ᠲᠦᠩᠯᠢᠶᠣᠣ ᠬᠤᠲᠠ᠄ ᠬᠡᠷ ᠪᠦᠯᠢ ᠮᠠᠯᠵᠢᠯ᠎ᠦᠨ ᠲᠠᠯᠠᠪᠠᠢ ᠵᠢ ᠲᠡᠮᠵᠢᠵᠦ ᠰᠦ᠎ᠶᠢᠨ ᠦᠢᠯᠡᠰ᠎ᠢ ᠬᠦᠭᠵᠢᠬᠦᠯᠦᠨ᠎ᠡ
2025-09-21 11:52:27
ᠵᠣᠬᠢᠶᠠᠭ᠍ᠴᠢ᠄
​ ᠪᠤᠤ ᠴᠢᠩ ᠱᠧᠩ ᠰᠢᠶᠤᠤ ᠹᠧᠢ
ᠣᠩᠱᠢᠭ᠍ᠰᠠᠨ ᠣᠳᠠᠭ᠎ᠠ᠄
★★★☆☆

9 ᠰᠠᠷ᠎ᠠ᠎ᠶᠢᠨ ᠬᠣᠷᠴᠢᠨ ᠨᠤᠲᠤᠭ᠎ᠲᠤ ᠲᠠᠩᠰᠥᠬ ᠨᠠᠮᠤᠷ ᠰᠠᠭᠠᠳᠠᠨ᠂ ᠮᠠᠯ ᠰᠥᠷᠥᠭ᠎ᠲᠦ ᠲᠤᠰᠤᠨ ᠳᠠᠷᠭᠤ ᠰᠠᠭᠤᠨ᠎ᠠ᠃ ᠥᠷᠯᠥᠭᠡ᠎ᠶᠢᠨ 4 ᠴᠠᠭ᠎ᠲᠤ᠂ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠠᠳᠤᠭᠤᠴᠢᠨ ᠰᠤᠮᠤ᠎ᠶᠢᠨ ᠮᠠᠯ᠎ᠤᠨ ᠬᠤᠳᠳᠥᠬ ᠭᠠᠴᠠᠭ᠎ᠠ᠎ᠶᠢᠨ ᠮᠥᠷᠡᠨ᠎ᠤ ᠭᠡᠷ ᠪᠦᠯᠢ᠎ᠶᠢᠨ ᠮᠠᠯᠵᠢᠯ᠎ᠤᠨ ᠲᠠᠯᠠᠪᠠᠢ᠎ᠳᠤ ᠡᠳᠥᠷ᠎ᠤᠨ ᠠᠵᠢᠯ ᠡᠬᠢᠯᠡᠨ᠂ ᠦᠬᠡᠷ᠎ᠦᠨ ᠬᠠᠰᠢᠶᠠᠨ᠎ᠳᠡᠬᠢ 14 ᠬᠠᠷ᠎ᠠ ᠠᠯᠠᠭ ᠰᠠᠭᠠᠯᠢ᠎ᠶᠢᠨ ᠦᠨᠢᠶ᠎ᠡ ᠨᠢ ᠤᠷᠤ ᠤᠷᠤᠨ ᠳ᠋ᠠᠭᠠᠨ ᠵᠡᠷᠭᠡᠴᠡᠨ ᠵᠤᠬᠰᠤᠬᠤ᠎ᠳᠦ᠂ ᠮᠥᠷᠡᠨ ᠭᠤᠸᠠᠢ  ᠵᠢᠪᠡᠷᠡᠬᠦ ᠦᠭᠡᠢ ᠪᠣᠯᠣᠳ ᠪᠥᠲᠥᠴᠡᠳᠥ ᠰᠥ ᠰᠠᠭᠠᠬᠤ ᠮᠠᠰᠢᠨ᠎ᠢᠶᠡᠨ ᠠᠪᠴᠢᠷᠠᠨ᠂ ᠨᠢᠭᠡᠳ ᠨᠢᠭᠡ᠎ᠪᠡᠷ ᠰᠠᠭᠠᠯᠢ᠎ᠶᠢᠨ ᠦᠨᠢᠶ᠎ᠡ᠎ᠶᠢᠨ ᠬᠥᠬᠥ ᠵᠢ ᠤᠬᠢᠶᠠᠵᠤ ᠠᠷᠢᠭᠤᠳᠬᠠᠭᠰᠠᠨ᠎ᠤ ᠳᠠᠷᠠᠭ᠎ᠠ ᠰᠠᠭᠠᠯᠢᠴᠢᠳ ᠲᠠᠢ ᠪᠠᠨ ᠬᠠᠮᠲᠤ ᠦᠨᠢᠶ᠎ᠡ ᠪᠠᠨ ᠰᠠᠭᠠᠵᠤ ᠡᠬᠢᠯᠡᠪᠡ᠃ ᠲᠣᠰ ᠮᠠᠯᠵᠢᠯ᠎ᠤᠨ ᠲᠠᠯᠠᠪᠠᠶ ᠪᠣᠯ ᠠᠳᠤᠭᠤᠴᠢᠨ ᠰᠤᠮᠤ᠎ᠶᠢᠨ 71 ᠭᠡᠷ ᠪᠦᠯᠢ᠎ᠶᠢᠨ ᠲᠠᠷᠢᠶᠠᠯᠠᠩ ᠮᠠᠯᠵᠢᠯ᠎ᠤᠨ ᠲᠠᠯᠠᠪᠠᠶ᠎ᠶᠢᠨ ᠨᠢᠭᠡ ᠪᠣᠯᠬᠤ ᠪᠥᠭᠡᠳ ᠪᠠᠰᠠ ᠴᠤ᠌ ᠬᠤᠷᠴᠢᠨ ᠵᠡᠭᠥᠨ ᠭᠠᠷᠤᠨ ᠬᠣᠢᠲᠤ ᠬᠣᠰᠢᠭᠤᠨ᠎ᠤ ᠰᠦ᠎ᠶᠢᠨ ᠦᠢᠯᠡᠰ᠎ᠦᠨ ᠬᠥᠭᠵᠢᠯᠲᠡ᠎ᠶᠢᠨ ᠠᠮᠢᠳᠤ ᠵᠢᠷᠤᠭᠯᠠᠯ ᠪᠣᠯᠬᠤ ᠶᠤᠮ᠃

《ᠨᠢᠭᠡ ᠰᠠᠭᠠᠯᠢ᠎ᠶᠢᠨ ᠦᠨᠢᠶᠡᠨ᠎ᠦ ᠡᠳᠦᠷ᠎ᠪᠦᠷᠢ ᠵᠢᠨ 〈ᠬᠣᠭᠣᠯᠠᠨ᠎ᠤ ᠵᠠᠷᠤᠳᠠᠯ〉 50 ᠲᠥᠭᠥᠷᠢᠭ᠎ᠲᠦ ᠬᠦᠷᠥᠨ᠎ᠡ ᠂ ᠪᠢᠳᠡ ᠡᠪᠡᠰᠥ ᠪᠤᠷᠳᠤᠭ᠎ᠠ ᠵᠢᠨ ᠰᠢᠮ᠎ᠡ ᠳᠡᠵᠢᠭᠡᠯ᠎ᠢ ᠤᠨᠴᠠ ᠠᠩᠬᠠᠷᠥᠨ᠂ ᠬᠥᠯᠥᠨ ᠪᠣᠶ᠋ᠢᠷ᠎ᠤᠨ ᠲᠠᠯ᠎ᠠ ᠨᠤᠲᠤᠭ᠎ᠤᠨ ᠬᠢᠶᠠᠬ ᠡᠪᠡᠰᠦ᠂ ᠴᠠᠷᠭᠠᠰᠤ ᠵᠢᠴᠢ ᠥᠪᠡᠷ᠎ᠦᠨ ᠬᠥᠬᠡ ᠳᠠᠷᠤᠰᠢ᠎ᠶᠢᠨ ᠡᠷᠳᠡᠨᠢ ᠰᠢᠰᠢ ᠵᠡᠷᠭᠡ ᠠᠷᠪᠠᠨ ᠬᠡᠳᠦᠨ ᠵᠦᠢᠯ᠎ᠦᠨ ᠲᠦᠭᠦᠬᠡᠢ ᠮᠠᠲᠧᠷᠢᠶᠠᠯ᠎ᠢ ᠨᠠᠷᠢᠨ ᠰᠣᠩᠭᠣᠵᠤ ᠰᠢᠨᠵᠢᠯᠡᠬᠦ ᠤᠬᠠᠭᠠᠨᠴᠢ᠎ᠪᠠᠷ ᠬᠤᠯᠢᠵᠤ ᠲᠣᠬᠢᠷᠠᠭᠤᠯᠤᠨ ᠳᠡᠵᠢᠭᠡᠳᠡᠭ᠂ ᠡᠢᠨ᠎ᠬᠦ ᠨᠠᠷᠢᠯᠢᠭ᠋ ᠲᠡᠵᠢᠭᠡᠨ ᠦᠷᠡᠵᠢᠭᠦᠯᠵᠤ ᠪᠠᠢᠭ᠎ᠠ ᠪᠤᠯᠬᠤᠷ ᠦᠨᠢᠶᠡᠨ ᠰᠦ᠎ᠶᠢᠨ ᠶᠠᠰᠤ ᠴᠢᠨᠠᠷ᠎ᠴᠦ ᠠᠶᠠᠨᠳᠠᠭᠠᠨ ᠨᠠᠩ ᠰᠠᠢᠨ ᠪᠣᠯᠴᠢᠬᠠᠨ᠎ᠠ》 ᠭᠡᠵᠤ ᠮᠥᠷᠡᠨ ᠲᠠᠨᠢᠯᠴᠠᠭᠤᠯᠵᠤ ᠪᠠᠢᠯ᠎ᠠ᠃

ᠲᠦᠩᠯᠢᠶᠣᠣ ᠬᠣᠲᠠ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠲᠣᠪᠴᠢᠶ᠎ᠠ᠎ᠶᠢᠨ ᠲᠣᠭ᠎ᠠ ᠪᠠᠷᠢᠮᠲᠠ᠎ᠶᠢ ᠦᠨᠳᠦᠰᠦᠯᠡᠪᠡᠯ᠂ ᠪᠥᠬᠥ ᠬᠣᠲᠠ ᠵᠢᠨ ᠰᠢᠯᠭᠠᠨ ᠳᠤᠬᠳᠠᠭᠠᠬᠰᠠᠨ ᠭᠡᠷ ᠪᠦᠯᠢ᠎ᠶᠢᠨ ᠲᠠᠷᠢᠶᠠᠯᠠᠩ ᠮᠠᠯᠵᠢᠯ᠎ᠤᠨ ᠲᠠᠯᠠᠪᠠᠶ ᠨᠢᠭᠡᠨᠲᠡ 6157 ᠳ᠋ᠤ ᠬᠥᠷᠴᠥ᠂ ᠡᠲᠡᠭᠡᠷ ᠲᠠᠷᠢᠶᠠᠯᠠᠩ ᠮᠠᠯᠵᠢᠯ᠎ᠤᠨ ᠲᠠᠯᠠᠪᠠᠶ ᠨᠢ ᠲᠠᠷᠢᠶᠠᠯᠠᠩ ᠮᠠᠯ ᠠᠵᠤ ᠠᠬᠤᠢ᠎ᠶᠢᠨ ᠬᠥᠭᠵᠢᠯᠲᠡ᠎ᠶᠢ ᠲᠦᠯᠬᠢᠨ ᠠᠬᠢᠭᠤᠯᠬᠤ ᠴᠢᠬᠤᠯᠠ ᠬᠦᠴᠦᠨ ᠪᠣᠯᠵᠤ ᠪᠤᠢ᠃

ᠮᠥᠷᠡᠨ᠎ᠤ ᠮᠠᠯᠵᠢᠯ᠎ᠤᠨ ᠲᠠᠯᠠᠪᠠᠶ᠎ᠠᠴᠠ 10 ᠺᠢᠯᠣᠮᠧᠲᠷ ᠵᠠᠢᠲᠠᠢ ᠪᠠᠢᠭ᠎ᠠ ᠠᠳᠤᠭᠤᠴᠢᠨ ᠰᠤᠮᠤ᠎ᠶᠢᠨ ᠠᠳᠤᠭᠤᠴᠢᠨ ᠭᠠᠴᠠᠭ᠎ᠠ᠎ᠳᠤ᠂ ᠪᠠᠶᠠᠵᠢᠬᠤ ᠴᠠᠭᠠᠨ ᠢᠳᠡᠭᠡᠨ᠎ᠦ ᠳᠡᠯᠭᠡᠭᠦᠷ᠎ᠲᠦ ᠰᠦ᠎ᠶᠢᠨ ᠦᠨᠦᠷ ᠬᠠᠩᠬᠤᠯᠵᠤ ᠪᠠᠢᠯ᠎ᠠ᠃ 2024 ᠣᠨ᠎ᠳᠤ ᠨᠤᠲᠤᠭ᠎ᠲᠠᠭᠠᠨ ᠪᠤᠴᠠᠵᠤ ᠦᠢᠯᠡᠰ ᠪᠣᠰᠬᠠᠭᠰᠠᠨ ᠸᠸᠨ ᠴᠢᠦᠧᠠᠨ ᠭᠤᠸᠠᠢ ᠠᠪᠤ᠎ᠶᠢᠨ᠎ᠢᠶᠠᠨ ᠬᠦᠷᠭᠡᠵᠦ ᠢᠷᠡᠭᠰᠡᠨ ᠰᠦ᠎ᠶᠢ ᠫᠠᠰᠲ᠋ᠥᠯ᠎ᠤᠨ ᠪᠠᠺᠲᠧᠷᠢ ᠠᠯᠠᠬᠤ ᠮᠠᠰᠢᠨ᠎ᠳ᠋ᠤ᠌ ᠬᠢᠵᠦ᠂ ᠨᠢᠭᠡ ᠡᠳᠦᠷ᠎ᠦᠨ ᠦᠢᠯᠡᠳᠪᠦᠷᠢᠯᠡᠯ᠎ᠢᠶᠡᠨ ᠡᠬᠢᠯᠡᠭᠦᠯᠵᠡᠢ᠃ ᠬᠠᠭᠠᠰ ᠵᠢᠯ᠎ᠦᠨ ᠡᠵᠡᠩᠨᠡᠯᠲᠡ᠎ᠪᠡᠷ ᠲᠠᠮᠵᠢᠨ᠂ ᠲᠡᠳᠡᠨ᠎ᠦ ᠬᠢᠨ ᠲᠥᠷᠢᠶᠠᠰᠥᠯᠡᠵᠤ ᠪᠠᠢᠬᠰᠠᠨ ᠳᠡᠯᠭᠡᠭᠦᠷ᠎ᠢᠶᠡᠨ ᠬᠤᠳᠠᠯᠳᠤᠨ ᠠᠪᠤᠬᠰᠠᠨ ᠵᠢᠨᠷ ᠪᠠᠷᠠᠬᠤ ᠥᠭᠡᠢ᠂ ᠪᠠᠷᠢᠮᠵᠢᠶᠠᠵᠢᠭ᠍ᠰᠠᠨ ᠦᠢᠯᠡᠳᠪᠦᠷᠢ᠎ᠶᠢᠨ ᠲᠠᠰᠤᠭ ᠎ᠢ᠎ᠴᠦ ᠪᠥᠷᠢᠨᠰᠢᠭᠥᠯᠥᠨ ᠲᠡᠰ ᠳᠡᠪᠰᠢᠭᠦᠯᠪᠡ᠃

ᠥᠢᠯᠡᠳᠪᠥᠷᠢ ᠵᠢᠨ ᠳᠠᠰᠤᠬ᠎ᠲᠦ᠂ ᠸᠸᠨ ᠴᠢᠦᠧᠠᠨ ᠪᠣᠯᠣᠨ ᠲᠡᠭᠦᠨ᠎ᠦ ᠡᠬᠡᠨᠡᠷ ᠰᠤᠷᠭᠤᠬ ᠠᠵᠢᠯ ᠵᠢᠨᠨ ᠲᠣᠳᠣᠷᠬᠠᠢ ᠬᠤᠪᠢᠶᠠᠨ᠂ ᠨᠢᠭᠡ ᠨᠢ ᠡᠭᠡᠳᠡᠭᠰᠡᠨ ᠰᠦ ᠵᠢ ᠪᠤᠴᠠᠯᠭᠠᠨ ᠰᠢᠷᠠᠰᠥ ᠵᠢ ᠰᠢᠬᠠᠵᠤ᠂ ᠨᠥᠭᠥᠭᠡ ᠨᠢ ᠳᠤᠭᠤᠭᠠᠨ ᠳ᠋ᠡᠬᠢ ᠡᠭᠡᠳᠡᠭ᠎ᠢᠶᠡᠷ᠎ᠢᠶᠡᠨ ᠬᠤᠷᠤᠳ  ᠬᠢᠵᠦ  ᠪᠠᠢᠯ᠎ᠠ᠃ 《ᠠᠪᠤ᠎ᠶᠢᠨ ᠲᠡᠵᠢᠭᠡᠭᠰᠡᠨ ᠦᠬᠡᠷ᠂ ᠡᠵᠢ᠎ᠶᠢᠨ ᠤᠯᠠᠮᠵᠢᠯᠠᠬᠰᠠᠨ ᠵᠣᠷ᠂ ᠡᠢᠨ᠎ᠬᠦ ᠪᠢᠳᠡ ᠤᠯᠠᠮᠵᠢᠯᠠᠯᠲᠤ ᠭᠠᠷ ᠥᠢᠯᠡᠳᠭᠡᠯ ᠵᠢᠨᠷ ᠴᠠᠭᠠᠨ ᠢᠳᠡᠭᠡᠨ ᠵᠢᠨᠨ ᠥᠷᠬᠥᠯᠵᠢᠯᠠᠨ ᠡᠳ᠋ᠰᠢᠭᠥᠯᠵᠤ ᠪᠤᠢ》 ᠭᠡᠵᠤ ᠸᠧᠨ ᠴᠢᠦᠸᠠᠨ ᠬᠡᠯᠡᠨ᠎ᠡ᠃ ᠳᠡᠳᠡᠨ᠎ᠦ ᠬᠢᠨ᠎ᠤ ᠡᠳᠦᠷ ᠪᠦᠷᠢ 580 ᠵᠢᠩ ᠰᠦ ᠪᠡᠷ ᠬᠤᠷᠤᠳ᠂ ᠬᠠᠳᠠᠭᠠᠬᠰᠠᠨ ᠥᠷᠥᠮ᠎ᠡ ᠵᠡᠷᠭᠡ ᠠᠷᠪᠠᠨ ᠬᠡᠳᠦᠨ ᠵᠦᠢᠯ᠎ᠦᠨ ᠴᠠᠭᠠᠨ ᠢᠳᠡᠭᠡᠨ ᠪᠤᠯᠪᠠᠰᠤᠷᠠᠭᠤᠯᠵᠦ᠂ ᠲᠤᠬᠠᠢ᠎ᠶᠢᠨ ᠭᠠᠵᠠᠷ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠳᠤ ᠪᠣᠷᠣᠯᠠᠭᠤᠯᠤᠨ᠂ ᠡᠢᠨ᠎ᠬᠦ ᠲᠡᠵᠢᠭᠡᠨ ᠦᠷᠡᠵᠢᠭᠦᠯᠬᠦ ᠪᠠ ᠡᠳ᠋ᠰᠢᠭᠦᠯᠦᠨ ᠪᠣᠯᠪᠠᠰᠤᠷᠠᠭᠤᠯᠬᠤ ᠬᠡᠯᠬᠢᠶᠡᠳᠥ ᠵᠠᠬᠪᠤᠷ ᠨᠢ ᠮᠠᠯᠵᠢᠯ᠎ᠤᠨ ᠲᠠᠯᠠᠪᠠᠶ᠎ᠶᠢᠨ ᠦᠷ᠎ᠡ ᠠᠰᠢᠭ᠋ ᠎ᠢ ᠶᠡᠬᠡ ᠪᠡᠷ ᠳᠡᠭᠡᠭᠰᠢᠯᠡᠭᠦᠯᠪᠡ᠃ 《ᠡᠨᠡ ᠵᠢᠯ ᠳᠠᠬᠢᠭᠠᠳ 10 ᠭᠠᠷᠤᠢ ᠰᠠᠭᠠᠯᠢ ᠎ᠶᠢᠨ ᠦᠨᠢᠶ᠎ᠡ ᠬᠤᠳᠠᠯᠳᠤᠨ ᠠᠪᠴᠤ᠂ 3 ᠵᠢᠯ᠎ᠦᠨ ᠳᠣᠲᠣᠷ᠎ᠠ 50 ᠰᠠᠭᠠᠯᠢ᠎ᠶᠢᠨ ᠦᠨᠢᠶ᠎ᠡ᠎ᠲᠠᠢ ᠪᠤᠯᠬᠤ᠎ᠪᠡᠷ ᠲᠥᠯᠥᠪᠯᠡᠵᠦ ᠪᠠᠢᠨ᠎ᠠ》 ᠭᠡᠵᠥ ᠮᠥᠷᠡᠨ ᠢᠲᠡᠭᠡᠯ ᠲᠡᠭᠦᠯᠳᠡᠷ ᠶᠠᠷᠢᠵᠤ ᠪᠠᠢᠯ᠎ᠠ᠃

ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠲᠠᠷᠢᠶᠠᠯᠠᠩ ᠮᠠᠯ ᠠᠵᠤ ᠠᠬᠤᠢ᠎ᠶᠢᠨ ᠲᠣᠪᠴᠢᠶ᠎ᠠ᠎ᠶᠢᠨ ᠳᠡᠳ᠋ ᠳᠠᠷᠤᠭ᠎ᠠ ᠪᠠᠢ ᠸᠧᠢ ᠯᠢᠨ᠎ᠤ ᠲᠠᠨᠢᠯᠴᠠᠭᠤᠯᠬᠤ ᠪᠡᠷ᠂ ᠲᠤᠬᠠᠢ᠎ᠶᠢᠨ ᠭᠠᠵᠠᠷ᠎ᠤᠨ ᠬᠢᠨ ᠰᠦ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ ᠲᠥᠷᠥ᠎ᠶᠢᠨ ᠪᠣᠳᠣᠯᠭ᠎ᠠ᠎ᠶᠢᠨ ᠠᠵᠠ ᠲᠣᠬᠢᠶᠠᠯ᠎ᠢ ᠠᠳᠬᠤᠨ᠂ ᠦᠬᠡᠷ᠎ᠦᠨ ᠠᠵᠤ ᠦᠢᠯᠡᠰ᠎ᠦᠨ ᠰᠠᠭᠤᠷᠢ ᠳᠠᠪᠠᠭᠤᠯᠢᠭ᠋᠎ᠲᠠᠭᠠᠨ ᠲᠦᠰᠢᠭᠯᠡᠵᠤ᠂ 2025 ᠣᠨ᠎ᠤ ᠰᠦ᠎ᠶᠢᠨ ᠦᠢᠯᠡᠰ᠎ᠦᠨ ᠦᠢᠯᠡᠳᠪᠦᠷᠢᠯᠡᠯ᠎ᠦᠨ ᠴᠢᠳᠠᠪᠤᠷᠢ᠎ᠶᠢ ᠳᠡᠭᠡᠭᠰᠢᠯᠡᠭᠦᠯᠬᠥ ᠪᠥᠬᠥ ᠰᠢᠶᠠᠨ᠎ᠢᠶᠠᠷ ᠠᠬᠢᠭᠤᠯᠬᠤ ᠲᠥᠷᠥᠯ ᠵᠦᠢᠯ᠎ᠢ ᠬᠡᠷᠡᠭᠵᠢᠭᠥᠯᠥᠨ᠂ ᠣᠶᠤᠨᠲᠤ ᠮᠠᠯᠵᠢᠯ᠎ᠤᠨ ᠲᠠᠯᠠᠪᠠᠶ᠎ᠶᠢᠨ ᠪᠦᠲᠦᠭᠡᠨ ᠪᠠᠢᠭᠤᠯᠤᠯᠲᠠ᠂ ᠡᠪᠡᠰᠥ ᠮᠠᠯ᠎ᠢ ᠲᠥᠬᠥᠷᠵᠢᠭᠥᠯᠬᠥ ᠪᠦᠲᠦᠭᠡᠨ ᠪᠠᠢᠭᠤᠯᠤᠯᠲᠠ᠂ ᠡᠪᠡᠰᠦ ᠪᠣᠷᠳᠣᠭ᠎ᠠ ᠳᠠᠷᠢᠬᠤ ᠵᠡᠷᠭᠡ᠎ᠳᠦ ᠨᠥᠬᠥᠪᠦᠷᠢ ᠤᠯᠭᠤᠵᠤ᠂ 《ᠲᠡᠵᠢᠭᠡᠬᠦ ᠪᠠ ᠡᠳ᠋ᠰᠢᠭᠦᠯᠬᠦ ᠎ᠶᠢ ᠨᠢᠭᠡ ᠴᠣᠭᠴᠠᠵᠢᠭᠤᠯᠬᠤ》 ᠬᠥᠭᠵᠢᠯᠲᠡ᠎ᠶᠢ ᠳᠡᠮᠵᠢᠵᠦ ᠢᠷᠡᠪᠡ᠃ ᠡᠭᠦᠨ᠎ᠳᠦ ᠰᠠᠭᠠᠯᠢ ᠰᠦ ᠬᠢᠬᠦ᠎ᠳᠦ ᠮᠠᠯᠴᠢᠨ ᠲᠠᠷᠢᠶᠠᠴᠢᠳ᠎ᠤᠨ ᠲᠡᠵᠢᠭᠡᠬᠦ ᠡᠳ᠋ᠰᠢᠭᠦᠯᠬᠦ᠎ᠶᠢ ᠨᠢᠭᠡ ᠴᠣᠭᠴᠠᠵᠢᠭᠤᠯᠬᠤ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ ᠰᠢᠶᠠᠨ ᠨᠢᠭᠡᠪᠦᠷᠢ᠎ᠶᠢᠨ ᠲᠤᠷᠰᠢᠯᠲᠠ᠎ᠶᠢᠨ ᠴᠡᠭ᠎ᠤᠨ ᠲᠣᠭ᠎ᠠ ᠬᠡᠮᠵᠢᠶ᠎ᠡ ᠎ᠶᠢ 1 ᠶ᠋ᠢ ᠳᠠᠪᠠᠭᠤᠯᠬᠤ ᠦᠭᠡᠢ᠂ ᠭᠣᠣᠯ ᠴᠣᠭᠴᠠ᠎ᠶᠢᠨ ᠨᠥᠬᠥᠪᠦᠷᠢ᠎ᠶᠢᠨ ᠬᠡᠪᠴᠢᠶ᠎ᠡ᠎ᠶᠢ 400 ᠲᠦᠮᠡᠨ ᠲᠥᠭᠥᠷᠢᠭ᠎ᠡᠴᠡ ᠳᠠᠪᠠᠭᠤᠯᠬᠤ  ᠦᠭᠡᠢ  ᠪᠠᠢᠬᠤ ᠵᠢ  ᠱᠠᠭᠠᠷᠳᠠᠬᠰᠠᠨ ᠪᠠᠢᠨ᠎ᠠ᠃

