵᠢᠨ ᠲᠤᠮᠳᠠ ᠲᠠᠯᠴᠢᠯᠠᠵᠤ ᠪᠠᠢᠬᠰᠠᠨ ᠲᠡᠷᠡ ᠴᠠᠭ ᠦᠶ᠎ᠡ᠎ᠳᠦ᠂ ᠴᠢᠩᠬᠤᠸᠠ ᠶᠡᠬᠡ ᠰᠤᠷᠭᠠᠭᠤᠯᠢ᠎ᠶ᠋ᠢᠨ ᠫᠷᠤᠹᠸᠰᠰᠤᠷ ᠢᠦᠢ ᠫᠢᠩ ᠪᠥᠸᠧ ᠬᠠᠷᠢᠭᠤ ᠥᠭ᠌ᠬᠦ᠎ᠳᠡᠭᠡᠨ ᠲᠤᠢᠯ᠎ᠢᠶᠡᠷ ᠬᠢᠯᠢᠩᠨᠡᠭᠰᠡᠨ ᠨᠢᠬᠡᠨ ᠬᠡᠳᠡᠷᠬᠦ ᠠᠰᠠᠭᠤᠯᠳᠠ ᠵᠢ ᠬᠡᠷᠡᠭᠯᠡᠪᠡ᠄ 《ᠮᠠᠨ᠎ᠤ ᠪᠠᠭᠠᠲᠤᠷ ᠬᠠᠮᠢᠭ᠎ᠠ ᠪᠠᠢᠬᠤ᠎ᠶ᠋ᠢ ᠪᠦᠦ ᠮᠡᠳᠡ?》 — ᠲᠡᠤᠬᠡ ᠨᠢᠭᠡᠨᠳᠡ ᠬᠠᠷᠢᠭᠤᠯᠳᠠ ᠦᠭᠴᠠᠢ᠄ ᠠᠷᠠᠳ ᠲᠦᠮᠡᠨ ᠪᠣᠯ ᠲᠡᠦᠬᠡ᠎ᠶ᠋ᠢᠨ ᠡᠭᠦᠳᠦᠨ ᠪᠦᠳᠦᠬᠡᠭᠴᠢ᠂ ᠠᠷᠠᠳ ᠲᠦᠮᠡᠨ ᠪᠣᠯ ᠵᠢᠩᠬᠢᠨᠢ ᠪᠠᠭᠠᠲᠤᠷ ᠮᠥᠨ᠃
ᠪᠠᠭᠠᠲᠤᠷᠯᠢᠭ ᠠᠷᠠᠳ ᠲᠦᠮᠡᠨ ᠪᠣᠯ ᠠᠤᠭ᠎ᠠ ᠶᠡᠬᠡ ᠬᠦᠴᠦᠨ ᠴᠢᠳᠠᠯ᠎ᠲᠠᠶ ᠶᠤᠮ᠃ ᠲᠦᠷᠢᠮᠡᠬᠡᠢᠯᠡᠭ᠌ᠴᠢᠳ᠎ᠢ ᠡᠰᠡᠷᠭᠦᠴᠡᠬᠦ᠌᠎ᠳᠦ ᠠᠷᠠᠳ ᠲᠦᠮᠡᠨ ᠪᠣᠯ ᠲᠠᠢ᠌ᠨ᠎ᠦ ᠢᠯᠠᠯᠲᠠ᠎ᠶ᠋ᠢ ᠲᠡᠮᠡᠴᠡᠨ ᠤᠯᠬᠤ ᠬᠠᠮᠤᠭ᠎ᠤᠨ ᠭᠦᠨ ᠵᠤᠵᠠᠭᠠᠨ ᠠᠤᠭ᠎ᠠ ᠬᠦᠴᠦᠨ ᠮᠥᠨ; ᠥᠭᠡᠷᠡᠴᠢᠯᠡᠯᠲᠡ ᠬᠥᠭ᠌ᠵᠢᠯᠲᠡ᠎ᠶ᠋ᠢ ᠠᠬᠢᠭᠤᠯᠬᠤ᠎ᠳᠤ ᠠᠷᠠᠳ ᠲᠦᠮᠡᠨ ᠪᠣᠯ ᠪᠣᠭᠣᠮᠲᠠ᠎ᠶ᠋ᠢ ᠲᠠᠪᠠᠬᠤ ᠬᠦᠴᠦᠨ ᠴᠢᠳᠠᠯ᠎ᠤᠨ ᠡᠬᠢ ᠪᠤᠯᠠᠭ ᠮᠥᠨ; ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠠᠷᠠᠳ ᠲᠦᠮᠡᠨ ᠪᠣᠯ ᠬᠠᠮᠤᠭ᠎ᠤᠨ ᠪᠠᠲᠤ ᠪᠡᠬᠢ ᠦᠨᠳᠦᠰᠦ ᠰᠠᠭᠤᠷᠢ᠂ ᠬᠠᠮᠤᠭ᠎ᠤᠨ ᠭᠦᠨ ᠵᠤᠵᠠᠭᠠᠨ ᠬᠦᠴᠦᠨ ᠴᠢᠳᠠᠯ ᠮᠦᠨ᠃ ᠲᠦᠭ ᠲᠦᠮᠡᠨ ᠠᠷᠠᠳ᠎ᠤᠨ ᠰᠡᠳᠭᠢᠯ ᠪᠤᠯᠤᠳ ᠲᠡᠮᠤᠷ ᠮᠡᠲᠦ ᠬᠠᠳᠠᠨ ᠪᠠᠳᠤ ᠵᠣᠷᠢᠭ ᠪᠤᠯᠵᠤ ᠨᠢᠭᠳᠠᠷᠠᠬᠤ ᠦᠶ᠎ᠠ ᠳ᠋ᠤ᠂ ᠥᠴᠦᠬᠡᠨ ᠪᠠᠭ᠎ᠠ ᠬᠦᠴᠦᠨ ᠨᠡᠢᠯᠡᠵᠦ᠍ ᠴᠠᠭ ᠦᠶ᠎ᠡ᠎ᠶ᠋ᠢᠨ ᠬᠦᠴᠦᠲᠦ ᠤᠷᠤᠰᠭᠠᠯ ᠪᠣᠯᠬᠤ ᠦᠶ᠎ᠠ ᠳ᠋ᠤ᠂ ᠨᠠᠮ ᠪᠣᠯᠤᠨ ᠠᠷᠠᠳ ᠲᠦᠮᠡᠨ᠎ᠦ ᠠᠯᠢᠪᠠ ᠠᠵᠢᠯ ᠦᠢᠯᠡᠰ ᠢᠯᠭᠤᠮ ᠤᠷᠤᠬᠰᠢᠳᠠᠢ ᠪᠤᠯᠵᠤ᠂ ᠪᠦᠳᠦᠬᠦ ᠦᠬᠡᠢ ᠶᠠᠪᠤᠳᠠᠯ ᠬᠡᠵᠤ ᠦᠬᠡᠢ ᠶᠤᠮ᠃
《ᠳᠤᠮᠳᠠᠳᠤ᠎ᠶ᠋ᠢᠨ ᠦᠨᠳᠦᠰᠦᠲᠡᠨ᠎ᠤ ᠬᠤᠷᠠᠮᠳᠤᠭᠤᠯᠤᠬᠰᠠᠨ ᠡᠨ᠋ᠸᠷᠬᠢ ᠮᠠᠰᠢ ᠤᠷᠳᠤ ᠬᠤᠭᠤᠴᠠᠭ᠎ᠠ ᠪᠤᠯᠵᠠᠢ᠂ ᠡᠨᠡ ᠬᠦ᠌ ᠬᠦᠴᠦᠨ ᠵᠢᠡᠨ ᠤᠷᠬᠢᠯᠤᠭᠤᠯᠤᠨ ᠪᠠᠳᠠᠷᠠᠭᠤᠯᠵᠤ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠠᠨ ᠲᠡᠷᠭᠡᠯᠱᠢᠭᠦᠯᠬᠦ᠌ ᠬᠡᠷᠡᠭ᠌ᠲᠡᠢ》᠂ ᠥᠨᠥᠳᠦᠷ᠎ᠢᠶᠡᠨ ᠬᠠᠷᠠᠵᠤ ᠥᠩᠭᠡᠷᠡᠭ᠌ᠰᠡᠨ᠎ᠢᠶᠡᠨ ᠡᠷᠭᠢᠴᠡᠭᠦᠯᠵᠦ᠍᠂ ᠢᠷᠡᠭᠡᠳᠦᠢ᠎ᠳᠦ ᠬᠠᠨᠳᠤᠭᠤᠯᠤᠭᠰᠠᠨ ᠶᠡᠷᠦᠩᠬᠡᠢ ᠱᠦᠵᠢ ᠰᠢ ᠵᠢᠨ ᠫᠢᠩ᠎ᠦᠨ ᠡᠨᠡ ᠪᠠᠳᠠᠭ ᠦᠭᠡ ᠬᠥᠮᠦᠰ᠎ᠢ ᠡᠷᠬᠡ ᠦᠬᠡᠢ ᠤᠷᠮᠠᠰᠢᠭᠤᠯᠤᠨ ᠲᠤᠬᠳᠤᠯᠤᠭᠤᠯᠤᠨ᠎ᠠ᠃ ᠡᠨᠡ᠎ᠨᠢ ᠶᠠᠮᠠᠷ ᠬᠦᠴᠦᠷᠬᠡᠭ ᠶᠡᠬᠡ ᠡᠨᠧᠷᠭᠢ ᠪᠣᠶ! ᠲᠡᠦᠬᠡ᠎ᠶ᠋ᠢᠨ ᠭᠦᠨ᠎ᠡᠴᠡ ᠣᠷᠭᠢᠯᠣᠨ ᠭᠠᠷᠴᠤ᠌᠂ ᠬᠥᠮᠦᠰ᠎ᠦᠨ ᠰᠡᠳᠭᠢᠯ᠎ᠦᠨ ᠭᠦᠨ᠎ᠡᠴᠡ ᠤᠨᠳᠤᠷᠤᠨ ᠭᠠᠷᠴᠤ᠌᠂ ᠰᠦᠷ ᠢᠨᠦ ᠬᠠᠪᠴᠢᠯ ᠵᠢᠯᠠᠭ᠎ᠠ᠎ᠶ᠋ᠢ ᠨᠡᠪᠲᠡᠯᠦᠨ᠂ ᠬᠦᠴᠦᠨ ᠢᠨᠦ ᠲᠩᠷᠢ ᠭᠠᠵᠠᠷ᠎ᠢ ᠬᠤᠪᠢᠷᠠᠭᠤᠯᠵᠤ ᠴᠢᠳᠠᠨ᠎ᠠ᠃ ᠡᠷᠡᠯᠬᠡᠭ᠌ᠯᠡᠨ ᠲᠡᠮᠡᠴᠡᠵᠦ᠍ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠬᠤ ᠪᠣᠯ ᠬᠤᠷᠢᠬ᠍ᠯᠠᠬ᠍ᠳᠠᠰᠢ ᠦᠭᠡᠢ ᠤᠷᠤᠭ᠍ᠰᠢᠯᠠᠯᠲᠠ᠎ᠶ᠋ᠢᠨ ᠠᠯᠬᠤᠭ᠎ᠠ ᠮᠥᠨ᠂ ᠨᠡᠩ ᠴᠤ᠌ ᠬᠤᠷᠢᠬᠯᠠᠬᠳᠠᠰᠢ ᠦᠭᠡᠢ ᠲᠡᠦᠬᠡ᠎ᠶ᠋ᠢᠨ ᠠᠬᠢᠴᠠ ᠮᠥᠨ᠃
(ᠲᠠᠪᠤ)
《ᠳᠤᠮᠳᠠᠳᠤ ᠤᠯᠤᠰ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ᠎ᠦ ᠢᠯᠠᠯᠲᠠ ᠤᠯᠬᠤ ᠪᠠ ᠳᠡᠯᠡᠬᠡᠶ᠎ᠶ᠋ᠢᠨ ᠡᠩᠬᠡ ᠲᠠᠢᠪᠤᠩ᠎ᠳᠤ ᠯᠤᠲᠤ ᠶᠡᠬᠡ ᠬᠤᠪᠢ ᠨᠡᠮᠡᠷᠢ ᠦᠵᠡᠭᠦᠯᠵᠡᠶ》 ᠁ ᠲᠡᠯᠬᠡᠷ ᠵᠤᠨ᠎ᠤ ᠳᠣᠯᠣᠭᠠᠨ ᠰᠠᠷ᠎ᠠ᠎ᠳᠤ᠂ ᠳᠤᠮᠳᠠᠳᠤ ᠤᠯᠤᠰ᠎ᠲᠤ ᠰᠠᠭᠤᠭ᠎ᠠ 160 ᠭᠠᠷᠤᠶ ᠭᠠᠳᠠᠭᠠᠳᠤ ᠬᠠᠷᠢᠯᠴᠠᠭᠠᠨ᠎ᠤ ᠲᠤᠱᠢᠶᠠᠯᠲᠠᠨ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢᠨ᠎ᠦ ᠳᠤᠷᠠᠰᠭᠠᠯ᠎ᠤᠨ ᠣᠷᠳᠣᠨ᠎ᠳᠤ ᠬᠦᠷᠴᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠦ ᠤᠯᠤᠰ ᠤ᠋ᠨ ᠣᠷᠣᠱᠢᠨ ᠲᠣᠭ᠍ᠲᠠᠨᠢᠯ ᠤ᠋ᠨ ᠲᠥᠯᠥᠭᠡ ᠪᠠᠢᠯᠳᠤᠵᠤ᠂ ᠬᠥᠮᠦᠨ ᠲᠥᠷᠥᠯᠬᠢᠲᠡᠨ᠎ᠦ ᠱᠢᠳᠤᠷᠭᠤ ᠶᠣᠰᠣᠨ᠎ᠤ ᠲᠥᠯᠥᠭᠡ ᠪᠠᠢᠯᠳᠤᠭ᠍ᠰᠠᠨ ᠪᠠᠭᠠᠲᠤᠷᠯᠢᠭ ᠲᠤᠤᠯᠢᠰ᠎ᠢ ᠪᠠᠬᠠᠷᠬᠠᠨ ᠪᠢᠰᠢᠷᠡᠪᠡ᠃
