ᠮᠠᠨ ᠤ᠋ ᠤᠷᠤᠨ ᠤᠶᠤᠨᠴᠢ ᠴᠠᠭ ᠠᠭᠤᠷ ᠤ᠋ᠨ ᠦᠢᠯᠡᠴᠢᠯᠡᠬᠡ ᠵᠢ ᠲᠠᠷᠢᠶᠠᠯᠠᠩ ᠤ᠋ᠨ ᠦᠶ᠋ᠯᠡᠳᠪᠦᠷᠢᠯᠡᠯ ᠡᠵᠡᠩᠨᠡᠯᠲᠡ ᠢ᠋ᠢᠨ ᠪᠥᠬᠥ᠌ ᠬᠡᠯᠬᠢᠶ᠎ᠡ ᠳ᠋ᠤ ᠤᠷᠤᠭᠤᠯᠪᠠ
2025-09-20 11:41:42
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠦᠪᠡᠷᠲᠡᠭᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠡᠴᠡ ᠤᠢᠯᠠᠭᠠᠭᠰᠠᠨ ᠢ᠋ᠢᠡᠷ᠂ ᠡᠨᠡ ᠵᠢᠯ ᠥᠪᠡᠷᠲᠡᠭᠡᠨ ᠵᠠᠰᠠᠬᠤ ᠣᠷᠣᠨ ᠤ᠋ ᠴᠠᠭ ᠠᠭᠤᠷ ᠤ᠋ᠨ ᠲᠣᠪᠴᠢᠶ᠎ᠠ ᠪᠣᠯᠤᠨ ᠳᠤᠮᠳᠠᠳᠤ ᠤᠯᠤᠰ ᠤ᠋ᠨ ᠠᠷᠠᠳ ᠤ᠋ᠨ ᠡᠳ᠋ ᠬᠥᠷᠥᠩᠭᠡ ᠢ᠋ᠢᠨ ᠳᠠᠭᠠᠳᠭᠠᠯ ᠤ᠋ᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ ᠢ᠋ᠢᠨ ᠥᠪᠥᠷ ᠮᠣᠩᠭᠣᠯ ᠳ᠋ᠡᠬᠢ ᠬᠤᠪᠢᠶᠠᠷᠢ ᠺᠣᠮᠫᠠᠨᠢ ᠪᠠᠢᠯᠳᠤᠬᠤ ᠪᠣᠳᠣᠯᠭ᠎ᠠ ᠢ᠋ᠢᠨ ᠬᠠᠮᠲᠤᠷᠠᠯᠴᠠᠭᠠᠨ ᠤ᠋ ᠵᠥᠪᠯᠡᠯᠴᠡᠭᠡᠷ ᠲᠣᠭ᠍ᠲᠠᠵᠤ᠂ 《ᠳᠠᠭᠠᠳᠭᠠᠯ + ᠲᠦᠭ᠌ᠰᠢᠭᠦᠷᠢ ᠢ᠋ᠢᠨ ᠬᠡᠮᠵᠢᠶ᠎ᠠ ᠢ᠋ᠢ ᠪᠠᠭᠠᠰᠬᠠᠬᠤ + ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ》 ᠤ᠋ᠨ ᠦᠶ᠋ᠯᠡᠴᠢᠯᠡᠭᠡᠨ ᠤ᠋ ᠵᠠᠭ᠍ᠪᠤᠷ ᠢ᠋ ᠡᠭᠦᠳᠤᠨ᠂ ᠣᠶᠤᠨᠴᠢ ᠴᠠᠭ ᠠᠭᠤᠷ ᠤ᠋ᠨ ᠦᠶ᠋ᠯᠡᠴᠢᠯᠡᠭᠡ ᠢ᠋ᠢ ᠲᠠᠷᠢᠶᠠᠯᠠᠩ ᠤ᠋ᠨ ᠦᠶ᠋ᠯᠡᠳᠪᠦᠷᠢᠯᠡᠯ ᠡᠵᠡᠩᠨᠡᠯᠲᠡ ᠢ᠋ᠢᠨ ᠪᠥᠬᠥ᠌ ᠶᠠᠪᠤᠴᠠ ᠳ᠋ᠤ ᠤᠷᠤᠭᠤᠯᠵᠤ᠂ 《ᠭᠠᠮᠱᠢᠭ ᠡᠴᠡ ᠡᠮᠦᠨ᠎ᠠ ᠤᠷᠢᠳᠴᠢᠯᠠᠨ ᠰᠡᠷᠡᠮᠵᠢᠯᠡᠭᠦᠯᠬᠦ᠌᠂ ᠭᠠᠮᠱᠢᠭ ᠤ᠋ᠨ ᠳᠤᠮᠳᠠ ᠠᠷᠭᠠᠴᠠᠭᠠᠨ ᠱᠢᠶ᠋ᠳᠪᠦᠷᠢᠯᠡᠬᠦ᠌᠂ ᠭᠠᠮᠱᠢᠭ ᠤ᠋ᠨ ᠳᠠᠷᠠᠭ᠎ᠠ ᠨᠥᠬᠥᠪᠥᠷᠢ ᠤᠯᠭᠤᠬᠤ》 ᠪᠥᠬᠥ᠌ ᠬᠡᠯᠬᠢᠶ᠎ᠠ ᠢ᠋ᠢᠨ ᠲᠦᠭ᠌ᠰᠢᠭᠦᠷᠢ ᠢ᠋ᠢᠨ ᠬᠠᠮᠢᠶᠠᠷᠤᠯᠲᠠ ᠢ᠋ᠢᠨ ᠱᠢᠰᠲ᠋ᠧᠮ ᠤ᠋ᠨ ᠪᠠᠢᠭᠤᠯᠤᠯᠲᠠ ᠢ᠋ᠢ ᠠᠬᠢᠭᠤᠯᠪᠠ᠃

ᠡᠨᠡ ᠵᠢᠯ ᠡᠴᠡ ᠨᠠᠭᠠᠰᠢ᠂ ᠮᠠᠨ ᠤ᠋ ᠤᠷᠤᠨ ᠤ᠋ ᠴᠠᠭ ᠠᠭᠤᠷ ᠤ᠋ᠨ ᠰᠠᠯᠠᠭ᠎ᠠ ᠮᠥᠴᠢᠷ 《ᠴᠠᠭ ᠠᠭᠤᠷ + ᠳᠠᠭᠠᠳᠭᠠᠯ》 ᠤ᠋ᠨ ᠬᠠᠮᠵᠢᠯᠴᠠᠭ᠎ᠠ ᠢ᠋ᠢ ᠭᠦᠨᠵᠡᠭᠡᠢᠷᠡᠭᠦᠯᠵᠤ᠂ ᠲᠠᠷᠢᠶᠠᠯᠠᠩ ᠮᠠᠯ ᠠᠵᠤ ᠠᠬᠤᠶ ᠢ᠋ᠢᠨ ᠰᠠᠯᠠᠭ᠎ᠠ ᠮᠥᠴᠢᠷ ᠪᠣᠯᠤᠨ ᠳᠠᠭᠠᠳᠭᠠᠯ ᠤ᠋ᠨ ᠺᠣᠮᠫᠠᠨᠢ ᠲᠠᠢ ᠬᠠᠮᠲᠤᠷᠠᠨ ᠪᠠᠶᠠᠨᠨᠠᠭᠤᠷ ᠬᠣᠲᠠ᠂ ᠤᠯᠠᠭᠠᠨᠴᠠᠪ ᠬᠣᠲᠠ ᠪᠣᠯᠤᠨ ᠲᠦᠩᠯᠢᠶᠣᠤ ᠬᠣᠲᠠ ᠳ᠋ᠤ 3 ᠵᠢᠱ᠌ᠢᠶ᠎ᠡ ᠦᠵᠡᠭᠦᠯᠬᠦ᠌ ᠣᠷᠣᠨ ᠢ᠋ ᠳᠡᠯᠭᠡᠷᠡᠭᠦᠯᠦᠨ ᠪᠥᠲᠥᠭᠡᠨ ᠪᠠᠢᠭᠤᠯᠵᠤ᠂ ᠶᠡᠷᠦᠩᠬᠡᠶ ᠲᠠᠯᠠᠪᠠᠶ ᠨᠢ 1.2 ᠲᠦᠮᠡᠨ ᠮᠤ᠌ ᠳ᠋ᠤ ᠬᠦᠷᠴᠠᠢ᠃ ᠥᠪᠡᠷᠲᠡᠭᠡᠨ ᠵᠠᠰᠠᠬᠤ ᠣᠷᠣᠨ ᠤ᠋ ᠠᠮᠢ ᠠᠬᠤᠶ ᠬᠢᠭᠡᠳ ᠲᠠᠷᠢᠶᠠᠯᠠᠩ ᠤ᠋ᠨ ᠴᠠᠭ ᠠᠭᠤᠷ ᠤ᠋ᠨ ᠦᠶ᠋ᠯᠡᠴᠢᠯᠡᠭᠡᠨ ᠤ᠋ ᠦᠶ᠋ᠯᠡᠴᠢᠯᠡᠭᠡᠨ ᠤ᠋ ᠲᠥᠪ ᠤ᠋ᠨ ᠳᠡᠳ᠋ ᠡᠷᠬᠢᠯᠡᠭ᠌ᠴᠢ ᠦ᠋ ᠷᠦᠩ ᠱᠧᠩ ᠤ᠋ᠨ ᠲᠠᠨᠢᠯᠴᠠᠭᠤᠯᠤᠭᠰᠠᠨ ᠵᠢᠡᠷ᠂ ᠵᠢᠱ᠌ᠢᠶ᠎ᠡ ᠦᠵᠡᠭᠦᠯᠬᠦ᠌ ᠣᠷᠣᠨ ᠳ᠋ᠤ ᠴᠠᠭ ᠠᠭᠤᠷ ᠤ᠋ᠨ ᠰᠠᠯᠠᠭ᠎ᠠ ᠮᠥᠴᠢᠷ ᠤᠷᠢᠳᠴᠢᠯᠠᠨ ᠮᠡᠳᠡᠭᠡᠯᠡᠵᠦ᠍ ᠤᠷᠢᠳᠴᠢᠯᠠᠨ ᠰᠡᠷᠡᠮᠵᠢᠯᠡᠭᠦᠯᠬᠦ᠌ ᠦᠶ᠋ᠯᠡᠴᠢᠯᠡᠭᠡ ᠬᠠᠩᠭᠠᠨ᠂ ᠳᠠᠭᠠᠳᠭᠠᠯ ᠤ᠋ᠨ ᠺᠣᠮᠫᠠᠨᠢ ᠴᠠᠭ ᠠᠭᠤᠷ ᠤ᠋ᠨ ᠲᠣᠭ᠎ᠠ ᠪᠠᠷᠢᠮᠲᠠ ᠢ᠋ᠢ ᠦᠨᠳᠦᠰᠦᠯᠡᠨ ᠲᠦᠭ᠌ᠰᠢᠭᠦᠷᠢ ᠢ᠋ᠢ ᠪᠠᠭᠠᠰᠭᠠᠬᠤ ᠦᠶ᠋ᠯᠡᠳᠬᠦᠨ ᠢ᠋ ᠨᠡᠭᠡᠭᠡᠨ ᠬᠥᠭ᠌ᠵᠢᠭᠦᠯᠵᠦ᠍᠂ ᠲᠡᠷᠡ ᠳᠠᠷᠤᠢ ᠳ᠋ᠤᠨᠢ ᠲᠠᠷᠢᠶᠠᠯᠠᠬᠤ ᠡᠷᠦᠬᠡ ᠳ᠋ᠤ ᠠᠷᠭ᠎ᠠ ᠬᠡᠮᠵᠢᠶ᠎ᠠ ᠠᠪᠤᠭᠤᠯᠬᠤ ᠪᠡᠷ ᠮᠡᠳᠡᠭ᠌ᠳᠡᠵᠤ ᠪᠤᠢ᠃ ᠡᠨᠡ ᠨᠢ 《ᠰᠠᠨᠠᠭᠠᠴᠢᠯᠠᠭᠠᠲᠤ ᠪᠤᠰᠤ ᠪᠠᠷ ᠲᠥᠯᠥᠪᠦᠷᠢ ᠥᠭ᠌ᠬᠦ》 ᠵᠢ 《ᠰᠠᠨᠠᠭᠠᠴᠢᠯᠠᠭ᠎ᠠ ᠡᠴᠡ ᠪᠠᠨ ᠭᠠᠮᠱᠢᠭ ᠢ᠋ ᠰᠡᠷᠭᠡᠢᠯᠡᠬᠦ᠌》 ᠪᠣᠯᠭᠠᠨ ᠬᠤᠪᠢᠷᠠᠭᠤᠯᠵᠤ᠂ ᠲᠠᠷᠢᠶᠠᠯᠠᠩ ᠤ᠋ᠨ ᠦᠢᠯᠡᠳᠪᠦᠷᠢᠯᠡᠯ ᠡᠵᠡᠩᠨᠡᠯᠳᠡ ᠵᠢᠨ ᠱᠢᠨᠵᠢᠯᠡᠬᠦ᠌ ᠤᠬᠠᠭᠠᠨ ᠲᠸᠭᠨᠢᠭ  ᠮᠡᠷᠭᠡᠵᠢᠯ ᠤ᠋ᠨ ᠲᠦᠪᠱᠢᠨ ᠢ᠋ ᠪᠦᠳᠦᠮᠵᠢᠳᠠᠢ ᠳᠡᠭᠡᠭ᠌ᠰᠢᠯᠡᠭᠦᠯᠦᠭᠰᠡᠨ ᠪᠠᠢᠨ᠎ᠠ᠃

ᠠᠮᠤ ᠪᠤᠳᠠᠭᠠᠨ ᠤ᠋ ᠤᠨᠠᠯᠲᠠ ᠢ᠋ᠢ ᠪᠠᠲᠤᠯᠠᠬᠤ ᠢ᠋ᠢᠨ ᠲᠥᠯᠥᠭᠡ᠂ ᠮᠠᠨ ᠤ᠋ ᠤᠷᠤᠨ ᠤ᠋ ᠴᠠᠭ ᠠᠭᠤᠷ ᠤ᠋ᠨ ᠰᠠᠯᠠᠭ᠎ᠠ ᠮᠥᠴᠢᠷ ᠪᠠᠰᠠ 《1 + 1 + N》 ᠤᠶᠤᠨᠴᠢ ᠲᠠᠷᠢᠶᠠᠯᠠᠩ ᠤ᠋ᠨ ᠴᠠᠭ ᠠᠭᠤᠷ ᠤ᠋ᠨ ᠦᠶ᠋ᠯᠡᠴᠢᠯᠡᠭᠡᠨ ᠤ᠋ ᠵᠠᠭ᠍ᠪᠤᠷ ᠢ᠋ ᠬᠡᠷᠡᠭᠵᠢᠭᠦᠯᠵᠤ᠂ 《ᠥᠪᠥᠷ ᠮᠣᠩᠭᠣᠯ ᠤ᠋ᠨ ᠤᠶᠤᠨᠴᠢ ᠲᠠᠷᠢᠶᠠᠯᠠᠩ ᠤ᠋ᠨ ᠴᠠᠭ ᠠᠭᠤᠷ ᠤ᠋ᠨ ᠦᠶ᠋ᠯᠡᠴᠢᠯᠡᠭᠡᠨ ᠤ᠋ ᠲᠠᠪᠴᠠᠩ》᠂ 《ᠲᠢᠶᠠᠨ ᠴᠢᠨ ᠤᠶᠤᠨᠴᠢ ᠲᠠᠷᠢᠶᠠᠯᠠᠩ ᠤ᠋ᠨ ᠴᠠᠭ ᠠᠭᠤᠷ》 ᠤ᠋ᠨ ᠪᠢᠴᠢᠯ ᠫᠷᠤᠭ᠌ᠷᠠᠮ ᠵᠡᠷᠭᠡ ᠣᠯᠠᠨ ᠠᠷᠭ᠎ᠠ ᠵᠠᠮ ᠵᠢᠡᠷ ᠲᠠᠮᠵᠢᠨ ᠪᠥᠬᠥ᠌ ᠣᠷᠣᠨ ᠤ᠋ 2.7 ᠲᠦᠮᠡᠨ ᠱᠢᠨ᠎ᠡ ᠬᠡᠯᠪᠡᠷᠢ ᠢ᠋ᠢᠨ ᠮᠠᠯ ᠠᠵᠤ ᠠᠬᠤᠢ ᠲᠠᠷᠢᠶᠠᠯᠠᠩ ᠤ᠋ᠨ ᠡᠵᠡᠩᠨᠡᠯᠲᠡ ᠢ᠋ᠢᠨ ᠭᠤᠤᠯ ᠴᠣᠭ᠍ᠴᠠ᠂ ᠲᠠᠷᠢᠮᠠᠯ ᠤ᠋ᠨ ᠲᠣᠮᠣ ᠡᠷᠦᠬᠡ ᠳ᠋ᠤ ᠲᠠᠷᠢᠶᠠᠨ ᠭᠠᠵᠠᠷ ᠤ᠋ᠨ ᠦᠶᠡᠷ ᠤᠰᠤᠲᠤᠯ ᠤ᠋ᠨ ᠲᠦᠭ᠌ᠰᠢᠭᠦᠷᠢ ᠢ᠋ᠢᠨ ᠰᠡᠷᠡᠮᠵᠢᠯᠡᠭᠦᠯᠤᠯ᠂ ᠲᠥᠮᠥᠰᠥ ᠢ᠋ᠢᠨ ᠬᠡᠮ ᠡᠪᠡᠳᠴᠢᠨ ᠡᠭᠦᠰᠭᠦ ᠬᠠᠨᠳᠤᠰᠢ ᠵᠢᠴᠢ ᠡᠮ ᠰᠦᠷᠴᠢᠬᠦ᠌ ᠲᠣᠬᠢᠷᠠᠮᠵᠢᠲᠠᠶ ᠬᠡᠮᠵᠢᠶ᠎ᠡ ᠵᠡᠷᠭᠡ ᠮᠡᠳᠡᠭᠡ ᠵᠠᠡᠭᠭᠢ ᠢ᠋ᠢ ᠴᠠᠭ ᠲᠤᠬᠠᠶ ᠳ᠋ᠤᠨᠢ ᠳᠡᠮᠵᠢᠭᠤᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号