2025 ᠣᠨ᠎ᠤ 7 ᠰᠠᠷ᠎ᠠ᠎ᠶᠢᠨ ᠰᠡᠭᠦᠯᠴᠢ ᠪᠣᠯᠲᠠᠯ᠎ᠠ ᠂ ᠬᠣᠷᠴᠢᠨ ᠵᠡᠭᠦᠨ ᠭᠠᠷᠤᠨ ᠬᠣᠢᠲᠤ ᠬᠣᠰᠢᠭᠤᠨ᠎ᠤ ᠬᠠᠷ᠎ᠠ ᠠᠯᠠᠭ ᠰᠠᠭᠠᠯᠢ᠎ᠶᠢᠨ ᠦᠨᠢᠶ᠎ᠡ᠎ᠶᠢᠨ ᠲᠣᠭ᠎ᠠ 6500 ᠳ᠋ᠤ ᠬᠦᠷᠴᠦ᠂ ᠮᠢᠬ᠎ᠠ ᠰᠦ ᠵᠢ ᠤᠶᠠᠯᠳᠤᠭᠤᠯᠤᠬᠰᠠᠨ 58.69 ᠲᠦᠮᠡᠨ ᠰᠢᠮᠧᠨ᠋ᠳᠡᠷ ᠦᠨᠢᠶ᠎ᠡ᠎ᠶᠢ ᠦᠷᠡᠵᠢᠭᠦᠯᠦᠨ ᠪᠣᠢᠵᠢᠭᠤᠯᠵᠤ᠂ ᠲᠡᠭᠦᠨ᠎ᠦ ᠰᠢᠯᠢᠳᠡᠭ ᠰᠠᠢᠨ ᠮᠢᠬᠠᠨ᠎ᠤ ᠭᠠᠷᠤᠯᠳᠠ ᠪᠠ ᠳᠠᠯᠳᠠ ᠰᠠᠭᠠᠯᠢ᠎ᠶᠢᠨ ᠴᠢᠳᠠᠮᠵᠢ ᠨᠢ ᠲᠤᠬᠠᠢ᠎ᠶᠢᠨ ᠭᠠᠵᠠᠷ᠎ᠤᠨ ᠮᠠᠯ ᠠᠵᠤ ᠠᠬᠤᠢ᠎ᠶᠢᠨ ᠣᠯᠠᠨ ᠡᠰᠢᠵᠢᠨ ᠬᠥᠭᠵᠢᠬᠦ᠎ᠳᠦ ᠵᠣᠬᠢᠬᠤ ᠰᠠᠭᠤᠷᠢ ᠬᠠᠩᠭᠠᠨ᠂ ᠵᠢᠯ᠎ᠦᠨ ᠰᠦ ᠵᠢᠨ ᠥᠢᠯᠡᠳᠪᠥᠷᠢᠯᠡᠯ ᠲᠥᠰᠥᠪᠯᠡᠯᠲᠠ ᠪᠡᠷ 12 ᠲᠦᠮᠡᠨ ᠲᠣᠨ᠎ᠢ ᠳᠠᠪᠠᠬᠤ ᠪᠤᠯᠤᠨ᠎ᠠ᠃ ᠲᠤᠬᠠᠢ᠎ᠶᠢᠨ ᠭᠠᠵᠠᠷ᠎ᠤᠨ ᠬᠢᠨ ᠤᠯᠠᠮᠵᠢᠯᠠᠯᠲᠤ ᠴᠠᠭᠠᠨ ᠢᠳᠡᠭᠡᠨ᠎ᠦ ᠠᠵᠤ ᠦᠢᠯᠡᠰ᠎ᠢ ᠪᠣᠢᠵᠢᠭᠤᠯᠬᠤ᠎ᠶᠢᠨ ᠵᠡᠷᠭᠡ ᠪᠡᠷ ᠤᠯᠠᠮᠵᠢᠯᠠᠯᠲᠤ ᠠᠵᠤ ᠦᠢᠯᠡᠰ᠎ᠦᠨ ᠲᠠᠰ ᠳᠡᠪᠰᠢᠭᠦᠯᠵᠦ ᠬᠡᠯᠪᠡᠷᠢ᠎ᠪᠡᠨ ᠬᠤᠪᠢᠷᠠᠭᠤᠯᠤᠨ ᠬᠥᠭᠵᠢᠬᠦ᠎ᠶᠢ ᠲᠦᠷᠭᠡᠳᠬᠡᠵᠡᠢ᠃ ᠣᠳᠣᠬᠠᠨ᠎ᠳᠤ᠂ ᠲᠤᠰ ᠬᠤᠰᠢᠭᠤᠨ ᠳ᠋ᠤ ᠴᠠᠭᠠᠨ ᠢᠳᠡᠭᠡᠨ᠎ᠦ ᠵᠢᠵᠢᠭ ᠦᠢᠯᠡᠳᠬᠡᠯ᠎ᠦᠨ ᠭᠠᠵᠠᠷ 40 ᠪᠠᠢᠵᠤ᠂ 2024 ᠣᠨ᠎ᠳᠤ ᠢᠳᠡᠭᠡᠨ᠎ᠦ  