2025 ᠣᠨ ᠤ᠋ ᠵᠢᠷᠭᠤᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠷᠠᠳᠢᠣ᠋ ᠤᠷᠠᠯᠢᠭ᠋ ᠤ᠋ᠨ ᠪᠦᠯᠬᠦᠮ ᠤ᠋ᠨ ᠤᠷᠠᠯᠢᠭ᠋ ᠤ᠋ᠨ ᠤᠯᠠᠷᠢᠯ ᠤ᠋ᠨ ᠠᠩᠬᠠᠨ ᠤ᠋ ᠲᠣᠭᠯᠠᠯᠲᠠ ᠪᠣᠯᠬᠤ ᠲᠣᠮᠣ᠌ ᠬᠡᠯᠪᠡᠷᠢ ᠶ᠋ᠢᠨ ᠤᠤᠭᠠᠯ ᠡᠭᠦᠳᠦᠯᠲᠡ ᠵᠢᠨ ᠨᠠᠢᠷᠠᠯ ᠬᠥᠭᠵᠢᠮ ᠤ᠋ᠨ ᠲᠤᠤᠯᠢᠰ 《ᠣᠷᠳᠣᠰ》 ᠢ᠋ ᠤᠢᠷ᠎ᠠ ᠳ᠋ᠤ ᠪᠡᠭᠡᠵᠢᠩ ᠤ᠋ᠨ ᠳᠠᠭᠤᠤ ᠬᠥᠭᠵᠢᠮ ᠤ᠋ᠨ ᠲᠢᠩᠬᠢᠮ ᠳ᠋ᠤ ᠲᠣᠭᠯᠠᠵᠠᠢ᠃
ᠨᠠᠢᠷᠠᠯ ᠬᠥᠭᠵᠢᠮ ᠤ᠋ᠨ ᠲᠤᠤᠯᠢ 《ᠣᠷᠳᠣᠰ》 ᠨᠢ 8 ᠪᠦᠯᠦᠭ ᠵᠢᠡᠷ ᠪᠦᠷᠢᠯᠳᠦᠨ᠂ ᠴᠠᠭ ᠣᠷᠣᠨ ᠵᠠᠢ ᠵᠢ ᠠᠯᠤᠰᠯᠠᠭᠰᠠᠨ ᠰᠦᠷᠯᠢᠭ ᠰᠠᠢᠬᠠᠨ ᠪᠦᠳᠦᠭᠡᠯ ᠢ᠋ ᠦᠵᠡᠭᠴᠢᠳ ᠲᠤ᠌ ᠰᠤᠨᠢᠷᠬᠠᠭᠤᠯᠪᠠ᠃ ᠲᠣᠭᠯᠠᠯᠲᠠ ᠳᠡᠭᠡᠷ᠎ᠡ ᠭᠦᠨ ᠰᠡᠳᠬᠢᠯᠭᠡ ᠲᠠᠢ ᠤᠷᠠᠨ ᠤᠩᠰᠢᠯᠭ᠎ᠠ᠂ ᠨᠠᠢᠷᠠᠯ ᠳᠠᠭᠤᠤ 《ᠬᠦᠷᠡᠯ》᠂ 《ᠥᠨᠳᠥᠷᠯᠢᠭ ᠤ᠋ᠨ ᠰᠢᠷᠦᠭᠦᠨ ᠤᠷᠤᠰᠬᠠᠯ》᠂ ᠨᠠᠢᠷᠠᠯ ᠳᠠᠭᠤᠤ 《ᠳᠡᠯᠡᠬᠡᠢ ᠵᠢ ᠳᠤᠯᠠᠭᠠᠴᠠᠭᠤᠯᠰᠤᠭᠠᠢ》 ᠵᠡᠷᠭᠡ ᠪᠦᠳᠦᠭᠡᠯᠤᠳ ᠤᠯᠠᠮᠵᠢᠯᠠᠯᠲᠤ ᠠᠶᠠᠯᠭᠤ ᠵᠢ ᠤᠳᠤ ᠦᠶ᠎ᠡ ᠶ᠋ᠢᠨ ᠳᠠᠭᠤᠤ ᠬᠥᠭᠵᠢᠮ ᠲᠠᠢ ᠠᠭᠤᠰᠤᠯᠴᠠᠭᠤᠯᠵᠤ᠂ ᠣᠷᠳᠣᠰ ᠤ᠋ᠨ ᠤᠯᠠᠨ ᠡᠰᠢᠲᠦ ᠰᠣᠶᠣᠯ ᠢ᠋ ᠬᠠᠷᠠᠭᠤᠯᠵᠠᠢ᠃
