ᠪᠣᠷᠣᠭᠠᠨ᠎ᠤ ᠳᠠᠷᠠᠭᠠᠬᠢ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠳᠠᠢᠴᠢᠨᠲᠠᠯ᠎ᠠ ᠰᠤᠮᠤᠨ᠎ᠤ ᠠᠭᠤᠷ ᠠᠮᠢᠰᠭᠤᠯ ᠴᠡᠪᠡᠷ ᠲᠤᠩᠭᠠᠯᠠᠭ ᠪᠠᠢᠯ᠎ᠠ᠃ ᠣᠢᠷ᠎ᠠ᠎ᠳᠤ 《ᠠᠮᠢᠵᠢᠷᠠᠯ ᠪᠢᠯᠬᠠᠬᠰᠠᠨ ᠳᠤᠮᠳᠠᠳᠤ ᠤᠯᠤᠰ᠎ᠤᠨ ᠪᠠᠢᠴᠠᠭᠠᠨ ᠰᠤᠳᠤᠯᠤᠯᠲᠠ᠎ᠶ᠋ᠢᠨ ᠠᠶᠠᠯᠠᠯ》 ᠤ᠋ᠨ ᠥᠪᠥᠷ ᠮᠣᠩᠭᠣᠯ᠎ᠤᠨ ᠭᠤᠤᠯ ᠰᠡᠳᠦᠪᠲᠦ ᠰᠤᠷᠪᠤᠯᠵᠢᠯᠠᠭ᠎ᠠ᠎ᠶ᠋ᠢᠨ ᠠᠵᠢᠯᠯᠠᠭ᠎ᠠ᠎ᠳᠤ ᠣᠷᠣᠯᠴᠠᠭ᠍ᠰᠠᠨ ᠰᠤᠷᠪᠤᠯᠵᠢᠯᠠᠭ᠍ᠴᠢᠳ ᠲᠣᠰ ᠰᠤᠮᠤᠨ᠎ᠳᠤ ᠪᠠᠢᠷᠢᠯᠠᠵᠤ ᠪᠠᠢᠭ᠎ᠠ ᠲᠤᠮᠳᠠᠳᠤ ᠤᠯᠤᠰ ᠤ᠋ᠨ ᠭᠤᠸᠠᠩ ᠾᠧ ᠪᠦᠯᠦᠭᠯᠡᠯ ᠤ᠋ᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭᠠᠨ ᠬᠡᠷᠡᠯᠴᠢ ᠴᠡᠨᠡᠭ᠎ᠢ ᠨᠢᠭᠡ ᠴᠣᠭ᠍ᠴᠠᠵᠢᠭᠤᠯᠤᠭ᠍ᠰᠠᠨ ᠲᠥᠷᠥᠯ ᠵᠦᠶ᠋ᠯ᠎ᠦᠨ ᠲᠣᠭᠣᠷᠢᠭ᠎ᠲᠤ ᠬᠦᠷᠬᠦ ᠳ᠋ᠤ ᠨᠢᠳᠦᠨ ᠡᠮᠦᠨᠡᠬᠢ ᠦᠵᠡᠮᠵᠢ᠎ᠨᠢ ᠬᠥᠮᠦᠰ᠎ᠢ ᠳᠣᠭ᠍ᠳᠣᠯᠤᠭᠤᠯᠤᠨ᠎ᠠ — ᠲᠩᠷᠢ ᠭᠠᠵᠠᠷ᠎ᠤᠨ ᠬᠣᠭᠣᠷᠣᠨᠳᠣ ᠬᠡᠰᠡᠭ ᠬᠡᠰᠡᠭ ᠭᠦᠨ ᠬᠥᠬᠡ ᠦᠩᠭᠡ ᠵᠢᠨ ᠬᠡᠷᠡᠯᠴᠢ ᠴᠡᠨᠡᠭ ᠤ᠋ᠨ ᠬᠠᠪᠲᠠᠰᠤᠨᠤᠭᠤᠳᠨᠢ 《ᠬᠥᠬᠡ ᠲᠡᠯᠡᠶ》 ᠪᠣᠯᠵᠣ᠂ ᠬᠠᠪᠲᠠᠰᠤᠨ᠎ᠤ ᠲᠤᠤᠷ᠎ᠠ ᠱᠢᠨ᠎ᠡ ᠤᠷᠭᠤᠭ᠍ᠰᠠᠨ ᠬᠠᠷ᠎ᠠ ᠪᠣᠭᠣᠳᠠᠶ᠎ᠶ᠋ᠢᠨ ᠡᠪᠡᠰᠦ᠂ ᠬᠦᠷᠡᠩ ᠴᠠᠷᠭᠠᠰᠤ᠂ ᠦᠷᠢ ᠵᠢᠨ ᠰᠡᠭᠦᠯ᠎ᠨᠢ ᠰᠠᠯᠬᠢᠨ᠎ᠤ ᠠᠶ᠎ᠠ᠎ᠪᠠᠷ ᠨᠠᠢᠭᠤᠵᠤ᠂ ᠠᠯᠤᠰ ᠬᠣᠯᠠ᠎ᠶ᠋ᠢᠨ ᠨᠣᠮᠢᠨ ᠨᠣᠭᠣᠭᠠᠨ ᠠᠭᠤᠯᠠ ᠳᠣᠪᠣᠴᠠᠭ᠎ᠲᠠᠶ ᠨᠡᠢᠯᠡᠵᠤ ᠭᠤᠢᠳᠠ ᠦᠵᠡᠮᠵᠢ ᠪᠤᠯᠵᠤ᠂ ᠬᠥᠮᠦᠰ᠎ᠦᠨ ᠬᠣᠷᠴᠢᠨ᠎ᠤ ᠡᠯᠡᠰᠦᠷᠬᠡᠭ ᠭᠠᠵᠠᠷ᠎ᠤᠨ ᠲᠤᠬᠠᠶ ᠤᠯᠠᠮᠵᠢᠯᠠᠯᠲᠤ ᠰᠠᠭᠤᠭ᠍ᠳᠠᠯ᠎ᠢ ᠬᠤᠪᠢᠷᠠᠭᠤᠯᠵᠠᠢ᠃
《ᠡᠲᠡᠭᠡᠷ ᠤᠷᠭᠤᠮᠠᠯ᠎ᠢ ᠴᠥᠮ ᠡᠨᠡ ᠬᠠᠪᠤᠷ ᠰᠠᠶᠢ ᠳᠠᠷᠢᠭ᠍ᠰᠠᠨ ᠶᠤᠮ᠂ ᠣᠲᠣ ᠤᠷᠭᠤᠴᠠ᠎ᠨᠢ ᠪᠢᠳᠡᠨ᠎ᠦ ᠵᠢᠱ᠌ᠢᠭ᠌ᠰᠡᠨ᠎ᠡᠴᠡ ᠪᠠᠰᠠ ᠰᠠᠢᠨ ᠪᠠᠢᠨ᠎ᠠ᠃ ᠬᠠᠭᠠᠰ ᠵᠢᠯ᠎ᠦᠨ ᠡᠮᠦᠨ᠎ᠡ ᠡᠨᠳᠡ ᠮᠥᠨ ᠯᠡ ᠡᠯᠡᠰᠦᠷᠭᠡᠭ ᠭᠠᠵᠠᠷ ᠪᠠᠢᠵᠠᠢ᠃ ᠤᠳᠤ᠂ ᠨᠣᠭᠣᠭᠠᠷᠠᠬᠰᠠᠨ ᠵᠢᠡᠷ ᠪᠠᠷᠠᠬᠤ ᠦᠭᠡᠢ ᠲᠦᠷᠦᠯ ᠵᠦᠢᠯ ᠨᠢ ᠴᠦ᠍ ᠪᠦᠬᠦ᠌ ᠪᠠᠭ᠍ᠲᠠᠭᠠᠮᠵᠢ᠎ᠪᠠᠷ᠎ᠢᠶᠠᠨ ᠲᠣᠣᠷ᠎ᠲᠤ ᠨᠡᠢᠯᠡᠵᠦ᠍᠂ ᠪᠤᠬᠢᠷᠳᠤᠯ ᠦᠭᠡᠢ ᠴᠠᠬᠢᠯᠭᠠᠨ᠎ᠢ ᠲᠠᠰᠤᠷᠠᠯᠳᠠ ᠦᠭᠡᠢ ᠥᠪᠥᠷ ᠮᠣᠩᠭᠣᠯ᠎ᠤᠨ ᠵᠡᠭᠦᠨ ᠬᠡᠰᠡᠭ᠎ᠦᠨ ᠴᠠᠬᠢᠯᠭᠠᠨ ᠲᠣᠣᠷ᠎ᠲᠤ ᠬᠦᠷᠭᠡᠵᠦ ᠪᠠᠢᠨ᠎ᠠ》 ᠭᠡᠵᠦ ᠲᠤᠮᠳᠠᠳᠤ ᠤᠯᠤᠰ ᠤ᠋ᠨ ᠭᠤᠸᠠᠩ ᠾᠧ ᠪᠦᠯᠦᠭᠯᠡᠯ (ᠬᠢᠩᠭᠠᠨ ᠠᠢᠮᠠᠭ) ᠤ᠋ᠨ ᠱᠢᠨ᠎ᠡ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠱᠠ ᠳ᠋ᠤᠤ ᠭᠡᠷᠡᠯᠴᠢ ᠴᠡᠨᠡᠭ᠎ᠦᠨ ᠴᠠᠬᠢᠯᠭᠠᠨ ᠦᠷᠳᠡᠭᠡ᠎ᠶ᠋ᠢᠨ ᠳᠠᠷᠤᠭ᠎ᠠ ᠶᠠᠩ ᠶᠠᠩ ᠬᠦᠯ ᠳᠣᠣᠷᠠᠬᠢ ᠢᠭ᠍ᠴᠤ ᠰᠠᠬᠤᠯᠠᠭ ᠡᠪᠡᠰᠦ᠎ᠶ᠋ᠢ ᠵᠢᠭᠠᠵᠤ ᠲᠠᠨᠢᠯᠴᠠᠭᠤᠯᠪᠠ᠃
ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ ᠶᠡᠬᠡ ᠬᠢᠩᠭᠠᠨ ᠳᠠᠪᠠᠭ᠎ᠠ᠎ᠶ᠋ᠢᠨ ᠡᠮᠦᠨ᠎ᠡ ᠬᠣᠷᠮᠣᠶ᠂ ᠬᠣᠷᠴᠢᠨ᠎ᠤ ᠡᠯᠡᠰᠦᠷᠬᠡᠭ ᠭᠠᠵᠠᠷ᠎ᠤᠨ ᠬᠣᠢᠲᠤ ᠬᠡᠰᠡᠭ᠎ᠲᠦ ᠪᠠᠢᠷᠢᠯᠠᠵᠤ᠂ ᠴᠡᠪᠡᠷ ᠡᠨᠧᠷᠭᠢ᠎ᠶ᠋ᠢ ᠬᠥᠭ᠌ᠵᠢᠭᠦᠯᠬᠦ᠌ ᠯᠤᠲᠤ ᠶᠡᠬᠡ ᠳᠠᠯᠳᠠ ᠬᠦᠴᠦᠨ ᠬᠠᠳᠠᠭᠠᠯᠠᠭ᠍ᠳᠠᠵᠤ ᠪᠠᠢᠨ᠎ᠠ᠃ ᠲᠤᠰ ᠬᠣᠱᠢᠭᠤᠨ᠎ᠤ ᠳᠤᠮᠳᠠᠴᠢ ᠰᠠᠯᠬᠢᠨ᠎ᠤ ᠬᠤᠷᠳᠤᠴᠠ ᠨᠢ ᠰᠧᠺᠦ᠋ᠨ᠋ᠳ᠋ ᠪᠦᠷᠢ 8.5 ᠮᠧᠲ᠋ᠷ᠎ᠲᠦ ᠬᠦᠷᠴᠦ᠍᠂ ᠰᠠᠯᠬᠢᠨ ᠬᠦᠴᠦ᠍᠎ᠪᠡᠷ ᠴᠠᠬᠢᠯᠭᠠᠨ ᠭᠠᠷᠭᠠᠬᠤ ᠴᠠᠭ᠎ᠤᠨ ᠳᠤᠮᠳᠠᠴᠢ ᠲᠣᠭ᠎ᠠ ᠨᠢ 2800 ᠴᠠᠭ᠎ᠢ ᠳᠠᠪᠠᠵᠠᠶ; ᠨᠡᠷᠡᠨ᠎ᠦ ᠲᠤᠰᠤᠯᠲᠠ ᠭᠦᠶ᠋ᠴᠡᠳ ᠪᠠᠢᠬᠤ ᠨᠢ ᠡᠨᠳᠡᠬᠢ᠎ᠶ᠋ᠢ ᠬᠡᠷᠡᠯᠴᠢ ᠴᠡᠨᠡᠭ᠎ᠦᠨ ᠠᠵᠤ ᠦᠶ᠋ᠯᠡᠰ᠎ᠢ ᠬᠥᠭ᠌ᠵᠢᠭᠦᠯᠬᠦ᠌ ᠬᠦᠰᠡᠯᠡᠩ᠎ᠦᠨ ᠣᠷᠣᠨ ᠪᠣᠯᠭᠠᠵᠤ᠂ ᠬᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ ᠵᠢᠯ᠎ᠦᠨ ᠳᠤᠮᠳᠠᠴᠢ ᠠᠱᠢᠭ᠍ᠯᠠᠬᠤ ᠴᠠᠭ᠎ᠤᠨ ᠲᠣᠭ᠎ᠠ ᠨᠢ 1800 ᠴᠠᠭ ᠬᠦᠷᠳᠡᠭ᠃
ᠲᠤᠬᠠᠶ᠎ᠶ᠋ᠢᠨ ᠭᠠᠵᠠᠷ᠎ᠤᠨ ᠥᠪᠡᠷᠮᠢᠴᠡ ᠡᠬᠢ ᠪᠠᠶᠠᠯᠢᠭ᠎ᠤᠨ ᠳᠠᠪᠠᠭᠤᠯᠢᠭᠲᠸ᠋ ᠲᠦᠱᠢᠭ᠌ᠯᠡᠨ ᠲᠤᠮᠳᠠᠳᠤ ᠤᠯᠤᠰ ᠤ᠋ᠨ ᠭᠤᠸᠠᠩ ᠾᠧ ᠪᠦᠯᠦᠭᠯᠡᠯ ᠤ᠋ᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠦ ᠴᠠᠬᠢᠯᠭᠠᠨ ᠬᠡᠷᠡᠯᠴᠢ ᠴᠡᠨᠡᠭ᠎ᠢ ᠨᠢᠭᠡ ᠴᠣᠭ᠍ᠴᠠᠵᠢᠭᠤᠯᠤᠭ᠍ᠰᠠᠨ ᠲᠥᠷᠥᠯ ᠵᠦᠶ᠋ᠯ ᠪᠣᠶ ᠪᠣᠯᠪᠠ᠃ ᠲᠥᠷᠥᠯ ᠵᠦᠶ᠋ᠯ᠎ᠦᠨ ᠮᠠᠱᠢᠨ ᠴᠣᠭ᠍ᠴᠠᠯᠠᠪᠤᠷᠢ᠎ᠶ᠋ᠢᠨ ᠪᠠᠭ᠍ᠲᠠᠭᠠᠮᠵᠢ᠎ᠨᠢ ᠨᠡᠢᠲᠡ 30 ᠲᠦᠮᠡᠨ ᠺᠢᠯᠦᠸᠠᠲ᠎ᠲᠤ ᠬᠦᠷᠴᠦ᠍᠂ ᠵᠢᠯ᠎ᠦᠨ ᠴᠠᠬᠢᠯᠭᠠᠨ ᠭᠠᠷᠭᠠᠭ᠍ᠰᠠᠨ ᠬᠡᠮᠵᠢᠶ᠎ᠡ᠎ᠨᠢ ᠪᠠᠷᠤᠭ 5.3 ᠳ᠋ᠦᠩᠱᠢᠭᠤᠷ ᠺᠢᠯᠦᠸᠠᠲ ᠴᠠᠭ᠎ᠲᠤ ᠬᠦᠷᠴᠦ᠍᠂ ᠪᠠᠷᠢᠮᠵᠢᠶᠠᠲᠤ ᠨᠡᠭᠦᠷᠡᠰᠦ᠎ᠶ᠋ᠢ 15.9 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠢ 40.9 ᠲᠦᠮᠡᠨ ᠲᠣᠨ ᠪᠠᠭᠠᠰᠭᠠᠪᠠ᠃
