ᠸᠠᠩ ᠬ᠍ᠤ ᠨᠢᠩ ᠪᠡᠯᠭᠡᠯᠡᠬᠦ ᠶᠡᠬᠡ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠵᠠᠢ
ᠳᠤᠮᠳᠠᠳᠤ ᠤᠯᠤᠰ᠎ᠤᠨ ᡁᠢᠬᠦᠢ᠍ᠩᠳᠠᠩ ᠨᠠᠮ ᠪᠠᠢᠭᠤᠯᠤᠭᠳᠠᠭᠰᠠᠨ 100 ᠵᠢᠯ᠎ᠦᠨ ᠤᠢ᠎ᠶᠢᠨ ᠲᠠᠰᠢᠷᠠᠮ᠎ᠢᠶᠠᠷ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ ᠵᠢᠨ ᠲᠡᠷᠢᠭᠦᠯᠡᠭᠴᠢ ᠰᠢ᠎ᠶᠢᠨ ᠫᠢᠩ ᠪᠠᠶᠠᠷ᠎ᠤᠨ ᠵᠠᠬᠢᠳᠠᠯ ᠢᠷᠡᠭᠦᠯᠵᠦ᠂ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠡᠮᠦᠨ᠎ᠡ᠎ᠡᠴᠡ ᠬᠠᠯᠠᠭᠤᠨ ᠪᠠᠶᠠᠷ ᠬᠦᠷᠭᠡᠵᠦ᠂ ᡁᠢᠬᠦᠢ᠍ᠩᠳᠠᠩ ᠨᠠᠮ᠎ᠤᠨ ᠪᠦᠬᠦ ᠨᠥᠬᠥᠳ᠎ᠲᠦ ᠴᠢᠩ ᠰᠡᠳᠬᠢᠯ᠎ᠦᠨ ᠮᠡᠨᠳᠦᠴᠢᠯᠡᠯ ᠳᠡᠪᠰᠢᠭᠦᠯᠪᠡ᠃
ᠰᠢ᠎ᠶᠢᠨ ᠫᠢᠩ ᠪᠠᠶᠠᠷ᠎ᠤᠨ ᠵᠠᠬᠢᠳᠠᠯ᠎ᠳᠠᠭᠠᠨ᠂ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢᠭᠤᠯᠤᠭᠳᠠᠭᠰᠠᠨ ᠠᠷᠠᠳᠴᠢᠯᠠᠭᠰᠠᠨ ᠨᠠᠮ ᠪᠦᠯᠦᠭ ᠪᠣᠯᠤᠭᠰᠠᠨ᠎ᠤ ᠬᠤᠪᠢ᠎ᠳᠤ ᡁᠢᠬᠦᠢ᠍ᠩᠳᠠᠩ ᠨᠠᠮ ᠢᠮᠠᠭᠲᠠ ᠳᠤᠮᠳᠠᠳᠤ ᠤᠯᠤᠰ᠎ᠤᠨ ᠡᠪ ᠬᠠᠮᠲᠤ ᠨᠠᠮ᠎ᠲᠠᠢ ᠵᠤᠪᠠᠭᠤᠷᠢ ᠵᠦᠳᠡᠭᠦᠷᠢ ᠪᠠᠨ ᠬᠠᠮᠲᠤᠳᠬᠠᠨ᠂ ᠦᠨᠡᠨ ᠰᠡᠳᠬᠢᠯ᠎ᠡᠴᠡ᠎ᠪᠡᠨ ᠨᠥᠬᠥᠷᠯᠡᠵᠦ᠂ ᠳᠤᠮᠳᠠᠳᠤ ᠤᠯᠤᠰ᠎ᠤᠨ ᠬᠤᠪᠢᠰᠬᠠᠯ᠂ ᠪᠦᠲᠦᠭᠡᠨ ᠪᠠᠢᠭᠤᠯᠤᠯᠲᠠ᠂ ᠥᠭᠡᠷᠡᠴᠢᠯᠡᠯᠲᠡ᠎ᠶᠢᠨ ᠦᠢᠯᠡᠰ᠎ᠲᠦ ᠢᠳᠡᠪᠬᠢᠲᠡᠢ ᠣᠷᠣᠯᠴᠠᠵᠤ᠂ ᠰᠡᠳᠬᠢᠯᠨᠢᠭᠡᠳᠦᠨ ᠬᠦᠴᠦ᠎ᠪᠡᠨ ᠬᠠᠮᠲᠤᠳᠬᠠᠵᠤ ᠰᠢᠨ᠎ᠡ ᠴᠠᠭ ᠦᠶ᠎ᠡ᠎ᠳᠦ ᠡᠷᠡᠯᠬᠡᠭᠯᠡᠨ ᠤᠷᠤᠭᠰᠢᠯᠠᠵᠤ᠂ ᠦᠨᠳᠦᠰᠦᠲᠡᠨ᠎ᠦ ᠲᠤᠰᠠᠭᠠᠷ ᠲᠣᠭᠲᠠᠨᠢᠯ ᠂ ᠠᠷᠠᠳ ᠲᠦᠮᠡᠨ᠎ᠦ ᠴᠢᠯᠦᠭᠡᠯᠡᠯᠲᠡᠪᠠ ᠤᠯᠤᠰ ᠣᠷᠣᠨ᠎ᠤ ᠪᠠᠶᠠᠨ ᠬᠦᠴᠦᠷᠬᠡᠭ᠂ ᠠᠷᠠᠳ ᠲᠦᠮᠡᠨ᠎ᠦ ᠵᠣᠯ ᠵᠢᠷᠭᠠᠯ᠎ᠤᠨ ᠲᠥᠯᠥᠭᠡ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠵᠦ᠂ 《ᠨᠡᠶ᠋ᠢᠲᠡ᠎ᠶᠢᠨ ᠲᠥᠯᠥᠭᠡ ᠵᠢᠳᠬᠦᠵᠦ᠂ ᠳᠤᠮᠳᠠᠳᠤ᠎ᠶᠢᠨ ᠬᠠᠷᠢᠶᠠᠲᠤ ᠨᠠᠷ ᠡᠬᠡ ᠤᠯᠤᠰ ᠲᠠᠭᠠᠨ ᠵᠢᠳᠬᠦᠬᠦ》 ᠢᠷᠠᠭᠤ ᠠᠯᠳᠠᠷᠲᠤ ᠲᠡᠦᠬᠡ᠎ᠶᠢ ᠪᠢᠴᠢᠭᠯᠡᠵᠡᠢ ᠭᠡᠵᠤ ᠵᠢᠭᠠᠵᠤ ᠭᠠᠷᠭᠠᠪᠠ᠃
ᠰᠢ᠎ᠶᠢᠨ ᠫᠢᠩ᠂ ᠰᠢᠨ᠎ᠡ ᠠᠶᠠᠨ᠎ᠳᠦ ᡁᠢᠬᠦᠢ᠍ᠩᠳᠠᠩ ᠨᠠᠮ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠮᠲᠤᠷᠠᠯᠴᠠᠭᠠᠨ᠎ᠤ ᠤᠭ ᠰᠠᠨᠠᠭ᠎ᠠ᠎ᠪᠠᠨ ᠪᠠᠲᠤ ᠰᠠᠬᠢᠵᠤ᠂ ᠰᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠲᠤᠰ ᠪᠡᠶ᠎ᠡ᠎ᠶᠢᠨ ᠪᠠᠢᠭᠤᠯᠤᠯᠲᠠ᠎ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠭᠠᠳᠠᠭᠠᠳᠤ᠎ᠳᠤ ᠰᠠᠭᠤᠭ᠎ᠠ ᠬᠠᠷᠢᠶᠠᠳᠦ ᠨᠠᠷ᠂ ᠤᠯᠤᠰ᠎ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ᠎ᠤᠨ ᠭᠡᠷ ᠪᠦᠯᠢ ᠵᠢᠨ ᠬᠢᠨ ᠪᠣᠯᠣᠨ ᠭᠠᠳᠠᠭᠠᠳᠤ᠎ᠳᠤ ᠰᠤᠷᠤᠯᠴᠠᠭ᠎ᠠ ᠬᠦᠮᠦᠰ᠎ᠢ ᠥᠷᠭᠡᠨ᠎ᠢᠶᠡᠷ ᠪᠦᠯᠬᠦᠮᠳᠡᠭᠦᠯᠵᠦ᠂ ᠡᠬᠡ ᠤᠯᠤᠰ᠎ᠢᠶᠠᠨ ᠨᠢᠭᠡᠳᠬᠡᠬᠦ ᠶᠡᠬᠡ ᠦᠢᠯᠡᠰ᠎ᠲᠦ ᠢᠳᠡᠪᠬᠢᠲᠡᠢ ᠦᠢᠯᠡᠴᠢᠯᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ ᠵᠢ ᠬᠦᠰᠡᠵᠤ ᠪᠠᠢᠨ᠎ᠠ ᠭᠡᠵᠤ ᠴᠢᠬᠤᠯᠠᠴᠢᠯᠠᠪᠠ᠃
ᠳᠤᠮᠳᠠᠳᠤ ᠤᠯᠤᠰ᠎ᠤᠨ ᡁᠢᠬᠦᠢ᠍ᠩᠳᠠᠩ ᠨᠠᠮ ᠪᠠᠢᠭᠤᠯᠤᠭᠳᠠᠭᠰᠠᠨ 100 ᠵᠢᠯ᠎ᠦᠨ ᠣᠢ᠎ᠶᠢ ᠪᠡᠯᠭᠡᠯᠡᠬᠦ ᠶᠡᠬᠡ ᠬᠤᠷᠠᠯ 19᠎ᠤ᠋ ᠡᠳᠦᠷ ᠪᠡᠭᠡᠵᠢᠩ᠎ᠳᠦ ᠬᠤᠷᠠᠯᠳᠤᠪᠠ᠃ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠡ ᠵᠢᠨ ᠤᠯᠤᠰ ᠲᠦᠷᠦ᠎ᠶᠢᠨ ᠲᠤᠪᠴᠢᠶᠠᠨ᠎ᠤ ᠪᠠᠢᠩᠭᠤ᠎ᠶᠢᠨ ᠭᠡᠰᠢᠭᠦᠨ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠲᠡᠷᠢᠭᠦᠯᠡᠭᠴᠢ ᠸᠠᠩ ᠬ᠍ᠤ ᠨᠢᠩ ᠤᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃ ᠲᠡᠷᠡ᠂ ᠶᠡᠷᠦᠩᠬᠡᠢ ᠱᠦᠵᠢ ᠰᠢ᠎ᠶᠢᠨ ᠫᠢᠩ ᠳᠤᠮᠳᠠᠳᠤ ᠤᠯᠤᠰ᠎ᠤᠨ ᡁᠢᠬᠦᠢ᠍ᠩᠳᠠᠩ ᠨᠠᠮ ᠪᠠᠢᠭᠤᠯᠤᠭᠳᠠᠭᠰᠠᠨ 100 ᠵᠢᠯ᠎ᠦᠨ ᠤᠢ᠎ᠳᠤ ᠲᠤᠰᠬᠠᠢᠯᠠᠨ ᠪᠠᠶᠠᠷ᠎ᠤᠨ ᠵᠠᠬᠢᠳᠠᠯ ᠢᠷᠡᠬᠥᠯᠵᠤ᠂ ᡁᠢᠬᠦᠢ᠍ᠩᠳᠠᠩ ᠨᠠᠮ᠎ᠤᠨ 100 ᠵᠢᠯ᠎ᠦᠨ ᠲᠤᠷᠰᠢ ᠦᠵᠡᠭᠦᠯᠦᠭᠰᠡᠨ ᠴᠢᠬᠤᠯᠠ ᠬᠤᠪᠢ ᠨᠡᠮᠡᠷᠢ᠎ᠶᠢ ᠭᠦᠢᠴᠡᠳ ᠨᠤᠲᠠᠯᠠᠵᠤ᠂ ᡁᠢᠬᠦᠢ᠍ᠩᠳᠠᠩ ᠨᠠᠮ᠎ᠤᠨ ᠰᠢᠨ᠎ᠡ ᠠᠶᠠᠨ᠎ᠳᠤ ᠲᠦᠷᠦ᠎ᠶᠢᠨ ᠶᠠᠪᠤᠳᠠᠯ᠎ᠳᠤ ᠣᠷᠣᠯᠴᠠᠬᠤ ᠨᠠᠮ᠎ᠤᠨ ᠡᠭᠦᠷᠭᠡ ᠴᠢᠳᠠᠪᠬᠢ᠎ᠪᠠᠨ ᠨᠡᠩ ᠰᠠᠢᠲᠤᠷ ᠭᠦᠢᠴᠡᠳᠬᠡᠬᠦ᠎ᠳᠦ ᠲᠣᠳᠣᠷᠬᠠᠢ ᠱᠠᠭᠠᠷᠳᠠᠯᠭ᠎ᠠ ᠳᠤᠷᠠᠳᠴᠤ᠂ ᠴᠢᠩ ᠰᠡᠳᠬᠢᠯ᠎ᠦᠨ ᠬᠦᠰᠡᠯ ᠨᠠᠶ᠋ᠢᠳᠠᠯᠭ᠎ᠠ ᠲᠠᠯᠪᠢᠭᠰᠠᠨ ᠪᠠᠢᠨ᠎ᠠ᠃ ᠶᠡᠷᠦᠩᠬᠡᠢ ᠱᠦᠵᠢ ᠰᠢ᠎ᠶᠢᠨ ᠫᠢᠩ᠎ᠤᠨ ᠪᠠᠶᠠᠷ᠎ᠤᠨ ᠵᠠᠬᠢᠳᠠᠯ ᠨᠢ ᠳᠤᠮᠳᠠᠳᠤ ᠤᠯᠤᠰ᠎ᠤᠨ ᠡᠪ ᠬᠠᠮᠲᠦ ᠨᠠᠮ᠎ᠤᠨ ᠲᠥᠪ ᠬᠣᠷᠢᠶ᠎ᠠ᠎ᠡᠴᠡ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠲᠦᠷᠦ᠎ᠶᠢᠨ ᠶᠠᠪᠤᠳᠠᠯ᠎ᠳᠤ ᠣᠷᠣᠯᠴᠠᠬᠤ ᠨᠠᠮ᠎ᠤᠨ ᠪᠠᠢᠭᠤᠯᠤᠯᠲᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠬᠤ᠎ᠶᠢ ᠭᠦᠢᠴᠡᠳ ᠬᠠᠷᠠᠭᠤᠯᠵᠤ᠂ ᠳᠤᠮᠳᠠᠳᠤ ᠤᠯᠤᠰ᠎ᠤᠨ ᠰᠢᠨ᠎ᠡ ᠬᠡᠯᠪᠡᠷᠢ ᠵᠢᠨ ᠲᠦᠷᠦ᠎ᠶᠢᠨ ᠨᠠᠮ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠰᠠᠢᠲᠤᠷ ᠬᠥᠭᠵᠢᠭᠦᠯᠤᠨ᠂ ᠰᠠᠢᠲᠤᠷ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ᠎ᠶᠢᠨ ᠤᠯᠠᠨ ᠨᠠᠮ ᠬᠠᠮᠲᠤᠷᠠᠨ ᠠᠵᠢᠯᠯᠠᠬᠤ ᠦᠢᠯᠡᠰ᠎ᠦᠨ ᠬᠥᠭᠵᠢᠯᠲᠡ᠎ᠶᠢ ᠲᠦᠯᠬᠢᠨ ᠠᠬᠢᠭᠤᠯᠬᠤ᠎ᠳᠤ ᠴᠢᠬᠤᠯᠠ ᠵᠢᠯᠤᠭᠣᠳᠬᠤ ᠠᠴᠢ ᠬᠣᠯᠪᠣᠭᠳᠠᠯ᠎ᠲᠠᠢ ᠶᠤᠮ᠃ ᠪᠢᠳᠠ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠬᠤ ᠬᠡᠷᠡᠭᠲᠡᠢ ᠭᠡᠵᠦ ᠢᠯᠡᠳᠬᠡᠪᠡ᠃
ᠸᠠᠩ ᠬᠤ᠌ ᠨᠢᠩ᠂ ᠳᠤᠮᠳᠠᠳᠤ ᠤᠯᠤᠰ᠎ᠤᠨ ᡁᠢᠬᠦᠢ᠍ᠩᠳ᠋ᠠᠩ ᠨᠠᠮ ᠪᠠᠢᠭᠤᠯᠤᠭᠳᠠᠭᠰᠠᠨ 100 ᠵᠢᠯ᠎ᠦᠨ ᠲᠤᠷᠰᠢ ᠢᠮᠠᠭᠲᠠ ᠥᠪᠡᠷ᠎ᠦᠨ ᠬᠤᠪᠢ ᠵᠠᠶᠠᠭ᠎ᠠ᠎ᠪᠠᠨ ᠳᠤᠮᠳᠠᠳᠤ᠎ᠶᠢᠨ ᠦᠨᠳᠦᠰᠦᠲᠡᠨ᠎ᠦ ᠬᠤᠪᠢ ᠵᠠᠶᠠᠭ᠎ᠠ᠎ᠲᠠᠢ ᠨᠢᠭ᠍ᠲᠠ ᠬᠣᠯᠪᠣᠵᠤ᠂ 《ᠨᠡᠶ᠋ᠢᠲᠡ᠎ᠶᠢᠨ ᠲᠥᠯᠥᠭᠡ ᠵᠢᠳᠬᠦᠵᠦ᠂ ᠳᠤᠮᠳᠠᠳᠤ᠎ᠶᠢᠨ ᠬᠠᠷᠢᠶᠠᠲᠤ ᠨᠠᠷᠡᠬᠡ ᠤᠯᠤᠰ ᠲᠠᠭᠠᠨ ᠵᠢᠳᠭᠦᠬᠦ》 ᠢᠷᠠᠭᠤ ᠠᠯᠳᠠᠷᠲᠤ ᠲᠡᠦᠬᠡ᠎ᠶᠢ ᠪᠢᠴᠢᠭᠯᠡᠵᠡᠢ᠃ ᠰᠢᠨ᠎ᠡ ᠴᠠᠭ ᠦᠶ᠎ᠡ ᠰᠢᠨ᠎ᠡ ᠠᠶᠠᠨ᠎ᠳᠤ ᡁᠢᠬᠦᠢ᠍ᠩᠳ᠋ᠠᠩ ᠨᠠᠮ᠎ᠤᠨ ᠬᠢᠨ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ》 ᠵᠢᠡᠨ ᠴᠢᠩᠭᠠᠳᠬᠠᠵᠤ᠂ 《ᠲᠦᠷᠪᠡᠨ ᠢᠲᠡᠭᠡᠯ》 ᠵᠢᠡᠨ ᠪᠠᠲᠤᠳᠬᠠᠨ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ ᠬᠥᠮᠥᠰ᠎ᠦᠨ ᠰᠡᠳᠬᠢᠯ᠎ᠢ ᠥᠷᠭᠡᠨ᠎ᠢᠶᠡᠷ ᠨᠢᠭ᠍ᠲᠠᠷᠠᠭᠤᠯᠵᠤ᠂ ᠬᠠᠮᠲᠤ᠎ᠶᠢᠨ ᠲᠠᠨᠢᠯᠲᠠ᠎ᠶᠢ ᠨᠢᠭ᠍ᠲᠠᠷᠠᠭᠤᠯᠵᠤ᠂ ᠤᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠬᠤ᠎ᠶᠢ ᠬᠦᠰᠡᠵᠦ ᠪᠠᠢᠨ᠎ᠠ᠃ ᠵᠥᠪ ᠤᠯᠤᠰ ᠲᠦᠷᠦ᠎ᠶᠢᠨ ᠴᠢᠭᠯᠡᠯ᠎ᠢ ᠪᠠᠲᠤᠳᠬᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠢᠮᠠᠭᠲᠠ ᠭᠤᠢᠪᠢᠰᠢ ᠦᠭᠡᠢ ᠪᠠᠷᠢᠮᠲᠠᠯᠠᠵᠤ᠂ ᠢᠮᠠᠭᠲᠠ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠲᠠᠢ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠬᠤ ᠬᠡᠷᠡᠭᠲᠡᠢ᠃ ᠬᠡᠬᠦᠳᠡᠭ ᠴᠡᠭᠡᠵᠢᠨ᠎ᠳᠡᠭᠡᠨ ᠶᠡᠬᠡ ᠲᠠᠯ᠎ᠠ᠎ᠶᠢ ᠪᠣᠳᠣᠯᠬᠢᠯᠠᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ᠂ ᠲᠦᠷᠦ ᠵᠢᠨ ᠶᠠᠪᠤᠳᠠᠯ᠎ᠳᠤ ᠣᠷᠣᠯᠴᠠᠵᠤ ᠲᠦᠷᠦ᠎ᠶᠢᠨ ᠶᠠᠪᠤᠳᠠᠯ᠎ᠢ ᠵᠥᠪᠯᠡᠬᠦ ᠳᠤᠮᠳᠠ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠵᠦ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠳᠤᠮᠳᠠ ᠢᠳᠬᠠᠯ ᠰᠠᠨᠠᠭᠤᠯᠭ᠎ᠠ ᠳᠤᠷᠠᠳᠴᠤ᠂ ᠲᠦᠷᠦ᠎ᠶᠢᠨ ᠨᠠᠮ᠎ᠤᠨ ᠵᠦᠪᠯᠡᠯᠭᠡᠨ᠎ᠤ ᠳᠤᠮᠳᠠ ᠰᠠᠢᠨ ᠠᠷᠭ᠎ᠠ ᠪᠣᠳᠣᠯᠭ᠎ᠠ ᠳᠡᠪᠰᠢᠭᠦᠯᠵᠦ᠂ ᠳᠤᠮᠳᠠᠳᠤ ᠤᠯᠤᠰ᠎ᠤᠨ ᠰᠢᠨ᠎ᠡ ᠮᠠᠶᠢᠭ᠋᠎ᠤᠨ ᠲᠦᠷᠦ᠎ᠶᠢᠨ ᠨᠠᠮ᠎ᠤᠨ ᠪᠠᠢᠭᠤᠯᠤᠯ᠎ᠤᠨ ᠦᠢᠯᠡᠳᠦᠯ ᠴᠢᠳᠠᠪᠤᠷᠢ᠎ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠥᠪᠡᠷᠮᠢᠴᠡ ᠣᠨᠴᠠᠯᠢᠭ᠋ ᠪᠦᠬᠦᠢ ᠳᠠᠪᠠᠭᠤᠯᠢᠭ᠋᠎ᠢᠶᠠᠨ ᠭᠦᠢᠴᠡᠳ ᠪᠠᠳᠠᠷᠠᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠳᠤᠮᠳᠠᠳᠤ᠎ᠶᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠴᠢᠩᠭᠠᠳᠬᠠᠬᠤ᠎ᠳᠤ ᠬᠦᠴᠦᠨ ᠨᠡᠮᠡᠷᠢᠯᠡᠵᠦ᠂ ᠡᠬᠡ ᠤᠯᠤᠰ᠎ᠢᠶᠡᠨ ᠨᠢᠭᠡᠳᠬᠡᠬᠦ ᠶᠡᠬᠡ ᠦᠢᠯᠡᠰ᠎ᠲᠦ ᠦᠢᠯᠡᠴᠢᠯᠡᠬᠦ᠂ ᠤᠯᠠᠨ ᠤᠯᠤᠰ᠎ᠤᠨ ᠰᠠᠢᠨ ᠰᠠᠢᠬᠠᠨ ᠣᠷᠴᠢᠨ ᠨᠥᠬᠥᠴᠡᠯ᠎ᠢ ᠪᠤᠢ ᠪᠣᠯᠭᠠᠬᠤ ᠳᠤᠮᠳᠠ ᠨᠡᠩ ᠶᠡᠬᠡ ᠦᠢᠯᠡᠳᠦᠯ᠎ᠢᠶᠡᠨ ᠪᠠᠳᠠᠷᠠᠭᠤᠯᠬᠤ ᠬᠡᠷᠡᠭᠲᠡᠢ᠃ ᠰᠢᠯᠢᠳᠡᠭ ᠤᠯᠠᠮᠵᠢᠯᠠᠯ᠎ᠢᠶᠠᠨ ᠵᠠᠯᠭᠠᠮᠵᠢᠯᠠᠨ ᠪᠠᠳᠠᠷᠠᠭᠤᠯᠵᠤ᠂ ᠦᠨᠳᠦᠷ ᠬᠡᠪ ᠪᠤᠯᠪᠠᠰᠤᠷᠠᠯ ᠪᠦᠬᠦᠢ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠲᠦᠷᠦ᠎ᠶᠢᠨ ᠶᠠᠪᠤᠳᠠᠯ᠎ᠳᠤ ᠣᠷᠣᠯᠴᠠᠬᠤ ᠨᠠᠮ᠎ᠢ ᠪᠠᠶ᠋ᠢᠭᠤᠯᠬᠤ ᠬᠡᠷᠡᠭᠲᠡᠢ ᠭᠡᠵᠤ ᠢᠯᠡᠳᠬᠡᠪᠡ᠃
ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠎ᠶᠢᠨ ᠲᠤᠪᠴᠢᠶᠠᠨ᠎ᠤ ᠭᠡᠰᠢᠭᠦᠨ᠂ ᠲᠥᠪ᠎ᠦᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠯᠢ ᠭᠠᠨ ᠵᠢᠶᠸ ᠬᠤᠷᠠᠯ ᠳᠡᠭᠡᠷ᠎ᠡ ᠰᠢ᠎ᠶᠢᠨ ᠫᠢᠩ ᠤ᠋ᠨ ᠪᠠᠶᠠᠷ᠎ᠤᠨ ᠵᠠᠬᠢᠳᠠᠯ᠎ᠢ ᠤᠩᠰᠢᠨ ᠨᠡᠢᠲᠡᠯᠡᠪᠡ᠃ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ᠂ ᡁᠢᠬᠦᠢ᠍ᠩᠳ᠋ᠠᠩ ᠨᠠᠮ᠎ᠤᠨ ᠲᠥᠪ ᠬᠤᠷᠢᠶ᠎ᠠ ᠵᠢᠨ ᠲᠡᠷᠢᠭᠦᠯᠡᠭᠴᠢ ᠵᠢᠶᠠᠩ ᠽᠦᠸᠧ ᠵᠢᠶᠦ᠋ᠨ ᠪᠠᠶᠠᠷ᠎ᠤᠨ ᠦᠭᠡ ᠬᠡᠯᠡᠪᠡ᠃ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ ᠵᠢᠨ ᠳᠡᠳ᠋ ᠬᠣᠷᠢᠶᠠᠨ ᠳᠠᠷᠤᠭ᠎ᠠ᠂ ᠲᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠎ᠤᠨ ᠲᠥᠪ ᠬᠤᠷᠢᠶ᠎ᠠ ᠵᠢᠨ ᠲᠡᠷᠢᠭᠦᠯᠡᠭᠴᠢ ᠾᠧ ᠸᠧᠢ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠰᠢᠶᠠᠩᠭᠠᠩ ᠣᠣᠮᠧᠨ ᠲᠠᠢᠸᠠᠨ᠎ᠤ ᠬᠠᠷᠢᠶᠠᠲᠤ ᠨᠠᠷ᠎ᠤᠨ ᠵᠥᠪᠯᠡᠯ᠎ᠦᠨ ᠳᠡᠳ᠋ ᠡᠷᠬᠢᠯᠡᠭᠴᠢ ᠰᠢᠦᠢ ᠶᠢᠤ ᠱᠧᠩ ᠤᠷᠢᠳ ᠬᠣᠵᠢᠳ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠲᠥᠪ ᠬᠣᠷᠢᠶ᠎ᠠ᠂ ᠪᠦᠬᠦ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠪᠣᠯᠣᠨ ᠬᠠᠷᠢᠶᠠᠲᠤ ᠨᠠᠷ᠎ᠲᠤ ᠬᠣᠯᠪᠣᠭᠳᠠᠭᠰᠠᠨ ᠨᠢᠭᠡᠴᠢ᠎ᠶᠢ ᠲᠥᠯᠥᠭᠡᠯᠡᠨ ᠪᠠᠶᠠᠷ᠎ᠤᠨ ᠦᠭᠡ ᠬᠡᠯᠡᠪᠡ᠃ ᠭᠠᠳᠠᠭᠠᠳᠤ᠎ᠳᠤ ᠰᠠᠭᠤᠭ᠎ᠠ ᠬᠠᠷᠢᠶᠠᠳᠦ ᠨᠠᠷ᠂ ᠰᠢᠶᠠᠩᠭᠠᠩ ᠣᠣᠮᠧᠨ ᠲᠠᠢᠸᠠᠨ᠎ᠤ ᠠᠬ᠎ᠠ ᠳᠡᠭᠦᠦ ᠨᠠᠷ᠎ᠦᠨ ᠲᠥᠯᠥᠭᠡᠯᠡᠭᠴᠢ᠂ ᡁᠢᠬᠦᠢ᠍ᠩᠳ᠋ᠠᠩ ᠨᠠᠮ᠎ᠤᠨ ᠨᠠᠮ᠎ᠤᠨ ᠭᠡᠰᠢᠭᠦᠨ᠎ᠦ ᠲᠥᠯᠥᠭᠡᠯᠡᠭᠴᠢ ᠬᠤᠷᠠᠯ ᠳᠡᠭᠡᠷ᠎ᠡ ᠦᠭᠡ ᠬᠡᠯᠡᠪᠡ᠃
