9 ᠰᠠᠷ᠎ᠠ ᠶ᠋ᠢᠨ 20 ᠤ᠋ ᠦᠳᠡ ᠶ᠋ᠢᠨ ᠡᠮᠦᠨ᠎ᠠ᠂ ᠰᠢᠯᠢ ᠶ᠋ᠢᠨ ᠭᠤᠤᠯ ᠠᠢᠮᠠᠭ ᠤ᠋ᠨ ᠬᠦᠪᠡᠭᠡᠲᠦ ᠰᠢᠷ᠎ᠡ ᠬᠤᠰᠢᠭᠤᠨ ᠤ᠋ ᠪᠤᠭᠳᠠ ᠶ᠋ᠢᠨ ᠭᠤᠤᠯ ᠰᠤᠮᠤ ᠶ᠋ᠢᠨ ᠨᠠᠭᠠᠳᠤᠮ ᠤ᠋ᠨ ᠬᠤᠷᠠᠯ ᠤ᠋ᠨ ᠲᠠᠯᠠᠪᠠᠢ ᠳ᠋ᠤ ᠦᠩᠬᠡᠳᠤ ᠲᠤᠭ ᠨᠠᠮᠢᠷᠠᠨ ᠤᠭᠲᠤᠯᠭ᠎ᠠ ᠶ᠋ᠢᠨ ᠬᠦᠭᠵᠢᠮ ᠤᠶᠠᠩᠭᠠᠷᠠᠵᠤ᠂ ᠦᠡᠭᠭᠡ ᠢᠯᠭᠠᠷᠠᠭᠰᠠᠨ ᠦᠨᠳᠦᠰᠦᠲᠡᠨ ᠤ᠋ ᠬᠤᠪᠴᠠᠰᠤ ᠵᠠᠰᠠᠯ ᠵᠢᠡᠷ ᠵᠢᠡᠨ ᠭᠤᠶᠤᠯᠠᠭᠰᠠᠨ ᠬᠦᠮᠦᠰ ᠳᠦᠷᠪᠡᠨ ᠵᠦᠭ ᠨᠠᠢ᠍ᠮᠠᠨ ᠵᠤᠪᠬᠢᠰ ᠡᠴᠡ ᠡᠨᠳᠡ ᠬᠤᠷᠠᠨ ᠴᠤᠭᠯᠠᠷᠠᠵᠤ᠂ ᠪᠠᠶᠠᠷ ᠤ᠋ᠨ ᠡᠳᠦᠷ ᠤ᠋ᠨ ᠠᠭᠤᠷ ᠠᠮᠢᠰᠬᠤᠯ ᠵᠢᠡᠷ ᠪᠢᠯᠬᠠᠨ᠎ᠠ᠃

9 ᠰᠠᠷ᠎ᠠ ᠶ᠋ᠢᠨ 20 ᠤ᠋ ᠦᠳᠡ ᠶ᠋ᠢᠨ ᠡᠮᠦᠨ᠎ᠠ᠂ 2025ᠤᠨ ᠦ ᠥᠪᠥᠷ ᠮᠤᠨᠭᠭᠤᠯ ᠤᠨ ᠥᠪᠡᠷᠲᠡᠭᠡᠨ ᠵᠠᠰᠠᠬᠤ ᠤᠷᠤᠨ ᠦ 《ᠳᠤᠮᠳᠠᠳᠤ ᠤᠯᠤᠰ ᠤ᠋ᠨ ᠲᠠᠷᠢᠶᠠᠴᠢᠳ ᠤ᠋ᠨ ᠡᠯᠪᠡᠭ ᠬᠤᠷᠢᠶᠠᠯᠲᠠ ᠶ᠋ᠢᠨ ᠪᠠᠶᠠᠷ》 ᠢ᠋ ᠪᠡᠯᠭᠡᠯᠡᠬᠦ ᠠᠵᠢᠯᠯᠠᠭ᠎ᠠ ᠰᠢᠯᠢ ᠶ᠋ᠢᠨ ᠭᠤᠤᠯ ᠠᠢᠮᠠᠭ ᠤ᠋ᠨ ᠬᠦᠪᠡᠭᠡᠲᠦ ᠰᠢᠷ᠎ᠡ ᠬᠤᠰᠢᠭᠤᠨ ᠤ᠋ ᠪᠤᠭᠳᠠ ᠶ᠋ᠢᠨ ᠭᠤᠤᠯ ᠰᠤᠮᠤ ᠳ᠋ᠤ ᠡᠬᠢᠯᠡᠪᠡ᠃ ᠵᠢᠷᠤᠭ ᠪᠤᠯ ᠮᠠᠯᠴᠢᠳ ᠲᠠᠯᠠᠪᠠᠢ ᠳ᠋ᠤ ᠤᠷᠤᠵᠤ ᠪᠠᠢᠭ᠎ᠠ ᠨᠢ᠃
ᠲᠤᠰ ᠰᠤᠨᠢᠨ ᠤ᠋ ᠰᠤᠷᠪᠤᠯᠵᠢᠯᠠᠭᠴᠢ ᠼᠠᠢ ᠬᠤᠡᠭ ᠨᠠᠮᠤᠭ ᠰᠡᠬᠦᠳᠡᠷᠯᠡᠪᠡ
10 ᠴᠠᠭ ᠤ᠋ᠨ ᠦᠶ᠎ᠡ ᠪᠡᠷ ᠤᠶᠠᠩᠭᠠᠳᠤ ᠲᠠᠭᠤᠤ ᠤᠷᠠᠨ ᠪᠦᠵᠢᠭ ᠤ᠋ᠨ ᠲᠤᠮᠳᠠ ᠮᠠᠯᠴᠢᠳ ᠴᠠᠭᠠᠨ ᠢᠳᠡᠭᠡᠨ ᠤ᠋ ᠳᠠᠪᠠᠭ᠂ ᠰᠢᠭᠦᠰᠦ ᠶ᠋ᠢᠨ ᠳᠠᠪᠠᠭ ᠶ᠋ᠢᠡᠨ ᠡᠷᠬᠦᠵᠤ᠂ ᠰᠠᠮᠪᠠᠢ ᠬᠠᠳᠠᠭ ᠶ᠋ᠢᠡᠨ ᠲᠠᠯᠬᠡᠨ ᠲᠡᠷᠢᠭᠦᠯᠡᠭᠴᠢ ᠶ᠋ᠢᠨ ᠳᠠᠢᠰᠠᠨ ᠤ᠋ ᠡᠮᠦᠨᠡᠭᠦᠷ ᠦᠡᠭᠭᠡᠷᠡᠵᠦ᠂ ᠮᠤᠷᠢᠲᠠᠨ ᠤ᠋ ᠡᠡᠭᠨᠡᠭᠡ᠂ ᠪᠦᠭᠡᠴᠤᠳ ᠤ᠋ᠨ ᠡᠡᠭᠨᠡᠭᠡ᠂ ᠰᠤᠷᠴᠢᠳ ᠤ᠋ᠨ ᠡᠡᠭᠨᠡᠭᠡ᠂ ᠬᠦᠳᠡᠯᠮᠦᠷᠢ ᠶ᠋ᠢᠨ ᠵᠢᠱ᠌ᠢᠶᠡᠴᠢᠳ ᠤ᠋ᠨ ᠡᠡᠭᠨᠡᠭᠡ ᠬᠤᠢᠨ᠎ᠠ ᠬᠤᠢᠨ᠎ᠠ ᠡᠴᠡ ᠪᠠᠨ ᠲᠠᠯᠠᠪᠠᠢ ᠳ᠋ᠦ ᠤᠷᠤᠵᠤ᠂ ᠪᠠᠶᠠᠷ ᠱᠠᠭᠰᠢᠯ ᠤᠤᠬᠠᠢ ᠵᠢᠨ ᠲᠠᠭᠤᠨ ᠤ᠋ ᠳᠤᠮᠳᠠ ᠨᠠᠢ᠍ᠮᠠᠳᠡᠬᠢ 《ᠳᠤᠮᠳᠠᠳᠤ ᠤᠯᠤᠰ ᠤ᠋ᠨ ᠲᠠᠷᠢᠶᠠᠴᠢᠳ ᠤ᠋ᠨ ᠡᠯᠪᠡᠭ ᠬᠤᠷᠢᠶᠠᠯᠲᠠ ᠶ᠋ᠢᠨ ᠪᠠᠶᠠᠷ》 ᠢ᠋ ᠪᠡᠯᠭᠡᠯᠡᠬᠦ ᠦᠪᠦᠷ ᠮᠤᠡᠭᠭᠤᠯ ᠤ᠋ᠨ ᠭᠤᠤᠯ ᠲᠠᠯᠠᠪᠠᠢ ᠶ᠋ᠢᠨ ᠠᠵᠢᠯᠯᠠᠭ᠎ᠠ ᠦᠪᠡᠳᠡᠭᠰᠢ ᠶᠡᠬᠡ ᠪᠡᠷ ᠡᠬᠢᠯᠡᠪᠡ᠃
ᠡᠨᠡ ᠵᠢᠯ ᠮᠠᠨ ᠤ᠋ ᠤᠷᠤᠨ ᠡᠯᠪᠡᠭ ᠬᠤᠷᠢᠶᠠᠯᠳᠠ ᠵᠢᠨ ᠪᠠᠶᠠᠷ ᠢ᠋ ᠪᠡᠯᠬᠡᠯᠡᠬᠦ ᠪᠦᠬᠦ ᠤᠷᠤᠨ ᠤ᠋ ᠭᠤᠤᠯ ᠲᠠᠯᠠᠪᠠᠢ ᠵᠢᠨ ᠠᠵᠢᠯᠯᠠᠭ᠎ᠠ ᠵᠢ ᠠᠩᠬ᠎ᠠ ᠤᠳᠠᠭ᠎ᠠ ᠴᠤᠯ ᠮᠠᠯᠵᠢᠬᠤ ᠣᠷᠣᠨ ᠳ᠋ᠤ ᠶᠠᠪᠤᠭᠳᠠᠭᠤᠯᠵᠤ᠂ ᠥᠪᠥᠷ ᠮᠣᠩᠭᠣᠯ ᠤ᠋ᠨ ᠠᠩᠬᠠᠳᠤᠭᠠᠷ ᠬᠤᠭᠤᠴᠠᠭᠠᠨ ᠤ᠋ ᠴᠠᠭᠠᠨ ᠢᠳᠡᠭᠡᠨ ᠤ᠋ ᠠᠵᠤ ᠦᠶ᠋ᠯᠡᠰ ᠤ᠋ᠨ ᠲᠥᠷᠥᠯ ᠲᠡᠮᠲᠡᠭ ᠢ᠋ ᠤᠬᠠᠭᠤᠯᠤᠨ ᠲᠠᠨᠢᠯᠴᠠᠭᠤᠯᠬᠤ ᠬᠤᠷᠠᠯ ᠲᠠᠶ ᠤᠶᠠᠯᠳᠤᠭᠤᠯᠤᠨ᠂ ᠴᠠᠭᠠᠨ ᠢᠳᠡᠭᠡᠨ ᠤ᠋ ᠰᠣᠶᠣᠯ ᠤ᠋ᠨ ᠭᠤᠤᠯ ᠰᠡᠳᠦᠪᠲᠦ ᠦᠵᠡᠭᠦᠯᠭᠡ᠂ ᠲᠤᠬᠠᠶ ᠵᠢᠨ ᠲᠠᠯᠠᠪᠠᠶ ᠳ᠋ᠤ ᠴᠠᠭᠠᠨ ᠢᠳᠡᠭᠡᠨ ᠬᠢᠬᠦ ᠤᠷ᠎ᠠ ᠮᠡᠷᠭᠡᠵᠢᠯ ᠤ᠋ᠨ ᠤᠷᠤᠯᠳᠤᠭᠠᠨ ᠵᠡᠷᠭᠡ ᠠᠵᠢᠯᠯᠠᠭ᠎ᠠ ᠪᠠᠷ ᠳᠠᠮᠵᠢᠨ ᠦᠪᠤᠷ ᠮᠤᠩᠭᠤᠯ ᠤ᠋ᠨ ᠴᠠᠭᠠᠨ ᠢᠳᠡᠭᠡᠨ ᠤ᠋ ᠰᠣᠶᠣᠯ ᠤ᠋ᠨ ᠥᠪᠡᠷᠮᠢᠴᠡ ᠷᠢᠳᠢ ᠱᠢᠳᠢ ᠶ᠋ᠢ ᠭᠦᠨᠵᠡᠭᠡᠶ ᠠᠭᠤᠳᠠᠯᠤᠨ ᠳᠡᠯᠭᠡᠵᠤ ᠂ ᠴᠠᠭᠠᠨ ᠢᠳᠡᠭᠡᠨ ᠤ᠋ ᠠᠵᠤ ᠦᠶ᠋ᠯᠡᠰ ᠤ᠋ᠨ ᠲᠥᠷᠥᠯ ᠲᠡᠮᠳᠡᠭ᠌ᠵᠢᠬᠦ᠌᠂ ᠵᠠᠬ᠎ᠠ ᠳᠡᠯᠭᠡᠭᠦᠷᠵᠢᠬᠦ᠌ ᠬᠥᠭ᠌ᠵᠢᠯᠲᠡ ᠶ᠋ᠢ ᠠᠬᠢᠭᠤᠯᠪᠠ᠃ ᠡᠨᠡ ᠬᠦ᠌ ᠱᠢᠨ᠎ᠡ ᠶ᠋ᠢ ᠡᠬᠦᠳᠦᠭᠰᠡᠨ ᠠᠷᠭ᠎ᠠ ᠬᠡᠯᠪᠡᠷᠢ ᠨᠢ ᠡᠯᠪᠡᠭ ᠬᠤᠷᠢᠶᠠᠯᠲᠠ ᠵᠢᠨ ᠪᠠᠶᠠᠷ ᠤ᠋ᠨ ᠤᠳᠬ᠎ᠠ ᠠᠭᠤᠯᠭᠠᠶ᠋ᠢ ᠪᠠᠶᠠᠯᠢᠭ᠍ᠵᠢᠭᠤᠯᠤᠭ᠍ᠰᠠᠨ ᠵᠢᠡᠷ ᠪᠠᠷᠠᠬᠤ ᠦᠬᠡᠢ ᠪᠠᠰᠠ ᠪᠡᠯᠬᠡᠯᠡᠬᠦ ᠠᠵᠢᠯᠯᠠᠭ᠎ᠠ ᠵᠢᠨ ᠰᠣᠶᠣᠯ ᠤ᠋ᠨ ᠠᠭᠤᠯᠤᠭ᠍ᠳᠠᠬᠤᠨ ᠪᠣᠯᠤᠨ ᠠᠵᠤ ᠦᠢᠯᠡᠰ ᠤ᠋ᠨ ᠦᠨ᠎ᠠ ᠦᠷᠳᠡᠭᠢ ᠳᠡᠭᠡᠭ᠌ᠰᠢᠯᠡᠭᠦᠯᠦᠭᠰᠡᠨ ᠪᠠᠢᠨ᠎ᠠ᠃
ᠪᠡᠯᠬᠡᠯᠡᠬᠦ ᠠᠵᠢᠯᠯᠠᠭ᠎ᠠ ᠨᠢ 《ᠡᠯᠪᠡᠭ ᠬᠤᠷᠢᠶᠠᠯᠲᠠ ᠶ᠋ᠢᠨ ᠪᠠᠶᠠᠷ ᠶ᠋ᠢᠡᠨ ᠪᠡᠯᠭᠡᠯᠡᠵᠦ ᠡᠷᠬᠡ ᠵᠢᠷᠭᠠᠯᠲᠤ ᠠᠮᠢᠳᠤᠷᠠᠯ ᠶ᠋ᠢᠡᠨ ᠪᠠᠬᠠᠳᠤᠶ᠎ᠠ》 ᠪᠡᠷ ᠭᠤᠤᠯ ᠰᠡᠳᠦᠪ ᠪᠤᠯᠭᠠᠵᠤ᠂ ᠮᠠᠯᠴᠢᠨ ᠲᠠᠷᠢᠶᠠᠴᠢᠨ ᠤ᠋ ᠵᠤᠭ᠎ᠠ ᠴᠡᠩᠭᠡᠯ ᠤ᠋ᠨ ᠮᠦᠷᠦᠢᠴᠡᠭᠡᠨ᠂ ᠴᠠᠭᠠᠨ ᠢᠳᠡᠭᠡᠨ ᠤ᠋ ᠪᠤᠳᠠᠰ ᠤ᠋ᠨ ᠪᠤᠰᠤ ᠰᠤᠶᠤᠯ ᠤ᠋ᠨ ᠦᠪ ᠢ᠋ ᠤᠢᠯᠠᠭᠠᠬᠤ ᠪᠠ ᠴᠠᠭᠠᠨ ᠢᠳᠡᠭᠡᠨ ᠠᠮᠳᠠᠯᠠᠬᠤ ᠠᠵᠢᠯᠯᠠᠭ᠎ᠠ᠂ ᠡᠯᠪᠡᠭ ᠬᠤᠷᠢᠶᠠᠯᠳᠠ ᠶ᠋ᠢᠨ ᠪᠦᠲᠦᠭᠡᠭᠳᠡᠭᠦᠨ ᠤ᠋ ᠳᠡᠯᠭᠡᠨ ᠦᠵᠡᠭᠦᠯᠭᠡ ᠪᠠ ᠪᠤᠷᠤᠯᠠᠭᠤᠯᠭ᠎ᠠ᠂ ᠮᠠᠯᠴᠢᠨ ᠲᠠᠷᠢᠶᠠᠴᠢᠨ ᠤ᠋ ᠤᠷᠠᠨ ᠰᠠᠢᠬᠠᠨ ᠤ᠋ ᠳᠤᠭᠯᠠᠯᠳᠠ᠂ 《ᠨᠠᠮ ᠤ᠋ᠨ ᠠᠴᠢ ᠳ᠋ᠤ ᠲᠠᠯᠠᠷᠬᠠᠵᠤ᠂ ᠨᠠᠮ ᠤ᠋ᠨ ᠦᠭᠡ ᠶ᠋ᠢ ᠰᠤᠨᠤᠰᠴᠤ᠂ ᠨᠠᠮ ᠶ᠋ᠢᠡᠨ ᠳᠠᠭᠠᠨ ᠤᠷᠤᠭᠰᠢᠯᠠᠬᠤ》 ᠬᠠᠢᠷ᠎ᠠ ᠬᠠᠯᠠᠮᠵᠢ ᠶ᠋ᠢᠨ ᠠᠵᠢᠯᠯᠠᠭ᠎ᠠ᠂ ᠴᠠᠭᠠᠨ ᠢᠳᠡᠭᠡᠨ ᠤ᠋ 《ᠪᠤᠳᠠᠰ ᠤ᠋ᠨ ᠪᠤᠰᠤ ᠰᠤᠶᠤᠯ ᠤ᠋ᠨ ᠦᠪ + 》 ᠶᠠᠷᠢᠯᠴᠠᠬᠤ ᠬᠤᠷᠠᠯ᠂ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠶ᠋ᠢᠨ ᠬᠤᠷᠠᠯ ᠵᠡᠷᠭᠡ ᠤᠯᠠᠨ ᠠᠵᠢᠯᠯᠠᠭ᠎ᠠ ᠳᠤᠬᠢᠷᠠᠭᠤᠯᠵᠠᠢ᠃