ᠲᠤᠰ ᠪᠦᠲᠦᠭᠡᠯ ᠢ᠋ ᠣᠷᠳᠣᠰ ᠬᠤᠳᠠ ᠶ᠋ᠢᠨ ᠰᠣᠶᠣᠯ ᠪᠠ ᠵᠢᠭᠤᠯᠴᠢᠯᠠᠯ ᠤ᠋ᠨ ᠲᠣᠪᠴᠢᠶ᠎ᠠ᠂ ᠣᠷᠳᠣᠰ ᠬᠤᠳᠠ ᠶ᠋ᠢᠨ ᠤᠯᠠᠭᠠᠨᠮᠥ᠋ᠴᠢᠷ ᠡᠴᠨ ᠵᠣᠬᠢᠶᠠᠨ ᠪᠠᠢᠭᠤᠯᠤᠨ ᠨᠠᠢᠷᠠᠭᠤᠯᠵᠤ᠂ ᠳᠤᠮᠳᠠᠳᠤ ᠤᠯᠤᠰ ᠤ᠋ᠨ ᠷᠠᠳᠢᠣ᠋ ᠤᠷᠠᠯᠢᠭ᠋ ᠤ᠋ᠨ ᠪᠦᠯᠬᠦᠮ ᠪᠠ ᠥᠪᠥᠷ ᠮᠣᠩᠭᠣᠯ ᠤ᠋ᠨ ᠠᠯᠳᠠᠷᠲᠤ ᠤᠷᠠᠯᠢᠭ᠍ᠴᠢᠳ ᠬᠠᠮᠲᠤᠷᠠᠨ ᠵᠤᠬᠢᠶᠠᠨ ᠪᠦᠲᠦᠭᠡᠵᠦ᠂ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭᠴᠠ ᠶ᠋ᠢᠨ ᠤᠬᠠᠮᠰᠠᠷ ᠢ᠋ ᠪᠠᠲᠤ ᠴᠤᠭᠴᠠᠯᠠᠬᠤ ᠪᠠᠷ ᠭᠣᠣᠯ ᠰᠢᠵᠢᠮ ᠪᠣᠯᠭᠠᠨ᠂ ᠰᠡᠳᠬᠢᠯ ᠬᠥᠳᠡᠯᠭᠡᠮ᠎ᠡ ᠳᠤᠮᠳᠠᠳᠤ ᠤᠯᠤᠰ ᠤ᠋ᠨ ᠦᠯᠢᠭᠡᠷ ᠢ᠋ ᠶᠠᠷᠢᠵᠦ᠂ ᠤᠯᠠᠨ ᠡᠰᠢᠴᠢᠯᠡᠭᠰᠡᠨ ᠤᠷᠠᠯᠢᠭ᠋ ᠤ᠋ᠨ ᠬᠡᠯᠪᠡᠷᠢ ᠪᠡᠷ ᠣᠷᠳᠣᠰ ᠤ᠋ᠨ ᠠᠷᠠᠳ ᠲᠦᠮᠡᠨ ᠤ᠋ ᠨᠠᠮ ᠤ᠋ᠨ ᠤᠳᠤᠷᠢᠳᠤᠯᠭ᠎ᠠ ᠳᠣᠣᠷ᠎ᠠ ᠭᠡᠷ ᠣᠷᠣᠨ ᠶ᠋ᠢᠡᠨ ᠰᠠᠬᠢᠨ ᠪᠠᠷᠠᠯᠠᠵᠦ᠂ ᠪᠣᠬᠢᠷᠲᠤᠯ ᠦᠭᠡᠢ ᠬᠥᠭᠵᠢᠯᠲᠡ ᠵᠢ ᠦᠢᠯᠡᠳᠦᠯᠭᠡᠵᠢᠭᠦᠯᠦᠭᠰᠡᠨ ᠲᠡᠮᠡᠴᠡᠯ ᠤ᠋ᠨ ᠥᠩᠭᠡᠷᠡᠯᠲᠡ ᠵᠢ ᠬᠠᠷᠠᠭᠤᠯᠤᠨ᠂ ᠰᠢᠨ᠎ᠡ ᠴᠠᠭ ᠦᠶ᠎ᠡ ᠶ᠋ᠢᠨ 《ᠳᠤᠳᠤᠨᠤ ᠬᠤᠳᠠ》 ᠣᠷᠳᠣᠰ ᠤ᠋ᠨ ᠴᠤᠭ ᠵᠢᠪᠬᠤᠭ᠎ᠠ ᠪᠠ ᠰᠣᠶᠣᠯ ᠢ᠋ ᠠᠮᠢᠳᠤᠯᠢᠭ᠋ ᠢᠯᠡᠷᠡᠭᠦᠯᠦᠭᠰᠡᠨ ᠪᠠᠢᠨ᠎ᠠ᠃ ᠪᠦᠬᠦᠶ᠋ᠢᠯᠡ ᠪᠦᠲᠦᠭᠡᠯ ᠨᠢ ᠰᠦᠷ ᠳᠠᠯᠠᠢᠴᠠᠲᠠᠢ᠂ ᠲᠤᠤᠯᠢ ᠮᠡᠲᠦ ᠠᠤᠭ᠎ᠠ ᠶᠡᠬᠡ ᠪᠠᠢᠷᠢᠰᠢᠯ ᠲᠠᠢ ᠪᠥᠭᠡᠳ ᠰᠡᠳᠬᠢᠯᠭᠡ ᠶ᠋ᠢ ᠨᠠᠷᠢᠯᠢᠭ ᠢᠯᠡᠳᠭᠡᠵᠡᠢ᠃