ᠵᠦᠢᠯ᠎ᠦᠨ ᠦᠢᠯᠡᠳᠪᠦᠷᠢᠯᠡᠯ ᠎ᠦᠨ SC ᠭᠡᠷᠡᠴᠢᠯᠡᠯ᠎ᠦᠨ ᠠᠵᠤ ᠠᠬᠤᠢᠯᠠᠯ᠎ᠢ ᠰᠢᠨ᠎ᠡ᠎ᠪᠡᠷ 3 ᠨᠡᠮᠡᠭᠳᠡᠭᠦᠯᠥᠨ᠂ ᠥᠪᠡᠷᠮᠢᠴᠡ ᠣᠨᠴᠠᠯᠢᠭ᠋᠎ᠲᠠᠢ ᠴᠠᠭᠠᠨ ᠢᠳᠡᠭᠡᠨ᠎ᠦ ᠵᠦᠢᠯ᠎ᠦᠨ ᠪᠠᠷᠢᠮᠵᠢᠶᠠᠵᠢᠭᠤᠯᠤᠯᠲᠠ᠎ᠶᠢᠨ ᠲᠤᠷᠰᠢᠯᠲᠠ᠎ᠶᠢᠨ ᠴᠡᠭ᠎ᠢ 5 ᠪᠠᠢᠭᠤᠯᠵᠤ᠂ ᠵᠢᠯ᠎ᠳᠦ 15000 ᠭᠠᠷᠤᠢ ᠲᠣᠨ ᠰᠦ ᠡᠳ᠋ᠰᠢᠭᠥᠯᠥᠨ᠂ ᠪᠥᠬᠥ ᠬᠣᠰᠢᠭᠤᠨ᠎ᠤ 200 ᠭᠠᠷᠤᠢ ᠡᠷᠦᠬᠡ ᠰᠢᠭᠤᠳ ᠪᠤᠶᠤ ᠳᠠᠮ᠎ᠢᠶᠠᠷ ᠰᠠᠭᠠᠯᠢ᠎ᠶᠢᠨ ᠦᠨᠢᠶ᠎ᠡ᠎ᠶᠢᠨ ᠠᠵᠤ ᠦᠢᠯᠡᠰ᠎ᠦᠨ ᠬᠡᠯᠬᠢᠶ᠎ᠡ ᠎ᠪᠡᠷ ᠣᠷᠣᠯᠭ᠎ᠠ᠎ᠪᠠᠨ ᠨᠡᠮᠡᠭᠳᠡᠭᠦᠯᠦᠨ ᠪᠠᠶᠠᠵᠢᠵᠤ ᠪᠠᠢᠨ᠎ᠠ᠃

ᠳᠡᠭᠡᠷ᠎ᠡ ᠬᠠᠭᠠᠰ ᠵᠢᠯ᠎ᠳᠦ᠂ ᠲᠦᠩᠯᠢᠶᠣᠣ ᠬᠣᠲᠠ᠎ᠶᠢᠨ ᠬᠢᠨ ᠰᠦ᠎ᠶᠢᠨ ᠦᠢᠯᠡᠰ ᠎ᠢ ᠬᠥᠭᠵᠢᠭᠦᠯᠬᠦ ᠨᠥᠬᠥᠪᠦᠷᠢ᠎ᠶᠢᠨ ᠪᠡᠯᠡ ᠮᠥᠩᠭᠥ᠎ᠶᠢ 3299 ᠲᠦᠮᠡᠨ ᠲᠥᠭᠥᠷᠢᠭ ᠲᠠᠷᠬᠠᠭᠠᠵᠤ᠂ ᠰᠢᠨ᠎ᠡ᠎ᠪᠡᠷ ᠪᠠᠢᠭᠤᠯᠤᠭᠰᠠᠨ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ᠎ᠶᠢᠨ ᠣᠶᠤᠨᠴᠢᠯᠠᠭᠰᠠᠨ ᠥᠭᠡᠷᠡᠴᠢᠯᠡᠯᠲᠡ᠂ ᠴᠢᠨᠠᠷ ᠰᠠᠢᠲᠠᠢ ᠡᠪᠡᠰᠦ ᠪᠣᠷᠳᠣᠭ᠎ᠠ ᠳᠠᠷᠢᠬᠤ ᠵᠢᠴᠢ ᠴᠢᠨᠠᠷ ᠰᠠᠢᠲᠠᠢ ᠰᠠᠭᠠᠯᠢ᠎ᠶᠢᠨ ᠦᠨᠢᠶ᠎ᠡ᠎ᠶᠢᠨ ᠡᠭᠦᠯᠳᠡᠷ ᠪᠣᠢᠵᠢᠭᠤᠯᠬᠤ ᠲᠦᠪᠰᠢᠨ᠎ᠢ ᠳᠡᠭᠡᠭᠰᠢᠯᠡᠭᠦᠯᠬᠦ ᠵᠡᠷᠭᠡ ᠵᠠᠩᠭᠢᠯᠠᠭ᠎ᠠ᠎ᠶᠢᠨ ᠬᠦᠷᠢᠶ᠎ᠡ ᠴᠠᠷᠠᠭᠠᠨ᠎ᠳᠦ ᠨᠠᠷᠢᠯᠢᠭ᠋ ᠣᠨᠣᠴᠠᠲᠠᠢ᠎ᠪᠠᠷ ᠤᠷᠤᠭᠤᠯᠤᠨ᠂ ᠰᠦ᠎ᠶᠢᠨ ᠦᠢᠯᠡᠰ᠎ᠦᠨ ᠠᠵᠤ ᠦᠢᠯᠡᠰ᠎ᠦᠨ ᠬᠡᠯᠬᠢᠶ᠎ᠡ ᠎ᠶᠢᠨ 《ᠰᠢᠷᠪᠦᠰᠦ᠎ᠶᠢ ᠴᠢᠩᠭᠠᠷᠠᠭᠤᠯᠤᠨ ᠶᠠᠰᠤ᠎ᠶᠢ ᠪᠡᠬᠢᠵᠢᠭᠥᠯᠬᠥ》 ᠳ᠋ᠤ᠌ ᠬᠦᠴᠦᠲᠡᠢ ᠪᠠᠲᠤᠯᠠᠭ᠎ᠠ ᠬᠠᠩᠭᠠᠭᠰᠠᠨ ᠪᠠᠢᠨ᠎ᠠ᠃