ᠳᠤᠮᠳᠠᠳᠤ ᠤᠯᠤᠰ᠎ᠤᠨ ᠡᠪ ᠬᠠᠮᠳᠦ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠎ᠶᠢᠨ ᠲᠤᠪᠴᠢᠶᠠᠨ᠎ᠤ ᠭᠡᠰᠢᠭᠦᠨ᠂ ᠲᠦᠷᠦ᠎ᠶᠢᠨ ᠶᠠᠪᠤᠳᠠᠯ᠎ᠤᠨ ᠬᠤᠷᠢᠶ᠎ᠠ ᠵᠢᠨ ᠳᠡᠳ᠋ ᠶᠡᠷᠦᠩᠬᠡᠢ ᠰᠠᠢᠳ ᠯᠢᠦ ᠭᠦᠸᠧ ᠵᠦᠩ᠂ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠮᠦ᠍ ᠬᠣᠩ ᠶᠡᠬᠡ ᠬᠤᠷᠠᠯ᠎ᠳᠦ ᠤᠷᠤᠯᠴᠠᠪᠠ᠃
ᡁᠢᠬᠦᠢ᠍ᠩᠳ᠋ᠠᠩ ᠨᠠᠮ᠎ᠤᠨ ᠲᠥᠪ ᠬᠤᠷᠢᠶ᠎ᠠ ᠵᠢᠨ ᠪᠠᠢᠩᠭᠤ᠎ᠶᠢᠨ ᠳᠡᠳ᠋ ᠲᠡᠷᠢᠭᠦᠯᠡᠭᠴᠢ ᠵᠠᠩ ᠧᠨ ᠳᠢ ᠶᠡᠬᠡ ᠬᠤᠷᠠᠯ᠎ᠢ ᠡᠷᠬᠢᠯᠡᠪᠡ᠃ ᠲᠥᠪ᠎ᠦᠨ ᠪᠠ ᠲᠦᠷᠦ᠎ᠶᠢᠨ ᠪᠠᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠬᠠᠷᠢᠶᠠᠲᠤ ᠨᠠᠷ᠎ᠲᠠᠢ ᠬᠣᠯᠪᠣᠭᠳᠠᠭᠰᠠᠨ ᠨᠢᠭᠡᠴᠢ᠂ ᠬᠣᠯᠪᠣᠭᠳᠠᠯ ᠪᠦᠬᠦᠢ ᠠᠷᠠᠳ᠎ᠤᠨ ᠪᠦᠯᠬᠦᠮ᠎ᠦᠨ ᠬᠠᠷᠢᠭᠤᠴᠠᠯᠭᠠᠲᠠᠨ᠂ ᠡᠯ᠎ᠡ ᠠᠷᠠᠳᠴᠢᠯᠠᠭᠰᠠᠨ ᠨᠠᠮ ᠪᠦᠯᠦᠭ᠎ᠦᠨ ᠲᠥᠪ ᠬᠣᠷᠢᠶ᠎ᠠ᠂ ᠪᠦᠬᠦ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ᠎ᠶᠢᠨ ᠬᠠᠷᠢᠭᠤᠴᠠᠯᠭᠠᠲᠠᠨ᠂ ᡁᠢᠬᠦᠢ᠍ᠩᠳ᠋ᠠᠩ ᠨᠠᠮ᠎ᠤᠨ ᠲᠥᠪ᠎ᠦᠨ ᠤᠳᠤᠷᠢᠳᠬᠤ ᠪᠠᠭ᠎ᠤᠨ ᠪᠦᠷᠢᠯᠳᠦᠭᠦᠨ ᠪᠣᠯᠣᠨ ᠤᠤᠯ᠎ᠤᠨ ᠤᠳᠤᠷᠢᠳᠬᠤ ᠪᠠᠭ᠎ᠤᠨ ᠪᠦᠷᠢᠯᠳᠦᠭᠦᠨ᠂ ᡁᠢᠬᠦᠢ᠍ᠩᠳ᠋ᠠᠩ ᠨᠠᠮ᠎ᠤᠨ ᠲᠥᠪ ᠬᠤᠷᠢᠶ᠎ᠠ ᠵᠢᠨ ᠭᠡᠰᠢᠭᠦᠨ᠂ ᠨᠠᠮ᠎ᠤᠨ ᠭᠡᠰᠢᠭᠦᠨ᠎ᠦ ᠲᠥᠯᠥᠭᠡᠯᠡᠭᠴᠢ᠂ ᠭᠠᠳᠠᠭᠠᠳᠤ᠎ᠳᠤ ᠪᠠᠢᠭ᠎ᠠ ᠬᠠᠷᠢᠶᠠᠲᠤ ᠠᠬ᠎ᠠ ᠳᠡᠭᠦᠦ ᠨᠠᠷ᠂ ᠰᠢᠶᠠᠩᠭᠠᠩ ᠣᠣᠮᠧᠨ ᠲᠠᠢᠸᠠᠨ᠎ᠤ ᠠᠬ᠎ᠠ ᠳᠡᠭᠦᠦ ᠨᠠᠷ᠎ᠦᠨ ᠲᠥᠯᠥᠭᠡᠯᠡᠭᠴᠢ ᠨᠠᠷ ᠶᠡᠬᠡ ᠬᠤᠷᠠᠯ᠎ᠳᠤ ᠣᠷᠣᠯᠴᠠᠵᠠᠢ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 9 ᠰᠠᠷ᠎ᠠ᠎ᠶᠢᠨ 19 ᠤ᠋ ᠴᠠᠬᠢᠯᠭᠠᠨ ᠮᠡᠳᠡᠭᠡ)