9 ᠰᠠᠷ᠎ᠠ᠎ᠶ᠋ᠢᠨ 19᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠥᠬᠡᠬᠣᠲᠠ᠎ᠳᠤ ᠤᠯᠤᠰ᠎ᠤᠨ ᠡᠨᠧᠷᠭᠢ᠎ᠶ᠋ᠢᠨ ᠪᠠᠯᠠ ᠣᠷᠣᠭᠤᠯᠤᠯᠲᠠ᠎ᠶ᠋ᠢᠨ ᠪᠦᠯᠦᠭ᠌ᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠽᠸᠤ ᠯᠸᠢ᠎ᠲᠠᠢ ᠠᠭᠤᠯᠵᠠᠪᠠ᠃
ᠰᠦᠨ ᠱᠤᠤ ᠴᠧᠩ ᠽᠸᠤ ᠯᠸᠢ ᠨᠠᠷ᠎ᠢ ᠪᠠᠶᠠᠷᠯᠠᠨ ᠤᠭ᠍ᠲᠤᠵᠤ᠂ ᠤᠯᠤᠰ᠎ᠤᠨ ᠡᠨᠧᠷᠭᠢ᠎ᠶ᠋ᠢᠨ ᠪᠡᠯᠡ ᠤᠷᠤᠭᠤᠯᠤᠯᠳᠠ ᠵᠢᠨ ᠪᠦᠯᠦᠭ᠌ᠯᠡᠯ᠎ᠦᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠦᠵᠡᠭᠦᠯᠦᠭ᠌ᠰᠡᠨ ᠬᠤᠪᠢ ᠨᠡᠮᠡᠷᠢ᠎ᠳᠦ ᠲᠠᠯᠠᠷᠬᠠᠵᠤ ᠪᠠᠢᠬᠤ᠎ᠪᠠᠨ ᠢᠯᠡᠳᠭᠡᠵᠦ᠍᠂ ᠪᠦᠯᠦᠭ᠌ᠯᠡᠯ᠎ᠦᠨ ᠳᠤᠷᠠᠳᠤᠭ᠍ᠰᠠᠨ ᠬᠠᠮᠲᠤᠷᠠᠯᠴᠠᠭᠠᠨ᠎ᠤ ᠰᠠᠨᠠᠮᠵᠢ᠎ᠳᠤ ᠬᠠᠷᠢᠭᠤᠯᠲᠠ ᠥᠭ᠌ᠪᠡ᠃ ᠲᠡᠷᠡ᠂ ᠣᠳᠣᠬᠠᠨ᠎ᠳᠤ᠂ ᠪᠢᠳᠡ ᠶᠠᠭ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠪᠠᠴᠢᠮ ᠲᠦᠷᠭᠡᠨ ᠨᠠᠢᠷᠠᠭᠤᠯᠤᠨ ᠵᠣᠬᠢᠶᠠᠵᠤ ᠪᠠᠢᠨ᠎ᠠ᠃ ᠥᠪᠥᠷ ᠮᠣᠩᠭᠣᠯ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠬᠢᠬᠦ᠌ ᠠᠵᠢᠯ᠎ᠨᠢ ᠤᠯᠤᠰ᠎ᠤᠨ ᠡᠨᠧᠷᠭᠢ᠎ᠶ᠋ᠢᠨ ᠪᠡᠯᠡ ᠤᠷᠤᠭᠤᠯᠤᠯᠳᠠ ᠵᠢᠨ ᠪᠦᠯᠦᠭ᠌ᠯᠡᠯ᠎ᠦᠨ ᠮᠠᠨ᠎ᠤ ᠣᠷᠣᠨ᠎ᠳᠠᠬᠢ ᠪᠠᠯᠠ ᠣᠷᠣᠭᠤᠯᠤᠯᠲᠠ᠎ᠶ᠋ᠢᠨ ᠴᠢᠭ᠌ᠯᠡᠯᠯᠤᠭᠡ ᠳᠡᠭᠡᠳᠦ ᠬᠡᠮᠵᠢᠶ᠎ᠡ᠎ᠪᠡᠷ ᠨᠡᠢᠴᠡᠵᠦ᠍ ᠪᠠᠢᠨ᠎ᠠ᠂ ᠬᠣᠶᠠᠷ ᠲᠠᠯ᠎ᠠ᠎ᠪᠠᠷ᠎ᠢᠶᠠᠨ ᠱᠢᠨ᠎ᠡ ᠡᠨᠧᠷᠭᠢ᠂ ᠪᠣᠬᠢᠷᠲᠤᠯ ᠥᠬᠡᠶ ᠤᠰᠤᠲᠥ᠋ᠷᠥᠭ᠌ᠴᠢ᠂ ᠲᠡᠷᠢᠭᠦᠨ᠎ᠦ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ ᠵᠡᠷᠭᠡ ᠬᠦᠷᠢᠶ᠎ᠡ ᠴᠠᠷᠠᠭ᠎ᠠ᠎ᠶ᠋ᠢᠨ ᠲᠣᠭᠣᠷᠢᠨ᠎ᠳᠤ ᠤᠯᠤᠯᠴᠠᠭ᠎ᠠ ᠵᠣᠯᠭᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠭᠠᠵᠤ᠂ ᠬᠠᠷᠠᠯᠳᠠ ᠪᠡᠨ ᠲᠤᠬᠳᠠᠪᠠᠯ ᠤᠷᠢᠳ ᠵᠢᠡᠷ ᠡᠬᠢᠯᠡᠨ ᠬᠢᠵᠤ᠂ ᠬᠠᠮᠲᠤᠷᠠᠯᠴᠠᠭᠠᠨ᠎ᠤ ᠵᠦᠶ᠋ᠯᠡᠰ᠎ᠢ 《ᠠᠷᠪᠡᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠳᠦ ᠴᠢᠷᠮᠠᠢᠨ ᠢᠯᠡᠷᠡᠭᠦᠯᠵᠦ᠍᠂ ᠪᠣᠳᠠᠲᠠᠶ ᠲᠥᠷᠥᠯ ᠵᠦᠶ᠋ᠯ ᠳᠡᠭᠡᠷ᠎ᠡ ᠨᠠᠢᠳᠠᠪᠤᠷᠢᠵᠢᠭᠤᠯᠬᠤ᠎ᠶ᠋ᠢ ᠬᠦᠰᠡᠵᠦ᠍ ᠪᠠᠢᠨ᠎ᠠ᠃ ᠪᠢᠳᠡ ᠤᠯᠤᠰ᠎ᠤ᠋ᠨ ᠡᠨᠧᠷᠭᠢ᠎ᠶ᠋ᠢᠨ ᠪᠦᠯᠦᠭ᠌ᠯᠡᠯ᠎ᠦᠨ ᠥᠪᠥᠷ ᠮᠣᠩᠭᠣᠯ᠎ᠳᠠᠬᠢ ᠬᠥᠭ᠌ᠵᠢᠯᠲᠡ᠎ᠶ᠋ᠢ ᠪᠦᠬᠦ᠌ ᠬᠦᠴᠦᠨ᠎ᠢᠶᠡᠷ᠎ᠢᠶᠡᠨ ᠳᠠᠮᠵᠢᠨ᠎ᠠ ᠭᠡᠵᠤ ᠬᠡᠯᠡᠪᠡ᠃