ᠮᠠᠯᠴᠢᠨ ᠲᠠᠷᠢᠶᠠᠴᠢᠨ ᠤ᠋ ᠵᠤᠭ᠎ᠠ ᠴᠡᠩᠭᠡᠯ ᠤ᠋ᠨ ᠮᠦᠷᠦᠢᠴᠡᠭᠡᠨ ᠳ᠋ᠤ ᠴᠠᠬᠠᠷ ᠬᠤᠨᠢ᠂ ᠬᠤᠸᠠᠰᠢ ᠦᠭᠡᠷ ᠵᠡᠷᠭᠡ ᠰᠢᠯᠢᠳᠡᠭ ᠡᠭᠦᠯᠳᠡᠷ ᠤ᠋ᠨ ᠮᠠᠯ ᠢ᠋ ᠠᠳᠠᠯᠢᠳᠬᠠᠨ ᠰᠢᠯᠭᠠᠷᠠᠭᠤᠯᠬᠤ ᠶ᠋ᠢᠨ ᠬᠠᠮᠲᠤ ᠪᠠᠰᠠ ᠪᠦᠬᠡ ᠪᠠᠷᠢᠯᠳᠤᠬᠤ᠂ ᠰᠤᠷ ᠬᠠᠷᠪᠤᠬᠤ᠂ ᠱᠠᠭ᠎ᠠ ᠤᠷᠤᠯᠳᠤᠬᠤ ᠵᠡᠷᠭᠡ ᠤᠯᠠᠮᠵᠢᠯᠠᠯᠳᠦ ᠨᠠᠭᠠᠳᠤᠮ ᠪᠤᠯᠤᠨ ᠡᠪᠡᠰᠦ ᠬᠠᠳᠤᠬᠤ᠂ ᠡᠪᠡᠰᠦ ᠪᠤᠭᠤᠵᠢᠯᠠᠬᠤ ᠵᠡᠷᠭᠡ ᠤᠳᠤ ᠦᠶ᠎ᠠ ᠶ᠋ᠢᠨ ᠵᠤᠭ᠎ᠠ ᠴᠡᠩᠭᠡᠯ ᠤ᠋ᠨ ᠮᠦᠷᠦᠢᠴᠡᠭᠡᠨ ᠶᠠᠪᠤᠭᠳᠠᠵᠤ᠂ ᠮᠠᠯᠴᠢᠳ ᠮᠦᠷᠦᠢᠴᠡᠭᠡᠨ ᠤ᠋ ᠳᠤᠮᠳᠠ ᠦᠪᠡᠷ ᠤ᠋ᠨ ᠤᠷ᠎ᠠ ᠮᠡᠷᠭᠡᠰᠢᠯ ᠪᠠ ᠬᠠᠮᠳᠤᠷᠠᠨ ᠠᠵᠢᠯᠯᠠᠬᠤ ᠤᠬᠠᠮᠰᠠᠷ ᠶ᠋ᠢᠡᠨ ᠬᠠᠷᠠᠭᠤᠯᠵᠤ᠂ ᠠᠬᠤᠢ ᠲᠠᠯᠠᠪᠠᠢ ᠳ᠋ᠤ ᠪᠠᠶᠠᠷ ᠪᠠᠶᠠᠰᠤᠯ ᠶ᠋ᠢᠡᠷ ᠪᠢᠯᠠᠬᠨᠠ᠃ ᠡᠯᠪᠡᠭ ᠬᠤᠷᠢᠶᠠᠯᠳᠠ ᠶ᠋ᠢᠨ ᠪᠦᠲᠦᠭᠡᠭᠳᠡᠭᠦᠨ ᠤ᠋ ᠳᠡᠯᠭᠡᠨ ᠦᠵᠡᠭᠦᠯᠭᠡ ᠪᠠ ᠪᠤᠷᠤᠯᠠᠭᠤᠯᠭ᠎ᠠ ᠶ᠋ᠢᠨ ᠲᠤᠭᠤᠷᠢᠭ ᠲᠤ᠌ ᠮᠠᠯᠴᠢᠨ ᠲᠠᠷᠢᠶᠠᠴᠢᠳ ᠦᠪᠡᠷ ᠤ᠋ᠨ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠪᠠ ᠭᠠᠷ ᠤᠷᠠᠯᠠᠯ ᠤ᠋ᠨ ᠪᠦᠲᠦᠭᠡᠭᠳᠡᠭᠦᠨ ᠶ᠋ᠢᠡᠨ ᠳᠡᠯᠭᠡᠨ ᠪᠤᠷᠤᠯᠠᠭᠤᠯᠬᠤ᠂ ᠰᠦᠯᠵᠢᠶᠠᠨ ᠤᠳᠤᠳ ᠰᠢᠭᠤᠳ ᠨᠡᠪᠳᠡᠷᠡᠭᠦᠯᠭᠡ ᠪᠡᠷ ᠪᠠᠷᠠᠭ᠎ᠠ ᠪᠤᠷᠤᠯᠠᠭᠤᠯᠬᠤ᠂ ᠰᠢᠤᠳᠠᠨ ᠤ᠋ ᠰᠦᠯᠵᠢᠶᠠᠨ ᠪᠤᠷᠤᠯᠠᠭᠤᠯᠭ᠎ᠠ ᠶ᠋ᠢ ᠳᠡᠯᠭᠡᠨ ᠬᠠᠷᠠᠭᠤᠯᠬᠤ᠂ ᠮᠠᠯ ᠠᠵᠤ ᠠᠬᠤᠢ ᠶ᠋ᠢᠨ ᠮᠠᠰᠢᠨ ᠮᠡᠷᠭᠡᠵᠢᠯ ᠢ᠋ ᠦᠵᠡᠭᠦᠯᠬᠦ ᠵᠡᠷᠬᠡ ᠠᠵᠢᠯᠯᠠᠭ᠎ᠠ ᠬᠦᠭᠵᠢᠶᠡᠨ ᠲᠠᠢ ᠶᠠᠪᠤᠭᠳᠠᠨ᠎ᠠ᠃ 《ᠨᠠᠮ ᠤ᠋ᠨ ᠠᠴᠢ ᠳ᠋ᠤ ᠲᠠᠯᠠᠷᠬᠠᠵᠤ᠂ ᠨᠠᠮ ᠤ᠋ᠨ ᠦᠭᠡ ᠶ᠋ᠢ ᠰᠤᠨᠤᠰᠴᠤ᠂ ᠨᠠᠮ ᠶ᠋ᠢᠡᠨ ᠳᠠᠭᠠᠨ ᠤᠷᠤᠭᠰᠢᠯᠠᠬᠤ》 ᠬᠠᠢᠷ᠎ᠠ ᠬᠠᠯᠠᠮᠵᠢ ᠶ᠋ᠢᠨ ᠠᠵᠢᠯᠯᠠᠭ᠎ᠠ ᠳ᠋ᠤ ᠮᠡᠷᠭᠡᠵᠢᠯ ᠬᠦᠷᠭᠡᠬᠦ᠂ ᠲᠦᠷᠦ ᠶ᠋ᠢᠨ ᠪᠤᠳᠤᠯᠭ᠎ᠠ ᠬᠦᠷᠭᠡᠬᠦ᠂ ᠬᠠᠤᠯᠢ ᠶ᠋ᠢᠨ ᠦᠢᠯᠡᠴᠢᠯᠡᠭᠡ ᠬᠦᠷᠭᠡᠬᠦ᠂ ᠡᠷᠡᠭᠦᠯ ᠮᠡᠨᠳᠦ ᠶ᠋ᠢᠨ ᠦᠢᠯᠡᠴᠢᠯᠡᠭᠡ ᠬᠦᠷᠭᠡᠬᠦ ᠠᠵᠢᠯᠯᠠᠭ᠎ᠠ ᠵᠡᠷᠭᠡ ᠪᠡᠷ ᠶᠠᠪᠤᠭᠳᠠᠯ᠎ᠠ ᠁