ᠲᠣᠰ ᠲᠥᠷᠥᠯ ᠵᠦᠶ᠋ᠯ᠎ᠨᠢ 《ᠭᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ ᠬᠢᠭᠡᠳ ᠡᠪᠡᠰᠦᠳᠤ ᠭᠠᠵᠠᠷ᠎ᠤᠨ ᠠᠮᠢ ᠠᠬᠤᠢ᠎ᠶᠢ ᠰᠡᠷᠭᠦᠭᠡᠬᠦ᠎ᠶᠢ ᠬᠠᠷᠢᠯᠴᠠᠨ ᠨᠥᠬᠥᠪᠥᠷᠢᠯᠡᠬᠦ᠌》 ᠠᠮᠢ ᠠᠬᠤᠶ᠎ᠶ᠋ᠢᠨ ᠵᠠᠰᠠᠯᠲᠠ᠎ᠶ᠋ᠢᠨ ᠵᠠᠭ᠍ᠪᠤᠷ᠎ᠢ ᠬᠡᠷᠡᠭ᠌ᠯᠡᠵᠦ᠍᠂ ᠬᠡᠷᠡᠯᠴᠢ ᠴᠡᠨᠡᠭ᠎ᠦᠨ ᠬᠠᠪᠲᠠᠰᠤᠨ᠎ᠤ ᠬᠡᠷᠡᠯ᠎ᠢ ᠬᠠᠯᠬᠠᠯᠠᠵᠤ ᠴᠢᠭᠢᠭ᠎ᠢ ᠬᠠᠮᠠᠭᠠᠯᠠᠬᠤ ᠦᠶ᠋ᠯᠡᠳᠦᠯ᠎ᠢ ᠠᠱᠢᠭ᠍ᠯᠠᠨ ᠬᠠᠪᠲᠠᠰᠤᠨ ᠳᠤᠤᠷ᠎ᠠ ᠬᠠᠷ᠎ᠠ ᠪᠣᠭᠣᠳᠠᠶ᠎ᠵᠢᠨ ᠡᠪᠡᠰᠦ᠂ ᠬᠤᠵᠢᠷᠯᠢᠭ ᠡᠪᠡᠰᠦ᠂ ᠦᠷᠢ᠎ᠶ᠋ᠢᠨ ᠰᠡᠭᠦᠯ᠂ ᠬᠦᠷᠡᠩ ᠴᠠᠷᠭᠠᠰᠤ ᠵᠡᠷᠭᠡ ᠣᠯᠠᠨ ᠵᠦᠶ᠋ᠯ᠎ᠦᠨ ᠭᠠᠩ᠎ᠳᠤ ᠲᠡᠰᠪᠦᠷᠢᠲᠡᠶ ᠡᠪᠡᠰᠦ ᠳᠠᠷᠢᠵᠤ ᠡᠯᠡᠰᠦ᠎ᠶ᠋ᠢ ᠲᠣᠭ᠍ᠲᠠᠪᠤᠷᠢᠵᠢᠭᠤᠯᠤᠨ ᠬᠥᠷᠥᠰᠥ᠎ᠶ᠋ᠢ ᠬᠠᠮᠠᠭᠠᠯᠠᠵᠤ᠂ ᠣᠳᠣᠬᠠᠨ ᠪᠣᠯᠲᠠᠯ᠎ᠠ 1.13 ᠲᠦᠮᠡᠨ ᠮᠥ᠍ ᠡᠯᠡᠰᠦ᠎ᠶ᠋ᠢ ᠵᠠᠰᠠᠪᠠ᠃
《ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠶᠠᠪᠤᠴᠠ᠎ᠳᠤ ᠪᠢᠳᠡ ᠡᠷᠬᠢᠨ ᠲᠣᠭᠣᠷᠢᠨ᠎ᠤ ᠣᠯᠠᠨ ᠲᠦᠮᠡᠨ᠎ᠢ ᠢᠳᠡᠪᠬᠢᠲᠡᠶ ᠳᠠᠢᠴᠢᠯᠠᠨ ᠣᠷᠣᠯᠴᠠᠭᠤᠯᠵᠤ ᠪᠠᠢᠨ᠎ᠠ᠃ ᠣᠯᠠᠨ ᠲᠦᠮᠡᠨ᠎ᠤ ᠪᠥᠲᠥᠭᠡᠨ ᠪᠠᠢᠭᠤᠯᠤᠯᠲᠠ᠎ᠳᠤ ᠤᠷᠤᠯᠴᠠᠭᠰᠠᠨ ᠨᠤᠷᠮ᠎ᠠ᠎ᠵᠢᠨ ᠪᠠᠷᠢᠯᠭ᠎ᠠ᠎ᠶ᠋ᠢᠨ ᠶᠡᠷᠦᠩᠬᠡᠶ ᠬᠡᠮᠵᠢᠶ᠎ᠡ ᠳ᠋ᠡᠬᠢ ᠡᠵᠡᠯᠡᠬᠦ᠌ ᠬᠠᠷᠢᠴᠠᠯ᠎ᠨᠢ 10% ᠳ᠋ᠤ ᠬᠦᠷᠴᠤ᠂ ᠡᠷᠬᠢᠨ ᠲᠣᠭᠣᠷᠢᠨ᠎ᠤ ᠣᠯᠠᠨ ᠲᠦᠮᠡᠨ ᠣᠢᠷ᠎ᠠ ᠬᠠᠪᠢ᠎ᠳᠠᠭᠠᠨ ᠠᠵᠢᠯ ᠤᠯᠬᠤ᠂ ᠭᠠᠵᠠᠷ ᠱᠢᠷᠣᠶ ᠲᠦᠷᠢᠶᠡᠰᠦᠯᠡᠬᠦ᠌᠂ ᠮᠠᠱᠢᠨ ᠲᠦᠷᠢᠶᠡᠰᠦᠯᠡᠬᠦ᠌᠎ᠪᠡᠷ ᠳᠠᠮᠵᠢᠨ ᠣᠷᠣᠯᠭ᠎ᠠ᠎ᠪᠠᠨ ᠨᠡᠮᠡᠭ᠌ᠳᠡᠭᠦᠯᠵᠦ᠍ ᠪᠣᠯᠤᠨ᠎ᠠ᠃ ᠦᠶ᠋ᠯᠡᠳᠪᠦᠷᠢ᠎ᠶ᠋ᠢᠨ ᠲᠣᠭᠣᠷᠢᠭ ᠳᠣᠲᠣᠷ᠎ᠠ ᠬᠦᠷᠢᠶᠡᠯᠡᠵᠦ᠍ ᠪᠢᠲᠡᠭᠦᠮᠵᠢᠯᠡᠭ᠌ᠰᠡᠨ ᠲᠡᠵᠢᠭᠡᠯ ᠡᠪᠡᠰᠦ᠎ᠶ᠋ᠢ ᠨᠠᠮᠤᠷ᠎ᠲᠠᠭᠠᠨ ᠮᠠᠯᠴᠢᠨ ᠲᠠᠷᠢᠶᠠᠴᠢᠳ ᠦᠨ᠎ᠡ ᠲᠥᠯᠥᠪᠦᠷᠢ ᠦᠭᠡᠢ᠎ᠪᠡᠷ ᠬᠠᠳᠤᠵᠤ ᠮᠠᠯ ᠲᠡᠵᠢᠭᠡᠵᠦ᠍ ᠪᠣᠯᠤᠨ᠎ᠠ》 ᠭᠡᠵᠦ᠍ ᠬᠢᠩᠭᠠᠨ ᠠᠢᠮᠠᠭ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠳᠡᠳ᠋ ᠡᠷᠬᠢᠯᠡᠭ᠌ᠴᠢ᠂ ᠡᠨᠧᠷᠭᠢ᠎ᠶ᠋ᠢᠨ ᠲᠣᠪᠴᠢᠶᠠᠨ᠎ᠤ ᠳᠡᠳ᠋ ᠳᠠᠷᠤᠭ᠎ᠠ ᠱᠢᠶᠧ ᠹᠧᠩ ᠬᠡᠯᠡᠪᠡ᠃
ᠥᠩᠭᠡᠷᠡᠭ᠌ᠰᠡᠨ᠎ᠦ 《ᠰᠠᠯᠬᠢ ᠲᠡᠭᠳᠡᠵᠦ ᠡᠯᠡᠰᠤ ᠪᠤᠵᠢᠬᠢᠨᠠᠵᠤ》 ᠪᠠᠢᠭ᠍ᠰᠠᠨ ᠬᠠᠮᠠᠷ ᠬᠠᠳᠭᠤᠬᠤ ᠡᠪᠡᠰᠦ ᠦᠭᠡᠢ ᠬᠠᠯᠴᠠᠭᠠᠢ ᠭᠠᠵᠠᠷ᠎ᠡᠴᠡ ᠪᠠᠨ ᠠᠭᠠᠵᠢᠮ᠎ᠢᠶᠠᠷ 《ᠬᠠᠪᠲᠠᠰᠤᠨ ᠳᠡᠭᠡᠷ᠎ᠡ ᠴᠠᠬᠢᠯᠭᠠᠨ ᠭᠠᠷᠭᠠᠵᠤ᠂ ᠬᠠᠪᠲᠠᠰᠤᠨ ᠳᠣᠣᠷ᠎ᠠ ᠡᠪᠡᠰᠦ ᠤᠷᠭᠤᠭᠤᠯᠵᠤ᠂ ᠡᠯᠡᠰᠦ᠎ᠶ᠋ᠢ ᠲᠣᠭ᠍ᠲᠠᠪᠤᠷᠢᠵᠢᠭᠤᠯᠤᠨ ᠣᠷᠣᠯᠭ᠎ᠠ᠎ᠶ᠋ᠢ ᠨᠡᠮᠡᠭ᠌ᠳᠡᠭᠦᠯᠦᠭ᠌ᠰᠡᠨ》 ᠠᠮᠢ ᠠᠬᠤᠢ ᠠᠵᠤ ᠠᠬᠤᠢ᠎ᠶ᠋ᠢᠨ ᠬᠠᠮ ᠣᠷᠣᠨ ᠪᠤᠯᠵᠤ ᠬᠤᠪᠢᠷᠠᠪᠠ᠃ ᠲᠤᠰ ᠲᠦᠷᠦᠯ ᠵᠦᠢᠯ ᠨᠢ ᠶᠠᠭ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠱᠢᠨ᠎ᠡ ᠡᠨᠧᠷᠭᠢ᠎ᠶ᠋ᠢᠨ ᠠᠵᠤ ᠦᠢᠯᠡᠰ᠎ᠢᠶᠡᠷ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠳᠤ ᠬᠦᠴᠦᠨ ᠨᠡᠮᠡᠷᠢᠯᠡᠭ᠌ᠰᠡᠨ ᠠᠮᠢᠳᠤᠯᠢᠭ ᠬᠤᠷᠢᠶᠠᠩᠭᠤᠢ ᠵᠢᠷᠤᠬᠯᠠᠯ ᠪᠣᠯᠤᠨ᠎ᠠ᠃
ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶᠠᠨ᠎ᠤ ᠳᠡᠳ᠋ ᠳᠠᠷᠤᠭ᠎ᠠ ᠵᠢᠷᠠᠨᠲᠠᠶᠶ᠋ᠢᠨ ᠲᠠᠨᠢᠯᠴᠠᠭᠤᠯᠤᠭ᠍ᠰᠠᠨ᠎ᠢᠶᠠᠷ᠂ 2023 ᠣᠨ᠎ᠳᠤ ᠬᠣᠷᠴᠢᠨ᠎ᠤ ᠡᠯᠡᠰᠦᠷᠬᠡᠭ ᠭᠠᠵᠠᠷ᠎ᠢ ᠰᠥᠨᠥᠭᠡᠬᠦ᠌ ᠲᠡᠢᠯᠠᠯᠳᠤᠭᠠᠨ ᠡᠬᠢᠯᠡᠭ᠌ᠰᠡᠨ᠎ᠡᠴᠡ ᠨᠠᠭᠠᠰᠢ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ ᠭᠤᠤᠯ ᠲᠡᠢᠯᠠᠯᠳᠤᠭᠠᠨ᠎ᠦ ᠲᠠᠯᠠᠪᠤᠷ᠎ᠤᠨ ᠬᠠᠷᠢᠭᠤᠴᠠᠯᠭ᠎ᠠ᠎ᠪᠠᠨ ᠡᠷᠡᠰ ᠡᠭᠦᠷᠭᠡᠯᠡᠵᠦ᠍᠂ ᠱᠢᠨ᠎ᠡ ᠡᠨᠧᠷᠭᠢ᠎ᠪᠡᠷ ᠡᠯᠡᠰᠦ᠎ᠶ᠋ᠢ ᠵᠠᠰᠠᠬᠤ᠂ ᠱᠢᠨᠵᠢᠯᠡᠬᠦ᠌ ᠤᠬᠠᠭᠠᠨᠴᠢ᠎ᠪᠠᠷ ᠡᠯᠡᠰᠦ᠎ᠶ᠋ᠢ ᠵᠠᠰᠠᠬᠤ᠂ ᠣᠯᠠᠨ ᠲᠦᠮᠡᠨ ᠡᠯᠡᠰᠦ᠎ᠶ᠋ᠢ ᠵᠠᠰᠠᠬᠤ᠂ ᠨᠡᠢᠭᠡᠮᠵᠢᠡᠷᠢᠶᠡᠨ ᠡᠯᠡᠰᠦ᠎ᠶ᠋ᠢ ᠵᠠᠰᠠᠬᠤ᠂ ᠦᠷ᠎ᠡ ᠠᠱᠢᠭ ᠲᠠᠢ᠎ᠪᠡᠷ ᠡᠯᠡᠰᠦ᠎ᠶ᠋ᠢ ᠵᠠᠰᠠᠬᠤ 《ᠲᠠᠪᠤ᠎ᠶ᠋ᠢ ᠨᠢᠭᠡ ᠴᠤᠭ᠍ᠴᠠᠵᠢᠭᠤᠯᠬᠤ》 ᠵᠠᠭ᠍ᠪᠤᠷ᠎ᠢ ᠪᠠᠢᠭᠤᠯᠵᠤ᠂ 402 ᠲᠦᠮᠡᠨ ᠮᠥ᠍ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠳᠤ ᠶᠡᠷᠦᠩᠬᠡᠶ ᠲᠠᠭᠠᠷᠢᠯᠲᠠ ᠶᠠᠪᠤᠭᠤᠯᠪᠠ᠃ 2024 ᠣᠨ᠎ᠳᠤ ᠲᠣᠰ ᠬᠣᠱᠢᠭᠤ 37.71 ᠲᠦᠮᠡᠨ ᠮᠥ᠍ ᠡᠯᠡᠰᠦᠷᠬᠡᠭ ᠭᠠᠵᠠᠷ᠎ᠢ ᠵᠠᠰᠠᠵᠤ᠂ 5.9 ᠲᠦᠮᠡᠨ ᠮᠥ᠍ ᠨᠢᠴᠦᠭᠦᠨ ᠡᠯᠡᠰᠦᠷᠬᠡᠭ ᠭᠠᠵᠠᠷ᠎ᠢ ᠲᠤᠢᠯᠪᠤᠷᠢᠲᠠᠶ ᠤᠰᠠᠳᠭᠠᠪᠠ᠃ ᠡᠨᠡ ᠵᠢᠯ 3 ᠴᠢᠬᠤᠯᠠ ᠶᠡᠬᠡ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠶᠡᠷᠦᠩᠬᠡᠶ ᠪᠠᠯᠠ ᠣᠷᠣᠭᠤᠯᠤᠯᠲᠠ᠎ᠨᠢ ᠪᠠᠷᠤᠭ 2.85 ᠳ᠋ᠦᠩᠱᠢᠭᠤᠷ ᠲᠥᠭᠥᠷᠢᠭ᠎ᠲᠦ ᠬᠦᠷᠴᠦ᠍᠂ ᠡᠯᠡᠰᠦ᠎ᠶ᠋ᠢ ᠵᠠᠰᠠᠭ᠍ᠰᠠᠨ ᠲᠠᠯᠠᠪᠠᠶ᠎ᠨᠢ 98.59 ᠲᠦᠮᠡᠨ ᠮᠤ᠌᠎ᠳᠦ ᠬᠦᠷᠴᠦ᠍᠂ 《ᠨᠣᠭᠣᠭᠠᠷᠠᠭᠤᠯᠤᠯᠲᠠ ᠤᠷᠤᠭ᠍ᠰᠢᠯᠠᠵᠤ ᠡᠯᠡᠰᠦ ᠤᠬᠤᠷᠢᠬᠤ》 ᠰᠠᠢᠨ ᠬᠠᠨᠳᠤᠰᠢ᠎ᠶ᠋ᠢ ᠦᠷᠭᠦᠯᠵᠢᠯᠡᠨ ᠪᠡᠬᠢᠵᠢᠭᠦᠯᠬᠦ᠌ ᠪᠣᠯᠤᠨ᠎ᠠ᠃