ᠹᠠᠱ᠌ᠢᠰ᠎ᠤᠨ ᠭᠠᠯᠵᠠᠭᠤᠷᠠᠭ᠍ᠰᠠᠨ ᠮᠡᠲᠦ ᠳᠠᠭᠠᠷᠢᠯᠳᠠ᠎ᠶ᠋ᠢᠨ ᠡᠮᠦᠨ᠎ᠡ᠂ ᠳᠤᠮᠳᠠᠳᠤ ᠤᠯᠤᠰ ᠡᠷᠡᠯᠬᠡᠭ ᠪᠠᠭᠠᠲᠤᠷᠯᠢᠭ᠎ᠢᠶᠠᠷ ᠡᠰᠡᠷᠭᠦᠴᠡᠨ ᠪᠠᠢᠯᠳᠤᠭᠰᠠᠨ ᠦᠭᠡᠢ ᠪᠣᠯ ᠳᠡᠯᠡᠬᠡᠢ ᠶᠢᠷᠲᠢᠨᠴᠦ᠍ ᠴᠤᠬᠤᠮ ᠶᠠᠮᠠᠷ ᠪᠣᠯᠬᠤ ᠪᠤᠢ? ᠵᠦᠪᠯᠡᠯᠳ᠋ᠦ᠍ ᠵᠢᠨ ᠤᠳᠤᠷᠢᠳᠤᠭᠴᠢ ᠰᠲ᠋ᠠᠯᠢᠨ ᠄ ᠵᠦᠪᠬᠡᠨ ᠶᠠᠫᠣᠨ᠎ᠤ ᠲᠦᠷᠢᠮᠡᠬᠡᠢᠯᠡᠭ᠌ᠴᠢᠳ᠎ᠦᠨ ᠭᠠᠷ ᠬᠦᠯ᠎ᠢ ᠬᠠᠰᠢᠵᠤ ᠬᠦᠯᠢᠭᠰᠡᠨ ᠦᠶ᠎ᠡ᠎ᠳᠦ ᠪᠢᠳ᠋ᠡ ᠰᠠᠶᠢ ᠭᠸᠷᠮᠠᠨ᠎ᠤ ᠲᠦᠷᠢᠮᠡᠬᠡᠢᠯᠡᠭ᠌ᠴᠢᠳ ᠳᠠᠭᠠᠷᠢᠯᠳᠠ ᠬᠢᠬᠦ᠌ ᠦᠶ᠎ᠡ᠎ᠳᠦ ᠬᠣᠶᠠᠷ ᠱᠤᠭᠤᠮ᠎ᠢᠶᠠᠷ ᠪᠠᠢᠯᠳᠤᠬᠤᠶᠠᠪᠤᠳᠠᠯ ᠡᠴᠡ ᠵᠠᠢᠯᠠᠰᠭᠢᠵᠦ᠍ ᠴᠢᠳᠠᠨ᠎ᠠ ᠭᠡᠪᠡ᠃ ᠠᠮᠧᠷᠢᠺᠠ᠎ᠶ᠋ᠢᠨ ᠶᠡᠷᠦᠩᠬᠡᠢᠯᠡᠭ᠌ᠴᠢ ᠷᠤᠰᠤᠯᠲ᠄ ᠬᠡᠷᠪᠡ ᠳᠤᠮᠳᠠᠳᠤ ᠤᠯᠤᠰ ᠢᠯᠠᠭᠳᠠᠴᠢᠬᠠᠪᠠᠯ ᠬᠡᠴᠢᠨᠡᠨ ᠳ᠋ᠢᠸᠢᠽᠢ ᠵᠢᠨ ᠶᠠᠫᠣᠨ ᠴᠡᠷᠢᠭᠡᠭᠦᠨᠡᠴᠡ ᠪᠤᠯᠵᠤ ᠪᠤᠰᠤᠳ ᠭᠠᠵᠠᠷ ᠢᠷᠡᠵᠤ ᠲᠠᠢ᠌ᠨ ᠬᠢᠬᠦ᠎ᠶ᠋ᠢ ᠪᠤᠳᠤᠵᠤ ᠦᠵᠡᠭᠡᠷᠡᠢ᠂ ᠲᠡᠳᠡ ᠲᠡᠷᠡ ᠲᠤᠤᠷ᠎ᠠ ᠨᠢ ᠠᠦ᠋ᠰᠲᠷᠠᠯᠢᠶ᠎ᠠ ᠲᠢᠪ᠎ᠢ ᠪᠠᠢᠯᠳᠤᠨ ᠡᠵᠡᠯᠡᠵᠤ᠂ ᠡᠨᠡᠳᠭᠡᠭᠢ ᠪᠠᠢᠯᠳᠤᠨ ᠠᠪᠴᠤ ᠴᠢᠳᠠᠨ᠎ᠠ ᠁ ᠭᠡᠵᠦ᠍ ᠰᠡᠳᠬᠢᠯ ᠬᠦᠳᠡᠯᠦᠨ ᠬᠡᠯᠡᠵᠤ ᠪᠢᠯᠡ᠂ ᠲᠡᠦᠬᠡ ᠬᠡᠷᠪᠡ ᠬᠡᠳᠡᠭ ᠤᠷᠤᠰᠢᠬᠤ ᠦᠬᠡᠢ᠂ ᠪᠣᠳᠠᠲᠤ ᠬᠡᠷᠡᠭ ᠠᠯᠢᠪᠠ ᠵᠢ ᠭᠡᠷᠡᠴᠢᠯᠡᠨ᠎ᠠ᠃ ᠳᠤᠮᠳᠠᠳᠤ ᠤᠯᠤᠰ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢ᠌ᠨ᠎ᠦ ᠳᠣᠷᠣᠨᠠᠳᠠᠬᠢᠨ᠎ᠤ ᠭᠣᠣᠯ ᠳᠠᠢ᠌ᠨ᠎ᠦ ᠲᠠᠯᠠᠪᠤᠷ ᠪᠣᠯᠤᠭ᠍ᠰᠠᠨ᠎ᠤ ᠬᠤᠪᠢ᠎ᠳᠤ ᠳᠠᠢ᠌ᠨ᠎ᠦ ᠢᠯᠠᠯᠲᠠ ᠵᠢ ᠤᠯᠬᠤ᠎ᠳᠤ ᠯᠤᠲᠤ ᠶᠡᠬᠡ ᠦᠷᠡᠭ᠌ᠳᠡᠯ ᠭᠠᠷᠭᠠᠵᠤ᠂ ᠪᠠᠯᠠᠷᠠᠰᠢ ᠦᠭᠡᠢ ᠴᠢᠬᠤᠯᠠ ᠬᠤᠪᠢ ᠨᠡᠮᠡᠷᠢ ᠦᠵᠡᠭᠦᠯᠵᠡᠢ᠃
ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢ᠌ᠨ ᠪᠣᠯ ᠡᠬᠢᠯᠡᠩᠭᠦᠳᠡ᠎ᠪᠡᠨ ᠳᠠᠷᠤᠢ ᠬᠥᠮᠦᠨ ᠲᠥᠷᠥᠯᠬᠢᠲᠡᠨ᠎ᠦ ᠪᠣᠯᠪᠠᠰᠤᠨ᠎ᠢ ᠠᠪᠤᠷᠠᠬᠤ᠂ ᠳᠡᠯᠡᠬᠡᠢ᠎ᠶ᠋ᠢᠨ ᠡᠩᠬᠡ ᠲᠠᠢᠪᠤᠩ᠎ᠢ ᠬᠠᠮᠠᠭᠠᠯᠠᠬᠤ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ᠃ ᠵᠦᠪᠯᠡᠯ᠎ᠳᠤ ᠵᠢᠨ ᠪᠠᠢᠴᠠᠭᠠᠬᠤ ᠲᠤᠰᠢᠶᠠᠯᠳᠠᠨ ᠺᠸᠷᠸ᠋ᠨ᠋ᠰᠺᠢ 1948 ᠣᠨ᠎ᠳᠤ ᠠᠯᠤᠰ ᠳᠣᠷᠣᠨᠠᠲᠤ᠎ᠶ᠋ᠢᠨ ᠤᠯᠠᠨ ᠤᠯᠤᠰ᠎ᠤᠨ ᠴᠡᠷᠢᠭ᠎ᠦᠨ ᠱᠢᠭᠦᠬᠦ᠌ ᠲᠢᠩᠬᠢᠮ ᠳᠡᠭᠡᠷ᠎ᠠ᠄ 《ᠪᠢᠳᠡ ᠬᠡᠷᠪᠡ ᠠᠯᠢ ᠨᠢᠭᠡ ᠡᠳᠦᠷ ᠬᠤᠭᠤᠴᠠᠭ᠎ᠠ ᠵᠢ ᠳᠡᠯᠡᠬᠡᠢ᠎ᠶ᠋ᠢᠨ ᠬᠣᠶᠠᠳᠤᠭᠠᠷ ᠲᠠᠢ᠌ᠨ ᠡᠨᠡ ᠬᠡᠰᠡᠭ ᠬᠤᠭᠤᠴᠠᠭᠠᠨ᠎ᠤ ᠴᠢᠰᠤᠲᠤ ᠴᠠᠭ ᠬᠤᠭᠤᠴᠠᠭ᠎ᠠ ᠵᠢᠨ ᠡᠬᠢᠯᠡᠯᠲᠡ ᠪᠤᠯᠤᠨ᠎ᠠ ᠬᠡᠵᠤ ᠵᠢᠭᠠᠵᠤ ᠭᠠᠷᠭᠠᠪᠠᠯ᠂ 1931 ᠣᠨ᠎ᠤ 9 ᠰᠠᠷ᠎ᠠ᠎ᠶ᠋ᠢᠨ 18 ᠤ᠋ ᠡᠳᠦᠷ ᠪᠣᠯ ᠬᠠᠮᠤᠭ᠎ᠤᠨ ᠶᠡᠬᠡ ᠦᠨᠳᠦᠰᠦ ᠪᠠᠷᠢᠮᠲᠠ᠎ᠲᠠᠶ ᠶᠤᠮ》ᠭᠡᠵᠠᠢ᠃ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢᠨ᠎ᠦ ᠳᠤᠮᠳᠠ᠂ ᠳᠤᠮᠳᠠᠳᠤ ᠤᠯᠤᠰ᠎ᠤᠨ ᠶᠠᠫᠣᠨ᠎ᠢ ᠡᠰᠡᠷᠭᠦᠴᠡᠬᠦ᠌ ᠳᠠᠢᠨ᠎ᠦ ᠡᠬᠢᠯᠡᠭ᠌ᠰᠡᠨ ᠴᠠᠭ ᠨᠢ ᠬᠠᠮᠤᠭ᠎ᠤᠨ ᠡᠷᠲᠡ᠂ ᠦᠷᠭᠦᠯᠵᠢᠯᠡᠭ᠌ᠰᠡᠨ ᠴᠠᠭ ᠶ᠋ᠢᠡᠷ ᠬᠠᠮᠤᠭ᠎ᠤᠨ ᠤᠷᠲᠤ᠂ ᠧᠦ᠋ᠷᠣᠫᠠ ᠲᠢᠪ᠎ᠦᠨ ᠹᠠᠱ᠌ᠢᠰ᠎ᠢ ᠡᠰᠡᠷᠭᠦᠴᠡᠬᠦ᠌ ᠳᠠᠢᠨ ᠡᠴᠡ 8 ᠵᠢᠯ ᠡᠷᠲᠡ ᠪᠠᠢᠵᠤ᠂ ᠨᠣᠮᠣᠬᠠᠨ ᠳᠠᠯᠠᠶ᠎ᠶ᠋ᠢᠨ ᠳᠠᠢᠨ᠎ᠡᠴᠡ 10 ᠵᠢᠯ ᠡᠷᠲᠡ ᠪᠠᠢᠪᠠ᠃ ᠠᠮᠤᠷᠵᠢᠭᠤᠯᠬᠤ ᠲᠦᠷᠦ᠍᠎ᠶ᠋ᠢᠨ ᠪᠤᠳᠤᠯᠭ᠎ᠠ ᠶᠡᠬᠡᠪᠡᠷ ᠶᠠᠪᠤᠭ᠍ᠳᠠᠵᠤ ᠪᠠᠢᠭ᠍ᠰᠠᠨ ᠦᠶ᠎ᠡ᠎ᠳᠦ᠂ ᠳᠤᠮᠳᠠᠳᠤ ᠤᠯᠤᠰ᠎ᠤᠨ ᠠᠷᠠᠳ ᠲᠦᠮᠡᠨ ᠶᠠᠫᠣᠨ᠎ᠤ ᠴᠡᠷᠢᠭ᠌ᠯᠡᠬᠦ᠌ ᠦᠵᠡᠯ᠎ᠦᠨ ᠲᠦᠷᠢᠮᠡᠬᠡᠢᠯᠡᠭ᠌ᠴᠢᠳ᠎ᠢ ᠡᠷᠡᠰ ᠡᠰᠡᠷᠭᠦᠴᠡᠵᠦ᠍᠂ ᠬᠥᠮᠦᠨ ᠲᠥᠷᠥᠯᠬᠢᠲᠡᠨ᠎ᠦ ᠱᠢᠳᠤᠷᠭᠤ ᠶᠣᠰᠣᠨ᠎ᠤ ᠦᠢᠯᠡᠰ᠎ᠲᠦ ᠬᠦᠰᠡᠯ᠎ᠦᠨ ᠤᠴᠢ᠎ᠶ᠋ᠢ ᠦᠯᠡᠳᠡᠭᠡᠵᠤ ᠦᠭᠬᠦᠭᠰᠡᠨ ᠶᠤᠮ᠃
ᠲᠡᠦᠬᠡ ᠵᠢᠨ ᠬᠠᠭᠤᠳᠠᠰᠤᠨ᠎ᠠ ᠲᠤᠪ ᠲᠤᠳᠤᠷᠬᠠᠢ ᠲᠡᠮᠳᠡᠭᠯᠡᠭᠡᠰᠦᠳᠡᠢ᠃ ᠴᠡᠷᠢᠭ᠎ᠦᠨ ᠬᠦᠴᠦᠨ᠎ᠦ ᠣᠷᠣᠭᠤᠯᠤᠯᠲᠠ᠎ᠡᠴᠡ ᠦᠵᠡᠪᠡᠯ᠂ ᠳᠤᠮᠳᠠᠳᠤ ᠤᠯᠤᠰ᠎ᠤᠨ ᠳᠠᠢᠨ᠎ᠦ ᠲᠠᠯᠠᠪᠤᠷ ᠨᠢ ᠶᠠᠫᠣᠨ᠎ᠤ ᠴᠡᠷᠢᠭ᠌ᠯᠡᠬᠦ᠌ ᠦᠵᠡᠯ᠎ᠦᠨ ᠭᠣᠣᠯ ᠴᠡᠷᠢᠭ᠎ᠦᠨ ᠬᠦᠴᠦᠨ᠎ᠢ ᠤᠷᠲᠤ ᠬᠤᠭᠤᠴᠠᠭ᠎ᠠ᠎ᠪᠠᠷ ᠬᠢᠵᠠᠭᠠᠷᠯᠠᠨ ᠡᠰᠡᠷᠭᠦᠴᠡᠵᠦ᠍᠂ 150 ᠭᠠᠷᠤᠶ ᠲᠦᠮᠡᠨ ᠶᠠᠫᠣᠨ ᠴᠡᠷᠢᠭ᠎ᠢ ᠰᠥᠨᠥᠭᠡᠵᠦ᠍᠂ ᠬᠣᠶᠠᠳᠤᠭᠠᠷ ᠳᠠᠢᠨ᠎ᠦ ᠳᠤᠮᠳᠠᠬᠢ ᠶᠠᠫᠣᠨ᠎ᠤ ᠴᠡᠷᠢᠭ᠎ᠦᠨ ᠦᠬᠦᠵᠦ᠍ ᠱᠢᠷᠬᠠᠲᠤᠭ᠍ᠰᠠᠨ ᠪᠦᠬᠦ᠌ ᠬᠦᠮᠦᠨ᠎ᠤ ᠲᠣᠭ᠎ᠠ ᠵᠢᠨ 70% ᠡᠴᠡ ᠳᠡᠭᠡᠭ᠌ᠰᠢᠬᠢ᠎ᠶ᠋ᠢ ᠡᠵᠡᠯᠡᠵᠦ᠍᠂ ᠶᠠᠫᠣᠨ᠎ᠤ ᠲᠦᠷᠢᠮᠡᠬᠡᠢᠯᠡᠭ᠌ᠴᠢᠳ᠎ᠢ ᠲᠤᠢᠯᠪᠤᠷᠢᠲᠠᠶ ᠰᠥᠨᠥᠭᠡᠬᠦ᠌᠎ᠳᠦ ᠱᠢᠶ᠋ᠳᠪᠦᠷᠢᠯᠡᠭ᠌ᠴᠢ ᠴᠢᠨᠠᠷᠲᠠᠢ ᠦᠢᠯᠡᠳᠦᠯ ᠭᠠᠷᠭᠠᠵᠠᠶ; ᠪᠠᠢᠯᠳᠤᠬᠤ ᠪᠤᠳᠤᠯᠭ᠎ᠠ᠎ᠶ᠋ᠢᠨ ᠪᠦᠬᠦ᠌ ᠲᠠᠯ᠎ᠠ᠎ᠡᠴᠡ ᠠᠪᠴᠤ᠌ ᠦᠵᠡᠪᠡᠯ᠂ ᠳᠤᠮᠳᠠᠳᠤ ᠤᠯᠤᠰ᠎ᠤᠨ ᠶᠠᠫᠣᠨ᠎ᠢ ᠡᠰᠡᠷᠭᠦᠴᠡᠬᠦ᠌ ᠳᠠᠢ᠌ᠨ ᠨᠢ ᠪᠠᠢᠯᠳᠤᠬᠤ ᠪᠤᠳᠤᠯᠭ᠎ᠠ᠎ᠶ᠋ᠢᠨ ᠲᠠᠯ᠎ᠠ᠎ᠪᠠᠷ ᠬᠣᠯᠪᠣᠭᠠᠲᠠᠨ ᠤᠯᠤᠰ᠎ᠤᠨ ᠪᠠᠢᠯᠳᠤᠭᠠᠨ ᠬᠢᠬᠦ᠌᠎ᠳᠦ ᠬᠠᠮᠵᠢᠯᠴᠠᠬᠤ ᠪᠠ ᠳᠡᠮᠵᠢᠯᠭᠡ ᠦᠵᠡᠭᠦᠯᠵᠦ᠍᠂ ᠧᠦ᠋ᠷᠣᠫᠠ ᠲᠢᠪ᠎ᠦᠨ ᠳᠠᠢ᠌ᠨ᠎ᠦ ᠲᠠᠯᠠᠪᠤᠷ ᠪᠠ ᠠᠽᠢᠶ᠎ᠠ ᠲᠢᠪ᠎ᠦᠨ ᠪᠤᠰᠤᠳ ᠭᠠᠵᠠᠷ ᠣᠷᠣᠨ᠎ᠤ ᠪᠠᠢᠯᠳᠤᠬᠤ ᠪᠤᠳᠤᠯᠭ᠎ᠠ᠎ᠶ᠋ᠢᠨ ᠠᠵᠢᠯᠯᠠᠭ᠎ᠠ᠎ᠳᠤ ᠬᠠᠮᠵᠢᠯᠴᠠᠵᠤ᠂ ᠶᠠᠫᠣᠨ᠎ᠤ ᠹᠠᠱ᠌ᠢᠰ ᠪᠠ ᠭᠸᠷᠮᠠᠨ᠂ ᠢᠲ᠋ᠠᠯᠢ᠎ᠶ᠋ᠢᠨ ᠹᠠᠱ᠌ᠢᠰ᠎ᠤᠨ ᠪᠠᠢᠯᠳᠤᠬᠤ ᠪᠤᠳᠤᠯᠭ᠎ᠠ᠎ᠶ᠋ᠢᠨ ᠬᠠᠮᠵᠢᠯᠴᠠᠭ᠎ᠠ᠎ᠶ᠋ᠢ ᠰᠠᠮᠠᠭᠤᠷᠠᠭᠤᠯᠵᠤ ᠪᠤᠳᠠ ᠨᠢᠷᠬᠡᠪᠡ᠂ ᠳᠠᠢ᠌ᠨ᠎ᠦ ᠰᠡᠭᠦᠯᠴᠢ᠎ᠶ᠋ᠢᠨ ᠬᠤᠭᠤᠴᠠᠭᠠᠨ᠎ᠳᠤ᠂ ᠳᠤᠮᠳᠠᠳᠤ ᠤᠯᠤᠰ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢ ᠪᠠᠢᠭᠤᠯᠬᠤ ᠪᠠ ᠳᠠᠢ᠌ᠨ᠎ᠦ ᠳᠠᠷᠠᠭᠠᠬᠢ ᠱᠢᠨ᠎ᠡ ᠳᠢᠭ᠌ᠯᠢᠮ᠎ᠢ ᠪᠠᠢᠭᠤᠯᠬᠤ᠎ᠳᠤ ᠢᠳᠡᠪᠬᠢᠲᠡᠢ ᠣᠷᠣᠯᠴᠠᠵᠤ᠂ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢ᠌ᠨ᠎ᠦ ᠢᠯᠠᠯᠲᠠ᠎ᠶ᠋ᠢᠨ ᠦᠷ᠎ᠡ ᠪᠦᠲᠦᠭᠡᠯ᠎ᠦᠨ ᠭᠣᠣᠯ ᠪᠦᠲᠦᠭᠡᠨ ᠪᠠᠢᠭᠤᠯᠤᠭ᠍ᠴᠢ ᠪᠠ ᠬᠠᠮᠠᠭᠠᠯᠠᠭ᠍ᠴᠢ ᠮᠥᠨ; ᠦᠷᠡᠭ᠌ᠳᠡᠯ ᠰᠦᠢᠳᠦᠯ᠎ᠡᠴᠡ ᠦᠵᠡᠪᠡᠯ᠂ ᠳᠤᠮᠳᠠᠳᠤ ᠤᠯᠤᠰ᠎ᠤᠨ ᠴᠡᠷᠢᠭ ᠠᠷᠠᠳ 3500 ᠲᠦᠮᠡ᠎ᠡᠴᠡ ᠳᠡᠭᠡᠭ᠌ᠰᠢ ᠬᠦᠮᠦᠨ ᠦᠬᠦᠵᠦ᠍ ᠱᠢᠷᠬᠠᠲᠤᠨ᠂ 1937 ᠣᠨ᠎ᠤ ᠠᠳᠠᠯᠢᠳᠬᠠᠯ ᠦᠨ᠎ᠡ᠎ᠪᠡᠷ ᠪᠤᠳᠤᠪᠠᠯ ᠳᠤᠮᠳᠠᠳᠤ ᠤᠯᠤᠰ᠎ᠤᠨ ᠠᠵᠤ ᠠᠬᠤᠶ᠎ᠶ᠋ᠢᠨ ᠱᠢᠭᠤᠳ ᠬᠣᠬᠢᠷᠠᠯ 1000 ᠳ᠋ᠦᠩᠱᠢᠭᠤᠷ ᠳ᠋ᠣᠯᠯᠠᠷ᠂ ᠠᠵᠤ ᠠᠬᠤᠶ᠎ᠶ᠋ᠢᠨ ᠳᠠᠮ ᠬᠣᠬᠢᠷᠠᠯ 5000 ᠳ᠋ᠦᠩᠱᠢᠭᠤᠷ ᠳ᠋ᠣᠯᠯᠠᠷ ᠲᠤ᠌ ᠬᠦᠷᠴᠡᠶ᠃
ᠦᠨᠡᠨ ᠶᠣᠰᠣ᠎ᠶ᠋ᠢ ᠣᠯᠤᠭ᠍ᠰᠠᠳ᠎ᠲᠤ ᠲᠤᠰᠠᠯᠠᠮᠵᠢ ᠦᠯᠡᠮᠵᠢ᠃ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠳᠠᠢ᠌ᠨ ᠨᠢ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠬᠦᠴᠦᠨ᠎ᠦ ᠡᠷᠬᠢᠮ ᠨᠠᠨᠳᠢᠨ ᠲᠤᠰᠠᠯᠠᠮᠵᠢ ᠪᠠ ᠳᠡᠮᠵᠢᠯᠭᠡ᠎ᠶ᠋ᠢ ᠣᠯᠤᠭ᠍ᠰᠠᠨ ᠶᠤᠮ᠃ ᠵᠦᠪᠯᠡᠯᠳᠦ ᠡᠴᠡ ᠳᠤᠮᠳᠠᠳᠤ ᠤᠯᠤᠰ᠎ᠤᠨ ᠶᠠᠫᠣᠨ᠎ᠢ ᠡᠰᠡᠷᠭᠦᠴᠡᠬᠦ᠌ ᠲᠠᠢ᠌ᠨ᠎ᠳᠦ ᠬᠦᠴᠦᠲᠡᠢ ᠡᠳ᠋ ᠪᠣᠳᠠᠰ᠎ᠤᠨ ᠳᠡᠮᠵᠢᠯᠭᠡ ᠦᠵᠡᠭᠦᠯᠵᠦ᠍᠂ ᠠᠮᠧᠷᠢᠺᠠ᠎ᠶ᠋ᠢᠨ《ᠨᠢᠰᠬᠦ ᠪᠠᠷᠰ᠎ᠤᠨ ᠠᠩᠭᠢ》ᠠᠶᠤᠯ ᠲᠦᠭᠰᠢᠭᠦᠷᠢ᠎ᠵᠢ ᠬᠠᠢᠬᠤᠷᠤᠯ ᠦᠬᠡᠢ ᠪᠡᠷ ᠲᠡᠮᠡᠬᠡᠨ ᠪᠦᠬᠦᠲᠦ ᠠᠭᠠᠷ᠎ᠤᠨ ᠠᠶᠠᠯᠠᠯ᠎ᠤᠨ ᠱᠤᠭᠤᠮ᠎ᠢ ᠨᠡᠭᠡᠭᠡᠵᠦ᠍᠂ ᠺᠠᠨᠠᠳᠠ᠎ᠶ᠋ᠢᠨ ᠡᠮᠴᠢ ᠪᠸᠲ᠋ᠢᠶᠦ᠋ᠨ᠂ ᠡᠨᠡᠳᠭᠡᠭ᠎ᠦᠨ ᠡᠮᠴᠢ ᠺᠸᠳ᠋ᠢᠬᠤᠸᠠ ᠠᠯᠤᠰ ᠬᠤᠯᠠ ᠬᠡᠵᠤ ᠠᠯᠵᠢᠶᠠᠯ ᠦᠬᠡᠢ ᠳᠤᠮᠳᠠᠳᠤ ᠤᠯᠤᠰ᠎ᠲᠤ ᠢᠷᠡᠵᠤ ᠦᠬᠦᠯ᠎ᠡᠴᠡ ᠠᠪᠤᠷᠠᠨ ᠱᠢᠷᠬᠠᠲᠤᠭ᠍ᠰᠠᠳ᠎ᠢ ᠲᠡᠩᠬᠡᠷᠡᠭᠦᠯᠵᠦ᠍᠂ ᠭᠸᠷᠮᠠᠨ᠎ᠤ ᠯᠠᠪᠸᠢ᠂ ᠳ᠋ᠠᠨ᠋ᠮᠠᠷᠺᠤᠨᠱᠢᠨᠳ᠋ᠸᠪᠸᠢᠢᠭ᠌ᠸ ᠠᠷᠭ᠎ᠠ ᠪᠦᠬᠦᠨ᠎ᠢ ᠰᠦᠪᠡᠭ᠌ᠴᠢᠯᠡᠵᠦ᠍ ᠳᠤᠮᠳᠠᠳᠤ ᠤᠯᠤᠰ᠎ᠤᠨ ᠭᠠᠴᠢᠭ᠍ᠳᠠᠯᠳᠤ ᠠᠷᠠᠳ᠎ᠢ ᠬᠠᠮᠠᠭᠠᠯᠠᠵᠤ᠂ ᠠᠨᠭᠭ᠌ᠯᠢ ᠵᠢᠨ ᠯᠢᠨᠮᠸᠺ᠂ ᠢᠨᠲ᠋ᠧᠷᠨᠠᠼᠢᠣᠨᠠᠯ᠎ᠤᠨ ᠪᠠᠢᠯᠳᠤᠭ᠍ᠴᠢ ᠬᠠᠨᠰ·ᠱᠢᠪᠸᠷᠲ ᠨᠠᠷ ᠳᠤᠮᠳᠠᠳᠤ ᠤᠯᠤᠰ᠎ᠤᠨ ᠶᠠᠫᠣᠨ᠎ᠢ ᠡᠰᠡᠷᠭᠦᠴᠡᠬᠦ᠌ ᠪᠠᠭᠠᠲᠤᠷᠯᠢᠭ ᠦᠢᠯᠡ ᠠᠵᠢᠯᠯᠠᠭ᠎ᠠ᠎ᠶ᠋ᠢ ᠳᠡᠯᠡᠬᠡᠢ ᠳ᠋ᠠᠬᠢᠨ᠎ᠳᠤ ᠤᠬᠠᠭᠤᠯᠪᠠ᠁ ᠠᠷᠢᠭᠤᠨ ᠴᠢᠰᠤ ᠪᠠ ᠠᠮᠢ ᠨᠠᠰᠤ᠎ᠪᠠᠷ᠎ᠢᠶᠠᠨ ᠴᠣᠭ᠍ᠴᠠᠯᠠᠭ᠍ᠰᠠᠨ ᠲᠠᠢ᠌ᠴᠢᠨ ᠨᠥᠬᠥᠷᠯᠡᠯ ᠨᠢ ᠡᠯ᠎ᠡ ᠤᠯᠤᠰ᠎ᠤᠨ ᠠᠷᠠᠳ ᠲᠦᠮᠡᠨ᠎ᠦ ᠹᠠᠱ᠌ᠢᠰ᠎ᠢ ᠡᠰᠡᠷᠭᠦᠴᠡᠬᠦ᠌ ᠠᠤᠭ᠎ᠠ ᠶᠡᠬᠡ ᠰᠥᠰᠥ᠍ ᠵᠣᠷᠢᠭ᠎ᠢ ᠨᠢᠭ᠍ᠲᠠᠷᠠᠭᠤᠯᠵᠤ᠂ ᠬᠥᠮᠦᠨ ᠲᠥᠷᠥᠯᠬᠢᠲᠡᠨ᠎ᠦ ᠡᠩᠬᠡ ᠲᠠᠢᠪᠤᠩ ᠪᠠ ᠱᠢᠳᠤᠷᠭᠤ ᠶᠣᠰᠣᠨ᠎ᠤ ᠲᠤᠬᠠᠢ ᠥᠨᠢᠳᠡ᠎ᠶ᠋ᠢᠨ ᠬᠥᠭᠡᠭᠡᠴᠡᠯᠳᠦᠯ᠎ᠢ ᠢᠯᠡᠷᠡᠬᠦᠯᠵᠤ ᠪᠤᠢ᠃
80 ᠵᠢᠯ᠎ᠦᠨ ᠳᠠᠷᠠᠭ᠎ᠠ ᠡᠷᠬᠢᠵᠤ ᠬᠠᠷᠠᠬᠤᠶ᠎ᠠ᠂ ᠲᠡᠦᠬᠡ᠎ᠶ᠋ᠢᠨ ᠬᠠᠳᠠᠭᠤ ᠶᠣᠰᠣ ᠨᠢᠴᠤᠭᠠᠬᠳᠠᠰᠢ ᠦᠭᠡᠢ ᠶᠤᠮ᠄ ᠭᠡᠭᠡᠨ ᠰᠠᠷᠠᠭᠤᠯ ᠯᠠᠪᠲᠠᠢ ᠲᠦᠨᠡᠷ ᠬᠠᠷᠠᠩᠭᠤᠢ ᠵᠢ ᠦᠯᠳᠡᠵᠤ᠂ ᠱᠢᠳᠤᠷᠭᠤ ᠶᠣᠰᠣ ᠡᠴᠦᠰ᠎ᠲᠡᠬᠡᠨ ᠭᠠᠵᠢᠭᠤ ᠪᠤᠷᠤᠭᠤ᠎ᠶ᠋ᠢ ᠢᠯᠠᠨ᠎ᠠ᠃ 《ᠰᠢᠳᠤᠷᠭᠤ ᠶᠤᠰᠤ ᠪᠠᠢᠬᠤ ᠭᠠᠵᠠᠷ᠎ᠢ ᠳᠡᠯᠡᠬᠡᠢ ᠳ᠋ᠠᠬᠢᠨᠢᠶᠡᠷᠢᠶᠡᠨ ᠬᠦᠬᠡᠬᠡᠴᠡᠯᠳᠦᠨᠠ》᠃ ᠳᠡᠯᠡᠬᠡᠢ ᠶᠢᠷᠲᠢᠨᠴᠦ᠍ ᠲᠥᠪ ᠭᠣᠣᠯᠴᠢ ᠪᠠᠢᠬᠤ ᠬᠡᠷᠡᠭ᠌ᠲᠡᠢ᠂ ᠬᠠᠷᠭᠢᠰ ᠬᠡᠷᠴᠡᠭᠡᠢ ᠪᠠᠢᠵᠤ ᠪᠣᠯᠬᠤ ᠦᠭᠡᠢ᠃ ᠢᠮᠠᠭ᠍ᠲᠠ ᠲᠡᠦᠬᠡ᠎ᠶ᠋ᠢᠨ ᠵᠥᠪ ᠲᠠᠯ᠎ᠠ᠎ᠳᠤ ᠵᠣᠭ᠍ᠰᠣᠵᠤ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠲᠠᠪᠱᠢᠯᠳᠠ᠎ᠶ᠋ᠢᠨ ᠲᠠᠯ᠎ᠠ᠎ᠳᠤ ᠵᠣᠭ᠍ᠰᠣᠪᠠᠯ ᠰᠠᠶᠢ ᠰᠠᠷᠠᠭᠤᠯ ᠳᠠᠷᠳᠠᠩ ᠵᠠᠮ᠎ᠢᠶᠠᠷ ᠵᠠᠮᠨᠠᠵᠤ᠂ ᠰᠠᠢ᠌ᠨ ᠰᠠᠢᠬᠠᠨ ᠢᠷᠡᠭᠡᠳᠦᠢ᠎ᠵᠢ ᠡᠳ᠋ᠯᠠᠵᠤ ᠴᠢᠳᠠᠨ᠎ᠠ᠃
(ᠵᠢᠷᠭᠤᠭ᠎ᠠ)
ᠴᠡᠷᠢᠭ᠎ᠦᠨ ᠵᠢᠭ᠍ᠰᠠᠭᠠᠯ ᠱᠢᠯᠭᠠᠨ ᠦᠵᠡᠬᠦ᠌ ᠶᠣᠰᠣᠯᠠᠯ ᠶᠠᠪᠤᠭᠤᠯᠵᠤ᠂ ᠪᠦᠬᠦ᠌ ᠠᠷᠠᠳ᠎ᠢᠶᠡᠷ᠎ᠢᠶᠡᠨ ᠭᠠᠱᠢᠭᠤᠳᠠᠬᠤ ᠠᠵᠢᠯᠯᠠᠭ᠎ᠠ ᠶᠠᠪᠤᠬᠳᠠᠭᠤᠯᠵᠤ᠂ ᠭᠣᠣᠯ ᠰᠡᠳᠦᠪᠲᠦ ᠦᠵᠡᠭᠦᠯᠭᠡ᠂ ᠳᠠᠭᠤᠤ ᠬᠥᠭ᠌ᠵᠢᠮ᠎ᠦᠨ ᠲᠤᠭᠯᠠᠯᠲᠠ᠂ ᠰᠤᠳᠤᠯᠤᠨ ᠶᠠᠷᠢᠯᠴᠠᠬᠤ ᠬᠤᠷᠠᠯ ᠡᠷᠬᠢᠯᠡᠵᠦ᠍᠂ ᠺᠢᠨᠣ᠋ ᠲᠧᠯᠸᠢᠰ᠎ᠦᠨ ᠪᠦᠲᠦᠭᠡᠯ᠎ᠢ ᠲᠡᠯᠬᠡᠨ ᠦᠵᠡᠬᠦᠯᠵᠤ᠂ ᠡᠩᠬᠡ ᠲᠠᠢᠪᠤᠩ᠎ᠤᠨ ᠰᠠᠨᠠᠭᠠᠴᠢᠯᠠᠭ᠎ᠠ ᠨᠠᠢᠳᠠᠯᠡᠭᠰᠡᠨ ᠁ ᠡᠨᠡ ᠵᠢᠯ᠎ᠡᠴᠡ ᠨᠠᠭᠠᠰᠢ᠂ ᠡᠯ᠎ᠡ ᠤᠯᠤᠰ᠎ᠤᠨ ᠬᠢᠨ ᠡᠯ᠎ᠡ ᠵᠦᠢᠯ᠎ᠦᠨ ᠠᠷᠭ᠎ᠠ ᠬᠡᠯᠪᠡᠷᠢ᠎ᠪᠡᠷ ᠳᠡᠯᠡᠬᠡᠢ᠎ᠶ᠋ᠢᠨ ᠹᠠᠱ᠌ᠢᠰ᠎ᠢ ᠡᠰᠡᠷᠭᠦᠴᠡᠬᠦ᠌ ᠳᠠᠢ᠌ᠨ᠎ᠦ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠳᠤᠷᠠᠰᠭᠠᠪᠠ᠃ ᠦᠷᠡᠭ᠌ᠳᠡᠭ᠌ᠰᠡᠨ ᠪᠠᠭᠠᠲᠤᠷᠴᠤᠳ᠎ᠤᠨ ᠤᠩᠭᠤᠨ᠎ᠤ ᠡᠮᠦᠨ᠎ᠡ ᠰᠣᠷᠭᠣᠭ ᠴᠡᠴᠡᠭ ᠣᠪᠣᠭᠠᠷᠠᠵᠤ᠂ ᠡᠩᠬᠡ ᠲᠠᠢᠪᠤᠩ᠎ᠤᠨ ᠬᠤᠨᠭᠬᠤᠶᠢᠨ ᠳᠠᠭᠤᠨ ᠲᠩᠷᠢ᠎ᠶ᠋ᠢᠨ ᠬᠠᠶᠠᠭᠠᠨ᠎ᠳᠤ ᠬᠦᠷᠳᠡᠯ᠎ᠡ ᠬᠠᠩᠬᠢᠨᠠᠬᠤ᠂ ᠤᠳᠠᠭ᠎ᠠ ᠪᠦᠷᠢ᠎ᠶ᠋ᠢᠨ ᠳᠤᠷᠠᠳᠭᠠᠯ ᠨᠢ ᠴᠥᠮ ᠨᠢᠭᠡ ᠤᠳᠠᠭ᠎ᠠ᠎ᠶ᠋ᠢᠨ ᠤᠶᠤᠨ ᠰᠠᠨᠠᠭᠠᠨ᠎ᠤ ᠤᠬᠢᠶᠠᠯ ᠪᠠᠢᠵᠤ᠂ ᠬᠥᠮᠦᠰ᠎ᠢ ᠰᠡᠷᠡᠮᠵᠢᠯᠡᠭᠦᠯᠵᠦ᠍᠂ ᠢᠷᠡᠭᠡᠳᠦᠢ᠎ᠶ᠋ᠢ ᠰᠡᠩᠬᠡᠷᠡᠭᠦᠯᠦᠨ᠎ᠡ᠃
