ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠨᠤᠯ ᠰᠤᠷᠤᠯᠴᠠᠬᠤ ᠭᠣᠣᠯ ᠳᠤᠭᠤᠢᠯᠠᠩ 2025 ᠣᠨ᠎ᠤ ᠠᠷᠪᠠᠨ ᠨᠢᠭᠡᠳᠦᠭᠡᠷ ᠤᠳᠠᠭ᠎ᠠ ᠵᠢᠨ ᠬᠠᠮᠲᠤ᠎ᠶ᠋ᠢᠨ ᠰᠤᠷᠤᠯᠴᠠᠯᠭ᠎ᠠ ᠬᠢᠪᠡ
2025-09-21 10:58:41
ᠵᠣᠬᠢᠶᠠᠭ᠍ᠴᠢ᠄
​ᠯᠢ ᠬᠠᠨ
ᠣᠩᠱᠢᠭ᠍ᠰᠠᠨ ᠣᠳᠠᠭ᠎ᠠ᠄
★★★☆☆

ᠰᠦᠨ ᠱᠤᠤ ᠴᠧᠩ ᠬᠤᠷᠠᠯ ᠎ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ


9 ᠰᠠᠷ᠎ᠠ᠎ᠶ᠋ᠢᠨ 20 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠨᠤᠯ ᠰᠤᠷᠤᠯᠴᠠᠬᠤ ᠭᠣᠣᠯ ᠳᠤᠭᠤᠢᠯᠠᠩ ᠬᠠᠮᠲᠤ᠎ᠶ᠋ᠢᠨ ᠰᠤᠷᠤᠯᠴᠠᠯᠭ᠎ᠠ ᠬᠢᠵᠦ᠍᠂ 《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠶ᠋ᠢᠨ ᠲᠣᠭᠣᠷᠢᠨ᠎ᠳᠤ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ ᠎ᠢ ᠡᠷᠬᠢᠯᠡᠭ᠌ᠰᠡᠨ ᠪᠥᠭᠡᠳ ᠶᠠᠷᠢᠶ᠎ᠠ ᠲᠠᠯᠪᠢᠵᠠᠢ᠃

ᠬᠤᠷᠠᠯ ᠳᠡᠭᠡᠷ᠎ᠡ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠪᠦᠷᠢᠯᠳᠦᠬᠦᠨ ᠨᠠᠷ ᠦᠵᠡᠯ ᠰᠠᠨᠠᠭ᠎ᠠ ᠪᠣᠯᠤᠨ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠦᠭᠡ ᠬᠡᠯᠡᠵᠡᠢ᠃

ᠰᠦᠨ ᠱᠤᠤ ᠴᠧᠩ᠂ 《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠳᠤ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠎ᠢ ᠪᠦᠯᠬᠦᠮᠳᠡᠭᠦᠯᠦᠨ ᠳᠠᠭᠠᠭᠤᠯᠵᠤ ᠡᠷᠡᠮᠡᠬᠡᠢᠯᠡᠨ ᠤᠷᠤᠭ᠍ᠰᠢᠯᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠯᠠᠪᠳᠠᠭᠤᠨ ᠪᠠᠲᠤᠲᠠᠢ ᠠᠯᠬᠤᠭ᠎ᠠ ᠵᠢ ᠠᠯᠬᠤᠭ᠍ᠰᠠᠨ ᠠᠮᠢᠳᠤᠯᠢᠭ ᠦᠢᠯᠡᠳᠦᠯᠭᠡ᠎ᠶ᠋ᠢ ᠲᠥᠪᠯᠡᠷᠡᠩᠭᠦᠢ ᠲᠤᠰᠭᠠᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠠᠯᠢ ᠤᠯᠠᠨ ᠴᠢᠬᠤᠯᠠ ᠶᠡᠬᠡ ᠰᠡᠳᠦᠪ᠎ᠲᠦ ᠭᠦᠨᠵᠡᠭᠡᠢ ᠬᠠᠷᠢᠭᠤᠯᠲᠠ ᠥᠭ᠌ᠴᠦ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠨᠡᠩ ᠭᠡᠷᠡᠯ ᠰᠠᠴᠤᠷᠠᠩᠭᠤᠢ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠵᠦ᠍᠂ ᠨᠡᠩ ᠠᠭᠤᠤ ᠶᠡᠬᠡ ᠭᠠᠢᠬᠠᠮᠱᠢᠭ᠎ᠢ ᠡᠭᠦᠳᠬᠦ᠌᠎ᠳᠦ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠬᠠᠩᠭᠠᠪᠠ᠃ ᠪᠢᠳᠡ ᠪᠥᠬᠥ᠌ ᠲᠠᠯ᠎ᠠ᠎ᠪᠠᠷ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 《ᠬᠣᠶᠠᠷ ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠨᠠᠩ ᠭᠦᠨᠵᠡᠭᠡᠶ ᠣᠢᠯᠠᠭᠠᠵᠤ᠂ 《ᠬᠣᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ ᠭᠡᠵᠠᠢ᠃

ᠰᠦᠨ ᠱᠤᠤ ᠴᠧᠩ᠂ 《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠶ᠋ᠢ ᠰᠤᠷᠤᠯᠴᠠᠨ ᠲᠤᠭᠤᠰᠢᠯᠠᠭᠤᠯᠬᠤ᠎ᠳᠤ ᠡᠩ ᠲᠡᠷᠢᠭᠦᠨ᠎ᠳᠦ 《ᠰᠤᠷᠤᠯᠴᠠᠬᠤ》 ᠪᠠ 《ᠣᠢᠯᠠᠭᠠᠬᠤ》 ᠳᠡᠭᠡᠷ᠎ᠡ ᠬᠦᠴᠦ᠍ ᠣᠷᠣᠭᠤᠯᠬᠤ ᠬᠡᠷᠡᠭ᠌ᠲᠡᠢ᠃ ᠡᠭᠦᠨ᠎ᠦ ᠳᠣᠲᠣᠷᠠᠬᠢ ᠪᠡᠯᠭᠡ ᠲᠡᠮᠳᠡᠭ᠎ᠦᠨ ᠴᠢᠨᠠᠷᠲᠠᠶ ᠤᠬᠠᠭ᠍ᠳᠠᠬᠤᠨ ᠪᠠ ᠤᠤᠭᠠᠯ ᠡᠭᠦᠳᠦᠯᠲᠡ᠎ᠶ᠋ᠢᠨ ᠴᠢᠨᠠᠷᠲᠠᠶ ᠦᠵᠡᠯᠲᠡ᠎ᠶ᠋ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠢᠯᠠᠭᠠᠵᠤ᠂ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠨ ᠲᠡᠭᠦᠨ᠎ᠦ ᠳᠣᠲᠣᠷᠠᠬᠢ ᠴᠢᠬᠤᠯᠠ ᠥᠭᠦᠯᠡᠯᠲᠡ ᠪᠠ ᠴᠢᠬᠤᠯᠠ ᠶᠡᠬᠡ ᠪᠠᠢᠷᠢᠯᠠᠭᠤᠯᠤᠯᠲᠠ᠎ᠶ᠋ᠢ ᠡᠵᠡᠮᠱᠢᠵᠦ᠍᠂ ᠢᠯᠠᠩᠭᠤᠶ᠎ᠠ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠤᠨ ᠥᠪᠥᠷ ᠮᠣᠩᠭᠣᠯ᠎ᠯᠤᠭ᠎ᠠ ᠱᠢᠭᠤᠳ ᠬᠣᠯᠪᠣᠭᠳᠠᠯ᠎ᠲᠠᠶ ᠴᠢᠬᠤᠯᠠ ᠱᠠᠭᠠᠷᠳᠠᠯᠭ᠎ᠠ᠎ᠶ᠋ᠢ ᠪᠦᠬᠦᠨ᠎ᠢ ᠨᠡᠪᠲᠡᠷᠡᠲᠡᠯ᠎ᠡ ᠣᠢᠯᠠᠭᠠᠬᠤ ᠬᠡᠷᠡᠭ᠌ᠲᠡᠶ᠃ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠳᠤᠷᠠᠳᠤᠭ᠍ᠰᠠᠨ ᠤᠤᠭᠠᠯ ᠡᠭᠦᠳᠦᠯᠲᠡ᠎ᠶ᠋ᠢᠨ ᠴᠢᠨᠠᠷᠲᠠᠢ ᠴᠢᠬᠤᠯᠠ ᠶᠡᠬᠡ ᠨᠤᠲᠠᠯᠠᠯᠲᠠ᠎ᠶ᠋ᠢ ᠭᠦᠨᠵᠡᠭᠡᠢ ᠰᠤᠷᠤᠯᠴᠠᠬᠤ ᠬᠡᠷᠡᠭ᠌ᠲᠡᠢ᠃ ᠰᠤᠷᠤᠯᠴᠠᠬᠤ᠎ᠶ᠋ᠢᠨ ᠵᠣᠷᠢᠯᠭ᠎ᠠ ᠨᠢ ᠬᠡᠷᠡᠭ᠌ᠯᠡᠬᠦ᠌᠎ᠶ᠋ᠢᠨ ᠲᠥᠯᠥᠭᠡ ᠶᠤᠮ᠂ ᠡᠭᠦᠨ᠎ᠳᠦ ᠲᠤᠭᠤᠱᠢᠯᠠᠭ᠍ᠳᠠᠵᠤ ᠪᠠᠢᠭ᠎ᠠ ᠵᠣᠭ᠍ᠰᠣᠯᠲᠠ ᠦᠵᠡᠯᠲᠡ ᠠᠷᠭ᠎ᠠ᠎ᠶ᠋ᠢ ᠰᠠᠢᠲᠤᠷ ᠪᠠᠷᠢᠮᠲᠠᠯᠠᠨ ᠰᠠᠢᠲᠤᠷ ᠬᠡᠷᠡᠭ᠌ᠯᠡᠵᠦ᠍᠂ ᠠᠰᠠᠭᠤᠳᠠᠯ᠎ᠢ ᠢᠯᠡᠷᠡᠭᠦᠯᠬᠦ᠌ ᠰᠠᠨᠠᠭᠠᠴᠢᠯᠠᠭᠠᠲᠤ ᠴᠢᠨᠠᠷ ᠪᠠ ᠰᠡᠷᠭᠡᠭ ᠴᠢᠨᠠᠷ᠎ᠢ ᠴᠢᠩᠭᠠᠳᠭᠠᠨ᠂ ᠠᠰᠠᠭᠤᠳᠠᠯ ᠤ᠋ᠳ ᠢ᠋ ᠱᠢᠢᠳᠪᠦᠷᠢᠯᠡᠬᠦ᠌ ᠳᠤᠮᠳᠠ ᠬᠥᠭ᠌ᠵᠢᠯᠲᠡ᠎ᠶ᠋ᠢᠨ ᠠᠷᠭ᠎ᠠ ᠵᠠᠮ᠎ᠢ ᠲᠡᠭᠦᠯᠳᠡᠷᠵᠢᠭᠦᠯᠵᠦ᠍᠂ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ 《ᠰᠢ ᠵᠢᠨ ᠫᠢᠩ ᠲᠦᠷᠦ᠍᠎ᠶ᠋ᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠶ᠋ᠢᠨ ᠬᠥᠮᠦᠵᠢᠯ ᠪᠣᠯᠪᠠᠰᠤᠷᠠᠯ᠎ᠢ ᠰᠠᠢᠲᠤᠷ ᠠᠳᠭᠤᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠢ ᠬᠦᠳᠦᠯᠦᠨ ᠵᠢᠯᠣᠭᠣᠳᠴᠤ᠌ ᠢᠮᠠᠭ᠍ᠲᠠ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ᠎ᠦᠨ ᠲᠣᠭᠣᠷᠢᠨ᠎ᠳᠤ ᠴᠤᠴᠠᠯᠲᠠ ᠦᠭᠡᠢ ᠤᠷᠤᠭ᠍ᠰᠢᠯᠠᠬᠤ ᠬᠡᠷᠡᠭ᠌ᠲᠡᠢ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号