ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠵᠢᠨ ᠫᠢᠩ᠎ᠦᠨ ᠣᠢᠷ᠎ᠠ᠎ᠶ᠋ᠢᠨ ᠬᠤᠭᠤᠴᠠᠭᠠᠨ᠎ᠤ ᠬᠣᠯᠪᠣᠭ᠍ᠳᠠᠯ ᠪᠥᠬᠥᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠪᠠ
2025-09-20 10:43:45
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠰᠦᠨ ᠱᠤᠤ ᠴᠧᠩ ᠬᠤᠷᠠᠯ ᠢ᠋ ᠡᠷᠭᠢᠯᠡᠵᠠᠢ


9 ᠰᠠᠷ᠎ᠠ᠎ᠶ᠋ᠢᠨ 19 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠣᠢᠷ᠎ᠠ᠎ᠶ᠋ᠢᠨ ᠬᠤᠭᠤᠴᠠᠭᠠᠨ᠎ᠤ ᠬᠣᠯᠪᠣᠭ᠍ᠳᠠᠯ ᠪᠥᠬᠥᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠵᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠬᠢᠯᠡᠪᠡ᠃

ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ᠎ᠶ᠋ᠢᠨ ᠲᠣᠪᠴᠢᠶᠠᠨ᠎ᠤ ᠪᠠᠢᠩᠭᠤ᠎ᠶ᠋ᠢᠨ ᠬᠣᠷᠢᠶ᠎ᠠ ᠵᠢᠨ ᠬᠤᠷᠠᠯ ᠳᠡᠭᠡᠷᠡᠬᠢ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠡᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠲᠡᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠠᠵᠢᠯᠯᠠᠭ᠎ᠠ᠎ᠶ᠋ᠢᠨ ᠲᠤᠬᠠᠶ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠣᠢᠯᠠᠭᠠᠵᠤ᠂ ᠳᠤᠷᠠᠰᠭᠠᠬᠤ ᠠᠵᠢᠯᠯᠠᠭ᠎ᠠ᠎ᠶ᠋ᠢᠨ ᠳ᠋ᠦᠩᠨᠡᠯᠲᠡ᠎ᠶ᠋ᠢᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠳᠤᠷᠠᠰᠭᠠᠬᠤ ᠠᠵᠢᠯᠯᠠᠭ᠎ᠠ᠎ᠶ᠋ᠢᠨ ᠴᠢᠬᠤᠯᠠ ᠦᠷ᠎ᠡ ᠪᠦᠲᠦᠭᠡᠯ᠎ᠢ ᠦᠷᠭᠦᠯᠵᠢᠯᠡᠨ ᠥᠷᠭᠡᠳᠭᠡᠨ ᠭᠦᠨᠵᠡᠭᠡᠢᠷᠡᠭᠦᠯᠵᠦ᠍᠂ ᠦᠵᠡᠯ ᠰᠠᠨᠠᠭᠠᠨ᠎ᠤ ᠬᠦᠳᠦᠯᠦᠨ ᠲᠠᠭᠠᠭᠤᠯᠭ᠎ᠠ ᠪᠠ ᠤᠬᠠᠭᠤᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠣᠷᠣᠨ᠎ᠲᠠᠶᠠᠭᠠᠷ ᠢ᠋ ᠬᠥᠲᠥᠯᠥᠨ ᠵᠢᠯᠣᠭᠣᠳᠴᠤ᠌ ᠪᠠᠢᠭᠠᠳ ᠳᠤᠷᠠᠰᠭᠠᠬᠤ ᠠᠵᠢᠯᠯᠠᠭ᠎ᠠ᠎ᠶ᠋ᠢᠨ ᠬᠦᠭᠵᠢᠭᠡᠭᠰᠡᠨ ᠴᠤᠭ ᠵᠤᠯᠢ᠎ᠶᠢ ᠠᠵᠢᠯ ᠬᠢᠵᠦ᠍ ᠦᠶ᠋ᠯᠡᠰ ᠪᠤᠰᠭᠠᠬᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ ᠬᠡᠷᠡᠭ᠌ᠲᠡᠶ᠃ 《ᠨᠠᠮ᠎ᠤᠨ ᠠᠴᠢ ᠳ᠋ᠦ ᠲᠠᠯᠠᠷᠬᠠᠬᠤ᠂ ᠨᠠᠮ᠎ᠤᠨ ᠦᠭᠡ᠎ᠶ᠋ᠢ ᠰᠣᠨᠣᠰᠴᠤ᠂ ᠨᠠᠮ᠎ᠢᠶᠠᠨ ᠳᠠᠭᠠᠨ ᠤᠷᠤᠭᠰᠢᠯᠠᠬᠤ》 ᠣᠯᠠᠨ ᠲᠦᠮᠡᠨᠴᠢ ᠬᠥᠮᠦᠵᠢᠯ᠎ᠢ ᠥᠷᠨᠢᠭᠦᠯᠬᠦ᠌ ᠯᠤᠭᠡ ᠤᠶᠠᠯᠳᠤᠭᠤᠯᠤᠨ᠂ ᠥᠪᠥᠷ ᠮᠣᠩᠭᠣᠯ ᠣᠷᠣᠨ᠎ᠤ ᠶᠠᠫᠣᠨ᠎ᠢ ᠡᠰᠡᠷᠭᠦᠴᠡᠬᠦ᠌ ᠲᠡᠢᠨ᠎ᠦ ᠲᠡᠦᠬᠡ᠎ᠶ᠋ᠢ ᠠᠭᠤᠳᠠᠯᠬᠤ ᠪᠠ ᠤᠬᠠᠭᠤᠯᠬᠤ᠎ᠶ᠋ᠢ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠬᠥᠮᠦᠵᠢᠭᠦᠯᠦᠨ ᠬᠥᠲᠥᠯᠥᠨ ᠵᠢᠯᠣᠭᠣᠳᠴᠤ᠌ ᠪᠠᠢᠭᠠᠳ ᠬᠠᠮᠲᠤ᠎ᠶ᠋ᠢᠨ ᠤᠬᠠᠮᠰᠠᠷ᠂ ᠡᠵᠡᠨ ᠬᠥᠮᠦᠨ᠎ᠦ ᠤᠬᠠᠮᠰᠠᠷ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ᠎ᠢᠶᠠᠨ ᠬᠠᠢᠷᠠᠯᠠᠵᠤ ᠤᠯᠤᠰ᠎ᠢᠶᠠᠨ ᠬᠠᠢᠷᠠᠯᠠᠬᠤ ᠤᠬᠠᠮᠰᠠᠷ᠎ᠢ ᠤᠯᠠᠮ ᠨᠢᠭᠡ ᠠᠯᠬᠤᠮ ᠪᠣᠶ ᠪᠣᠯᠭᠠᠵᠤ᠂ ᠥᠪᠥᠷ ᠮᠣᠩᠭᠣᠯ᠎ᠤᠨ ᠣᠳᠣᠬᠢᠴᠢᠯᠠᠯᠳᠠ ᠵᠢᠨ ᠪᠥᠲᠥᠭᠡᠨ ᠪᠠᠢᠭᠤᠯᠤᠯᠲᠠ ᠳ᠋ᠦ ᠨᠠᠩ ᠢᠯᠡᠭᠦᠦ ᠡᠷᠡᠮᠡᠭᠡᠢᠯᠡᠨ ᠲᠡᠮᠡᠴᠡᠵᠦ ᠵᠢᠳᠬᠦᠯ ᠴᠢᠷᠮᠠᠢᠯᠭ᠎ᠠ ᠭᠠᠷᠭᠠᠬᠤ᠎ᠶᠢ ᠠᠬᠢᠭᠤᠯᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠬᠤᠷᠠᠯ᠎ᠡᠴᠡ 《ᠦᠨᠡᠨ》 ᠰᠡᠳᠬᠦᠯ᠎ᠳᠦ ᠨᠡᠢᠲᠡᠯᠡᠭ᠌ᠰᠡᠨ ᠶᠡᠷᠦᠩᠬᠡᠶ ᠱᠦᠵᠢ ᠰᠢ ᠵᠢᠨ ᠫᠢᠩ᠎ᠦᠨ 《ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠠᠬᠦᠯᠤᠨ ᠠᠬᠢᠭᠤᠯᠬᠤ ᠭᠡᠷᠡᠭᠳᠠᠢ》 ᠭᠡᠬᠦ ᠴᠢᠬᠤᠯᠠ ᠵᠤᠬᠢᠶᠠᠯ ᠢ᠋ ᠤᠯᠠᠮᠵᠢᠯᠠᠨ ᠰᠤᠷᠤᠯᠴᠠᠵᠤ᠂ ᠵᠣᠬᠢᠶᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠣᠢᠯᠠᠭᠠᠵᠤ᠂ ᠥᠪᠥᠷ ᠮᠣᠩᠭᠣᠯ᠎ᠤᠨ ᠪᠣᠳᠠᠲᠤ ᠪᠠᠢᠳᠠᠯ᠎ᠯᠤᠭ᠎ᠠ ᠤᠶᠠᠯᠳᠤᠭᠤᠯᠤᠨ ᠬᠠᠷᠠᠯᠲᠠ᠎ᠶ᠋ᠢᠨ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠶ ᠡᠷᠢᠵᠦ᠍᠂ ᠬᠠᠷᠢᠴᠠᠭᠤᠯᠤᠭ᠍ᠰᠠᠨ ᠳᠠᠪᠠᠭᠤᠯᠢᠭ᠎ᠢᠶᠠᠨ ᠪᠠᠳᠠᠷᠠᠭᠤᠯᠤᠨ᠂ ᠪᠥᠬᠥ᠌ ᠲᠠᠯ᠎ᠠ᠎ᠡᠴᠡ ᠨᠢᠭᠡ ᠣᠷᠣᠨ ᠪᠦᠰᠡ᠎ᠶ᠋ᠢ ᠤᠬᠠᠭᠠᠯᠠᠨ ᠲᠦᠯᠦᠪᠯᠡᠵᠤ᠂ ᠨᠢᠭᠡ ᠣᠷᠣᠨ ᠪᠦᠰᠡ᠎ᠪᠡᠷ ᠪᠥᠬᠥ᠌ ᠲᠠᠯ᠎ᠠ᠎ᠳᠤ ᠦᠶ᠋ᠯᠡᠴᠢᠯᠡᠵᠦ᠍᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠳᠤ ᠠᠭᠤᠰᠤᠯᠴᠠᠬᠤ ᠪᠠ ᠦᠶ᠋ᠯᠡᠴᠢᠯᠡᠬᠦ᠌ ᠳᠤᠮᠳᠠ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌ ᠬᠡᠷᠡᠭ᠌ᠲᠡᠶ᠃ ᠪᠦᠬᠦ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠢ ᠪᠦᠲᠦᠭᠡᠨ ᠪᠠᠢᠭᠤᠯᠬᠤ ᠳᠦᠷᠢᠮ᠎ᠦᠨ ᠱᠠᠭᠠᠷᠳᠠᠯᠭ᠎ᠠ ᠶᠣᠰᠣᠭᠠᠷ ᠠᠷᠠᠯᠵᠢᠶᠠᠴᠢᠨ ᠤᠷᠢᠵᠤ ᠪᠡᠯᠡ ᠮᠦᠨᠭᠭᠦ ᠣᠷᠣᠭᠤᠯᠤᠨ ᠠᠪᠴᠢᠷᠠᠬᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠌ ᠵᠡᠷᠭᠡ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠵᠤ ᠠᠬᠤᠶ᠎ᠶ᠋ᠢᠨ ᠣᠷᠴᠢᠯ ᠬᠥᠭ᠌ᠵᠢᠯᠲᠡ᠎ᠶ᠋ᠢ ᠬᠢᠵᠠᠭᠠᠷᠯᠠᠵᠤ ᠪᠦᠬᠦᠢ ᠬᠣᠷᠢᠭ᠎ᠠ ᠴᠡᠭ ᠲᠦᠭ᠌ᠵᠢᠷᠡᠯ᠎ᠴᠡᠭ ᠢ᠋ ᠴᠢᠷᠮᠠᠢᠨ ᠰᠢᠯᠤᠭᠤᠳᠬᠠᠬᠤ ᠬᠡᠷᠡᠭ᠌ᠲᠡᠶ ᠭᠡᠵᠤ ᠴᠢᠬᠤᠯᠠᠴᠢᠯᠠᠪᠠ᠃

ᠬᠤᠷᠠᠯ᠎ᠡᠴᠡ ᠪᠠᠰᠠ ᠪᠤᠰᠤᠳ ᠵᠦᠢᠯ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号