ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ ᠪᠠ ᠤᠯᠤᠰ᠎ᠤᠨ ᠪᠠᠶᠠᠷ᠎ᠤᠨ ᠠᠮᠠᠷᠠᠯᠳᠠ ᠵᠢᠨ ᠬᠤᠭᠤᠴᠠᠭᠠᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠰᠠᠢᠲᠤᠷ ᠬᠢᠬᠦ᠌ ᠲᠤᠬᠠᠶ ᠪᠠᠢᠷᠢᠯᠠᠭᠤᠯᠪᠠ
2025-09-20 11:54:04
ᠵᠣᠬᠢᠶᠠᠭ᠍ᠴᠢ᠄
ᠶᠧ ᠬᠤᠤ ᠮᠢᠩ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ 16 ᠎ᠤ᠋ ᠡᠳᠦᠷ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠡᠴᠡ ᠣᠢᠯᠠᠭᠠᠭ᠍ᠰᠠᠨ᠎ᠢᠶᠠᠷ᠂ ᠡᠨᠡ ᠵᠢᠯ᠎ᠦᠨ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠂ ᠤᠯᠤᠰ᠎ᠤᠨ ᠪᠠᠶᠠᠷ᠎ᠤᠨ ᠠᠮᠠᠷᠠᠯᠲᠠ ᠳᠠᠪᠬᠤᠴᠠᠵᠤ᠂ ᠪᠥᠬᠥ᠌ ᠨᠡᠢᠭᠡᠮ᠎ᠦᠨ ᠬᠦᠮᠦᠨ ᠬᠠᠷ᠎ᠠ ᠵᠢᠨ ᠱᠢᠯᠵᠢᠯᠲᠡ ᠶᠡᠬᠡ᠎ᠪᠡᠷ ᠨᠡᠮᠡᠭ᠌ᠳᠡᠬᠦ᠌ ᠵᠡᠷᠭᠡ ᠪᠠᠢᠳᠠᠯ᠎ᠳᠤ ᠴᠢᠭ᠌ᠯᠡᠭᠦᠯᠦᠨ᠂ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ ᠣᠢᠷ᠎ᠠ᠎ᠳᠤ ᠨᠠᠶ᠋ᠮᠠᠨ ᠰᠠᠷ᠎ᠠ᠎ᠶ᠋ᠢᠨ ᠲᠡᠷᠭᠡᠯ ᠪᠠᠶᠠᠷ᠂ ᠤᠯᠤᠰ᠎ᠤᠨ ᠪᠠᠶᠠᠷ᠎ᠤᠨ ᠠᠮᠠᠷᠠᠯᠲᠠ᠎ᠶ᠋ᠢᠨ ᠬᠤᠭᠤᠴᠠᠭᠠᠨ᠎ᠳᠠᠬᠢ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠶᠤᠯᠭᠦᠶ ᠦᠶ᠋ᠯᠡᠳᠪᠦᠷᠢᠯᠡᠯ᠂ ᠠᠶᠠᠨᠴᠢᠳ᠎ᠤᠨ ᠵᠦᠭᠡᠭᠡᠪᠤᠷᠢ ᠵᠢᠨ ᠦᠶ᠋ᠯᠡᠴᠢᠯᠡᠭᠡ᠂ ᠵᠠᠮ ᠬᠠᠷᠢᠯᠴᠠᠭ᠎ᠠ ᠪᠠᠷᠠᠭᠠᠨ᠎ᠤ ᠭᠦᠶ᠋ᠯᠭᠡᠭᠡ᠎ᠶ᠋ᠢᠨ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠬᠤ ᠵᠡᠷᠭᠡ ᠠᠵᠢᠯ᠎ᠢ ᠨᠢᠭᠡᠳᠦᠯᠲᠡᠶ ᠲᠥᠯᠥᠪᠵᠢᠬᠦᠯᠤᠨ ᠰᠠᠢᠲᠤᠷ ᠬᠢᠬᠦ᠌ ᠲᠤᠬᠠᠶ ᠪᠠᠢᠷᠢᠯᠠᠭᠤᠯᠪᠠ᠃

ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠶᠠᠮᠤᠨ᠎ᠤ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ᠂ ᠡᠯ᠎ᠡ ᠭᠠᠵᠠᠷ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠰᠠᠯᠠᠭ᠎ᠠ ᠮᠥᠴᠢᠷ ᠵᠠᠮ ᠬᠠᠷᠢᠯᠴᠠᠭ᠎ᠠ ᠲᠡᠭᠡᠭᠡᠪᠦᠷᠢ᠎ᠶ᠋ᠢᠨ ᠠᠶᠤᠯᠬᠦᠢ ᠦᠶ᠋ᠯᠡᠳᠪᠦᠷᠢᠯᠡᠯ᠎ᠦᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ 《ᠵᠠᠮ ᠬᠠᠷᠢᠯᠴᠠᠭ᠎ᠠ ᠲᠡᠭᠡᠭᠡᠪᠤᠷᠢ ᠵᠢᠨ ᠭᠤᠷᠪᠡᠨ ᠲᠦᠷᠦᠯ ᠤ᠋ᠨ ᠲᠦᠭᠰᠢᠬᠦᠷᠢ ᠶᠡᠭᠡᠳᠠᠢ ᠲᠡᠷᠭᠡ ᠬᠥᠰᠭᠡ》᠂ ᠲᠦᠭ᠌ᠰᠢᠭᠦᠷᠢ ᠶᠡᠬᠡᠲᠡᠶ ᠵᠠᠮ᠎ᠤᠨ ᠬᠡᠰᠡᠭ ᠪᠠ ᠬᠥᠭᠥᠷᠭᠡ᠂ ᠤᠰᠤᠨ ᠳᠡᠭᠡᠷᠡᠬᠢ ᠠᠶᠠᠨᠴᠢᠳ᠎ᠤᠨ ᠵᠦᠭᠡᠭᠡᠪᠤᠷᠢ᠂ ᠣᠨᠴᠠᠭᠠᠶ ᠠᠵᠢᠯ᠂ ᠭᠠᠷᠠᠮ᠎ᠤᠨ ᠠᠶᠤᠯᠲᠠᠶ ᠡᠳ᠋ ᠪᠠᠷᠠᠭ᠎ᠠ ᠬᠠᠳᠠᠭᠠᠯᠠᠬᠤ ᠰᠠᠪᠠ ᠵᠡᠷᠭᠡ 13 ᠲᠥᠷᠥᠯ᠎ᠦᠨ ᠬᠦᠨᠳᠦ ᠶᠡᠬᠡ ᠠᠶᠤᠯ᠎ᠤᠨ ᠡᠬᠢ ᠰᠤᠷᠪᠤᠯᠵᠢ᠎ᠶ᠋ᠢ ᠲᠠᠰ ᠳᠡᠪᠱᠢᠭᠦᠯᠦᠨ ᠬᠠᠮᠢᠶᠠᠷᠤᠨ ᠡᠵᠡᠮᠳᠡᠨ᠎ᠡ᠃ ᠵᠢᠭᠤᠯᠴᠢᠯᠠᠯ᠎ᠤᠨ ᠣᠩᠭᠣᠴᠠ ᠠᠶᠠᠨᠴᠢᠳ᠎ᠤᠨ ᠣᠩᠭᠣᠴᠠ᠎ᠶ᠋ᠢᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ ᠪᠠ ᠬᠤᠳᠠᠯᠳᠤᠭᠠᠨ᠎ᠤ ᠲᠡᠭᠡᠭᠡᠪᠤᠷᠢ ᠵᠢᠨ ᠤᠩᠭᠤᠴᠠ ᠪᠤᠯᠤᠨ ᠵᠢᠭᠠᠰᠤᠨ ᠠᠵᠤ ᠠᠬᠤᠢ ᠵᠢᠨ ᠠᠩᠨᠠᠯ᠎ᠤᠨ ᠣᠩᠭᠣᠴᠠ᠎ᠶ᠋ᠢᠨ ᠮᠥᠷᠭᠥᠯᠳᠦᠬᠦ᠌ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌᠎ᠶ᠋ᠢ ᠴᠢᠩᠭᠠᠳᠭᠠᠨ᠎ᠠ᠃ ᠭᠠᠷᠠᠮ᠎ᠤᠨ ᠠᠵᠢᠯ᠂ ᠤᠰᠤᠨ ᠵᠠᠮ᠎ᠤᠨ ᠠᠮᠤᠷ ᠲᠦᠪᠱᠢᠨ ᠪᠠ ᠪᠠᠷᠢᠯᠭ᠎ᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠎ᠠ ᠭᠡᠵᠤ ᠲᠠᠨᠢᠯᠴᠠᠭᠤᠯᠪᠠ᠃

ᠲᠣᠰ ᠬᠠᠷᠢᠭᠤᠴᠠᠯᠭᠠᠲᠠᠨ᠂ ᠠᠶᠠᠨᠴᠢᠳ᠎ᠤᠨ ᠵᠦᠭᠡᠭᠡᠪᠤᠷᠢ ᠵᠢᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠲᠠᠯ᠎ᠠ᠎ᠪᠠᠷ᠂ ᠵᠠᠮ ᠪᠠ ᠤᠰᠤᠨ ᠵᠠᠮ᠎ᠤᠨ ᠠᠶᠠᠨᠴᠢᠳ᠎ᠤᠨ ᠵᠦᠭᠡᠭᠡᠪᠤᠷᠢ ᠵᠢᠨ ᠵᠣᠬᠢᠶᠠᠨ ᠪᠠᠢᠭᠤᠯᠤᠯᠲᠠ᠎ᠶ᠋ᠢ ᠴᠢᠩᠭᠠᠳᠭᠠᠵᠤ᠂ ᠠᠮᠠᠷᠠᠯᠲᠠ᠎ᠶ᠋ᠢᠨ ᠬᠤᠭᠤᠴᠠᠭᠠᠨ᠎ᠳᠠᠬᠢ ᠠᠶᠠᠨᠴᠢᠳ᠎ᠤᠨ ᠤᠷᠤᠰᠬᠠᠯ᠎ᠤᠨ ᠣᠨᠴᠠᠯᠢᠭ᠎ᠢ ᠰᠤᠳᠤᠯᠤᠨ ᠮᠠᠭᠠᠳᠯᠠᠵᠤ ᠵᠠᠳᠠᠯᠬᠤ ᠠᠵᠢᠯ᠎ᠢ ᠰᠠᠢᠲᠤᠷ ᠬᠢᠵᠦ᠍᠂ ᠭᠤᠤᠯᠳᠠᠯᠭ᠎ᠠ᠎ᠲᠠᠶ ᠣᠷᠣᠨ ᠪᠦᠰᠡ᠎ᠶ᠋ᠢᠨ ᠵᠦᠭᠡᠭᠡᠪᠤᠷᠢ ᠵᠢᠨ ᠬᠦᠴᠦᠨ᠎ᠦ ᠣᠷᠣᠭᠤᠯᠤᠯᠲᠠ ᠪᠠ ᠪᠠᠴᠢᠮ ᠪᠠᠢᠳᠠᠯ᠎ᠢ ᠠᠷᠭᠠᠴᠠᠭᠠᠬᠤ ᠲᠣᠬᠢᠷᠠᠭᠤᠯᠤᠯᠲᠠ᠎ᠶ᠋ᠢ ᠴᠢᠩᠭᠠᠳᠭᠠᠨ᠎ᠠ᠃ ᠲᠣᠮᠣ ᠬᠡᠯᠪᠡᠷᠢ᠎ᠶ᠋ᠢᠨ ᠱᠢᠤᠳᠠᠨ᠎ᠤ ᠬᠥᠯᠭᠡ ᠣᠩᠭᠣᠴᠠ᠎ᠶ᠋ᠢᠨ 《ᠨᠢᠭᠡ ᠣᠩᠭᠣᠴᠠᠨ᠎ᠳᠤ ᠨᠢᠭᠡ ᠲᠥᠷᠥ᠎ᠶ᠋ᠢᠨ ᠪᠣᠳᠣᠯᠭ᠎ᠠ ᠭᠡᠷᠡᠭᠵᠢᠬᠦᠯᠬᠦ》᠂ ᠭᠤᠤᠯᠳᠠᠯᠭ᠎ᠠ᠎ᠲᠠᠶ ᠠᠶᠠᠨᠴᠢᠳ᠎ᠤᠨ ᠵᠦᠭᠡᠭᠡᠪᠤᠷᠢ ᠵᠢᠨ ᠠᠶᠠᠯᠠᠯ᠎ᠤᠨ ᠱᠤᠭᠤᠮ᠎ᠤᠨ 《ᠨᠢᠭᠡ ᠠᠶᠠᠯᠠᠯ ᠤ᠋ᠨ ᠱᠤᠭᠤᠮ ᠳ᠋ᠤ ᠨᠢᠭᠡ ᠲᠥᠷᠥ᠎ᠶ᠋ᠢᠨ ᠪᠣᠳᠣᠯᠭ᠎ᠠ ᠭᠡᠷᠡᠭᠵᠢᠬᠦᠯᠬᠦ》 ᠬᠠᠮᠢᠶᠠᠷᠤᠯᠲᠠ᠎ᠶ᠋ᠢᠨ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠤᠰᠤᠨ ᠵᠠᠮ᠎ᠤᠨ ᠠᠶᠠᠨᠴᠢᠳ᠎ᠤᠨ ᠵᠦᠭᠡᠭᠡᠪᠤᠷᠢ᠎ᠶ᠋ᠢᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢ ᠰᠠᠢᠲᠤᠷ ᠬᠢᠨ᠎ᠠ᠃ ᠡᠭᠦᠨ᠎ᠦ ᠵᠡᠷᠭᠡ ᠪᠡᠷ᠂ ᠵᠦᠭᠡᠭᠡᠪᠤᠷᠢ ᠵᠢᠨ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠰᠦᠯᠵᠢᠶᠡᠨ ᠳᠡᠭᠡᠷ᠎ᠡ ᠪᠢᠯᠧᠲ ᠬᠤᠳᠠᠯᠳᠤᠬᠤ ᠠᠷᠭ᠎ᠠ ᠵᠠᠮ᠎ᠢ ᠥᠷᠭᠡᠳᠭᠡᠵᠦ᠍᠂ ᠠᠶᠠᠨᠴᠢᠳ᠎ᠤᠨ ᠪᠢᠯᠧᠲ ᠬᠤᠳᠠᠯᠳᠤᠨ ᠠᠪᠬᠤ ᠪᠠ ᠣᠩᠭᠣᠴᠠᠨ᠎ᠳᠤ ᠰᠠᠭᠤᠬᠤ᠎ᠳᠤ ᠲᠥᠬᠥᠮ ᠦᠵᠡᠭᠦᠯᠦᠨ᠎ᠡ᠃ ᠭᠤᠤᠯᠳᠠᠯᠭ᠎ᠠ᠎ᠲᠠᠶ ᠬᠦᠮᠦᠰ ᠢ᠋ ᠬᠠᠯᠠᠮᠵᠢᠯᠠᠨ ᠬᠠᠢᠷᠠᠯᠠᠬᠤ᠎ᠶ᠋ᠢ ᠴᠢᠩᠭᠠᠳᠭᠠᠵᠤ᠂ ᠭᠤᠤᠯᠳᠠᠯᠭ᠎ᠠ᠎ᠲᠠᠶ ᠬᠥᠮᠦᠰ᠎ᠦᠨ ᠵᠠᠮ ᠬᠠᠷᠢᠯᠴᠠᠭᠠᠨ᠎ᠤ ᠶᠠᠪᠤᠵᠤ ᠰᠠᠭᠤᠬᠤ᠎ᠳᠤ ᠤᠷᠢᠳ᠎ᠢᠶᠠᠷ ᠬᠠᠷᠠᠭᠠᠯᠵᠠᠬᠤ ᠲᠥᠷᠥ᠎ᠶ᠋ᠢᠨ ᠪᠣᠳᠣᠯᠭ᠎ᠠ᠎ᠶ᠋ᠢ ᠬᠠᠤᠯᠢ ᠲᠣᠭ᠍ᠲᠠᠭᠠᠯ ᠶᠣᠰᠣᠭᠠᠷ ᠨᠠᠢᠳᠠᠪᠤᠷᠢᠵᠢᠭᠤᠯᠤᠨ᠎ᠠ ᠭᠡᠵᠤ ᠢᠯᠡᠳᠭᠡᠪᠡ᠃

ᠵᠠᠮ᠎ᠤᠨ ᠲᠤᠤᠷ᠎ᠤᠨ ᠠᠵᠢᠯᠯᠠᠭᠠᠨ᠎ᠤ ᠪᠠᠳᠤᠯᠠᠭ᠎ᠠ ᠵᠢᠨ ᠲᠠᠯ᠎ᠠ᠎ᠪᠠᠷ᠂ ᠲᠣᠰ ᠬᠠᠷᠢᠭᠤᠴᠠᠯᠭᠠᠲᠠᠨ᠂ ᠵᠠᠮ᠎ᠤᠨ ᠲᠤᠤᠷ᠎ᠤᠨ ᠠᠵᠢᠯᠯᠠᠭᠠᠨ᠎ᠢ ᠬᠢᠨᠠᠨ ᠬᠡᠮᠵᠢᠬᠦ᠌᠎ᠶ᠋ᠢ ᠴᠢᠩᠭᠠᠳᠭᠠᠵᠤ᠂ ᠴᠠᠭ ᠲᠤᠬᠠᠶ᠎ᠳᠤᠨᠢ ᠠᠷᠭ᠎ᠠ ᠬᠡᠮᠵᠢᠶ᠎ᠡ ᠠᠪᠴᠤ᠌ ᠱᠢᠯᠤᠭᠤᠳᠭᠠᠨ᠎ᠠ᠃ ᠶᠠᠪᠤᠵᠤ ᠰᠠᠭᠤᠬᠤ ᠦᠶ᠋ᠯᠡᠴᠢᠯᠡᠭᠡᠨ᠎ᠦ ᠮᠡᠳᠡᠭᠡ ᠵᠠᠩᠭᠢ ᠨᠡᠢᠲᠡᠯᠡᠬᠦ᠌᠎ᠶ᠋ᠢ ᠴᠢᠩᠭᠠᠳᠭᠠᠵᠤ᠂ ᠥᠪᠡᠰᠦᠪᠡᠨ ᠲᠡᠷᠭᠡ ᠵᠢᠯᠣᠭᠣᠳᠴᠤ᠌ ᠪᠠᠢᠭ᠎ᠠ ᠬᠥᠮᠦᠰ᠎ᠢ ᠬᠥᠲᠥᠯᠥᠨ ᠵᠢᠯᠣᠭᠣᠳᠴᠤ᠌ ᠪᠠᠢᠭᠠᠳ ᠶᠠᠪᠤᠵᠤ ᠰᠠᠭᠤᠬᠤ ᠴᠠᠭ ᠪᠠ ᠵᠠᠮ ᠱᠤᠭᠤᠮ᠎ᠢ ᠵᠦᠶ ᠵᠣᠬᠢᠰᠲᠠᠶ ᠰᠣᠩᠭᠣᠭᠤᠯᠤᠨ᠎ᠠ᠃ ᠴᠢᠬᠤᠯᠠ ᠶᠡᠬᠡ ᠪᠠᠶᠠᠷ ᠳᠤᠷᠠᠰᠭᠠᠯ᠎ᠤᠨ ᠡᠳᠦᠷ ᠪᠠ ᠠᠮᠠᠷᠠᠯᠲᠠ᠎ᠶ᠋ᠢᠨ ᠡᠳᠦᠷ᠎ᠲᠦ ᠵᠢᠵᠢᠭ ᠰᠠᠭᠤᠳᠠᠯ᠎ᠤᠨ ᠮᠠᠱᠢᠨ᠎ᠡᠴᠡ ᠵᠠᠮ᠎ᠤᠨ ᠰᠦᠢᠳᠭᠡᠯ ᠥᠯᠥ᠍ ᠬᠤᠷᠢᠶᠠᠬᠤ ᠲᠥᠷᠥ᠎ᠶ᠋ᠢᠨ ᠪᠣᠳᠣᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠤᠨ᠎ᠠ ᠭᠡᠵᠤ ᠬᠡᠯᠡᠪᠡ᠃

ᠮᠠᠭᠤ ᠴᠠᠭ ᠠᠭᠤᠷ᠎ᠢ ᠰᠡᠷᠭᠡᠢᠯᠡᠨ ᠠᠷᠭᠠᠴᠠᠭᠠᠬᠤ ᠠᠵᠢᠯ᠎ᠢ ᠰᠠᠢᠲᠤᠷ ᠬᠢᠬᠦ᠌᠎ᠲᠤᠬᠠᠢ ᠲᠣᠰ ᠬᠠᠷᠢᠭᠤᠴᠠᠯᠭᠠᠲᠠᠨ᠂ ᠴᠠᠭ ᠠᠭᠤᠷ ᠵᠡᠷᠭᠡ ᠰᠠᠯᠠᠭ᠎ᠠ ᠮᠥᠴᠢᠷ᠎ᠯᠤᠭᠡ ᠵᠥᠪᠳᠡᠯᠴᠡᠵᠦ᠍ ᠰᠤᠳᠤᠯᠤᠨ ᠮᠠᠭᠠᠳᠯᠠᠬᠤ᠎ᠪᠠᠨ ᠴᠢᠩᠭᠠᠳᠭᠠᠵᠤ᠂ ᠱᠢᠷᠦᠭᠦᠨ ᠪᠣᠷᠣᠭᠠᠨ᠂ ᠨᠠᠮᠤᠷ᠎ᠤᠨ ᠲᠠᠢᠹᠧᠩ ᠰᠠᠯᠬᠢ᠂ ᠴᠢᠩᠭ᠎ᠠ ᠰᠣᠯᠢᠭ ᠤᠷᠤᠰᠭᠠᠯ ᠵᠡᠷᠭᠡ ᠮᠠᠭᠤ ᠴᠠᠭ ᠠᠭᠤᠷ᠎ᠤᠨ ᠪᠠᠢᠳᠠᠯ᠎ᠢ ᠭᠤᠤᠯᠳᠠᠯᠭ᠎ᠠ᠎ᠲᠠᠶ ᠠᠩᠬᠠᠷᠴᠤ᠌᠂ ᠶᠠᠪᠤᠵᠤ ᠰᠠᠭᠤᠬᠤ ᠰᠠᠨᠠᠭᠤᠯᠤᠮᠵᠢ᠎ᠪᠠᠨ ᠴᠠᠭ ᠲᠤᠬᠠᠶ᠎ᠳᠤᠨᠢ ᠨᠡᠢᠭᠡᠮ᠎ᠳᠦ ᠨᠡᠢᠲᠡᠯᠡᠵᠦ᠍᠂ ᠠᠵᠤ ᠠᠬᠤᠢᠯᠠᠯ᠎ᠳᠤ ᠤᠷᠢᠳᠴᠢᠯᠠᠨ ᠰᠡᠷᠡᠮᠵᠢᠯᠡᠭᠦᠯᠬᠦ᠌ ᠰᠠᠨᠠᠭᠤᠯᠤᠮᠵᠢ ᠨᠡᠢᠲᠡᠯᠡᠵᠦ᠍᠂ ᠤᠷᠢᠳᠴᠢᠯᠠᠨ ᠰᠡᠷᠡᠮᠵᠢᠯᠡᠭᠦᠯᠬᠦ᠌ ᠲᠣᠭ᠍ᠲᠠᠴᠠ᠎ᠶ᠋ᠢ ᠨᠠᠢᠳᠠᠪᠤᠷᠢᠵᠢᠭᠤᠯᠤᠨ᠎ᠠ᠃ ᠮᠠᠭᠤ ᠴᠠᠭ ᠠᠭᠤᠷ ᠤ᠋ᠨ ᠪᠠᠢᠳᠠᠯ ᠲᠤᠤᠷ᠎ᠠ ᠠᠶᠠᠯᠠᠬᠤ᠎ᠶ᠋ᠢ ᠴᠠᠭᠠᠵᠠᠯᠠᠵᠤ ᠬᠢᠵᠠᠭᠠᠷᠯᠠᠬᠤ ᠲᠣᠭ᠍ᠲᠠᠭᠠᠯ ᠪᠣᠯᠤᠨ ᠪᠠᠷᠢᠯᠭ᠎ᠠ᠎ᠶ᠋ᠢᠨ ᠠᠵᠢᠯ᠎ᠤᠨ ᠬᠠᠮᠢᠶᠠᠷᠤᠯᠲᠠ᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠠᠶᠤᠯ ᠲᠦᠭ᠌ᠰᠢᠭᠦᠷᠢ᠎ᠲᠠᠢ ᠲᠡᠭᠡᠭᠡᠪᠦᠷᠢ᠂ ᠭᠡᠨᠡᠨ᠎ᠢᠶᠡᠷ ᠠᠵᠢᠯᠯᠠᠬᠤ᠎ᠶ᠋ᠢ ᠡᠷᠡᠰ ᠰᠡᠷᠭᠡᠢᠯᠡᠨ᠎ᠡ ᠭᠡᠵᠤ ᠢᠯᠡᠳᠭᠡᠪᠡ᠃

ᠵᠠᠮ ᠬᠠᠷᠢᠯᠴᠠᠭ᠎ᠠ ᠪᠠᠷᠠᠭᠠᠨ᠎ᠤ ᠭᠦᠶ᠋ᠯᠭᠡᠭᠡ᠎ᠶ᠋ᠢᠨ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠬᠤ ᠠᠵᠢᠯ᠎ᠢ ᠪᠥᠬᠥ᠌ ᠬᠦᠴᠦᠨ᠎ᠢᠶᠡᠷ ᠰᠠᠢᠲᠤᠷ ᠬᠢᠬᠦ ᠲᠤᠬᠠᠢ ᠲᠣᠰ ᠬᠠᠷᠢᠭᠤᠴᠠᠯᠭᠠᠲᠠᠨ᠂ ᠭᠤᠤᠯᠳᠠᠯᠭ᠎ᠠ᠎ᠲᠠᠶ ᠬᠦᠶ᠋ᠰᠦ᠂ ᠭᠤᠤᠯ ᠨᠡᠪᠲᠡᠷᠡᠬᠦ᠌ ᠵᠠᠮ᠎ᠤᠨ ᠠᠵᠢᠯᠯᠠᠭᠠᠨ᠎ᠢ ᠬᠢᠨᠠᠨ ᠬᠡᠮᠵᠢᠬᠦ᠌᠎ᠶ᠋ᠢ ᠴᠢᠩᠭᠠᠳᠭᠠᠵᠤ᠂ ᠵᠠᠮ ᠬᠠᠷᠢᠯᠴᠠᠭ᠎ᠠ ᠪᠠᠷᠠᠭᠠᠨ᠎ᠤ ᠭᠦᠶ᠋ᠯᠭᠡᠭᠡ᠎ᠶ᠋ᠢᠨ ᠠᠵᠢᠯᠯᠠᠭᠠᠨ᠎ᠤ ᠠᠶᠤᠯ ᠲᠦᠭ᠌ᠰᠢᠭᠦᠷᠢ᠎ᠶ᠋ᠢ ᠵᠠᠳᠠᠯᠤᠨ ᠰᠤᠳᠤᠯᠵᠤ ᠮᠠᠭᠠᠳᠯᠠᠬᠤ ᠪᠠ ᠰᠡᠷᠭᠡᠢᠯᠡᠨ ᠠᠷᠭᠠᠴᠠᠭᠠᠬᠤ ᠠᠵᠢᠯ᠎ᠢ ᠰᠠᠢᠲᠤᠷ ᠬᠢᠨ᠎ᠠ᠃ ᠡᠭᠦᠨ᠎ᠦ ᠵᠡᠷᠭᠡ ᠪᠡᠷ᠂ ᠭᠤᠤᠯᠳᠠᠯᠭ᠎ᠠ᠎ᠲᠠᠶ ᠣᠷᠣᠨ ᠪᠦᠰᠡ᠎ᠶ᠋ᠢᠨ ᠪᠠᠴᠢᠮ ᠪᠠᠢᠳᠠᠯ᠎ᠢ ᠠᠷᠭᠠᠴᠠᠭᠠᠬᠤ ᠲᠡᠭᠡᠭᠡᠪᠦᠷᠢ᠎ᠶ᠋ᠢᠨ ᠬᠦᠴᠦᠨ᠎ᠦ ᠨᠥᠭᠡᠴᠡ᠎ᠶ᠋ᠢ ᠴᠢᠩᠭᠠᠷᠠᠭᠤᠯᠵᠤ᠂ ᠵᠣᠬᠢᠴᠠᠭᠤᠯᠤᠨ ᠵᠢᠯᠣᠭᠣᠳᠭᠤ ᠪᠠ ᠨᠢᠭᠡᠳᠦᠯᠲᠡᠶ ᠲᠥᠯᠦᠪᠵᠢᠬᠦᠯᠤᠨ ᠳᠣᠭᠢᠷᠠᠭᠤᠯᠬᠤ᠎ᠶ᠋ᠢ ᠴᠢᠩᠭᠠᠳᠭᠠᠨ᠂ ᠰᠢᠨ᠎ᠠ ᠰᠣᠷᠭᠣᠭ ᠲᠠᠷᠢᠶᠠᠯᠠᠩ᠎ᠤᠨ ᠪᠦᠲᠦᠭᠡᠭ᠌ᠳᠡᠬᠦᠨ᠎ᠢ ᠲᠡᠭᠡᠭᠡᠪᠦᠷᠢᠯᠡᠬᠦ᠌ 《ᠰᠠᠭᠠᠳ ᠥᠬᠡᠶ ᠨᠡᠪᠲᠡᠷᠡᠬᠦ᠌ ᠵᠠᠮ》 ᠤ᠋ᠨ ᠲᠥᠷᠥ᠎ᠶ᠋ᠢᠨ ᠪᠣᠳᠣᠯᠭ᠎ᠠ᠎ᠶ᠋ᠢ ᠴᠢᠩᠭ᠎ᠠ ᠬᠡᠷᠡᠭ᠌ᠵᠢᠭᠦᠯᠵᠦ᠍᠂ ᠭᠤᠤᠯᠳᠠᠯᠭ᠎ᠠ᠎ᠲᠠᠶ ᠡᠳ᠋ ᠪᠣᠳᠠᠰ ᠪᠠ ᠠᠷᠠᠳ᠎ᠤᠨ ᠠᠮᠢᠳᠤᠷᠠᠯ᠎ᠤᠨ ᠡᠳ᠋ ᠪᠣᠳᠠᠰ᠎ᠤᠨ ᠲᠡᠭᠡᠭᠡᠪᠦᠷᠢ᠎ᠶ᠋ᠢᠨ ᠠᠮᠤᠷ ᠲᠦᠪᠱᠢᠨ ᠰᠠᠭᠠᠳ ᠥᠬᠡᠶ ᠨᠡᠪᠲᠡᠷᠡᠬᠦ᠌᠎ᠶ᠋ᠢ ᠪᠠᠲᠤᠯᠠᠨ᠎ᠠ ᠭᠡᠵᠤ ᠬᠡᠯᠡᠪᠡ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 9 ᠰᠠᠷ᠎ᠠ᠎ᠶ᠋ᠢᠨ 16 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号