2024 ᠣᠨ᠎ᠳᠤ᠂ ᠲᠦᠩᠯᠢᠶᠣᠣ ᠬᠤᠳᠠ᠎ᠶᠢᠨ ᠦᠬᠡᠷ᠎ᠦᠨ ᠲᠣᠭ᠎ᠠ 384 ᠲᠦᠮᠡ᠎ᠳᠦ ᠬᠦᠷᠴᠦ᠂ ᠡᠭᠦᠨ ᠳ᠋ᠤ ᠾᠧᠰᠲ᠋ᠠᠨ ᠰᠠᠭᠠᠯᠢ᠎ᠶᠢᠨ ᠦᠨᠢᠶ᠎ᠡ 8.3 ᠲᠦᠮᠡ᠂ ᠰᠥ ᠰᠠᠢᠳᠠᠢ ᠰᠠᠭᠠᠯᠢ᠎ᠶᠢᠨ ᠦᠨᠢᠶ᠎ᠡ 5.3 ᠲᠦᠮᠡ᠎ᠳᠦ ᠬᠦᠷᠴᠦ᠂ ᠪᠥᠬᠥ ᠰᠠᠭᠠᠯᠢ᠎ᠶᠢᠨ ᠦᠨᠢᠶ᠎ᠡ᠎ᠶᠢᠨ ᠲᠣᠭ᠎ᠠ ᠵᠢᠨ 64% ᠵᠢ ᠡᠵᠡᠯᠡᠨ᠂ ᠦᠨᠢᠶᠡᠨ ᠰᠦ᠎ᠶᠢᠨ ᠵᠢᠯ᠎ᠦᠨ ᠭᠠᠷᠤᠯᠲᠠ 67.6 ᠲᠦᠮᠡᠨ ᠲᠣᠨ᠎ᠢ ᠳᠠᠪᠠᠵᠠᠢ᠃ ᠤᠳᠤᠬᠠᠨ ᠳ᠋ᠤ᠂ ᠥᠪᠡᠷᠲᠡᠭᠡᠨ ᠵᠠᠰᠠᠬᠤ ᠣᠷᠣᠨ᠎ᠤ ᠰᠢᠨ᠎ᠡ 《ᠰᠦ᠎ᠶᠢᠨ ᠥᠢᠯᠡᠰ᠎ᠢ ᠬᠥᠭᠵᠢᠭᠥᠯᠥᠨ ᠮᠠᠨᠳᠤᠭᠤᠯᠬᠤ ᠶᠢᠰᠦᠨ ᠵᠤᠷᠪᠤᠰ》 ᠲᠥᠷᠥ᠎ᠶᠢᠨ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠬᠥ ᠵᠢ ᠳᠠᠭᠠᠯᠳᠤᠨ᠂ ᠪᠥᠬᠥ ᠬᠣᠲᠠ᠎ᠶᠢᠨ ᠰᠦ᠎ᠶᠢᠨ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠭᠣᠣᠯᠳᠠᠯᠭ᠎ᠠ᠎ᠲᠠᠢ ᠲᠥᠷᠥᠯ ᠵᠦᠢᠯ᠎ᠢ ᠦᠷᠭᠦᠯᠵᠢᠯᠡᠨ ᠠᠬᠢᠭᠤᠯᠵᠤ᠂ ᠲᠦᠩᠯᠢᠶᠣᠣ ᠬᠤᠲᠠ᠎ᠶᠢᠨ ᠰᠦ᠎ᠶᠢᠨ ᠦᠢᠯᠡᠰ᠎ᠢ ᠬᠥᠭᠵᠢᠭᠦᠯᠦᠨ ᠮᠠᠨᠳᠤᠭᠤᠯᠬᠤ ᠥᠯᠢᠭᠡᠷ᠎ᠢ ᠡᠨᠳᠡ ᠦᠷᠭᠦᠯᠵᠢᠯᠡᠨ ᠪᠢᠴᠢᠭᠯᠡᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号