ᠤᠷᠢᠳᠤ᠎ᠶ᠋ᠢᠨ ᠶᠠᠪᠤᠳᠠᠯ᠎ᠢ ᠮᠠᠷᠲᠠᠬᠤ ᠦᠭᠡᠢ ᠪᠣᠯ ᠬᠣᠵᠢᠮ᠎ᠤᠨ ᠶᠠᠪᠤᠳᠠᠯ᠎ᠳᠤ ᠰᠤᠷᠭᠠᠮᠵᠢ ᠪᠣᠯᠤᠨ᠎ᠠ᠃ ᠠᠽᠢᠶ᠎ᠠ ᠲᠢᠪ᠂ ᠧᠦ᠋ᠷᠣᠫᠠ ᠲᠢᠪ᠂ ᠠᠹᠷᠢᠺᠠ ᠲᠢᠪ᠂ ᠶᠡᠬᠡ ᠲᠡᠯᠡᠶ᠎ᠶ᠋ᠢᠨ ᠲᠢᠪ᠎ᠢ ᠬᠠᠮᠤᠷᠤᠭ᠍ᠰᠠᠨ ᠲᠡᠷᠡ ᠤᠳᠠᠭᠠᠨ᠎ᠤ ᠲᠡᠢᠨ᠎ᠳᠦ 80 ᠭᠠᠷᠤᠶ ᠤᠯᠤᠰ ᠪᠠ ᠭᠠᠵᠠᠷ ᠣᠷᠣᠨ᠂ ᠪᠠᠷᠤᠭ 20 ᠳ᠋ᠦᠩᠱᠢᠭᠤᠷ ᠬᠥᠮᠦᠨ ᠠᠮᠠ ᠬᠠᠮᠤᠷᠤᠭ᠍ᠳᠠᠨ ᠣᠷᠣᠵᠤ᠂ ᠡᠯ᠎ᠡ ᠤᠯᠤᠰ᠎ᠤᠨ ᠴᠡᠷᠢᠭ ᠠᠩᠭᠢ ᠪᠠ ᠠᠷᠠᠳ ᠣᠯᠠᠨ ᠳ᠋ᠦᠩᠱᠢᠭᠤᠷ ᠭᠠᠷᠤᠶ ᠬᠥᠮᠦᠨ ᠥᠭᠦᠵᠦ᠍ ᠱᠢᠷᠬᠠᠲᠤᠨ᠂ ᠬᠥᠮᠦᠨ ᠲᠥᠷᠥᠯᠬᠢᠲᠡᠨ᠎ᠦ ᠲᠡᠦᠬᠡᠨ ᠳᠡᠭᠡᠷᠡᠬᠢ ᠬᠠᠮᠤᠭ᠎ᠤᠨ ᠬᠠᠷᠠᠰᠠᠯᠲᠤ ᠦᠷᠡᠭ᠌ᠳᠡᠯ ᠭᠠᠷᠭᠠᠭ᠍ᠰᠠᠨ ᠶᠤᠮ᠃ ᠰᠤᠷᠭᠠᠮᠵᠢ ᠤᠳᠠᠭᠠᠳᠤᠢ᠂ ᠡᠳᠦᠭᠡ᠎ᠶ᠋ᠢᠨ ᠳᠡᠯᠡᠬᠡᠶ ᠶᠢᠷᠲᠢᠨᠴᠦ᠍ ᠮᠥᠨ ᠯᠡ ᠠᠮᠤᠷ ᠲᠠᠢᠪᠤᠩ ᠪᠤᠰᠤ ᠪᠠᠢᠭ᠍ᠰᠠᠭᠠᠷ᠂ ᠲᠡᠢᠨ᠎ᠦ ᠭᠠᠯ ᠵᠠᠷᠢᠮ ᠭᠠᠵᠠᠷ ᠣᠷᠣᠨ᠎ᠳᠤ ᠳᠦᠷᠡᠯᠵᠡᠵᠦ᠍᠂ ᠭᠠᠵᠠᠷ ᠣᠷᠣᠨ᠎ᠤ ᠮᠥᠷᠭᠥᠯᠳᠦᠭᠡᠨ ᠲᠠᠰᠤᠷᠠᠯᠲᠠ ᠥᠬᠡᠶ ᠡᠭᠦᠰᠴᠦ᠍᠂ ᠬᠥᠮᠦᠯᠢᠭ ᠦᠵᠡᠯ᠎ᠦᠨ ᠬᠢᠮᠤᠷᠠᠯ ᠪᠠᠢᠨ ᠪᠠᠢᠨ ᠡᠭᠦᠰᠴᠦ᠍᠂ ᠮᠠᠰᠢ ᠣᠯᠠᠨ ᠠᠮᠢ ᠨᠠᠰᠤ ᠵᠣᠯ ᠪᠤᠰᠤ᠎ᠪᠠᠷ ᠦᠷᠡᠭᠳᠡᠪᠡ ᠁
ᠲᠡᠦᠬᠡ᠎ᠪᠡᠨ ᠪᠠᠲᠤ ᠴᠡᠭᠡᠵᠢᠯᠡᠬᠦ᠌ ᠨᠢ ᠥᠱᠢᠢᠡ ᠬᠣᠷᠣᠰᠤᠯ᠎ᠢᠶᠠᠨ ᠦᠷᠭᠦᠯᠵᠢᠯᠡᠭᠦᠯᠬᠦ᠌᠎ᠶ᠋ᠢᠨ ᠲᠥᠯᠥᠭᠡ ᠪᠢᠰᠢ᠂ ᠬᠠᠷᠢᠨ ᠲᠡᠦᠬᠡ᠎ᠪᠡᠷ ᠲᠤᠯᠢ ᠪᠣᠯᠭᠠᠵᠤ᠂ ᠢᠷᠡᠭᠡᠳᠦᠢ᠎ᠪᠡᠨ ᠴᠣᠭ᠍ᠴᠠᠯᠠᠬᠤ᠎ᠶ᠋ᠢᠨ ᠲᠥᠯᠥᠭᠡ ᠶᠤᠮ᠃ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠰᠣᠶᠣᠯ᠎ᠤᠨ ᠵᠣᠬᠢᠶᠠᠨ ᠪᠠᠢᠭᠤᠯᠤᠯᠲᠠ᠎ᠶ᠋ᠢᠨ ᠶᠡᠷᠦᠩᠬᠡᠶ ᠵᠠᠬᠢᠷᠭ᠎ᠠ᠎ᠶ᠋ᠢᠨ ᠠᠰᠠᠷ᠎ᠤᠨ ᠡᠮᠦᠨᠡᠬᠢ ᠴᠢᠯᠠᠭᠤᠨ ᠬᠥᠱᠢᠶ᠎ᠡ᠎ᠳᠦ 《 ᠳᠠᠢᠨ ᠪᠣᠯ ᠬᠥᠮᠦᠨ᠎ᠦ ᠦᠵᠡᠯ ᠰᠠᠨᠠᠭ᠎ᠠ᠎ᠡᠴᠡ ᠡᠭᠦᠰᠦᠭ᠌ᠰᠡᠨ ᠪᠣᠯᠬᠣᠷ ᠬᠥᠮᠦᠨ᠎ᠦ ᠦᠵᠡᠯ ᠰᠠᠨᠠᠭᠠᠨ᠎ᠳᠤ ᠡᠩᠬᠡ ᠲᠠᠢᠪᠤᠩ᠎ᠢ ᠬᠠᠮᠠᠭᠠᠯᠠᠬᠤ ᠬᠠᠯᠬᠠᠪᠴᠢ᠎ᠶ᠋ᠢ ᠪᠤᠶ ᠪᠣᠯᠭᠠᠬᠤ ᠬᠡᠷᠡᠭ᠌ᠲᠡᠶ》 ᠭᠡᠵᠦ᠍ ᠪᠢᠴᠢᠭ᠌ᠰᠡᠨ ᠪᠠᠢᠳᠠᠭ᠃ ᠰᠡᠳᠭᠢᠯ᠎ᠳᠦ ᠳᠠᠢᠨ ᠳᠠᠵᠢᠨ ᠦᠭᠡᠢ ᠪᠣᠯ᠂ ᠲᠣᠯᠣᠭᠠᠶᠳᠡᠭᠡᠷᠡ ᠰᠠᠶᠢ ᠡᠩᠬᠡ ᠲᠠᠢᠪᠤᠩ ᠬᠥᠬᠡ ᠣᠭ᠍ᠲᠠᠷᠭᠤᠶ ᠪᠠᠢᠵᠦ ᠴᠢᠳᠠᠨ᠎ᠠ᠃ ᠡᠷᠬᠡᠪᠰᠢ ᠳᠠᠢᠨ ᠡᠭᠦᠰᠭᠡᠬᠦ᠌ ᠪᠢᠯᠳᠠ᠎ᠶ᠋ᠢ ᠦᠵᠡᠯ ᠰᠠᠨᠠᠭᠠᠨ᠎ᠤ ᠲᠠᠯ᠎ᠠ᠎ᠪᠠᠷ ᠠᠷᠢᠯᠭᠠᠵᠤ᠂ ᠰᠡᠯᠡᠮ᠎ᠡ᠎ᠶ᠋ᠢ ᠠᠨᠵᠢᠰᠤ ᠪᠣᠯᠭᠠᠨ᠂ ᠡᠭᠦᠷᠢᠳᠡ ᠪᠠᠢᠯᠳᠤᠬᠤ ᠦᠭᠡᠢ ᠭᠡᠬᠦ᠌ ᠣᠢᠯᠠᠭᠠᠭ᠍ᠳᠠᠬᠤᠨ᠎ᠢ ᠬᠥᠮᠦᠰ᠎ᠦᠨ ᠰᠡᠳᠭᠢᠯ᠎ᠳᠦ ᠭᠦᠨ ᠬᠠᠳᠠᠩᠱᠢᠭᠤᠯᠪᠠᠯ ᠰᠠᠶᠢ ᠭᠤᠨᠢᠭ᠍ᠲᠤ ᠵᠦᠴᠦᠭᠡ᠎ᠶ᠋ᠢ ᠳᠠᠬᠢᠨ ᠲᠣᠭ᠍ᠯᠠᠬᠤ᠎ᠡᠴᠡ ᠵᠠᠢᠯᠠᠰᠭᠢᠵᠦ᠍᠂ ᠡᠩᠬᠡ ᠲᠠᠢᠪᠤᠩ᠎ᠤᠨ ᠭᠠᠯ᠎ᠢ ᠦᠶ᠎ᠡ᠎ᠶ᠋ᠢᠨ ᠦᠶ᠎ᠡ᠎ᠳᠦ ᠤᠯᠠᠮᠵᠢᠯᠠᠵᠤ ᠴᠢᠳᠠᠨ᠎ᠠ᠃
《 ᠨᠠᠷᠠ ᠪᠠ ᠤᠳᠤᠨ ᠮᠡᠴᠢᠳ ᠣᠭ᠍ᠲᠠᠷᠭᠤᠢ᠎ᠳᠤ ᠲᠦᠭᠡᠵᠦ᠍᠂ ᠡᠬᠡ ᠭᠠᠵᠠᠷ᠎ᠲᠤ ᠰᠦᠷ ᠵᠢᠪᠬᠤᠯᠠᠩᠲᠤ ᠳᠠᠭᠤᠤ ᠴᠤᠤᠷᠢᠶᠠᠲᠤᠨ᠎ᠠ᠃ ᠬᠥᠮᠦᠨ ᠲᠥᠷᠥᠯᠬᠢᠲᠡᠨ ᠡᠷᠬᠢᠮ ᠳᠡᠭᠡᠳᠦ ᠬᠦᠰᠡᠯ ᠡᠷᠡᠮᠡᠯᠵᠡᠯ᠎ᠢ ᠬᠠᠮᠲᠤ᠎ᠪᠠᠷ ᠳᠠᠭᠤᠯᠠᠵᠤ᠂ ᠱᠢᠨ᠎ᠡ ᠶᠢᠷᠲᠢᠨᠴᠦ᠍᠎ᠶ᠋ᠢᠨ ᠮᠡᠨᠳᠦᠯᠡᠭ᠌ᠰᠡᠨᠢ ᠮᠠᠭ᠍ᠲᠠᠨ ᠰᠠᠢᠱᠢᠶᠠᠨ᠎ᠠ》᠃ 1945 ᠣᠨ᠎ᠳᠤ ᠳᠡᠯᠡᠬᠡᠶ ᠨᠡᠢᠲᠡ᠎ᠪᠡᠷ᠎ᠢᠶᠡᠨ《ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠦᠨᠳᠦᠰᠦᠨ ᠳᠦᠷᠢᠮ》᠎ᠳ᠋ᠤ ᠭᠠᠷᠤᠨ ᠦᠰᠦᠭ ᠵᠢᠷᠤᠵᠤ᠂ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢ ᠪᠠᠢᠭᠤᠯᠵᠠᠶ᠃ 《ᠪᠢᠳᠡ ᠡᠯ᠎ᠡ ᠤᠯᠤᠰ᠎ᠤᠨ ᠠᠷᠠᠳ ᠲᠦᠮᠡᠨ᠎ᠲᠡᠶ ᠬᠣᠯᠪᠣᠭᠠᠯᠠᠵᠤ ᠪᠠᠢᠭᠠᠳ ᠬᠣᠢᠴᠢ ᠦᠶ᠎ᠡ᠎ᠶ᠋ᠢᠨ ᠬᠢᠨᠢ ᠳᠠᠢ᠌ᠨ᠎ᠦ ᠭᠠᠢ ᠭᠠᠮᠱᠢᠭ᠎ᠲᠦ ᠤᠴᠠᠷᠠᠭᠤᠯᠬᠤ ᠦᠭᠡᠢ᠎ᠪᠠᠷ ᠵᠣᠷᠢᠭ ᠱᠢᠭᠤᠳᠴᠤ᠌ ᠪᠠᠢᠨ᠎ᠠ》᠂ 《ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠦᠨᠳᠦᠰᠦᠨ ᠳᠦᠷᠢᠮ》 ᠳ᠋ᠤ 《ᠤᠯᠠᠨ ᠤᠯᠤᠰ᠎ᠤᠨ ᠡᠩᠬᠡ ᠲᠠᠢᠪᠤᠩ ᠪᠣᠯᠤᠨ ᠠᠮᠤᠷ ᠲᠦᠪᠱᠢᠨ᠎ᠢ ᠬᠠᠮᠠᠭᠠᠯᠠᠬᠤ》᠂ 《ᠤᠯᠠᠨ ᠤᠯᠤᠰ᠎ᠤᠨ ᠬᠠᠮᠲᠤᠷᠠᠯᠴᠠᠭ᠎ᠠ᠎ᠶ᠋ᠢ ᠠᠬᠢᠭᠤᠯᠬᠤ》᠂ 《ᠡᠷᠬᠡ ᠮᠡᠳᠡᠯ ᠡᠷᠬᠡ ᠲᠡᠭ᠌ᠰᠢ ᠪᠠᠢᠬᠤ》᠂ 《ᠤᠯᠠᠨ ᠤᠯᠤᠰ᠎ᠤᠨ ᠵᠢᠭᠤᠷᠠᠯᠳᠤᠭᠠᠨ᠎ᠢ ᠨᠠᠢᠷᠠᠮᠳᠠᠯ᠎ᠢᠶᠠᠷ ᠱᠢᠢᠳᠪᠦᠷᠢᠯᠡᠬᠦ᠌》ᠵᠡᠷᠭᠡ ᠵᠣᠷᠢᠯᠲᠠ ᠪᠠ ᠵᠠᠷᠴᠢᠮ᠎ᠢ ᠲᠣᠭ᠍ᠲᠠᠭᠠᠵᠤ᠂ ᠬᠡᠳᠦᠨ ᠵᠠᠭᠤᠨ ᠵᠢᠯ᠎ᠦᠨ《ᠪᠠᠯᠠᠷ ᠤᠢ᠎ᠶ᠋ᠢᠨ ᠵᠢᠮ᠎ᠡ ᠬᠠᠤᠯᠢ᠎ᠳᠤ ᠪᠤᠴᠠᠬᠤ》ᠵᠢ ᠡᠪᠳᠡᠵᠦ᠍᠂ ᠳᠡᠯᠡᠬᠡᠢ᠎ᠶ᠋ᠢᠨ ᠡᠩᠬᠡ ᠲᠠᠢᠪᠤᠩ ᠪᠣᠯᠤᠨ ᠬᠥᠭ᠌ᠵᠢᠯᠲᠡ᠎ᠳᠦ ᠬᠦᠰᠡᠯ ᠡᠷᠡᠮᠡᠯᠵᠡᠯ᠎ᠦᠨ ᠦᠷ᠎ᠡ᠎ᠶ᠋ᠢ ᠰᠠᠴᠤᠪᠠ᠃
80 ᠵᠢᠯ᠎ᠦᠨ ᠳᠠᠷᠠᠭᠠᠬᠢ ᠥᠨᠥᠳᠦᠷ᠂ ᠳᠡᠯᠡᠬᠡᠢ ᠳ᠋ᠠᠬᠢᠨ ᠱᠢᠨ᠎ᠡ ᠣᠷᠣᠭ᠎ᠠ ᠪᠤᠰᠭᠠᠭ᠎ᠠ ᠬᠤᠪᠢᠰᠤᠯᠲᠠ᠎ᠶ᠋ᠢᠨ ᠬᠤᠭᠤᠴᠠᠭᠠᠨ᠎ᠳᠤ ᠣᠷᠣᠵᠤ᠂ ᠭᠠᠭ᠍ᠴᠠ ᠲᠠᠯᠠᠲᠤ ᠦᠵᠡᠯ᠂ ᠡᠵᠡᠷᠬᠡᠭᠯᠡᠨ ᠳᠠᠷᠤᠯᠠᠬᠤ ᠠᠵᠢᠯᠯᠠᠭ᠎ᠠ᠎ᠶ᠋ᠢᠨ ᠬᠣᠣᠷ ᠬᠥᠨᠥᠭᠡᠯ ᠬᠦᠨᠳᠦ ᠨᠣᠴᠢᠲᠠᠢ ᠪᠠᠢᠵᠤ᠂ ᠬᠥᠮᠦᠨ ᠲᠥᠷᠥᠯᠬᠢᠲᠡᠨ᠎ᠦ ᠨᠡᠢᠭᠡᠮ ᠵᠠᠩᠭᠢᠯᠠᠭ᠎ᠠ᠎ᠶ᠋ᠢᠨ ᠲᠣᠨᠣᠯᠵᠢᠨ ᠵᠠᠮ᠎ᠳᠤ ᠳᠠᠬᠢᠨᠲᠠ ᠬᠦᠷᠪᠡ᠃ ᠲᠡᠦᠬᠡ᠎ᠪᠡᠷ ᠲᠤᠯᠢ ᠪᠣᠯᠭᠠᠵᠤ᠂ ᠢᠷᠡᠭᠡᠳᠦᠢ᠎ᠪᠡᠨ ᠴᠤᠭᠴᠠᠯᠠᠬᠤ᠎ᠳᠦ ᠡᠷᠬᠡᠪᠰᠢ ᠳᠡᠯᠡᠬᠡᠢ᠎ᠶ᠋ᠢᠨ ᠬᠣᠶᠠᠳᠤᠭᠠᠷ ᠲᠠᠢ᠌ᠨ᠎ᠦ ᠵᠥᠪ ᠲᠡᠦᠬᠡ᠎ᠶ᠋ᠢᠨ ᠦᠵᠡᠯᠲᠡ᠎ᠶ᠋ᠢ ᠪᠠᠷᠢᠮᠲᠠᠯᠠᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠪᠠᠷ ᠭᠣᠣᠯ ᠪᠣᠯᠭᠠᠭ᠍ᠰᠠᠨ ᠤᠯᠠᠨ ᠤᠯᠤᠰ᠎ᠤᠨ ᠱᠢᠰᠲ᠋ᠧᠮ᠎ᠢ ᠡᠷᠡᠰ ᠬᠠᠮᠠᠭᠠᠯᠠᠵᠤ᠂ ᠳᠡᠯᠡᠬᠡᠢ᠎ᠶ᠋ᠢᠨ ᠲᠥᠪ ᠭᠣᠣᠯᠴᠢ ᠱᠢᠳᠤᠷᠭᠤ ᠶᠣᠰᠣ᠎ᠶ᠋ᠢ ᠡᠷᠡᠰ ᠬᠠᠮᠠᠭᠠᠯᠠᠵᠤ᠂ ᠠᠯᠢᠪᠠ ᠬᠡᠯᠪᠡᠷᠢ᠎ᠶ᠋ᠢᠨ ᠡᠵᠡᠷᠬᠡᠭᠯᠡᠬᠦ ᠦᠵᠡᠯ ᠪᠣᠯᠤᠨ ᠬᠦᠴᠦᠷᠬᠡᠭ᠌ᠯᠡᠯ᠎ᠦᠨ ᠤᠯᠤᠰ ᠲᠦᠷᠦ᠍᠎ᠶ᠋ᠢ ᠡᠷᠡᠰ ᠡᠰᠡᠷᠭᠦᠴᠡᠵᠦ᠍᠂ ᠨᠡᠩ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠠᠰᠠᠯᠲᠠ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠬᠤ ᠬᠡᠷᠡᠭ᠌ᠲᠡᠢ᠃
ᠡᠩᠬᠡ ᠲᠠᠢᠪᠤᠩ ᠪᠠᠢᠵᠤ ᠲᠠᠢ᠌ᠨ ᠬᠢᠬᠦ ᠦᠭᠡᠢ᠂ ᠬᠠᠮᠲᠤᠷᠠᠯᠴᠠᠬᠤ᠎ᠡᠴᠡ ᠪᠢᠰᠢ ᠡᠰᠡᠷᠭᠦᠴᠡᠯᠳᠦᠬᠦ ᠦᠭᠡᠢ᠂ ᠬᠠᠮᠲᠤ᠎ᠪᠠᠷ ᠠᠱᠢᠭ ᠬᠦᠷᠳᠡᠵᠦ ᠥᠯᠥ ᠡᠪᠰᠡᠬᠦ᠌ ᠦᠭᠡᠢ ᠪᠠᠢᠬᠤ ᠪᠤᠯ ᠰᠠᠶᠢ ᠬᠥᠮᠦᠨ ᠲᠥᠷᠥᠯᠬᠢᠲᠡᠨ᠎ᠦ ᠨᠡᠢᠭᠡᠮ᠎ᠦᠨ ᠡᠩᠬᠡ ᠲᠠᠢᠪᠤᠩ᠂ ᠲᠠᠪᠱᠢᠯᠳᠠ᠂ ᠬᠥᠭ᠌ᠵᠢᠯᠲᠡ᠎ᠶ᠋ᠢᠨ ᠥᠨᠢᠳᠡ᠎ᠶ᠋ᠢᠨ ᠭᠣᠣᠯ ᠰᠡᠳᠦᠪ ᠪᠣᠯᠬᠤ᠎ᠶ᠋ᠢ ᠲᠡᠦᠬᠡ ᠪᠢᠳᠡᠨ᠎ᠳᠦ ᠬᠡᠯᠡᠵᠦ᠍ ᠥᠭ᠌ᠪᠡ᠃ ᠣᠳᠣᠬᠠᠨ᠎ᠤ ᠳᠡᠯᠡᠬᠡᠢ ᠶᠢᠷᠲᠢᠨᠴᠦ᠍᠎ᠳᠦ᠂ ᠡᠯ᠎ᠡ ᠤᠯᠤᠰ ᠬᠤᠪᠢ ᠵᠠᠶᠠᠭ᠎ᠠ᠎ᠪᠠᠨ ᠬᠠᠮᠲᠤᠳᠭᠠᠭ᠍ᠰᠠᠨ ᠲᠤᠮᠤ ᠣᠩᠭᠣᠴᠠᠨ ᠳᠡᠭᠡᠷ᠎ᠡ ᠰᠠᠭᠤᠵᠤ᠂ ᠡᠰᠡᠷᠭᠦᠴᠡᠯᠳᠦᠯ ᠨᠢ ᠳᠡᠯᠡᠬᠡᠢ ᠳ᠋ᠠᠬᠢᠨ᠎ᠢ ᠦᠬᠦᠯ᠎ᠦᠨ ᠵᠠᠮ᠎ᠳᠤ ᠣᠷᠣᠭᠤᠯᠬᠤ ᠪᠣᠯᠤᠨ᠎ᠠ᠂ ᠬᠠᠮᠲᠤᠷᠠᠯᠴᠠᠬᠤ ᠪᠣᠯ ᠰᠠᠶᠢ ᠢᠷᠡᠭᠡᠳᠦᠢ ᠲᠡᠢᠰᠢ ᠤᠷᠤᠭ᠍ᠰᠢᠯᠠᠬᠤ ᠥᠷᠭᠡᠨ ᠠᠭᠤᠳᠠᠮ ᠠᠶᠠᠯᠠᠯ᠎ᠤᠨ ᠵᠠᠮ ᠮᠥᠨ᠃ ᠭᠠᠭ᠍ᠴᠠ ᠬᠦ᠌ ᠬᠠᠷᠢᠯᠴᠠᠨ ᠠᠱᠢᠭ᠍ᠲᠠᠢ ᠬᠠᠮᠲᠤ᠎ᠪᠠᠷ ᠠᠱᠢᠭ ᠬᠦᠷᠲᠡᠬᠦ᠌᠂ ᠬᠠᠲᠠᠭᠤ ᠪᠡᠷᠬᠡᠰᠢᠶᠡᠯ᠎ᠢ ᠬᠠᠮᠲᠤ᠎ᠪᠠᠷ ᠲᠤᠭᠤᠯᠬᠤ᠎ᠳᠦ ᠬᠦᠷᠪᠡᠯ᠂ ᠬᠥᠮᠦᠨ ᠲᠥᠷᠥᠯᠬᠢᠲᠡᠨ ᠰᠠᠶᠢ ᠵᠦᠢᠯ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠢᠯᠠᠨ ᠳᠠᠪᠠᠵᠤ᠂ ᠬᠠᠮᠲᠤ᠎ᠪᠠᠷ ᠬᠥᠭ᠌ᠵᠢᠨ ᠴᠡᠴᠡᠭ᠌ᠯᠡᠬᠦ᠌ ᠱᠢᠨ᠎ᠡ ᠠᠬᠤᠢ ᠪᠠᠢᠳᠠᠯ ᠲᠡᠢᠰᠢ ᠤᠷᠤᠭ᠍ᠰᠢᠯᠠᠵᠤ ᠴᠢᠳᠠᠨ᠎ᠠ᠃