ᠽᠸᠤ ᠯᠸᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠣᠷᠳᠣ ᠬᠤᠭᠤᠴᠠᠭᠠᠨ᠎ᠤ ᠲᠤᠷᠰᠢ ᠤᠯᠤᠰ᠎ᠤᠨ ᠡᠨᠧᠷᠭᠢ᠎ᠶ᠋ᠢᠨ ᠪᠡᠯᠡ ᠤᠷᠤᠭᠤᠯᠤᠯᠳᠠ ᠵᠢᠨ ᠪᠦᠯᠦᠭ᠌ᠯᠡᠯ ᠳ᠋ᠤ ᠦᠵᠡᠬᠦᠯᠦᠭᠰᠡᠨ ᠳᠡᠮᠵᠢᠯᠭᠡ᠎ᠳᠦ ᠲᠠᠯᠠᠷᠬᠠᠵᠤ᠂ ᠪᠦᠯᠦᠭ᠌ᠯᠡᠯ᠎ᠦᠨ ᠥᠪᠥᠷ ᠮᠣᠩᠭᠣᠯ᠎ᠳᠠᠬᠢ ᠭᠤᠤᠯᠳᠠᠯᠭ᠎ᠠ᠎ᠲᠠᠶ ᠲᠥᠷᠥᠯ ᠵᠦᠶ᠋ᠯ᠎ᠦᠨ ᠠᠬᠢᠴᠠ᠎ᠶ᠋ᠢᠨ ᠪᠠᠢᠳᠠᠯ ᠵᠢᠴᠢ ᠲᠠᠷᠠᠭᠠᠴᠢ᠎ᠶ᠋ᠢᠨ ᠠᠯᠬᠤᠮ᠎ᠤᠨ ᠬᠥᠭ᠌ᠵᠢᠯᠲᠡ᠎ᠶ᠋ᠢᠨ ᠴᠢᠭ᠌ᠯᠡᠯ᠎ᠢ ᠲᠠᠨᠢᠯᠴᠠᠭᠤᠯᠪᠠ᠃ ᠲᠡᠷᠡ᠂ ᠤᠢ᠍ᠢᠷ᠎ᠠ᠎ᠶ᠋ᠢᠨ ᠵᠢᠯ᠎ᠳ᠋ᠤ ᠤᠯᠤᠰ᠎ᠤᠨ ᠡᠨᠧᠷᠭᠢ᠎ᠶ᠋ᠢᠨ ᠪᠡᠯᠡ ᠤᠷᠤᠭᠤᠯᠤᠯᠳᠠ ᠵᠢᠨ ᠪᠦᠯᠦᠭ᠌ᠯᠡᠯ᠎ᠦᠨ ᠥᠪᠥᠷ ᠮᠣᠩᠭᠣᠯ᠎ᠳᠠᠬᠢ ᠪᠡᠯᠡ ᠣᠷᠣᠭᠤᠯᠤᠯᠲᠠ᠎ᠶ᠋ᠢᠨ ᠡᠷᠴᠢᠮ ᠦᠷᠭᠦᠯᠵᠢᠯᠡᠨ ᠴᠢᠩᠭᠠᠷᠠᠵᠤ᠂ ᠬᠣᠶᠠᠷ ᠲᠠᠯ᠎ᠠ᠎ᠶ᠋ᠢᠨ ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠤᠯᠪᠠ᠃ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠡᠨᠧᠷᠭᠢ᠎ᠶ᠋ᠢᠨ ᠬᠠᠩᠭᠠᠯᠭ᠎ᠠ᠎ᠶ᠋ᠢ ᠪᠠᠲᠤᠯᠠᠬᠤ᠂ ᠴᠠᠬᠢᠯᠭᠠᠨ ᠬᠦᠴᠦᠨ᠂ ᠱᠢᠨ᠎ᠡ ᠡᠨᠧᠷᠭᠢ᠂ ᠤᠰᠤᠲᠥ᠋ᠷᠥᠭ᠌ᠴᠢ ᠡᠨᠧᠷᠭᠢ ᠵᠡᠷᠭᠡ ᠲᠠᠯ᠎ᠠ᠎ᠶ᠋ᠢᠨ ᠲᠣᠭᠣᠷᠢᠨ᠎ᠳᠤ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠨ᠎ᠡ ᠭᠡᠵᠤ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠱᠢᠨ ᠠᠭᠤᠯᠵᠠᠯᠲᠠ᠎ᠳᠤ ᠣᠷᠣᠯᠴᠠᠵᠠᠢ᠃