ᠲᠤᠰ ᠤᠳᠠᠭ᠎ᠠ ᠵᠢᠨ ᠪᠡᠯᠬᠡᠯᠡᠬᠦ ᠠᠵᠢᠯᠯᠠᠭ᠎ᠠ ᠨᠢ 《ᠦᠷ᠎ᠡ ᠪᠦᠲᠦᠭᠡᠯ ᠶ᠋ᠢᠡᠨ ᠲᠠᠯᠬᠡᠬᠦ᠂ ᠡᠷᠴᠢ ᠵᠤᠷᠢᠭ ᠶ᠋ᠢᠡᠨ ᠮᠦᠷᠤᠢᠴᠡᠬᠦ᠂ ᠪᠠᠶᠠᠷ ᠪᠠᠶᠠᠰᠤᠯ ᠵᠢᠡᠨ ᠬᠤᠪᠢᠶᠠᠯᠴᠠᠬᠤ᠂ ᠵᠢᠷᠭᠠᠯᠳᠤ ᠠᠮᠢᠳᠤᠷᠠᠯ ᠶ᠋ᠢᠠᠨ ᠪᠠᠬᠠᠳᠤᠬᠤ》 ᠵᠡᠷᠭᠡ ᠬᠡᠯᠪᠡᠷᠢ ᠪᠡᠷ ᠳᠠᠮᠵᠢᠨ ᠦᠪᠤᠷ ᠮᠤᠩᠭᠤᠯ ᠤ᠋ᠨ ᠮᠠᠯ ᠠᠵᠤ ᠠᠬᠤᠢ ᠲᠠᠷᠢᠶᠠᠯᠠᠩ ᠤ᠋ᠨ ᠴᠢᠨᠠᠷ ᠰᠠᠢᠲᠠᠢ ᠬᠦᠭᠵᠢᠯᠲᠡ ᠶ᠋ᠢᠨ ᠦᠷ᠎ᠡ ᠪᠦᠲᠦᠭᠡᠯ ᠢ᠋ ᠪᠦᠬᠦ ᠲᠠᠯ᠎ᠠ ᠪᠡᠷ ᠢᠯᠡᠷᠡᠭᠦᠯᠵᠦ᠂ ᠮᠠᠯᠴᠢᠨ ᠲᠠᠷᠢᠶᠠᠴᠢᠳ ᠤ᠋ᠨ ᠦᠢᠯᠡᠳᠪᠦᠷᠢᠯᠡᠯ ᠳ᠋ᠤ ᠤᠷᠤᠯᠴᠠᠬᠤ ᠤᠷᠬᠢᠯᠤᠮ᠎ᠠ ᠬᠠᠯᠠᠭᠤᠨ ᠰᠡᠳᠬᠢᠯᠭᠡ ᠪᠠ ᠡᠷᠴᠢ ᠵᠤᠷᠢᠭ ᠢ᠋ ᠤᠯᠠᠮ ᠬᠦᠭᠵᠢᠭᠡᠵᠤ᠂ ᠬᠦᠳᠡᠭᠡ ᠲᠤᠰᠬᠤᠨ ᠢ᠋ ᠪᠦᠬᠦ ᠲᠠᠯ᠎ᠠ ᠪᠡᠷ ᠬᠦᠭᠵᠢᠭᠦᠯᠦᠨ ᠮᠠᠨᠳᠤᠭᠤᠯᠬᠤ ᠳ᠋ᠦ ᠬᠦᠴᠦᠨ ᠨᠡᠮᠡᠷᠢᠯᠡᠪᠡ᠃