ᠮᠠᠯ ᠠᠵᠤ ᠠᠬᠤᠢ ᠶ᠋ᠢᠨ ᠲᠦᠭᠰᠢᠭᠦᠷᠢ ᠵᠢ ᠡᠰᠡᠷᠭᠦᠴᠡᠬᠦ ᠴᠢᠳᠠᠪᠤᠷᠢ ᠵᠢ ᠳᠡᠭᠡᠭᠰᠢᠯᠡᠭᠦᠯᠦᠭᠰᠡᠨ ᠰᠢᠨ᠎ᠠ ᠬᠠᠢᠯᠳᠠ — ᠮᠠᠨ ᠤ᠋ ᠤᠷᠤᠨ ᠤ᠋《ᠴᠠᠭ ᠠᠭᠤᠷ ᠤ᠋ᠨ ᠳᠠᠭᠠᠳᠬᠠᠯ 》 ᠳ᠋ᠦ ᠤᠷᠤᠭᠤᠯᠤᠭᠰᠠᠨ ᠮᠢᠬᠠᠨ ᠤ᠋ ᠬᠤᠨᠢ 210 ᠲᠦᠮᠡ ᠵᠢ ᠲᠠᠪᠠᠪᠠ
2025-09-22 09:34:44
ᠵᠣᠬᠢᠶᠠᠭ᠍ᠴᠢ᠄
ᠨᠠᠮᠤᠭ ᠼᠠᠢ ᠬᠤᠡᠭ
ᠣᠩᠱᠢᠭ᠍ᠰᠠᠨ ᠣᠳᠠᠭ᠎ᠠ᠄
★★★☆☆

ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠤᠢᠷ᠎ᠡ ᠶ᠋ᠢᠨ ᠵᠢᠯ ᠳ᠋ᠦ ᠮᠠᠨ ᠤ᠋ ᠤᠷᠤᠨ ᠮᠢᠬᠠᠨ ᠤ᠋ ᠬᠤᠨᠢ ᠵᠢᠨ ᠴᠠᠭ ᠠᠭᠤᠷ ᠤ᠋ᠨ ᠵᠢᠭᠠᠯᠲᠠ ᠲᠤᠭ᠎ᠠ ᠶ᠋ᠢᠨ ᠳᠠᠭᠠᠳᠭᠠᠯ ᠤ᠋ᠨ ᠲᠥᠷᠥᠯ ᠵᠦᠢᠯ ᠢ᠋ ᠲᠤᠷᠰᠢᠨ ᠬᠡᠷᠡᠭ᠌ᠵᠢᠭᠦᠯᠵᠦ᠍᠂ ᠮᠠᠯ ᠠᠵᠤ ᠠᠬᠤᠢ ᠶ᠋ᠢᠨ ᠲᠦᠭᠰᠢᠭᠦᠷᠢ ᠵᠢ ᠡᠰᠡᠷᠭᠦᠴᠡᠬᠦ ᠴᠢᠳᠠᠪᠤᠷᠢ ᠵᠢ ᠪᠦᠲᠦᠮᠵᠢᠲᠡᠢ ᠳᠡᠭᠡᠭᠰᠢᠯᠡᠭᠦᠯᠵᠦ᠂ ᠤᠳᠤ ᠪᠦᠬᠦ ᠤᠷᠤᠨ ᠤ᠋ 《ᠴᠠᠭ ᠠᠭᠤᠷ ᠤ᠋ᠨ ᠳᠠᠭᠠᠳᠬᠠᠯ》 ᠳ᠋ᠦ ᠤᠷᠤᠭᠤᠯᠤᠭᠰᠠᠨ ᠮᠢᠬᠠᠨ ᠤ᠋ ᠬᠤᠨᠢ 213 ᠲᠦᠮᠡ ᠳ᠋ᠦ ᠬᠦᠷᠴᠠᠢ᠃

ᠰᠢᠯᠢ ᠶ᠋ᠢᠨ ᠭᠤᠤᠯ ᠤ᠋ᠨ ᠲᠠᠯ᠎ᠠ ᠨᠤᠳᠤᠭ ᠪᠤᠯ ᠮᠠᠨ ᠤ᠋ ᠤᠯᠤᠰ ᠤ᠋ᠨ ᠤᠮᠠᠷᠠᠳᠦ ᠶ᠋ᠢᠨ ᠴᠢᠬᠤᠯᠠ ᠠᠮᠢ ᠠᠬᠤᠢ ᠶ᠋ᠢᠨ ᠬᠠᠯᠬᠠᠪᠴᠢ ᠪᠤᠯᠬᠤ ᠪᠦᠭᠡᠳ ᠮᠢᠬᠠᠨ ᠤ᠋ ᠬᠤᠨᠢ ᠵᠢᠨ ᠭᠠᠷᠤᠯᠳᠠ ᠵᠢᠨ ᠴᠢᠬᠤᠯᠠ ᠰᠠᠭᠤᠷᠢᠨ ᠪᠤᠯᠤᠨ᠎ᠠ᠃ ᠭᠡᠪᠡᠴᠤ ᠭᠠᠩ ᠬᠠᠭᠰᠠᠷᠠᠭᠠᠨ ᠴᠠᠰᠤ ᠰᠢᠭᠤᠷᠭ᠎ᠠ ᠵᠡᠷᠭᠡ ᠤᠨᠴᠠᠭᠠᠢ ᠴᠠᠭ ᠠᠭᠤᠷ ᠤ᠋ᠨ ᠭᠠᠮᠰᠢᠭ ᠨᠢ ᠡᠨᠳᠡᠬᠢ ᠵᠢᠨ ᠮᠠᠯᠴᠢᠳ ᠢ᠋ ᠦᠷᠭᠦᠯᠵᠢ ᠠᠷᠭ᠎ᠠ ᠪᠠᠷᠠᠭᠳᠠᠭᠤᠯᠳᠠᠭ ᠪᠠᠢᠭᠰᠠᠨ ᠴᠦ᠍ ᠤᠯᠠᠮᠵᠢᠯᠠᠯᠳᠤ ᠳᠠᠭᠠᠳᠬᠠᠯ ᠨᠢ ᠬᠤᠬᠢᠷᠠᠯ ᠢ᠋ ᠳᠤᠭᠳᠠᠭᠠᠬᠤ ᠲᠠᠯ᠎ᠠ ᠪᠡᠷ ᠪᠤᠳᠤᠯᠢᠶᠠᠨᠲᠠᠢ᠂ ᠲᠦᠯᠦᠪᠤᠷᠢ ᠦᠭᠬᠦ ᠨᠢ ᠤᠳᠠᠭᠠᠨ ᠪᠤᠯᠬᠤᠷ ᠮᠠᠯᠴᠢᠳ ᠰᠠᠨᠠᠭᠠᠨ ᠳ᠋ᠠᠭᠠᠨ ᠲᠡᠮᠡᠢ ᠠᠪᠤᠭᠰᠠᠨ ᠦᠬᠡᠢ᠃ 2016 ᠣᠨ ᠳ᠋ᠤ ᠱᠢᠯᠢ ᠶ᠋ᠢᠨ ᠭᠤᠤᠯ ᠠᠢᠮᠠᠭ ᠤ᠋ᠨ ᠴᠠᠭ ᠠᠭᠤᠷ ᠤ᠋ᠨ ᠲᠣᠪᠴᠢᠶ᠎ᠠ ᠪᠦᠬᠦ ᠤᠷᠤᠨ ᠳ᠋ᠦ ᠲᠦᠷᠦᠭᠦᠯᠡᠨ ᠬᠠᠢᠨ ᠰᠦᠪᠡᠭᠴᠢᠯᠡᠯᠲᠡ ᠬᠢᠵᠦ᠂ 《 ᠴᠠᠭ ᠠᠭᠤᠷ ᠤ᠋ᠨ ᠵᠢᠭᠠᠯᠲᠠ ᠲᠣᠭ᠎ᠠ》 ᠵᠢ ᠳᠠᠭᠠᠳᠭᠠᠯ ᠲᠠᠶ ᠬᠣᠯᠪᠣᠭ᠍ᠳᠠᠭᠤᠯᠵᠤ᠂ ᠴᠠᠭ ᠠᠭᠤᠷ ᠤ᠋ᠨ ᠲᠣᠭ᠎ᠠ ᠪᠠᠷᠢᠮᠲᠠ ᠪᠠᠷ ᠰᠠᠭᠤᠷᠢ ᠪᠣᠯᠭᠠᠨ᠂ ᠮᠠᠯ ᠤ᠋ᠨ ᠡᠪᠡᠰᠦ ᠪᠣᠷᠳᠣᠭ᠎ᠠ ᠪᠠᠷ ᠪᠠᠷᠢᠮᠵᠢᠶ᠎ᠠ ᠪᠣᠯᠭᠠᠵᠤ᠂ ᠮᠢᠬᠠᠨ ᠤ᠋ ᠬᠣᠨᠢ ᠵᠢᠨ ᠴᠠᠭ ᠠᠭᠤᠷ ᠤ᠋ᠨ ᠵᠢᠭᠠᠯᠲᠠ ᠲᠣᠭ᠎ᠠ ᠶ᠋ᠢᠨ ᠳᠠᠭᠠᠳᠭᠠᠯ ᠢ᠋ ᠭᠠᠷᠭᠠᠨ ᠮᠠᠯᠴᠢᠳ ᠲᠦ᠍ ᠦᠨᠡᠨ ᠬᠦ᠌ ᠠᠰᠢᠭ ᠬᠦᠷᠲᠡᠬᠡᠬᠦ ᠵᠢ ᠵᠤᠷᠢᠯ᠎ᠠ᠃

ᠲᠤᠰ ᠳᠠᠭᠠᠳᠬᠠᠯ ᠳ᠋ᠤ ᠴᠠᠰᠤ ᠵᠤᠳ᠂ ᠭᠠᠩ ᠬᠠᠭᠰᠠᠷᠠᠭᠠᠨ᠂ ᠦᠶᠡᠷ ᠤᠰᠤᠲᠤᠯ ᠵᠡᠷᠭᠡ ᠪᠠᠢᠭᠠᠯᠢ ᠵᠢᠨ ᠭᠠᠮᠰᠢᠭ ᠳᠤᠬᠢᠶᠠᠯᠳᠤᠪᠠᠯ ᠴᠠᠭ ᠠᠭᠤᠷ ᠤ᠋ᠨ ᠬᠢᠨᠠᠨ ᠬᠡᠮᠵᠢᠯᠲᠡ ᠶ᠋ᠢᠨ ᠲᠤᠭ᠎ᠠ ᠪᠠᠷᠢᠮᠳᠠ ᠪᠡᠷ ᠭᠠᠮᠰᠢᠭ ᠤ᠋ᠨ ᠪᠠᠢᠳᠠᠯ ᠢ᠋ ᠲᠤᠭᠲᠠᠭᠠᠵᠤ᠂ ᠳᠠᠭᠠᠳᠬᠠᠯ ᠤ᠋ᠨ ᠺᠤᠮᠫᠠᠨᠢ ᠡᠴᠡ ᠡᠳᠦᠷ ᠤ᠋ᠨ ᠲᠤᠭ᠎ᠠ ᠪᠡᠷ ᠲᠦᠯᠦᠪᠦᠷᠢ ᠦᠭᠴᠦ᠂ ᠲᠦᠯᠦᠪᠦᠷᠢ ᠶ᠋ᠢᠨ ᠮᠦᠡᠭᠬᠦ ᠵᠢ ᠬᠡᠳᠤᠬᠡᠨ ᠡᠳᠤᠷ ᠤ᠋ᠨ ᠲᠤᠳᠤᠷ᠎ᠠ ᠮᠠᠯᠴᠢᠳ ᠲᠦ᠍ ᠭᠠᠷᠳᠠᠭᠤᠯᠴᠢᠬᠠᠳᠠᠭ᠃ 2018 ᠣᠨ ᠳ᠋ᠤ ᠮᠢᠬᠠᠨ ᠤ᠋ ᠬᠤᠨᠢ ᠵᠢᠨ ᠴᠠᠭ ᠠᠭᠤᠷ ᠤ᠋ᠨ ᠵᠢᠭᠠᠯᠲᠠ ᠲᠤᠭ᠎ᠠ ᠶ᠋ᠢᠨ ᠳᠠᠭᠠᠳᠬᠠᠯ ᠤ᠋ᠨ ᠵᠠᠭ᠍ᠪᠤᠷ ᠨᠢ ᠦᠪᠡᠷᠲᠡᠭᠡᠨ ᠵᠠᠰᠠᠬᠤ ᠤᠷᠤᠨ ᠤ᠋ ᠤᠯᠤᠰ ᠲᠥᠷᠥ ᠶ᠋ᠢᠨ ᠵᠥᠪᠯᠡᠯᠭᠡᠨ ᠤ᠋ ᠰᠠᠨᠠᠯ ᠳᠤᠷᠠᠳᠤᠯᠭ᠎ᠠ ᠶ᠋ᠢᠨ ᠠᠬᠢᠭᠤᠯᠤᠯ ᠳᠤᠤᠷ᠎ᠠ ᠲᠠᠰ ᠳᠡᠪᠱᠢᠭᠡᠳ ᠲᠥᠷᠥ ᠶ᠋ᠢᠨ ᠪᠣᠳᠣᠯᠭ᠎ᠠ ᠶ᠋ᠢᠨ ᠴᠢᠨᠠᠷᠲᠠᠶ ᠳᠠᠭᠠᠳᠭᠠᠯ ᠪᠣᠯᠵᠣ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ ᠪᠣᠯᠤᠨ ᠬᠣᠱᠢᠭᠤ ᠱᠢᠶᠠᠨ ᠭᠤᠷᠪᠠᠨ ᠱᠠᠲᠤᠨ ᠤ᠋ ᠡᠳ᠋ ᠤ᠋ᠨ ᠵᠠᠰᠠᠭ ᠡᠴᠡ ᠨᠡᠢᠲᠡ 80% ᠶ᠋ᠢᠨ ᠳᠠᠭᠠᠳᠭᠠᠯ ᠤ᠋ᠨ ᠰᠤᠢᠳᠬᠡᠯ ᠢ᠋ ᠳᠠᠭᠠᠭᠠᠨ ᠡᠭᠦᠷᠭᠡᠯᠡᠵᠦ᠍ ᠂ ᠮᠠᠯᠴᠢᠳ ᠥᠪᠡᠰᠦᠪᠡᠨ 20% ᠵᠢ ᠯᠡ ᠲᠤᠰᠢᠶᠠᠬᠤ ᠪᠤᠯᠵᠠᠢ᠃

《 1 ᠬᠤᠨᠢ ᠶ᠋ᠢᠨ ᠳᠠᠭᠠᠳᠬᠠᠯ ᠤ᠋ᠨ ᠰᠤᠢᠳᠬᠡᠯ 12 ᠲᠦᠭᠦᠷᠢᠭ᠂ ᠵᠠᠰᠠᠭ ᠤ᠋ᠨ ᠤᠷᠳᠤᠨ ᠡᠴᠡ 9 ᠲᠦᠭᠦᠷᠢᠭ ᠢ᠋ ᠨᠢ ᠳᠠᠭᠠᠭᠠᠵᠤ᠂ ᠮᠠᠯᠴᠢᠳ ᠦᠪᠡᠰᠦᠪᠡᠨ 3 ᠲᠦᠭᠦᠷᠢᠭ ᠲᠤᠰᠢᠶᠠᠪᠠᠯ ᠪᠤᠯᠴᠢᠬᠠᠨ᠎ᠠ᠃ ᠮᠠᠨ ᠤ᠋ ᠭᠠᠴᠠᠭᠠᠨ ᠤ᠋ ᠮᠠᠯᠴᠢᠳ 2023 ᠤᠨ ᠡᠴᠡ ᠡᠬᠢᠯᠡᠨ ᠬᠤᠨᠢᠨ ᠳ᠋ᠠᠭᠠᠨ ᠴᠠᠭ ᠠᠭᠤᠷ ᠤ᠋ᠨ ᠳᠠᠭᠠᠳᠬᠠᠯ ᠠᠪᠴᠤ᠂ ᠨᠢᠳᠦᠨᠤᠨ ᠪᠤᠯᠬᠤ ᠳ᠋ᠤ ᠨᠢᠭᠡᠨᠲᠡ 26 ᠡᠷᠦᠬᠡ ᠵᠢᠨ ᠮᠠᠯᠴᠢᠳ ᠲᠤᠰ ᠳᠠᠭᠠᠳᠬᠠᠯ ᠢ᠋ ᠠᠪᠤᠭᠰᠠᠨ ᠶᠤᠮ᠃ ᠮᠠᠨ ᠤ᠋ ᠨᠤᠲᠤᠭ ᠲᠤ᠌ ᠡᠪᠦᠯ ᠳ᠋ᠡᠭᠡᠨ ᠴᠠᠰᠤ ᠶᠡᠬᠡ᠂ ᠵᠤᠨ ᠳ᠋ᠠᠭᠠᠨ ᠪᠤᠷᠤᠭᠠᠨ ᠶᠡᠬᠡ ᠪᠤᠯᠬᠤᠷ ᠬᠤᠨᠢᠨ ᠳ᠋ᠠᠭᠠᠨ ᠴᠠᠭ ᠠᠭᠤᠷ ᠤ᠋ᠨ ᠳᠠᠭᠠᠳᠬᠠᠯ ᠠᠪᠬᠤ ᠨᠢ ᠠᠵᠤ ᠠᠬᠤᠢ ᠵᠢᠨ ᠰᠦᠢᠲᠦᠯ ᠢ᠋ ᠪᠦᠲᠦᠮᠵᠢᠲᠠᠢ ᠪᠠᠭᠠᠰᠬᠠᠵᠤ ᠴᠢᠳᠠᠳᠠᠭ ᠶᠤᠮ 》 ᠭᠡᠵᠤ ᠰᠢᠯᠢ ᠵᠢᠨ ᠭᠤᠤᠯ ᠠᠢᠮᠠᠭ ᠤ᠋ᠨ ᠠᠪᠠᠭ᠎ᠠ ᠬᠤᠰᠢᠭᠤᠨ ᠤ᠋ ᠪᠠᠶᠠᠨᠲᠤᠭ ᠰᠤᠮᠤ ᠵᠢᠨ ᠪᠠᠶᠠᠨᠳᠡᠯᠭᠡᠷ ᠭᠠᠴᠠᠭᠠᠨ ᠤ᠋ ᠨᠡᠮ ᠤ᠋ᠨ ᠡᠬᠦᠷ ᠤ᠋ᠨ ᠳᠡᠳ᠋ ᠱᠦᠵᠢ ᠪᠠᠲᠤᠠᠠᠷᠰᠯᠠᠨ ᠰᠤᠷᠪᠤᠯᠵᠢᠯᠠᠭᠴᠢ ᠳ᠋ᠤ ᠤᠳᠠᠰᠤ ᠪᠡᠷ ᠶᠠᠷᠢᠵᠤ ᠪᠠᠢᠯ᠎ᠠ᠃ ᠮᠠᠯᠴᠢᠨ ᠲᠦᠪᠰᠢᠨ ᠪᠤᠯ ᠪᠠᠶᠠᠨᠳᠡᠯᠭᠡᠷ ᠭᠠᠴᠠᠭᠠᠨ ᠤ᠋ ᠴᠠᠭ ᠠᠭᠤᠷ ᠤ᠋ᠨ ᠵᠢᠭᠠᠯᠲᠠ ᠲᠤᠭ᠎ᠠ ᠶ᠋ᠢᠨ ᠳᠠᠭᠠᠳᠬᠠᠯ ᠤ᠋ᠨ ᠲᠦᠷᠦᠯ ᠵᠦᠢᠯ ᠤ᠋ᠨ ᠠᠰᠢᠭ ᠬᠦᠷᠲᠡᠭᠴᠢ ᠶ᠋ᠢᠨ ᠨᠢᠭᠡ ᠶᠤᠮ᠃ 《ᠮᠠᠨ ᠤ᠋ ᠬᠢᠨ 2023 ᠤᠨ ᠤ᠋ ᠰᠡᠬᠦᠯᠴᠢ ᠡᠴᠡ ᠵᠢᠯ ᠪᠦᠷᠢ 1400 ᠭᠠᠷᠤᠢ ᠲᠦᠬᠦᠷᠢᠭ ᠲᠤᠰᠢᠶᠠᠨ 500 ᠰᠢᠬᠠᠮ ᠬᠤᠨᠢᠨ ᠳ᠋ᠠᠭᠠᠨ ᠴᠠᠭ ᠠᠭᠤᠷ ᠤ᠋ᠨ ᠳᠠᠭᠠᠳᠬᠠᠯ ᠠᠪᠴᠤ᠂ ᠨᠢᠳᠤᠨᠤᠨ ᠡᠪᠤᠯ ᠤ᠋ᠨ ᠴᠠᠰᠤ ᠰᠢᠭᠤᠷᠭ᠎ᠠ ᠳ᠋ᠤ 4297 ᠭᠠᠷᠤᠢ ᠲᠦᠭᠦᠷᠢᠭ ᠤ᠋ᠨ ᠳᠠᠭᠠᠳᠬᠠᠯ ᠤ᠋ᠨ ᠲᠦᠯᠦᠪᠦᠷᠢ ᠤᠯᠵᠠᠢ᠃ ᠦᠪᠡᠷ ᠶ᠋ᠢᠡᠨ ᠬᠦᠷᠴᠦ ᠭᠠᠮᠰᠢᠭᠳᠠᠭᠰᠠᠨ ᠶ᠋ᠢᠡᠨ ᠭᠡᠷᠡᠴᠢᠯᠡᠬᠦᠯᠬᠦ ᠴᠢᠬᠤᠯᠠ ᠦᠭᠡᠢ ᠮᠦᠷᠳᠡᠬᠡᠨ ᠳᠠᠭᠠᠳᠬᠠᠯ ᠤ᠋ᠨ ᠲᠦᠯᠦᠪᠦᠷᠢ ᠬᠡᠳᠤᠬᠡᠨ ᠡᠳᠤᠷ ᠲᠦ᠍ ᠪᠠᠭᠤᠭᠠᠳ ᠢᠷᠡᠴᠢᠬᠡᠳᠡᠭ ᠪᠤᠯᠬᠤᠷ ᠪᠡᠯᠡ ᠮᠦᠡᠭᠬᠦ ᠶ᠋ᠢᠨ ᠳᠠᠷᠤᠭᠠᠰᠤ ᠵᠢ ᠨᠡᠯᠢᠶᠠᠳ ᠬᠦᠡᠭᠭᠡᠯᠡᠭᠰᠡᠨ᠃ ᠡᠨᠡ ᠵᠢᠯ ᠳᠠᠭᠠᠳᠬᠠᠯ ᠵᠢᠡᠨ ᠦᠷᠭᠦᠯᠵᠢᠯᠡᠨ ᠲᠤᠰᠢᠶᠠᠯ᠎ᠠ》 ᠭᠡᠵᠤ ᠲᠦᠪᠰᠢᠨ ᠤᠷᠮᠠᠳᠠᠢ ᠬᠡᠯᠡᠨ᠎ᠠ᠃

ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠤ᠋ᠨ ᠮᠠᠯ ᠠᠵᠤ ᠠᠬᠤᠢ ᠶ᠋ᠢᠨ ᠲᠤᠪᠴᠢᠶ᠎ᠠ ᠶ᠋ᠢᠨ ᠬᠠᠮᠤᠭ ᠤ᠋ᠨ ᠰᠢᠨ᠎ᠠ ᠪᠦᠷᠢᠳᠬᠡᠯ ᠢ᠋ ᠦᠨᠳᠤᠰᠤᠯᠡᠪᠡᠯ᠂ ᠤᠢᠷ᠎ᠡ ᠶ᠋ᠢᠨ ᠭᠤᠷᠪᠠᠨ ᠵᠢᠯ ᠳ᠋ᠦ ᠰᠢᠯᠢ ᠶ᠋ᠢᠨ ᠭᠤᠤᠯ ᠠᠢᠮᠠᠭ ᠮᠢᠬᠠᠨ ᠤ᠋ ᠬᠤᠨᠢ ᠪᠠᠨ ᠴᠠᠭ ᠠᠭᠤᠷ ᠤ᠋ᠨ ᠵᠢᠭᠠᠯᠲᠠ ᠲᠤᠭ᠎ᠠ ᠶ᠋ᠢᠨ ᠲᠠᠭᠠᠳᠬᠠᠯ ᠳ᠋ᠤ ᠤᠷᠤᠭᠤᠯᠤᠭᠰᠠᠨ 1.3 ᠲᠦᠮᠡ ᠰᠢᠬᠠᠮ ᠮᠠᠯᠴᠢᠳ ᠲᠦ᠍ ᠨᠡᠢᠳᠡ 5.74 ᠳ᠋ᠦ᠋ᠡᠭᠰᠢᠭᠤᠷ ᠲᠦᠭᠦᠷᠢᠭ ᠤ᠋ᠨ ᠲᠦᠭᠰᠢᠭᠦᠷᠢ ᠶ᠋ᠢᠨ ᠪᠠᠲᠤᠯᠠᠭ᠎ᠠ ᠬᠠᠡᠭᠭᠠᠵᠤ᠂ ᠭᠠᠭᠴᠠ ᠵᠢᠯ ᠤ᠋ᠨ ᠳᠠᠭᠠᠳᠬᠠᠯ ᠤ᠋ᠨ ᠵᠤᠭᠤᠰ ᠤ᠋ᠨ ᠲᠤᠭ᠎ᠠ ᠨᠢ ᠬᠠᠮᠤᠭ ᠤ᠋ᠨ ᠶᠡᠬᠡ ᠳ᠋ᠡᠬᠡᠨ 1.2 ᠳ᠋ᠦᠡᠭᠰᠢᠭᠤᠷ ᠲᠦᠭᠦᠷᠢᠭ ᠢ᠋ ᠳᠠᠪᠠᠭᠰᠠᠨ ᠤᠳᠠᠭ᠎ᠠ ᠪᠤᠢ᠃

ᠮᠢᠬᠠᠨ ᠤ᠋ ᠬᠤᠨᠢ ᠵᠢᠨ ᠴᠠᠭ ᠠᠭᠤᠷ ᠤ᠋ᠨ ᠵᠢᠭᠠᠯᠲᠠ ᠲᠤᠭ᠎ᠠ ᠶ᠋ᠢᠨ ᠳᠠᠭᠠᠳᠬᠠᠯ ᠤ᠋ᠨ ᠲᠦᠷᠦᠯ ᠵᠦᠢᠯ ᠢ᠋ ᠠᠭᠠᠵᠢᠮ ᠵᠢᠡᠷ ᠤᠯᠠᠨ ᠭᠠᠵᠠᠷ ᠲᠦ᠍ ᠲᠠᠯᠬᠡᠷᠡᠬᠦᠯᠵᠤ᠂ ᠥᠨᠳᠥᠷ ᠪᠦᠲᠦᠮᠵᠢᠲᠡᠶ ᠶᠠᠪᠤᠭ᠍ᠳᠠᠵᠤ ᠪᠠᠢᠬᠤ ᠨᠢ ᠰᠢᠯᠢ ᠶ᠋ᠢᠨ ᠭᠤᠤᠯ ᠠᠢᠮᠠᠭ ᠤ᠋ᠨ ᠴᠠᠭ ᠠᠭᠤᠷ ᠤ᠋ᠨ ᠲᠤᠪᠴᠢᠶ᠎ᠠ ᠶ᠋ᠢᠨ ᠰᠤᠳᠤᠯᠤᠨ ᠦᠢᠯᠡᠳᠦᠭᠰᠡᠨ ᠴᠠᠭ ᠠᠭᠤᠷ ᠤ᠋ᠨ ᠭᠠᠮᠰᠢᠭ ᠢ᠋ ᠦᠨᠡᠯᠡᠨ ᠵᠢᠱ᠌ᠢᠬᠦ ᠪᠦᠷᠢᠨ ᠲᠡᠭᠦᠯᠳᠡᠷ ᠰᠢᠰᠲᠸᠮ ᠤ᠋ᠨ ᠲᠤᠯᠭᠠᠭᠤᠷᠢᠯᠠᠯ ᠡᠴᠡ ᠰᠠᠯᠵᠤ ᠴᠢᠳᠠᠬᠤ ᠦᠭᠡᠢ ᠶᠤᠮ᠃ ᠰᠢᠯᠢ ᠶ᠋ᠢᠨ ᠭᠤᠤᠯ ᠠᠢᠮᠠᠭ ᠤ᠋ᠨ ᠴᠠᠭ ᠠᠭᠤᠷ ᠤ᠋ᠨ ᠰᠠᠯᠠᠭ᠎ᠠ ᠮᠥᠴᠢᠷ ᠤ᠋ᠨ ᠬᠢᠨ ᠤᠷᠤᠨ ᠨᠤᠳᠤᠭ ᠤ᠋ᠨ ᠤᠨᠴᠠᠯᠢᠭ ᠲᠦ᠍ ᠲᠤᠬᠢᠷᠠᠭᠤᠯᠤᠨ ᠨᠠᠷᠢᠯᠢᠭ ᠤᠨᠤᠴᠠᠲᠠᠢ ᠴᠠᠭ ᠠᠭᠤᠷ ᠤ᠋ᠨ ᠠᠮᠢ ᠠᠬᠤᠶ ᠶ᠋ᠢᠨ ᠳ᠋ᠠᠢᠲ᠋ᠠ ᠬᠥᠮᠥᠷᠭᠡ ᠵᠢ ᠪᠠᠢᠭᠤᠯᠵᠤ᠂ ᠳᠠᠭᠠᠭᠤᠯᠢ ᠣᠳᠣᠨ ᠤ᠋ ᠠᠯᠤᠰ ᠰᠡᠷᠡᠯ᠂ ᠭᠠᠵᠠᠷ ᠳᠡᠭᠡᠷᠡᠬᠢ ᠠᠵᠢᠭ᠍ᠯᠠᠯᠲᠠ ᠪᠠ ᠠᠮᠢ ᠠᠬᠤᠶ ᠶ᠋ᠢᠨ ᠲᠣᠭ᠎ᠠ ᠪᠠᠷᠢᠮᠲᠠ ᠵᠢ ᠠᠭᠤᠰᠤᠯᠴᠠᠭᠤᠯᠤᠨ᠂《ᠴᠠᠰᠤᠨ ᠤ᠋ ᠭᠦᠨᠴᠠ᠂ ᠪᠦᠷᠬᠦᠴᠡ ᠶ᠋ᠢᠨ ᠨᠣᠷᠮ᠎ᠠ ᠪᠠ ᠦᠷᠭᠦᠯᠵᠢᠯᠡᠭ᠌ᠰᠡᠨ ᠡᠳᠦᠷ ᠤ᠋ᠨ ᠲᠣᠭ᠎ᠠ》 ᠵᠡᠷᠭᠡ ᠨᠡᠢᠯᠡᠮᠡᠯ ᠭᠦᠶ᠋ᠴᠡᠳᠭᠡᠯ ᠲᠣᠭ᠎ᠠ ᠵᠢ ᠰᠤᠳᠤᠯᠤᠨ ᠨᠡᠭᠡᠭᠡᠵᠦ᠍᠂ ᠡᠳᠦᠷ ᠳᠠᠷᠠᠭᠠᠯᠠᠨ ᠭᠠᠮᠱᠢᠭ ᠤ᠋ᠨ ᠪᠠᠢᠳᠠᠯ ᠢ᠋ ᠨᠠᠷᠢᠯᠢᠭ ᠤᠨᠤᠴᠠᠲᠠᠢ ᠪᠡᠷ ᠢᠯᠭᠠᠨ ᠲᠠᠨᠢᠬᠤ ᠵᠢᠨ ᠤᠯᠠᠮ ᠵᠢᠡᠷ ᠲᠦᠬᠰᠢᠭᠦᠷᠢ ᠶ᠋ᠢᠨ ᠬᠡᠮᠵᠢᠶ᠎ᠡ ᠪᠠ ᠲᠦᠯᠦᠪᠦᠷᠢ ᠶ᠋ᠢᠨ ᠮᠦᠡᠭᠬᠦ ᠵᠢ ᠤᠨᠤᠴᠠᠲᠠᠢ ᠪᠡᠷ ᠲᠤᠬᠢᠷᠠᠭᠤᠯᠵᠤ᠂ ᠵᠤᠳ ᠭᠠᠮᠰᠢᠭ ᠤ᠋ᠨ ᠡᠳᠦᠷ ᠤ᠋ᠨ ᠲᠤᠭ᠎ᠠ ᠪᠡᠷ ᠮᠠᠯᠴᠢᠳ ᠦᠪᠡᠰᠦᠪᠡᠨ ᠴᠦ᠍ ᠭᠡᠰᠡᠨ ᠳᠠᠭᠠᠳᠬᠠᠯ ᠤ᠋ᠨ ᠲᠦᠯᠦᠪᠦᠷᠢ ᠪᠠᠨ ᠪᠤᠳᠤᠨ ᠭᠠᠷᠭᠠᠵᠤ ᠳᠡᠢᠯᠬᠦ ᠪᠤᠯᠪᠠ᠃ ᠤᠳᠤ ᠮᠢᠬᠠᠨ ᠤ᠋ ᠬᠤᠨᠢ ᠵᠢᠨ ᠴᠠᠭ ᠠᠭᠤᠷ ᠤ᠋ᠨ ᠵᠢᠭᠠᠯᠲᠠ ᠲᠤᠭ᠎ᠠ ᠶ᠋ᠢᠨ ᠳᠠᠭᠠᠳᠬᠠᠯ ᠢ᠋ ᠰᠢᠯᠢ ᠶ᠋ᠢᠨ ᠭᠤᠤᠯ ᠠᠢᠮᠠᠭ ᠤ᠋ᠨ ᠡᠯ᠎ᠠ ᠬᠤᠰᠢᠭᠤ ᠰᠢᠶᠠᠨ ᠳ᠋ᠤ ᠪᠦᠷ ᠬᠡᠷᠡᠭᠵᠢᠬᠦᠯᠵᠤ ᠪᠠᠢᠬᠤ ᠪᠡᠷ ᠪᠠᠷᠠᠬᠤ ᠦᠭᠡᠢ ᠬᠦᠯᠦᠨ ᠪᠤᠢᠷ ᠬᠤᠲᠠ ᠶ᠋ᠢᠨ ᠬᠠᠭᠤᠴᠢᠨ ᠪᠠᠷᠭᠤ ᠬᠤᠰᠢᠭᠤ᠂ ᠰᠢᠨ᠎ᠡ ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ ᠵᠡᠭᠦᠨ ᠬᠤᠰᠢᠭᠤ᠂ ᠡᠸᠡᠡᠭᠬᠢ ᠦᠨᠳᠦᠰᠦᠲᠡᠨ ᠤ᠋ ᠦᠪᠡᠷᠲᠡᠭᠡᠨ ᠵᠠᠰᠠᠬᠤ ᠬᠤᠰᠢᠭᠤ ᠵᠡᠷᠭᠡ ᠮᠠᠯᠵᠢᠬᠤ ᠬᠤᠰᠢᠭᠤᠨ ᠳ᠋ᠦ ᠦᠷᠭᠡᠨ ᠶ᠋ᠢᠡᠷ ᠳᠡᠯᠭᠡᠷᠡᠭᠦᠯᠵᠦ ᠪᠠᠢᠨ᠎ᠠ᠃

ᠲᠣᠭ᠎ᠠ ᠪᠠᠷᠢᠮᠲᠠ ᠵᠢ ᠴᠤᠭ᠍ᠯᠠᠭᠤᠯᠬᠤ᠂ ᠭᠠᠮᠱᠢᠭ ᠤ᠋ᠨ ᠪᠠᠢᠳᠠᠯ ᠢ᠋ ᠦᠨᠡᠯᠡᠨ ᠵᠢᠱ᠌ᠢᠬᠦ᠌ ᠡᠴᠡ ᠠᠪᠤᠭᠠᠳ ᠳᠠᠭᠠᠳᠭᠠᠯ ᠤ᠋ᠨ ᠲᠥᠯᠥᠪᠦᠷᠢ ᠥᠭ᠌ᠬᠦ᠂ ᠲᠥᠷᠥ ᠶ᠋ᠢᠨ ᠪᠣᠳᠣᠯᠭ᠎ᠠ ᠶ᠋ᠢᠨ ᠨᠥᠬᠥᠪᠥᠷᠢ ᠥᠭ᠌ᠬᠦ ᠬᠦᠷᠲᠡᠯ᠎ᠡ ᠮᠢᠬᠠᠨ ᠤ᠋ ᠬᠤᠨᠢ ᠵᠢᠨ ᠴᠠᠭ ᠠᠭᠤᠷ ᠤ᠋ᠨ ᠵᠢᠭᠠᠯᠲᠠ ᠲᠤᠭ᠎ᠠ ᠶ᠋ᠢᠨ ᠳᠠᠭᠠᠳᠬᠠᠯ ᠤ᠋ᠨ ᠢᠵᠢ ᠪᠦᠷᠢᠨ ᠵᠠᠭ᠍ᠪᠤᠷ ᠨᠢ ᠴᠠᠭ ᠠᠭᠤᠷ ᠶ᠋ᠢᠡᠷ ᠳᠠᠭᠠᠳᠬᠠᠯ ᠳ᠋ᠦ ᠬᠦᠴᠦᠨ ᠨᠡᠮᠡᠷᠢᠯᠡᠬᠦ 《ᠡᠴᠦᠰ ᠤ᠋ᠨ ᠨᠢᠭᠡ ᠺᠢᠯᠣᠮᠧᠲ᠋ᠷ 》 ᠢ᠋ ᠨᠡᠪᠲᠡᠷᠡᠭᠦᠯᠦᠭᠰᠡᠨ ᠵᠢᠡᠷ ᠪᠠᠷᠠᠬᠤ ᠦᠬᠡᠢ ᠮᠡᠷᠭᠡᠵᠢᠯ ᠤ᠋ᠨ ᠪᠠᠷᠢᠮᠵᠢᠶᠠᠵᠢᠯᠲᠠ᠂ ᠮᠠᠯ ᠠᠵᠤ ᠠᠬᠤᠢ ᠶ᠋ᠢᠨ ᠦᠷᠬᠦᠯᠵᠢᠯᠡᠬᠦ ᠬᠦᠭᠵᠢᠯᠲᠡ ᠵᠢ ᠠᠬᠢᠭᠤᠯᠵᠤ᠂ ᠠᠮᠢ ᠠᠬᠤᠢ ᠶ᠋ᠢᠨ ᠦᠷ᠎ᠡ ᠠᠰᠢᠭ ᠢ᠋ ᠪᠦᠳᠦᠮᠵᠢᠳᠠᠢ ᠳᠡᠭᠡᠭᠰᠢᠯᠡᠭᠦᠯᠪᠡ᠃ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠤ᠋ᠨ ᠮᠠᠯ ᠠᠵᠤ ᠠᠬᠤᠢ ᠶ᠋ᠢᠨ ᠲᠤᠪᠴᠢᠶ᠎ᠠ ᠶ᠋ᠢᠨ ᠺᠠᠳ᠋ᠷ ᠤ᠋ᠤᠢ ᠭᠦᠢ ᠵᠢᠤᠸᠠᠨ ᠤ᠋ ᠲᠠᠨᠢᠯᠴᠠᠭᠤᠯᠤᠭᠰᠠᠨ ᠵᠢᠡᠷ᠂ ᠡᠨᠡ ᠵᠢᠯ ᠱᠢᠯᠢ ᠶ᠋ᠢᠨ ᠭᠤᠤᠯ ᠠᠢᠮᠠᠭ ᠪᠤᠯᠤᠨ ᠬᠥᠯᠥᠨ ᠪᠣᠢᠷ ᠬᠣᠲᠠ ᠶ᠋ᠢᠨ 《ᠴᠠᠭ ᠠᠭᠤᠷ ᠤ᠋ᠨ ᠳᠠᠭᠠᠳᠬᠠᠯ 》 ᠳ᠋ᠤ ᠤᠷᠤᠭᠤᠯᠤᠭᠰᠠᠨ ᠮᠢᠬᠠᠨ ᠤ᠋ ᠬᠣᠨᠢ 210 ᠲᠦᠮᠡ ᠶ᠋ᠢ ᠳᠠᠪᠠᠵᠤ᠂ 4000 ᠭᠠᠷᠤᠶ ᠮᠠᠯᠵᠢᠬᠤ ᠡᠷᠦᠬᠡ ᠲᠠᠢ ᠬᠤᠯᠪᠤᠭᠳᠠᠨ᠂ ᠳᠠᠭᠠᠳᠭᠠᠯ ᠤ᠋ᠨ ᠵᠤᠭᠤᠰ ᠤ᠋ᠨ ᠲᠤᠭ᠎ᠠ ᠨᠢ 3.9 ᠳ᠋ᠦᠩᠱᠢᠭᠤᠷ ᠲᠥᠭᠥᠷᠢᠭ ᠲᠦ᠍ ᠬᠦᠷᠴᠠᠢ᠃ ᠪᠣᠳᠠᠲᠠᠶ ᠬᠡᠷᠡᠭ᠌ᠵᠢᠭᠦᠯᠬᠦ᠌ ᠶᠠᠪᠤᠴᠠ ᠳ᠋ᠤ ᠮᠠᠨ ᠤ᠋ ᠤᠷᠤᠨ ᠪᠡᠯᠴᠢᠭᠡᠷ ᠤ᠋ᠨ ᠳᠠᠭᠠᠭᠠᠴᠠ ᠶ᠋ᠢᠨ ᠬᠡᠪᠴᠢᠶᠡᠨ ᠳ᠋ᠡᠬᠢ ᠮᠢᠬᠠᠨ ᠤ᠋ ᠬᠤᠨᠢ ᠵᠢ 《ᠴᠠᠭ ᠠᠭᠤᠷ ᠤ᠋ᠨ ᠳᠠᠭᠠᠳᠬᠠᠯ 》 ᠳ᠋ᠦ ᠤᠷᠤᠭᠤᠯᠬᠤ ᠵᠢ ᠬᠦᠲᠦᠯᠦᠨ ᠵᠢᠯᠤᠭᠤᠳᠴᠤ᠂ ᠴᠦᠬᠡᠨ ᠮᠠᠯᠵᠢᠵᠤ ᠨᠠᠷᠢᠯᠢᠭ ᠮᠠᠯᠵᠢᠬᠤ ᠲᠠᠢᠰᠢ ᠬᠡᠯᠪᠡᠷᠢ ᠪᠠᠨ ᠬᠤᠪᠢᠷᠠᠭᠤᠯᠬᠤ ᠵᠢ ᠳᠠᠢᠴᠢᠯᠠᠨ᠂ ᠮᠠᠯ ᠠᠵᠤ ᠠᠬᠤᠢ ᠶ᠋ᠢᠨ ᠦᠷ᠎ᠡ ᠠᠰᠢᠭ ᠢ᠋ ᠨᠡᠮᠡᠭᠳᠡᠭᠦᠯᠬᠦ᠂ ᠮᠠᠯᠴᠢᠳ ᠤ᠋ᠨ ᠤᠷᠤᠯᠭ᠎ᠠ ᠵᠢ ᠨᠡᠮᠡᠭᠳᠡᠭᠦᠯᠬᠦ᠂ ᠨᠤᠲᠤᠭ ᠪᠡᠯᠴᠢᠭᠡᠷ ᠤ᠋ᠨ ᠠᠮᠢ ᠠᠬᠤᠢ ᠵᠢ ᠰᠠᠢᠵᠢᠷᠠᠭᠤᠯᠬᠤ ᠵᠢ ᠨᠢᠭᠡᠲᠦᠯᠲᠡᠢ ᠠᠬᠢᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号