ᠦᠪᠤᠷ ᠮᠤᠡᠭᠭᠤᠯ᠎ᠤᠨ ᠶᠡᠭᠡ ᠰᠤᠷᠭᠠᠭᠤᠯᠢ ᠨᠡᠢᠳᠡᠯᠢᠭ ᠬᠡᠯᠡ ᠵᠢ ᠲᠦᠭᠡᠮᠡᠯᠵᠢᠭᠦᠯᠬᠦ ᠦᠢᠯᠡᠳᠦᠯᠭᠡ᠎ᠶᠢᠨ ᠠᠵᠢᠯᠯᠠᠭ᠎ᠠ᠎ᠥᠷᠨᠢᠭᠦᠯᠪᠡ
2025-09-21 11:41:18
ᠵᠣᠬᠢᠶᠠᠭ᠍ᠴᠢ᠄
​ ᠨᠠᠪᠴᠢ
ᠣᠩᠱᠢᠭ᠍ᠰᠠᠨ ᠣᠳᠠᠭ᠎ᠠ᠄
★★★☆☆

9 ᠰᠠᠷ᠎ᠠ  ᠶ᠋ᠢᠨ 15 ᠡᠴᠡ  21᠎ᠤ᠋ ᠡᠳᠦᠷ ᠪᠣᠯ ᠬᠤᠷᠢᠨ ᠨᠠᠢ᠍ᠮᠠᠳᠡᠬᠢ ᠪᠦᠬᠦ ᠤᠯᠤᠰ᠎ᠤᠨ ᠨᠡᠢᠲᠡᠯᠢᠭ ᠬᠡᠯᠡ ᠶ᠋ᠢ ᠲᠦᠭᠡᠮᠡᠯᠵᠢᠭᠦᠯᠬᠦ ᠤᠬᠠᠭᠤᠯᠭ᠎ᠠ ᠶ᠋ᠢᠨ ᠭᠠᠷᠠᠭ ᠪᠣᠯᠣᠨ᠎ᠠ᠃ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ 《ᠦᠭᠡ ᠬᠡᠯᠡ ᠪᠡᠷ ᠥᠪᠥᠷ ᠮᠣᠩᠭᠣᠯ ᠎ᠵᠢᠡᠨ  ᠬᠥᠭᠵᠢᠭᠦᠯᠦᠨ ᠮᠠᠨᠳᠤᠭᠤᠯᠬᠤ》 ᠪᠦᠯᠬᠦᠮ ᠎ᠦᠨ ᠬᠢᠨ ᠤᠯᠠᠭᠠᠨᠴᠠᠪ ᠬᠣᠲᠠ᠎ᠶᠢᠨ ᠳᠥᠷᠪᠡᠳ ᠬᠣᠰᠢᠭᠤᠨ᠎ᠤ ᠤᠯᠠᠭᠠᠨᠬᠤᠸᠠ ᠪᠠᠯᠭᠠᠰᠤ ᠪᠠ ᠬᠣᠩᠭᠣᠷ ᠰᠤᠮᠤ᠎ᠳᠤ ᠬᠦᠷᠴᠦ᠂ ᠨᠡᠢᠲᠡᠯᠢᠭ ᠬᠡᠯᠡ᠎ᠶᠢ ᠲᠦᠭᠡᠮᠡᠯᠵᠢᠭᠦᠯᠬᠦ ᠠᠯᠢ ᠣᠯᠠᠨ ᠦᠢᠯᠡᠳᠦᠯᠭᠡ ᠎ᠶᠢᠨ ᠠᠵᠢᠯᠯᠠᠭ᠎ᠠ ᠥᠷᠨᠢᠭᠦᠯᠵᠦ᠂ ᠣᠯᠠᠨ ᠲᠦᠮᠡᠨ᠎ᠦ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠎ᠦᠨ ᠬᠡᠷᠡᠭᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠬᠦ᠎ᠳᠦ ᠬᠦᠴᠦᠨ ᠨᠡᠮᠡᠷᠢᠯᠡᠪᠡ᠃

ᠨᠡᠢᠳᠡᠯᠢᠭ ᠬᠡᠯᠡ ᠵᠢ ᠲᠦᠬᠡᠮᠡᠯᠵᠢᠬᠦᠯᠬᠦ ᠦᠢᠯᠡᠳᠦᠯᠭᠡ᠎ᠶᠢᠨ ᠪᠦᠯᠬᠦᠮ᠎ᠤᠨ ᠬᠢᠨ ᠰᠤᠷᠭᠠᠭᠤᠯᠢ᠂ ᠨᠡᠢᠭᠡᠮ ᠲᠣᠭᠣᠷᠢᠭ᠋᠂ ᠭᠠᠴᠠᠭ᠎ᠠ ᠲᠤᠰᠬᠤᠨ ᠳ᠋ᠤ ᠬᠦᠨᠵᠡᠭᠡᠢᠷᠡᠵᠦ᠂ ᠨᠡᠢᠳᠡᠯᠢᠭ ᠬᠡᠯᠡ ᠵᠢ ᠲᠦᠭᠡᠮᠡᠯᠵᠢᠭᠦᠯᠬᠦ ᠲᠤᠰᠬᠠᠢ ᠰᠡᠳᠦᠪᠲᠦ ᠲᠠᠢᠯᠤᠮᠵᠢ ᠬᠢᠬᠦ᠂ ᠪᠠᠭ᠍ᠰᠢ ᠨᠠᠷ ᠎ᠢ ᠵᠣᠬᠢᠶᠠᠨ ᠪᠠᠢᠭᠤᠯᠤᠨ ᠲᠥᠪᠯᠡᠷᠡᠭᠦᠯᠦᠨ ᠶᠠᠷᠢᠯᠴᠠᠬᠤ᠂  ᠭᠦᠨᠵᠡᠭᠡᠢ ᠰᠣᠷᠪᠤᠯᠵᠢᠯᠠᠭ᠎ᠠ ᠬᠢᠬᠦ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠮᠡᠳᠡᠯᠭᠡ᠎ᠶᠢᠨ ᠭᠠᠷ ᠠᠪᠤᠯᠭ᠎ᠠ ᠬᠦᠷᠭᠡᠬᠦ᠂ ᠠᠰᠠᠭᠤᠯᠲᠠ᠎ᠶᠢᠨ ᠬᠠᠭᠤᠳᠠᠰᠤ᠎ᠲᠠᠷᠬᠠᠭᠠᠵᠤ ᠪᠠᠢᠴᠠᠭᠠᠯᠲᠠ ᠬᠢᠬᠦ ᠵᠡᠷᠭᠡ ᠣᠯᠠᠨ ᠬᠡᠯᠪᠡᠷᠢ᠎ᠪᠡᠷ ᠤᠯᠤᠰ ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠬᠣᠯᠪᠣᠭᠳᠠᠯ ᠪᠦᠬᠦᠢ ᠲᠦᠷᠦ᠎ᠶᠢᠨ ᠪᠣᠳᠣᠯᠭ᠎ᠠ᠎ᠶᠢ ᠤᠬᠠᠭᠤᠯᠵᠤ᠂ ᠥᠪᠡᠷᠮᠢᠴᠡ ᠣᠨᠴᠠᠯᠢᠭ᠋ ᠪᠦᠬᠦᠢ ᠵᠢᠭᠠᠨ ᠰᠤᠷᠭᠠᠯᠲᠠ ᠵᠢᠴᠢ ᠨᠡᠢᠲᠡᠯᠢᠭ ᠬᠡᠯᠡ᠎ᠶᠢ ᠲᠦᠬᠡᠮᠡᠯᠵᠢᠬᠦᠯᠬᠦ ᠰᠢᠷᠢᠰ ᠠᠵᠢᠯᠯᠠᠭ᠎ᠠ᠎ᠶᠢ ᠥᠷᠨᠢᠭᠦᠯᠵᠦ᠂ ᠨᠡᠢᠲᠡᠯᠢᠭ ᠬᠡᠯᠡ᠎ᠪᠡᠷ ᠶᠠᠷᠢᠬᠤ᠂ ᠳᠦᠷᠢᠮᠵᠢᠭᠰᠡᠨ ᠦᠰᠦᠭ ᠪᠢᠴᠢᠬᠦ ᠰᠠᠢᠨ ᠰᠠᠢᠬᠠᠨ ᠨᠡᠢᠭᠡᠮ᠎ᠦᠨ ᠠᠭᠤᠷ ᠠᠮᠢᠰᠬᠤᠯ ᠎ᠢ ᠪᠤᠢ ᠪᠣᠯᠭᠠᠪᠠ᠃

ᠰᠤᠷᠪᠤᠯᠵᠢᠯᠠᠭ᠍ᠴᠢ᠎ᠶᠢᠨ ᠣᠢᠯᠠᠭᠠᠭᠰᠠᠨ᠎ᠢᠶᠠᠷ᠂ ᠲᠣᠰ ᠤᠳᠠᠭᠠᠨ᠎ᠤ ᠨᠡᠢᠳᠡᠯᠢᠭ ᠬᠡᠯᠡ ᠵᠢ ᠲᠦᠭᠡᠮᠡᠯᠵᠢᠭᠦᠯᠬᠦ ᠠᠵᠢᠯᠯᠠᠭ᠎ᠠ ᠨᠢ ᠦᠨᠳᠦᠰᠦᠨ ᠱᠠᠲᠤᠨ᠎ᠤ ᠣᠯᠠᠨ ᠲᠦᠮᠡᠨ᠎ᠦ ᠨᠡᠢᠲᠡᠯᠢᠭ ᠬᠡᠯᠡᠨ ᠎ᠦ ᠬᠢᠷᠢ ᠲᠦᠪᠰᠢᠨ ᠎ᠢ ᠳᠡᠬᠡᠭᠰᠢᠯᠡᠬᠦᠯᠵᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠ ᠭᠠᠵᠠᠷ ᠣᠷᠣᠨ᠎ᠤ ᠦᠭᠡ ᠬᠡᠯᠡ ᠰᠣᠶᠣᠯ᠎ᠤᠨ ᠪᠠᠢᠭᠤᠯᠤᠯᠲᠠ᠎ᠶᠢ ᠠᠬᠢᠭᠤᠯᠬᠤ᠎ᠳᠤ ᠬᠦᠴᠦᠲᠡᠢ ᠳᠡᠮᠵᠢᠯᠭᠡ ᠬᠠᠩᠭᠠᠬᠤ᠎ᠵᠢ ᠵᠤᠷᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号