ᠰᠢ᠎ᠶᠢᠨ ᠫᠢᠩ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ ᠲᠠᠢ ᠤᠲᠠᠰᠤ ᠪᠠᠷ ᠶᠠᠷᠢᠯᠴᠠᠪᠠ
2025-09-20 10:33:27
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

9 ᠰᠠᠷ᠎ᠠ᠎ᠶᠢᠨ 19᠎ᠤ᠋ ᠣᠷᠣᠢ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠠᠮᠧᠷᠢᠺᠠ᠎ᠶᠢᠨ ᠶᠡᠷᠦᠩᠬᠡᠢᠯᠡᠭᠴᠢ ᠲᠸᠷᠠᠮᠫᠦ᠋ ᠲᠠᠢ ᠤᠲᠠᠰᠤ ᠪᠠᠷ ᠶᠠᠷᠢᠯᠴᠠᠵᠤ᠂ ᠣᠳᠣᠬᠠᠨ᠎ᠤ ᠳᠤᠮᠳᠠᠳᠤ ᠠᠮᠧᠷᠢᠺᠠ᠎ᠶᠢᠨ ᠬᠠᠷᠢᠯᠴᠠᠭ᠎ᠠ ᠪᠣᠯᠣᠨ ᠬᠠᠮᠲᠤ ᠪᠠᠷ ᠠᠩᠬᠠᠷᠴᠤ ᠪᠠᠢᠭ᠎ᠠ ᠠᠰᠠᠭᠤᠳᠠᠯ᠎ᠤᠨ ᠲᠤᠬᠠᠢ ᠦᠨᠡᠨᠴᠢ ᠭᠦᠨᠵᠡᠭᠡᠢ ᠰᠠᠨᠠᠯ᠎ᠢᠶᠠᠨ ᠰᠣᠯᠢᠯᠴᠠᠵᠤ᠂ ᠳᠠᠷᠠᠭᠠᠴᠢ᠎ᠶᠢᠨ ᠱᠠᠲᠤᠨ᠎ᠤ ᠳᠤᠮᠳᠠᠳᠤ ᠠᠮᠧᠷᠢᠺᠠ᠎ᠶᠢᠨ ᠬᠠᠷᠢᠯᠴᠠᠭ᠎ᠠ᠎ᠶᠢᠨ ᠲᠣᠭᠲᠠᠭᠤᠨ᠎ᠢᠶᠠᠷ ᠬᠥᠭᠵᠢᠬᠦ᠎ᠳᠦ ᠪᠠᠢᠯᠳᠤᠬᠤ ᠪᠣᠳᠣᠯᠭ᠎ᠠ᠎ᠶᠢᠨ ᠵᠢᠯᠣᠭᠣᠳᠤᠯᠭ᠎ᠠ ᠥᠭᠴᠡᠢ᠃ ᠤᠲᠠᠰᠤ᠎ᠪᠠᠷ ᠶᠠᠷᠢᠯᠴᠠᠭᠰᠠᠨ ᠨᠢ ᠪᠣᠳᠠᠲᠠᠢ᠎ᠶᠢ ᠡᠷᠬᠢᠮᠯᠡᠵᠦ᠂ ᠢᠳᠡᠪᠬᠢᠲᠡᠢ᠂ ᠪᠦᠲᠦᠭᠡᠯᠴᠢ ᠴᠢᠨᠠᠷ᠎ᠲᠠᠢ ᠶᠤᠮ᠃

ᠰᠢ᠎ᠶᠢᠨ ᠫᠢᠩ᠂ ᠳᠤᠮᠳᠠᠳᠤ ᠠᠮᠧᠷᠢᠺᠠ ᠬᠣᠶᠠᠷ ᠤᠯᠤᠰ ᠪᠣᠯ ᠳᠡᠯᠡᠬᠡᠢ᠎ᠶᠢᠨ ᠬᠣᠶᠠᠳᠤᠭᠠᠷ ᠶᠡᠬᠡ ᠳᠠᠶ᠋ᠢᠨ᠎ᠦ ᠳᠤᠮᠳᠠ ᠮᠥᠷᠥ ᠵᠡᠷᠭᠡᠴᠡᠨ ᠪᠠᠢᠯᠳᠤᠵᠤ ᠶᠠᠪᠤᠭᠰᠠᠨ ᠬᠣᠯᠪᠣᠭᠠᠲᠠᠨ ᠮᠥᠨ᠃ ᠲᠦᠷᠦᠭᠦᠬᠡᠨ ᠳᠤᠮᠳᠠᠳᠤ᠎ᠶᠢᠨ ᠲᠠᠯ᠎ᠠ᠎ᠶᠢᠨ ᠬᠢᠨ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠤᠨ᠎ᠢ ᠡᠰᠡᠷᠭᠦᠴᠡᠬᠦ ᠳᠠᠶ᠋ᠢᠨ ᠵᠢᠴᠢ ᠳᠡᠯᠡᠬᠡᠢ᠎ᠶᠢᠨ ᠹᠠᠱ᠌ᠢᠰ᠎ᠢ ᠡᠰᠡᠷᠭᠦᠴᠡᠬᠦ ᠳᠠᠶ᠋ᠢᠨ ᠢᠯᠠᠯᠲᠠ ᠣᠯᠣᠭᠰᠠᠨ 80 ᠵᠢᠯ᠎ᠦᠨ ᠣᠶ᠎ᠶᠢ ᠳᠤᠷᠠᠰᠬᠠᠬᠤ ᠠᠵᠢᠯᠯᠠᠭ᠎ᠠ᠎ᠶᠢ ᠦᠪᠡᠳᠡᠭᠰᠢ ᠶᠡᠬᠡ᠎ᠪᠡᠷ ᠥᠷᠨᠢᠭᠦᠯᠵᠦ᠂ ᠲᠤᠬᠠᠢ᠎ᠶᠢᠨ ᠵᠢᠯ᠎ᠦᠨ ᠠᠮᠧᠷᠢᠺᠠ᠎ᠶᠢᠨ ᠭᠠᠪᠰᠢᠭᠠᠢ ᠠᠩᠭᠢ᠎ᠶᠢᠨ ᠨᠦᠭᠴᠢᠭᠰᠡᠳ᠎ᠦᠨ ᠭᠡᠷ ᠪᠦᠯᠢ᠎ᠶᠢᠨ ᠬᠢᠨ᠎ᠢ ᠲᠢᠶᠠᠨ ᠠᠨ ᠮᠧᠨ ᠠᠰᠠᠷ᠎ᠲᠤ ᠤᠷᠢᠵᠤ ᠴᠡᠷᠢᠭ ᠠᠩᠭᠢ ᠵᠢ ᠰᠢᠯᠭᠠᠨ ᠦᠵᠡᠬᠦ ᠶᠣᠰᠣᠯᠠᠯ᠎ᠢ ᠰᠣᠨᠢᠷᠬᠠᠭᠤᠯᠪᠠ᠃ ᠳᠤᠮᠳᠠᠳᠤ ᠤᠯᠤᠰ᠎ᠤᠨ ᠶᠠᠫᠤᠨ᠎ᠢ ᠡᠰᠡᠷᠭᠦᠴᠡᠬᠦ ᠲᠠᠢ᠍ᠢᠨ᠎ᠳᠦ ᠠᠮᠧᠷᠢᠺᠠ ᠵᠡᠷᠭᠡ ᠹᠠᠱ᠌ᠢᠰ᠎ᠢ ᠡᠰᠡᠷᠭᠦᠴᠡᠬᠦ ᠬᠣᠯᠪᠣᠭᠠᠲᠠᠨ ᠤᠯᠤᠰ᠎ᠤᠨ ᠦᠵᠡᠭᠦᠯᠦᠭᠰᠡᠨ ᠡᠷᠬᠢᠮ ᠨᠠᠨᠳᠢᠨ ᠳᠡᠮᠵᠢᠯᠭᠡ᠎ᠶᠢ ᠳᠤᠮᠳᠠᠳᠤ ᠤᠯᠤᠰ᠎ᠤᠨ ᠠᠷᠠᠳ ᠲᠦᠮᠡᠨ ᠮᠠᠷᠲᠠᠬᠤ ᠦᠭᠡᠢ ᠶᠤᠮ᠃ ᠪᠢᠳᠡ ᠦᠷᠡᠭᠳᠡᠭᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠵᠤ᠂ ᠲᠡᠦᠬᠡ᠎ᠪᠡᠨ ᠪᠠᠲᠤ ᠴᠡᠭᠡᠵᠢᠯᠡᠭᠰᠡᠨ ᠰᠠᠭᠤᠷᠢᠨ ᠳᠡᠭᠡᠷ᠎ᠡ᠂ ᠡᠩᠬᠡ ᠲᠠᠢᠪᠤᠩ᠎ᠢ ᠨᠠᠨᠳᠢᠩᠨᠠᠨ ᠬᠠᠢᠷᠠᠯᠠᠵᠤ᠂ ᠢᠷᠡᠭᠡᠳᠦᠢ ᠪᠡᠨ ᠡᠭᠦᠳᠦᠨ ᠨᠡᠭᠡᠭᠡᠪᠡᠯ ᠵᠣᠬᠢᠨ᠎ᠠ ᠭᠡᠵᠤ ᠵᠢᠭᠠᠵᠤ ᠭᠠᠷᠭᠠᠪᠠ᠃

ᠰᠢ᠎ᠶᠢᠨ ᠫᠢᠩ᠂ ᠳᠤᠮᠳᠠᠳᠤ ᠠᠮᠧᠷᠢᠺᠠ᠎ᠶᠢᠨ ᠬᠠᠷᠢᠯᠴᠠᠭ᠎ᠠ ᠪᠣᠯ ᠲᠤᠢᠯ᠎ᠤᠨ ᠴᠢᠬᠤᠯᠠ ᠶᠤᠮ᠃ ᠳᠤᠮᠳᠠᠳᠤ ᠠᠮᠧᠷᠢᠺᠠ ᠬᠠᠷᠢᠯᠴᠠᠨ ᠠᠮᠵᠢᠯᠲᠠ ᠣᠯᠵᠤ᠂ ᠬᠠᠮᠲᠤ ᠪᠠᠷ ᠴᠡᠴᠡᠭᠯᠡᠨ ᠬᠥᠭᠵᠢᠵᠦ᠂ ᠬᠣᠶᠠᠷ ᠤᠯᠤᠰ᠎ᠲᠤ ᠪᠤᠶᠠᠨ ᠦᠢᠯᠡᠳᠴᠦ᠂ ᠳᠡᠯᠡᠬᠡᠢ ᠳ᠋ᠠᠬᠢᠨ᠎ᠳᠤ ᠠᠰᠢᠭ᠋ ᠬᠦᠷᠲᠡᠭᠡᠵᠦ ᠪᠦᠷᠢᠮᠦᠰᠦᠨ ᠪᠣᠯᠬᠤ ᠶᠤᠮ᠃ ᠡᠨᠡ ᠬᠦ᠌ ᠬᠦᠰᠡᠯ ᠡᠷᠡᠮᠡᠯᠵᠡᠯ᠎ᠢ ᠪᠡᠶᠡᠯᠡᠭᠦᠯᠬᠦ᠎ᠳᠦ ᠬᠣᠶᠠᠷ ᠲᠠᠯ᠎ᠠ᠎ᠪᠠᠷ᠎ᠢᠶᠠᠨ ᠴᠥᠮ ᠠᠳᠠᠯᠢ ᠴᠢᠭᠯᠡᠯ᠎ᠢᠶᠡᠷ ᠤᠷᠤᠭᠰᠢᠯᠠᠵᠤ᠂ ᠴᠢᠷᠮᠠᠢᠯᠭ᠎ᠠ ᠭᠠᠷᠭᠠᠵᠤ᠂ ᠬᠠᠷᠢᠯᠴᠠᠨ ᠬᠦᠨᠳᠦᠳᠬᠡᠬᠦ᠂ ᠨᠠᠢᠷᠠᠮᠳᠠᠯ᠎ᠢᠶᠠᠷ ᠵᠡᠷᠭᠡᠴᠡᠨ ᠣᠷᠣᠰᠢᠬᠤ᠂ ᠬᠠᠮᠲᠤᠷᠠᠨ ᠠᠵᠢᠯᠯᠠᠵᠤ ᠬᠠᠮᠲᠤ᠎ᠪᠠᠷ ᠠᠰᠢᠭ᠋ ᠬᠦᠷᠳᠡᠬᠦ᠎ᠶᠢ ᠪᠡᠶᠡᠯᠡᠭᠦᠯᠬᠦ ᠬᠡᠷᠡᠭᠲᠡᠢ᠃ ᠬᠣᠶᠠᠷ ᠲᠠᠯ᠎ᠠ᠎ᠶ᠋ᠢᠨ ᠪᠦᠯᠬᠦᠮ᠎ᠤᠨ ᠬᠢᠨ᠎ᠤ ᠣᠢᠷ᠎ᠠ᠎ᠳᠤ ᠬᠢᠭ᠌ᠰᠡᠨ ᠵᠥᠪᠳᠡᠯᠴᠡᠭᠡ ᠨᠢ ᠡᠷᠬᠡ ᠲᠡᠭ᠌ᠰᠢ᠂ ᠬᠠᠷᠢᠯᠴᠠᠨ ᠬᠦᠨᠳᠦᠳᠭᠡᠬᠦ᠌ ᠪᠠ ᠬᠠᠷᠢᠯᠴᠠᠨ ᠬᠠᠷᠠᠭᠠᠯᠵᠠᠬᠤ ᠵᠣᠷᠢᠭ ᠰᠠᠨᠠᠭ᠎ᠠ᠎ᠶ᠋ᠢ ᠢᠯᠡᠷᠡᠭᠦᠯᠵᠦ᠍᠂ ᠬᠣᠶᠠᠷ ᠤᠯᠤᠰ᠎ᠤᠨ ᠬᠠᠷᠢᠯᠴᠠᠭᠠᠨ᠎ᠤ ᠳᠤᠮᠳᠠᠬᠢ ᠲᠣᠪᠣᠢᠮ᠎ᠠ ᠠᠰᠠᠭᠤᠳᠠᠯ᠎ᠢ ᠦᠷᠭᠦᠯᠵᠢᠯᠡᠨ ᠲᠣᠬᠢᠲᠠᠶ ᠱᠢᠶ᠋ᠳᠪᠦᠷᠢᠯᠡᠵᠦ᠍᠂ ᠬᠣᠶᠠᠷ ᠲᠠᠯ᠎ᠠ᠎ᠪᠠᠷ᠎ᠢᠶᠠᠨ ᠠᠱᠢᠭ ᠭᠥᠷᠳᠡᠬᠦ᠌ ᠦᠷ᠎ᠡ ᠳ᠋ᠦᠩ᠎ᠢ ᠪᠡᠶᠡᠯᠡᠭᠦᠯᠬᠦ᠌᠎ᠪᠡᠷ ᠴᠢᠷᠮᠠᠢᠵᠤ ᠪᠣᠯᠤᠨ᠎ᠠ᠃ ᠠᠮᠧᠷᠢᠺᠠ᠎ᠶ᠋ᠢᠨ ᠲᠠᠯ᠎ᠠ᠎ᠶ᠋ᠢᠨ᠎ᠬᠢᠨ ᠭᠠᠭ᠍ᠴᠠ ᠲᠠᠯ᠎ᠠ᠎ᠶ᠋ᠢᠨ ᠠᠷᠠᠯᠵᠢᠶᠠᠨ᠎ᠤ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ᠎ᠡᠴᠡ ᠵᠠᠢᠯᠠᠰᠭᠢᠵᠦ᠍᠂ ᠬᠣᠶᠠᠷ ᠲᠠᠯ᠎ᠠ᠎ᠶ᠋ᠢᠨ ᠣᠯᠠᠨ ᠡᠭᠡᠯᠵᠢ᠎ᠶ᠋ᠢᠨ ᠵᠥᠪᠳᠡᠯᠴᠡᠭᠡ᠎ᠪᠡᠷ ᠳᠡᠮᠵᠢᠨ ᠣᠯᠤᠭ᠍ᠰᠠᠨ ᠦᠷ᠎ᠡ ᠪᠦᠲᠦᠭᠡᠯ᠎ᠢ ᠡᠪᠳᠡᠬᠦ ᠡᠴᠡ ᠰᠡᠷᠭᠡᠢᠯᠡᠬᠦ᠌ ᠬᠡᠷᠡᠭ᠌ᠲᠡᠶ᠃ ᠳᠤᠮᠳᠠᠳᠤ ᠤᠯᠤᠰ᠎ᠤᠨ ᠲᠠᠯ᠎ᠠ᠎ᠶ᠋ᠢᠨ TikTok᠎ᠤ᠋ᠨ ᠠᠰᠠᠭᠤᠳᠠᠯ᠎ᠤᠨ ᠲᠠᠯ᠎ᠠ᠎ᠪᠠᠷ ᠬᠢ ᠵᠣᠭ᠍ᠰᠣᠯᠲᠠ ᠪᠣᠯ ᠲᠣᠳᠣᠷᠬᠠᠶ ᠶᠤᠮ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠠᠵᠤ ᠠᠬᠤᠢᠯᠠᠯ᠎ᠤᠨ ᠬᠦᠰᠡᠯ ᠰᠠᠨᠠᠭ᠎ᠠ᠎ᠶ᠋ᠢ ᠬᠦᠨᠳᠦᠳᠭᠡᠵᠦ᠍᠂ ᠠᠵᠤ ᠠᠬᠤᠢᠯᠠᠯ᠎ᠤᠳ ᠵᠠᠬ᠎ᠠ ᠳᠡᠯᠭᠡᠭᠦᠷ᠎ᠦᠨ ᠳᠦᠷᠢᠮ᠎ᠳᠦ ᠨᠡᠢᠴᠡᠭ᠌ᠰᠡᠨ ᠰᠠᠭᠤᠷᠢᠨ ᠳᠡᠭᠡᠷ᠎ᠡ ᠬᠤᠳᠠᠯᠳᠤᠭᠠᠨ᠎ᠤ ᠬᠡᠯᠡᠯᠴᠡᠭᠡ᠎ᠶ᠋ᠢ ᠰᠠᠢᠲᠤᠷ ᠬᠢᠵᠦ᠍᠂ ᠳᠤᠮᠳᠠᠳᠤ ᠤᠯᠤᠰ᠎ᠤᠨ ᠬᠠᠤᠯᠢ ᠴᠠᠭᠠᠵᠠ ᠬᠠᠤᠯᠢ ᠲᠣᠭ᠍ᠲᠠᠭᠠᠯ᠂ ᠠᠱᠢᠭ ᠲᠤᠰᠠ᠎ᠶ᠋ᠢᠨ ᠲᠡᠩᠴᠡᠭᠦᠷᠢ᠎ᠳᠦ ᠨᠡᠢᠴᠡᠭ᠌ᠰᠡᠨ ᠱᠢᠶ᠋ᠳᠪᠦᠷᠢᠯᠡᠬᠦ᠌ ᠲᠥᠰᠦᠯ ᠲᠣᠭ᠍ᠲᠠᠭᠠᠬᠤ ᠳᠤᠷᠠᠲᠠᠶ ᠪᠠᠢᠨ᠎ᠠ᠃ ᠠᠮᠧᠷᠢᠺᠠ᠎ᠶ᠋ᠢᠨ ᠬᠢᠨ ᠳᠤᠮᠳᠠᠳᠤ ᠤᠯᠤᠰ᠎ᠤᠨ ᠠᠵᠤ ᠠᠬᠤᠢᠯᠠᠯ᠎ᠤᠨ ᠠᠮᠧᠷᠢᠺᠠ᠎ᠳᠤ ᠬᠦᠷᠴᠦ᠍ ᠪᠡᠯᠡ ᠣᠷᠣᠭᠤᠯᠬᠤ᠎ᠳᠤ ᠨᠡᠭᠡᠭᠡᠯᠲᠡ ᠲᠠᠢ᠂ ᠡᠷᠬᠡ ᠲᠡᠭ᠌ᠰᠢ᠂ ᠭᠠᠳᠠᠭᠤᠷᠴᠢᠯᠠᠯ ᠦᠭᠡᠢ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ ᠬᠠᠩᠭᠠᠬᠤ᠎ᠶ᠋ᠢ ᠬᠦᠰᠡᠵᠦ᠍ ᠪᠠᠢᠨ᠎ᠠ ᠭᠡᠵᠦ ᠴᠢᠬᠤᠯᠠᠴᠢᠯᠠᠪᠠ᠃

ᠲᠸᠷᠠᠮᠫᠦ᠋᠂ ᠳᠤᠮᠳᠠᠳᠤ ᠤᠯᠤᠰ᠎ᠤᠨ ᠶᠠᠫᠣᠨ᠎ᠢ ᠡᠰᠡᠷᠭᠦᠴᠡᠬᠦ᠌ ᠲᠠᠢ᠌ᠨ ᠢᠯᠠᠯᠲᠠ ᠣᠯᠤᠭ᠍ᠰᠠᠨ 80 ᠵᠢᠯ᠎ᠦᠨ ᠤᠢ᠎ᠶ᠋ᠢ ᠳᠤᠷᠠᠰᠭᠠᠬᠤ ᠴᠡᠷᠢᠭ᠎ᠠᠨᠭᠭᠢ ᠵᠢ ᠱᠢᠯᠭᠠᠨ ᠦᠵᠡᠬᠦ᠌ ᠶᠣᠰᠣᠯᠠᠯ ᠲᠤᠢᠯ᠎ᠤᠨ ᠭᠣᠢᠳᠠ ᠰᠠᠢᠬᠠᠨ ᠶᠠᠪᠤᠭ᠍ᠳᠠᠵᠠᠢ᠃ ᠠᠮᠧᠷᠢᠺᠠ ᠳᠤᠮᠳᠠᠳᠤ᠎ᠶ᠋ᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ᠎ᠤᠨ ᠴᠢᠬᠤᠯᠠ ᠬᠣᠶᠠᠷ ᠲᠠᠯ᠎ᠠ᠎ᠶ᠋ᠢᠨ ᠬᠠᠷᠢᠯᠴᠠᠭ᠎ᠠ ᠪᠣᠯᠤᠨ᠎ᠠ᠂ ᠬᠣᠶᠠᠷ ᠤᠯᠤᠰ᠎ᠤᠨ ᠬᠠᠮᠲᠤᠷᠠᠯᠴᠠᠭ᠎ᠠ ᠨᠢ ᠳᠡᠯᠡᠬᠡᠢ᠎ᠶ᠋ᠢᠨ ᠡᠩᠬᠡ ᠲᠠᠢᠪᠤᠩ ᠲᠣᠭ᠍ᠲᠠᠭᠤᠨ᠎ᠳᠤ ᠠᠱᠢᠭ᠍ᠲᠠᠢ ᠮᠠᠰᠢ ᠤᠯᠠᠨ ᠶᠡᠬᠡ ᠶᠠᠪᠤᠳᠠᠯ᠎ᠢ ᠪᠦᠲᠦᠭᠡᠵᠦ᠍ ᠪᠣᠯᠤᠨ᠎ᠠ᠂ ᠠᠮᠧᠷᠢᠺᠠ᠎ᠶ᠋ᠢᠨ ᠲᠠᠯ᠎ᠠ᠎ᠶ᠋ᠢᠨ ᠬᠢᠨ ᠳᠤᠮᠳᠠᠳᠤ ᠤᠯᠤᠰ᠎ᠯᠤᠭ᠎ᠠ ᠤᠷᠳᠤ ᠬᠤᠭᠤᠴᠠᠭᠠᠨ᠎ᠤ᠂ ᠰᠠᠢ᠌ᠨ ᠰᠠᠢᠬᠠᠨ ᠠᠭᠤᠤ ᠶᠡᠬᠡ ᠬᠠᠷᠢᠯᠴᠠᠭ᠎ᠠ᠎ᠪᠠᠨ ᠪᠠᠲᠤᠯᠠᠬᠤ᠎ᠶ᠋ᠢ ᠬᠦᠰᠡᠵᠦ᠍ ᠪᠠᠢᠨ᠎ᠠ᠃ ᠠᠮᠧᠷᠢᠺᠠ᠎ᠶ᠋ᠢᠨ ᠬᠢᠨ ᠬᠣᠶᠠᠷ ᠤᠯᠤᠰ᠎ᠤᠨ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠶ᠋ᠢ ᠠᠬᠢᠭᠤᠯᠬᠤ᠎ᠶ᠋ᠢ ᠬᠦᠰᠡᠵᠦ᠍᠂ ᠬᠣᠶᠠᠷ ᠲᠠᠯ᠎ᠠ᠎ᠶ᠋ᠢᠨ ᠬᠢᠨ᠎ᠤ ᠪᠦᠯᠬᠦᠮ᠎ᠦᠨ ᠵᠥᠪᠳᠡᠯᠴᠡᠭᠡ᠎ᠶ᠋ᠢ ᠲᠡᠮᠵᠢᠵᠤ᠂ TikTok᠎ᠤ᠋ᠨ ᠠᠰᠠᠭᠤᠳᠠᠯ᠎ᠢ ᠵᠣᠬᠢᠰᠲᠠᠢ ᠱᠢᠢᠳᠪᠦᠷᠢᠯᠡᠨ᠎ᠡ᠃ ᠠᠮᠧᠷᠢᠺᠠ᠎ᠶ᠋ᠢᠨ ᠲᠠᠯ᠎ᠠ ᠳᠤᠷᠠᠲᠠᠶ᠎ᠠ ᠳᠤᠮᠳᠠᠳᠤ᠎ᠶ᠋ᠢᠨ ᠲᠠᠯ᠎ᠠ᠎ᠲᠠᠶ ᠬᠠᠮᠲᠤ᠎ᠪᠠᠷ ᠳᠡᠯᠡᠬᠡᠢ᠎ᠶ᠋ᠢᠨ ᠡᠩᠬᠡ ᠲᠠᠢᠪᠤᠩ᠎ᠢ ᠴᠢᠷᠮᠠᠢᠨ ᠬᠠᠮᠠᠭᠠᠯᠠᠨ᠎ᠠ ᠭᠡᠵᠦ᠍ ᠢᠯᠡᠳᠭᠡᠪᠡ᠃

(ᠰᠢᠨᠬᠤᠸᠠ ᠬᠣᠷᠢᠶ᠎ᠡ ᠵᠢᠨ ᠪᠡᠭᠡᠵᠢᠩ᠎ᠦᠨ 9 ᠰᠠᠷ᠎ᠠ᠎ᠶᠢᠨ 19  ᠤ᠋ ᠴᠠᠬᠢᠯᠭᠠᠨ ᠮᠡᠳᠡᠭᠡ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号