《ᠳ᠋ᠠᠩ᠂ ᠳ᠋ᠠᠩ᠂ ᠳ᠋ᠠᠩ ᠁》 ᠣᠷᠳᠣᠨ ᠨᠡᠭᠡᠭᠡᠬᠦ᠌ ᠥᠷᠯᠥᠭᠡ ᠪᠣᠯᠭᠠᠨ᠂ ᠳᠤᠮᠳᠠᠳᠤ ᠤᠯᠤᠰ᠎ᠢ ᠲᠦᠷᠢᠮᠡᠬᠡᠢᠯᠡᠭ᠌ᠰᠡᠨ ᠶᠠᠫᠣᠨ ᠴᠡᠷᠢᠭ᠎ᠦᠨ ᠨᠠᠨᠵᠢᠩ᠎ᠤᠨ ᠶᠡᠬᠡ ᠬᠢᠳᠤᠯᠭ᠎ᠠ᠎ᠳᠤ ᠪᠡᠶ᠎ᠡ ᠦᠷᠡᠭ᠌ᠳᠡᠭ᠌ᠰᠡᠨ ᠠᠬ᠎ᠠ ᠳᠡᠭᠦᠦ᠍᠎ᠨᠡᠷ᠎ᠦᠨ ᠳᠤᠷᠠᠰᠭᠠᠯ᠎ᠤᠨ ᠣᠷᠳᠣᠨ᠎ᠤ ᠡᠩᠬᠡ ᠲᠠᠢᠪᠤᠩ᠎ᠤᠨ ᠲᠤᠮᠤ ᠬᠤᠨᠭᠬᠤ ᠴᠥᠮ ᠴᠠᠭ᠎ᠲᠠᠭᠠᠨ ᠳᠤᠤᠭᠠᠷᠳᠠᠭ᠃ ᠬᠤᠨᠭᠬᠤᠶᠢᠨᠲᠠᠭᠤᠨ ᠴᠤᠤᠷᠢᠶᠠᠲᠤᠬᠤ ᠪᠣᠯ ᠲᠡᠦᠬᠡ᠎ᠶ᠋ᠢᠨ ᠰᠡᠷᠡᠮᠵᠢᠯᠡᠭᠦᠯᠦᠯ ᠮᠥᠨ᠂ ᠨᠡᠩ ᠴᠤ᠌ ᠡᠩᠬᠡ ᠲᠠᠢᠪᠤᠩ᠎ᠤᠨ ᠲᠤᠬᠠᠢ ᠬᠦᠰᠡᠯ ᠡᠷᠡᠮᠡᠯᠵᠡᠯ ᠪᠠ ᠪᠠᠲᠤ ᠪᠠᠷᠢᠮᠲᠠᠯᠠᠯ ᠮᠥᠨ᠃ ᠡᠩᠬᠡ ᠲᠠᠢᠪᠤᠩ᠎ᠢ ᠬᠢᠯᠪᠡᠷ ᠪᠤᠰᠤ᠎ᠪᠠᠷ ᠣᠯᠤᠭ᠍ᠰᠠᠨ ᠶᠤᠮ᠂ ᠡᠩᠬᠡ ᠲᠠᠢᠪᠤᠩ᠎ᠢ ᠡᠷᠬᠡᠪᠰᠢ ᠬᠠᠮᠠᠭᠠᠯᠠᠬᠤ ᠬᠡᠷᠡᠭ᠌ᠲᠡᠢ᠂ ᠳᠤᠮᠳᠠᠳᠤ ᠤᠯᠤᠰ᠎ᠤᠨ ᠠᠷᠠᠳ ᠲᠦᠮᠡᠨ ᠡᠩᠬᠡ ᠲᠠᠢᠪᠤᠩ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠡᠷᠡᠰ ᠭᠤᠢᠪᠢᠰᠢ ᠦᠭᠡᠢ᠎ᠪᠡᠷ ᠬᠥᠮᠦᠨ ᠲᠥᠷᠥᠯᠬᠢᠲᠡᠨ᠎ᠦ ᠲᠠᠪᠱᠢᠯᠳᠠ᠎ᠶ᠋ᠢᠨ ᠲᠥᠯᠥᠭᠡ ᠵᠢᠳᠬᠦᠵᠦ᠍᠂ ᠳᠡᠯᠡᠬᠡᠢ ᠳ᠋ᠠᠬᠢᠨ᠎ᠤ ᠡᠪ ᠨᠢᠭᠡᠳᠦᠯ᠎ᠦᠨ ᠲᠥᠯᠥᠭᠡ ᠵᠢᠳᠬᠦᠨ᠎ᠡ ᠭᠡᠳᠡᠭ᠎ᠢ ᠭᠦᠨᠵᠡᠭᠡᠢ ᠣᠢᠯᠠᠭᠠᠪᠠ᠃ ᠶᠡᠬᠡ ᠵᠠᠮ᠎ᠢᠶᠠᠷ ᠬᠠᠮᠲᠤ ᠤᠷᠤᠭᠰᠢᠯᠠᠨ᠂ ᠡᠶ᠎ᠡ ᠡᠪ᠎ᠲᠡᠶ ᠬᠠᠮᠲᠤ ᠣᠷᠣᠱᠢᠨ᠎ᠠ᠃ ᠳᠤᠮᠳᠠᠳᠤ ᠤᠯᠤᠰ ᠡᠯ᠎ᠡ ᠤᠯᠤᠰ᠎ᠲᠠᠶ ᠬᠠᠮᠲᠤ᠎ᠪᠠᠷ᠂ ᠵᠢᠩᠬᠢᠨᠢ ᠤᠯᠠᠨ ᠲᠠᠯᠠᠲᠤ ᠦᠵᠡᠯ᠎ᠢ ᠬᠠᠮᠲᠤ᠎ᠪᠠᠷ ᠬᠠᠮᠠᠭᠠᠯᠠᠨ ᠦᠢᠯᠡᠳᠦᠯᠭᠡᠵᠢᠭᠦᠯᠵᠦ᠍᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠭᠠᠷ ᠬᠣᠯᠪᠣᠨ ᠪᠠᠢᠭᠤᠯᠵᠤ᠂ ᠳᠡᠯᠡᠬᠡᠢ᠎ᠶ᠋ᠢᠨ ᠡᠩᠬᠡ ᠲᠠᠢᠪᠤᠩ ᠪᠣᠯᠤᠨ ᠬᠥᠭ᠌ᠵᠢᠯᠲᠡ᠎ᠶ᠋ᠢ ᠬᠠᠮᠠᠭᠠᠯᠠᠬᠤ᠎ᠳᠤ ᠨᠡᠩ ᠤᠯᠠᠨ ᠲᠣᠭ᠍ᠲᠠᠭᠠᠯᠲᠤ ᠴᠢᠨᠠᠷ ᠪᠠ ᠢᠳᠡᠪᠬᠢ ᠬᠦᠴᠦᠨ ᠨᠡᠮᠡᠷᠢᠯᠡᠵᠦ᠍᠂ ᠬᠥᠮᠦᠨ ᠲᠥᠷᠥᠯᠬᠢᠲᠡᠨ᠎ᠳᠦ ᠨᠡᠩ ᠭᠡᠭᠡᠨ ᠰᠠᠷᠠᠭᠤᠯ ᠢᠷᠡᠭᠡᠳᠦᠢ᠎ᠶ᠋ᠢ ᠡᠭᠦᠳᠴᠦ᠍ ᠥᠭ᠌ᠭᠦᠨ᠎ᠡ᠃
(ᠲᠤᠯᠤᠭ᠎ᠠ)
ᠠᠯᠳᠠᠨ ᠨᠠᠮᠤᠷ᠎ᠤᠨ ᠤᠯᠠᠷᠢᠯ᠎ᠳᠤ᠂ ᠳᠡᠯᠡᠬᠡᠢ᠎ᠶ᠋ᠢᠨ ᠬᠠᠷᠡᠴᠡ ᠳᠤᠮᠳᠠᠳᠤ ᠤᠯᠤᠰ᠎ᠲᠤ ᠳᠠᠬᠢᠨᠲᠠ ᠲᠥᠪᠯᠡᠷᠡᠪᠡ᠃ 9 ᠰᠠᠷ᠎ᠠ᠎ᠶ᠋ᠢᠨ 3 ᠤ᠋ ᠡᠳᠦᠷ ᠲᠢᠶᠠᠨ ᠠᠨ ᠮᠸᠨ ᠲᠠᠯᠠᠪᠠᠶ᠎ᠳᠤ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ ᠳᠠᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ ᠳᠠᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠶᠡᠬᠡ ᠬᠤᠷᠠᠯ ᠦᠪᠡᠳᠡᠭ᠌ᠰᠢ ᠶᠡᠬᠡᠪᠡᠷ ᠬᠤᠷᠠᠯᠳᠤᠬᠤ ᠪᠣᠯᠤᠨ᠎ᠠ᠂ ᠡᠭᠦᠨ᠎ᠳᠦ ᠴᠡᠷᠢᠭ ᠠᠩᠭᠢ᠎ᠶ᠋ᠢ ᠱᠢᠯᠭᠠᠨ ᠦᠵᠡᠬᠦ᠌ ᠶᠠᠪᠤᠳᠠᠯ ᠪᠠᠭ᠍ᠲᠠᠨ᠎ᠠ᠃ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ ᠬᠠᠩᠭᠢᠨᠠᠵᠤ᠂ ᠰᠦᠷ ᠬᠦᠴᠦᠨᠲᠦ ᠳᠥᠷᠪᠡᠯᠵᠢᠨ ᠡᠩᠨᠡᠭᠡ ᠰᠦᠷ ᠳᠠᠯᠠᠢᠴᠠᠲᠠᠢ ᠤᠷᠤᠭ᠍ᠰᠢᠯᠠᠵᠤ᠂ ᠢᠯᠠᠯᠲᠠ᠎ᠶ᠋ᠢᠨ ᠢᠷᠠᠭᠤ ᠠᠯᠳᠠᠷ᠂ ᠲᠡᠦᠬᠡ᠎ᠶ᠋ᠢᠨ ᠰᠠᠩᠬᠡᠷᠡᠬᠦᠯᠦᠯ᠂ ᠢᠷᠡᠭᠡᠳᠦᠢ᠎ᠶ᠋ᠢᠨ ᠬᠦᠰᠡᠯ ᠡᠷᠡᠮᠡᠯᠵᠡᠯ ᠳᠤᠮᠳᠠᠳᠤ᠎ᠶ᠋ᠢᠨ ᠡᠬᠡ ᠭᠠᠵᠠᠷ᠎ᠲᠤ ᠬᠠᠩᠭᠢᠨᠠᠵᠤ᠂ ᠲᠦᠭ ᠲᠦᠮᠡᠨ ᠠᠷᠠᠳ ᠲᠦᠮᠡᠨ᠎ᠦ ᠰᠡᠳᠭᠢᠯ᠎ᠳᠦ ᠬᠠᠩᠭᠢᠨᠠᠨ ᠴᠤᠤᠷᠢᠶᠠᠳᠤᠬᠤ ᠪᠤᠯᠤᠨ᠎ᠠ᠃
《ᠤᠷᠤᠭ᠍ᠰᠢ᠎ᠪᠠᠨ᠂ ᠤᠷᠤᠭ᠍ᠰᠢ᠎ᠪᠠᠨ᠂ ᠤᠷᠤᠭ᠍ᠰᠢ᠎ᠪᠠᠨ! ᠮᠠᠨ᠎ᠤ ᠡᠩᠨᠡᠭᠡ ᠨᠡᠷᠡᠨ ᠵᠦᠭ ᠤᠷᠤᠭ᠍ᠰᠢᠯᠠᠨ᠎ᠠ》 ᠂ 《ᠵᠡᠭᠦᠨ᠎ᠢ ᠵᠤᠷᠢᠨ᠎ᠠ᠂ ᠵᠡᠭᠦᠨ᠎ᠢ ᠵᠤᠷᠢᠨ᠎ᠠ᠂ ᠪᠢᠳᠡ ᠪᠣᠯ ᠲᠡᠮᠤᠷ ᠮᠡᠲᠦ ᠬᠠᠳᠠᠭᠤ ᠱᠢᠨ᠎ᠡ ᠳᠥᠷᠪᠡᠳᠦᠭᠡᠷ ᠠᠷᠮᠢ !》 ᠁ ᠭᠠᠵᠠᠷ ᠨᠤᠳᠤᠭ ᠲᠦᠷᠢᠮᠡᠭᠡᠢᠯᠡᠭᠳᠡᠨ ᠲᠠᠯᠬᠢᠭ᠍ᠳᠠᠭ᠍ᠰᠠᠨ ᠲᠦᠨᠡᠷ ᠬᠠᠷᠠᠩᠭᠤᠶ ᠴᠠᠭ ᠮᠥᠴᠡ᠎ᠳᠦ᠂ ᠤᠯᠠᠨ ᠰᠠᠯᠠᠭ᠎ᠠ ᠶᠠᠫᠣᠨ᠎ᠢ ᠡᠰᠡᠷᠭᠦᠴᠡᠬᠦ᠌ ᠴᠡᠷᠢᠭ ᠠᠩᠭᠢ ᠳᠠᠢᠨ᠎ᠦ ᠲᠠᠯᠠᠪᠤᠷ᠎ᠲᠤ ᠮᠤᠷᠳᠠᠨ᠂ ᠬᠠᠩᠭᠢᠨᠠᠨ ᠴᠤᠤᠷᠢᠶᠠᠳᠤᠬᠤ ᠪᠠᠢᠯᠳᠤᠭᠠᠨ᠎ᠤ ᠳᠠᠭᠤᠤ ᠨᠤᠭᠤᠳ ᠢᠩᠬᠢᠵᠤ ᠫᠤᠤ᠎ᠶ᠋ᠢᠨ ᠳᠠᠭᠤᠨ᠎ᠤ ᠳᠤᠮᠳᠠ ᠮᠡᠨᠳᠤᠯᠡᠵᠤ ᠪᠢᠯᠠ᠃ ᠣᠮᠣᠭ ᠲᠡᠭᠦᠯᠳᠡᠷ ᠰᠦᠷ ᠲᠠᠯᠠᠢᠴᠠᠳᠠᠢ ᠲᠠᠭᠤᠤ ᠵᠢᠨ ᠬᠦᠭ ᠠᠶᠠᠰ ᠳᠤᠮᠳᠠ᠂ ᠬᠠᠳᠤᠨ ᠭᠣᠣᠯ᠎ᠤᠨ ᠬᠦᠷᠬᠢᠷᠡᠨ ᠲᠠᠪᠠᠯᠭᠠᠯᠠᠬᠤ ᠬᠠᠰᠬᠢᠷᠤᠯ ᠪᠤᠢ᠂ ᠬᠥᠬᠡᠮᠥ᠋ᠷᠡᠨ᠎ᠦ ᠳᠠᠪᠠᠯᠭᠠᠯᠠᠨ ᠤᠷᠤᠰᠭᠤ ᠰᠦᠷ ᠵᠢᠪᠬᠤᠯᠠᠩ ᠪᠤᠢ᠂ ᠤᠷᠳᠤ ᠴᠠᠭᠠᠨ ᠬᠡᠷᠡᠮ᠎ᠦᠨ ᠪᠠᠳᠤ ᠰᠡᠬᠦᠢᠬᠦ ᠬᠠᠳᠠᠨ ᠵᠣᠷᠢᠭ ᠪᠤᠢ᠂ ᠲᠠᠢ ᠬᠠᠩ ᠱᠠᠨ ᠠᠭᠤᠯᠠᠨ᠎ᠤ ᠣᠮᠣᠭᠯᠠᠩ ᠰᠦᠷᠯᠢᠭ ᠰᠦᠰᠦ ᠵᠣᠷᠢᠭ ᠪᠤᠢ᠂ ᠨᠡᠩ ᠴᠤ᠌ ᠳᠤᠮᠳᠠᠳᠤ᠎ᠶ᠋ᠢᠨ ᠦᠨᠳᠦᠰᠦᠲᠡᠨ᠎ᠦ ᠬᠤᠭᠤᠷᠠᠬᠤ ᠡᠴᠡ ᠪᠢᠰᠢ ᠨᠤᠭᠤᠷᠠᠬᠤ ᠦᠭᠡᠢ᠂ ᠴᠤᠴᠠᠯᠲᠠ ᠦᠭᠡᠢ ᠤᠷᠤᠭ᠍ᠰᠢᠯᠠᠬᠤ ᠪᠠᠭᠠᠲᠤᠷᠯᠢᠭ ᠴᠤᠭ ᠰᠦᠯᠲᠡ ᠪᠤᠢ᠃
ᠬᠤᠪᠢᠷᠠᠵᠤ ᠪᠠᠢᠭ᠎ᠠ ᠨᠢ ᠴᠠᠭ ᠣᠷᠣᠨ ᠵᠠᠢ᠂ ᠬᠡᠵᠢᠶᠠᠳᠠ ᠬᠤᠪᠢᠷᠠᠰᠢ ᠦᠭᠡᠢ ᠨᠢ ᠡᠷᠡᠮᠡᠬᠡᠢᠯᠡᠨ ᠤᠷᠤᠭ᠍ᠰᠢᠯᠠᠬᠤ ᠳᠦᠷᠰᠦ ᠪᠠᠢᠳᠠᠯ ᠪᠣᠯᠤᠨ᠎ᠠ᠃ ᠥᠨᠥᠳᠦᠷ᠎ᠦᠨ ᠳᠤᠮᠳᠠᠳᠤ ᠤᠯᠤᠰ᠎ᠢ ᠬᠠᠷᠠᠪᠠᠯ᠂ ᠲᠦᠷᠭᠡᠨ᠎ᠦ ᠲᠡᠮᠦᠷ ᠵᠠᠮ᠎ᠢᠶᠡᠷ ᠭᠠᠯᠲᠤ ᠲᠡᠷᠭᠡ ᠨᠢᠰᠤᠨ ᠳᠠᠪᠬᠢᠵᠤ᠂ ᠤᠯᠤᠰ᠎ᠲᠠᠭᠠᠨ ᠦᠢᠯᠡᠳᠪᠦᠷᠢᠯᠡᠭ᠌ᠰᠡᠨ ᠲᠤᠮᠤ ᠨᠢᠰᠭᠡᠯ ᠬᠦᠬᠡ ᠣᠭ᠍ᠲᠠᠷᠭᠤᠢ᠎ᠳᠤ ᠳᠡᠭᠦᠯᠢᠵᠦ᠍᠂ ᠳᠤᠮᠳᠠᠳᠤ ᠤᠯᠤᠰ᠎ᠤᠨ ᠰᠠᠨᠰᠠᠷ᠎ᠤᠨ ᠦᠷᠳᠡᠭᠡ ᠣᠭ᠍ᠲᠠᠷᠭᠤᠢ᠎ᠳᠤ ᠨᠤᠳᠤᠬᠰᠢᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠤᠷᠤᠰᠭᠠᠯ ᠣᠢᠯᠤᠨ ᠳᠠᠪᠠᠯᠭᠠᠯᠠᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠠᠮ ᠠᠮᠢᠵᠢᠷᠠᠯ᠎ᠤᠨ ᠬᠦᠴᠦᠨ᠎ᠢᠶᠡᠷ ᠪᠢᠯᠬᠠᠨ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠦᠵᠡᠮᠵᠢᠳᠤ ᠵᠢᠷᠤᠭ ᠲᠡᠯᠬᠡᠨ ᠦᠷᠬᠦᠯᠵᠢᠯᠡᠨ᠎ᠡ ᠁ ᠲᠦᠭ ᠲᠦᠮᠡᠨ ᠳᠤᠮᠳᠠᠳᠤ ᠤᠯᠤᠰ᠎ᠤᠨ ᠠᠷᠠᠳ ᠲᠦᠮᠡᠨ ᠪᠦᠯᠬᠦᠮᠳᠡᠨ ᠨᠢᠭᠡᠳᠴᠦ᠍᠂ ᠡᠷᠡᠯᠬᠡᠭ᠌ᠯᠡᠨ ᠲᠡᠮᠡᠴᠡᠵᠦ᠍᠂ ᠥᠪᠡᠷ᠎ᠦᠨ ᠶᠠᠪᠤᠳᠠᠯ᠎ᠢᠶᠠᠨ ᠡᠷᠡᠰ ᠭᠤᠢᠪᠢᠰᠢ ᠦᠭᠡᠢ ᠰᠠᠢᠲᠤᠷ ᠬᠢᠵᠦ᠍᠂ ᠱᠢᠨ᠎ᠡ ᠠᠶᠠᠨ ᠳ᠋ᠤ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ ᠳ᠋ᠤ ᠭᠠᠪᠢᠶ᠎ᠠ ᠪᠠᠢᠭᠤᠯᠬᠤ ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠪᠠ᠃
ᠶᠡᠬᠡ ᠶᠤᠰᠤ ᠬᠥᠪᠡᠭᠡ ᠬᠢᠵᠠᠭᠠᠷ ᠦᠭᠡᠢ᠂ ᠤᠭ ᠰᠠᠨᠠᠭ᠎ᠠ ᠪᠠᠲᠤ ᠡᠴᠡ ᠪᠠᠳᠤ᠃ ᠶᠠᠪᠤᠵᠤ ᠢᠷᠡᠭᠰᠡᠨ ᠲᠡᠦᠬᠡ᠎ᠶ᠋ᠢᠨ ᠭᠦᠨ᠎ᠡᠴᠡ ᠠᠭᠤᠤ ᠶᠡᠬᠡ ᠬᠦᠰᠡᠯ ᠵᠡᠭᠦᠳᠦ ᠵᠦᠭ ᠤᠷᠤᠭ᠍ᠰᠢᠯᠠᠬᠤ ᠵᠠᠮ ᠳ᠋ᠤ᠂ ᠮᠢᠩᠭᠠᠨ ᠪᠡᠷᠬᠡ ᠲᠦᠮᠡᠨ ᠪᠠᠷᠳᠠᠭ᠎ᠠ ᠪᠠᠢᠭ᠍ᠰᠠᠨ ᠴᠤ᠌᠂ ᠢᠮᠠᠭ᠍ᠲᠠ ᠬᠠᠷᠰᠢ ᠰᠠᠭᠠᠳ᠎ᠢ ᠢᠯᠠᠨ ᠳᠠᠪᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ ᠢᠩᠭᠢᠵᠦ᠍ ᠰᠠᠯᠬᠢ ᠪᠤᠷᠤᠭᠠᠨ᠎ᠢ ᠬᠠᠢᠬᠤᠷᠤᠯ ᠦᠬᠡᠢ ᠴᠤᠴᠠᠯᠳᠠ ᠦᠭᠡᠢ ᠤᠷᠤᠭ᠍ᠰᠢᠯᠠᠵᠤ᠂ ᠢᠩᠭᠢᠵᠦ᠍ ᠡᠷᠡᠮᠡᠬᠡᠢᠯᠡᠨ ᠤᠷᠤᠭ᠍ᠰᠢᠯᠠᠵᠤ ᠢᠷᠡᠭᠡᠳᠦᠢ ᠵᠦᠭ ᠲᠠᠮᠡᠦᠯᠦᠨᠡ —
《ᠲᠠᠪᠤᠨ ᠮᠢᠩᠭ᠎ᠠ ᠭᠠᠷᠤᠢ ᠵᠢᠯ᠎ᠦᠨ ᠭᠡᠷᠡᠯ ᠰᠠᠴᠤᠷᠠᠩᠭᠤᠢ ᠪᠣᠯᠪᠠᠰᠤᠨ᠎ᠢ ᠡᠭᠦᠳᠦᠭ᠌ᠰᠡᠨ ᠳᠤᠮᠳᠠᠳᠤ᠎ᠶ᠋ᠢᠨ ᠦᠨᠳᠦᠰᠦᠲᠡᠨ ᠯᠠᠪᠲᠠᠢ ᠱᠢᠨ᠎ᠡ ᠴᠠᠭ ᠦᠶ᠎ᠡ ᠱᠢᠨ᠎ᠡ ᠠᠶᠠᠨ᠎ᠳᠤ ᠨᠡᠩ ᠶᠡᠬᠡ ᠱᠢᠨ᠎ᠡ ᠭᠡᠷᠡᠯ ᠰᠠᠴᠤᠷᠠᠩᠭᠤᠢ ᠠᠮᠵᠢᠯᠲᠠ᠎ᠶ᠋ᠢ ᠡᠭᠦᠳᠴᠦ᠍᠂ ᠬᠥᠮᠦᠨ ᠲᠥᠷᠥᠯᠬᠢᠲᠡᠨ᠎ᠦ ᠡᠩᠬᠡ ᠲᠠᠢᠪᠤᠩ ᠪᠠ ᠬᠥᠭ᠌ᠵᠢᠯᠲᠡ᠎ᠶ᠋ᠢᠨ ᠡᠷᠬᠢᠮ ᠳᠡᠭᠡᠳᠦ ᠦᠢᠯᠡᠰ᠎ᠲᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌᠎ᠶ᠋ᠢ ᠪᠢᠳᠡ ᠪᠠᠲᠤ ᠢᠲᠡᠭᠡᠨᠠ! 》
(ᠰᠢᠨᠬᠤᠸᠠ ᠬᠤᠷᠢᠶ᠎ᠠ᠎ᠶᠢᠨ ᠪᠡᠭᠡᠵᠢᠩ᠎ᠤᠨ 8 ᠰᠠᠷ᠎ᠠ᠎ᠶᠢᠨ 31᠎ᠤ᠋ ᠴᠠᠬᠢᠯᠭᠠᠨ ᠮᠡᠳᠡᠭᠡ)